ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠠᠷᠠᠳ ᠤᠨ | ᠲᠦᠯᠦᠭᠡᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠ︶ | ᠵᠠᠰᠠᠭ ᠤᠨ ᠤᠷᠳᠤᠨ ᠤ ᠠᠵᠢᠯ ᠤᠨ ᠢᠯᠡᠳᠭᠡᠯ | 2018 ᠤᠨ ᠤ 3 ᠰᠠᠷ᠎ᠠ ᠤᠨ 6 ᠡᠳᠦᠷ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯᠳᠣᠭᠠᠨ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠮᠡᠳᠡᠭᠦᠯᠦᠯᠲᠡ | ᠬᠢᠶ᠎ᠡ᠂ ᠬᠢᠨᠠᠨ ᠵᠦᠪᠯᠡᠬᠦ ᠶᠢ ᠬᠦᠰᠡᠵᠤ ᠪᠠᠶᠢᠨ᠎ᠠ᠂ ᠮᠦᠨᠴᠤ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ | ᠬᠡᠰᠢᠭᠦᠨ ᠵᠢᠴᠢ ᠰᠤᠯᠠ ᠤᠷᠤᠯᠴᠠᠭᠰᠠᠳᠡᠴᠠ ᠰᠠᠨᠠᠯ ᠳᠤᠷᠠᠳᠬᠤ ᠪᠤᠯᠪᠡᠦ︖ | ᠨᠢᠬᠡ᠂ 2017 ᠤᠨ ᠤ ᠠᠵᠢᠯ ᠤᠨ ᠡᠷᠬᠢᠴᠡᠭᠦᠯᠦᠯᠲᠡ | ᠦᠩᠭᠡᠷᠡᠭᠰᠡᠨ ᠵᠢᠯ ᠪᠤᠯ ᠮᠠᠨ ᠤ ᠬᠤᠰᠢᠭᠤᠨ ᠤ ᠬᠦᠭᠵᠢᠯᠲᠡ ᠶᠢᠨ ᠳᠤᠮᠳᠠᠬᠢ ᠤᠨᠴᠠᠭᠠᠢ ᠨᠢᠬᠡ ᠵᠢᠯ ᠪᠤᠯᠬᠤ | ᠶᠤᠮ᠃ ᠶᠠᠳᠠᠭᠤ ᠠᠴᠠ ᠠᠩᠭᠢᠵᠢᠷᠠᠭᠤᠯᠬᠤ ᠲᠠᠶᠢᠯᠠᠯᠳᠣᠭᠠᠨ ᠤ ᠬᠦᠨᠳᠤ ᠴᠢᠬᠤᠯᠠ ᠡᠭᠦᠷᠭᠡ ᠬᠢᠭᠡᠳ ᠠᠵᠤ ᠠᠬᠤᠢ | ᠶᠢᠨ ᠬᠦᠭᠵᠢᠯᠲᠡ ᠶᠢᠨ ᠡᠯ᠎ᠡ ᠵᠤᠶᠢᠯ ᠤᠨ ᠰᠢᠯᠭᠠᠯᠲᠠ ᠶᠢ ᠲᠤᠭᠤᠯᠤᠨ᠂ ᠬᠤᠲᠠ ᠶᠢᠨ ᠨᠠᠮ ᠬᠤᠷᠢᠶ᠎ᠠ᠂ ᠬᠤᠲᠠ ᠶᠢᠨ | ᠵᠠᠰᠠᠭ ᠤᠨ ᠤᠷᠳᠤᠨ ᠬᠢᠭᠡᠳ ᠬᠤᠰᠢᠭᠤᠨ ᠤ ᠨᠠᠮ ᠤᠨ ᠬᠤᠷᠢᠶ᠎ᠠ ᠶᠢᠨ ᠵᠢᠯᠤᠭᠤᠳᠤᠯᠭ᠎ᠠ ᠳᠤᠤᠷ᠎ᠠ᠂ ᠪᠦᠬᠦ | ᠬᠤᠰᠢᠭᠤᠨ ᠤ ᠬᠦᠴᠢᠷ ᠪᠡᠷᠭᠡᠰᠢᠶᠡᠯ ᠢ ᠢᠯᠠᠨ ᠳᠠᠪᠠᠵᠤ᠂ ᠨᠡᠯᠢᠶᠡᠳ ᠠᠮᠵᠢᠯᠲᠠ ᠲᠠᠢ ᠪᠠᠷ ᠡᠯ᠎ᠡ ᠲᠠᠯ᠎ᠠ ᠶᠢᠨ ᠡᠭᠦᠷᠭᠡ | ᠪᠠᠨ ᠬᠦᠢᠴᠡᠳᠬᠡᠭᠰᠡᠨ ᠪᠠᠶᠢᠨ᠎ᠠ᠃ 2017 ᠤᠨ ᠳᠤ ᠪᠦᠬᠦ ᠬᠤᠰᠢᠭᠤᠨ ᠤ ᠤᠶᠢᠯᠡᠳᠪᠤᠷᠢᠯᠡᠯ ᠤᠨ ᠶᠡᠷᠤᠩᠭᠡᠢ | ᠦᠷᠳᠡᠭ ᠨᠢ 49.14 ᠳ᠋ᠦᠩᠰᠢᠭᠤᠷ ᠲᠦᠭᠦᠷᠢᠭ᠃ ᠲᠤᠭᠲᠠᠮᠠᠯ ᠡᠳ᠋ ᠬᠦᠷᠦᠩᠭᠡ ᠶᠢᠨ ᠪᠡᠯᠡ ᠤᠷᠤᠭᠤᠯᠤᠯᠲᠠ ᠨᠢ | 37.4 ᠳ᠋ᠦᠩᠰᠢᠭᠤᠷ ᠲᠦᠭᠦᠷᠢᠭ ᠪᠠᠶᠢᠵᠦ ᠂ ᠨᠡᠶᠢᠲᠡ ᠶᠢᠨ ᠳᠦᠰᠦᠪ ᠤᠨ ᠤᠷᠤᠯᠭ᠎ᠠ ᠶᠢᠨ 1.6 ᠳ᠋ᠦᠩᠰᠢᠭᠤᠷ | ᠲᠦᠭᠦᠷᠢᠭ ᠢ ᠪᠡᠶᠡᠯᠡᠭᠦᠯᠵᠡᠢ᠃ ᠨᠡᠶᠢᠭᠡᠮ ᠤᠨ ᠭᠡᠷᠡᠭᠯᠡᠭᠡᠨ ᠤ ᠵᠤᠶᠢᠯ ᠢ ᠵᠢᠵᠢᠭᠯᠡᠨ ᠬᠤᠳᠠᠯᠳᠤᠬᠤ ᠶᠡᠷᠤᠩᠭᠡᠢ ᠦᠷᠳᠡᠭ | ᠤᠨ 28 ᠳ᠋ᠦᠩᠰᠢᠭᠤᠷ ᠲᠦᠭᠦᠷᠢᠭ ᠢ ᠪᠡᠶᠡᠯᠡᠬᠦᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠳᠤᠮᠳᠠᠴᠢ | ᠤᠷᠤᠯᠭ᠎ᠠ ᠨᠢ ᠲᠤᠰᠪᠤᠷᠢ 27525 ᠲᠦᠭᠦᠷᠢᠭ ᠬᠢᠭᠡᠳ 10302 ᠲᠦᠭᠦᠷᠢᠭ ᠪᠠᠶᠢᠵᠦ᠂ ᠪᠤᠳᠠᠳᠠᠢ ᠪᠠᠷ | ᠠᠵᠢᠯᠯᠠᠵᠤ᠂ ᠡᠯ᠎ᠡ ᠠᠵᠢᠯ ᠲᠦᠷᠦᠯ ᠤᠨ ᠬᠦᠢᠴᠡᠳᠬᠡᠬᠦ ᠬᠡᠮᠵᠢᠶ᠎ᠡ ᠶᠢ ᠪᠣᠳᠠᠳᠠᠢ ᠲᠠᠢ ᠳᠤᠬᠢᠷᠠᠭᠤᠯᠵᠤ᠂ ᠬᠦᠭᠵᠢᠯᠲᠠ | ᠲᠠᠢ ᠨᠡᠩ ᠲᠤᠬᠢᠷᠠᠯᠴᠠᠭᠤᠯᠤᠨ᠂ ᠪᠢᠲᠡᠨ ᠤ ᠲᠦᠯᠦᠭᠡ ᠶᠠᠷᠰᠢᠭ ᠲᠦᠪᠡᠭ ᠢ ᠵᠠᠶᠢᠯᠠᠭᠤᠯᠵᠤ᠂ ᠪᠡᠶ᠎ᠡ ᠬᠦᠩᠭᠡᠨ ᠢᠶᠠᠷ | ᠪᠠᠶᠢᠯᠳᠤᠭᠠᠨ ᠳᠤ ᠤᠷᠤᠯᠴᠠᠵᠤ᠂ ᠰᠢᠨ᠎ᠠ ᠬᠦᠭᠵᠢᠯᠲᠠ ᠶᠢᠨ ᠤᠶᠢᠯᠠᠭᠠᠭᠳᠠᠬᠤᠨ ᠤ ᠰᠠᠭᠤᠷᠢ ᠶᠢ ᠪᠠᠬᠢᠵᠢᠬᠦᠯᠵᠠᠢ᠃ | ︵ᠨᠢᠭᠡ︶ ᠪᠦᠬᠦ ᠬᠦᠴᠦᠨ ᠢᠶᠠᠷ ᠢᠶᠠᠨ ᠠᠵᠤ ᠤᠶᠢᠯᠡᠰ ᠢ ᠪᠠᠷᠢᠵᠤ᠂ ᠬᠦᠭᠵᠯᠲᠠ ᠶᠢᠨ ᠳᠠᠪᠠᠭᠤᠯᠢᠭ ᠲᠠᠯ᠎ᠠ ᠶᠢ ᠤᠯᠠᠮ | ᠨᠢᠬᠡ ᠠᠯᠬᠤᠮ ᠳᠤᠪᠤᠶᠢᠯᠭᠠᠨ᠎ᠠ᠃ | ᠲᠠᠷᠢᠶᠠᠯᠠᠩ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠪᠦᠬᠦ ᠬᠤᠰᠢᠭᠤᠨ ᠤ ᠠᠩᠬᠠᠳᠠᠭᠴᠢ | ᠲᠦᠮᠦᠰᠦᠨ ᠤ ᠠᠮᠢ ᠠᠬᠤᠢ ᠶᠢᠨ ᠤᠶᠢᠯᠡᠳᠪᠤᠷᠢᠯᠡᠬᠦ ᠮᠡᠷᠭᠡᠵᠢᠯ ᠢ ᠵᠢᠩᠭᠢᠨᠢ ᠪᠠᠷ ᠵᠠᠷᠯᠠᠤ᠂ ︽ ᠬᠤᠶᠢᠲᠤ | ᠬᠤᠰᠢᠭᠤᠨ ᠤ ᠤᠯᠠᠭᠠᠨ ᠲᠦᠮᠦᠰᠤ︾ ᠲᠠᠬᠢᠨᠳᠠ ᠲᠤᠮᠳᠠᠳᠦ ᠣᠯᠣᠰ ᠤᠨ ᠨᠤᠭᠤᠭᠠᠷᠠᠭᠤᠯᠤᠯᠳᠠ ᠶᠢᠨ ᠦᠵᠡᠰᠭᠦᠯᠡᠩ | ᠤᠨᠠᠯᠲᠠᠨ ᠮᠧᠲ᠋ᠠᠯ ᠢ ᠬᠦᠷᠲᠡᠵᠤ᠂ ᠴᠢ ᠴᠢᠩ ᠳ᠋ᠢ ᠨᠢ ᠲᠠᠷᠢᠶᠠᠯᠠᠩ ᠤᠨ ᠬᠡᠯᠲᠡᠰ ᠠᠴᠠ ︽ ᠨᠢᠬᠡ ᠲᠤᠰᠬᠤᠨ | ᠨᠢᠬᠡ ᠪᠦᠲᠦᠭᠡᠭᠳᠡᠭᠦᠨ︾ ᠤ ᠵᠢᠱᠢᠶᠡᠴᠢ ᠲᠤᠰᠬᠤᠨ ᠭᠡᠵᠦ ᠨᠡᠷᠡᠶᠢᠳᠦᠭᠳᠡᠨ᠂ ᠲᠦᠮᠦᠰᠦᠨ ᠤ ᠲᠦᠷᠦᠯ ᠵᠤᠶᠢᠯ ᠢ | ᠦᠷᠡᠵᠢᠭᠦᠯᠦᠨ ᠪᠤᠶᠢᠵᠢᠭᠤᠯᠬᠤ ᠪᠠ ᠬᠠᠳᠠᠭᠠᠯᠬᠤ ᠬᠦᠮᠦᠷᠭᠡ ᠶᠢᠨ ᠪᠦᠲᠦᠭᠡᠨ ᠪᠠᠶᠢᠭᠤᠯᠬᠤ ᠬᠦᠴᠦᠯᠡᠴᠡ ᠪᠠᠨ | ᠳᠠᠰᠣᠷᠡᠯᠲᠡ ᠦᠭᠡᠢ ᠨᠡᠮᠡᠭᠳᠡᠭᠦᠯᠦᠨ᠂ ᠮᠠᠯᠵᠢᠬᠤ ᠲᠠᠷᠢᠶᠠᠯᠡᠬᠤ ᠦᠢᠯᠡᠰ ᠤᠨ ︽ᠦᠷ᠎ᠡ ᠶᠢᠨ ᠢᠨᠵᠧᠨᠧᠷᠢᠩ︾ ᠤᠨ | ᠪᠦᠲᠦᠭᠡᠨ ᠪᠠᠶᠢᠭᠤᠯᠣᠯᠲᠡ ᠶᠢᠨ ᠠᠴᠢ ᠳᠣᠰᠡ ᠨᠢ ᠳᠣᠪᠣᠶᠢᠮ᠎ᠡ ᠠᠮᠵᠢᠯᠲᠡ ᠲᠠᠢ ᠪᠠᠷ ᠳᠦᠷᠪᠡᠳᠦᠭᠡᠷ ᠬᠤᠭᠤᠴᠠᠭᠠᠨ | ᠤ ᠳᠣᠮᠳᠡᠳᠦ ᠣᠯᠣᠰ ᠤᠨ ᠲᠦᠮᠦᠰᠦᠨ ᠲᠠᠷᠢᠶᠠᠯᠡᠩ ᠤᠨ ᠲᠠᠯᠠᠪᠡᠢ ᠶᠢᠨ ᠡᠵᠡᠨ ᠤ ᠶᠡᠭᠡ ᠬᠤᠷᠡᠯ ᠪᠣᠯᠣᠨ | ᠠᠩᠬᠠᠳᠣᠭᠠᠷ ᠬᠤᠭᠤᠴᠠᠭᠠᠨ ᠤ ᠦᠪᠦᠷ ᠮᠣᠩᠭᠤᠯ ᠤᠨ ᠣᠷᠭᠠᠨᠢᠭ ᠪᠣᠷᠳᠣᠭᠤᠷ ᠤᠨ ᠦᠢᠯᠡᠰ ᠤᠨ ᠶᠠᠷᠢᠯᠴᠡᠨ | ᠰᠣᠳᠣᠯᠡᠬᠤ ᠬᠤᠷᠡᠯ ᠢ ᠡᠷᠬᠢᠯᠡᠪᠡ᠃ ᠴᠦ᠋ ᠢᠩ ᠪᠦᠯᠦᠭᠯᠡᠯ ᠤᠨ ᠠᠮᠢᠳᠦ ᠭᠠᠭ᠋ᠠᠢ ᠶᠢᠨ ᠨᠢᠭᠡ ᠴᠤᠭᠴᠠᠵᠢᠯᠲᠡ ᠶᠢᠨ | ᠳᠦᠰᠦᠯ ᠢ ᠳᠦᠯᠬᠢᠨ ᠠᠬᠢᠭᠤᠯᠵᠦ ᠂ ᠣᠨᠴᠠᠯᠢᠭᠲᠦ ᠲᠡᠵᠢᠭᠡᠪᠦᠷᠢ ᠨᠢ ᠰᠢᠨ᠎ᠡ ᠠᠮᠵᠢᠯᠲᠡᠣᠯᠵᠡᠢ᠃ ᠠᠵᠤ | ᠦᠢᠯᠡᠳᠪᠦᠷᠢ ᠶᠢᠨ ᠠᠵᠤ ᠠᠬᠤᠢ ᠨᠢ ᠬᠡᠯᠪᠡᠷᠢ ᠪᠠᠨ ᠬᠤᠪᠢᠷᠠᠭᠤᠯᠤᠨ ᠳᠡᠰ ᠳᠠᠪᠰᠢᠵᠡᠢ᠃ ᠮᠧᠩ ᠸᠧᠢ ᠶᠢᠨ | ᠬᠤᠶᠠᠳᠣᠭᠠᠷ ᠬᠤᠭᠤᠴᠠᠭ᠎ᠠ᠂ ᠭᠠᠩ ᠶᠤᠸᠠᠨ ᠤ ᠭᠤᠷᠪᠠᠳᠣᠭᠠᠷ ᠬᠤᠭᠤᠴᠠᠭ᠎ᠠ᠂ ᠪᠠᠢ ᠶᠠᠨ ᠬᠣ᠋ ᠬᠢᠮᠢ ᠶᠢᠨ | ᠦᠢᠯᠡᠳᠪᠦᠷᠢ ᠤᠨ ᠰᠢᠨ᠎ᠡ ᠪᠠᠷ ᠵᠠᠬ᠎ᠠ ᠳᠡᠯᠭᠡᠭᠦᠷ ᠲᠤ ᠭᠠᠷᠣᠭᠰᠡᠨ ᠴᠠᠬᠢᠯᠠᠭᠤᠷ ᠴᠢᠯᠠᠭᠤᠨ ᠵᠣᠣᠬᠠᠨ ᠳᠦᠰᠦᠯ ᠨᠢ | ᠪᠠᠶᠢᠭᠤᠯᠣᠭᠳᠡᠵᠤ᠂ ᠠᠰᠢᠭᠯᠡᠯᠲᠡ ᠳᠤ ᠣᠷᠣᠪᠡ᠃ ᠪᠦᠭᠡᠭᠡᠨᠡᠷᠡᠯ ᠸᠢᠨᠠᠯ ᠨᠣᠨᠳᠠᠭ ᠵᠡᠷᠭᠡ ᠴᠠᠬᠢᠯᠠᠭᠤᠷ ᠴᠢᠯᠠᠭᠤᠨ ᠤ | ᠳᠦᠰᠦᠯ ᠢᠶᠠᠨ ᠡᠬᠢᠯᠡᠨ ᠪᠠᠶᠢᠭᠤᠯᠵᠤ᠂ ᠴᠠᠬᠢᠯᠠᠭᠤᠷ ᠴᠢᠯᠠᠭᠤᠨ ᠤ ᠶᠡᠷᠣᠩᠬᠡᠢ ᠭᠠᠷᠣᠯᠲᠡ ᠨᠢ200 ᠲᠦᠮᠡᠨ ᠳᠣᠨ ᠢ | ᠳᠠᠪᠡᠵᠤ᠂ ᠪᠠᠢ ᠶᠠᠨ ᠬᠣ᠋ ᠪᠦᠯᠦᠭᠯᠡᠯ ᠨᠢ ᠳᠣᠮᠳᠡᠳᠦ ᠣᠯᠣᠰ ᠤᠨ ᠴᠢᠯᠠᠭᠤᠨ ᠳᠣᠰᠣ ᠪᠣᠯᠣᠨ ᠬᠤᠪᠢ ᠶᠢᠨ ᠬᠡᠪᠰᠢᠯ | ᠤᠨ ᠬᠢᠮᠢ ᠶᠢᠨ ᠠᠵᠤ ᠦᠢᠯᠡᠳᠪᠦᠷᠢ ᠶᠢᠨ ᠡᠮᠦᠨᠡᠬᠢ ᠵᠠᠭᠤᠨ ᠨᠡᠷᠡᠰ ᠲᠤ ᠵᠢᠭᠰᠠᠭᠳᠠᠭᠠᠵᠤ᠂ ᠴᠠᠬᠢᠯᠠᠭᠤᠷ ᠴᠢᠯᠠᠭᠤᠨ | ᠤ ᠬᠢᠮᠢ ᠶᠢᠨ ᠠᠵᠤ ᠦᠢᠯᠡᠳᠪᠦᠷᠢ ᠨᠢ ᠭᠠᠵᠡᠷ ᠣᠷᠣᠨᠳᠡᠬᠢ ᠠᠵᠤ ᠦᠢᠯᠡᠰ ᠤᠨ ᠬᠦᠭᠵᠢᠯᠲᠡ ᠳᠤ ᠣᠯᠡᠮ ᠨᠢᠭᠡ | ᠠᠯᠬᠤᠮ ᠳᠠᠶᠢᠴᠢᠯᠡᠬᠤ ᠬᠦᠴᠦᠨ ᠪᠤᠯᠤᠭᠰᠠᠨ ᠪᠠᠶᠢᠨ᠎ᠠ᠃ ᠲᠦᠩᠡᠾᠦᠢ ᠺᠠᠯᠢᠲᠦ ᠪᠣᠷᠳᠣᠭᠤᠷ ᠤᠨ ᠨᠢᠭᠡᠳᠦᠭᠡᠷ | ᠬᠤᠭᠤᠴᠠᠭ᠎ᠠ᠂ ᠵᠦᠩ ᠼᠠᠢ ᠳ᠋ᠢᠩ ᠶᠣᠸᠡᠨ ᠤ ᠨᠢᠭᠡᠳᠦᠭᠡᠷ ᠬᠤᠭᠤᠴᠠᠭ᠎ᠠ ᠵᠡᠷᠭᠡ ᠠᠮᠢ ᠠᠬᠤᠢ ᠶᠢᠨ ᠪᠣᠷᠳᠣᠭᠤᠷ ᠤᠨ | ᠳᠦᠰᠦᠯ ᠨᠢ ᠪᠠᠶᠢᠭᠤᠯᠣᠭᠳᠠᠵᠤ ᠬᠡᠷᠡᠭᠯᠡᠯᠲᠡ ᠳᠤ ᠣᠷᠣᠪᠡ᠃ ᠰᠢᠩ ᠶᠤᠸᠠᠨ ᠪᠠᠯ ᠴᠢᠯᠠᠭᠤ᠂ ᠮᠧᠩ ᠵᠢᠢ ᠰᠢᠨ᠎ᠡ | ᠨᠡᠭᠦᠷᠡᠰᠦᠨ ᠮᠠᠲ᠋ᠧᠷᠢᠶᠠᠯ ᠵᠡᠷᠭᠡ ᠰᠢᠨ᠎ᠡ ᠮᠠᠶ᠋ᠢᠭ ᠤᠨ ᠪᠣᠷᠣ ᠮᠠᠲ᠋ᠧᠷᠢᠶᠠᠯ ᠤᠨ ᠠᠵᠤ ᠠᠬᠤᠶᠢᠯᠡᠯ ᠨᠢ ᠠᠯᠭᠤᠷ ᠢᠶᠠᠷ | ᠬᠦᠴᠦᠷᠭᠡᠭᠵᠢᠨ ᠮᠠᠨᠳᠣᠵᠤ᠂ ᠬᠤᠩ ᠹᠧᠩ᠂ ᠹᠧᠩ ᠡᠾᠦᠢ᠂ ᡁᠢ ᠯᠢ ᠰᠢᠨᠵᠢᠯᠡᠭᠡ ᠮᠡᠷᠭᠡᠵᠢᠯ ᠵᠡᠷᠭᠡ ᠳᠦᠰᠦᠯ ᠨᠢ | ᠵᠠᠯᠭᠠᠯᠳᠤᠭ᠎ᠠ ᠪᠠᠷ ᠪᠠᠶᠢᠭᠤᠯᠣᠭᠳᠠᠵᠤ᠂ ᠯᠢᠲ᠋ᠢ ᠴᠡᠨᠡᠭ ᠤᠨ ᠠᠷᠭ᠎ᠠ ᠪᠢᠯᠢᠭ ᠲᠦᠷᠦᠯ ᠤᠨᠮᠠᠲ᠋ᠧᠷᠢᠶᠠᠯ ᠤᠨ | ᠭᠠᠷᠣᠯᠲᠡ ᠨᠢ 1.5 ᠲᠦᠮᠡ ᠬᠦᠷᠴᠣ ᠂ ᠰᠢᠨ᠎ᠡ ᠪᠠᠷ ᠮᠠᠨᠳᠣᠭᠰᠡᠨ ᠠᠵᠤ ᠦᠢᠯᠡᠰ ᠤᠨ ᠬᠦᠭᠵᠢᠯᠲᠡ ᠨᠢ ᠦᠳᠳᠡᠷ | ᠲᠦᠷᠭᠡᠨ ᠪᠠᠶᠢᠨ᠎ᠠ᠃ ᠦᠢᠯᠡᠴᠢᠯᠡᠭᠡᠨ ᠤ ᠦᠢᠯᠡᠰ ᠤᠨ ᠬᠦᠭᠵᠢᠯᠲᠡ ᠨᠢ ᠦᠳᠳᠡᠷ ᠲᠦᠷᠭᠡᠨ᠃ ᠭᠠᠷ ᠣᠳᠡᠰᠦ ᠪᠠᠷ | ᠲᠣᠭᠠᠴᠠᠭ᠎ᠠ ᠦᠭᠬᠦ᠂ ᠳᠠᠭᠤᠳᠠᠯᠭ᠎ᠠ ᠲᠠᠢ ᠬᠤᠭᠤᠯᠠᠨ ᠵᠠᠬᠢᠶᠠᠯᠠᠭ᠎ᠠ᠂ ᠴᠠᠬᠢᠮ ᠬᠤᠳᠠᠯᠳᠤᠭ᠎ᠠ᠂ ᠪᠡᠶ᠎ᠡ ᠪᠤᠯᠪᠠᠰᠣᠷᠠᠨ | ᠰᠡᠯᠡᠭᠦᠴᠡᠬᠦ ᠵᠡᠷᠭᠡ ᠰᠢᠨ᠎ᠡ ᠠᠵᠤ ᠦᠢᠯᠡᠰ ᠦᠳᠳᠡᠷ ᠲᠦᠷᠭᠡᠨ ᠬᠦᠭᠵᠢᠵᠤ᠂ ᠬᠤᠭᠤᠯᠠ ᠣᠮᠳᠠᠭᠠᠨ᠂ ᠰᠠᠭᠤᠵᠤ | ᠠᠮᠡᠷᠡᠬᠤ᠂ ᠵᠤᠭ᠎ᠠ ᠴᠡᠩᠭᠡᠯ᠂ ᠬᠤᠳᠠᠯᠳᠤᠭ᠎ᠠ᠂ ᠡᠳ᠋ ᠪᠠᠷᠠᠭ᠎ᠠ ᠶᠢᠨ ᠭᠦᠢᠯᠭᠡᠭᠡ ᠵᠡᠷᠭᠡ ᠣᠯᠡᠮᠵᠢᠯᠡᠯᠲᠦ ᠦᠢᠯᠡᠴᠢᠯᠡᠭᠡᠨ | ᠤ ᠦᠢᠯᠡᠰ ᠤᠨ ᠬᠦᠭᠵᠢᠯᠲᠡ ᠨᠢ ᠪᠠᠰᠡ ᠣᠨᠴᠠ ᠰᠠᠶᠢᠨ ᠪᠠᠶᠢᠵᠦ᠂ ᠠᠮᠵᠢᠯᠲᠡ ᠲᠠᠢ ᠪᠠᠷ ᠠᠩᠬᠠᠳᠣᠭᠠᠷ | ᠬᠤᠭᠤᠴᠠᠭᠠᠨ ᠤ ᠳᠣᠮᠳᠠᠳᠣ ᠣᠷᠣᠰ ᠮᠣᠩᠭᠤᠯ ᠤᠨ ᠲᠠᠸᠠᠷ ᠤᠨ ᠦᠵᠡᠭᠦᠯᠦᠯᠭᠡ ᠶᠢ ᠦᠷᠨᠢᠭᠦᠯᠵᠤ᠂ ᠠ ᠯᠢ ᠪᠠ | ᠪᠠ ᠶᠢᠨ ᠬᠦᠳᠡᠭᠡ ᠳᠣᠰᠬᠤᠨ ᠤ ᠲᠣᠣ ᠪᠣᠣ ᠵᠢᠨᠴᠠᠬᠢᠮ ᠠᠷᠡᠯᠵᠢᠶᠡᠨ ᠤ ᠦᠢᠯᠡᠴᠢᠯᠡᠭᠡᠨ ᠤ ᠦᠷᠳᠡᠭᠡ 36 | ᠬᠦᠷᠴᠣ᠂ ᠮᠠᠯ ᠲᠠᠷᠢᠶᠠᠯᠡᠩ ᠤᠨ ᠪᠦᠳᠣᠭᠡᠭᠳᠡᠭᠦᠨ ᠤ ᠨᠧᠲ ᠳᠡᠭᠡᠷᠡᠬᠢ ᠬᠤᠳᠡᠯᠳᠣᠭᠠᠨ ᠤ ᠬᠡᠮᠵᠢᠶ᠎ᠡ ᠨᠢ 3280 | ᠲᠦᠮᠡ ᠳᠤ ᠬᠦᠷᠴᠠᠢ᠃ ᠲᠠᠯ᠎ᠡ ᠨᠤᠳᠤᠭ ᠤᠨ ᠭᠠᠯᠲᠦ ᠠᠭᠤᠯᠡᠨ ᠤ ᠵᠢᠭᠤᠯᠴᠢᠯᠡᠯ ᠤᠨ ᠦᠢᠯᠡᠰ ᠤᠨ ᠪᠡᠯᠡ | ᠣᠷᠣᠭᠤᠯᠣᠭᠴᠢ ᠶᠢᠨ ᠲᠠᠳᠠᠬᠤ ᠬᠦᠴᠦᠨ ᠢᠶᠠᠨ ᠨᠡᠮᠡᠭᠳᠡᠭᠦᠯᠦᠨ᠂ ᠭᠠᠯᠲᠦ ᠠᠭᠤᠯᠡᠨ ᠤ ᠵᠢᠭᠤᠯᠴᠢᠯᠡᠯ ᠤᠨ | ᠠᠯᠳᠡᠷᠰᠢᠯ ᠪᠣᠯᠣᠨ ᠨᠦᠯᠦᠭᠡᠯᠡᠬᠦ ᠬᠦᠴᠦᠨ ᠨᠢ ᠡᠳᠣᠷ ᠢᠷᠡᠬᠦᠶ᠎ᠡ ᠳᠡᠭᠡᠭᠰᠢᠯᠡᠪᠡ᠃ ᠪᠦᠬᠦ ᠵᠢᠯ ᠤᠨ ᠬᠦᠯᠢᠶᠡᠨ ᠠᠪᠬᠤ | ᠵᠤᠴᠢᠳ ᠨᠢ60 ᠲᠦᠮᠡᠨ ᠬᠦᠮᠦᠨ᠂ ᠵᠢᠭᠤᠯᠴᠢᠯᠡᠯ ᠤᠨ ᠶᠡᠷᠣᠩᠬᠡᠢ ᠤᠷᠤᠯᠭ᠎ᠠ ᠨᠢ 3 ᠳ᠋ᠦᠩᠰᠢᠭᠤᠷ ᠲᠦᠭᠦᠷᠢᠭ ᠢ | ᠳᠠᠪᠠᠵᠤ᠂ ᠵᠢᠭᠤᠯᠴᠢᠯᠡᠯ ᠤᠨ ᠦᠢᠯᠡᠰ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠬᠦ ᠬᠤᠪᠢ ᠨᠡᠮᠡᠷᠢ ᠨᠢ | ᠣᠯᠡᠮ ᠨᠢᠭᠡ ᠠᠯᠬᠤᠮ ᠳᠡᠭᠡᠭᠰᠢᠯᠡᠪᠡ᠃ | ︵ᠬᠤᠶᠠᠷ ︶ ᠴᠢᠳᠡᠮᠵᠢ ᠪᠠᠨ ᠲᠡᠭᠦᠯᠳᠡᠷᠵᠢᠭᠦᠯᠵᠤ᠂ ᠴᠢᠩᠭ᠎ᠠ ᠠᠳᠬᠤᠨ᠂ ᠣᠷᠣᠰᠢᠨ ᠠᠮᠢᠳᠣᠷᠠᠬᠤ ᠠᠬᠤᠢ | ᠳᠣᠭᠳᠠᠪᠦᠷᠢᠲᠡᠢ ᠰᠠᠶᠢᠵᠢᠷᠡᠵᠤ᠂ ᠬᠤᠳᠡ ᠬᠦᠳᠡᠭᠡ ᠶᠢᠨ ᠳᠦᠷᠢ ᠳᠦᠷᠬᠦ ᠦᠳᠳᠡᠷ ᠰᠢᠨᠡᠴᠢᠯᠡᠭᠳᠡᠨ ᠬᠦᠭᠵᠢᠪᠡ᠃ | ︽ᠲᠠᠪᠣᠨ ᠬᠤᠳᠡ ᠨᠢᠭᠡ ᠬᠤᠰᠢᠭᠤᠴᠢ︾ ᠪᠠᠷ ᠰᠠᠭᠤᠷᠢ ᠪᠣᠯᠭᠠᠨ᠂ ᠨᠠᠶᠢᠲᠡ1.02 ᠳ᠋ᠦᠩᠰᠢᠭᠤᠷ ᠲᠦᠭᠦᠷᠢᠭ | ᠣᠷᠣᠭᠤᠯᠵᠤ᠂ ᠴᠠᠬᠠᠷ ᠲᠠᠯᠠᠪᠡᠢ ᠶᠢ ᠵᠠᠰᠡᠨ ᠰᠢᠨᠡᠳᠭᠡᠵᠤ᠂ ᠵᠡᠭᠡᠯᠢ ᠭᠤᠳᠣᠮᠵᠢ ᠶᠢᠨ ᠵᠠᠮ ᠢ ᠬᠠᠳᠠᠭᠤᠷᠠᠭᠤᠯᠤᠨ | ᠵᠠᠰᠡᠬᠤ ᠪᠠ ᠭᠠᠵᠡᠷ ᠳᠣᠣᠷᠠᠬᠢ ᠣᠰᠣᠨ ᠬᠤᠭᠤᠯᠡᠢ ᠶᠢ ᠵᠠᠰᠡᠨ ᠰᠢᠨᠡᠳᠭᠡᠬᠦ ᠵᠡᠷᠭᠡ ᠭᠤᠣᠯᠳᠠᠯᠭ᠎ᠠ ᠲᠠᠢ ᠬᠤᠳᠡ ᠶᠢᠨ | ᠵᠠᠬᠢᠷᠭ᠎ᠠ ᠶᠢᠨ ᠳᠦᠰᠦᠯ ᠢ ᠬᠡᠷᠡᠭᠵᠢᠭᠦᠯᠪᠡ᠃ ᠪᠦᠬᠦ ᠵᠢᠯ ᠳᠤ ᠨᠠᠶᠢᠳᠡ1816 ᠡᠷᠣᠬᠡ ᠳᠦᠭᠦᠮ ᠪᠦᠲᠦᠴᠡᠲᠦ | ᠬᠡᠷ ᠪᠠᠶᠢᠰᠢᠩ ᠢ ᠰᠢᠨᠡᠳᠭᠡᠨ ᠵᠠᠰᠡᠵᠤ᠂ ᠮᠦᠩᠭᠦ ᠳᠦᠪᠬᠢᠨᠡᠭᠦᠯᠭᠦ ᠬᠠᠷᠢᠴᠡᠯ ᠨᠢ 100 % ᠬᠦᠷᠪᠡ᠃ ᠬᠤᠳᠡ ᠶᠢᠨ | ᠲᠣᠭᠤᠷᠢᠭ ᠳᠠᠬᠢ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠣᠯᠲᠡ ᠶᠢᠨ ᠲᠠᠯᠠᠪᠡᠢ ᠨᠢ 90 ᠲᠦᠮᠡᠨ ᠺᠦᠸᠠᠳ᠋ ᠮᠧᠲᠷ | ᠢ ᠳᠠᠪᠡᠵᠤ᠂ ᠠᠮᠵᠢᠯᠲᠡ ᠲᠠᠢ ᠪᠠᠷ ᠥᠪᠡᠷᠳᠡᠭᠡᠨᠵᠠᠰᠡᠬᠤ ᠣᠷᠣᠨ ᠤ ᠨᠣᠭᠤᠭᠠᠷᠠᠭᠤᠯᠣᠯᠲᠡ ᠶᠢᠨ ᠰᠢᠶᠠᠨ ᠤ ᠬᠤᠲᠡ | ᠪᠠ ᠠᠷᠢᠭᠤᠨᠴᠡᠪᠡᠷ ᠤᠨ ᠰᠢᠶᠠᠨ ᠤ ᠬᠤᠲᠡ ᠶᠢ ᠪᠦᠳᠦᠭᠡᠨ ᠪᠠᠶᠢᠭᠤᠯᠪᠠ᠃ ᠢᠳᠡᠪᠬᠢᠲᠡᠢ ᠪᠠᠷ ᠵᠢᠵᠢᠭ ᠪᠠᠯᠭᠠᠰᠣᠨ | ᠤ ᠪᠦᠳᠦᠭᠡᠨ ᠪᠠᠶᠢᠭᠤᠯᠣᠯᠲᠡ ᠶᠢ ᠳᠦᠯᠬᠢᠨ ᠠᠬᠢᠭᠤᠯᠵᠤ᠂ ᠲᠡᠮᠦᠷᠲᠡᠢ ᠪᠠᠯᠭᠠᠰᠣ ᠪᠦᠬᠦ ᠣᠯᠣᠰ ᠤᠨ ᠬᠤᠶᠠᠳᠣᠭᠠᠷ | ᠪᠦᠯᠦᠭ ︽ᠣᠨᠴᠠᠯᠢᠭᠳᠦ ᠵᠢᠵᠢᠭ ᠪᠠᠯᠭᠠᠰᠣ︾ ᠪᠠᠷ ᠰᠣᠩᠭᠤᠭᠳᠡᠪᠡ᠃ ᠶᠠᠳᠠᠭᠤ ᠠᠴᠠ ᠠᠩᠭᠢᠵᠢᠷᠠᠭᠤᠯᠣᠨ ᠨᠡᠭᠦᠯᠬᠡᠬᠦ | ᠂ ᠬᠠᠭᠤᠴᠢᠨ ᠪᠠᠶᠢᠰᠢᠩ ᠢ ᠰᠢᠨᠡᠳᠭᠡᠨ ᠵᠠᠰᠡᠬᠤ ᠂ ᠵᠢᠵᠢᠭ ᠳᠣᠰᠬᠤᠨ ᠢ ᠨᠢᠬᠡᠳᠭᠡᠬᠦ ᠵᠡᠷᠭᠡ ᠠᠵᠢᠯᠯᠠᠭ᠎ᠠ ᠶᠢ | ᠶᠠᠪᠣᠭᠳᠠᠭᠤᠯᠵᠤ᠂ ᠬᠦᠳᠡᠭᠡ ᠳᠣᠰᠬᠤᠨ ᠮᠠᠯᠵᠢᠬᠤ ᠣᠷᠣᠨ ᠤ ︽ᠠᠶᠣᠯ ᠲᠠᠢ ᠬᠠᠭᠤᠴᠢᠨ ᠪᠠᠶᠢᠰᠢᠩ ᠢ ᠰᠢᠨᠡᠳᠭᠡᠬᠦ | ︾ ᠬᠦᠳᠡᠯᠭᠡᠭᠡᠨ ᠢ ᠶᠠᠪᠣᠭᠳᠠᠭᠤᠯᠣᠨ᠂ ᠪᠦᠬᠦ ᠵᠢᠯ ᠳᠤ ᠨᠠᠶᠢᠳᠡ171 ᠵᠢᠵᠢᠭ ᠳᠣᠰᠬᠤᠨ ᠢ ᠬᠠᠮᠳᠣᠷᠠᠭᠤᠯᠣᠨ | ᠨᠢᠬᠡᠳᠭᠡᠵᠤ᠂ ᠰᠢᠨ᠎ᠡ ᠪᠠᠷ 79 ᠣᠷᠣᠨ ᠰᠠᠭᠤᠴᠠ ᠪᠠᠶᠢᠷᠢᠯᠠᠭᠤᠯᠤᠨ᠂ ᠬᠠᠭᠤᠴᠢᠨ ᠪᠠᠶᠢᠰᠢᠩ ᠢ ᠦᠨᠳᠦᠰᠦᠨ | ᠳᠤᠨᠢ ᠵᠠᠰᠡᠨ ᠰᠢᠨᠡᠳᠭᠡᠵᠡᠢ᠃ ᠦᠨᠳᠦᠰᠦᠨᠰᠠᠭᠤᠷᠢ ᠳᠦᠬᠦᠭᠡᠷᠦᠮᠵᠢ ᠳᠠᠬᠢ ᠪᠦᠳᠦᠭᠡᠨ ᠪᠠᠶᠢᠭᠤᠯᠣᠯᠲᠡ ᠪᠠᠨ | ᠴᠢᠩᠭᠠᠳᠬᠠᠪᠡ᠃ 31 ᠳ᠋ᠦᠩᠰᠢᠭᠤᠷ ᠲᠦᠭᠦᠷᠢᠭ ᠪᠡᠯᠡ ᠣᠷᠣᠭᠤᠯᠣᠨ᠂ ᠱᠢ ᠱᠧᠩ ᠵᠠᠮ᠂ ᠪᠠᠢ ᠺᠠ ᠵᠠᠮ ᠢ ᠵᠠᠰᠠᠨ | ᠰᠢᠨᠡᠳᠭᠡᠵᠦ᠂ ᠲᠠᠯ᠎ᠠ ᠨᠤᠲᠤᠭ ᠤᠨ ᠭᠠᠯᠲᠤ ᠠᠭᠤᠯᠠᠨ ᠵᠢᠭᠤᠯᠴᠢᠯᠠᠯ ᠤᠨ ᠵᠠᠮ ᠪᠤᠯᠤᠨ ᠰᠢ ᠮᠧᠨ ᠺᠧᠦ ᠠᠴᠠ ᠸᠠᠩ | ᠶᠤᠤ ᠭᠸᠦ ᠬᠦᠷᠳᠡᠯᠡᠬᠢ ᠵᠠᠮ ᠢ ᠦᠨᠳᠦᠰᠦᠨ ᠳᠡᠭᠡᠨ ᠵᠠᠰᠠᠨ ᠲᠠᠭᠤᠰᠬᠠᠵᠦ᠂ ᠬᠦᠳᠡᠭᠡ ᠲᠤᠰᠬᠤᠨ ᠲᠠᠢ ᠰᠢᠭᠤᠳ | ᠨᠡᠪᠳᠡᠷᠡᠯᠴᠡᠭᠰᠡᠨ ᠵᠠᠰᠠᠮᠠᠯ ᠵᠠᠮ159 ᠺᠢᠯᠤᠮᠧᠲᠷ ᠪᠠᠶᠢᠵᠦ᠂᠂52 ᠺᠢᠯᠤᠮᠧᠲᠷ ᠨᠠᠷᠢᠨ ᠵᠠᠮ ᠢ ᠦᠷᠭᠡᠳᠭᠡᠨ ᠵᠠᠰᠠᠵᠦ᠂ | ᠬᠦᠳᠡᠭᠡ ᠲᠤᠰᠬᠤᠨ ᠮᠠᠯᠵᠢᠬᠤ ᠤᠷᠤᠨ ᠤ ᠵᠠᠮ ᠬᠠᠷᠢᠯᠴᠠᠭᠠᠨ ᠤ ᠨᠦᠬᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠪᠠ᠃ ᠬᠤᠨᠢᠨ ᠳᠠᠯᠠᠢ ᠶᠢᠨ 220 ᠸᠠᠲ ᠴᠠᠬᠢᠯᠭᠠᠨ ᠦᠷᠳᠡᠭᠡ ᠳᠠᠬᠢ ᠦᠷᠭᠡᠳᠭᠡᠬᠦ ᠵᠠᠰᠠᠯᠳᠠ ᠪᠠᠨ | ᠬᠦᠢᠴᠡᠳᠭᠡᠵᠦ᠂ ᠮᠧᠩ ᠸᠧᠢ ᠶᠢᠨ ᠣᠰᠣᠨ ᠡᠷᠬᠢᠯᠳᠡ ᠶᠢᠨ ᠬᠤᠭᠤᠯᠠᠢ ᠶᠢᠨ ᠬᠡᠷᠡᠭᠯᠡᠯᠳᠡ ᠨᠢ ᠪᠦᠬᠦ ᠱᠣᠭᠤᠮ ᠢᠶᠠᠷ | ᠨᠡᠪᠳᠡᠷᠡᠪᠡ᠃ ᠬᠠᠮᠤᠭ ᠲᠡᠷᠢᠭᠦᠨ ᠳᠤ ᠪᠦᠬᠦ ᠬᠤᠰᠢᠭᠤᠨ ᠤ ᠬᠤᠲᠠ ᠶᠢᠨ ᠬᠤᠭᠤᠷᠤᠨᠳᠣᠬᠢ ᠨᠡᠶᠢᠲᠡ ᠶᠢᠨ ᠮᠠᠰᠢᠨ ᠤ | ᠵᠠᠮ ᠱᠣᠭᠤᠮ ᠢ ᠨᠡᠭᠡᠭᠡᠪᠡ ᠃ ᠵᠠᠰᠠᠭ ᠵᠠᠬᠢᠷᠭᠠᠨ ᠤ ᠲᠤᠰᠬᠤᠨ ᠳᠤ ᠰᠦᠯᠵᠢᠶ᠎ᠡ ᠪᠦᠬᠦ ᠲᠠᠯ᠎ᠠ ᠪᠠᠷ ᠪᠦᠷᠬᠦᠪᠡ᠃ | ᠠᠮᠢ ᠠᠬᠤᠢ ᠶᠢᠨ ᠤᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠯᠳᠠ ᠲᠠᠢ ᠪᠠᠶᠢᠵᠦ᠂ ᠲᠦᠪ ᠪᠤᠯᠤᠨ ᠦᠪᠡᠷᠳᠡᠭᠡᠨ | ᠵᠠᠰᠠᠬᠤ ᠤᠷᠤᠨ ᠤ ᠣᠷᠴᠢᠨ ᠠᠬᠤᠢ ᠶᠢᠨ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠪᠠ ᠰᠠᠨᠠᠯ ᠲᠤᠰᠬᠠᠯ ᠦᠭᠬᠦ | ᠠᠵᠢᠯᠯᠠᠭ᠎ᠠ ᠶᠢ ᠶᠠᠪᠤᠭᠳᠠᠭᠤᠯᠵᠦ᠂ ᠤᠷᠴᠢᠨ ᠲᠤᠭᠤᠷᠢᠨ᠂ ᠠᠮᠢ ᠠᠬᠤᠢ ᠶᠢᠨ ᠬᠠᠮᠠᠭᠠᠯᠠᠯᠳᠠ ᠶᠢᠨ ᠬᠠᠷᠢᠭᠤᠴᠠᠯᠭ᠎ᠠ | ᠪᠠᠨ ᠴᠢᠩᠭ᠎ᠠ ᠨᠢᠮᠪᠠᠢ ᠲᠡᠭᠦᠯᠳᠡᠷᠵᠢᠭᠦᠯᠦᠨ᠂ ᠨᠠᠭᠤᠷ ᠴᠦᠬᠦᠷᠡᠮ ᠳᠤ ᠴᠠᠭᠳᠠᠨ ᠪᠠᠶᠢᠴᠠᠭᠠᠬᠤ ᠲᠦᠷᠢᠮ ᠢ | ᠲᠤᠭᠳᠠᠭᠠᠪᠠ᠃ ᠵᠢᠯ ᠳᠤ ᠨᠡᠶᠢᠲᠡ1.2 ᠲᠦᠮᠡᠨ ᠮᠦ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ | ᠪᠡᠶᠡᠯᠡᠬᠦᠯᠵᠦ᠂ ᠲᠤᠯᠤᠭᠠᠨ ᠵᠤᠷᠪᠤᠰ ᠬᠦᠨᠳᠦ ᠴᠢᠬᠤᠯᠠ ᠣᠰᠣᠨ ᠠᠰᠢᠭᠯᠠᠯᠳᠠ᠂ ᠣᠰᠣᠨ ᠬᠠᠮᠠᠭᠠᠯᠠᠯᠳᠠ ᠶᠢᠨ | ᠲᠦᠰᠦᠯ ᠢ ᠪᠡᠶᠡᠯᠡᠬᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠨᠦᠬᠦᠵᠦ ᠱᠠᠩᠨᠠᠭᠰᠠᠨ ᠲᠠᠯᠠᠪᠠᠢ ᠨᠢ338 | ᠲᠦᠮᠡᠨ ᠮᠦ ᠳᠤ ᠬᠦᠷᠴᠡᠢ᠃ ᠲᠠᠯ᠎ᠠ ᠨᠤᠲᠤᠭ ᠤᠨ ᠭᠠᠯᠲᠤ ᠠᠭᠤᠯᠠ ᠵᠡᠷᠭᠡ ᠪᠠᠶᠢᠭᠠᠯᠢᠯᠢᠭ ᠠᠮᠢ ᠠᠬᠤᠢ ᠶᠢᠨ | ᠡᠬᠢ ᠪᠠᠶᠠᠯᠢᠭ ᠳᠠᠬᠢ ᠬᠠᠮᠠᠭᠠᠯᠠᠯᠳᠠ ᠪᠠᠨ ᠲᠠᠰᠣᠷᠠᠯᠳᠠ ᠦᠭᠡᠢ ᠴᠢᠩᠭᠠᠳᠬᠠᠨ᠂ ᠬᠠᠰᠢᠶᠠᠯᠠᠵᠦ ᠮᠠᠯᠵᠢᠬᠤ ᠪᠠ ᠬᠠᠥᠯᠢ | ᠪᠤᠰᠤ ᠪᠠᠷ ᠭᠠᠵᠠᠷ ᠨᠤᠲᠤᠭ ᠢ ᠬᠡᠷᠡᠭᠯᠡᠬᠦ ᠠᠰᠠᠭᠤᠳᠠᠯ ᠳᠤ ᠲᠤᠰᠬᠠᠢ ᠵᠠᠰᠠᠯᠳᠠ ᠬᠢᠵᠦ᠂ ᠬᠠᠥᠯᠢ ᠪᠤᠰᠦ ᠪᠠᠷ ᠲᠠᠯ᠎ᠠ | ᠨᠤᠲᠤᠭ ᠢ ᠬᠠᠭᠠᠪᠤᠷᠢᠯᠠᠭᠰᠠᠨ ᠶᠠᠯᠠᠲᠤ ᠠᠵᠢᠯᠯᠠᠭ᠎ᠠ ᠶᠢ 13 ᠣᠳᠠᠭ᠎ᠠ ᠪᠠᠶᠢᠴᠠᠭᠠᠨ ᠰᠢᠢᠳᠪᠦᠷᠢᠯᠡᠵᠡᠢ᠃ | ︵ᠭᠤᠷᠪᠠ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠣᠷᠠᠯ ᠳᠤ ᠠᠰᠢᠭ ᠬᠦᠷᠳᠡᠭᠡᠪᠡ᠃ ᠪᠦᠬᠦ ᠵᠢᠯ | ᠳᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ83 % ᠨᠢ ᠠᠷᠠᠳ ᠤᠨ ᠠᠮᠢᠳᠣᠷᠠᠯ ᠤᠨ ᠠᠵᠦ | ᠦᠢᠯᠡᠰ ᠲᠤ ᠵᠠᠷᠣᠴᠠᠭᠤᠯᠤᠭᠰᠠᠨ ᠪᠠᠶᠢᠨ᠎ᠠ᠃ | ᠣᠯᠠᠨ ᠵᠤᠷᠪᠤᠰ ᠲᠦᠷᠦ ᠶᠢᠨ ᠪᠤᠳᠤᠯᠭ᠎ᠠ ᠲᠤᠭᠳᠠᠭᠠᠵᠦ᠂ ᠶᠡᠭᠡ ᠰᠣᠷᠭᠠᠭᠤᠯᠢ ᠲᠡᠭᠦᠰᠦᠭᠰᠡᠨ ᠤᠶᠤᠳᠠᠳ ᠪᠤᠯᠤᠨ | ᠭᠠᠳᠠᠭᠰᠢ ᠭᠠᠷᠤᠭᠰᠠᠨ ᠵᠠᠯᠠᠭᠤᠴᠣᠳ ᠤᠨ ᠨᠤᠲᠤᠭ ᠲᠠᠭᠠᠨ ᠪᠤᠴᠠᠨ ᠢᠷᠡᠵᠦ ᠦᠢᠯᠡᠰ ᠪᠤᠰᠬᠠᠬᠤ ᠶᠢ | ᠵᠤᠷᠢᠭᠵᠢᠠᠭᠤᠯᠤᠨ᠂ ᠬᠤᠲᠠ ᠪᠠᠯᠭᠠᠰᠦᠨ ᠤ ᠰᠢᠨ᠎ᠡ ᠪᠠᠷ ᠠᠵᠢᠯ ᠣᠯᠣᠭᠰᠠᠨ ᠬᠦᠮᠦᠨ ᠤ ᠲᠤᠭ᠎ᠠ ᠨᠢ 980 | ᠬᠦᠮᠦᠨ ᠬᠦᠷᠪᠡ ᠃ ᠪᠦᠬᠦ ᠠᠷᠠᠳ ᠤᠨ ᠪᠠᠲᠤᠯᠠᠪᠤᠷᠢ ᠳᠤ ᠣᠷᠣᠬᠤ ᠲᠦᠯᠦᠪᠯᠡᠭᠡ ᠶᠢ ᠪᠦᠬᠦ ᠲᠠᠯ᠎ᠠ ᠪᠠᠷ | ᠦᠷᠨᠢᠭᠦᠯᠵᠦ᠂ ᠨᠡᠶᠢᠭᠡᠮ ᠤᠨ ᠪᠠᠲᠤᠯᠠᠪᠤᠷᠢ ᠶᠢᠨ ᠬᠢᠷᠢ ᠲᠦᠪᠰᠢᠨ ᠲᠤᠭᠳᠠᠪᠤᠷᠢᠲᠠᠢ ᠪᠠᠷ ᠲᠡᠭᠡᠭᠰᠢᠯᠡᠨ᠂ ᠪᠦᠷᠬᠦᠯᠳᠡ | ᠶᠢᠨ ᠬᠡᠪᠴᠢᠶ᠎ᠡ ᠦᠷᠭᠡᠵᠢᠭᠰᠡᠨ ᠪᠠᠶᠢᠨ᠎ᠠ᠃ ᠵᠠᠷᠣᠳᠠᠯ ᠮᠡᠳᠡᠭᠦᠯᠬᠦ ᠶᠠᠪᠤᠴᠠᠨᠢ ᠤᠯᠠᠮ ᠲᠦᠭᠦᠮ ᠪᠤᠯᠵᠦ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨᠤ ᠵᠠᠷᠤᠳᠠᠯ ᠮᠡᠳᠡᠭᠦᠯᠦᠭᠰᠡᠨ ᠬᠠᠷᠢᠴᠠᠯ ᠨᠢ ᠵᠠᠭᠤᠨ ᠤ | 90% ᠠᠴᠠ ᠲᠡᠭᠡᠭᠰᠢ ᠪᠠᠶᠢᠵᠦ᠂ ᠬᠤᠲᠠ ᠪᠠᠯᠭᠠᠰᠦᠨᠤᠡᠮᠨᠡᠯᠭᠡ ᠶᠢᠨ ᠪᠤᠳᠠᠳᠦ ᠵᠠᠷᠣᠳᠠᠯ ᠮᠡᠳᠡᠭᠦᠯᠦᠭᠰᠡᠨ ᠬᠠᠷᠢᠴᠠᠯ | ᠨᠢ 73% ᠠᠴᠠ ᠲᠡᠭᠡᠭᠰᠢ ᠪᠠᠶᠢᠵᠦ᠂ ᠬᠤᠲᠠ ᠬᠦᠳᠡᠭᠡ ᠶᠢᠨ ᠲᠤᠤᠷ᠎ᠠ ᠪᠠᠲᠤᠯᠭᠠᠲᠦ᠂ ᠣᠨᠴᠠ ᠬᠦᠴᠢᠷᠳᠡᠯ ᠲᠠᠢ | ᠬᠦᠮᠦᠰ ᠢ ᠠᠰᠠᠷᠠᠨ ᠲᠡᠵᠢᠭᠡᠬᠦ᠂ ᠬᠦᠴᠢᠷᠳᠡᠯᠲᠡᠢ ᠬᠡᠦᠬᠡᠳ ᠢ ᠬᠠᠪᠰᠣᠷᠣᠨ ᠲᠡᠳᠭᠦᠭᠦ ᠪᠠᠷᠢᠮᠵᠢᠶ᠎ᠠ ᠨᠢ ᠣᠯᠠᠮ ᠨᠢᠭᠡ | ᠠᠯᠬᠤᠮ ᠲᠡᠭᠡᠭᠰᠢᠯᠡᠭᠦᠯᠬᠦ ᠶᠢᠨ ᠬᠠᠮᠲᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠩᠴᠡᠭᠦᠷᠢᠲᠡᠢ ᠦᠢᠯᠡᠴᠢᠯᠡᠭᠡ ᠶᠢ | ᠪᠡᠶᠡᠯᠡᠭᠦᠯᠦᠭᠰᠡᠨ ᠪᠠᠶᠢᠨ᠎ᠠ᠃ ᠪᠦᠬᠦ ᠬᠤᠰᠢᠭᠤᠨ ᠳᠤ ᠠᠩᠬᠠᠳᠠᠭᠴᠢ ᠮᠤᠩᠭᠤᠯ ᠦᠨᠳᠦᠰᠦᠲᠡᠨᠤ ᠬᠡᠦᠬᠡᠳ ᠤᠨ | ᠴᠡᠴᠡᠷᠯᠢᠭ ᠪᠠᠶᠢᠭᠤᠯᠤᠭᠳᠠᠵᠦ᠂ ᠨᠠᠰᠦᠨ ᠳᠤ ᠲᠤᠬᠢᠷᠠᠭᠰᠠᠨ ᠪᠠᠭ᠎ᠠ ᠬᠡᠦᠬᠡᠳ ᠤᠨ ᠴᠡᠴᠡᠷᠯᠢᠭᠲ᠋ᠣ ᠤᠷᠤᠭᠰᠠᠨ ᠨᠤᠷᠮ᠎ᠠ | ᠨᠢ 97.4 % ᠳᠤ ᠬᠦᠷᠦᠭᠰᠡᠨ ᠪᠠᠶᠢᠨ᠎ᠠ᠃ ᠹᠧᠩ ᠬᠤᠸᠠ ᠲᠤᠮᠳᠠᠳᠦ ᠰᠣᠷᠭᠠᠭᠤᠯᠢ ᠶᠢᠨ ᠠᠩᠬ᠎ᠠ ᠵᠡᠷᠭᠡ ᠶᠢᠨ | ᠲᠤᠮᠳᠠᠳᠦ ᠰᠣᠷᠭᠠᠭᠤᠯᠢ ᠲᠡᠭᠦᠰᠬᠦ ᠰᠢᠯᠭᠠᠯᠳᠠ ᠶᠢᠨ ᠶᠡᠷᠦᠩᠬᠡᠢ ᠲᠡᠭᠰᠢᠳᠭᠡᠯ ᠬᠢᠷᠢ ᠪᠦᠲᠦᠮᠵᠢ ᠨᠢ ᠬᠤᠶᠠᠷ ᠵᠢᠯ | ᠲᠠᠷᠠᠭᠠᠯᠠᠨ ᠪᠦᠬᠦ ᠠᠶᠢᠮᠠᠭ ᠲᠠᠭᠠᠨ ᠲᠡᠷᠢᠭᠦᠯᠡᠵᠦ᠂ ᠪᠦᠬᠦ ᠤᠯᠤᠰ ᠤᠨ ᠬᠠᠷᠢᠭᠤᠴᠠᠯᠭᠠᠲᠤ ᠪᠤᠯᠪᠠᠰᠣᠷᠠᠯ ᠤᠨ ᠬᠢᠨᠠᠭᠴᠢ | ᠶᠢᠨ ᠰᠢᠨ᠎ᠡ ᠵᠢᠡᠭᠦᠳᠦᠭᠰᠡᠨ ᠬᠤᠰᠢᠭᠤ ᠪᠠᠷ ᠰᠣᠩᠭᠤᠭᠳᠠᠪᠠ᠃ ᠮᠤᠩᠭᠤᠯ ᠡᠮᠨᠡᠯᠭᠡ ᠶᠢᠨ ᠬᠤᠷᠢᠶ᠎ᠠ ᠨᠢ ᠠᠮᠵᠢᠯᠳᠠ | ᠲᠠᠢ ᠪᠠᠷ ᠬᠤᠶᠠᠳᠣᠭᠠᠷ ᠲᠡᠰ ᠤᠨ ᠡᠮᠨᠡᠯᠭᠡ ᠶᠢᠨ ᠬᠤᠷᠢᠶ᠎ᠠ ᠪᠤᠯᠵᠦ ᠲᠡᠪᠰᠢᠪᠡ᠃ ᠮᠠᠨ ᠤ ᠬᠤᠰᠢᠭᠤᠨ ᠤ | ᠣᠯᠠᠭᠠᠨᠮᠦ᠋ᠴᠢᠷ ᠨᠢᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠬᠤᠭᠤᠴᠠᠭᠠᠨ ᠤ ᠣᠯᠠᠭᠠᠨᠮᠦ᠋ᠴᠢᠷ ᠤᠨ ᠤᠷᠠᠯᠢᠭ | ᠤᠨ ᠨᠠᠭᠠᠳᠣᠮ ᠤᠨ ᠠᠯᠳᠠᠨ ᠮᠧᠲ᠋ᠠᠯ ᠪᠤᠯᠤᠨ ᠪᠦᠬᠦ ᠤᠷᠤᠨ ᠤ ᠠᠷᠪᠠᠨ ᠰᠢᠯᠢᠳᠡᠭ ᠣᠯᠠᠭᠠᠨᠮᠦ᠋ᠴᠢᠷ ᠤᠨ ᠨᠡᠷᠡᠶᠢᠳᠦᠯ | ᠢ ᠣᠯᠣᠭᠰᠠᠨ ᠪᠠᠶᠢᠨ᠎ᠠ᠃ ᠣᠯᠠᠭᠠᠨᠴᠠᠪ ᠤᠨ ᠣᠳᠬ᠎ᠠ ᠣᠷᠠᠯᠢᠭ ᠤᠨ ᠰᠢᠨ᠎ᠡ ᠶᠢ ᠡᠭᠦᠳᠬᠦ ᠰᠠᠭᠤᠷᠢᠨᠭᠠᠵᠠᠷ ᠨᠢ | ᠮᠠᠨ ᠤ ᠬᠤᠰᠢᠭᠤᠨ ᠳᠤ ᠬᠦᠨᠵᠡᠭᠡᠶᠢᠷᠡᠨ᠂ ᠠᠩᠬᠠᠳᠣᠭᠠᠷ ᠬᠤᠭᠤᠴᠠᠭᠠᠨ ᠤ ᠴᠠᠬᠠᠷ ᠬᠤᠪᠴᠠᠰᠦ ᠵᠠᠰᠠᠯ ᠤᠨ | ᠦᠵᠡᠭᠦᠯᠦᠯᠭᠡ ᠶᠢᠨ ᠬᠦᠳᠡᠯᠭᠡᠭᠡᠨ ᠢ ᠦᠷᠨᠢᠭᠦᠯᠦᠭᠰᠡᠨ ᠪᠠᠶᠢᠨ᠎ᠠ᠃ᠦᠨᠳᠦᠰᠦᠲᠡᠨᠤ ᠪᠦᠯᠬᠦᠮᠳᠡᠯ ᠲᠠᠪᠰᠢᠯᠳᠠ ᠶᠢᠨ | ᠠᠵᠢᠯᠯᠠᠭ᠎ᠠ ᠶᠢ ᠠᠮᠵᠢᠯᠳᠠ ᠲᠠᠢ ᠦᠷᠨᠢᠭᠦᠯᠵᠦ᠂ ᠣᠯᠠᠭᠠᠨᠬᠠᠳᠠ ᠰᠣᠮᠣ ᠪᠤᠯᠤᠨ ᠢᠳᠣᠭᠠᠨᠲᠤ ᠬᠤᠲᠠ ᠨᠢ ︽ | ᠲᠤᠮᠳᠠᠳᠦ ᠤᠯᠤᠰ ᠤᠨ ᠴᠦᠬᠡᠨ ᠲᠤᠭᠠᠳᠦ ᠦᠨᠳᠦᠰᠦᠲᠡᠨ ᠤ ᠤᠨᠴᠠᠯᠢᠭᠲᠤ ᠬᠦᠳᠡᠭᠡ ᠲᠤᠰᠬᠤᠨ︾ ᠤ ᠨᠡᠷᠡᠶᠢᠳᠦᠯ | ᠢ ᠬᠦᠷᠳᠡᠭᠰᠡᠨ ᠪᠠᠶᠢᠨ᠎ᠠ᠃ | ᠠᠶᠤᠯ ᠲᠦᠭᠰᠢᠭᠦᠷᠢ ᠵᠢᠨᠰᠡᠷᠭᠡᠶᠢᠯᠡᠯᠳᠡ ᠪᠠᠨ ᠴᠢᠩᠭᠠᠳᠬᠠᠪᠠ᠃ ᠲᠦᠪ᠂ ᠤᠷᠤᠨ᠂ ᠠᠶᠢᠮᠠᠭ ᠤᠨ ᠠᠶᠤᠯ | ᠠᠴᠠ ᠰᠡᠷᠭᠡᠶᠢᠯᠡᠨ ᠲᠤᠬᠢᠷᠠᠭᠤᠯᠬᠤ ᠱᠠᠭᠠᠷᠳᠠᠯᠭ᠎ᠠ ᠶᠢ ᠪᠡᠶᠡᠯᠡᠭᠦᠯᠦᠨ᠂ ᠵᠠᠰᠠᠭ ᠤᠨ ᠤᠷᠳᠤᠨ ᠤ ᠦᠷᠢ ᠦᠭᠴᠡᠭᠡ | ᠶᠢᠨ ᠠᠰᠠᠭᠤᠳᠠᠯ ᠢ ᠰᠢᠢᠳᠪᠦᠷᠢᠯᠡᠬᠦ ᠲᠦᠰᠦᠯ ᠲᠤᠭᠳᠠᠭᠠᠨ᠂ ᠦᠷᠢᠳᠦᠭᠰᠡᠨ ᠢᠨᠵᠧᠨᠧᠷᠢᠩ ᠤᠨ ᠵᠤᠭᠤᠰ ᠪᠤᠯᠤᠨ | ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠴᠠᠭ ᠲᠤᠬᠠᠢ ᠳᠤᠨᠢ ᠦᠭᠬᠦ ᠠᠵᠢᠯ ᠢ ᠰᠠᠶᠢᠳᠤᠷ ᠬᠢᠪᠡ ᠃ ︽ | ᠲᠤᠯᠤᠳᠤᠭᠠᠷ ᠲᠠᠪᠤᠨ ᠵᠢᠯ ︾ ᠤᠨ ᠬᠠᠥᠯᠢ ᠲᠦᠭᠡᠮᠡᠯᠵᠢᠭᠦᠯᠬᠦ ᠶᠢ ᠬᠦᠨᠵᠡᠭᠡᠢ ᠠᠬᠢᠭᠤᠯᠤᠨ᠂ ᠡᠯ᠎ᠡ ᠵᠦᠢᠯ ᠤᠨ | ᠬᠠᠥᠯᠢ ᠪᠤᠰᠤ ᠠᠵᠢᠯᠯᠠᠭ᠎ᠠ ᠳᠤ ᠬᠦᠨᠳᠦ ᠴᠣᠬᠢᠯᠳᠠ ᠦᠭᠭᠦᠭᠰᠡᠨ ᠪᠠᠶᠢᠨ᠎ᠠ ᠃ ᠵᠦᠷᠢᠴᠡᠯ ᠢ ᠲᠠᠷᠠᠭᠠᠯᠠᠨ | ᠪᠠᠶᠢᠴᠠᠭᠠᠬᠤ ᠪᠠ ᠵᠠᠬᠢᠳᠠᠯ ᠰᠣᠷᠪᠤᠯᠵᠢᠯᠠᠭ᠎ᠠ ᠶᠢᠨ ᠬᠡᠮᠲᠤ ᠬᠡᠷᠡᠭ ᠢ ᠰᠢᠢᠳᠪᠦᠷᠢᠯᠡᠬᠦ ᠶᠢ ᠪᠤᠳᠠᠳᠠᠢ ᠠᠳᠬᠤᠵᠦ᠂ | ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠵᠠᠬᠢᠳᠠᠯ | ᠰᠣᠷᠪᠤᠯᠵᠢᠯᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠢᠳᠡᠭᠡᠨ ᠤ ᠵᠦᠢᠯ ᠪᠤᠯᠤᠨ ᠡᠮ ᠤᠨ ᠵᠦᠢᠯ ᠳᠠᠬᠢ | ᠬᠠᠮᠢᠶᠠᠷᠤᠯᠳᠠ ᠪᠠᠨ ᠪᠦᠬᠦ ᠲᠠᠯ᠎ᠠ ᠪᠠᠷ ᠴᠢᠩᠭᠠᠳᠬᠠᠨ᠂ ᠪᠦᠬᠦ ᠬᠦᠴᠦᠨ ᠢᠶᠠᠷ ᠢᠳᠡᠭᠡᠨ ᠤᠮᠳᠠᠭᠠᠨ ᠤ ᠠᠵᠢᠯ | ᠲᠦᠷᠦᠯ ᠤᠨ ︽ᠠᠷᠢᠭᠤᠨ ᠴᠡᠪᠡᠷ ᠣᠷᠴᠢᠨ ᠲᠤᠭᠤᠷᠢᠨ︾ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠦ᠂ | 140 ᠭᠠᠷᠤᠢ ᠢᠳᠡᠭᠡᠨ ᠣᠮᠳᠠᠭᠠᠨ ᠤ ᠠᠵᠢᠯ ᠲᠦᠷᠦᠯ ᠨᠢ ᠲᠡᠰ ᠲᠠᠪᠰᠢᠭᠰᠠᠨ ᠦᠭᠡᠷᠴᠢᠯᠡᠯᠳᠡ ᠶᠢ | ᠪᠠᠶᠡᠯᠡᠭᠦᠯᠦᠭᠰᠡᠨ ᠪᠠᠶᠢᠨ᠎ᠠ᠃ ᠲᠤᠭ᠎ᠠ ᠪᠦᠷᠢᠳᠭᠡᠯ᠂ ᠠᠮᠤ ᠪᠤᠳᠠᠭ᠎ᠠ᠂ ᠴᠠᠭ ᠠᠭᠤᠷ ᠤᠨ ᠰᠢᠨᠵᠢᠯᠡᠭᠡ᠂ ᠭᠠᠵᠠᠷ | ᠬᠦᠳᠡᠯᠦᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ᠂ ᠠᠬᠠᠮᠠᠳ ᠺᠠᠳ᠋ᠷ ᠤᠨ ᠠᠵᠢᠯ ᠢ ᠣᠯᠠᠮ ᠨᠢᠭᠡ ᠠᠯᠬᠤᠮ | ᠴᠢᠩᠭᠠᠳᠬᠠᠨ᠂ ᠠᠵᠢᠯᠳᠠᠨ ᠤ ᠬᠤᠯᠪᠤᠭ᠎ᠠ᠂ ᠡᠮᠡᠭᠳᠠᠶᠢᠴᠣᠳ ᠤᠨ ᠬᠤᠯᠪᠤᠭ᠎ᠠ᠂ ᠣᠯᠠᠭᠠᠨ ᠵᠠᠭᠠᠯᠮᠠᠶᠢᠳᠠᠨ ᠤ | ᠨᠡᠶᠢᠭᠡᠮᠯᠢᠭ ᠂ ᠨᠠᠰᠣᠳᠠᠶᠢᠴᠣᠳ ᠪᠤᠯᠤᠨ᠂ ᠵᠡᠮᠳᠡᠭ ᠬᠦᠮᠦᠰ ᠵᠡᠷᠭᠡ ᠡᠯ᠎ᠡ ᠲᠦᠷᠦᠯ ᠤᠨ ᠠᠵᠢᠯ ᠦᠢᠯᠡᠰ ᠨᠢ ᠠᠬᠢᠨ | ᠲᠠᠪᠰᠢᠯᠳᠠ ᠲᠠᠢ ᠪᠠᠶᠢᠵᠦ᠂ ᠡᠯ᠎ᠡ ᠦᠨᠳᠦᠰᠦᠲᠡᠨ ᠬᠠᠷᠢᠯᠴᠠᠨ ᠬᠠᠪᠰᠣᠷᠣᠯᠴᠠᠵᠦ᠂ ᠬᠠᠮᠲᠤ ᠪᠠᠷ ᠴᠡᠴᠡᠭᠯᠡᠨ | ᠬᠦᠭᠵᠢᠬᠦ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃ | ︵ᠲᠦᠷᠪᠡ︶ ᠦᠭᠡᠷᠴᠢᠯᠡᠯᠳᠡ ᠶᠢ ᠬᠦᠨᠵᠡᠭᠡᠶᠢᠷᠡᠭᠦᠯᠵᠦ᠂ ᠴᠢᠯᠦᠭᠡᠲᠡᠢ ᠶᠠᠪᠤᠯᠴᠠᠬᠤ ᠶᠢ ᠠᠬᠢᠭᠤᠯᠤᠨ᠂ ᠬᠦᠭᠵᠢᠯᠳᠡ | ᠵᠢᠨᠠᠮᠢᠵᠢᠷᠠᠯ ᠤᠨ ᠬᠦᠴᠦᠨ ᠡᠳᠦᠷ ᠢᠷᠡᠭᠦᠶ᠎ᠡ ᠨᠡᠮᠡᠭᠳᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠴᠢᠯᠡᠯᠳᠡ ᠶᠢ ᠬᠦᠨᠵᠡᠭᠡᠶᠢᠷᠡᠭᠦᠯᠦᠨ ᠠᠬᠢᠭᠤᠯᠪᠠ᠃ | ᠬᠤᠴᠤᠷᠤᠩᠭᠤᠢ ᠦᠢᠯᠡᠳᠪᠦᠷᠢᠯᠡᠯ ᠤᠨ ᠬᠦᠴᠦᠨ ᠢ 23.3 ᠲᠤᠨ ᠲᠠᠶᠠᠭᠳᠠᠵᠦ᠂ ᠲᠠᠸᠠᠷ ᠤᠨ ᠭᠡᠷ ᠪᠠᠶᠢᠰᠢᠩ ᠤᠨ | ᠬᠠᠳᠠᠭᠠᠯᠠᠭᠳᠠᠴᠠ ᠶᠢ 1196 ᠰᠠᠭᠤᠷᠢ ᠪᠠᠭᠠᠰᠬᠠᠵᠦ᠂ ᠠᠵᠦ ᠠᠬᠤᠶᠢᠯᠠᠯ ᠤᠨ ᠴᠠᠬᠢᠯᠭᠠᠨ ᠬᠡᠷᠡᠭᠰᠡᠬᠦ ᠦᠪᠡᠷ ᠤᠨ | ᠦᠷᠳᠡᠭ ᠪᠤᠯᠤᠨ ᠭᠠᠶᠢᠯᠢ ᠶᠢᠨ ᠵᠠᠷᠣᠳᠠᠯ ᠢ1.2 ᠳ᠋ᠦ᠋ᠩᠰᠢᠭᠤᠷ ᠲᠦᠭᠦᠷᠢᠭ ᠪᠠᠭᠤᠷᠠᠭᠤᠯᠪᠠ᠃ ᠭᠤᠤᠯᠳᠠᠯᠭ᠎ᠠ ᠲᠠᠢ | ᠬᠦᠷᠢᠶ᠎ᠡ ᠬᠡᠪᠴᠢᠶᠡᠨ ᠳᠠᠬᠢ ᠦᠭᠡᠷᠴᠢᠯᠡᠯᠳᠡ ᠨᠢ ᠰᠢᠪᠲᠤᠯᠤᠯᠳᠠ ᠶᠢᠨ ᠴᠢᠨᠠᠷᠲᠠᠢ ᠠᠮᠵᠢᠯᠳᠠ ᠣᠯᠪᠠ᠃ ︽ᠵᠠᠰᠠᠭ ᠢ | ᠴᠣᠮᠬᠠᠳᠬᠠᠵᠦ᠂ ᠡᠷᠬᠡ ᠶᠢ ᠰᠣᠯᠠᠯᠠᠨ᠂ ᠰᠣᠯᠠᠯᠠᠬᠤ ᠪᠠ ᠬᠠᠮᠢᠶᠠᠷᠬᠤ ᠶᠢ ᠣᠶᠠᠯᠳᠣᠭᠤᠯᠣᠨ᠂ ᠦᠢᠯᠡᠴᠢᠯᠡᠭᠡ ᠪᠠᠨ | ᠰᠢᠯᠢᠳᠡᠭᠵᠢᠭᠦᠯᠬᠦ︾ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠂ ᠦᠢᠯᠡᠳᠪᠦᠷᠢ ᠬᠤᠳᠠᠯᠳᠣᠭᠠᠨ ᠤ ᠲᠠᠩᠰᠠᠯᠠᠨ | ᠬᠢᠨᠠᠬᠤ ᠠᠵᠢᠯ ᠤᠨ159 ᠵᠤᠷᠪᠤᠰ ᠨᠢ ᠡᠮᠦᠨ᠎ᠡ ᠪᠠᠶᠢᠷᠢᠯᠠᠵᠦ ᠪᠠᠶᠢᠭᠰᠠᠨ ᠠᠴᠠ ᠪᠠᠨ ᠬᠤᠶᠢᠨ᠎ᠠ ᠪᠠᠶᠢᠷᠢᠯᠠᠬᠤ ᠪᠤᠯᠵᠦ᠂ | ᠲᠠᠩᠰᠠᠯᠠᠨ ᠬᠢᠨᠠᠬᠤ ᠬᠤᠭᠤᠴᠠᠭ᠎ᠠ ᠨᠢ 27% ᠪᠠᠭᠠᠰᠴᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠨᠢ 5086 ᠡᠷᠦᠬᠡ ᠪᠤᠯᠪᠠ᠃ ︽ᠲᠤᠰᠠᠯᠠᠮᠵᠢ ᠬᠦᠴᠢᠷ ︾᠂ ᠤᠷᠴᠢᠨ ᠲᠤᠭᠤᠷᠢᠨ ᠤ ᠠᠷᠢᠭᠤᠨ ᠴᠡᠪᠡᠷ | ᠤᠨ ᠨᠢᠭᠡ ᠴᠤᠭᠴᠠᠵᠢᠯᠳᠠ ᠵᠡᠷᠭᠡ ᠲᠠᠪᠤᠨ ᠵᠤᠷᠪᠤᠰ ᠦᠭᠡᠷᠴᠢᠯᠡᠯᠳᠡ ᠨᠢ ᠮᠡᠳᠡᠭᠳᠡᠮ᠎ᠡ ᠦᠷ᠎ᠡ ᠪᠦᠲᠦᠮᠵᠢ ᠣᠯᠵᠦ᠂ | ᠠᠮᠵᠢᠯᠳᠠ ᠲᠠᠢ ᠪᠠᠷ ᠪᠦᠬᠦ ᠤᠷᠤᠨ ᠤ ᠠᠮᠤᠭᠤᠯᠠᠩ ᠬᠤᠲᠠ ᠶᠢᠨ PPP ᠶᠢᠨ ᠲᠦᠰᠦᠯ ᠢ ᠬᠠᠮᠤᠭ ᠠᠩᠬ᠎ᠠ | ᠪᠡᠶᠡᠯᠡᠭᠦᠯᠦᠭᠰᠡᠨ ᠬᠤᠰᠢᠭᠤ ᠰᠢᠶᠠᠨ ᠪᠤᠯᠪᠠ᠃ ᠴᠢᠯᠦᠭᠡᠲᠡᠢ ᠶᠠᠪᠤᠯᠴᠠᠨ ᠬᠠᠮᠳᠣᠷᠠᠨ ᠠᠵᠢᠯᠯᠠᠬᠤ ᠬᠢᠷᠢ ᠬᠡᠮᠵᠢᠶ᠎ᠡ ᠨᠢ | ᠮᠡᠳᠡᠭᠳᠡᠮ᠎ᠡ ᠲᠡᠭᠡᠭᠰᠢᠯᠡᠪᠡ᠃ ᠪᠡᠭᠡᠵᠢᠩ ᠦᠪᠦᠷ ᠮᠤᠩᠭᠤᠯ ᠣᠷᠣᠨ ᠳᠠᠬᠢ ᠬᠠᠪᠰᠣᠷᠣᠨ ᠲᠡᠳᠭᠦᠭᠦ᠂ ᠲᠤᠭᠳᠠᠭᠰᠠᠨ | ᠭᠠᠵᠠᠷ ᠲᠤᠨᠢ ᠬᠠᠪᠰᠣᠷᠣᠨ ᠲᠡᠳᠭᠦᠭᠦ ᠲᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠣᠯᠠᠭᠠᠨᠴᠠᠪ ᠠᠶᠢᠮᠠᠭ ᠲᠤ | ᠦᠷᠨᠢᠭᠦᠯᠦᠭᠰᠡᠨ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠪᠡᠯᠡ | ᠣᠷᠣᠭᠤᠯᠣᠭᠴᠢ ᠲᠠᠳᠠᠬᠤ᠂ ᠲᠠᠨᠢᠯᠴᠠᠭᠤᠯᠭ᠎ᠠ ᠶᠢᠨ ᠬᠤᠷᠠᠯ᠂ ᠪᠠ ᠤᠯᠠᠭᠠᠨᠴᠠᠪ ᠠᠶᠢᠮᠠᠭ ᠤᠨ ᠬᠦᠭᠵᠢᠯᠳᠡ ᠶᠢᠨ | ᠶᠡᠭᠡ ᠬᠤᠷᠠᠯ ᠵᠡᠷᠭᠡ ᠪᠡᠯᠡ ᠣᠷᠣᠭᠤᠯᠬᠤ ᠲᠠᠪᠴᠠᠩ ᠢ ᠠᠰᠢᠭᠯᠠᠨ᠂ ᠶᠠᠳᠠᠭᠤ ᠶᠢ ᠲᠡᠳᠭᠦᠭᠦ᠂ ᠠᠵᠦ ᠦᠢᠯᠡᠰ᠂ | ᠰᠣᠷᠭᠠᠨ ᠬᠦᠮᠦᠵᠢᠯ ᠡᠮ ᠡᠮᠨᠡᠯᠭᠡ ᠵᠡᠷᠭᠡ ᠬᠡᠪᠴᠢᠶᠡᠨ ᠳᠤ ᠬᠠᠮᠳᠣᠷᠠᠨ ᠠᠵᠢᠯᠯᠠᠬᠤ ᠶᠢ ᠪᠦᠬᠦ ᠲᠠᠯ᠎ᠠ ᠪᠠᠷ | ᠪᠡᠶᠡᠯᠡᠭᠦᠯᠵᠡᠢ ᠃ | ︵ᠲᠠᠪᠤ︶ ᠵᠠᠰᠠᠭ ᠢᠶᠠᠨ ᠴᠢᠩᠭ᠎ᠠ ᠵᠠᠰᠠᠵᠦ ᠲᠤᠤᠱᠠᠲᠠᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠬᠤᠪᠢ ᠪᠡᠶ᠎ᠡ | ᠶᠢᠨ ᠪᠠᠶᠢᠭᠤᠯᠤᠯᠳᠠ ᠪᠠᠨ ᠲᠠᠰᠣᠷᠠᠯ ᠦᠭᠡᠢ ᠴᠢᠩᠭᠠᠳᠬᠠᠨ᠎ᠠ᠃ ᠨᠠᠮ ᠢᠶᠠᠨ ᠴᠢᠩᠭ᠎ᠠ ᠵᠠᠰᠠᠬᠤ ᠦᠨᠳᠦᠰᠦᠨ | ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠬᠢᠬᠦ ᠣᠷᠢᠳᠠᠯ ᠪᠤᠯᠭᠠᠨ᠂ ︽ᠲᠦᠷᠪᠡᠨ ᠤᠬᠠᠮᠰᠠᠷ︾ ᠤᠨ | ᠦᠵᠡᠯ ᠢ ᠪᠠᠲᠤᠳᠬᠠᠵᠦ᠂ ᠬᠠᠷᠢᠭᠤᠴᠠᠯᠭᠠᠲᠦ ᠴᠢᠳᠠᠪᠤᠷᠢ ᠶᠢ ᠲᠠᠰᠣᠷᠠᠯᠳᠠ ᠦᠭᠡᠢ ᠴᠢᠩᠭᠠᠷᠠᠭᠤᠯᠤᠨ᠂ ᠦᠵᠡᠯ | ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠦᠪ ᠢ ᠡᠷᠢᠬᠢᠯᠡᠨ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠠᠳᠠᠯᠢ ᠦᠨᠳᠦᠷᠴᠡ ᠳᠤ ᠵᠤᠭᠰᠣᠭᠰᠠᠨ ᠪᠠᠶᠢᠬᠤ ᠶᠢ ᠪᠠᠲᠤᠯᠠᠬᠤ | ᠬᠡᠷᠡᠭᠲᠡᠢ᠃ | ︽ᠬᠤᠶᠠᠷ ᠢ ᠰᠣᠷᠣᠯᠴᠠᠵᠦ ᠨᠢᠭᠡ ᠳᠤ ᠲᠡᠩᠴᠡᠭᠦᠯᠬᠦ ᠰᠣᠷᠭᠠᠨ ᠬᠦᠮᠦᠵᠢᠯ ︾ ᠢ ᠦᠷᠭᠦᠯᠵᠢᠯᠡᠨ ᠦᠷᠨᠢᠭᠦᠯᠵᠦ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠪᠠᠷ ᠰᠣᠷᠣᠯᠴᠠᠨ᠂ | ᠲᠤᠭᠤᠷᠢᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ | ᠣᠷᠳᠣᠨ ᠨᠠᠮ ᠤᠨ ᠣᠳᠣᠷᠳᠬᠤ ᠲᠤᠭᠤᠶᠢᠯᠠᠩ ᠬᠤᠪᠢ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ | ᠴᠢᠩᠭ᠎ᠠ ᠨᠢᠮᠪᠠᠢ ᠪᠠᠷ ︽ᠭᠤᠷᠪᠠᠨ ᠴᠢᠬᠤᠯᠠ ᠨᠢᠭᠡ ᠶᠡᠭᠡ︾ ᠴᠢᠬᠤᠯᠠ ᠨᠡᠶᠢᠲᠡ ᠶᠢᠨ ᠰᠢᠢᠳᠪᠦᠷᠢᠲᠦ ᠪᠤᠳᠤᠯᠭ᠎ᠠ᠂ | ᠵᠠᠰᠠᠭ ᠤᠨ ᠣᠷᠳᠣᠨ ᠤ ᠬᠠᠥᠯᠢ ᠴᠠᠭᠠᠵᠠ ᠶᠢᠨ ᠵᠦᠪᠯᠡᠮᠵᠢ ᠵᠡᠷᠭᠡ ᠲᠦᠷᠢᠮ ᠢ ᠴᠢᠩᠭ᠎ᠠ ᠬᠡᠷᠡᠭᠵᠢᠭᠦᠯᠦᠨ᠂ ᠬᠢᠨᠠᠨ | ᠪᠤᠳᠤᠯᠳᠠ ᠶᠢᠨ ᠬᠢᠨᠠᠯᠳᠠ ᠲᠠᠯᠪᠢᠬᠤ ᠬᠦᠴᠦᠨ ᠢ ᠨᠡᠮᠡᠭᠳᠡᠭᠦᠯᠦᠨ᠎ᠡ ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠲᠤᠭᠳᠠᠭᠠᠯ ᠢ ᠨᠠᠷᠢᠨ ᠬᠢᠨᠠᠮᠠᠭᠠᠢ ᠬᠦᠢᠴᠡᠳᠭᠡᠵᠦ᠂ ᠣᠬᠠᠮᠰᠠᠷ ᠠᠴᠠ | ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠤᠯᠤᠨ ᠨᠡᠶᠢᠭᠡᠮ ᠤᠨ | ᠬᠢᠨᠠᠨ ᠬᠠᠮᠢᠶᠠᠷᠤᠯᠳᠠ ᠶᠢ ᠬᠦᠯᠢᠶᠡᠨ ᠠᠪᠤᠨ᠎ᠠ᠃ ᠠᠷᠠᠳ ᠤᠨ ᠲᠦᠯᠦᠭᠡᠯᠡᠭᠴᠢᠳ ᠤᠨ ᠰᠠᠨᠠᠭᠠᠴᠢᠯᠠᠭ᠎ᠠ ᠪᠤᠯᠤᠨ | ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ ᠤ ᠲᠤᠷᠠᠳᠣᠯᠭ᠎ᠠ ᠶᠢᠨ ᠠᠮᠵᠢᠯᠳᠠ ᠤᠯᠤᠭᠰᠠᠨ ᠨᠤᠷᠮ᠎ᠠ | ᠨᠢ100 ᠳᠤ ᠬᠦᠷᠴᠦ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠢ ᠠᠮᠵᠢᠯᠳᠠ ᠲᠠᠢ ᠪᠠᠷ | ᠶᠠᠪᠤᠭᠳᠠᠭᠤᠯᠪᠠ᠃ | ᠲᠦᠯᠦᠭᠡᠯᠡᠭᠴᠢᠳ ᠡ ︕2017 ᠣᠨ ᠪᠤᠯ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠵᠦ | ᠪᠤᠭᠤᠮᠳᠠ ᠰᠢᠪᠲᠤᠯᠬᠤ ᠠᠵᠢᠯ ᠢ ᠰᠠᠶᠢᠳᠣᠷ ᠬᠢᠭᠰᠡᠨ ᠨᠢᠭᠡ ᠵᠢᠯ ᠪᠠ ᠦᠰᠦᠷᠦᠩᠭᠦᠢ ᠠᠬᠢᠴᠠ ᠲᠠᠢ ᠨᠢᠭᠡ ᠵᠢᠯ | ᠪᠤᠯᠤᠨ᠎ᠠ᠃ ᠲᠤᠰ ᠵᠢᠯ ᠳᠤ ᠪᠢᠳᠡ ᠨᠢᠭᠡ ᠰᠡᠳᠭᠢᠯ ᠢᠶᠠᠷ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ | ᠲᠠᠶᠢᠯᠠᠯᠳᠣᠭᠠᠨ ᠳᠤ ᠣᠷᠣᠯᠴᠠᠨ᠂ ᠣᠯᠠᠨ ᠵᠦᠢᠯ ᠤᠨ ᠬᠦᠴᠢᠷ ᠪᠡᠷᠬᠡᠰᠢᠶᠡᠯ ᠢ ᠲᠠᠪᠠᠨ ᠲᠤᠭᠤᠯᠵᠦ᠂ ᠲᠤᠭᠳᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠨ᠂ ᠶᠠᠳᠠᠭᠤ ᠨᠡᠷ᠎ᠡ ᠶᠢ ᠲᠠᠶᠠᠭᠳᠠᠬᠤ ᠠᠵᠢᠯ ᠳᠤ ᠪᠠᠲᠤ ᠪᠠᠬᠢ ᠰᠠᠭᠤᠷᠢ | ᠶᠢ ᠲᠠᠯᠪᠢᠭᠰᠠᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠦᠯᠦᠭᠡ᠂ ᠮᠠᠨ ᠤ ᠬᠤᠰᠢᠭᠤ ᠣᠯᠠᠨ ᠣᠳᠠᠭ᠎ᠠ ᠶᠠᠳᠠᠭᠤ ᠶᠢ ᠲᠡᠳᠭᠦᠭᠦ ᠲᠤᠰᠬᠠᠢ ᠰᠡᠳᠦᠪᠲᠦ ᠬᠤᠷᠠᠯ ᠬᠢᠵᠦ᠂ | 80 ᠭᠠᠷᠤᠢ ᠣᠳᠠᠭ᠎ᠠ ᠲᠦᠰᠦᠪ ᠲᠤᠭᠳᠠᠭᠠᠨ᠂ 2471 ᠨᠡᠷᠡᠰ ᠲᠠᠭᠠᠭᠠᠴᠢᠯᠠᠨ ᠲᠡᠮᠵᠢᠬᠦ ᠺᠠᠳ᠋ᠷ ᠢ ᠰᠣᠩᠭᠤᠨ | ᠲᠤᠮᠢᠯᠠᠵᠦ᠂᠂ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠢ ᠪᠤᠯᠭᠠᠵᠦ᠂᠂ ᠦᠨᠳᠦᠷ ᠪᠠᠷᠢᠮᠵᠢᠶᠠᠨ ᠤ ᠣᠳᠣᠷᠢᠳᠣᠯᠭ᠎ᠠ | ᠪᠤᠯᠤᠨ᠂ ᠬᠠᠷᠢᠭᠤᠴᠠᠯᠭ᠎ᠠ ᠪᠠᠨ ᠲᠤᠳᠤᠳᠬᠠᠬᠤ ᠶᠢ ᠬᠡᠷᠡᠭᠵᠢᠭᠦᠯᠦᠨ᠂ ᠦᠭᠡᠷᠴᠢᠯᠡᠯᠳᠡ ᠬᠦᠭᠵᠢᠯᠳᠡ ᠶᠢ ᠲᠦᠯᠬᠢᠨ | ᠠᠬᠢᠭᠤᠯᠬᠤ ᠭᠤᠤᠯ ᠬᠦᠴᠦᠨ ᠢᠶᠠᠨ ᠶᠠᠳᠠᠭᠤ ᠠᠴᠠ ᠠᠩᠭᠢᠵᠢᠷᠠᠭᠤᠯᠬᠤ ᠭᠤᠤᠯ ᠠᠵᠢᠯ ᠳᠤ ᠲᠦᠪᠯᠡᠷᠡᠭᠦᠯᠪᠡ ᠃ | ᠶᠠᠳᠠᠭᠤ ᠠᠴᠠ ᠠᠩᠭᠢᠵᠢᠷᠠᠬᠤ ᠬᠠᠷᠠᠯᠳᠠ ᠪᠠᠨ ᠪᠡᠶᠡᠯᠡᠬᠦᠯᠭᠦ ᠶᠢᠨ ᠲᠦᠯᠦᠭᠡ ᠮᠠᠨ ᠤ ᠬᠤᠰᠢᠭᠤ ᠡᠯ᠎ᠡ ᠵᠦᠢᠯ ᠤᠨ | ᠬᠦᠴᠢᠷᠳᠡᠯ ᠢ ᠵᠤᠷᠢᠭᠲᠠᠢ ᠪᠠᠷ ᠲᠠᠪᠠᠨ ᠲᠤᠭᠤᠯᠵᠦ᠂ ᠲᠤᠷᠰᠢᠯᠭ᠎ᠠ ᠰᠣᠷᠭᠠᠮᠵᠢ ᠪᠠᠨ ᠬᠢᠨᠠᠮᠠᠭᠠᠢ ᠪᠠᠷ ᠳ᠋ᠦᠩᠨᠡᠵᠦ ᠂ ︽ | ᠭᠠᠷᠴᠤ ᠶᠠᠪᠤᠬᠤ ︾ ᠪᠤᠯᠤᠨ ︽ᠠᠪᠴᠤ ᠤᠷᠤᠵᠦ ᠢᠷᠡᠬᠦ︾ ᠶᠢ ᠬᠠᠷᠢᠯᠴᠠᠨ ᠤᠶᠠᠯᠳᠣᠭᠤᠯᠣᠨ᠂ ᠣᠷᠢᠳ ᠬᠤᠵᠢᠳ | ᠵᠢᠶᠠᠩᠰᠢ ᠠᠴᠠ ᠵᠢᠩ ᠭᠠᠩ ᠱᠠᠨ᠂ ᠾᠧᠨᠠᠨ ᠤ ᠨᠠᠨ ᠺᠧᠦ᠂ ᠭᠠᠨᠰᠦ ᠶᠢᠨ ᠳ᠋ᠧᠩ ᠱᠢ ᠵᠡᠷᠭᠡ ᠭᠠᠵᠠᠷ ᠲᠤ ᠬᠦᠷᠴᠦ ᠂ | ᠪᠠᠶᠢᠴᠠᠭᠠᠨ ᠰᠣᠳᠣᠯᠣᠯᠳᠠ ᠬᠢᠵᠦ᠂ ᠬᠤᠳᠡᠨᠪᠠ ᠤᠷᠤᠨ ᠠᠴᠠ ᠪᠡᠯᠡ ᠮᠦᠩᠭᠦᠨ ᠤ ᠲᠡᠮᠵᠢᠯᠭᠡ ᠶᠢ ᠲᠡᠮᠡᠴᠡᠨ ᠣᠯᠵᠦ | ᠂ ᠦᠵᠡᠯ ᠰᠠᠨᠠᠭᠠᠨ ᠤ ᠵᠤᠭᠰᠣᠴᠠ ᠪᠠᠨ ᠲᠡᠭᠡᠭᠰᠢᠯᠡᠭᠦᠯᠦᠨ ᠂ ᠬᠤᠰᠢᠭᠤᠨ ᠤ ᠪᠤᠳᠠᠳᠦ ᠪᠠᠶᠢᠳᠠᠯ ᠲᠠᠢ ᠨᠡᠶᠢᠴᠡᠭᠰᠡᠨ | ᠶᠠᠳᠠᠭᠤ ᠠᠴᠠ ᠠᠩᠭᠢᠵᠢᠷᠠᠬᠤ ᠰᠢᠨ᠎ᠡ ᠵᠠᠮ ᠢ ᠨᠡᠬᠡᠭᠡᠭᠰᠡᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠠᠵᠢᠯ ᠤᠨ | ᠦᠷ᠎ᠡ ᠪᠦᠲᠦᠮᠵᠢ ᠪᠠᠨ ᠪᠠᠲᠤᠯᠠᠬᠤ ᠶᠢᠨ ᠲᠦᠯᠦᠭᠡ᠂ ᠲᠤᠰ ᠶᠠᠳᠠᠭᠤ ᠠᠴᠠ ᠠᠩᠭᠢᠵᠢᠷᠠᠭᠤᠯᠬᠤ ᠠᠵᠢᠯ ᠢ | ᠨᠦᠯᠦᠭᠡᠯᠡᠵᠦ ᠪᠠᠶᠢᠭ᠎ᠠ᠂ ᠭᠤᠤᠯ ᠰᠠᠭᠤᠳᠠᠯ ᠪᠠ ᠭᠤᠤᠯ ᠵᠦᠷᠢᠴᠡᠯ ᠢ ᠪᠦᠬᠦᠨ ᠢ ᠰᠢᠢᠳᠪᠦᠷᠢᠯᠡᠵᠦ᠂᠂ ᠠᠵᠦ | ᠦᠢᠯᠡᠰ ᠢᠶᠠᠷ ᠶᠠᠳᠠᠭᠤ ᠶᠢ ᠲᠡᠳᠭᠦᠬᠦ ᠦᠢᠯᠡᠴᠢᠯᠡᠭᠡ ᠶᠢᠨ ᠺᠤᠮᠫᠠᠨᠢ ᠶᠢ ᠪᠠᠶᠢᠭᠤᠯᠵᠦ᠂ ᠶᠠᠳᠠᠭᠤ ᠬᠦᠴᠢᠷᠳᠡᠯᠲᠡᠢ ᠠᠶᠢᠯ | ᠤᠨ ︽ᠭᠤᠷᠪᠠᠨ ᠦᠩᠭᠡᠲᠦ ᠺᠠᠷᠲ︾ ᠤᠨ ᠬᠠᠮᠢᠶᠠᠷᠤᠯᠳᠠ᠂ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ ︽5 | +6︾ ᠬᠡᠯᠪᠡᠷᠢ᠂ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ3 +N︾ ᠬᠡᠯᠪᠡᠷᠢ ᠵᠡᠷᠭᠡ ᠶᠠᠳᠠᠭᠤ ᠶᠢ | ᠲᠡᠳᠭᠦᠬᠦ ᠬᠡᠯᠪᠡᠷᠢ ᠶᠢ ᠡᠭᠦᠳᠪᠡ᠃ ᠪᠦᠬᠦ ᠬᠦᠴᠦᠨ ᠢᠶᠠᠷ ᠭᠠᠴᠠᠭ᠎ᠠ ᠲᠤᠰᠬᠤᠨ ᠤ ᠨᠡᠶᠢᠲᠡ ᠶᠢᠨ ᠠᠵᠦ ᠠᠬᠤᠢ | ᠶᠢᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂᠂29 ᠲᠤᠰᠬᠤᠨ ᠤ ᠨᠡᠶᠢᠲᠡ ᠶᠢᠨ ᠠᠵᠦ ᠠᠬᠤᠢ | ᠨᠢ5 ᠲᠦᠮᠡ ᠶᠢ ᠲᠠᠪᠠᠭᠰᠠᠨ ᠪᠠᠶᠢᠨ᠎ᠠ᠃ ᠪᠢᠳᠠᠲ᠋ᠤᠰᠬᠠᠢ ᠬᠢᠨᠠᠨ ᠪᠠᠶᠢᠴᠠᠭᠠᠬᠤ ᠪᠠᠷ ᠲᠠᠮᠵᠢᠨ᠂ ᠠᠰᠠᠭᠤᠳᠠᠯ ᠢ | ᠦᠨᠳᠦᠰᠦᠨ ᠠᠴᠠ ᠨᠢ ᠪᠠᠶᠢᠴᠠᠭᠠᠨ ᠵᠠᠯᠠᠷᠠᠭᠤᠯᠵᠦ᠂᠂ ᠶᠠᠳᠠᠭᠤ ᠠᠴᠠ ᠠᠩᠭᠢᠵᠢᠷᠠᠭᠤᠯᠬᠤ ᠠᠵᠢᠯ ᠣᠯᠠᠮ ᠨᠢᠭᠡ | ᠠᠯᠬᠤᠮ ᠤᠨᠠᠮᠵᠢᠯᠳᠠᠣᠯᠣᠭᠰᠠᠨᠪᠠᠶᠢᠨᠠ᠃ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠰᠠᠭᠤᠷᠢ ᠶᠢ | ᠪᠠᠲᠤᠳᠬᠠᠬᠤ ᠶᠢᠨ ᠲᠦᠯᠦᠭᠡ᠂ ᠮᠠᠨ ᠤ ᠬᠤᠰᠢᠭᠤ ᠠᠷᠪᠠᠨ ᠲᠦᠷᠦᠯ ᠤᠨ ᠶᠠᠳᠠᠭᠤ ᠶᠢ ᠲᠡᠳᠭᠦᠬᠦ ᠢᠨᠵᠧᠨᠧᠷᠢᠩ ᠢ | ᠳᠦᠰᠦᠪᠯᠡᠬᠦ4710 ᠡᠷᠦᠬᠡ ᠶᠠᠳᠠᠭᠤ ᠬᠦᠴᠢᠷᠳᠡᠯᠲᠡᠢ ᠡᠷᠦᠬᠡ ᠠᠵᠦ ᠦᠢᠯᠡᠰ ᠤᠨ ᠲᠡᠮᠵᠢᠯᠭᠡ ᠶᠢ ᠬᠦᠷᠳᠡᠵᠦ᠂ | 2417 ᠨᠡᠷᠡᠰ ᠶᠠᠳᠠᠭᠤ ᠬᠦᠴᠢᠷᠳᠡᠯᠲᠡᠢ ᠬᠦᠮᠦᠨ ᠠᠵᠢᠯ ᠣᠯᠵᠦ᠂ ᠰᠣᠷᠭᠠᠨ ᠬᠦᠮᠦᠵᠢᠯ ᠢᠶᠠᠷ ᠶᠠᠳᠠᠭᠤ ᠶᠢ | ᠲᠡᠳᠬᠦᠬᠦ ᠪᠠᠷ ᠲᠠᠮᠵᠢᠨ1609 ᠬᠦᠮᠦᠨᠣᠳᠠᠭᠠ ᠬᠠᠪᠰᠣᠷᠴᠠᠢ᠃ ᠶᠠᠳᠠᠭᠤ ᠬᠦᠴᠢᠷᠳᠡᠯᠲᠡᠢ ᠬᠦᠮᠦᠨᠠᠮᠠ ᠶᠢᠨ | ᠬᠦᠨᠳᠦ ᠡᠪᠡᠳᠴᠢᠨ ᠤ ᠵᠠᠷᠣᠳᠠᠯ ᠮᠡᠳᠡᠭᠦᠯᠦᠭᠰᠡᠨ ᠨᠤᠷᠮ᠎ᠠ95 % ᠬᠦᠷᠳᠡᠯ᠎ᠡ ᠲᠡᠭᠡᠭᠰᠢᠯᠡᠵᠦ᠂᠂ ᠲᠤᠤᠷ᠎ᠠ | ᠪᠠᠲᠤᠯᠭᠠᠲᠦ ᠬᠦᠮᠦᠨ ᠠᠮᠠ ᠶᠢᠨ ᠬᠡᠪᠴᠢᠶ᠎ᠡ ᠨᠢ ᠪᠦᠬᠦᠯᠢ 60 ᠨᠠᠰᠦ ᠪᠤᠯᠤᠨ ᠲᠦᠷᠪᠡᠳᠦᠭᠡᠷ ᠲᠡᠰ ᠤᠨ ᠵᠡᠮᠳᠡᠭ | ᠠᠴᠠ ᠲᠡᠭᠡᠭᠰᠢ ᠶᠠᠳᠠᠭᠤ ᠬᠦᠴᠢᠷᠳᠡᠯᠲᠡᠢ ᠡᠷᠦᠬᠡ ᠶᠢ ᠬᠠᠮᠤᠷᠠᠭᠰᠠᠨ ᠪᠠᠶᠢᠨ᠎ᠠ᠃2017 ᠣᠨ ᠳᠤ ᠪᠦᠬᠦ ᠬᠤᠰᠢᠭᠤᠨ | ᠤ 5333 ᠨᠡᠷᠡᠰ ᠶᠠᠳᠠᠭᠤ ᠬᠦᠴᠢᠷᠳᠡᠯᠲᠡᠢ ᠬᠦᠮᠦᠨ ᠠᠮᠠᠨᠢ ᠶᠠᠳᠠᠭᠤ ᠠᠴᠠ ᠠᠩᠭᠢᠵᠢᠷᠠᠵᠦ᠂ ᠡᠭᠦᠰᠬᠦ ᠨᠤᠷᠮ᠎ᠠ ᠨᠢ | 3% ᠠᠴᠠ ᠲᠤᠷᠤᠭᠰᠢ ᠬᠦᠷᠳᠡᠯ᠎ᠡ ᠪᠠᠭᠤᠷᠠᠪᠠ᠃ | ᠦᠩᠭᠡᠷᠡᠭᠰᠡᠨ ᠨᠢᠭᠡ ᠵᠢᠯ ᠳᠤ᠂ ᠮᠠᠨ ᠤ ᠬᠤᠰᠢᠭᠤ ᠨᠢ ᠪᠡᠯᠡ ᠮᠦᠩᠭᠦ ᠬᠦᠷᠦᠯᠴᠡᠬᠦ ᠦᠭᠡᠢ᠂ ᠡᠷᠬᠡᠪᠡᠰᠢ | ᠪᠠᠲᠤᠯᠠᠬᠤ ᠵᠠᠷᠣᠳᠠᠯ ᠨᠢ ᠶᠡᠬᠡᠰᠬᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠴᠢᠩᠭ᠎ᠠ ᠪᠠᠷ ᠰᠢᠢᠳᠪᠦᠷᠢᠯᠡᠬᠦ | ᠵᠡᠷᠭᠡ ᠣᠯᠠᠨ ᠲᠠᠷᠤᠯᠳᠠ ᠶᠢᠨ ᠲᠤᠤᠷ᠎ᠠ᠂ ᠦᠷᠭᠦᠯᠵᠢᠯᠡᠨ ᠪᠡᠯᠡ ᠮᠦᠩᠭᠦ ᠴᠣᠭᠯᠠᠭᠤᠯᠬᠤ᠂ ᠪᠡᠯᠡ ᠮᠦᠩᠭᠦ ᠶᠢ | ᠨᠢᠭᠡᠳᠭᠡᠬᠦ᠂ ᠵᠡᠷᠭᠡ ᠣᠯᠠᠨ ᠵᠦᠢᠯ ᠤᠨ ᠠᠷᠭ᠎ᠠ ᠠᠪᠴᠠᠯ ᠠᠪᠴᠦ᠂ ᠪᠦᠬᠦ ᠬᠦᠴᠦᠨ ᠢᠶᠠᠷ ᠪᠡᠯᠡ ᠮᠦᠩᠭᠦᠨ ᠤ | ᠠᠰᠠᠭᠤᠳᠠᠯ ᠢ ᠰᠢᠢᠳᠪᠦᠷᠢᠯᠡᠵᠦ᠂ ᠭᠤᠤᠯᠳᠠᠯᠭ᠎ᠠ ᠲᠠᠢ ᠣᠷᠣᠨ ᠤ ᠡᠷᠬᠡᠪᠡᠰᠢ ᠪᠠᠲᠤᠯᠠᠬᠤ ᠵᠠᠷᠣᠳᠠᠯ ᠢ ᠪᠠᠲᠤᠯᠠᠪᠠ᠃ | ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠳᠠᠪᠠᠨ ᠲᠦᠷᠢᠮᠵᠢᠭᠦᠯᠵᠦ᠂ ᠢᠳᠠᠪᠬᠢ ᠯᠠᠪᠳᠠᠭᠤᠨ ᠢᠶᠠᠷ | ᠦᠷᠢ ᠦᠭᠴᠡᠭᠡ ᠶᠢ ᠰᠢᠢᠳᠪᠦᠷᠢᠯᠡᠵᠦ᠂ ᠢᠨᠵᠧᠨᠧᠷᠢᠩ ᠤᠨ ᠮᠦᠩᠭᠦ ᠪᠠ ᠬᠦᠯᠦᠰᠦᠨ ᠲᠠᠷᠢᠶᠠᠴᠢᠨ ᠤ ᠴᠠᠯᠢᠩ ᠤᠨ | ᠠᠰᠠᠭᠤᠳᠠᠯ ᠢ ᠰᠢᠢᠳᠪᠦᠷᠢᠯᠡᠵᠦ᠂ ᠪᠡᠯᠡᠮᠦ᠋ᠩᠭᠦᠨ ᠤ ᠠᠮᠤᠷ ᠲᠦᠪᠰᠢᠨ ᠪᠤᠯᠤᠨ ᠨᠡᠶᠢᠭᠡᠮ ᠤᠨ ᠨᠠᠶᠢᠷᠰᠠᠭ | ᠲᠤᠭᠳᠠᠭᠤᠨ ᠢ ᠪᠠᠲᠤᠯᠠᠪᠠ᠃ | ᠦᠨᠦᠳᠦᠷ ᠤᠨ ᠠᠮᠵᠢᠯᠳᠠ ᠣᠯᠣᠯᠳᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠤᠷᠳᠤᠨ ᠤ ᠵᠦᠪ ᠣᠳᠣᠷᠢᠳᠣᠯᠭ᠎ᠠ ᠶᠢᠨ ᠦᠷ᠎ᠡ ᠳ᠋ᠦᠩ ᠂ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠪᠠᠷ | ᠨᠢᠭᠡᠳᠭᠡᠨ ᠵᠤᠬᠢᠴᠠᠭᠤᠯᠵᠦ᠂ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠭᠳᠠᠭᠠᠭᠰᠠᠨᠤᠦᠷᠡ ᠳ᠋ᠦᠩ ᠮᠦᠨ᠃ ᠪᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ᠰᠢᠷᠭᠠᠭᠤ ᠬᠠᠳᠠᠭᠤᠵᠢᠯᠲᠠᠢ ᠪᠠᠷ ᠠᠵᠢᠯ ᠤᠨ | ᠪᠠᠶᠢᠷᠢᠨ ᠳᠤ ᠪᠠᠶᠢᠭ᠎ᠠ ᠪᠦᠬᠦ ᠬᠤᠰᠢᠭᠤᠨ ᠤ ᠡᠯ᠎ᠡᠦᠨᠳᠦᠰᠦᠲᠡᠨ ᠤ ᠣᠳᠣᠷᠢᠳᠣᠯᠭ᠎ᠠ ᠪᠠ ᠤᠯᠠᠨ ᠲᠦᠮᠡᠨ ᠵᠢᠴᠢ | ᠣᠷᠲᠤ ᠬᠤᠭᠤᠴᠠᠭᠠᠨ ᠤ ᠲᠤᠷᠰᠢ ᠮᠠᠨ ᠤ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠵᠦ ᠪᠠᠶᠢᠭ᠎ᠠ ᠠᠷᠠᠳ | ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ ᠪᠤᠯᠤᠨ᠂ ᠡᠯ᠎ᠡ ᠡᠳᠡᠭᠡᠳ | ᠤᠨ ᠬᠦᠮᠦᠰ ᠲᠤ ᠴᠢᠩ ᠰᠡᠳᠭᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ᠃ | ᠪᠢᠳᠡ ᠬᠢᠷᠢ ᠪᠦᠲᠦᠮᠵᠢ ᠪᠠᠨ ᠪᠠᠲᠤᠯᠠᠬᠤ ᠶᠢᠨ ᠬᠠᠮᠲᠤ᠂ ᠣᠷᠣᠰᠢᠵᠦ ᠪᠠᠶᠢᠭ᠎ᠠ ᠠᠰᠠᠭᠤᠳᠠᠯ ᠪᠤᠯᠤᠨ | ᠬᠦᠷᠦᠯᠴᠡᠬᠦ ᠦᠭᠡᠢ ᠲᠠᠯ᠎ᠠ ᠪᠠᠨ ᠲᠠᠨᠢᠨ ᠣᠯᠣᠭᠰᠠᠨ ᠪᠠᠶᠢᠨ᠎ᠠ᠃ ᠨᠢᠭᠡ ᠳᠤ᠂ ᠠᠵᠦ ᠠᠬᠤᠢ ᠶᠢᠨ ᠬᠦᠭᠵᠢᠯᠳᠡ | ᠲᠡᠩᠴᠡᠭᠦᠷᠢ ᠦᠭᠡᠢ ᠂ ᠭᠦᠢᠴᠡᠳ ᠪᠤᠰᠣ ᠪᠠᠶᠢᠭ᠎ᠠ ᠰᠠᠭᠤᠳᠠᠯ ᠨᠡᠯᠢᠶᠡᠳ ᠲᠤᠪᠤᠶᠢᠮ᠎ᠠ ᠪᠠᠶᠢᠨ᠎ᠠ᠃ ᠪᠢᠳᠡ | ᠬᠦᠭᠵᠢᠯᠳᠡ ᠶᠢᠨ ᠴᠢᠨᠠᠷ ᠴᠢᠨᠰᠠᠭ᠎ᠠ ᠪᠠᠨ ᠣᠯᠠᠮ ᠨᠢᠭᠡ ᠠᠯᠬᠤᠮ ᠲᠡᠭᠡᠭᠰᠢᠯᠡᠭᠦᠯᠬᠦ ᠬᠡᠷᠡᠭᠲᠡᠢ᠃ ᠣᠨᠴᠠᠭᠠᠶᠢᠯᠠᠨ | ᠪᠤᠳᠠᠳᠦ ᠴᠣᠭᠴᠠᠲᠦ ᠠᠵᠦ ᠠᠬᠤᠢ ᠨᠢ ᠨᠡᠯᠢᠶᠡᠳ ᠣᠯᠠᠨ ᠬᠦᠴᠢᠷᠳᠡᠯ ᠲᠤᠯᠭᠠᠷᠠᠵᠦ᠂᠂ ᠲᠠᠪᠠᠭᠤᠯᠢᠭ ᠢᠶᠠᠨ | ᠪᠠᠳᠠᠷᠠᠭᠤᠯᠤᠨ᠂ ᠲᠤᠳᠠᠭᠳᠠᠯ ᠢᠶᠠᠨ ᠨᠦᠬᠦᠪᠦᠷᠢᠯᠡᠬᠦ ᠠᠰᠠᠭᠤᠳᠠᠯ ᠨᠢ ᠡᠭᠦᠷᠭᠡ ᠬᠦᠨᠳᠦ ᠵᠠᠮ ᠬᠤᠯᠠ᠃ ᠬᠤᠶᠠᠷ ᠲᠤ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢ ᠦᠭᠡᠢ᠂ ᠡᠳ᠋ ᠤᠨ ᠵᠠᠰᠠᠭ ᠤᠨ ᠣᠷᠣᠯᠭ᠎ᠠ ᠨᠡᠮᠡᠭᠳᠡᠭᠦᠯᠬᠦ | ᠨᠦᠭᠡᠴᠡ ᠬᠦᠴᠦᠨ ᠬᠦᠷᠦᠯᠴᠡᠬᠦ ᠦᠭᠡᠢ᠂ ᠡᠳ᠋ ᠤᠨ ᠵᠠᠰᠠᠭ ᠤᠨ ᠣᠷᠣᠭᠤᠯᠣᠯᠳᠠ ᠶᠢᠨ ᠲᠤᠭᠳᠠᠭᠰᠠᠨ ᠬᠤᠪᠢᠷᠠᠰᠢ | ᠦᠭᠡᠢ ᠴᠢᠨᠠᠷ ᠪᠤᠯᠤᠨ᠂ ᠵᠠᠰᠠᠭ ᠤᠨ ᠣᠷᠳᠣᠨᠤ ᠦᠷᠢ ᠦᠭᠴᠡᠭᠡ ᠶᠢ ᠰᠢᠢᠳᠪᠦᠷᠢᠯᠡᠬᠦ ᠵᠦᠷᠢᠴᠡᠯ ᠮᠦᠨ ᠬᠦ | ᠤᠷᠤᠰᠢᠭᠰᠠᠭᠠᠷ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ᠂ ᠰᠣᠷᠭᠠᠭᠤᠯᠢ ᠳᠤ | ᠰᠠᠭᠤᠬᠤ᠂ ᠡᠪᠡᠳᠴᠢᠨ ᠦᠵᠡᠭᠦᠯᠬᠦ᠂ ᠨᠡᠶᠢᠭᠡᠮ ᠤᠨ ᠪᠠᠲᠤᠯᠠᠪᠤᠷᠢ ᠵᠡᠷᠭᠡ ᠠᠷᠠᠳ ᠤᠨ ᠠᠮᠢᠳᠣᠷᠠᠯ ᠤᠨ ᠬᠦᠷᠢᠶ᠎ᠡ | ᠴᠠᠷ᠎ᠠ ᠳᠤ ᠮᠠᠰᠢ ᠣᠯᠠᠨ ᠬᠢᠬᠦ ᠴᠢᠬᠤᠯᠠᠲᠠᠢ ᠠᠰᠠᠭᠤᠳᠠᠯ ᠣᠷᠣᠰᠢᠵᠦ ᠪᠤᠢ᠃ ᠭᠤᠷᠪᠠ ᠳᠤ᠂ ᠵᠠᠰᠠᠭ ᠤᠨ ᠣᠷᠳᠣᠨ | ᠤ ᠬᠤᠪᠢ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠬᠤ ᠴᠢᠬᠤᠯᠠ ᠲᠠᠢ᠃ ᠪᠡᠯᠡ ᠣᠷᠣᠭᠤᠯᠬᠤ ᠤᠷᠴᠢᠨ ᠢᠶᠠᠨ | ᠤᠯᠠᠮ ᠨᠢᠭᠡ ᠠᠯᠬᠤᠮ ᠲᠡᠭᠡᠭᠰᠢᠯᠡᠭᠦᠯᠬᠦ ᠬᠡᠷᠡᠭᠲᠡᠢ ᠃ ᠪᠢᠳᠡ ᠠᠰᠠᠭᠤᠳᠠᠯ ᠳᠤ ᠴᠢᠭᠯᠡᠭᠦᠯᠦᠨ᠂ ᠬᠠᠷᠢᠭᠤᠴᠠᠯᠭ᠎ᠠ | ᠡᠭᠦᠷᠭᠡᠯᠡᠬᠦ ᠪᠠᠨ ᠴᠢᠩᠭᠠᠳᠬᠠᠨ᠂ ᠠᠵᠢᠯ ᠢᠶᠠᠨ ᠪᠠᠶᠡᠯᠡᠭᠦᠯᠦᠨ᠂ ᠬᠠᠷᠢᠭᠤᠴᠠᠯᠭ᠎ᠠ ᠪᠠᠨ ᠭᠦᠢᠴᠡᠳᠭᠡᠨ᠂ᠠᠯᠬᠤᠮ ᠲᠠᠷᠠᠭ᠎ᠠ | ᠲᠠᠢ ᠪᠠᠷ ᠬᠠᠯᠠᠨ ᠰᠠᠶᠢᠵᠢᠷᠠᠭᠤᠯᠤᠨ᠎ᠠ᠃ᠨᠡᠶᠢᠭᠡᠮ ᠤᠨ ᠳᠡᠮᠵᠢᠯᠬᠡ᠂ ᠨᠡᠶᠢᠭᠡᠮ ᠤᠨᠠᠰᠠᠷᠠᠮᠵᠢ᠂ ᠡᠨᠡᠷᠢᠩᠭᠦᠢ ᠤᠶᠢᠯᠡᠰ | ᠤᠨ ᠬᠠᠷᠢᠯᠴᠠᠨ ᠬᠤᠯᠪᠤᠯᠳᠤᠬᠤ ᠪᠠᠲᠤᠯᠭ᠎ᠠ ᠶᠢᠨ ᠰᠢᠰᠲ᠋ᠧᠮ ᠢ ᠲᠡᠭᠦᠯᠳᠡᠷᠵᠢᠬᠦᠯᠦᠨ᠂ ᠵᠡᠮᠳᠡᠭ ᠬᠦᠮᠦᠨ᠂ ᠠᠵᠢᠯ ᠤᠨ | ᠪᠠᠶᠢᠷᠢ ᠠᠴᠠ ᠪᠠᠨ ᠪᠠᠭᠤᠭᠰᠠᠨ ᠠᠵᠢᠯ ᠠᠯᠳᠠᠭᠰᠠᠳ ᠵᠡᠷᠭᠡ ᠬᠦᠮᠦᠰ ᠢ ᠬᠠᠶᠢᠷᠠᠯᠠᠵᠤ ᠬᠠᠯᠠᠮᠵᠢᠯᠠᠨ᠎ᠠ᠃ | ︵ᠲᠠᠪᠤ︶ ᠠᠶᠤᠯ ᠲᠦᠭᠰᠢᠬᠦᠷᠢ ᠶᠢ ᠰᠡᠷᠭᠡᠶᠢᠯᠡᠬᠦ ᠪᠠᠬᠢᠯᠡᠯᠲᠡ ᠰᠢᠪᠲᠤᠯᠠᠬᠤ ᠪᠠᠶᠢᠯᠳᠤᠭᠠᠨ ᠢᠶᠠᠨ ᠰᠠᠶᠢᠨᠬᠢᠵᠤ᠂ | ᠨᠡᠶᠢᠭᠡᠮ ᠤᠨ ᠠᠮᠤᠷ ᠳᠦᠪᠰᠢᠨ ᠤ ᠲᠤᠭᠲᠠᠭᠤᠨ ᠢ ᠠᠷᠠᠴᠢᠯᠠᠨ ᠬᠠᠮᠠᠭᠠᠯᠠᠬᠤ ᠪᠠᠷ ᠴᠢᠷᠮᠠᠶᠢᠨ᠎ᠠ᠃ | ᠡᠳ᠋ ᠤᠨ ᠵᠠᠰᠠᠭ ᠤᠨ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠦᠨᠳᠦᠷ ᠬᠡᠮᠵᠢᠶ᠎ᠡ | ᠪᠠᠷ ᠬᠦᠨᠳᠦᠳᠬᠡᠨ ᠦᠵᠡᠵᠤ᠂ ᠦᠨᠳᠦᠰᠦᠨ ᠱᠠᠲᠤᠨ ᠤ ᠵᠠᠬᠢᠷᠤᠨ ᠵᠤᠬᠢᠴᠠᠭᠤᠯᠬᠤ ᠠᠷᠭ᠎ᠠ ᠪᠠᠷᠢᠯ ᠢᠶᠠᠨ ᠳᠠᠰᠤᠷᠠᠯᠲᠠ | ᠦᠬᠡᠢ ᠰᠢᠨ᠎ᠠ ᠶᠢ ᠡᠭᠦᠳᠴᠤ᠂ ᠠᠶᠤᠯᠬᠦᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠪᠠᠨ ᠴᠢᠩᠭ᠎ᠠ ᠪᠠᠷ | ᠨᠠᠶᠢᠳᠠᠪᠤᠷᠢᠵᠢᠭᠤᠯᠵᠤ᠂ ᠪᠦᠬᠦ ᠬᠦᠴᠦᠨ ᠪᠠᠷ ᠨᠡᠶᠢᠬᠡᠮ ᠤᠨ ᠨᠠᠶᠢᠷᠰᠠᠭ ᠲᠤᠭᠲᠠᠭᠤᠨ ᠢ ᠰᠠᠬᠢᠨ ᠬᠠᠮᠠᠭᠠᠯᠠᠨ᠎ᠠ᠃ | —— ᠡᠳ᠋ ᠤᠨ ᠵᠠᠰᠠᠭ ᠤᠨ ᠮᠦᠩᠭᠦᠨ ᠬᠦᠢᠯᠡᠭᠡᠨ ᠤ ᠠᠶᠤᠯ ᠲᠦᠭᠰᠢᠬᠦᠷᠢ ᠶᠢ ᠴᠢᠩᠭ᠎ᠠ ᠬᠢᠵᠠᠭᠠᠷᠯᠠᠬᠤ᠃ | ᠵᠠᠰᠠᠭ ᠤᠨ ᠤᠷᠳᠤᠨ ᠤ ᠦᠷᠢ ᠰᠢᠷᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠳᠦᠰᠦᠯ ᠤᠨ ᠬᠢᠨᠠᠨ ᠬᠤᠯᠪᠤᠬᠤ | ᠳᠦᠷᠢᠮ ᠢᠶᠠᠨ ᠴᠢᠩᠭ᠎ᠠ ᠬᠡᠷᠡᠭᠵᠢᠬᠦᠯᠦᠨ᠂ ᠳᠦᠰᠦᠯ ᠤᠨ ᠡᠷᠡᠰᠳᠡᠯ ᠤᠨ ᠦᠨᠡᠯᠡᠯᠬᠡ᠂ ᠦᠷ᠎ᠡ ᠠᠰᠢᠭ ᠤᠨ ᠦᠨᠡᠯᠡᠯᠬᠡ | ᠂ ᠬᠠᠤᠯᠢ ᠳᠤ ᠨᠡᠶᠢᠴᠡᠬᠦ ᠰᠢᠨᠵᠢ ᠶᠢᠨ ᠦᠨᠡᠯᠡᠯᠭᠡ ᠪᠠᠨ ᠴᠢᠩᠭᠠᠳᠬᠠᠵᠤ᠂ ᠵᠠᠰᠠᠭ ᠤᠨ ᠤᠷᠳᠤᠨ ᠤ ᠴᠢᠨᠠᠷᠲᠠᠢ ᠪᠡᠯᠡ | ᠤᠷᠤᠭᠤᠯᠬᠤ ᠢᠨᠵᠧᠨᠧᠷᠢᠩ ᠪᠤᠶᠤ ᠳᠦᠰᠦᠯ ᠨᠢ ᠡᠷᠬᠡᠪᠰᠢ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ | ᠬᠤᠷᠠᠯ ᠪᠤᠶᠤ ᠨᠠᠮ ᠵᠠᠰᠠᠭ ᠤᠨ ᠬᠠᠮᠲᠤᠷᠠᠭᠰᠠᠨ ᠬᠤᠷᠠᠯ ᠬᠢᠨᠠᠨ ᠵᠦᠪᠯᠡᠭᠰᠡᠨ ᠤ ᠰᠡᠭᠦᠯᠡᠷ ᠰᠠᠶ᠋ᠢ ᠬᠡᠷᠡᠭᠵᠢᠬᠦᠯᠦᠨ᠎ᠡ᠂ | ᠳᠦᠰᠦᠪ ᠶᠢ ᠨᠢ ᠡᠰᠡ ᠳᠤᠬᠢᠷᠠᠭᠤᠯᠤᠭᠰᠠᠨ᠂ ᠪᠡᠯᠡ ᠮᠦᠩᠭᠦᠨ ᠤ ᠢᠷᠡᠯᠲᠡ ᠨᠢ ᠳᠤᠳᠤᠷᠬᠠᠢ ᠪᠤᠰᠤ ᠳᠦᠰᠦᠯ ᠢ | ᠪᠦᠷ ᠵᠦᠪᠰᠢᠶᠡᠷᠡᠬᠦ ᠦᠬᠡᠢ᠃ ᠺᠤᠮᠫᠠᠨᠢ ᠶᠢᠨ ᠮᠦᠩᠭᠦ ᠴᠤᠭᠯᠠᠭᠤᠯᠬᠤ᠂ PPP ᠳᠦᠰᠦᠯ ᠢ ᠤᠷᠤᠭᠤᠯᠵᠤ | ᠠᠪᠴᠢᠷᠠᠬᠤ᠂ ᠪᠡᠯᠡ ᠮᠦᠩᠭᠦ ᠶᠢ ᠬᠡᠷᠡᠭᠵᠢᠬᠦᠯᠬᠦ᠂ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠤᠶᠢᠯᠡᠴᠢᠯᠡᠭᠡ | ᠵᠡᠷᠭᠡ ᠠᠵᠢᠯᠯᠠᠭ᠎ᠠ ᠶᠢ ᠳᠦᠷᠢᠮᠵᠢᠯᠡᠨ᠂ ᠬᠠᠤᠯᠢ ᠶᠤᠰᠤ ᠠᠴᠠ ᠵᠦᠷᠢᠴᠡᠭᠰᠡᠨ ᠳᠠᠭᠠᠭᠠᠯᠲᠠ ᠬᠢᠬᠦ ᠠᠮᠠᠯᠳᠠᠬᠤ | ᠠᠵᠢᠯᠯᠠᠭ᠎ᠠ ᠶᠢ ᠡᠷᠡᠰ ᠴᠠᠭᠠᠵᠠᠯᠠᠨ ᠬᠤᠷᠢᠭᠯᠠᠨ᠎ᠠ᠃ ᠨᠠᠰᠤᠨ ᠳᠤᠷᠰᠢ ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ | ᠶᠢ ᠰᠦᠷᠴᠤ ᠪᠠᠶᠢᠴᠠᠭᠠᠬᠤ ᠪᠠᠨ ᠪᠠᠷᠢᠮᠲᠠᠯᠠᠨ᠂ ᠭᠤᠤᠯᠳᠠᠯᠭ᠎ᠠ ᠲᠠᠢ ᠳᠦᠰᠦᠯ ᠢ ᠬᠢᠨᠠᠨ ᠪᠠᠶᠢᠴᠠᠭᠠᠬᠤ ᠪᠠᠨ | ᠴᠢᠭᠭᠠᠳᠬᠠᠨ᠂ ᠬᠠᠤᠯᠢ ᠪᠤᠰᠤ ᠪᠠᠷ ᠮᠦᠩᠭᠦ ᠵᠢᠭᠡᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ ᠵᠢᠱᠢᠨ | ᠪᠤᠳᠤᠬᠤ ᠪᠠᠨ ᠲᠦᠯᠦᠪᠯᠡᠬᠦ᠂ ᠠᠪᠠᠴᠠᠭᠠᠨ ᠤ ᠡᠷᠬᠡ ᠪᠠᠨ ᠰᠤᠯᠢᠬᠤ᠂ ᠬᠦᠷᠦᠩᠭᠡ ᠪᠠᠨ ᠳᠠᠬᠢᠨ ᠨᠢᠭᠡᠳᠭᠡᠬᠦ᠂ ᠡᠬᠢ | ᠪᠠᠶᠠᠯᠢᠭ ᠢ ᠡᠷᠬᠢᠯᠲᠠ ᠳᠤ ᠤᠷᠤᠭᠤᠯᠬᠤ ᠪᠠᠨ ᠰᠠᠶᠢᠳᠤᠷ ᠬᠢᠵᠤ᠂ ᠬᠠᠳᠠᠭᠠᠯᠠᠮᠵᠢ ᠶᠢᠨ ᠦᠷᠢ ᠶᠢᠨ ᠠᠰᠠᠭᠤᠳᠠᠯ ᠢ | ᠡᠮᠬᠢ ᠵᠢᠷᠤᠮ ᠲᠠᠢ ᠵᠤᠬᠢᠰᠲᠠᠢ ᠰᠢᠢᠳᠪᠤᠷᠢᠯᠡᠨ᠎ᠡ᠃ ᠬᠠᠤᠯᠢ ᠪᠤᠰᠤ ᠪᠠᠷ ᠬᠦᠷᠦᠩᠭᠡ ᠴᠤᠭᠯᠠᠭᠤᠯᠬᠤ᠂ ᠮᠦᠩᠭᠦᠨ | ᠬᠦᠢᠯᠭᠡᠭᠡᠨ ᠢ ᠮᠡᠭᠡᠯᠡᠭᠰᠡᠨ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠬᠡᠯᠡᠯᠭᠡ ᠶᠢᠨ ᠨᠤᠷᠮ᠎ᠠ ᠶᠢ ᠳᠤᠷᠤᠭᠰᠢᠯᠠᠭᠤᠯᠤᠨ᠂ | ᠬᠦᠳᠡᠭᠡ ᠲᠤᠰᠬᠤᠨ ᠮᠠᠯᠵᠢᠬᠤ ᠤᠷᠤᠨ ᠤ ᠦᠨᠳᠦᠷ ᠬᠦᠤ ᠲᠠᠢ ᠵᠢᠬᠡᠯᠡᠯᠬᠡ ᠶᠢ ᠵᠠᠰᠠᠨ ᠴᠡᠭᠴᠡᠯᠡᠬᠦ ᠪᠠᠨ | ᠦᠷᠭᠦᠯᠵᠢᠯᠡᠨ ᠪᠠᠷᠢᠮᠲᠠᠯᠠᠨ᠂ ᠠᠶᠤᠯ ᠲᠦᠭᠰᠢᠭᠦᠷᠢ ᠶᠢᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠪᠠᠨ | ᠳᠡᠭᠡᠭᠰᠢᠯᠡᠭᠦᠯᠦᠨ᠂ ᠠᠮᠤᠷ ᠲᠤᠭᠲᠠᠭᠤᠨ ᠠᠮᠤᠷ ᠲᠤᠭᠲᠠᠭᠤᠨ ᠮᠦᠩᠭᠦᠨ ᠬᠦᠢᠯᠬᠡᠬᠡᠨ ᠤ ᠤᠷᠴᠢᠨ ᠲᠤᠭᠤᠷᠢᠨ ᠢ | ᠪᠠᠶᠢᠭᠤᠯᠤᠨ᠎ᠠ᠃ | —— ᠠᠳᠡᠭᠳᠡᠯ ᠤᠨ ᠡᠷᠡᠰᠳᠡᠯ ᠢ ᠴᠢᠩᠭ᠎ᠠ ᠰᠡᠷᠭᠡᠶᠢᠯᠡᠬᠦ᠃ ︽ᠠᠮᠢ ᠨᠠᠰᠤ ᠠᠯᠢᠪᠠ ᠠᠴᠠ ᠡᠷᠬᠢᠮ᠂ ᠠᠮᠤᠷ | ᠳᠦᠪᠰᠢᠨ ᠲᠠᠶᠢᠱᠠᠨ ᠠᠭᠤᠯᠠᠨ ᠠᠴᠠ ᠬᠦᠨᠳᠤ︾ ᠬᠡᠬᠦ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ | ᠠᠶᠤᠯᠬᠦᠢ ᠤᠶᠢᠯᠡᠳᠪᠤᠷᠢᠯᠡᠯ ᠤᠨ ᠬᠦᠷᠢᠶᠠᠨ ᠬᠡᠪᠴᠢᠶᠡᠨ ᠳᠠᠬᠢ ᠶᠡᠷᠤᠩᠭᠡᠢ ᠦᠭᠡᠷᠡᠴᠢᠯᠡᠯᠲᠡ ᠶᠢᠨ ᠳᠦᠰᠦᠯ ᠢ | ᠲᠤᠭᠲᠠᠭᠠᠬᠤ ᠪᠠᠨ ᠲᠦᠷᠭᠡᠳᠬᠡᠨ᠂ ᠠᠶᠤᠯᠬᠦᠢ ᠤᠶᠢᠯᠡᠳᠪᠤᠷᠢᠯᠡᠯ ᠤᠨ ᠪᠠᠶᠢᠭᠤᠯᠤᠯ ᠤᠨ ᠲᠤᠭᠲᠠᠯᠴᠠᠭ᠎ᠠ ᠶᠢᠨ | ᠦᠭᠡᠷᠡᠴᠢᠯᠡᠯᠲᠠ ᠬᠢᠬᠦ ᠶᠢ ᠳᠦᠯᠬᠢᠨ ᠠᠬᠢᠭᠤᠯᠤᠨ᠎ᠠ᠃ ᠠᠶᠤᠯᠬᠦᠢ ᠤᠶᠢᠯᠡᠳᠪᠤᠷᠢᠯᠡᠯ ᠤᠨ ᠰᠦᠯᠵᠢᠶᠡᠴᠢᠯᠡᠯ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠦᠨ᠂ ︽ᠨᠠᠮ ᠵᠠᠰᠠᠭ ᠬᠠᠮᠲᠤ ᠳᠤ ᠪᠠᠨ ᠬᠠᠷᠢᠭᠤᠴᠠᠬᠤ᠂ ᠨᠢᠬᠡ ᠪᠠᠶᠢᠷᠢ | ᠬᠤᠤᠰ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠢᠮᠪᠠᠢ ᠲᠤᠤᠱᠯᠠᠭᠤᠯᠤᠨ᠎ᠠ᠃ ᠪᠦᠬᠦ | ᠲᠠᠯ᠎ᠠ ᠪᠠᠷ ᠠᠵᠤ ᠠᠬᠤᠶᠢᠯᠠᠯ ᠤᠨ ᠲᠤᠳᠤᠭᠠᠳᠤᠬᠢ ᠠᠶᠤᠯᠬᠦᠢ ᠤᠶᠢᠯᠡᠳᠪᠤᠷᠢᠯᠡᠯ ᠤᠨ ︽ᠬᠠᠷᠢᠭᠤᠴᠠᠯᠭ᠎ᠠ ᠶᠢᠨ | ᠬᠡᠯᠬᠢᠶ᠎ᠡ︾ ᠠᠵᠢᠯ ᠤᠨ ᠲᠤᠭᠲᠠᠯᠴᠠᠭ᠎ᠠ ᠶᠢ ᠳᠡᠯᠭᠡᠷᠡᠭᠦᠯᠵᠤ᠂ ᠠᠵᠤ ᠠᠬᠤᠶᠢᠯᠠᠯ ᠤᠨ ᠭᠤᠤᠯ ᠴᠤᠭᠴᠠᠲᠤ | ᠬᠠᠷᠢᠭᠤᠴᠠᠯᠭ᠎ᠠ ᠶᠢ ᠳᠠᠭᠲᠠᠷᠰᠢᠭᠤᠯᠤᠨᠠ᠃ ᠠᠶᠤᠯᠬᠦᠢ ᠤᠶᠢᠯᠡᠳᠪᠤᠷᠢᠯᠡᠯ ᠤᠨ ᠤᠷᠤᠭᠤᠯᠤᠯᠲᠠ ᠶᠢᠨ ᠬᠦᠴᠦᠯᠡᠴᠡ | ᠪᠠᠨ ᠶᠡᠬᠡᠰᠬᠡᠨ᠂ ᠦᠨᠳᠦᠰᠦᠨ ᠱᠠᠲᠤᠨ ᠤ ᠠᠮᠤᠷ ᠳᠦᠪᠰᠢᠨ ᠤ ᠦᠨᠳᠦᠰᠦᠨ ᠪᠦᠲᠦᠬᠡᠨ ᠪᠠᠶᠢᠭᠤᠯᠤᠯᠲᠠ ᠪᠠᠨ | ᠴᠢᠩᠭᠠᠳᠬᠠᠨ᠎ᠠ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠤᠯᠤᠨ ᠵᠠᠩᠭᠢᠯᠭ᠎ᠠ | ᠶᠢᠨ ᠴᠠᠭ ᠬᠤᠭᠤᠴᠠᠭ᠎ᠠ ᠶᠢᠨ ᠪᠠᠶᠢᠩᠭᠤ ᠶᠢᠨ ᠳᠠᠷᠠᠭᠠᠯᠠᠨ ᠪᠠᠶᠢᠴᠠᠭᠠᠬᠤ ᠴᠡᠭᠴᠡᠯᠡᠬᠦ ᠪᠤᠯᠤᠨ ︽ᠪᠤᠴᠠᠵᠤ ᠬᠠᠷᠠᠬᠤ︾ | ᠠᠵᠢᠯ ᠢᠶᠠᠨ ᠬᠦᠨᠵᠡᠭᠡᠢ ᠦᠷᠨᠢᠬᠦᠯᠦᠨ᠂ ᠬᠦᠨᠳᠤ ᠠᠮᠤᠷ ᠳᠦᠪᠰᠢᠨ ᠤ ᠭᠡᠨᠡᠳᠡᠯ ᠡᠬᠦᠰᠬᠡᠬᠦ ᠶᠢ ᠴᠢᠩᠭ᠎ᠠ ᠬᠤᠷᠢᠭᠯᠠᠨ᠎ᠠ | ᠃ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠪᠤᠯᠤᠨ ᠭᠤᠸᠠᠩ ᠶᠤᠸᠠᠨ ᠬᠢᠮᠢ ᠶᠢᠨ ᠠᠵᠤ ᠤᠶᠢᠯᠡᠳᠪᠤᠷᠢ ᠶᠢᠨ | ᠭᠠᠯ ᠤᠨ ᠦᠷᠲᠡᠭᠡ ᠬᠠᠮᠲᠤᠷᠠᠨ ᠪᠠᠶᠢᠭᠤᠯᠬᠤ ᠳᠦᠰᠦᠯ ᠢ ᠠᠬᠢᠭᠤᠯᠵᠤ᠂ ᠬᠦᠷᠢᠶᠡᠯᠡᠩ ᠤᠨ ᠭᠠᠯ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠬᠦᠯᠦᠨ᠎ᠡ᠃ | —— ᠨᠡᠶᠢᠭᠡᠮ ᠤᠨ ᠶᠡᠷᠤᠩᠭᠡᠶᠢᠯᠡᠨ ᠵᠠᠰᠠᠬᠤ ᠪᠠᠨ ᠴᠢᠩᠭᠠᠳᠬᠠᠬᠤ᠂ ᠤᠯᠠᠨ ᠨᠡᠶᠢᠲᠡ ᠶᠢᠨ ᠬᠠᠤᠯᠢ ᠴᠠᠭᠠᠵᠠ | ᠶᠢᠨ ᠤᠶᠢᠯᠡᠴᠢᠯᠡᠭᠡᠨ ᠤ ᠰᠢᠰᠲ᠋ᠧᠮ ᠢᠶᠠᠨ ᠲᠡᠭᠦᠯᠳᠡᠷᠵᠢᠬᠦᠯᠵᠤ᠂ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠬᠦᠯᠬᠦ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ᠎ᠠ᠃ ᠦᠨᠳᠦᠰᠦᠨ ᠱᠠᠲᠤᠨ ᠤ ᠠᠷᠠᠳ ᠲᠦᠮᠡᠨ | ᠤ ᠦᠪᠡᠷᠲᠡᠬᠡᠨ ᠵᠠᠰᠠᠬᠤ ᠳᠦᠷᠢᠮ ᠢ ᠪᠦᠷᠢᠨ ᠲᠡᠬᠦᠯᠳᠡᠷ ᠪᠤᠯᠭᠠᠨ᠂ ᠭᠠᠴᠤᠭᠠ ᠲᠤᠰᠬᠤᠨ᠂ ᠨᠡᠶᠢᠬᠡᠮ ᠲᠤᠭᠤᠷᠢᠭ | ᠳᠠᠬᠢ ᠵᠠᠬᠢᠷᠤᠨ ᠵᠤᠬᠢᠴᠠᠭᠤᠯᠬᠤ ᠪᠠᠨ ᠴᠢᠩᠭᠠᠳᠬᠠᠵᠤ᠂ ᠠᠵᠢᠯᠴᠢᠨ ᠵᠠᠯᠠᠭᠤᠴᠤᠳ ᠡᠮᠡᠭᠲᠡᠶᠢᠴᠤᠳ ᠵᠡᠷᠭᠡ ᠪᠦᠯᠬᠦᠮ | ᠤᠨ ᠣᠶᠢᠯᠡᠳᠤᠯ ᠢ ᠪᠠᠳᠠᠷᠠᠭᠤᠯᠤᠨ᠂ ᠨᠡᠶᠢᠬᠡᠮ ᠤᠨ ᠵᠤᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠤᠶᠢᠯᠡᠴᠢᠯᠡᠭᠡᠨ | ᠤ ᠡᠷᠡᠭᠦᠯ ᠢᠶᠠᠷ ᠬᠦᠭᠵᠢᠬᠦ ᠶᠢ ᠳᠦᠯᠬᠢᠨ ᠠᠬᠢᠭᠤᠯᠤᠨ᠎ᠠ᠃ ᠢᠲᠡᠭᠡᠮᠵᠢ ᠶᠢᠨ ᠰᠢᠰᠲ᠋ᠧᠮ ᠤᠨ ᠪᠦᠲᠦᠬᠡᠨ | ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠢᠷᠭᠡᠳ ᠤᠨ ᠢᠲᠡᠬᠡᠮᠵᠢ ᠶᠢᠨ ᠦᠵᠡᠯ ᠤᠬᠠᠮᠰᠠᠷ ᠢ | ᠳᠡᠭᠡᠭᠰᠢᠯᠡᠬᠦᠯᠦᠨ᠎ᠡ᠃ ᠵᠠᠬᠢᠳᠠᠯ ᠢᠶᠠᠷ ᠰᠤᠷᠪᠤᠯᠵᠢᠯᠠᠬᠤ ᠠᠵᠢᠯ ᠤᠨ ᠠᠷᠭ᠎ᠠ ᠪᠠᠷᠢᠯ ᠢ ᠦᠬᠡᠷᠡᠴᠢᠯᠡᠨ᠂ ᠡᠯ᠎ᠡ ᠰᠠᠯᠠᠭ᠎ᠠ | ᠮᠦᠴᠢᠷ ᠡᠯ᠎ᠡ ᠳᠠᠪᠬᠤᠷᠭ᠎ᠠ ᠶᠢᠨ ᠵᠠᠬᠢᠳᠠᠯ ᠢᠶᠠᠷ ᠰᠤᠷᠪᠤᠯᠵᠢᠯᠠᠬᠤ ᠲᠤᠭᠲᠠᠭᠤᠨ ᠢ ᠪᠠᠲᠤᠯᠠᠬᠤ ᠬᠠᠷᠢᠭᠤᠴᠠᠯᠭ᠎ᠠ ᠪᠠᠨ | ᠲᠤᠱᠯᠠᠭᠤᠯᠵᠣ᠂ ᠤᠳᠤᠷᠢᠳᠤᠯᠭ᠎ᠠ ᠶᠢᠨ ᠲᠤᠭᠲᠠᠮᠠᠯ ᠬᠤᠭᠤᠴᠠᠭᠠᠨ ᠳᠤ ᠰᠤᠷᠪᠤᠯᠵᠢᠯᠠᠭ᠎ᠠ ᠬᠦᠯᠢᠶᠡᠬᠦ ᠳᠦᠷᠢᠮ ᠢ | ᠳᠦᠯᠬᠢᠨ ᠠᠬᠢᠭᠤᠯᠵᠤ᠂ ᠬᠦᠳᠡᠭᠡ ᠲᠤᠰᠬᠤᠨ ᠤ ᠠᠮᠤᠷ ᠳᠦᠪᠰᠢᠨ ᠤ ᠳᠤᠤᠷᠴᠢᠯᠠᠭᠰᠠᠨ ᠬᠠᠮᠢᠶᠠᠷᠤᠯᠲᠠ ᠶᠢᠨ | ᠠᠵᠢᠯᠲᠠᠨ ᠤ ᠤᠶᠢᠯᠡᠳᠤᠯ ᠢ ᠰᠠᠶᠢᠳᠤᠷ ᠪᠠᠳᠠᠷᠠᠭᠤᠯᠤᠨ᠂ ᠨᠡᠶᠢᠬᠡᠮ ᠤᠨ ᠵᠦᠷᠢᠴᠡᠯ ᠢ ᠤᠯᠠᠨ ᠵᠤᠶᠢᠯ ᠢᠶᠠᠷ | ᠰᠢᠢᠳᠪᠤᠷᠢᠯᠡᠬᠦ ᠳᠦᠷᠢᠮ ᠢ ᠪᠦᠷᠢᠨ ᠪᠤᠯᠭᠠᠨ᠂ ᠬᠠᠤᠯᠢ ᠶᠤᠰᠤ ᠪᠠᠷ ᠨᠠᠶᠢᠳᠠᠪᠤᠷᠢᠲᠠᠢ ᠵᠠᠬᠢᠳᠠᠯ ᠢᠶᠠᠷ ᠰᠤᠷᠪᠤᠯᠵᠢᠯᠠᠬᠤ | ᠠᠰᠠᠭᠤᠳᠠᠯ ᠢ ᠰᠢᠢᠳᠪᠤᠷᠢᠯᠡᠨ᠎ᠡ᠃ ︽ᠠᠮᠤᠷ ᠲᠠᠶᠢᠪᠤᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ︾ ᠶᠢ | ᠪᠦᠲᠦᠬᠡᠨ ᠪᠠᠶᠢᠭᠤᠯᠬᠤ ᠪᠠᠨ ᠬᠦᠨᠵᠡᠭᠡᠶᠢᠷᠡᠭᠦᠯᠦᠨ᠂ ︽ᠠᠮᠤᠷ ᠲᠠᠶᠢᠪᠤᠩ ᠬᠤᠲᠠ ᠪᠠᠯᠭᠠᠰᠤ︾ ᠶᠢᠨ ᠬᠢᠨᠠᠨ ᠡᠵᠡᠮᠰᠢᠬᠦ | ᠰᠢᠰᠲ᠋ᠧᠮ ᠢ ᠡᠬᠢᠯᠡᠨ ᠬᠡᠷᠡᠭᠵᠢᠬᠦᠯᠦᠨ᠂ ᠬᠠᠷ᠎ᠠ ᠪᠦᠯᠦᠭᠯᠡᠯ ᠢ ᠳᠠᠷᠣᠵᠤ ᠮᠠᠭᠤ ᠮᠠᠭᠤᠬᠠᠢ ᠶᠢ ᠠᠷᠢᠯᠭᠠᠬᠤ ᠲᠤᠰᠬᠠᠢ | ᠲᠡᠮᠡᠴᠡᠯ ᠢ ᠰᠠᠶᠢᠨ ᠦᠷᠨᠢᠬᠦᠯᠵᠤ᠂ ᠪᠤᠯᠢᠶᠠᠵᠤ ᠳᠡᠭᠡᠷᠡᠮᠳᠡᠨ ᠮᠡᠭᠡᠯᠡᠬᠦ᠂ ᠱᠠᠯᠢᠭ ᠮᠦᠷᠦᠢ ᠬᠤᠤᠷ ᠵᠡᠷᠭᠡ ᠬᠠᠤᠯᠢ ᠠᠴᠠ | ᠵᠦᠷᠢᠴᠡᠭᠰᠡᠨ ᠬᠡᠮᠲᠤ ᠬᠡᠷᠡᠭ ᠳᠤ ᠡᠷᠡᠰ ᠴᠢᠩᠭ᠎ᠠ ᠴᠤᠬᠢᠯᠲᠠ ᠦᠭᠴᠤ᠂ ᠴᠠᠬᠢᠯᠭᠠᠨ ᠬᠤᠯᠪᠤᠭ᠎ᠠ ᠲᠤᠤᠷ ᠰᠦᠯᠵᠢᠶ᠎ᠡ | ᠪᠠᠷ ᠮᠡᠭᠡᠯᠡᠬᠦ᠂ ᠠᠷᠠᠳ ᠢᠷᠭᠡᠳ ᠤᠨ ᠬᠤᠪᠢ ᠬᠦᠮᠦᠨ ᠤ ᠨᠢᠭᠤᠴᠠ ᠲᠠᠢ ᠬᠠᠯᠳᠠᠬᠤ᠂ ᠲᠤᠤᠷ ᠰᠦᠯᠵᠢᠶᠡᠨ ᠤ | ᠫᠢᠷᠢᠮᠢᠲ ᠬᠤᠳᠠᠯᠳᠤᠭ᠎ᠠ ᠵᠡᠷᠭᠡ ᠳᠤᠪᠤᠶᠢᠮ᠎ᠠ ᠠᠰᠠᠭᠤᠳᠠᠯ ᠤᠳ ᠢ ᠵᠠᠰᠠᠨ ᠴᠡᠭᠴᠡᠯᠡᠵᠤ᠂ ᠠᠮᠤᠷ ᠲᠤᠭᠲᠠᠭᠤᠨ | ᠨᠡᠶᠢᠬᠡᠮ ᠤᠨ ᠤᠷᠴᠢᠨ ᠲᠤᠭᠤᠷᠢᠨ ᠢ ᠵᠤᠬᠢᠶᠠᠨ᠎ᠠ᠃ | ᠤᠯᠤᠰ ᠤᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠪᠤᠯᠤᠨ ᠤᠯᠤᠰ ᠤᠨ ᠬᠠᠮᠠᠭᠠᠠᠯᠠᠯᠲᠠ ᠶᠢᠨ ᠨᠦᠬᠡᠴᠡ | ᠬᠦᠴᠦᠨ ᠤ ᠪᠦᠲᠦᠬᠡᠨ ᠪᠠᠶᠢᠭᠤᠯᠤᠯᠲᠠ ᠪᠠᠨ ᠴᠢᠩᠭᠠᠳᠬᠠᠨ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ | ᠬᠦᠳᠡᠯᠭᠡᠭᠡᠨ ᠢ ᠬᠦᠨᠵᠡᠭᠡᠢ ᠦᠷᠨᠢᠬᠦᠯᠦᠨ᠎ᠡ᠃ ᠨᠠᠮ ᠤᠨ ᠦᠨᠳᠦᠰᠦᠲᠡᠨ ᠤ ᠱᠠᠰᠢᠨ ᠰᠤᠷᠲᠠᠬᠤᠨ ᠤ ᠲᠦᠷᠤ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠬᠦᠯᠵᠤ᠂ ᠡᠯ᠎ᠡ ᠦᠨᠳᠦᠰᠦᠲᠡᠨ ᠤ ᠪᠦᠯᠬᠦᠮᠳᠡᠨ ᠬᠠᠮᠲᠤ | ᠪᠠᠷ ᠬᠦᠭᠵᠢᠨ ᠳᠡᠪᠰᠢᠬᠤ ᠶᠢ ᠳᠦᠯᠬᠢᠨ ᠠᠬᠢᠭᠤᠯᠤᠨ᠎ᠠ᠃ ᠪᠦᠬᠦ ᠤᠯᠤᠰ ᠤᠨ ᠳᠦᠷᠪᠡᠳᠦᠭᠡᠷ ᠤᠳᠠᠭᠠᠨ ᠤ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠪᠤᠯᠤᠨ ᠬᠤᠶᠠᠳᠤᠭᠠᠷ ᠤᠳᠠᠭᠠᠨ ᠤ ᠪᠤᠬᠢᠷᠳᠤᠯ ᠤᠨ ᠡᠬᠢ ᠶᠢ ᠨᠡᠶᠢᠳᠡᠮ | ᠪᠠᠶᠢᠴᠠᠭᠠᠬᠤ ᠠᠵᠢᠯ ᠢ ᠰᠠᠶᠢᠳᠤᠷ ᠦᠷᠨᠢᠬᠦᠯᠦᠨ᠎ᠡ᠃ ᠠᠬᠠᠮᠠᠳ ᠺᠠᠲᠠᠷ᠂ ᠤᠶᠢᠯᠡᠳᠪᠤᠷᠢ ᠬᠤᠳᠠᠯᠳᠤᠭᠠᠨ ᠤ | ᠬᠤᠯᠪᠤᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭ᠎ᠠ ᠵᠡᠷᠭᠡ | ᠵᠤᠬᠢᠶᠠᠨ ᠪᠠᠶᠢᠭᠤᠯᠤᠯᠲᠠ ᠶᠢᠨ ᠬᠦᠬᠦᠷᠭᠡ ᠬᠤᠯᠪᠤᠭᠠᠰᠤ ᠶᠢᠨ ᠤᠶᠢᠯᠡᠳᠤᠯ ᠢ ᠬᠦᠢᠴᠡᠳ ᠪᠠᠳᠠᠷᠠᠭᠤᠯᠤᠨ᠂ ᠳᠠᠩᠰᠠ | ᠡᠪᠬᠡᠮᠡᠯ ᠲᠡᠤᠬᠡᠨ ᠤᠶᠢᠯᠡᠯᠬᠡ ᠶᠢᠨ ᠠᠵᠢᠯ ᠢ ᠰᠠᠶᠢᠳᠤᠷ ᠬᠢᠵᠤ᠂ ᠨᠡᠶᠢᠬᠡᠮ ᠤᠨ ᠡᠯ᠎ᠡ ᠠᠵᠢᠯ ᠤᠶᠢᠯᠡᠰ ᠤᠨ ᠪᠦᠬᠦ | ᠲᠠᠯ᠎ᠠ ᠪᠠᠷ ᠳᠠᠪᠰᠢᠬᠤ ᠶᠢ ᠳᠦᠯᠬᠢᠨ ᠠᠬᠢᠭᠤᠯᠤᠨ᠎ᠠ᠃ | ︵ᠵᠢᠷᠭᠤᠭ᠎ᠠ︶ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠠᠬᠤ ᠪᠠᠶᠢᠯᠳᠤᠭᠠᠨ ᠢ ᠰᠠᠶᠢᠨ ᠬᠢᠵᠤ᠂ ᠠᠮᠢ | ᠠᠬᠤᠢ ᠶᠢᠨ ᠬᠠᠮᠠᠭᠠᠯᠠᠯᠲᠠ ᠶᠢᠨ ᠱᠤᠭᠤᠮ ᠢ ᠪᠠᠲᠤᠳᠬᠠᠬᠤ ᠪᠠᠷ ᠴᠢᠷᠮᠠᠶᠢᠨ᠎ᠠ᠃ | ︽ᠬᠦᠬᠡ ᠠᠭᠤᠯᠠ ᠬᠦᠬᠡᠮᠳᠡᠭ ᠤᠰᠤ ᠪᠤᠯ ᠠᠯᠲᠠᠨ ᠮᠦᠩᠭᠦᠨ ᠠᠭᠤᠯᠠ︾ ᠬᠡᠬᠦ ᠤᠶᠢᠯᠠᠭᠠᠭᠳᠠᠬᠤᠨ ᠢ ᠪᠠᠲᠤ ᠪᠠᠬᠢ | ᠪᠤᠢ ᠪᠤᠯᠭᠠᠵᠤ᠂ ᠠᠮᠢ ᠠᠬᠤᠢ ᠶᠢᠨ ᠬᠠᠷᠢᠴᠠᠭ᠎ᠠ ᠱᠣᠭᠤᠮ ᠢ ᠪᠠᠲᠤ ᠰᠠᠶᠢᠨ᠂ ᠠᠮᠢ ᠠᠬᠤᠢ ᠶᠢᠨ ᠬᠠᠯᠬᠠᠪᠴᠢ ᠶᠢ | ᠪᠠᠲᠤᠳᠬᠠᠵᠤ᠂ ᠪᠤᠬᠢᠷᠳᠤᠯ ᠦᠬᠡᠢ ᠬᠦᠭᠵᠢᠯᠲᠠ ᠶᠢ ᠳᠦᠯᠬᠢᠨ ᠠᠬᠢᠭᠤᠯᠤᠨ᠎ᠠ᠃ | —— ᠤᠷᠴᠢᠨ ᠲᠤᠭᠤᠷᠢᠨ ᠢ ᠵᠠᠬᠢᠷᠤᠨ ᠵᠤᠬᠢᠴᠠᠭᠤᠯᠬᠤ ᠬᠦᠴᠦᠯᠡᠴᠡ ᠪᠠᠨ ᠨᠡᠮᠡᠭᠳᠡᠭᠦᠯᠬᠦ᠂ ᠲᠦᠪ ᠬᠤᠷᠢᠶ᠎ᠠ᠂ | ᠦᠪᠡᠷᠲᠡᠭᠡᠨ ᠵᠠᠰᠠᠬᠤ ᠤᠷᠤᠨ ᠤ ᠤᠷᠴᠢᠨ ᠠᠬᠤᠢ ᠶᠢᠨ ᠬᠠᠮᠠᠭᠠᠯᠠᠯ ᠢ ᠬᠢᠨᠠᠨ ᠪᠠᠶᠢᠴᠠᠭᠠᠬᠤ ᠰᠠᠨᠠᠯ ᠲᠤᠰᠬᠠᠯ ᠦᠭᠬᠦ | ᠴᠡᠭᠴᠡᠯᠡᠨ ᠦᠭᠡᠷᠡᠴᠢᠯᠡᠬᠦ ᠠᠵᠢᠯ ᠢᠶᠠᠨ ᠦᠷᠭᠦᠯᠵᠢᠯᠡᠨ ᠰᠠᠶᠢᠳᠤᠷ ᠬᠢᠨ᠎ᠡ᠃ ᠬᠦᠬᠡ ᠤᠭᠲᠠᠷᠭᠤᠢ ᠶᠢ ᠪᠠᠲᠤᠯᠠᠨ | ᠬᠠᠮᠠᠭᠠᠯᠠᠬᠤ ᠳᠠᠶᠢᠨ ᠢ ᠰᠠᠶᠢᠳᠤᠷ ᠴᠤᠬᠢᠵᠤ᠂ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ ᠪᠠᠨ ᠭᠤᠤᠯᠳᠠᠯᠭ᠎ᠠ | ᠲᠠᠢ ᠠᠳᠬᠤᠵᠤ᠂ 10 ᠲᠤᠨ ᠠᠴᠠ ᠳᠤᠷᠤᠭᠰᠢ ᠨᠡᠭᠦᠷᠡᠰᠤ ᠰᠢᠲᠠᠭᠠᠳᠠᠭ ᠨᠠᠮ ᠳᠠᠷᠤᠯᠲᠠ ᠶᠢᠨ ᠵᠤᠳᠬᠠ ᠶᠢ | ᠲᠠᠶᠠᠭᠳᠠᠬᠤ ᠬᠦᠴᠦᠯᠡᠴᠡ ᠪᠠᠨ ᠨᠡᠮᠡᠭᠳᠡᠭᠦᠯᠦᠨ᠂ 10 ᠲᠤᠨ ᠠᠴᠠ ᠳᠤᠷᠤᠭᠰᠢ ᠨᠡᠭᠦᠷᠡᠰᠤ ᠰᠢᠲᠠᠭᠠᠳᠠᠭ ᠨᠠᠮ | ᠳᠠᠷᠤᠯᠲᠠ ᠶᠢᠨ ᠵᠤᠳᠬᠠᠨ ᠤ ᠬᠦᠬᠦᠷ ᠦᠭᠡᠶᠢᠵᠢᠬᠦᠯᠬᠦ ᠰᠠᠭᠤᠷᠢ ᠳᠦᠬᠦᠭᠡᠷᠤᠮᠵᠢ ᠶᠢᠨ ᠲᠤᠭᠲᠠᠭᠤᠨ ᠪᠠᠷ ᠠᠵᠢᠯᠯᠠᠬᠤ | ᠶᠢ ᠪᠠᠲᠤᠯᠠᠵᠤ᠂ ᠮᠠᠰᠢᠨ ᠲᠡᠷᠭᠡ ᠳᠠᠬᠢ ᠬᠠᠮᠢᠶᠠᠷᠤᠯᠲᠠ᠂ ᠲᠤᠭᠤᠰᠤ ᠳᠡᠭᠳᠡᠬᠦ᠂ ᠲᠠᠷᠢᠮᠠᠯ ᠤᠨ ᠡᠰᠢ ᠰᠦᠷᠡᠯ ᠢ | ᠰᠢᠲᠠᠭᠠᠬᠤ ᠶᠢ ᠬᠤᠷᠢᠭᠯᠠᠬᠤ ᠪᠤᠯᠤᠨ ᠶᠡᠷᠤᠩᠭᠡᠢ ᠠᠰᠢᠭᠯᠠᠬᠤ ᠠᠵᠢᠯ ᠢᠶᠠᠨ ᠰᠠᠶᠢᠳᠤᠷ ᠪᠡᠶᠡᠯᠡᠬᠦᠯᠦᠨ᠎ᠡ᠃ ᠤᠰᠤᠨ | ᠪᠤᠬᠢᠷᠳᠤᠯ ᠢ ᠰᠡᠷᠭᠡᠶᠢᠯᠡᠨ ᠵᠠᠰᠠᠬᠤ᠂ ᠪᠠᠬᠢᠯᠡᠯᠲᠡ ᠰᠢᠪᠲᠤᠯᠠᠬᠤ ᠪᠠᠶᠢᠯᠳᠤᠭᠠᠨ ᠢᠶᠠᠨ ᠰᠠᠶᠢᠳᠤᠷ ᠴᠤᠬᠢᠵᠤ᠂ ᠬᠠᠮᠤᠭ | ᠤᠨ ᠴᠢᠩᠭ᠎ᠠ ᠤᠰᠤᠨ ᠤ ᠡᠬᠢ ᠪᠠᠶᠠᠯᠢᠭ᠂ ᠤᠰᠤᠨ ᠤ ᠤᠷᠴᠢᠨ ᠲᠤᠭᠤᠷᠢᠨ ᠢ ᠬᠠᠮᠠᠭᠠᠯᠠᠬᠤ ᠳᠦᠷᠢᠮ ᠢ | ᠬᠡᠷᠡᠭᠵᠢᠬᠦᠯᠵᠤ᠂ ᠰᠢᠨ᠎ᠠ ᠪᠠᠷ ᠴᠤᠬᠢᠭᠰᠠᠨ ᠴᠠᠬᠢᠯᠭᠠᠨ ᠬᠤᠳᠳᠤᠭ ᠤᠨ ᠬᠤᠯᠪᠤᠨ ᠬᠢᠨᠠᠬᠤ ᠳᠦᠷᠢᠮ ᠢ | ᠲᠤᠤᠱᠠᠭᠤᠯᠤᠨᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠷᠤᠨ ᠳᠤ ᠳᠤᠷ᠎ᠠ ᠲᠠᠪᠠ ᠪᠠᠷ | ᠪᠠᠶᠢᠭᠤᠯᠤᠭᠰᠠᠨ ᠪᠠᠷᠢᠯᠭ᠎ᠠ ᠪᠤᠯᠤᠨ ᠪᠤᠬᠢᠷ ᠢ ᠭᠠᠳᠠᠭᠰᠢᠯᠠᠭᠤᠯᠬᠤ ᠬᠤᠭᠤᠯᠠᠢ ᠭᠠᠷᠭᠠᠭᠰᠠᠨ ᠢ ᠴᠦᠮ ᠬᠠᠤᠯᠢ | ᠶᠤᠰᠤᠭᠠᠷ ᠴᠡᠪᠡᠷᠯᠡᠨ ᠠᠷᠢᠯᠭᠠᠨ᠎ᠠ᠃ ᠬᠦᠷᠦᠰᠤ ᠰᠢᠷᠤᠢ ᠶᠢ ᠰᠡᠷᠭᠡᠶᠢᠯᠡᠨ ᠵᠠᠰᠠᠬᠤ ᠪᠠᠬᠢᠯᠡᠯᠲᠠ ᠰᠢᠪᠲᠤᠯᠠᠬᠤ | ᠪᠠᠶᠢᠯᠳᠤᠭᠠᠨ ᠢᠶᠠᠨ ᠰᠠᠶᠢᠳᠤᠷ ᠴᠤᠬᠢᠵᠤ᠂ ᠬᠦᠷᠦᠰᠤ ᠰᠢᠷᠤᠢ ᠶᠢᠨ ᠪᠤᠬᠢᠷᠳᠤᠯ ᠤᠷᠭᠤᠮᠠᠯ ᠤᠨ ᠬᠤᠴᠢᠯᠭ᠎ᠠ ᠶᠢ | ᠰᠡᠷᠬᠦᠭᠡᠨ ᠵᠠᠰᠠᠬᠤ ᠠᠵᠢᠯ ᠢ ᠦᠷᠨᠢᠬᠦᠯᠦᠨ᠂ ᠲᠦᠷᠦᠯ ᠬᠤᠪᠢᠶᠠᠨ ᠵᠠᠬᠢᠷᠤᠨ ᠵᠤᠬᠢᠴᠠᠭᠤᠯᠬᠤ ᠠᠷᠭ᠎ᠠ ᠬᠡᠮᠵᠢᠶ᠎ᠡ | ᠲᠤᠭᠲᠠᠭᠠᠨ᠎ᠠ᠃ ᠪᠤᠬᠢᠷᠳᠤᠯ ᠦᠬᠡᠢ ᠰᠢᠨ᠎ᠠ ᠡᠨᠧᠷᠬᠢᠳᠤ ᠨᠡᠶᠢᠲᠠ ᠶᠢᠨ ᠮᠠᠰᠢᠨ ᠲᠡᠷᠭᠡᠨ ᠤ ᠳᠦᠰᠦᠯ ᠢ ᠤᠷᠤᠭᠤᠯᠵᠤ | ᠠᠪᠴᠢᠷᠠᠨ᠂ ᠪᠤᠭᠢᠷᠳᠤᠯ ᠦᠬᠡᠢ ᠠᠮᠢᠳᠤᠷᠠᠯ ᠤᠨ ᠠᠷᠭ᠎ᠠ ᠬᠡᠯᠪᠡᠷᠢ ᠶᠢ ᠭᠡᠷᠡᠭᠵᠢᠬᠦᠯᠦᠨ᠎ᠡ᠃ | —— ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠢ ᠯᠠᠪᠳᠠᠭᠤᠨ ᠠᠬᠢᠭᠤᠯᠬᠤ᠂ ᠵᠢᠩ ᠶᠢᠨ ᠢ ᠤᠷᠤᠨ ᠳᠠᠬᠢ | ᠡᠯᠡᠰᠤ ᠲᠤᠭᠤᠰᠤᠨ ᠤ ᠡᠬᠢ ᠶᠢᠨ ᠵᠠᠰᠠᠯᠲᠠ᠂ ᠨᠡᠶᠢᠲᠠ ᠶᠢᠨ ᠬᠠᠯᠠᠮᠵᠢ ᠶᠢᠨ ᠤᠢ ᠶᠢᠨ ᠬᠠᠮᠠᠭᠠᠯᠠᠯᠲᠠ᠂ ᠲᠠᠷᠢᠶᠠᠯᠠᠬᠤ | ᠪᠠᠨ ᠪᠤᠯᠢᠵᠣ᠂ ᠮᠤᠳᠤ ᠤᠷᠭᠤᠭᠤᠯᠬᠤ᠃ ᠮᠠᠯᠵᠢᠬᠤ ᠪᠠᠨ ᠪᠤᠯᠢᠵᠤ᠂ ᠡᠪᠡᠰᠤ ᠤᠷᠭᠤᠭᠤᠯᠬᠤ᠂ ᠬᠠᠯᠬᠠᠪᠴᠢ ᠤᠢ | ᠶᠢᠨ ᠮᠠᠭᠤᠲᠠᠬᠤ ᠶᠢ ᠦᠬᠡᠷᠡᠴᠢᠯᠡᠬᠦ ᠵᠡᠷᠭᠡ ᠭᠤᠤᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠰᠠᠶᠢᠨ | ᠬᠡᠷᠡᠭᠵᠢᠬᠦᠯᠦᠨ᠂ ᠵᠢᠯ ᠤᠨ ᠳᠤᠲᠤᠷ᠎ᠠ ᠭᠤᠤᠯᠳᠠᠯᠭᠠᠲᠤ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢᠨ | ᠢᠨᠵᠧᠨᠧᠷᠢᠩ ᠢ 3.7 ᠲᠦᠮᠡᠨ ᠮᠤ᠋ ᠪᠡᠶᠡᠯᠡᠬᠦᠯᠦᠨ᠎ᠡ᠃ ᠭᠠᠷᠬᠤ ᠵᠠᠮ᠂ ᠪᠠᠶᠢᠭᠤᠯᠭ᠎ᠠ ᠨᠢᠬᠡᠴᠨ᠂ ᠴᠡᠴᠡᠷᠯᠢᠭ | ᠠᠭᠤᠳᠠᠮ ᠲᠠᠯᠠᠪᠠᠢ᠂ ᠤᠶᠢᠯᠡᠳᠪᠤᠷᠢ ᠠᠭᠤᠷᠬᠠᠢ ᠶᠢᠨ ᠲᠤᠭᠤᠷᠢᠭ ᠵᠡᠷᠭᠡ ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ | ᠤᠢ ᠰᠢᠭᠤᠢ ᠨᠤᠭᠤᠭᠠᠷᠠᠭᠤᠯᠤᠯᠲᠠ ᠶᠢᠨ ᠢᠨᠵᠧᠨᠧᠷᠢᠩ ᠢᠶᠠᠨ ᠰᠠᠶᠢᠨ ᠵᠤᠬᠢᠶᠠᠨ ᠪᠠᠶᠢᠭᠤᠯᠵᠤ᠂ ᠠᠮᠢ ᠠᠬᠤᠢ ᠶᠢᠨ | ᠪᠦᠲᠦᠬᠡᠨ ᠪᠠᠶᠢᠭᠤᠯᠤᠯᠲᠠ ᠶᠢᠨ ᠦᠷ᠎ᠡ ᠪᠦᠲᠦᠬᠡᠯ ᠢᠶᠠᠨ ᠰᠠᠶᠢᠨ ᠪᠠᠬᠢᠵᠢᠬᠦᠯᠦᠨ᠎ᠡ᠃ ᠮᠠᠯᠵᠢᠬᠤ ᠶᠢ ᠴᠠᠭᠠᠵᠠᠯᠠᠬᠤ ᠪᠠᠨ | ᠪᠠᠷᠢᠮᠲᠠᠯᠠᠨ᠂ ᠪᠡᠯᠡ ᠮᠦᠩᠭᠦ ᠶᠢ ᠨᠦᠬᠦᠵᠤ ᠦᠭᠬᠦ ᠪᠤᠯᠤᠨ ᠬᠠᠮᠢᠶᠠᠷᠤᠬᠤ ᠳᠦᠷᠢᠮ ᠢ ᠬᠡᠷᠡᠭᠯᠡᠵᠤ᠂ ᠤᠢ ᠰᠢᠭᠤᠢ | ᠡᠪᠡᠰᠤ ᠮᠤᠳᠤ ᠶᠢ ᠡᠪᠳᠡᠬᠦ᠂ ᠳᠤᠷ᠎ᠠ ᠲᠠᠪᠠ ᠪᠠᠷ ᠢᠶᠠᠨ ᠤᠭᠲᠤᠯᠠᠵᠤ ᠠᠭᠤᠳᠠᠯᠠᠬᠤ ᠵᠡᠷᠭᠡ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠎ᠡ᠃ | ᠡᠷᠬᠢᠮ ᠲᠦᠯᠦᠭᠡᠯᠡᠭᠴᠢᠳ ᠡ᠂ ᠠᠶᠤᠯ ᠲᠦᠭᠰᠢᠬᠦᠷᠢ ᠶᠢ ᠰᠡᠷᠭᠡᠶᠢᠯᠡᠬᠦ ᠪᠤᠯᠤᠨ ᠪᠤᠬᠢᠷᠳᠤᠯ ᠢ ᠰᠡᠷᠭᠡᠶᠢᠯᠡᠨ | ᠵᠠᠰᠠᠬᠤ ᠪᠠᠬᠢᠯᠡᠯᠲᠡ ᠰᠢᠪᠲᠤᠯᠠᠬᠤ ᠪᠠᠶᠢᠯᠳᠤᠭᠠᠨ ᠢᠶᠠᠨ ᠰᠠᠶᠢᠳᠤᠷ ᠴᠤᠬᠢᠬᠤ ᠶᠢᠨ ᠬᠠᠮᠤᠭ ᠡᠴᠤᠰ ᠤᠨ ᠬᠠᠷᠠᠯᠲᠠ ᠨᠢ | ᠪᠤᠯ ᠨᠡᠩ ᠰᠠᠶᠢᠨ ᠬᠦᠭᠵᠢᠬᠦ ᠶᠢᠨ ᠲᠦᠯᠦᠬᠡ ᠶᠤᠮ᠃ ᠡᠨᠡ ᠨᠢ ᠪᠢᠳᠡᠨ ᠢ ᠡᠷᠬᠡᠪᠰᠢ ᠰᠢᠨ᠎ᠡ ᠭᠦᠭᠵᠢᠯᠲᠠ ᠶᠢᠨ | ᠤᠶᠢᠯᠠᠭᠠᠭᠳᠠᠬᠤᠨ ᠢ ᠪᠤᠳᠤᠯ ᠳᠤ ᠪᠠᠨ ᠠᠪᠴᠤ᠂ ᠠᠵᠢᠯᠯᠠᠭ᠎ᠠ ᠲᠠᠢ ᠪᠠᠨ ᠤᠶᠠᠯᠳᠠᠭᠤᠯᠤᠨ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠯᠤᠨ ᠰᠢᠨᠵᠢᠯᠡᠬᠦ ᠤᠬᠠᠭᠠᠨᠴᠢ ᠪᠠᠷ ᠬᠦᠭᠵᠢᠬᠦ ᠶᠢᠨ ᠬᠠᠷᠢᠴᠠᠭ᠎ᠠ | ᠶᠢ ᠬᠤᠭᠤᠷᠤᠨᠳᠤ ᠨᠢ ᠰᠠᠶᠢᠳᠤᠷ ᠰᠢᠢᠳᠪᠤᠷᠢᠯᠡᠵᠤ᠂ ᠦᠪᠡᠷ ᠤᠨ ᠦᠷᠲᠡᠭ ᠢ ᠪᠤᠳᠤᠯᠬᠢᠯᠠᠬᠤ ᠦᠬᠡᠢ᠂ ᠤᠷᠴᠢᠨ | ᠲᠤᠭᠤᠷᠢᠨ ᠢ ᠡᠪᠳᠡᠨ ᠬᠠᠭᠠᠴᠠᠬᠤ ᠬᠤᠷᠳᠤᠴᠠ ᠶᠢ ᠬᠦᠭᠡᠭᠡᠴᠡᠯᠳᠦᠭᠰᠡᠨ ᠬᠦᠭᠵᠢᠯᠲᠡ ᠶᠢᠨ ᠠᠷᠭ᠎ᠠ ᠮᠠᠶᠠᠭ ᠢ ᠡᠷᠡᠰ | ᠳᠡᠪᠴᠢᠵᠤ᠂ ᠠᠶᠤᠯᠬᠦᠢ ᠪᠠᠷ ᠬᠦᠭᠵᠢᠬᠦ᠂ ᠪᠤᠬᠢᠷᠳᠤᠯ ᠦᠬᠡᠢ ᠪᠠᠷ ᠬᠦᠭᠵᠢᠬᠦ ᠰᠢᠨ᠎ᠠ ᠤᠶᠢᠯᠠᠭᠠᠭᠳᠠᠬᠤᠨ ᠢ ᠪᠠᠲᠤᠲᠠᠢ | ᠪᠤᠢ ᠪᠤᠯᠭᠠᠵᠤ᠂ ᠬᠦᠭᠵᠢᠯᠲᠠ ᠶᠢᠨ ᠴᠢᠨᠠᠷ ᠤᠨ ᠬᠤᠪᠢᠷᠠᠯᠲᠠ᠂ ᠦᠷ᠎ᠠ ᠠᠰᠢᠭ ᠤᠨ ᠬᠤᠪᠢᠷᠠᠯᠲᠠ ᠪᠤᠯᠤᠨ | ᠬᠦᠳᠡᠯᠭᠡᠭᠴᠢ ᠬᠦᠴᠦᠨ ᠤ ᠬᠤᠪᠢᠷᠠᠯᠲᠠ ᠶᠢ ᠳᠦᠯᠬᠢᠨ ᠠᠬᠢᠭᠤᠯᠤᠨ᠂ ᠪᠢᠳᠡᠨ ᠤ ᠬᠦᠭᠵᠢᠯᠲᠠ ᠶᠢ ᠨᠡᠩ ᠴᠢᠨᠠᠷᠲᠠᠢ᠂ | ᠦᠷ᠎ᠡ ᠠᠰᠢᠭ ᠨᠢ ᠨᠡᠩ ᠰᠠᠶᠢᠨ᠂ ᠨᠡᠩ ᠭᠤᠤᠯᠴᠢ᠂ ᠨᠡᠩ ᠦᠷᠬᠦᠯᠵᠢᠯᠡᠬᠦᠶᠢᠴᠡ᠂ ᠨᠡᠩ ᠠᠷᠠᠳ ᠲᠦᠮᠡᠨ ᠤ ᠬᠦᠰᠡᠯ | ᠳᠤ ᠨᠡᠶᠢᠴᠡᠭᠰᠡᠨ ᠪᠤᠯᠭᠠᠬᠤ ᠬᠡᠷᠡᠭᠲᠠᠢ᠃ | ︵ᠳᠤᠯᠤᠭ᠎ᠠ︶ ᠬᠤᠪᠢ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠲᠦᠮᠡᠨ ᠰᠡᠳᠬᠢᠯ ᠬᠠᠨᠤᠮᠵᠢᠲᠠᠢ | ᠵᠠᠰᠠᠭ ᠤᠨ ᠤᠷᠳᠤᠨ ᠢ ᠴᠤᠭᠴᠠᠯᠠᠬᠤ ᠪᠠᠷ ᠴᠢᠷᠮᠠᠶᠢᠨ᠎ᠠ᠃ | ᠡᠷᠬᠢᠮ ᠲᠦᠯᠦᠭᠡᠯᠡᠭᠴᠢᠳ ᠡ᠂ ᠰᠢᠨ᠎ᠠ ᠴᠠᠭ ᠡᠷᠡᠨ ᠦᠶ᠎ᠡ ᠨᠢ ᠠᠷᠠᠳ ᠤᠨ ᠵᠠᠰᠠᠭ ᠤᠨ ᠤᠷᠳᠤᠨ ᠢ ᠡᠷᠬᠡᠪᠰᠢ | ᠰᠢᠨ᠎ᠠ ᠠᠭᠤᠷ ᠠᠮᠢᠰᠬᠤᠯ ᠲᠠᠢ ᠪᠠᠶᠢᠬᠤ ᠶᠢ ᠱᠠᠭᠠᠷᠳᠠᠵᠤ᠂ ᠰᠢᠨ᠎ᠠ ᠰᠢᠨ᠎ᠠ ᠬᠡᠪ ᠪᠠᠶᠢᠳᠠᠯ ᠨᠢ ᠠᠷᠠᠳ ᠤᠨ ᠵᠠᠰᠠᠭ | ᠤᠨ ᠤᠷᠳᠤᠨ ᠢ ᠡᠷᠬᠡᠪᠰᠢ ᠰᠢᠨ᠎ᠠ ᠤᠶᠢᠯᠡ ᠠᠵᠢᠯᠯᠠᠭ᠎ᠠ ᠲᠠᠢ ᠪᠠᠶᠢᠬᠤ ᠶᠢ ᠱᠠᠭᠠᠷᠳᠠᠨ᠎ᠠ᠃ ᠪᠢᠳᠡ ᠡᠭᠦᠷᠢᠳᠡ ᠴᠠᠭ | ᠦᠶ᠎ᠡ ᠶᠢᠨ ᠲᠡᠷᠢᠬᠦᠨ ᠳᠤ ᠪᠠᠶᠢᠷᠢᠰᠢᠵᠤ᠂ ᠴᠠᠭ ᠦᠶ᠎ᠡ ᠶᠢᠨ ᠰᠤᠳᠠᠰᠤᠨ ᠤ ᠴᠤᠬᠢᠯᠭ᠎ᠠ ᠲᠠᠢ ᠴᠢᠩᠭ᠎ᠠ ᠲᠠᠭᠠᠷᠠᠭᠤᠯᠵᠤ | ᠂ ᠠᠷᠠᠳ ᠲᠦᠮᠡᠨ ᠤ ᠳᠠᠭᠤ ᠶᠢ ᠬᠢᠴᠢᠶᠡᠩᠭᠦᠶᠢᠯᠡᠨ ᠰᠤᠨᠤᠰᠴᠤ᠂ ᠡᠬᠦᠷᠢᠳᠡ ᠰᠢᠭᠤᠷᠬᠠᠢ ᠠᠵᠢᠯᠯᠠᠵᠤ᠂ ᠤᠳᠠᠭᠠᠨ | ᠳᠠᠭᠠᠭᠠᠮᠠᠭᠠᠢ ᠵᠤᠷᠢᠭ ᠰᠠᠨᠠᠭᠠᠨ ᠤ ᠬᠡᠪ ᠨᠠᠮᠪᠠ ᠶᠢ ᠪᠠᠷᠢᠮᠲᠠᠯᠠᠨ᠂ ᠰᠤᠷᠤᠯᠴᠠᠬᠤ ᠴᠢᠳᠠᠪᠤᠷᠢ᠂ ᠦᠬᠡᠷᠡᠴᠢᠯᠡᠯᠲᠡ ᠬᠢᠵᠤ | ᠂ ᠰᠢᠨ᠎ᠠ ᠶᠢ ᠡᠬᠦᠳᠬᠦ ᠴᠢᠳᠠᠪᠤᠷᠢ᠂ ᠠᠶᠤᠯ ᠲᠦᠭᠰᠢᠬᠦᠷᠢ ᠶᠢ ᠡᠷᠬᠡᠰᠢᠶᠡᠬᠦ ᠴᠢᠳᠠᠪᠤᠷᠢ ᠪᠠᠨ ᠴᠢᠩᠭᠠᠳᠬᠠᠵᠤ᠂ ᠵᠠᠰᠠᠭ | ᠤᠨ ᠤᠷᠳᠤᠨ ᠤ ᠵᠠᠬᠢᠷᠤᠨ ᠵᠤᠬᠢᠴᠠᠭᠤᠯᠬᠤ ᠴᠢᠳᠠᠪᠤᠷᠢ ᠪᠤᠯᠤᠨ ᠤᠶᠢᠯᠡᠴᠢᠯᠡᠭᠡᠨ ᠤ ᠴᠢᠳᠠᠪᠤᠷᠢ ᠪᠠᠨ ᠳᠠᠰᠤᠷᠠᠯᠲᠠ | ᠦᠬᠡᠢ ᠳᠡᠭᠡᠭᠰᠢᠯᠡᠬᠦᠯᠵᠤ᠂ ᠦᠨᠡᠨᠴᠢ ᠰᠢᠳᠤᠷᠭᠤ ᠠᠵᠢᠯᠯᠠᠬᠤ᠂ ᠬᠠᠤᠯᠢ ᠶᠤᠰᠤᠭᠠᠷ ᠡᠬᠦᠷᠬᠡ ᠬᠦᠢᠴᠡᠳᠬᠡᠬᠦ᠂ ᠦᠨᠳᠦᠷ | ᠠᠰᠢᠭᠲᠠᠢ᠂ ᠴᠢᠬᠡᠴᠢ ᠠᠷᠢᠭᠤᠨ᠂ ᠠᠷᠠᠳ ᠲᠦᠮᠡᠨ ᠰᠡᠳᠬᠢᠯ ᠬᠠᠨᠤᠮᠵᠢᠲᠠᠢ ᠵᠠᠰᠠᠭ ᠤᠨ ᠤᠷᠳᠤᠨ ᠢ ᠪᠦᠲᠦᠬᠡᠨ | ᠪᠠᠶᠢᠭᠤᠯᠤᠨ᠎ᠠ᠃ | —— ᠦᠨᠡᠨᠴᠢ ᠰᠢᠳᠤᠷᠭᠤ ᠪᠠᠷ ᠡᠬᠦᠷᠬᠡ ᠬᠦᠢᠴᠡᠳᠬᠡᠬᠦ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠳᠤᠭᠤᠶᠢᠯᠠᠩ ᠤᠯᠤᠰ ᠲᠦᠷᠤ ᠶᠢᠨ ᠪᠦᠲᠦᠬᠡᠨ ᠪᠠᠶᠢᠭᠤᠯᠤᠯᠲᠠ ᠪᠠᠨ ᠪᠠᠲᠤᠲᠠᠢ ᠴᠢᠩᠭᠠᠳᠬᠠᠵᠤ᠂ ᠤᠯᠤᠰ ᠲᠦᠷᠤ | ᠶᠢᠨ ᠰᠠᠬᠢᠯᠭ᠎ᠠ ᠳᠦᠷᠢᠮ ᠪᠤᠯᠤᠨ ᠤᠯᠤᠰ ᠲᠦᠷᠤ ᠶᠢᠨ ᠶᠤᠰᠤ ᠳᠦᠷᠢᠮ ᠢ ᠪᠠᠲᠤ ᠰᠠᠬᠢᠵᠤ᠂ ᠦᠵᠡᠯ ᠰᠠᠨᠠᠭ᠎ᠠ | ᠤᠯᠤᠰ ᠲᠦᠷᠤ ᠤᠶᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠴᠦᠮ᠎ᠡ ᠪᠤᠯᠭᠠᠭᠰᠠᠨ ᠨᠠᠮ | ᠤᠨ ᠲᠦᠪ ᠬᠤᠷᠢᠶ᠎ᠠ ᠲᠠᠢ ᠦᠨᠳᠦᠷ ᠤᠨ ᠬᠡᠮᠵᠢᠶ᠎ᠡ ᠨᠢ ᠠᠳᠠᠯᠢᠪᠲᠤᠷ ᠪᠠᠶᠢᠬᠤ ᠶᠢ ᠪᠠᠲᠤᠯᠠᠨ᠎ᠠ᠃ ᠨᠠᠮ ᠤᠨ ᠤᠯᠤᠰ | ᠲᠦᠷᠤ ᠶᠢᠨ ᠠᠮᠢᠳᠤᠷᠠᠯ ᠢ ᠴᠢᠩᠭᠠᠳᠬᠠᠨ ᠳᠦᠷᠢᠮᠵᠢᠯᠡᠵᠤ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠪᠤᠯᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠵᠡᠷᠭᠡ ᠳᠦᠷᠢᠮ ᠢ | ᠪᠦᠷᠢᠨ ᠲᠡᠭᠦᠯᠳᠡᠷ ᠪᠤᠯᠭᠠᠨ᠎ᠠ᠃ ᠵᠠᠰᠠᠭ ᠤᠨ ᠤᠷᠳᠤᠨ ᠤ ᠬᠡᠷᠡᠭᠵᠢᠬᠦᠯᠬᠦ ᠴᠢᠳᠠᠮᠵᠢ ᠶᠢ ᠴᠢᠩᠭᠠᠳᠬᠠᠵᠤ᠂ ᠤᠬᠠᠮᠰᠠᠷ | ᠠᠴᠠ ᠪᠠᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ | ᠵᠢᠷᠤᠮ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠤ᠂ ᠣᠶᠢᠯᠡᠳᠤᠨ ᠣᠶᠢᠯᠡᠳᠤᠭ᠍ᠵᠢᠬᠦᠯᠵᠤ᠂ | ᠠᠵᠢᠯ ᠤᠨ ᠤᠷᠤᠭᠰᠢᠲᠠᠢ ᠶᠠᠪᠤᠭᠳᠠᠬᠤ ᠶᠢ ᠳᠦᠯᠬᠢᠨ ᠠᠬᠢᠭᠤᠯᠵᠤ᠂ ᠠᠷᠪᠠ ᠶᠢᠰᠦᠳᠦᠬᠡᠷ ᠬᠤᠷᠠᠯ ᠤᠨ ᠵᠤᠷᠢᠭ | ᠰᠠᠨᠠᠭ᠎ᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠭᠵᠢᠯᠲᠠ ᠶᠢ ᠳᠦᠯᠬᠢᠨ ᠠᠬᠢᠭᠤᠯᠬᠤ | ᠬᠦᠴᠦᠷᠭᠡᠭ ᠬᠦᠳᠡᠯᠭᠡᠭᠴᠢ ᠬᠦᠴᠤ ᠪᠤᠯᠤᠨ ᠪᠤᠳᠠᠲᠤ ᠦᠷ᠎ᠡ ᠠᠰᠢᠭ ᠪᠤᠯᠭᠠᠨ ᠬᠤᠪᠢᠷᠠᠭᠤᠯᠤᠨ᠎ᠠ᠃ ᠲᠦᠪ ᠬᠤᠷᠢᠶ᠎ᠠ᠂ | ᠦᠪᠡᠷᠲᠡᠭᠡᠨ ᠵᠠᠰᠠᠬᠤ ᠤᠷᠤᠨ᠂ ᠬᠤᠲᠠ ᠶᠢᠨ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ | ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠦᠨᠳᠤ ᠴᠢᠬᠤᠯᠠ ᠤᠴᠢᠷ ᠢ ᠡᠷᠬᠡᠪᠰᠢ ᠨᠠᠮ | ᠤᠨ ᠬᠤᠷᠢᠶᠠᠨ ᠠᠴᠠ ᠵᠦᠪᠰᠢᠶᠡᠷᠡᠯ ᠠᠪᠴᠤ ᠮᠡᠳᠡᠭᠳᠡᠯ ᠦᠭᠬᠦ ᠳᠦᠷᠢᠮ ᠢ ᠴᠢᠩᠭ᠎ᠠ ᠬᠡᠷᠡᠭᠵᠢᠬᠦᠯᠦᠨ᠎ᠡ᠃ ︽ᠤᠭ | ᠰᠠᠨᠠᠭ᠎ᠠ ᠪᠠᠨ ᠦᠯᠦ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠤᠪᠲᠤ ᠰᠤᠷᠭᠠᠨ | ᠬᠦᠮᠦᠵᠢᠯ ᠢ ᠦᠷᠨᠢᠬᠦᠯᠦᠨ᠂ ᠢᠲᠡᠭᠡᠯ ᠵᠤᠷᠢᠭ ᠬᠠᠲᠠᠭᠤ᠂ ᠤᠯᠤᠰ ᠲᠦᠷᠤ ᠬᠠᠲᠠᠭᠤ᠂ ᠬᠠᠷᠢᠭᠤᠴᠠᠯᠭ᠎ᠠ ᠬᠠᠲᠠᠭᠤ᠂ | ᠤᠪᠤᠷ ᠰᠤᠷᠲᠠᠯ ᠬᠠᠲᠠᠭᠤ ᠪᠠᠶᠢᠬᠤ ᠶᠢ ᠪᠠᠲᠤᠲᠠᠢ ᠪᠡᠶᠡᠯᠡᠬᠦᠯᠦᠨ᠎ᠡ᠃ | —— ᠬᠠᠤᠯᠢ ᠶᠤᠰᠤᠭᠠᠷ ᠡᠬᠦᠷᠭᠡ ᠬᠦᠢᠴᠡᠳᠬᠡᠬᠦ᠂ ᠬᠠᠤᠯᠢ ᠪᠠᠷ ᠵᠠᠰᠠᠬᠤ ᠰᠡᠳᠬᠢᠬᠦᠢ ᠶᠢ ᠪᠠᠲᠤᠲᠠᠢ ᠪᠤᠢ | ᠪᠤᠯᠭᠠᠵᠤ᠂ ᠦᠨᠳᠦᠰᠦᠨ ᠬᠠᠤᠯᠢ ᠪᠠᠷ ᠵᠠᠰᠠᠭ ᠶᠠᠪᠤᠭᠤᠯᠬᠤ᠂ ᠬᠠᠤᠯᠢ ᠪᠠᠷ ᠲᠦᠷᠤ ᠪᠠᠷᠢᠬᠤ ᠶᠢ ᠪᠠᠷᠢᠮᠲᠠᠯᠠᠨ᠂ ᠵᠠᠰᠠᠭ | ᠤᠨ ᠤᠷᠳᠤᠨ ᠤ ᠡᠬᠦᠷᠬᠡ ᠴᠢᠳᠠᠪᠤᠷᠢ᠂ ᠡᠷᠬᠡ ᠮᠡᠳᠡᠯ ᠤᠨ ᠬᠡᠪᠴᠢᠶ᠎ᠡ᠂ ᠶᠠᠪᠤᠴᠠ᠂ ᠬᠠᠷᠢᠭᠤᠴᠠᠯᠭ᠎ᠠ ᠨᠢ ᠬᠠᠤᠯᠢ | ᠶᠤᠰᠤᠨ ᠤ ᠪᠠᠶᠢᠬᠤ ᠶᠢ ᠳᠦᠯᠬᠢᠨ ᠠᠬᠢᠭᠤᠯᠤᠨ᠎ᠠ᠃ ︽ᠭᠤᠷᠪᠠᠨ ᠴᠢᠬᠤᠯᠠ ᠨᠢᠬᠡ ᠶᠡᠭᠡ︾ ᠬᠠᠮᠲᠤ ᠶᠢᠨ | ᠰᠢᠢᠳᠪᠤᠷᠢᠲᠤ ᠪᠤᠳᠤᠯᠭ᠎ᠠ᠂ ᠬᠠᠤᠯᠢ ᠶᠢᠨ ᠵᠦᠪᠯᠡᠭᠴᠢ᠂ ᠠᠷᠠᠳ ᠤᠯᠠᠨ ᠬᠡᠷᠡᠴᠢᠯᠡᠨ ᠰᠤᠨᠤᠰᠬᠤ ᠵᠡᠷᠭᠡ ᠳᠦᠷᠢᠮ | ᠢᠶᠠᠨ ᠰᠠᠶᠢᠳᠤᠷ ᠲᠤᠤᠱᠯᠠᠭᠤᠯᠵᠤ᠂ ᠴᠢᠩᠭ᠎ᠠ ᠨᠢᠮᠪᠠᠢ ᠪᠠᠷ ᠪᠠᠶᠢᠭᠤᠯᠤᠮᠵᠢ᠂ ᠨᠠᠶᠢᠷᠠᠭᠤᠯᠤᠨ ᠵᠤᠬᠢᠶᠠᠬᠤ ᠪᠤᠯᠤᠨ | ᠬᠦᠮᠦᠨ ᠤ ᠶᠠᠪᠤᠳᠠᠯ ᠤᠨ ᠰᠠᠬᠢᠯᠭ᠎ᠠ ᠪᠠᠲᠤ ᠶᠢ ᠰᠠᠬᠢᠵᠤ᠂ ᠵᠠᠰᠠᠭ ᠵᠠᠬᠢᠷᠭᠠᠨ ᠤ ᠠᠵᠢᠯᠯᠠᠭ᠎ᠠ ᠪᠠᠨ ᠨᠡᠩ ᠳᠦᠷᠮᠵᠢᠯᠡᠨᠡ | ᠃ ᠰᠠᠨᠠᠭᠠᠴᠢᠯᠠᠭ᠎ᠠ ᠠᠴᠠ ᠪᠠᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠂ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠬᠢᠨᠠᠯᠲᠠ ᠲᠠᠯᠪᠢᠬᠤ᠂ ᠨᠡᠶᠢᠬᠡᠮ ᠤᠨ ᠶᠡᠷᠢᠶ᠎ᠠ ᠬᠡᠯᠡᠯᠴᠡᠭᠡ ᠳᠤ | ᠬᠢᠨᠠᠯᠲᠠ ᠲᠠᠯᠪᠢᠬᠤ ᠶᠢ ᠬᠦᠯᠢᠶᠡᠨ ᠠᠪᠴᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ | ᠶᠢᠨ ᠰᠠᠨᠠᠯ᠂ ᠤᠯᠤᠰ ᠲᠦᠷᠤ ᠶᠢᠨ ᠵᠦᠪᠯᠡᠯᠭᠡᠨ ᠤ ᠪᠠᠶᠢᠩᠭᠤ ᠶᠢᠨ ᠭᠡᠰᠢᠬᠦᠨ ᠤ ᠰᠠᠨᠠᠯ ᠳᠤᠷᠠᠳᠬᠤ ᠬᠠᠨᠤᠮᠵᠢ ᠶᠢᠨ | ᠨᠤᠷᠮ᠎ᠠ ᠶᠢ ᠳᠠᠰᠤᠷᠠᠯᠲᠠ ᠦᠬᠡᠢ ᠳᠡᠭᠡᠭᠰᠢᠯᠡᠬᠦᠯᠦᠨ᠎ᠡ᠃ | —— ᠬᠢᠴᠢᠶᠡᠨ ᠴᠢᠷᠮᠠᠶᠢᠵᠤ ᠡᠬᠦᠷᠭᠡ ᠬᠦᠢᠴᠡᠳᠬᠡᠬᠦ᠂ ᠦᠨᠳᠦᠷ ᠦᠷ᠎ᠡ ᠠᠰᠢᠭ ᠢ ᠪᠤᠳᠠᠲᠠᠢ ᠪᠠᠷ ᠬᠠᠨᠳᠤᠬᠤ | ᠵᠠᠰᠠᠭ ᠤᠨ ᠤᠷᠳᠤᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠠᠷ ᠦᠵᠡᠬᠦ ᠪᠠᠷ ᠪᠠᠷᠢᠮᠲᠠᠯᠠᠵᠤ᠂ ᠬᠤᠭᠤᠰᠤᠨ | ᠪᠤᠳᠤᠬᠤ ᠦᠬᠡᠢ᠂ ᠨᠢᠬᠡ ᠨᠢᠬᠡ ᠠᠯᠬᠤᠮ ᠪᠠᠷ ᠠᠯᠬᠤᠨ᠂ ᠠᠵᠢᠯ ᠢᠶᠠᠨ ᠲᠤᠭᠲᠠᠪᠤᠷᠢᠲᠠᠢ ᠪᠡᠶᠡᠯᠡᠬᠦᠯᠦᠨ᠎ᠡ᠃ ︽ | ᠪᠤᠳᠤᠯᠭ᠎ᠠ ᠪᠠᠨ ᠢᠯᠡᠳᠬᠡᠬᠦ ᠤᠯᠠᠨ᠂ ᠪᠤᠳᠠᠲᠤ ᠤᠶᠢᠯᠡ ᠠᠵᠢᠯᠯᠠᠭ᠎ᠠ ᠴᠦᠬᠡᠨ᠂ ᠶᠠᠷᠢᠶ᠎ᠠ ᠶᠡᠭᠡ︾ ᠵᠡᠷᠭᠡ ᠠᠵᠢᠯᠯᠠᠭ᠎ᠠ | ᠳᠤ ᠡᠷᠡᠰ ᠴᠢᠩᠭ᠎ᠠ ᠵᠠᠰᠠᠯᠲᠠ ᠬᠢᠵᠤ᠂ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠲᠤᠯᠠᠬᠤ᠂ ᠠᠷᠠᠯᠵᠢᠶᠠᠴᠢᠨ | ᠤᠷᠢᠵᠤ ᠪᠡᠯᠡ ᠤᠷᠤᠭᠤᠯᠬᠤ᠂ ᠳᠦᠰᠦᠯ ᠢ ᠪᠦᠲᠦᠬᠡᠨ ᠪᠠᠶᠢᠭᠤᠯᠬᠤ᠂ ᠵᠠᠰᠠᠭ ᠤᠨ ᠤᠷᠳᠤᠨ ᠤ ᠦᠷᠢ ᠦᠭᠴᠢᠬᠡ ᠶᠢ | ᠰᠢᠢᠳᠪᠤᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠳᠠᠩᠰᠠ ᠡᠪᠬᠡᠮᠡᠯ ᠤᠨ ᠬᠠᠮᠢᠶᠠᠷᠤᠯᠲᠠ᠂ ᠲᠤᠭᠲᠠᠭᠰᠠᠨ | ᠬᠤᠭᠤᠴᠠᠭ᠎ᠠ ᠲᠠᠢ ᠤᠳᠤᠷᠢᠳᠬᠤ ᠳᠦᠷᠢᠮ ᠢ ᠴᠢᠩᠭ᠎ᠠ ᠲᠤᠤᠱᠯᠠᠭᠤᠯᠵᠤ᠂ ᠭᠠᠵᠠᠷ ᠲᠤᠨᠢ ᠠᠵᠢᠯᠯᠠᠬᠤ ᠪᠤᠯᠤᠨ | ᠮᠦᠷᠲᠡᠨ ᠪᠠᠶᠢᠴᠠᠭᠠᠬᠤ ᠬᠦᠴᠦᠨ ᠪᠠᠨ ᠴᠢᠩᠭᠠᠳᠬᠠᠵᠤ᠂ ᠶᠠᠪᠤᠴᠠ ᠶᠢ ᠡᠵᠡᠮᠳᠡᠬᠦ᠂ ᠦᠷ᠎ᠡ ᠠᠰᠢᠭ ᠢ ᠬᠢᠨᠠᠨ | ᠪᠠᠶᠢᠴᠠᠭᠠᠬᠤ᠂ ᠮᠦᠷᠲᠡᠨ ᠬᠠᠷᠢᠭᠤᠴᠠᠯᠭ᠎ᠠ ᠨᠡᠬᠡᠮᠵᠢᠯᠡᠬᠦ᠂ ᠦᠷ᠎ᠡ ᠪᠦᠲᠦᠮᠵᠢ ᠰᠢᠯᠭᠠᠨ ᠲᠤᠭᠲᠠᠭᠠᠬᠤ ᠪᠠᠨ | ᠴᠢᠩᠭᠠᠳᠬᠠᠨ᠂ ᠡᠯ᠎ᠡ ᠱᠠᠲᠤᠨ ᠤ ᠺᠠᠲᠠᠷᠴᠤᠳ ᠢ ᠬᠠᠮᠤᠭ ᠡᠮᠤᠨ᠎ᠡ ᠲᠠᠯ᠎ᠠ ᠳᠤ ᠭᠠᠷᠬᠤ ᠶᠢ ᠵᠢᠯᠤᠭᠤᠳᠤᠨ᠂ | ᠨᠢᠬᠡᠳᠤᠭᠡᠷ ᠹᠷᠤᠨᠲ ᠳᠤ ᠵᠤᠭᠰᠤᠨ᠂ ᠠᠷᠠᠳ ᠲᠦᠮᠡᠨ ᠲᠠᠢ ᠨᠡᠶᠢᠯᠡᠯᠴᠡᠵᠤ᠂ ᠨᠢᠭᠤᠷ ᠲᠤᠯᠭᠠᠵᠤ᠂ ᠰᠡᠳᠬᠢᠯ | ᠨᠡᠶᠢᠯᠡᠯᠴᠡᠵᠤ᠂ ᠤᠯᠠᠨ ᠲᠦᠮᠡᠨ ᠤ ᠠᠵᠢᠯ ᠢ ᠰᠠᠶᠢᠨ ᠬᠢᠵᠤ ᠬᠦᠭᠵᠢᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠨ᠂ | ᠠᠵᠢᠯ ᠤᠨ ᠤᠷᠤᠭᠰᠢᠲᠠᠢ ᠶᠠᠪᠤᠭᠳᠠᠬᠤ ᠶᠢ ᠳᠦᠯᠬᠢᠨ ᠠᠬᠢᠭᠤᠯᠤᠨ᠎ᠠ᠃ | —— ᠠᠷᠢᠭᠤᠨ ᠴᠢᠬᠡᠴᠢ ᠪᠠᠷ ᠡᠬᠦᠷᠭᠡ ᠬᠦᠢᠴᠡᠳᠬᠡᠬᠦ᠃ ᠪᠦᠬᠦ ᠲᠠᠯ᠎ᠠ ᠪᠠᠷ ᠨᠠᠮ ᠢ ᠵᠠᠰᠠᠬᠤ ᠭᠤᠤᠯ ᠴᠤᠭᠴᠠᠲᠤ | ᠬᠠᠷᠢᠭᠤᠴᠠᠯᠭ᠎ᠠ ᠶᠢ ᠴᠢᠩᠭ᠎ᠠ ᠪᠠᠷ ᠨᠠᠶᠢᠳᠠᠪᠤᠷᠢᠵᠢᠭᠤᠯᠵᠤ᠂ ᠲᠦᠪ ᠤᠨ ᠨᠠᠢᠮᠠᠨ ᠵᠤᠷᠪᠤᠰ ᠲᠤᠭᠲᠠᠭᠠᠯ ᠵᠢᠴᠢ | ᠬᠡᠷᠡᠭᠵᠢᠬᠦᠯᠬᠦ ᠨᠠᠷᠢᠨ ᠳᠦᠷᠢᠮ ᠢ ᠬᠦᠨᠵᠡᠭᠡᠢ ᠬᠡᠷᠡᠭᠵᠢᠬᠦᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ | ᠴᠢᠬᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠠᠵᠢᠯ ᠢ ᠦᠨᠡᠨ ᠬᠦ ᠴᠢᠩᠭᠠᠳᠬᠠᠨ᠎ᠠ᠃ | ᠳᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠢ ᠬᠠᠮᠢᠶᠠᠷᠬᠤ ᠬᠦᠮᠦᠨ ᠢ ᠬᠠᠮᠢᠶᠠᠷᠬᠤ ᠪᠠᠨ ᠪᠠᠷᠢᠮᠲᠠᠯᠠᠨ᠂ ︽ᠨᠢᠬᠡ | ᠪᠠᠶᠢᠷᠢ ᠬᠤᠤᠰ ᠬᠠᠷᠢᠭᠤᠴᠠᠯᠭ᠎ᠠ︾᠂ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠡᠷᠬᠡ ᠬᠡᠷᠡᠭᠵᠢᠬᠦᠯᠬᠦ ᠬᠢᠨᠠᠯᠲᠠ | ᠶᠢᠨ ᠳᠦᠷᠢᠮ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠵᠠᠰᠠᠭ ᠤᠨ ᠤᠷᠳᠤᠨ ᠤ ᠪᠡᠯᠡ | ᠤᠷᠤᠭᠤᠯᠤᠯᠲᠠ ᠪᠤᠯᠤᠨ ᠬᠤᠳᠠᠯᠳᠤᠨ ᠪᠤᠯᠤᠨ ᠬᠤᠳᠠᠯᠳᠤᠨ ᠠᠪᠬᠤ᠂ ᠡᠬᠢ ᠪᠠᠶᠠᠯᠢᠭ ᠤᠨ ᠳᠤᠬᠢᠷᠠᠭᠤᠯᠤᠯᠲᠠ ᠬᠢᠬᠦ᠂ | ᠢᠨᠵᠧᠨᠧᠷᠢᠩ ᠢ ᠪᠦᠲᠦᠬᠡᠨ ᠪᠠᠶᠢᠭᠤᠯᠬᠤ ᠵᠡᠷᠭᠡ ᠠᠵᠢᠯᠯᠠᠭ᠎ᠠ ᠪᠠᠨ ᠳᠦᠷᠢᠮᠵᠢᠬᠦᠯᠵᠤ᠂ ᠰᠢᠨ᠎ᠠ ᠤᠷᠢᠳᠴᠢᠯᠠᠨ | ᠪᠤᠳᠤᠬᠤ ᠠᠷᠭ᠎ᠠ ᠶᠢ ᠨᠢᠮᠪᠠᠢ ᠬᠡᠷᠡᠭᠵᠢᠬᠦᠯᠦᠨ᠂ ᠭᠤᠷᠪᠠᠨ ᠵᠤᠶᠢᠯ ᠤᠨ ᠠᠯᠪᠠᠨ ᠤ ᠵᠠᠷᠤᠳᠠᠯ ᠢ ᠴᠢᠩᠭ᠎ᠠ ᠡᠵᠡᠮᠰᠢᠵᠤ᠂ | ᠠᠷᠢᠭᠤᠨ ᠴᠢᠭᠡᠴᠢ ᠶᠢᠨ ︽ᠪᠠᠲᠤ ᠬᠡᠷᠡᠮ︾ ᠢ ᠪᠠᠬᠢᠵᠢᠬᠦᠯᠵᠤ᠂ ᠨᠡᠶᠢᠲᠡ ᠶᠢᠨ ᠪᠡᠯᠡ ᠮᠦᠩᠭᠦ ᠦᠨᠳᠦᠷ ᠠᠰᠢᠭᠯᠠᠮᠵᠢ | ᠲᠠᠢ᠂ ᠨᠡᠶᠢᠲᠡ ᠶᠢᠨ ᠡᠬᠢ ᠪᠠᠶᠠᠯᠢᠭ ᠵᠤᠬᠢᠰᠲᠠᠢ ᠳᠤᠬᠢᠷᠠᠭᠤᠯᠤᠯᠲᠠ ᠲᠠᠢ᠂ ᠨᠡᠶᠢᠲᠠ ᠶᠢᠨ ᠡᠷᠬᠡ ᠬᠡᠷᠡᠯ ᠲᠠᠢ ᠪᠠᠷ | ᠶᠠᠪᠤᠭᠳᠠᠬᠤ ᠶᠢ ᠪᠠᠲᠤᠯᠠᠨ᠎ᠠ᠃ | ᠡᠷᠬᠢᠮ ᠲᠦᠯᠦᠭᠡᠯᠡᠭᠴᠢᠳ ᠡ᠂ ᠰᠢᠨ᠎ᠠ ᠴᠠᠭ ᠡᠷᠡᠨ ᠰᠢᠨ᠎ᠡ ᠡᠬᠦᠷᠬᠡ ᠳᠤᠰᠢᠶᠠᠯ ᠢ ᠤᠯᠭᠤᠵᠤ᠂ ᠰᠢᠨ᠎ᠠ | ᠬᠠᠷᠠᠯᠲᠠ ᠨᠢ ᠰᠢᠨ᠎ᠠ ᠠᠶᠠᠯᠠᠯ ᠤᠨ ᠵᠠᠮ ᠢ ᠡᠬᠢᠯᠡᠬᠦᠯᠦᠨ᠎ᠡ᠃ ᠪᠢᠳᠡ ᠰᠢ ᠵᠢᠩ ᠫᠢᠩ ᠨᠦᠬᠦᠷ ᠢᠶᠠᠷ ᠭᠤᠤᠯ ᠴᠦᠮ᠎ᠠ | ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠢᠭᠲᠠᠷᠠᠨ ᠪᠦᠯᠬᠦᠮᠳᠡᠵᠤ᠂ ᠨᠠᠮ ᠤᠨ ᠠᠷᠪᠡ ᠶᠢᠰᠦᠳᠦᠭᠡᠷ ᠬᠤᠷᠠᠯ ᠤᠨ | ᠵᠤᠷᠢᠭ ᠰᠠᠨᠠᠭ᠎ᠠ ᠪᠤᠯᠤᠨ ᠰᠢ ᠵᠢᠩ ᠫᠢᠩ ᠰᠢᠨ᠎ᠠ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ | ᠨᠡᠶᠢᠬᠡᠮ ᠵᠢᠷᠤᠮ ᠤᠨ ᠵᠤᠷᠢᠭ ᠰᠠᠨᠠᠭ᠎ᠠ ᠶᠢᠨ ᠵᠢᠯᠤᠭᠤᠳᠤᠯᠭ᠎ᠠ ᠳᠤᠤᠷ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶ᠎ᠠ ᠶᠢᠨ ᠡᠷᠡᠰ ᠬᠠᠳᠠᠭᠤ | ᠤᠳᠤᠷᠢᠳᠤᠯᠭ᠎ᠠ ᠳᠤᠤᠷ᠎ᠠ᠂ ᠰᠢ ᠵᠢᠩ ᠫᠢᠩ ᠶᠡᠷᠤᠩᠭᠡᠢ ᠱᠦᠵᠢ ᠶᠢᠨ ︽ᠦᠵᠡᠰᠭᠦᠯᠡᠩᠲᠤ ᠰᠠᠶᠢᠬᠠᠨ ᠦᠪᠤᠷ | ᠮᠤᠩᠭᠤᠯ ᠢ ᠪᠦᠲᠦᠬᠡᠨ ᠪᠠᠶᠢᠭᠤᠯᠵᠤ᠂ ᠬᠠᠮᠲᠤ ᠪᠠᠷ ᠠᠭᠤᠤ ᠶᠡᠭᠡ ᠳᠤᠮᠲᠠᠳᠤ ᠶᠢᠨ ᠬᠦᠰᠡᠯ ᠵᠡᠬᠦᠳᠤ ᠶᠢ ᠪᠡᠶᠡᠯᠡᠬᠦᠯᠬᠦ︾ | ᠴᠢᠩ ᠰᠡᠳᠬᠢᠯ ᠤᠨ ᠨᠠᠶᠢᠳᠠᠯᠭ᠎ᠠ ᠶᠤᠰᠤᠭᠠᠷ᠂ ᠰᠡᠳᠬᠢᠯ ᠢᠶᠠᠨ ᠨᠢᠬᠡᠳᠤᠨ ᠬᠦᠴᠤ ᠪᠠᠨ ᠬᠠᠮᠳᠤᠳᠬᠠᠵᠤ᠂ ᠴᠢᠩᠭ᠎ᠠ | ᠠᠳᠬᠤᠵᠤ ᠰᠢᠷᠭᠠᠭᠤ ᠠᠵᠢᠯᠯᠠᠵᠤ᠂ ᠡᠷᠡᠰ ᠵᠤᠷᠢᠭᠯᠠᠨ ᠵᠢᠳᠬᠦᠨ ᠴᠢᠷᠮᠠᠶᠢᠵᠤ᠂ ᠬᠦᠴᠢᠷ ᠪᠡᠷᠭᠡ ᠶᠢ ᠢᠯᠠᠨ ᠳᠠᠪᠠᠵᠤ᠂ | ᠬᠦᠴᠦᠷᠬᠡᠭ᠂ ᠠᠷᠳᠴᠢᠯᠠᠯ᠂ ᠪᠤᠯᠪᠠᠰᠤᠨ᠂ ᠡᠶ᠎ᠡ ᠵᠤᠬᠢᠴᠠᠩᠭᠤᠢ᠂ ᠦᠵᠡᠰᠬᠦᠯᠡᠩ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ ᠶᠢ ᠪᠦᠲᠦᠬᠡᠨ ᠪᠠᠶᠢᠭᠤᠯᠬᠤ ᠪᠠᠷ ᠰᠢᠨᠲᠠᠷᠠᠰᠢ ᠦᠬᠡᠢ ᠲᠡᠮᠡᠴᠡᠨ᠎ᠡ ︔ | ᠣᠷᠴᠢᠭᠤᠯᠣᠭᠴᠢ᠄ ᠰᠡᠴᠡᠩᠭᠤᠸ᠎ᠠ | |