ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠨᠳᠦᠰᠦᠲᠡᠨ ᠤ ᠰᠣᠶᠣᠯ ᠤᠨ ᠥᠩᠭᠡ | ᠦᠵᠡᠮᠵᠢ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ ᠪᠠᠶᠢᠨ᠎ᠠ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠣᠶᠣᠯ ᠢᠶᠠᠷ ᠵᠢᠭᠤᠯᠴᠢᠯᠠᠯ ᠢ ᠪᠠᠭᠯᠠᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠳᠠᠪᠠᠯᠲᠠ ᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠤᠰ | ᠬᠤᠰᠢᠭᠤᠨ ᠤ ᠬᠢᠯᠢ ᠳᠣᠲᠣᠷ᠎ᠠ ᠣᠳᠣ ᠪᠠᠶᠢᠭ᠎ᠠ ᠦᠵᠡᠮᠵᠢᠳᠣ ᠴᠡᠭ ᠪᠡ ᠲᠡᠣᠬᠡᠨ ᠪᠠᠭᠤᠷᠢ ᠵᠡᠷᠭᠡ ᠡᠯ᠎ᠡ ᠲᠥᠷᠥᠯ ᠤᠨ | ᠪᠣᠳᠠᠰ ᠤᠨ ᠰᠣᠶᠣᠯ ᠤᠨ ᠥᠪ ᠨᠡᠶᠢᠲᠡ 8 ᠶᠡᠭᠡ ᠲᠦᠷᠣᠯ 180 ᠭᠠᠵᠠᠷ ᠪᠠᠶᠢᠨ᠎ᠠ᠃ ᠵᠢᠭᠤᠯᠴᠢᠯᠠᠯ ᠤᠨ | ᠪᠦᠲᠦᠭᠡᠭᠳᠡᠬᠦᠨ ᠬᠢᠭᠡᠳ ᠴᠠᠬᠠᠷ ᠰᠣᠶᠣᠯ ᠤᠨ ᠭᠦᠨᠵᠡᠭᠡᠶ ᠠᠭᠤᠰᠤᠯᠴᠠᠯ ᠢ ᠪᠦᠬᠦ ᠲᠠᠯ᠎ᠠ ᠪᠠᠷ ᠴᠢᠩᠭᠠᠳᠬᠠᠵᠤ᠂ | ᠰᠣᠶᠣᠯ ᠤᠨ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠤ ᠨᠡᠭᠡᠭᠡᠯᠲᠡ ᠶᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ᠣᠷᠣᠨ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠰᠣᠶᠣᠯ ᠤᠨ ᠳᠦᠷᠢ ᠲᠥᠷᠬᠦ ᠶᠢ ᠪᠤᠢ | ᠪᠣᠯᠭᠠᠨ᠎ᠠ᠃ 2016 ᠣᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠤᠯ ᠤᠨ ᠵᠣᠬᠢᠶᠠᠨ | ᠪᠦᠲᠦᠭᠡᠭᠰᠡᠨ ᠤᠳᠬ᠎ᠠ ᠤᠷᠠᠯᠢᠭ ᠤᠨ ᠪᠦᠲᠦᠭᠡᠯ ᠨᠢ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠣᠯᠠᠨ ᠵᠣᠶᠢᠯ ᠤᠨ ᠭᠦᠳᠡᠯᠭᠡᠭᠡᠨ ᠳᠡᠭᠡᠷ᠎ᠡ ᠢᠯᠡᠷᠡᠵᠦ ᠪᠠᠶᠢᠨ᠎ᠠ᠃ ᠡᠭᠦᠨ ᠳᠤ ᠮᠣᠩᠭᠤᠯ ᠬᠡᠯᠡᠨ ᠤ | ᠬᠤᠯᠪᠣᠭ᠎ᠠ ︽ᠭᠠᠯᠲᠤ ᠠᠭᠤᠯᠠ ᠶᠢᠨ ᠲᠠᠯ᠎ᠠ ᠨᠤᠲᠤᠭ ᠤᠨ ᠴᠠᠬᠠᠷᠴᠤᠳ︾ ᠨᠢ ᠵᠢᠷᠭᠤᠳᠤᠭᠠᠷ ᠬᠤᠭᠤᠴᠠᠭᠠᠨ ᠤ ᠪᠦᠬᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠷᠢᠯᠢᠭ ᠤᠨ ᠲᠣᠭᠯᠠᠯᠲᠠ ᠶᠢᠨ ᠰᠢᠯᠢᠳᠡᠭ ᠲᠣᠭᠯᠠᠯᠲᠠ ᠶᠢᠨ | ᠱᠠᠩᠨᠠᠯ ᠪᠠ ᠥᠪᠥᠷ ᠮᠣᠩᠭᠤᠯ ᠤᠨ ᠰᠢ ᠵᠦᠴᠦᠭᠡ ᠳᠠᠭᠤᠷᠢᠯᠢᠭ ᠤᠨ ᠨᠠᠶᠢᠷ ᠤ᠊ ᠰᠢᠯᠢᠳᠡᠭ ᠱᠠᠩᠨᠠᠯ ᠢ ᠬᠦᠷᠲᠡᠪᠡ᠃ | ᠤᠯᠠᠭᠠᠨᠮᠥ᠋ᠴᠢᠷ ᠤᠨ ︽ᠳᠠᠭᠤᠤ ᠪᠥᠵᠢᠭᠲᠦ ᠳᠤᠮᠳᠠᠳᠤ ᠤᠯᠤᠰ︾ ᠨᠢ 2016 ᠣᠨ ᠤ ᠪᠦᠬᠦ ᠤᠯᠤᠰ ᠤᠨ | ᠴᠥᠭᠡᠨ ᠲᠣᠭᠠᠲᠤ ᠦᠨᠳᠦᠰᠦᠲᠡᠨ ᠤ ᠲᠧᠯᠸᠢᠰ ᠳᠠᠭᠤᠤ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠳᠤ | ᠲᠣᠭᠯᠠᠯᠲᠠ ᠶᠢᠨ ᠠᠯᠲᠠᠨ ᠱᠠᠩᠨᠠᠯ᠂ ᠬᠠᠮᠤᠭ ᠤᠨ ᠰᠠᠶᠢᠨ ᠬᠤᠪᠴᠠᠰᠤ ᠵᠠᠰᠠᠯ ᠤᠨ ᠱᠠᠩᠨᠠᠯ᠂ ᠬᠠᠮᠤᠭ ᠤᠨ ᠰᠠᠶᠢᠨ | ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠭᠰᠡᠨ ᠪᠥᠭᠡᠳ ︽2016 ᠣᠨ ᠤ ᠶᠡᠷᠦᠩᠬᠡᠶ ᠮᠠᠩᠯᠠᠶ︾ ᠶᠢ ᠢᠷᠠᠭᠤ | ᠠᠯᠳᠠᠷᠲᠠᠶ ᠪᠠᠷ ᠬᠦᠷᠲᠡᠪᠡ᠃ ᠮᠣᠩᠭᠤᠯ ᠵᠦᠴᠦᠭᠡ ︽ᠰᠢᠳᠤᠷᠭᠤ ᠪᠠᠭᠠᠲᠤᠷᠯᠢᠭ ᠴᠠᠬᠠᠷ︾ ᠨᠢ ᠥᠪᠡᠷᠲᠡᠭᠡᠨ ᠵᠠᠰᠠᠬᠤ | ᠣᠷᠣᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠬᠠᠮᠤᠭ ᠲᠡᠭᠡᠳᠦ ᠢᠷᠠᠭᠤ ᠠᠯᠳᠠᠷ ᠤᠨ ᠱᠠᠩᠨᠠᠯ ︽ᠰᠠᠷᠠᠨ᠎ᠠ︾ | ᠵᠦᠴᠦᠭᠡ ᠶᠢᠨ ᠭᠠᠷᠴᠠᠭ ᠤᠨ ᠱᠠᠩᠨᠠᠯ᠂ ᠳᠠᠭᠤᠤ ᠬᠥᠭᠵᠢᠮ ᠤᠨ ᠱᠠᠩᠨᠠᠯ ᠪᠠ 2016 ᠣᠨ ᠤ ᠥᠪᠥᠷ | ᠮᠣᠩᠭᠤᠯ ᠤᠨ ᠰᠢ ᠵᠦᠴᠦᠭᠡ ᠳᠠᠭᠤᠷᠢᠯᠢᠭ ᠤᠨ ᠨᠡᠶᠢᠷ ᠤᠨ ᠬᠤᠶᠠᠳᠤᠭᠠᠷ ᠲᠡᠰ ᠤᠨ ᠱᠠᠩᠨᠠᠯ ᠢ ᠬᠦᠷᠲᠡᠪᠡ᠃ | ᠵᠣᠬᠢᠶᠠᠭᠴᠢ᠄ ᠭᠥᠸᠧ ᠯᠢ ᠮᠢᠨ | ᠣᠷᠴᠢᠭᠤᠯᠣᠭᠴᠢ᠄ ᠰᠡᠴᠡᠩᠭᠤᠸ᠎ᠠ |