ᠭᠤᠤᠯ ᠰᠡᠳᠤᠪ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠲᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2019-01-14
     ᠭᠤᠤᠯ ᠰᠡᠳᠤᠪ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ                    ᠬᠠᠮᠢᠶᠠᠷᠤᠯᠲᠠ ᠶᠢᠨ ᠲᠤᠪᠴᠢᠶᠠᠨ ᠤ ᠲᠤᠰᠬᠠᠢ ᠰᠤᠷᠪᠤᠯᠵᠢᠯᠠᠭ᠎ᠠ ᠴᠠᠭ᠄ 2018 ᠤᠨ ᠤ 12 ᠰᠠᠷ᠎ᠠ ᠶᠢᠨ 3 ᠤ ᠡᠳᠤᠷ ᠡᠷᠬᠢᠮ ᠵᠤᠴᠢᠨ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ ᠸᠠᠩ ᠬᠠᠢ ᠳ᠋ᠦᠩ ᠲᠤᠪᠴᠢᠯᠠᠯ᠄ ᠨᠠᠮ ᠤᠨ ᠠᠷᠪᠠ ᠶᠢᠰᠤᠳᠦᠬᠡᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ᠄ ᠳᠤᠮᠳᠠᠲᠤ ᠤᠯᠤᠰ  ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠠ ᠴᠠᠭ ᠦᠶ᠎ᠡ ᠳᠤ ᠤᠷᠤᠪᠠ᠂ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠨᠢᠭᠡᠨᠲᠠ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ  ᠤᠨ ᠬᠡᠷᠡᠭᠴᠡᠭᠡ ᠪᠤᠯᠤᠨ ᠲᠡᠩᠴᠡᠭᠦᠷᠢ ᠦᠬᠡᠢ ᠬᠦᠢᠴᠡᠳ ᠦᠬᠡᠢ ᠬᠦᠭᠵᠢᠯᠲᠠ ᠶᠢᠨ ᠬᠤᠭᠤᠷᠤᠨᠳᠤᠬᠢ ᠵᠦᠷᠢᠴᠡᠯ ᠪᠤᠯᠵᠤ ᠬᠤᠪᠢᠷᠠᠪᠠ᠂ ᠡᠨᠡ ᠬᠦ ᠴᠢᠬᠤᠯᠠ ᠨᠤᠲᠠᠯᠠᠯᠲᠠ ᠨᠢ ᠮᠠᠨ ᠤ ᠡᠯ᠎ᠡ ᠵᠤᠶᠢᠯ ᠤᠨ ᠤᠶᠢᠯᠡᠰ ᠤᠨ ᠬᠦᠭᠵᠢᠯᠲᠠ ᠳᠤ ᠴᠢᠬᠤᠯᠠ ᠵᠢᠯᠤᠭᠤᠳᠤᠯᠭ᠎ᠠ ᠬᠠᠩᠭᠠᠭᠰᠠᠨ ᠶᠤᠮ᠃ ᠬᠤᠲᠠ ᠨᠢ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠨ᠎ᠠ᠃ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠱᠠᠭᠠᠷᠳᠠᠯᠭ᠎ᠠ ᠶᠢ ᠬᠠᠩᠭᠠᠬᠤ ᠳᠤ ᠶᠠᠮᠠᠷ ᠰᠢᠤ ᠶᠠᠩᠵᠤ ᠶᠢᠨ ᠬᠤᠲᠠ ᠢ ᠪᠦᠲᠦᠬᠡᠨ ᠪᠠᠶᠢᠭᠤᠯᠪᠠᠯ ᠵᠤᠬᠢᠰᠲᠠᠢ ᠪᠤᠢ᠂ ᠡᠶᠢᠮᠤᠷᠬᠦᠤ ᠨᠢᠬᠡᠨ ᠬᠤᠲᠠ ᠢ ᠬᠡᠷᠬᠢᠨ ᠬᠠᠮᠢᠶᠠᠷᠪᠠᠯ ᠵᠤᠬᠢᠬᠤ ᠪᠤᠢ᠂ ᠶᠠᠮᠠᠷ ᠰᠢᠤ ᠶᠠᠩᠵᠤ ᠶᠢᠨ ᠬᠤᠲᠠ ᠰᠠᠶ᠋ᠢ ︽ᠵᠠᠩ ᠴᠢᠨᠠᠷ ᠲᠠᠢ ᠬᠤᠲᠠ︾ ᠳᠤ ᠲᠤᠭᠠᠴᠢᠭᠳᠠᠬᠤ ᠪᠤᠢ᠂ ᠬᠦᠮᠦᠨ ᠨᠢᠬᠡᠪᠤᠷᠢ ᠶᠢᠨ ᠰᠡᠳᠬᠢᠯ ᠳᠤᠮᠳᠠᠬᠢ ᠬᠠᠷᠢᠭᠤᠯᠲᠠ ᠨᠢ ᠴᠦᠮ ᠠᠳᠠᠯᠢ ᠦᠬᠡᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ ᠸᠠᠩ ᠬᠠᠢ ᠳ᠋ᠦᠩ 2018 ᠤᠨ ᠳᠤ ᠴᠠᠬᠠᠷ ᠪᠠᠷᠠᠭᠤᠨ ᠬᠤᠶᠢᠲᠤ ᠬᠤᠰᠢᠭᠤ ᠬᠤᠲᠠ ᠶᠢᠨ ᠬᠠᠮᠢᠶᠠᠷᠤᠯᠲᠠ ᠳᠡᠭᠡᠷ᠎ᠡ ᠳᠤᠪᠤᠶᠢᠮ᠎ᠠ ᠠᠮᠵᠢᠯᠲᠠ ᠤᠯᠤᠭᠰᠠᠨ ᠤ ᠳᠤᠬᠠᠢ ᠰᠤᠷᠪᠤᠯᠵᠢᠯᠠᠭ᠎ᠠ ᠶᠢ ᠬᠦᠯᠢᠶᠡᠪᠡ᠃ ᠭᠤᠤᠯ ᠠᠭᠤᠯᠭ᠎ᠠ᠄ ᠬᠦᠲᠦᠯᠦᠭᠴᠢ᠄ ᠨᠠᠮ ᠤᠨ ᠠᠷᠪᠠ ᠶᠢᠰᠦᠳᠤᠬᠡᠷ ᠬᠤᠷᠠᠯ ᠤᠨ ᠢᠯᠡᠳᠭᠡᠯ ᠳᠤ ᠳᠤᠷᠠᠳᠤᠭᠰᠠᠨ ᠨᠢ᠄ ᠳᠤᠮᠳᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠠ ᠴᠠᠭ ᠦᠶ᠎ᠡ ᠳᠤ ᠤᠷᠤᠪᠠ᠂ ᠮᠠᠨ ᠤ ᠤᠯᠤᠰ ᠤᠨ ᠨᠡᠶᠢᠬᠡᠮ  ᠤᠨ ᠭᠤᠤᠯ ᠵᠦᠷᠢᠴᠡᠯ ᠨᠢᠬᠡᠨᠲᠠ ᠠᠷᠠᠳ ᠲᠦᠮᠡᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠤᠯᠤᠨ ᠲᠡᠩᠴᠡᠭᠦᠷᠢ ᠦᠬᠡᠢ ᠬᠦᠴᠦᠨ ᠦᠬᠡᠢ ᠬᠦᠭᠵᠢᠯᠲᠠ ᠶᠢᠨ ᠬᠤᠭᠤᠷᠤᠨᠳᠤᠬᠢ ᠵᠦᠷᠢᠴᠡᠯ ᠪᠤᠯᠵᠤ ᠬᠤᠪᠢᠷᠠᠪᠠ᠂ ᠡᠨᠡ ᠬᠦ ᠴᠢᠬᠤᠯᠠ ᠨᠤᠲᠠᠯᠠᠯᠲᠠ ᠨᠢ ᠮᠠᠨ ᠤ ᠡᠯ᠎ᠡ ᠵᠤᠶᠢᠯ ᠤᠨ ᠤᠶᠢᠯᠡᠰ ᠤᠨ ᠬᠦᠭᠵᠢᠯᠲᠠ ᠳᠤ ᠴᠢᠬᠤᠯᠠ ᠵᠢᠯᠤᠭᠤᠳᠤᠯᠭ᠎ᠠ ᠬᠠᠩᠭᠠᠭᠰᠠᠨ ᠶᠤᠮ᠃ ᠬᠤᠲᠠ ᠨᠢ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠨ᠎ᠠ᠃ ᠠᠷᠠᠳ ᠲᠦᠮᠡᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠳᠤ ᠶᠠᠮᠠᠷ ᠶᠠᠩᠵᠤ ᠶᠢᠨ ᠬᠤᠲᠠ ᠶᠢ ᠪᠦᠲᠦᠬᠡᠨ ᠪᠠᠶᠢᠭᠤᠯᠪᠠᠯ ᠵᠤᠬᠢᠰᠲᠠᠢ ᠪᠤᠢ᠂ ᠡᠶᠢᠮᠤᠷᠬᠦᠤ ᠨᠢᠬᠡᠨ ᠬᠤᠲᠠ ᠶᠢ ᠬᠡᠷᠬᠢᠨ ᠬᠠᠮᠢᠶᠠᠷᠤᠪᠠᠯ ᠵᠤᠬᠢᠬᠤ ᠪᠤᠢ᠂ ᠶᠠᠮᠠᠷ ᠶᠠᠩᠵᠤ ᠶᠢᠨ ᠬᠤᠲᠠ ᠰᠠᠶ᠋ᠢ ︽ᠵᠠᠩ ᠴᠢᠨᠠᠷ ᠲᠠᠢ ᠬᠤᠲᠠ︾ ᠳᠤ ᠲᠤᠭᠠᠴᠢᠭᠳᠠᠬᠤ ᠪᠤᠢ᠂ ᠬᠦᠮᠦᠨ ᠨᠢᠬᠡᠪᠤᠷᠢ ᠶᠢᠨ ᠰᠡᠳᠬᠢᠯ ᠳᠤᠲᠤᠷᠠᠬᠢ ᠬᠠᠷᠢᠭᠤᠯᠲᠠ ᠨᠢ ᠴᠦᠮ ᠠᠳᠠᠯᠢ ᠦᠬᠡᠢ ᠶᠤᠮ᠃ ᠦᠨᠦᠳᠦᠷ ᠪᠢᠳᠡ ᠵᠤᠯ ᠢᠶᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ ᠸᠠᠩ ᠬᠠᠢ ᠳ᠋ᠦᠩ ᠢ ᠤᠷᠢᠵᠤ ᠲᠤᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠢᠪᠠ᠃ ᠸᠠᠩ ᠳᠠᠷᠤᠭ᠎ᠠ ᠲᠠᠨ ᠢ ᠪᠠᠶᠠᠷᠯᠠᠨ ᠤᠭᠲᠤᠶ᠎ᠠ︕ ᠸᠠᠩ ᠲᠤᠪᠴᠢᠶᠠᠨ ᠳᠠᠷᠤᠭ᠎ᠠ᠄ ᠬᠦᠲᠦᠯᠦᠭᠴᠢ ᠰᠠᠶᠢᠨ ᠤᠤ᠂ ᠦᠷᠭᠡᠨ ᠤᠯᠠᠨ ᠦᠵᠡᠭᠴᠢᠳ ᠲᠠᠨᠠᠷ ᠰᠠᠶᠢᠨ ᠤᠤ᠂ ᠠᠳᠡ ᠦᠷᠭᠡᠨ ᠤᠯᠠᠨ ᠦᠵᠡᠭᠴᠢᠳ ᠨᠠᠶᠢᠵᠠ ᠨᠠᠷ ᠳᠠᠭᠠᠨ ᠬᠤᠲᠠ ᠶᠢᠨ ᠬᠠᠮᠢᠶᠠᠷᠤᠯᠲᠠ ᠳᠣᠮᠳᠠ ᠳᠤᠪᠤᠶᠢᠮ᠎ᠠ ᠠᠮᠵᠢᠯᠲᠠ ᠤᠯᠤᠭᠰᠠᠨ ᠵᠤᠶᠢᠯ ᠢᠶᠠᠨ ᠬᠤᠪᠢᠶᠠᠨ ᠡᠳ᠋ᠯᠡᠬᠦ ᠪᠤᠯᠤᠭᠰᠠᠨ ᠳᠠᠭᠠᠨ ᠲᠤᠩ ᠪᠠᠶᠠᠷᠲᠠᠢ ᠪᠠᠶᠢᠨ᠎ᠠ᠃ ᠪᠠᠰᠠ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠡᠨᠡ ᠬᠦ ᠳᠡᠪᠴᠢᠩ ᠢ ᠠᠰᠢᠭᠯᠠᠨ᠂ ᠮᠠᠨ ᠤ ᠬᠤᠲᠠ ᠶᠢᠨ ᠠᠷᠠᠳ ᠤᠯᠠᠨ  ᠤ ᠤᠬᠠᠮᠰᠠᠷ ᠠᠴᠠ ᠪᠠᠨ ᠬᠠᠤᠯᠢ ᠶᠢ ᠰᠠᠬᠢᠬᠤ ᠦᠵᠡᠯ ᠤᠬᠠᠮᠰᠠᠷ ᠢ ᠤᠯᠠᠮ ᠨᠢᠬᠡ ᠠᠯᠬᠤᠮ ᠴᠢᠩᠭᠠᠳᠬᠠᠵᠤ ᠪᠤᠯᠪᠠᠰᠤᠨ ᠠᠮᠢᠳᠤᠷᠠᠯ ᠤᠨ ᠳᠠᠳᠬᠠᠯ ᠢ ᠪᠤᠢ ᠪᠤᠯᠭᠠᠨ᠂ ᠬᠠᠮᠲᠤᠪᠠᠷ ᠢᠶᠠᠨ ︽ᠬᠤᠲᠠ ᠶᠢᠨ ᠡᠵᠡᠨ︾ ᠤ ᠤᠶᠢᠯᠡᠳᠤᠯ  ᠢ ᠪᠠᠳᠠᠷᠠᠭᠤᠯᠤᠨ᠂ ᠡᠶ᠎ᠡ ᠵᠤᠬᠢᠴᠠᠩᠭᠤᠢ ᠬᠡᠷ ᠤᠷᠤᠨ ᠢ ᠪᠦᠲᠦᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ  ᠶᠢ ᠬᠦᠰᠡᠵᠤ ᠪᠠᠶᠢᠨ᠎ᠠ᠃ ᠬᠦᠲᠦᠯᠦᠭᠴᠢ᠄ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠤ᠂ ︽ᠰᠠᠶᠢᠨ ᠰᠠᠶᠢᠬᠠᠨ ᠠᠮᠢᠳᠤᠷᠠᠯ︾ ᠨᠡᠶᠢᠲᠠ 14 ᠤᠳᠠᠭ᠎ᠠ ᠢᠯᠡᠷᠡᠪᠡ᠂ ᠡᠬᠦᠨ ᠠᠴᠠ ᠲᠡᠬᠦᠨ ᠤ ᠴᠢᠬᠤᠯᠠ ᠴᠢᠨᠠᠷ᠂ ᠪᠤᠳᠠᠲᠤ ᠴᠢᠨᠠᠷ ᠢ ᠦᠵᠡᠵᠤ ᠭᠠᠷᠤᠨ᠎ᠠ᠂ ᠵᠠᠩ ᠴᠢᠨᠠᠷᠲᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠲᠦᠬᠡᠨ ᠪᠠᠶᠢᠭᠤᠯᠬᠤ ᠳᠤ ᠬᠠᠮᠤᠭ  ᠤᠨ ᠲᠡᠷᠢᠬᠦᠨ ᠳᠤ ᠡᠷᠬᠡᠪᠰᠢ ︽ᠬᠦᠮᠦᠨ ᠪᠠᠷ ᠦᠨᠳᠦᠰᠤ ᠪᠤᠯᠭᠠᠬᠤ︾ ᠶᠢ ᠪᠠᠷᠢᠮᠲᠠᠯᠠᠨ᠂ ᠠᠷᠠᠳ ᠤᠯᠠᠨ ᠤ ᠬᠠᠨᠤᠮᠵᠢ ᠪᠠᠷ ᠪᠠᠷᠢᠮᠵᠢᠶ᠎ᠠ ᠪᠠᠨ ᠪᠤᠯᠭᠠᠨ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠪᠠᠷ ᠳᠠᠮᠵᠢᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢ ᠪᠡᠶᠡᠯᠡᠬᠦᠯᠦᠨ᠎ᠡ᠂ ᠲᠡᠭᠡᠪᠡᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠳᠡᠭᠡᠷ᠎ᠡ ᠶᠠᠮᠠᠷ ᠶᠠᠮᠠᠷ ᠤᠯᠤᠯᠲᠠ ᠤᠯᠤᠭᠰᠠᠨ ᠪᠤᠢ︖ ᠸᠠᠩ ᠲᠤᠪᠴᠢᠶᠠᠨ ᠳᠠᠷᠤᠭ᠎ᠠ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ  ᠶᠢᠨ ᠲᠤᠪᠴᠢᠶ᠎ᠠ ᠨᠠᠷᠢᠨ ᠬᠢᠨᠠᠮᠠᠭᠠᠢ ᠪᠠᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ᠂ ︽ᠪᠦᠬᠦ ᠤᠷᠤᠨ ᠤ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠤᠨ︾ ᠤ ᠠᠵᠢᠯ ᠢ ᠰᠠᠶᠢᠳᠤᠷ ᠦᠷᠨᠢᠬᠦᠯᠦᠨ᠎ᠠ᠃ ᠨᠢᠬᠡ ᠨᠢ ᠪᠤᠯ ᠴᠠᠬᠠᠷ ᠪᠠᠷᠠᠭᠤᠨ ᠬᠤᠶᠢᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠲᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠪᠠᠨ ᠪᠠᠷᠢᠮᠲᠠᠯᠠᠨ᠂ ᠨᠠᠮ ᠤᠨ ᠠᠷᠪᠠ ᠶᠢᠰᠦᠳᠦᠬᠡᠷ ᠬᠤᠷᠠᠯ ᠤᠨ ᠵᠤᠷᠢᠭ ᠰᠠᠨᠠᠭ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠳᠦᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠲᠠ ᠬᠤᠷᠠᠯ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠦᠷᠪᠡᠳᠤᠬᠡᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠵᠣ᠂ ︽ᠭᠤᠷᠪᠠ ᠶᠢ ᠠᠯᠳᠠᠯ ᠦᠬᠡᠢ ᠠᠳᠬᠤᠬᠤ︾ ᠶᠢ ᠪᠠᠷᠢᠮᠲᠠᠯᠠᠨ᠂ ᠤᠯᠤᠰ ᠲᠦᠷᠤ ᠶᠢᠨ ᠪᠦᠲᠦᠬᠡᠨ ᠪᠠᠶᠢᠭᠤᠯᠤᠯᠲᠠ ᠶᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠨᠢ ᠪᠤᠯ ᠨᠠᠮ ᠤᠨ ᠳᠦᠷᠢᠮ ᠢ ᠰᠠᠶᠢᠳᠤᠷ ᠲᠤᠤᠱᠲᠠᠢ ᠰᠤᠷᠤᠯᠴᠠᠨ ᠬᠠᠮᠠᠭᠠᠯᠠᠵᠤ᠂ ᠤᠯᠤᠰ ᠲᠦᠷᠦ ᠶᠢᠨ ᠪᠦᠲᠦᠬᠡᠨ ᠪᠠᠶᠢᠭᠤᠯᠤᠯᠲᠠ ᠶᠢᠨ ᠦᠨᠳᠦᠰᠦᠨ ᠠᠵᠢᠯ ᠢ ᠪᠤᠳᠠᠲᠠᠢ ᠪᠤᠯᠭᠠᠨ᠎ᠠ᠃ ᠭᠤᠷᠪᠠ ᠨᠢ ᠪᠤᠯ ᠨᠠᠮ ᠤᠨ ᠳᠤᠲᠤᠭᠠᠳᠤ ᠶᠢᠨ ᠤᠯᠤᠰ ᠲᠦᠷᠤ ᠶᠢᠨ ᠠᠮᠢᠳᠤᠷᠠᠯ ᠢ ᠲᠦᠪ ᠴᠢᠩᠭ᠎ᠠ ᠪᠠᠶᠢᠯᠭᠠᠵᠤ᠂ ᠤᠯᠤᠰ ᠲᠦᠷᠤ ᠶᠢᠨ ᠪᠦᠲᠦᠬᠡᠨ ᠪᠠᠶᠢᠭᠤᠯᠤᠯᠲᠠ ᠶᠢᠨ ᠦᠨᠳᠦᠰᠦᠨ ᠵᠠᠮ ᠢ ᠴᠢᠩᠭ᠎ᠠ ᠠᠳᠬᠤᠵᠤ᠂ ᠦᠵᠡᠯ ᠰᠠᠨᠠᠭᠠᠨ ᠤ ᠪᠦᠲᠦᠬᠡᠨ ᠪᠠᠶᠢᠭᠤᠯᠤᠯᠲᠠ ᠪᠠᠷ ᠰᠠᠭᠤᠷᠢ ᠪᠤᠯᠭᠠᠨ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠲᠤ ᠦᠵᠡᠯ ᠰᠠᠨᠠᠭ᠎ᠠ ᠪᠠᠷ ᠨᠠᠮ ᠤᠨ ᠬᠡᠰᠢᠬᠦᠳ ᠶᠢᠨ ᠦᠵᠡᠯ ᠰᠠᠨᠠᠭ᠎ᠠ ᠶᠢ ᠵᠡᠪᠰᠡᠭᠯᠡᠨ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠬᠦᠭᠵᠢᠯᠲᠠ ᠶᠢ ᠳᠦᠯᠬᠢᠨ ᠠᠬᠢᠭᠤᠯᠵᠤ᠂ ᠡᠩᠨᠡᠬᠡᠨ ᠤ ᠰᠠᠬᠢᠯᠭ᠎ᠠ ᠪᠠᠲᠤ ᠤᠪᠤᠷ ᠰᠤᠷᠲᠠᠯ ᠤᠨ ᠪᠠᠶᠢᠭᠤᠯᠤᠯᠲᠠ ᠢ ᠴᠢᠩᠭᠠᠳᠬᠠᠵᠤ᠂ ᠬᠤᠲᠠ ᠶᠢᠨ ᠦᠵᠡᠮᠵᠢ ᠶᠢᠨ ᠬᠠᠤᠯᠢ ᠬᠡᠷᠡᠭᠵᠢᠬᠦᠯᠬᠦ ᠡᠷᠴᠢᠮ ᠢ ᠴᠢᠩᠭᠠᠷᠠᠭᠤᠯᠤᠨ᠂ ᠠᠵᠢᠯ ᠤᠨ ᠰᠢᠨ᠎ᠠ ᠰᠡᠳᠬᠢᠮᠵᠢ  ᠶᠢ ᠡᠬᠦᠳᠴᠤ᠂ ᠠᠵᠢᠯ ᠤᠨ ᠲᠤᠭᠳᠠᠯᠴᠠᠭ᠎ᠠ ᠪᠠᠨ ᠲᠡᠬᠦᠯᠳᠡᠷᠵᠢᠬᠦᠯᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ  ᠤᠨ ᠬᠢᠨᠠᠯᠲᠠ ᠪᠠᠶᠢᠴᠠᠭᠠᠯᠲᠠ ᠶᠢᠨ ᠬᠦᠴᠦᠨ ᠪᠠᠨ ᠶᠡᠬᠡᠰᠬᠡᠨ᠂ ︽ᠬᠠᠮᠢᠶᠠᠷᠤᠯᠲᠠ ᠪᠤᠯᠤᠨ ᠤᠶᠢᠯᠡᠴᠢᠯᠡᠭᠡ︾ ᠳᠡᠭᠡᠷ᠎ᠡ ᠲᠠᠷᠢᠬᠢ ᠲᠤᠯᠤᠭᠠᠢ ᠪᠠᠨ ᠢᠯᠡᠬᠦᠤ ᠬᠡᠷᠡᠭᠯᠡᠵᠤ ᠠᠷᠭ᠎ᠠ ᠪᠤᠳᠤᠨ᠎ᠠ᠂ ᠬᠠᠷ᠎ᠠ ᠨᠡᠮᠡᠬᠦ ᠴᠠᠭᠠᠨ᠂ ᠲᠠᠪᠤ ᠨᠡᠮᠡᠬᠦ ᠬᠤᠶᠠᠷ ᠤᠨ ᠠᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠮᠠᠨ ᠤ ᠬᠤᠰᠢᠭᠤ ᠠᠮᠵᠢᠯᠲᠠᠢ ᠪᠠᠷ ᠦᠪᠡᠷᠲᠡᠭᠡᠨ ᠵᠠᠰᠠᠬᠤ ᠤᠷᠤᠨ  ᠤ ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ ᠢ ᠪᠦᠲᠦᠬᠡᠨ ᠪᠠᠶᠢᠭᠤᠯᠬᠤ ᠳᠤ ᠪᠠᠲᠤ ᠪᠠᠬᠢ ᠪᠠᠲᠤᠯᠭ᠎ᠠ ᠬᠠᠩᠭᠠᠪᠠ᠃ ᠬᠦᠲᠦᠯᠦᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠩᠭᠡᠷᠡᠭᠰᠡᠨ ᠬᠡᠳᠤᠨ ᠵᠢᠯ ᠤᠨ ᠬᠦᠭᠵᠢᠯᠲᠠ  ᠶᠢᠨ ᠦᠷ᠎ᠡ ᠪᠦᠲᠦᠮᠵᠢ ᠠᠴᠠ ᠦᠵᠡᠪᠡᠯ᠂ ᠮᠢᠨᠤ ᠦᠵᠡᠬᠦ ᠪᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠬᠦᠳᠡᠭᠡ ᠶᠢᠨ ᠲᠦᠷᠰᠤ ᠪᠠᠶᠢᠳᠠᠯ ᠲᠤᠶᠢᠯ ᠤᠨ ᠶᠡᠭᠡ ᠬᠤᠪᠢᠷᠠᠯᠲᠠ ᠲᠠᠢ᠂ ᠬᠠᠮᠤᠭ ᠲᠡᠷᠢᠬᠦᠨ ᠳᠤ ᠬᠤᠲᠠ  ᠶᠢᠨ ᠳᠦᠷᠰᠤ ᠪᠠᠶᠢᠳᠠᠯ ᠳᠡᠭᠡᠷ᠎ᠡ ᠢᠯᠡᠷᠡᠨ᠎ᠡ᠂ ᠲᠡᠭᠡᠪᠡᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠲᠠ ᠶᠢᠨ ᠳᠦᠷᠰᠤ ᠪᠠᠶᠢᠳᠠᠯ ᠤᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ ᠬᠡᠵᠤ ᠸᠠᠩ ᠲᠤᠪᠴᠢᠶᠠᠨ ᠳᠠᠷᠤᠭ᠎ᠠ ᠠᠴᠠ ᠠᠰᠠᠭᠤᠶ᠎ᠠ ᠬᠡᠵᠤ ᠰᠠᠨᠠᠵᠤ ᠪᠠᠶᠢᠨ᠎ᠠ᠃ ᠸᠠᠩ ᠲᠤᠪᠴᠢᠶᠠᠨ ᠳᠠᠷᠤᠭ᠎ᠠ᠄ ᠬᠤᠲᠠ ᠶᠢᠨ ᠳᠦᠷᠬᠦ ᠳᠦᠷᠰᠤ ᠶᠢᠨ ᠲᠠᠯ᠎ᠠ ᠪᠠᠷ ᠪᠢᠳᠠ ᠭᠤᠤᠯ ᠨᠢ ᠭᠤᠷᠪᠠᠨ ᠲᠠᠯ᠎ᠠ  ᠶᠢᠨ ᠠᠵᠢᠯ ᠬᠢᠪᠠ᠄ 1. ᠵᠢᠯ ᠤᠨ ᠡᠬᠢᠨ ᠠᠴᠠ ᠡᠬᠢᠯᠡᠨ᠂ ᠪᠠᠶᠠᠨᠴᠠᠭᠠᠨ ᠪᠠᠯᠭᠠᠰᠤᠨ ᠤ ᠵᠡᠬᠡᠯᠢ ᠶᠢᠨ ᠬᠤᠶᠠᠷ ᠲᠠᠯ᠎ᠠ  ᠪᠠᠷ ᠬᠢ ᠠᠷᠠᠯᠵᠢᠶᠠᠨ ᠤ ᠳᠡᠯᠬᠡᠬᠦᠷ ᠤᠨ ᠬᠢᠨᠢ ᠮᠤᠳᠤᠨ ᠤ ᠨᠦᠬᠡᠨ ᠳᠤᠲᠤᠷ᠎ᠠ ᠪᠤᠵᠠᠷ ᠤᠰᠤ᠂ ᠲᠤᠰᠤᠯᠢᠭ ᠶᠠᠭᠤᠮ᠎ᠠ  ᠪᠠᠨ ᠲᠤᠷ᠎ᠠ ᠲᠠᠪᠠ ᠪᠠᠷ ᠢᠶᠠᠷ ᠠᠰᠬᠠᠵᠤ᠂ ᠮᠤᠳᠤ ᠶᠢ ᠬᠠᠲᠠᠭᠠᠵᠤ ᠦᠬᠦᠬᠦᠯᠦᠭᠰᠡᠨ ᠠᠵᠢᠯᠯᠠᠭ᠎ᠠ ᠳᠤ ᠬᠠᠨᠳᠤᠭᠤᠯᠵᠤ᠂ ᠵᠡᠬᠡᠯᠢ ᠶᠢᠨ ᠬᠤᠶᠠᠷ ᠲᠠᠯ᠎ᠠ ᠪᠠᠷ ᠬᠢ ᠠᠷᠠᠯᠵᠢᠶᠠᠨ ᠤ ᠳᠡᠯᠬᠡᠬᠦᠷ ᠤᠨ ᠡᠵᠡᠨ ᠲᠠᠢ ︽ᠡᠬᠦᠲᠡᠨ ᠡᠮᠤᠨᠡᠬᠢ ᠭᠤᠷᠪᠠ ᠶᠢ ᠳᠠᠭᠠᠭᠠᠴᠢᠯᠠᠨ ᠲᠠᠪᠤᠨ ᠪᠤᠯᠬᠤ ᠦᠬᠡᠢ︾ ᠬᠠᠷᠢᠭᠤᠴᠠᠯᠭ᠎ᠠ ᠶᠢᠨ ᠪᠢᠴᠢᠭ ᠶᠢ 2400 ᠢᠯᠡᠬᠦᠤ ᠬᠤᠪᠢ ᠲᠤᠭᠲᠠᠵᠤ᠂  ᠡᠬᠦᠲᠡᠨ ᠡᠮᠤᠨᠡᠬᠢ ᠮᠤᠲᠤ ᠶᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠤᠳᠠᠶᠢᠵᠢᠭᠤᠯᠤᠨ᠂ ᠮᠤᠲᠤ ᠶᠢᠨ ᠦᠰᠦᠨ ᠪᠤᠶᠢᠵᠢᠬᠤ ᠶᠢ ᠠᠷᠠᠯᠵᠢᠶᠠᠨ ᠤ ᠳᠡᠯᠬᠡᠬᠦᠷ ᠤᠨ ᠡᠵᠡᠨ ᠲᠠᠢ ᠬᠠᠷᠢᠯᠴᠠᠨ ᠬᠤᠯᠪᠤᠭᠳᠠᠯ ᠲᠠᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠶᠢᠨ ᠲᠤᠭᠳᠠᠯᠴᠠᠭ᠎ᠠ ᠶᠢ ᠪᠠᠶᠢᠭᠤᠯᠪᠠ᠃ 2. ᠲᠠᠪᠤᠨ ᠰᠠᠷ᠎ᠠ ᠠᠴᠠ ᠡᠬᠢᠯᠡᠨ ᠪᠠᠶᠠᠨᠴᠠᠭᠠᠨ ᠪᠠᠯᠭᠠᠰᠤᠨ ᠤ ᠭᠤᠤᠯ ᠪᠠ ᠳᠡᠳ᠋ ᠵᠠᠮ ᠱᠤᠭᠤᠮ ᠤᠨ ᠭᠠᠳᠠᠷᠭᠤ ᠨᠢ ᠠᠩ ᠭᠠᠷᠬᠤ᠂ ᠴᠠᠪᠠ ᠭᠠᠷᠬᠤ ᠪᠠᠶᠢᠳᠠᠯ ᠳᠤ ᠬᠠᠨᠳᠤᠭᠤᠯᠤᠨ᠂ ᠵᠠᠮ ᠤᠨ ᠠᠷᠠᠴᠢᠯᠠᠭ᠎ᠠ ᠶᠢᠨ ᠮᠡᠷᠬᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠠᠷᠠᠴᠢᠯᠠᠨ ᠬᠠᠮᠠᠭᠠᠯᠠᠬᠤ ᠠᠵᠢᠯ ᠬᠢᠪᠡ᠃ ᠨᠡᠶᠢᠲᠠ 30 ᠢᠯᠡᠬᠦᠤ ᠲᠤᠨ ᠵᠠᠮ ᠤᠨ ᠬᠠᠷ᠎ᠠ ᠲᠤᠰᠤ ᠬᠡᠷᠡᠭᠯᠡᠨ᠂ 40 ᠲᠦᠮᠡ ᠢᠯᠡᠬᠦᠤ ᠺᠦᠸᠠᠳ᠋ ᠮᠧᠲᠷ ᠤᠨ ᠵᠠᠮ ᠤᠨ ᠭᠠᠳᠠᠷᠭᠤ ᠶᠢ ᠠᠷᠠᠴᠢᠯᠠᠨ ᠵᠠᠰᠠᠪᠠ᠃ ᠡᠪᠳᠡᠷᠡᠭᠰᠡᠨ ᠵᠠᠮ ᠶᠢ ᠱᠤᠶᠢᠨᠢ ᠬᠡᠷᠡᠭᠯᠡᠨ ᠵᠠᠰᠠᠵᠤ᠂ ᠨᠡᠶᠢᠲᠠ 18 ᠲᠤᠨ ᠱᠤᠶᠢᠨᠢ ᠬᠡᠷᠡᠭᠯᠡᠨ᠂ 600 ᠢᠯᠡᠬᠦᠤ ᠡᠪᠳᠡᠷᠡᠭᠰᠡᠨ ᠵᠠᠮ ᠢ ᠪᠦᠭᠯᠡᠨ ᠵᠠᠰᠠᠪᠠ ᠃ 3. ᠲᠤᠯᠤᠭᠠᠨ ᠰᠠᠷ᠎ᠠ ᠶᠢᠨ ᠳᠤᠮᠳᠠᠴᠢ ᠠᠴᠠ ᠡᠬᠢᠯᠡᠨ᠂ ᠬᠤᠲᠠ ᠶᠢᠨ ᠲᠤᠭᠤᠷᠢᠭ ᠤᠨ ᠳᠤᠲᠤᠷ᠎ᠠ ᠵᠠᠮ ᠢ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠳᠡᠯᠬᠡᠬᠡ ᠮᠠᠶᠢᠮᠠᠢ ᠬᠢᠬᠦ᠂ ᠲᠡᠷᠭᠡ ᠬᠦᠰᠭᠡ ᠳᠤᠷ᠎ᠠ ᠪᠠᠷ ᠢᠶᠠᠨ ᠵᠤᠭᠰᠤᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠡᠭᠴᠡᠯᠡᠨ ᠵᠠᠰᠠᠪᠠ᠃ ᠨᠡᠶᠢᠲᠠ ᠲᠠᠪᠤᠨ ᠮᠢᠩᠭ᠎ᠠ ᠢᠯᠡᠬᠦᠤ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠵᠤ᠂ ᠪᠦᠬᠦ ᠬᠤᠰᠢᠭᠤᠨ ᠤ 644 ᠡᠷᠤᠬᠡ ᠡᠬᠦᠳᠡ ᠠᠴᠠ  ᠪᠠᠨ ᠳᠠᠪᠠᠨ ᠭᠠᠷᠴᠤ ᠡᠵᠡᠩᠨᠡᠬᠦ ᠳᠡᠯᠬᠡᠬᠦᠷ ᠢ ᠵᠠᠰᠠᠨ ᠴᠡᠭᠴᠡᠯᠡᠵᠤ᠂ ᠬᠤᠭᠤᠴᠠᠭ᠎ᠠ ᠲᠤᠭᠲᠠᠨ ᠵᠠᠷᠯᠢᠭᠲᠠᠨ ᠵᠠᠯᠠᠷᠠᠭᠤᠯᠬᠤ ᠮᠡᠳᠡᠭᠳᠡᠯ ᠤᠨ ᠪᠢᠴᠢᠭ 109 ᠬᠤᠪᠢ ᠲᠠᠷᠬᠠᠨ᠂ 180 ᠢᠯᠡᠬᠦᠤ ᠨᠡᠬᠦᠳᠡᠯ ᠳᠡᠯᠬᠡᠬᠡ ᠮᠠᠶᠢᠮᠠᠢ ᠶᠢ ᠴᠡᠪᠡᠷᠯᠡᠨ ᠳᠦᠷᠢᠮᠵᠢᠯᠡᠪᠡ᠃ ᠬᠢᠷᠢ ᠲᠡᠩᠴᠡᠭᠰᠡᠨ ᠦᠬᠡᠢ ᠵᠠᠷ ᠮᠡᠳᠡᠭᠡ ᠶᠢᠨ ᠫᠠᠶᠢᠰᠠ 53 ᠭᠡᠰᠡᠭ᠂ ᠡᠪᠳᠡᠷᠭᠡᠢ ᠵᠠᠷ ᠮᠡᠳᠡᠭᠡ ᠶᠢᠨ ᠫᠠᠶᠢᠰᠠ 78 ᠭᠡᠰᠡᠭ ᠴᠡᠪᠡᠷᠯᠡᠨ ᠬᠤᠷᠢᠶᠠᠵᠤ᠂ ᠵᠡᠬᠡᠯᠢ ᠭᠤᠳᠤᠮᠵᠢ ᠳᠡᠭᠡᠷ᠎ᠡ ᠨᠠᠭᠠᠭᠰᠠᠨ ᠵᠠᠷ ᠮᠡᠳᠡᠭᠡ 800 ᠢᠯᠡᠬᠦᠤ᠂ ᠡᠯ᠎ᠡ ᠵᠤᠶᠢᠯ ᠤᠨ ᠡᠯᠬᠦᠬᠡ ᠵᠢᠷᠤᠭ 50 ᠢᠯᠡᠬᠦᠤ᠂ ᠵᠡᠬᠡᠯᠢ ᠭᠤᠳᠤᠮᠵᠢ ᠳᠠᠭᠠᠤ ᠬᠤᠷᠰᠢᠶ᠎ᠠ ᠮᠠᠶᠢᠮᠠᠢ ᠶᠢᠨ ᠡᠬᠦᠳᠡ ᠴᠤᠩᠬᠤᠨ ᠳᠡᠭᠡᠷ᠎ᠡ ᠨᠠᠭᠠᠭᠰᠠᠨ ᠦᠰᠦᠭ 320 ᠢᠯᠡᠬᠦᠤ ᠶᠢ ᠴᠡᠪᠡᠷᠯᠡᠨ ᠠᠷᠢᠯᠭᠠᠵᠤ᠂ ᠡᠯ᠎ᠡ ᠵᠤᠶᠢᠯ ᠤᠨ ᠮᠡᠳᠡᠭᠳᠡᠯ᠂ ᠵᠠᠷᠯᠠᠯ 2360 ᠬᠤᠪᠢ ᠳᠠᠷᠬᠠᠨ᠂ ᠳᠡᠷᠬᠡᠨ ᠳᠡᠭᠡᠷ᠎ᠡ ᠳᠤᠷᠭᠠᠭᠤᠯᠢ ᠶᠢᠨ ᠬᠠᠭᠤᠳᠠᠰᠤ 453 ᠬᠤᠪᠢ ᠨᠠᠭᠠᠪᠠ᠃ ᠬᠦᠲᠦᠯᠦᠭᠴᠢ᠄ ᠬᠤᠲᠠ ᠶᠢᠨ ᠳᠦᠷᠬᠦ ᠳᠦᠷᠰᠤ ᠶᠢᠨ ᠲᠠᠯ᠎ᠠ ᠪᠠᠷ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ ᠡᠶᠢᠮᠤ ᠣᠯᠠᠨ ᠵᠤᠶᠢᠯ ᠤᠨ ᠠᠵᠢᠯ ᠬᠢᠪᠠ᠂ ᠤᠳᠤᠬᠠᠨ ᠳᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠲᠠ ᠬᠡᠷᠬᠢᠨ ᠬᠢᠭᠰᠡᠨ ᠪᠤᠢ︖ ᠸᠠᠩ ᠲᠤᠪᠴᠢᠶᠠᠨ ᠳᠠᠷᠤᠭ᠎ᠠ᠄ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠯ᠎ᠠ   ᠪᠠᠷ᠂ ᠪᠢᠳᠡ ᠭᠤᠤᠯ ᠨᠢ ᠳᠤᠤᠷᠠᠬᠢ ᠬᠤᠶᠠᠷ ᠲᠠᠯ᠎ᠠ ᠠᠴᠠ ᠡᠬᠢᠯᠡᠨ ᠬᠢᠪᠡ᠃ 1. ᠭᠤᠷᠪᠠᠨ ᠰᠠᠷ᠎ᠠ ᠠᠴᠠ ᠡᠬᠢᠯᠡᠨ᠂ ᠮᠠᠨ ᠤ ᠲᠤᠪᠴᠢᠶ᠎ᠠ ᠰᠠᠩ ᠳ᠋ᠧ ᠡᠷᠡᠬᠦᠯ ᠬᠠᠮᠠᠭᠠᠯᠠᠯ ᠤᠨ ᠺᠤᠮᠫᠠᠨᠢ ᠪᠤᠯᠤᠨ ᠭᠠᠳᠠᠨ᠎ᠠ ᠠᠴᠠ ᠬᠦᠯᠦᠰᠦᠯᠡᠭᠰᠡᠨ ᠴᠡᠪᠡᠷᠯᠡᠨ ᠳᠡᠭᠡᠭᠡᠪᠤᠷᠢᠯᠡᠬᠦ ᠬᠦᠮᠦᠨ  ᠢ ᠵᠤᠬᠢᠨᠨ ᠪᠠᠶᠢᠭᠤᠯᠤᠨ ᠬᠤᠲᠠ ᠬᠦᠳᠡᠭᠡ ᠶᠢᠨ ᠨᠡᠶᠢᠯᠡᠯ ᠬᠡᠰᠡᠭ᠂ 208 ᠤᠯᠤᠰ ᠤᠨ ᠵᠠᠮ ᠤᠨ ᠬᠤᠲᠠ ᠶᠢᠨ ᠲᠤᠭᠤᠷᠢᠭ ᠤᠨ ᠭᠡᠰᠡᠭ᠂ ᠬᠤ᠋ ᠮᠠᠨ ᠮᠤᠵᠢ ᠶᠢᠨ ᠬᠤᠭᠤᠷᠤᠨᠳᠤᠬᠢ ᠶᠡᠭᠡ ᠵᠠᠮ ᠤᠨ ᠬᠤᠲᠠ ᠶᠢᠨ ᠲᠤᠭᠤᠷᠢᠭ ᠤᠨ ᠬᠡᠰᠡᠭ᠂ ᠮᠧᠩ ᠸᠧᠢ ᠰᠢᠨ᠎ᠠ ᠮᠠᠲ᠋ᠧᠷᠢᠶᠠᠯ ᠤᠨ ᠠᠵᠤ ᠤᠶᠢᠯᠡᠰ ᠤᠨ ᠬᠦᠷᠢᠶᠡᠯᠡᠩ ᠤᠨ ᠤᠶᠢᠷ᠎ᠠ ᠬᠠᠪᠢ᠂ ᠡᠷᠢᠶᠡᠨ  ᠠᠴᠠ ᠭᠤᠸᠠᠩᠵᠤ ᠬᠦᠷᠬᠦ ᠳᠡᠭᠡᠳᠤ ᠬᠤᠷᠳᠤᠴᠠᠲᠤ ᠵᠠᠰᠠᠮᠠᠯ ᠵᠠᠮ ᠤᠨ ᠳᠠᠮ ᠬᠦᠬᠦᠷᠭᠡ ᠶᠢᠨ ᠤᠶᠢᠷ᠎ᠠ ᠬᠠᠪᠢ᠂ ᠪᠠᠶᠠᠨᠴᠠᠭᠠᠨ ᠪᠠᠯᠭᠠᠰᠤᠨ ᠤ ᠬᠤᠲᠠ ᠶᠢᠨ ᠲᠤᠭᠤᠷᠢᠭ ᠤᠨ ᠬᠦᠷᠢᠶ᠎ᠠ ᠬᠡᠪᠴᠢᠶᠠᠨ ᠳᠤᠲᠤᠷᠠᠬᠢ ᠠᠯᠢᠪᠠ ᠵᠠᠮ᠂ ᠨᠤᠭᠤᠭᠠᠷᠠᠭᠤᠯᠤᠯᠲᠠ ᠶᠢᠨ ᠪᠦᠰᠡ᠂ ᠶᠠᠪᠠᠭᠠᠨ ᠬᠦᠮᠦᠨ ᠤ ᠶᠠᠪᠤᠬᠤ ᠵᠠᠮ ᠤᠨ ᠭᠠᠵᠠᠭᠤᠳᠠᠬᠢ ᠮᠤᠳᠤᠨ ᠨᠦᠬᠡᠨ ᠳᠤᠲᠤᠷᠠᠬᠢ ᠲᠠᠮᠠᠬᠢᠨ ᠲᠤᠯᠤᠭᠠᠢ᠂ ᠬᠤᠭ ᠨᠤᠪᠰᠢ ᠰᠦᠯᠢᠶᠤᠤ ᠤᠭᠤᠲᠠ ᠵᠡᠷᠭᠡ ᠪᠤᠵᠠᠷ ᠨᠤᠪᠰᠢ ᠵᠢᠴᠢ ᠪᠠᠷᠢᠯᠭ᠎ᠠ ᠶᠢᠨ ᠬᠤᠭ ᠨᠤᠪᠰᠢ ᠳᠤ ᠲᠦᠪᠯᠡᠷᠡᠬᠦᠯᠦᠨ ᠴᠡᠪᠡᠷᠯᠡᠭᠡ ᠬᠢᠨ᠎ᠠ᠂ ᠡᠷᠳᠡᠨᠢᠳᠠᠪᠬᠤᠷ ᠤᠨ ᠵᠠᠮ ᠤᠨ ᠬᠤᠶᠠᠷ ᠵᠠᠬ᠎ᠠ᠂ ᠳᠤᠲᠤᠭᠠᠳᠤ ᠶᠢ ᠬᠠᠮᠠᠭᠠᠯᠠᠬᠤ ᠵᠠᠮ ᠤᠨ ᠬᠤᠶᠠᠷ ᠵᠠᠬ᠎ᠠ᠂ ᠬᠤᠲᠠ ᠬᠦᠳᠡᠭᠡ ᠶᠢᠨ ᠨᠡᠶᠢᠯᠡᠯ ᠬᠡᠰᠡᠭ ᠵᠢᠴᠢ ᠪᠠᠶᠠᠨᠴᠠᠭᠠᠨ ᠪᠠᠯᠭᠠᠰᠤᠨ ᠤ ᠤᠶᠢᠷ᠎ᠠ ᠬᠠᠪᠢ ᠳᠠᠬᠢ ᠦᠶᠡᠷ ᠢ ᠰᠡᠷᠭᠡᠶᠢᠯᠡᠬᠦ ᠰᠤᠪᠠᠭ ᠵᠢᠴᠢ ᠦᠶᠡᠷ ᠢ ᠰᠡᠷᠭᠡᠶᠢᠯᠡᠬᠦ ᠰᠤᠪᠠᠭ ᠤᠨ ᠬᠤᠶᠠᠷ ᠵᠠᠬ᠎ᠠ ᠵᠡᠷᠭᠡ ᠤᠷᠤᠨ ᠤ ᠬᠤᠭ ᠨᠤᠪᠰᠢ ᠶᠢ ᠲᠤᠶᠢᠯᠪᠤᠷᠢᠲᠠᠢ ᠴᠡᠪᠡᠷᠯᠡᠨ ᠠᠷᠢᠯᠭᠠᠪᠠ᠂ ᠲᠦᠪᠯᠡᠷᠡᠭᠦᠯᠦᠨ ᠴᠡᠪᠡᠷᠯᠡᠭᠡ ᠬᠢᠬᠦ ᠳᠤ ᠨᠡᠶᠢᠲᠠ ᠴᠡᠪᠡᠷᠯᠡᠭᠴᠢ 800 ᠢᠯᠡᠬᠦᠤ ᠬᠦᠮᠦᠨ᠂ ᠠᠴᠢᠶᠠᠯᠠᠭᠤᠷ ᠮᠠᠰᠢᠨ ᠨᠢᠬᠡ ᠰᠠᠭᠤᠷᠢ᠂ ᠴᠢᠳᠬᠤᠷ ᠲᠡᠷᠬᠡ 13 ᠰᠠᠭᠤᠷᠢ᠂ ᠪᠦᠬᠡᠷᠡᠯᠵᠢᠲᠤ ᠲᠡᠷᠬᠡ 3 ᠰᠠᠭᠤᠷᠢ ᠬᠦᠳᠡᠯᠬᠡᠵᠤ᠂ 360 ᠢᠯᠡᠬᠦᠤ ᠴᠠᠭ ᠮᠠᠰᠢᠨᠴᠢᠯᠠᠯ ᠢᠶᠠᠷ ᠠᠵᠢᠯᠯᠠᠵᠤ᠂ ᠡᠯ᠎ᠡ ᠵᠤᠶᠢᠯ ᠤᠨ ᠬᠤᠭ ᠨᠤᠪᠰᠢ ᠨᠡᠶᠢᠲᠠ 1000 ᠢᠯᠡᠬᠦᠤ ᠲᠦᠮᠡᠨ ᠴᠡᠪᠡᠷᠯᠡᠨ ᠠᠷᠢᠯᠭᠠᠪᠠ᠃ 2. ᠰᠢ ᠶᠢᠨ ᠫᠢᠩ ᠶᠡᠷᠤᠩᠭᠡᠢ ᠱᠦᠵᠢ ᠪᠦᠬᠦ ᠤᠯᠤᠰ ᠤᠨ ᠬᠤᠶᠠᠳᠤᠭᠠᠷ ᠬᠤᠷᠠᠯ ᠤᠨ ᠬᠤᠭᠤᠴᠠᠭᠠᠨ  ᠳᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠯᠲᠠ ᠳᠤ ᠤᠷᠤᠯᠴᠠᠬᠤ ᠦᠶᠡᠰ ᠳᠤ ᠬᠢᠭᠰᠡᠨ ᠠᠵᠤ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠲᠦᠬᠡᠨ ᠪᠠᠶᠢᠭᠤᠯᠤᠯᠲᠠ ᠢ ᠴᠢᠩᠭᠠᠳᠬᠠᠬᠤ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠬᠤ ᠶᠢᠨ ᠲᠦᠯᠦᠬᠡ᠂ 5 ᠰᠠᠷ᠎ᠠ ᠶᠢᠨ 26 ᠤ ᠡᠳᠤᠷ ᠠᠴᠠ ᠡᠬᠢᠯᠡᠨ ᠪᠠᠶᠠᠨᠴᠠᠭᠠᠨ ᠪᠠᠯᠭᠠᠰᠤᠨ ᠤ ᠤᠶᠢᠷ᠎ᠠ ᠬᠠᠪᠢ ᠶᠢᠨ ᠲᠤᠰᠬᠤᠨ ︵ᠬᠦ᠋ ᠯᠢᠤ ᠵᠸᠤ᠂ ᡁᠢ ᠵᠢᠢ ᠪᠦ᠋᠂ ᠳ᠋ᠦᠩ ᠹᠠᠩ ᠲᠠᠤᠰᠬᠤᠨ᠂ ᠠᠪᠳᠠᠷ᠎ᠠ᠂ ᠡᠷᠳᠡᠨᠢᠳᠠᠪᠬᠤᠷ ᠤᠨ ᠤᠶᠢᠷ᠎ᠠ ᠬᠠᠪᠢ ᠵᠡᠷᠭᠡ︶᠂ 208 ᠤᠯᠤᠰ ᠤᠨ ᠵᠠᠮ ᠤᠨ ᠬᠤᠶᠠᠷ ᠵᠠᠬ᠎ᠠ᠂ ᠵᠢᠨᠢᠩ ᠡᠷᠢᠶᠡᠨ ᠬᠦᠷᠬᠦ ᠲᠡᠮᠤᠷ ᠵᠠᠮ ︵ᠪᠠᠶᠠᠨᠴᠠᠭᠠᠨ ᠪᠠᠯᠭᠠᠰᠤᠨ ᠤ ᠬᠦᠷᠢᠶ᠎ᠡ ᠬᠡᠪᠴᠢᠶᠠᠨ ᠳᠤᠲᠤᠷᠠᠬᠢ︶ ᠬᠤᠶᠠᠷ ᠵᠠᠬ᠎ᠠ ᠶᠢᠨ ᠤᠳᠠᠭᠠᠨ ᠵᠢᠯ ᠴᠤᠭᠯᠠᠷᠠᠨ ᠬᠤᠷᠠᠭᠰᠠᠨ ᠪᠠᠷᠢᠯᠭ᠎ᠠ ᠶᠢᠨ ᠬᠤᠭ ᠨᠤᠪᠰᠢ ᠶᠢ ᠲᠤᠶᠢᠯᠪᠤᠷᠢᠲᠠᠢ ᠠᠷᠢᠯᠭᠠᠪᠠ᠃ ᠲᠤᠰ ᠤᠳᠠᠭᠠᠨ ᠤ ᠲᠦᠪᠯᠡᠷᠡᠬᠦᠯᠦᠨ ᠴᠡᠪᠡᠷᠯᠡᠨ ᠵᠠᠰᠠᠨ ᠴᠡᠭᠴᠡᠯᠡᠬᠦ ᠠᠵᠢᠯᠯᠠᠭ᠎ᠠ ᠨᠢ ᠢ 3 ᠰᠠᠭᠤᠷᠢ ᠮᠠᠯᠲᠠᠭᠤᠷ ᠮᠠᠰᠢᠨ᠂ 3 ᠰᠠᠭᠤᠷᠢ ᠠᠴᠢᠶᠠᠯᠠᠭᠤᠷ ᠮᠠᠰᠢᠨ᠂ 13 ᠰᠠᠭᠤᠷᠢ ᠴᠢᠳᠬᠤᠷ ᠲᠡᠷᠬᠡ᠂ 800 ᠢᠯᠡᠬᠦᠤ ᠤᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠬᠦᠯᠦᠰᠦᠯᠡᠨ ᠵᠠᠷᠤᠵᠤ᠂ ᠨᠡᠶᠢᠲᠡ 19 ᠠᠮᠢᠳᠤᠷᠠᠯ ᠤᠨ ᠬᠤᠭ ᠨᠤᠪᠰᠢ ᠶᠢ ᠠᠷᠢᠯᠭᠠᠨ ᠴᠡᠪᠡᠷᠯᠡᠵᠤ᠂ 1200 ᠢᠯᠡᠬᠦᠤ ᠲᠡᠷᠬᠡ ᠪᠠᠷᠢᠯᠭ᠎ᠠ ᠶᠢᠨ ᠬᠤᠭ ᠨᠤᠪᠰᠢ ᠠᠷᠢᠯᠭᠠᠨ ᠴᠡᠪᠡᠷᠯᠡᠵᠤ᠂ ᠨᠡᠶᠢᠲᠡ 29100 ᠭᠠᠷᠤᠢ ᠺᠦᠪ ᠮᠧᠲᠷ ᠪᠠᠶᠢᠪᠠ᠃ ᠬᠦᠲᠦᠯᠦᠭᠴᠢ᠄ ᠤᠶᠢᠷ᠎ᠠ ᠶᠢᠨ ᠬᠡᠳᠤᠨ ᠵᠢᠯ ᠬᠤᠲᠠ ᠶᠢᠨ ᠬᠠᠮᠢᠶᠠᠷᠣᠯᠲᠠ ᠶᠢᠨ ᠲᠤᠪᠴᠢᠶ᠎ᠠ ᠬᠤᠲᠠ ᠶᠢᠨ ᠳᠦᠷᠢ ᠳᠦᠷᠬᠦ ᠪᠤᠯᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠳᠡᠭᠡᠷ᠎ᠡ ᠬᠦᠴᠦᠨ ᠪᠠᠨ ᠳᠠᠯᠪᠢᠪᠠ᠂ ᠬᠠᠮᠤᠭ ᠤᠨ ᠢᠯᠡᠷᠬᠡᠢ ᠬᠤᠪᠢᠷᠠᠯᠲᠠ ᠨᠢ ᠪᠤᠯ ᠵᠡᠬᠡᠯᠢ ᠶᠢᠨ ᠳ᠋ᠧᠩ ᠤᠨ ᠲᠠᠯ᠎ᠠ ᠪᠠᠷ ᠬᠢ ᠮᠦᠨ᠂ ᠡᠨᠡ ᠨᠢ ᠠᠷᠠᠳ ᠲᠦᠮᠡᠨ ᠤ ᠭᠠᠳᠠᠭᠰᠢ ᠭᠠᠷᠴᠤ ᠶᠠᠪᠤᠬᠤ ᠳᠤ ᠲᠤᠶᠢᠯ ᠤᠨ ᠶᠡᠭᠡ ᠳᠦᠬᠦᠮ ᠦᠵᠡᠬᠦᠯᠪᠡ᠃ ᠲᠡᠭᠡᠪᠡᠯ ᠲᠠᠨ ᠵᠠᠮ ᠤᠨ ᠳ᠋ᠧᠩ ᠤᠨ ᠲᠠᠯ᠎ᠠ ᠪᠠᠷ ᠬᠡᠷᠬᠢᠨ ᠬᠢᠭᠰᠡᠨ ᠪᠤᠢ︖ ᠸᠠᠩ ᠲᠤᠪᠴᠢᠶᠠᠨ ᠳᠠᠷᠤᠭ᠎ᠠ᠄ ᠵᠠᠮ ᠤᠨ ᠳ᠋ᠧᠩ ᠪᠤᠯ ᠠᠷᠠᠳ ᠲᠦᠮᠡᠨ ᠤ ᠭᠠᠳᠠᠭᠰᠢ ᠭᠠᠷᠴᠤ ᠶᠠᠪᠤᠬᠤ ᠲᠠᠢ ᠦᠨᠡᠨ ᠬᠦ ᠬᠤᠯᠪᠤᠭᠳᠠᠯ ᠲᠠᠢ᠂ ᠵᠠᠮ ᠤᠨ ᠳ᠋ᠧᠩ ᠤᠨ ᠪᠦᠲᠦᠬᠡᠨ ᠪᠠᠶᠢᠭᠤᠯᠤᠯᠲᠠ ᠢ ᠰᠠᠶᠢᠳᠤᠷ ᠬᠢᠬᠦ ᠡᠰᠡᠬᠦ ᠨᠢ ᠠᠷᠠᠳ ᠲᠦᠮᠡᠨ ᠤ ᠠᠮᠢᠳᠤᠷᠠᠯ ᠲᠠᠢ ᠰᠢᠭᠤᠳ ᠬᠠᠷᠢᠴᠠᠭ᠎ᠠ ᠲᠠᠢ᠂ ᠮᠠᠨ ᠤ ᠲᠣᠪᠴᠢᠶ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠲᠤᠶᠢᠯ ᠢᠶᠠᠷ ᠬᠠᠯᠠᠮᠵᠢᠯᠠᠳᠠᠭ᠂ ᠡᠶᠢᠮᠤ ᠠᠴᠠ ᠵᠠᠮ ᠤᠨ ᠳ᠋ᠧᠩ ᠤᠨ ᠲᠠᠯ᠎ᠠ ᠪᠠᠷ ᠮᠠᠨ ᠤ ᠲᠤᠪᠴᠢᠶ᠎ᠠ ᠵᠠᠬ᠎ᠠ ᠳᠡᠯᠭᠡᠭᠦᠷᠴᠢᠯᠡᠨ ᠡᠵᠡᠩᠨᠡᠬᠦ᠂ ᠺᠤᠮᠫᠠᠨᠢ ᠶᠢᠨ ᠬᠠᠮᠢᠶᠠᠷᠣᠯᠲᠠ ᠶᠢᠨ ᠠᠷᠭ᠎ᠠ ᠬᠡᠯᠪᠡᠷᠢ ᠶᠤᠰᠤᠭᠠᠷ ︽ᠪᠠᠶᠠᠨᠴᠠᠭᠠᠨ ᠪᠠᠯᠭᠠᠰᠤᠨ ᠤ ᠬᠤᠲᠠ ᠶᠢᠨ ᠲᠤᠭᠤᠷᠢᠭ ᠤᠨ ᠵᠠᠮ ᠤᠨ ᠳ᠋ᠧᠩ ᠤᠨ ᠬᠡᠷᠡᠯᠳᠦᠬᠦᠯᠬᠡ ᠶᠢᠨ ᠨᠢᠬᠡ ᠴᠤᠭᠴᠢᠵᠢᠯᠲᠠ ᠶᠢᠨ ᠡᠵᠡᠩᠨᠡᠯᠲᠠ ᠶᠢᠨ ᠲᠤᠭᠳᠠᠭᠠᠯ︾ ᠢ ᠦᠨᠳᠦᠰᠦᠯᠡᠵᠤ᠂ ᠪᠦᠬᠦ ᠬᠤᠰᠢᠭᠤᠨ ᠤ ᠬᠡᠷᠡᠯᠳᠦᠬᠦᠯᠬᠡ ᠶᠢᠨ ᠳᠦᠬᠦᠬᠡᠷᠤᠮᠵᠢ  ᠳᠤ ᠡᠨᠧᠷᠬᠢ ᠠᠷᠪᠢᠯᠠᠬᠤ ᠳᠤᠬᠢᠷᠠᠭᠤᠯᠤᠯᠲᠠ ᠬᠢᠬᠦ᠂ ᠡᠵᠡᠮᠰᠢᠯ ᠤᠨ ᠬᠡᠯᠪᠡᠷᠢ ᠵᠡᠷᠬᠡ ᠮᠡᠷᠭᠡᠵᠢᠯ ᠳᠤ ᠦᠬᠡᠷᠡᠴᠢᠯᠡᠯᠲᠠ ᠬᠢᠬᠦ ᠪᠠᠷ ᠳᠠᠮᠵᠢᠨ᠂ ᠠᠯᠤᠰ ᠠᠴᠠ ᠡᠵᠡᠮᠰᠢᠬᠦ ᠠᠷᠭ᠎ᠠ ᠬᠡᠷᠡᠭᠯᠡᠬᠦᠷ ᠢ ᠠᠪᠴᠤ ᠪᠦᠬᠦ ᠬᠤᠰᠢᠭᠤᠨ ᠤ ᠵᠠᠮ ᠤᠨ ᠳ᠋ᠧᠩ ᠰᠦᠨᠢ ᠶᠢᠨ ᠠᠷᠪᠠᠨ ᠬᠤᠶᠠᠷ ᠴᠠᠭ ᠠᠴᠠ ᠬᠤᠶᠢᠰᠢ ᠲᠤᠰᠭᠠᠷ ᠨᠡᠬᠡᠬᠡᠵᠤ ᠳᠡᠶᠢᠯᠬᠦ ᠦᠬᠡᠢ ᠠᠰᠠᠭᠤᠳᠠᠯ ᠢ ᠲᠤᠶᠢᠯᠪᠤᠷᠢᠲᠠᠢ ᠰᠢᠢᠳᠪᠤᠷᠢᠯᠡᠵᠤ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠵᠢᠴᠢ ᠡᠨᠧᠷᠬᠢ ᠠᠷᠪᠢᠯᠠᠬᠤ ᠱᠠᠭᠠᠷᠳᠠᠯᠭ᠎ᠠ ᠳᠤ ᠬᠦᠷᠴᠤ᠂ ᠨᠡᠶᠢᠲᠠ LED ᠰᠢᠨ᠎ᠠ ᠮᠠᠶ᠋ᠢᠭ ᠤᠨ ᠡᠨᠧᠷᠬᠢ ᠠᠷᠪᠢᠯᠠᠬᠤ ᠳ᠋ᠧᠩ 1100 ᠢᠯᠡᠬᠦᠤ ᠰᠠᠭᠤᠷᠢ ᠰᠤᠯᠢᠪᠠ᠃ ᠬᠦᠲᠦᠯᠦᠭᠴᠢ᠄ 2018 ᠤᠨ ᠪᠤᠯ ᠴᠠᠬᠠᠷ ᠪᠠᠷᠠᠭᠤᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠲᠤᠯᠠᠬᠤ ᠵᠠᠩᠭᠢᠯᠭ᠎ᠠ ᠶᠢᠨ ᠨᠢᠬᠡ ᠵᠢᠯ ᠮᠦᠨᠴᠤ ᠡᠨᠡ ᠵᠢᠯ ᠪᠦᠬᠦ ᠬᠤᠲᠠ ᠶᠢᠨ ᠳᠤᠲᠤᠷ᠎ᠠ ᠴᠤᠷ ᠤᠨ ᠭᠠᠭᠴᠠ ᠶᠠᠳᠠᠭᠤ ᠶᠢᠨ ᠮᠠᠯᠠᠭᠠᠢ ᠪᠠᠨ ᠲᠠᠶᠠᠭᠳᠠᠭᠰᠠᠨ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ ᠬᠤᠰᠢᠭᠤ ᠡᠬᠦᠷᠬᠡᠯᠡᠵᠤ ᠪᠠᠶᠢᠭ᠎ᠠ ᠬᠠᠷᠢᠭᠤᠴᠠᠯᠭ᠎ᠠ ᠨᠢ ᠬᠡᠪ ᠶᠢᠨ ᠪᠤᠰᠤ ᠬᠦᠨᠳᠤ ᠶᠡᠭᠡ ᠮᠦᠨ᠃ ᠶᠠᠳᠠᠭᠤ ᠶᠢ ᠤᠨᠤᠪᠴᠢᠲᠠᠢ ᠳᠡᠳᠬᠦᠬᠦ ᠠᠵᠢᠯ ᠤᠨ ᠲᠠᠯ᠎ᠠ ᠪᠠᠷ ᠸᠠᠩ ᠲᠤᠪᠴᠢᠶᠠᠨ ᠳᠠᠷᠤᠭ᠎ᠠ ᠲᠠ ᠶᠠᠮᠠᠷ ᠶᠠᠮᠠᠷ ᠠᠵᠢᠯ ᠬᠢᠭᠰᠡᠨ ᠪᠤᠢ︖ ᠸᠠᠩ ᠲᠤᠪᠴᠢᠶᠠᠨ ᠳᠠᠷᠤᠭ᠎ᠠ᠄ ᠶᠠᠳᠠᠭᠤ ᠶᠢ ᠤᠨᠤᠪᠴᠢᠲᠠᠢ ᠳᠡᠳᠬᠦᠬᠦ ᠲᠠᠯ᠎ᠠ ᠪᠠᠷ᠂ ᠮᠠᠨ ᠤ ᠲᠤᠪᠴᠢᠶ᠎ᠠ ᠠᠷᠠᠳ ᠳᠤ ᠠᠰᠢᠭ ᠬᠦᠷᠲᠡᠭᠡᠬᠦ ᠨᠡᠶᠢᠬᠡᠮ ᠲᠤᠭᠤᠷᠢᠭ ᠲᠤ ᠰᠠᠭᠤᠵᠤ ᠠᠵᠢᠯᠯᠠᠬᠤ ᠠᠩᠭᠢ ᠶᠢ ᠪᠠᠶᠢᠭᠤᠯᠪᠠ᠂ ᠦᠷᠬᠦᠯᠵᠢ ᠲᠤᠰᠬᠤᠨ  ᠳᠤ ᠰᠠᠭᠤᠵᠤ ᠠᠵᠢᠯᠯᠠᠬᠤ ᠠᠩᠭᠢ ᠶᠢᠨ ᠬᠡᠰᠢᠬᠦᠨ 3 ᠨᠡᠷᠡᠰ ᠠᠴᠠ 5 ᠨᠡᠷᠡᠰ ᠬᠦᠷᠲᠡᠯ᠎ᠡ ᠨᠡᠮᠡᠭᠳᠡᠵᠤ᠂ ᠤᠨᠤᠪᠴᠢᠲᠠᠢ  ᠪᠠᠷ ᠶᠠᠳᠠᠭᠤ ᠶᠢ ᠳᠡᠳᠬᠦᠬᠦ ᠺᠠᠲᠠᠷ ᠨᠡᠶᠢᠲᠠ 60 ᠨᠡᠷᠡᠰ᠂ ᠨᠡᠶᠢᠲᠠ 2 ᠰᠢᠶᠠᠩ ᠪᠠᠯᠭᠠᠰᠤ 5 ᠭᠠᠴᠠᠭᠠᠨ ᠤ ᠵᠦᠪᠯᠡᠯ 88 ᠡᠷᠤᠬᠡ ᠶᠠᠳᠠᠭᠤ ᠬᠦᠴᠢᠷᠳᠡᠯᠲᠠᠢ ᠡᠷᠤᠬᠡ ᠶᠢ ᠬᠠᠪᠰᠤᠷᠤᠨ ᠳᠡᠳᠬᠦᠪᠡ᠃ ᠲᠤᠰᠬᠤᠨ ᠳᠤ ᠰᠠᠭᠤᠵᠤ ᠠᠵᠢᠯᠯᠠᠬᠤ ᠠᠩᠭᠢ ᠪᠤᠯᠤᠨ ᠡᠯ᠎ᠡ ᠬᠠᠪᠰᠤᠷᠤᠨ ᠳᠡᠳᠬᠦᠬᠦ ᠬᠠᠷᠢᠭᠤᠴᠠᠯᠭᠠᠳᠠᠨ ᠨᠠᠷ ᠠᠳᠠᠯᠢ ᠪᠤᠰᠤ ᠶᠢᠨ ᠰᠢᠯᠲᠠᠭᠠᠨ ᠠᠴᠠ ᠪᠤᠯᠵᠤ ᠶᠠᠳᠠᠭᠤᠷᠠᠭᠰᠠᠨ ᠶᠠᠳᠠᠭᠤ ᠡᠷᠤᠬᠡ ᠬᠦᠴᠢᠷᠳᠡᠯᠲᠠᠢ ᠡᠷᠤᠬᠡ ᠶᠢᠨ ᠠᠰᠠᠭᠤᠳᠠᠯ ᠢ ᠨᠠᠷᠢᠨ ᠬᠢᠨᠠᠮᠠᠭᠠᠢ ᠰᠢᠨᠵᠢᠯᠡᠨ ᠰᠤᠳᠤᠯᠠᠵᠤ᠂ ᠡᠷᠤᠬᠡ ᠪᠦᠷᠢ ᠶᠢᠨ ᠠᠳᠠᠯᠢ ᠪᠤᠰᠤ ᠠᠰᠠᠭᠤᠳᠠᠯ ᠳᠤ ᠬᠠᠨᠳᠤᠭᠤᠯᠤᠨ ᠤᠨᠤᠪᠴᠢᠲᠠᠢ ᠬᠠᠪᠰᠤᠷᠤᠨ ᠳᠡᠳᠬᠦᠵᠤ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠲᠤᠯᠠᠬᠤ ᠠᠵᠢᠯ ᠢ ᠰᠠᠶᠢᠳᠤᠷ ᠬᠢᠬᠦ ᠳᠤ ᠪᠠᠲᠤ ᠪᠠᠬᠢ ᠰᠠᠭᠤᠷᠢ ᠲᠠᠯᠪᠢᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠤᠪᠴᠢᠶ᠎ᠠ ᠦᠷᠬᠦᠯᠵᠢᠯᠡᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ᠂ ᠬᠤᠲᠠ ᠶᠢᠨ ᠳᠦᠷᠢ ᠳᠦᠷᠬᠦ ᠶᠢᠨ ᠵᠠᠰᠠᠨ ᠴᠡᠭᠴᠡᠯᠡᠬᠦ ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠴᠢ ᠳ᠋ᠢ ᠰᠠᠩ ᠳ᠋ᠧ ᠤᠷᠴᠢᠨ ᠲᠤᠭᠤᠷᠢᠨ ᠤ ᠠᠷᠢᠭᠤᠨ ᠴᠡᠪᠡᠷ ᠤᠨ ᠺᠤᠮᠫᠠᠨᠢ ᠳᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠳᠤᠷ ᠪᠡᠶᠡᠯᠡᠬᠦᠯᠦᠨ᠂ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠪᠠᠨ ᠲᠡᠬᠦᠯᠳᠡᠷᠵᠢᠬᠦᠯᠦᠨ ᠪᠦᠷᠢᠯᠳᠦᠬᠦᠯᠵᠤ᠂ ᠵᠠᠮ ᠤᠨ ᠳ᠋ᠧᠩ ᠤᠨ ᠺᠤᠮᠫᠠᠨᠢ ᠳᠠᠬᠢ ᠬᠢᠨᠠᠨ ᠰᠢᠯᠭᠠᠬᠤ ᠬᠠᠮᠢᠶᠠᠷᠤᠯᠲᠠ ᠪᠠᠨ ᠦᠷᠬᠦᠯᠵᠢᠯᠡᠨ ᠴᠢᠩᠭᠠᠳᠬᠠᠵᠤ᠂ ᠶᠡᠷᠤᠩᠭᠡᠢ ᠱᠦᠵᠢ ᠰᠢ ᠶᠢᠨ ᠫᠢᠩ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠤᠬᠠᠢ ᠤᠶᠢᠯᠠᠭᠠᠭᠳᠠᠬᠤᠨ ᠢ ᠦᠨᠡᠨᠬᠦ ᠪᠤᠳᠠᠲᠠᠢ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠳᠤ ᠴᠡᠪᠡᠷ ᠳᠡᠭᠰᠢ ᠭᠤᠶᠤ ᠰᠠᠶᠢᠬᠠᠨ ᠤᠷᠤᠰᠢᠨ ᠰᠠᠭᠤᠬᠤ ᠳᠤ ᠳᠤᠬᠢᠷᠠᠮᠵᠢᠲᠠᠢ ᠠᠮᠢᠳᠤᠷᠠᠯ ᠤᠨ ᠤᠷᠴᠢᠨ ᠲᠤᠭᠤᠷᠢᠨ ᠢ ᠪᠦᠲᠦᠬᠡᠨ ᠪᠠᠶᠢᠭᠤᠯᠵᠤ ᠦᠭᠬᠦᠨ᠎ᠠ᠃ ᠬᠦᠲᠦᠯᠦᠭᠴᠢ᠄ ᠵᠠ᠂ ᠸᠠᠩ ᠲᠤᠪᠴᠢᠶᠠᠨ ᠳᠠᠷᠤᠭ᠎ᠠ ᠦᠨᠦᠳᠦᠷ ᠮᠤᠷᠢᠯᠠᠨ ᠰᠠᠭᠠᠳᠠᠭᠰᠠᠨ ᠳᠤ ᠲᠠᠯᠠᠷᠬᠠᠵᠤ ᠪᠠᠶᠢᠨ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠪᠦᠲᠦᠬᠡᠨ ᠪᠠᠶᠢᠭᠤᠯᠤᠯᠲᠠ ᠤᠯᠠᠮ ᠠᠴᠠ ᠤᠯᠠᠮ ᠰᠠᠶᠢᠨ ᠪᠤᠯᠬᠤ ᠶᠢ ᠪᠢᠳᠡ ᠬᠦᠰᠡᠵᠤ ᠪᠠᠶᠢᠨ᠎ᠠ᠂ ᠪᠢᠳᠡ ᠳᠠᠷᠠᠭᠠᠴᠢ ᠶᠢᠨ ᠬᠤᠭᠤᠴᠠᠭᠠᠨ ᠳᠤ ᠳᠠᠬᠢᠨ ᠠᠭᠤᠯᠵᠠᠶ᠎ᠠ︕ ᠪᠠᠶᠠᠷᠲᠠᠢ︕ ᠸᠠᠩ ᠲᠤᠪᠴᠢᠶᠠᠨ ᠳᠠᠷᠤᠭ᠎ᠠ᠄ ᠬᠤᠲᠠ ᠶᠢᠨ ᠪᠦᠲᠦᠬᠡᠨ ᠪᠠᠶᠢᠭᠤᠯᠤᠯᠲᠠ ᠪᠤᠯ ᠨᠢᠬᠡᠨ ᠤᠷᠲᠤ ᠬᠤᠭᠤᠴᠠᠭᠠᠨ ᠤ ᠰᠢᠰᠲ᠋ᠧᠮᠲᠤ ᠢᠨᠵᠧᠨᠧᠷᠢᠩ᠂ ᠨᠢᠬᠡ ᠯᠡ ᠳᠤᠤᠷ᠎ᠠ ᠪᠡᠶᠡᠯᠡᠬᠦᠯᠵᠤ ᠳᠡᠶᠢᠯᠬᠦ ᠦᠬᠡᠢ᠂ ᠦᠵᠡᠰᠬᠦᠯᠡᠩᠳᠤ ᠰᠠᠶᠢᠬᠠᠨ ᠬᠤᠲᠠ ᠢ ᠬᠠᠮᠲᠤᠪᠠᠷ ᠪᠠᠶᠢᠭᠤᠯᠬᠤ ᠡᠬᠦᠷᠬᠡ ᠬᠦᠨᠳᠤ ᠵᠠᠮ ᠬᠤᠯᠠ᠂ ᠪᠢᠳᠡᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ ᠨᠠᠩ ᠰᠠᠶᠢᠨ ᠰᠠᠶᠢᠬᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠲᠦᠬᠡᠨ ᠪᠠᠶᠢᠭᠤᠯᠬᠤ ᠶᠢ ᠬᠦᠰᠡᠵᠤ ᠪᠠᠶᠢᠨ᠎ᠠ᠃ ᠰᠦᠯᠵᠢᠶᠡᠨ ᠤ ᠠᠨᠳᠠ ᠲᠠ ᠪᠦᠬᠦᠨ ᠳᠤ ᠪᠠᠶᠠᠷᠯᠠᠯ᠎ᠠ︕                                              ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号