ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠭᠡᠶᠢᠭᠦᠦ ᠶᠠᠳᠠᠭᠤ ᠭᠡᠷ ᠪᠦᠯᠢ ᠶᠢᠨ ᠠᠵᠢᠯ ᠤᠯᠭᠤᠬᠤ  ᠶᠢ ᠪᠠᠲᠤᠯᠠᠬᠤ ᠲᠠᠪᠤᠨ ᠲᠠᠯ᠎ᠠ ᠶᠢᠨ ᠠᠷᠭ᠎ᠠ ᠠᠪᠴᠠᠯ
ᠨᠡᠶᠢᠲᠡᠯᠡᠭᠰᠡᠨ ᠴᠠᠭ᠄
2018-05-29
         2018 ᠤᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠭᠡᠶᠢᠭᠦᠦ ᠶᠠᠳᠠᠭᠤ ᠭᠡᠷ ᠪᠦᠯᠢ ᠨᠢᠭᠡᠪᠦᠷᠢ ᠶᠢᠨ ᠠᠵᠢᠯ ᠤᠯᠭᠤᠬᠤ ᠬᠦᠰᠡᠯ ᠢ ᠪᠡᠶᠡᠯᠡᠭᠦᠯᠬᠦ ᠶᠢ ᠪᠠᠲᠤᠯᠠᠵᠤ᠂ ᠠᠳᠠᠭ ᠲᠤ ᠪᠠᠨ ᠨᠢᠭᠡ ᠬᠦᠳᠡᠯᠮᠦᠷᠢ ᠬᠦᠴᠦᠨ ᠤ ᠴᠢᠳᠠᠪᠦᠷᠢ ᠲᠠᠢ ᠬᠦᠮᠦᠨ ᠠᠵᠢᠯ ᠤᠯᠭᠤᠬᠤ ᠶᠢ ᠪᠡᠶᠡᠯᠡᠭᠦᠯᠦᠨ᠎ᠡ᠃         ᠨᠢᠭᠡ ᠳᠤ᠂ ᠰᠢᠯᠵᠢᠭᠦᠯᠵᠦ ᠠᠵᠢᠯ ᠤᠯᠭᠤᠬᠤ ᠪᠤᠯᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠳᠤ ᠲᠠᠨᠢᠯᠴᠠᠭᠤᠯᠵᠤ ᠠᠵᠢᠯ ᠤᠯᠭᠤᠬᠤ ᠪᠠᠷ ᠳᠠᠮᠵᠢᠨ᠂ 120 ᠨᠡᠷᠡᠰ ᠦᠭᠡᠶᠢᠭᠦᠦ ᠶᠠᠳᠠᠭᠤ ᠬᠦᠮᠦᠨ ᠤ ᠠᠵᠢᠯ ᠤᠯᠭᠤᠬᠤ ᠠᠰᠠᠭᠤᠳᠠᠯ ᠢ ᠰᠢᠢᠳᠪᠦᠷᠢᠯᠡᠵᠠᠢ︔          ᠬᠤᠶᠠᠷ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠰᠢᠨ᠎ᠡ ᠪᠠᠷ 300 ᠨᠡᠷᠡᠰ ᠨᠡᠮᠡᠭᠳᠡᠭᠦᠯᠬᠦ ᠪᠠᠷ ᠳᠠᠮᠵᠢᠨ᠂  ᠲᠠᠩᠰᠠᠯᠠᠨ ᠺᠠᠷᠲᠯᠠᠭᠰᠠᠨ ᠶᠠᠳᠠᠭᠤ ᠡᠷᠦᠭᠡ ᠶᠢᠨ ︿ᠭᠤᠷᠪᠠᠨ ᠬᠦᠴᠢᠷ﹀ ᠬᠦᠮᠦᠰ ᠤᠨ ᠠᠵᠢᠯ ᠤᠯᠭᠤᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ︔          ᠭᠤᠷᠪᠠ ᠳᠤ᠂ ᠬᠤᠰᠢᠭᠤᠨ ᠤ ︿ᠶᠠᠳᠠᠭᠤ ᠠᠴᠠ ᠠᠩᠭᠢᠵᠢᠷᠠᠬᠤ ᠦᠢᠯᠡᠳᠪᠦᠷᠢ ᠶᠢᠨ ᠲᠠᠰᠤᠭ﹀ ᠪᠠᠷ ᠳᠠᠮᠵᠢᠨ ᠶᠠᠳᠠᠭᠤ ᠬᠦᠴᠢᠷᠳᠡᠯᠲᠠᠢ ᠬᠦᠮᠦᠨ ᠢ ᠳᠠᠭᠠᠭᠤᠯᠤᠨ 80 ᠬᠦᠮᠦᠨ ᠳᠤ ᠠᠵᠢᠯ ᠤᠯᠭᠤᠪᠠ︔          ᠳᠦᠷᠪᠡ ᠳᠤ᠂ ᠲᠡᠷᠢᠭᠦᠨ ᠤ ᠠᠵᠤ ᠠᠬᠤᠶᠢᠯᠠᠯ ᠤᠨ ᠲᠠᠲᠠᠨ ᠬᠤᠷᠢᠶᠠᠬᠤ ᠪᠠ  ᠬᠦᠯᠦᠰᠦᠨ ᠠᠵᠢᠯ ᠬᠢᠬᠦ ᠵᠡᠷᠭᠡ ᠬᠡᠯᠪᠡᠷᠢ ᠪᠠᠷ ᠳᠠᠮᠵᠢᠨ᠂ 360 ᠬᠦᠮᠦᠨ ᠢ ᠳᠠᠭᠠᠭᠤᠯᠤᠨ ᠠᠵᠢᠯ ᠤᠯᠭᠤᠪᠠ︔          ᠲᠠᠪᠤ ᠳᠤ᠂ ᠪᠤᠯᠪᠰᠤᠷᠠᠯ ᠳ᠋ᠥ‌ᠣᠷᠣᠯᠴᠠᠬᠤ ᠬᠦᠰᠡᠯ ᠪᠠᠶᠢᠬᠤ ᠶᠠᠳᠠᠭᠤ ᠬᠦᠴᠢᠷᠳᠡᠯᠲᠠᠢ ᠬᠦᠮᠦᠰ ᠲᠤ ᠠᠵᠢᠯ ᠤᠯᠭᠤᠬᠤ ᠴᠢᠳᠠᠪᠤᠷᠢ ᠵᠢᠴᠢ ᠠᠵᠢᠯ ᠦᠢᠯᠡᠰ ᠪᠤᠰᠬᠠᠬᠤ ᠶᠢ ᠬᠦᠮᠦᠵᠢᠭᠦᠯᠬᠦ ᠪᠤᠯᠪᠠᠰᠤᠷᠠᠯ ᠬᠠᠩᠭᠠᠨ᠂ ᠪᠦᠬᠦ ᠵᠢᠯ ᠳᠤ 800 ᠬᠦᠮᠦᠨ ᠢ ᠬᠦᠮᠦᠵᠢᠭᠦᠯᠦᠨ ᠪᠤᠯᠪᠠᠰᠤᠷᠠᠭᠤᠯᠬᠤ ᠪᠠᠷ ᠲᠦᠯᠦᠪᠯᠡᠵᠦ  ᠪᠠᠶᠢᠨ᠎ᠠ᠃                                                          ᠣᠷᠴᠢᠭᠤᠯᠣᠭᠴᠢ᠄ ᠴᠡᠪᠡᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号