ᠴᠠᠬᠠᠷ ᠠᠭᠤᠳᠠᠮ ᠲᠠᠯᠠᠪᠠᠢ ᠶᠢᠨ ᠲᠣᠪᠴᠢ ᠲᠠᠨᠢᠯᠴᠠᠭᠤᠯᠭ᠎ᠠ | | ᠴᠠᠬᠠᠷ ᠠᠭᠤᠳᠠᠮ ᠲᠠᠯᠠᠪᠠᠢ ᠶᠢ 2002 ᠣᠨ ᠳᠤ ᠡᠬᠢᠯᠡᠨ ᠪᠠᠶᠢᠭᠤᠯᠵᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠰᠢᠨ᠎ᠡ ᠬᠠᠭᠤᠴᠢᠨ ᠲᠣᠭᠤᠷᠢᠭ ᠤᠨ ᠠᠭᠤᠯᠵᠠᠷ ᠭᠡᠰᠡᠭ ᠲᠤ | ᠪᠠᠶᠢᠷᠢᠯᠠᠵᠤ᠂ ᠪᠠᠶᠠᠨᠴᠠᠭᠠᠨ ᠪᠠᠯᠭᠠᠰᠤᠨ ᠤ ᠣᠳᠣᠬᠠᠨ ᠤ ᠬᠠᠮᠤᠭ ᠶᠡᠭᠡ ᠨᠡᠶᠢᠲᠡ ᠶᠢᠨ ᠭᠦᠳᠡᠯᠭᠡᠭᠡᠨ ᠤ ᠲᠠᠯᠠᠪᠣᠷ | ᠪᠣᠯᠤᠨ᠎ᠠ᠃ ᠨᠡᠶᠢᠲᠡ 10 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ | ᠡᠮᠦᠨ᠎ᠡ ᠤᠮᠠᠷ᠎ᠠ ᠶᠢᠨ ᠭᠤᠤᠯ ᠲᠡᠩᠭᠡᠯᠢᠭ ᠱᠤᠭᠤᠮ ᠪᠣᠯ ᠴᠠᠬᠠᠷ ᠠᠭᠤᠳᠠᠮ ᠲᠠᠯᠠᠪᠠᠢ ᠶᠢᠨ ᠦᠵᠡᠮᠵᠢ ᠶᠢᠨ ᠲᠥᠪ | ᠪᠠᠶᠢᠵᠤ᠂ ᠥᠩᠭᠡᠲᠦ ᠳᠠᠭᠤᠤ ᠬᠥᠭᠵᠢᠮ ᠤᠨ ᠰᠦᠷᠴᠢᠭᠦᠷ ᠪᠤᠯᠠᠭ ᠲᠠᠢ᠂ ᠠᠭᠤᠳᠠᠮ ᠲᠠᠯᠠᠪᠠᠢ ᠶᠢᠨ ᠲᠥᠪ ᠲᠤ ᠥᠯᠵᠡᠶ | ᠪᠡᠯᠭᠡ᠂ ᠠᠷᠢᠭᠤᠨ ᠴᠡᠪᠡᠷ᠂ ᠠᠮᠤᠷ ᠲᠠᠶᠢᠪᠤᠩ᠂ ᠪᠦᠯᠬᠦᠮᠳᠡᠯ᠂ ᠬᠥᠭᠵᠢᠯ ᠮᠠᠨᠳᠤᠯ ᠢ ᠪᠡᠯᠭᠡᠳᠡᠭᠰᠡᠨ ︽ᠰᠦᠯᠳᠡ︾ | ᠱᠤᠭᠤᠮᠠᠯ ᠪᠠᠶᠢᠳᠠᠭ᠃ ᠣᠮᠠᠷ᠎ᠠ ᠲᠠᠯ᠎ᠠ ᠶᠢᠨ ᠣᠷᠣᠬᠤ ᠡᠭᠦᠳᠡ ᠲᠡᠭᠡᠷ᠎ᠡ ᠨᠢ ᠴᠢᠩᠭᠢᠰ ᠬᠠᠭᠠᠨ ᠤ ᠪᠠᠶᠢᠯᠳᠤᠭᠠᠨ ᠤ | ᠲᠡᠷᠭᠡ ᠶᠢᠨ ᠱᠤᠭᠤᠮᠠᠯ ᠬᠥᠷᠥᠭ ᠢ ᠱᠤᠭᠤᠵᠤ᠂ ᠬᠤᠶᠠᠷ ᠲᠠᠯ᠎ᠠ ᠳᠤ ᠨᠢ ᠲᠡᠮᠦᠷ ᠬᠤᠶᠠᠭ ᠡᠮᠦᠰᠴᠦ᠂ ᠭᠠᠷ ᠲᠤ ᠪᠠᠨ | ᠪᠣᠯᠣᠳ ᠵᠢᠳᠠ ᠲᠠᠢ 8 ᠮᠣᠷᠢᠲᠤ ᠴᠡᠷᠢᠭ ᠤᠨ ᠬᠠᠮᠠᠭᠠᠯᠠᠭᠴᠢ ᠶᠢᠨ ᠱᠤᠭᠤᠮᠠᠯ ᠲᠣᠬᠢᠷᠠᠭᠤᠯᠵᠤ᠂ 22 ᠲᠦᠮᠡᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠲᠠᠢ᠂ ᠲᠣᠭᠲᠠᠭᠤᠨ ᠡᠶ᠎ᠡ ᠵᠣᠬᠢᠴᠠᠯ ᠲᠠᠢ ᠪᠠᠷ | ᠬᠠᠮᠲᠤ ᠪᠠᠷ ᠤᠷᠤᠭᠰᠢᠯᠠᠭᠰᠠᠨ ᠲᠣᠲ᠋ᠧᠮ ᠲᠤᠯᠭᠠᠭᠤᠷᠢ ᠶᠢ ᠴᠢᠩᠭᠢᠰ ᠤᠨ ᠱᠤᠭᠤᠮᠠᠯ ᠤᠨ ᠬᠤᠶᠠᠷ ᠲᠠᠯ᠎ᠠ ᠳᠤ | ᠬᠤᠪᠢᠶᠠᠨ ᠵᠢᠭᠰᠠᠭᠠᠪᠡ᠃ ᠠᠭᠤᠳᠠᠮ ᠲᠠᠯᠠᠪᠠᠢ ᠶᠢᠨ ᠲᠥᠪ ᠤᠨ ᠬᠤᠶᠠᠷ ᠬᠠᠵᠠᠭᠤ ᠪᠠᠷ ᠮᠣᠩᠭᠤᠯ ᠦᠨᠳᠦᠰᠦᠲᠡᠨ ᠤ | ᠴᠡᠷᠢᠭ ᠤᠨ ᠶᠠᠪᠤᠳᠠᠯ᠂ ᠦᠢᠯᠡᠳᠪᠣᠷᠢᠯᠡᠯ᠂ ᠠᠮᠢᠳᠤᠷᠠᠯ ᠤᠨ ᠬᠡᠷᠡᠭᠰᠡᠯ ᠤᠨ ᠦᠵᠡᠮᠵᠢ ᠶᠢᠨ ᠱᠤᠭᠤᠮᠠᠯ ᠨᠡᠶᠢᠲᠡ 47 | ᠪᠣᠶ᠃ | ᠠᠭᠤᠳᠠᠮ ᠲᠠᠯᠠᠪᠠᠢ ᠶᠢᠨ ᠡᠮᠦᠨᠡᠲᠦ ᠬᠡᠰᠡᠭ ᠲᠤ ᠭᠤᠤᠯᠳᠠᠭᠤ ᠰᠣᠶᠣᠯ ᠤᠨ ᠬᠥᠳᠡᠯᠭᠡᠭᠡᠨ ᠤ ᠣᠷᠣᠨ ᠪᠠᠶᠢᠵᠤ᠂ | ᠴᠠᠬᠠᠷ ᠮᠣᠩᠭᠤᠯᠴᠤᠳ ᠤᠨ ᠡᠮᠡᠭᠲᠡᠶᠢᠴᠦᠳ ᠤᠨ ᠲᠣᠯᠣᠭᠠᠶ ᠶᠢᠨ ᠵᠠᠰᠠᠯ ᠤᠨ ᠬᠡᠯᠪᠡᠷᠢᠲᠦ ᠭᠤᠯᠳᠤᠩ ᠡᠭᠦᠳᠡ ᠲᠠᠢ᠃ | ᠤᠮᠠᠷᠠᠲᠤ ᠬᠡᠰᠡᠭ ᠨᠢ ᠰᠡᠯᠡᠭᠦᠴᠡᠯ ᠤᠨ ᠬᠥᠳᠡᠯᠭᠡᠭᠡᠨ ᠤ ᠣᠷᠣᠨ ᠪᠠᠶᠢᠵᠤ᠂ ᠬᠤᠶᠠᠷ ᠰᠡᠯᠡᠭᠦᠴᠡᠯ ᠤᠨ ᠬᠥᠳᠡᠯᠭᠡᠭᠡᠨ ᠤ | ᠲᠠᠪᠴᠠᠩ ᠪᠠᠶᠢᠭᠤᠯᠪᠠ᠃ ᠵᠡᠭᠦᠨ᠂ ᠪᠠᠷᠠᠭᠤᠨ ᠬᠡᠰᠡᠭ ᠨᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠣᠷᠣᠨ ᠪᠠ | ᠨᠣᠭᠤᠭᠠᠷᠠᠭᠤᠯᠤᠯᠲᠠ ᠶᠢᠨ ᠣᠷᠣᠨ ᠪᠠᠶᠢᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ | 60 ᠭᠠᠷᠤᠶ ᠢᠵᠢ ᠲᠣᠬᠢᠷᠠᠭᠤᠯᠪᠡ᠃ ᠵᠦᠯᠭᠡ᠂ ᠪᠣᠳᠠ ᠮᠣᠳᠣ 5 ᠲᠦᠮᠡᠨ ᠲᠡᠭᠰᠢ ᠳᠥᠷᠪᠡᠯᠵᠢᠨ ᠮᠧᠲᠷ ᠲᠠᠷᠢᠵᠤ᠂ | ᠴᠦᠭᠦᠷᠰᠦ᠂ ᠤᠳᠠ᠂ ᠮᠠᠶᠢᠯᠠᠰᠤ᠂ ᠭᠤᠤᠯᠲᠤ ᠪᠣᠷᠣ᠂ ᠲᠣᠰᠣᠨ ᠨᠠᠷᠠᠰᠤ᠂ ᠬᠤᠩᠭᠤᠷᠴᠠᠭ ᠵᠡᠷᠭᠡ 60 ᠭᠠᠷᠤᠶ | ᠵᠥᠢᠯ ᠤᠨ5000 ᠭᠠᠷᠤᠶ ᠰᠠᠭᠤᠷᠢ ᠮᠣᠳᠣ ᠲᠠᠷᠢᠪᠠ᠃ | ᠣᠷᠴᠢᠭᠤᠯᠣᠭᠴᠢ᠄ ᠰᠡᠴᠡᠩᠭᠤᠸ᠎ᠠ |