ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠤᠯᠠᠭᠠᠨᠴᠠᠪ ᠭᠦᠴᠣᠨ ᠨᠡᠮᠡᠷᠢᠯᠡᠨ᠎ᠠ
ᠨᠡᠶᠢᠲᠡᠯᠡᠭᠰᠡᠨ ᠴᠠᠭ᠄
2019-11-01
         ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ          ᠲᠠᠮᠢᠷ ᠤᠨ ᠴᠤᠭᠯᠠᠭᠠᠨ ᠳᠤ ᠤᠯᠠᠭᠠᠨᠴᠠᠪ ᠭᠦᠴᠣᠨ ᠨᠡᠮᠡᠷᠢᠯᠡᠨ᠎ᠠ      2020 ᠣᠨ ᠤ 2 ᠰᠠᠷ᠎ᠠ ᠶᠢᠨ 16 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ ᠦᠪᠡᠳᠡᠭᠰᠢ ᠶᠡᠭᠡ ᠪᠠᠷ ᠶᠠᠪᠣᠭᠳᠠᠨ᠎ᠠ᠂ ᠯᠢᠶᠠᠩᠴᠧᠩ ᠰᠢᠶᠠᠨ ᠤ ᠲᠠᠶᠢᠭ᠎ᠠ‌ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠴᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠢᠯᠡᠷᠡᠬᠦ ᠪᠣᠯᠤᠨ᠎ᠠ᠃    ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠲᠠᠶᠢᠭ᠎ᠠ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ ᠶᠠᠪᠣᠭᠳᠠᠬᠤ ᠨᠢ᠂ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ᠂ ᠳᠠᠩ ᠬᠠᠪᠲᠠᠰᠤ ᠪᠠᠷ ᠴᠠᠰᠤᠨ ᠳᠤ ᠭᠤᠯᠭᠤᠬᠤ ᠬᠤᠶᠠᠷ ᠶᠡᠭᠡ ᠲᠥᠷᠥᠯ ᠪᠣᠯᠤᠨ᠎ᠠ᠂ ᠬᠠᠷᠰᠢ ᠰᠠᠭᠠᠳ᠂ ᠨᠠᠯᠠᠤ ᠳᠡᠭᠡᠷᠡᠬᠢ ᠬᠠᠷᠰᠢ ᠰᠠᠭᠠᠳ ᠤᠨ ᠤᠷ᠎ᠠ ᠮᠡᠷᠭᠡᠵᠢᠯ᠂ ᠲᠣᠮᠣ ᠬᠠᠷᠠᠶᠢᠯᠲᠠ ᠶᠢᠨ ᠭᠤᠷᠪᠠᠨ ᠬᠤᠪᠢᠶᠠᠷᠢ ᠵᠣᠶᠢᠯ ᠤᠨ ᠳᠣᠲᠣᠷᠠᠬᠢ 13 ᠪᠠᠭ᠎ᠠ ᠲᠥᠷᠥᠯ ᠵᠣᠶᠢᠯ ᠤᠨ ᠥᠷᠢᠰᠥᠯᠳᠦᠭᠡᠨ ᠨᠢ ᠨᠡᠶᠢᠲᠡ 15 ᠠᠯᠲᠠᠨ ᠮᠧᠳᠠᠯ ᠡᠭᠦᠰᠬᠦ ᠪᠣᠯᠤᠨ᠎ᠠ᠃ ᠤᠷᠤᠯᠳᠤᠭᠠᠨ ᠤ ᠴᠠᠭ ᠢ 2020ᠣᠨ ᠤ 2 ᠰᠠᠷ᠎ᠠ ᠶᠢᠨ 19 ᠤ ᠡᠳᠦᠷ ᠠᠴᠠ 26 ᠤ ᠡᠳᠦᠷ ᠪᠣᠯᠲᠠᠯ᠎ᠠ ᠲᠣᠭᠲᠠᠭᠠᠪᠠ᠃    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠡᠨ 70 ᠭᠠᠷᠤᠶ ᠵᠢᠯ ᠤᠨ ᠲᠤᠷᠰᠢ ᠠᠩᠬ᠎ᠠ ᠤᠳᠠᠭ᠎ᠠ ᠳᠠᠭᠠᠭᠠᠨ ᠡᠷᠬᠢᠯᠡᠭᠰᠡᠨ ᠪᠥᠬᠦ ᠤᠯᠤᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠴᠤᠭᠯᠠᠭᠠᠨ ᠪᠣᠯᠤᠨ᠎ᠠ᠂ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠪᠥᠬᠦ ᠤᠯᠤᠰ ᠤᠨ ᠡᠷᠬᠢᠯᠡᠭᠰᠡᠨ ᠬᠡᠪᠴᠢᠶ᠎ᠡ ᠪᠠᠷ ᠬᠠᠮᠤᠭ ᠤᠨ ᠶᠡᠭᠡ᠂ ᠲᠤᠰᠬᠠᠶ ᠮᠡᠷᠭᠡᠵᠢᠯ ᠤᠨ ᠴᠢᠨᠠᠷ ᠢᠶᠠᠷ ᠬᠠᠮᠤᠭ ᠤᠨ ᠴᠢᠩᠭ᠎ᠠ᠂ ᠬᠢᠷᠢ ᠬᠡᠮᠵᠢᠶ᠎ᠡ ᠪᠠᠷ ᠬᠠᠮᠤᠭ ᠤᠨ ᠥᠨᠳᠥᠷ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯᠤᠨ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠲᠠᠮᠢᠷᠴᠢᠳ ᠤᠨ ᠬᠠᠮᠤᠭ ᠤᠨ ᠴᠢᠬᠤᠯᠠ ᠵᠡᠪᠰᠡᠭ ᠤᠨ ᠡᠷᠳᠡᠮ ᠤᠨ ᠲᠠᠪᠴᠠᠩ ᠪᠠ ᠴᠡᠷᠢᠭ ᠤᠨ ᠪᠣᠯᠪᠠᠰᠤᠷᠠᠯ ᠤᠨ ᠲᠠᠯᠠᠪᠠᠢ ᠪᠣᠯᠤᠨ᠎ᠠ᠃     ᠪᠥᠬᠦ ᠤᠯᠤᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠬᠦ ᠪᠣᠯ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠡᠭᠦᠨ ᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠲᠠ ᠶᠢᠨ ᠭᠤᠤᠯ ᠤᠳᠤᠷᠢᠳᠤᠯᠭ᠎ᠠ ᠣᠯᠠᠨ ᠤᠳᠠᠭ᠎ᠠ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠢᠯ ᠢ ᠠᠬᠢᠭᠤᠯᠤᠭᠰᠠᠨ ᠪᠠᠶᠢᠳᠡᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠡᠭᠦᠨ ᠤ ᠬᠠᠮᠲᠤ᠂ ᠠᠷᠪᠡᠨ ᠲᠦᠷᠪᠡᠳᠣᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠪᠡᠯᠡᠳᠬᠡᠯ ᠺᠣᠮᠢᠰ ᠪᠠ ᠭᠦᠢᠴᠡᠳᠭᠡᠬᠦ ᠺᠣᠮᠢᠰ ᠢ ᠲᠤᠰᠬᠠᠶᠢᠯᠠᠨ ᠪᠠᠶᠢᠭᠤᠯᠵᠤ᠂ ᠪᠡᠯᠡᠳᠬᠡᠯ ᠺᠣᠮᠢᠰ ᠤᠨ ᠳᠣᠤᠷ᠎ᠠ ᠨᠢ ᠠᠷᠪᠠᠨ ᠨᠢᠭᠡᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠭᠦᠢᠴᠡᠳᠭᠡᠬᠦ ᠺᠣᠮᠢᠰ ᠤᠨ ᠳᠣᠤᠷ᠎ᠠ ᠨᠢ ᠶᠢᠰᠦᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠪᠡ᠃ ᠯᠢᠶᠠᠩᠴᠧᠩ ᠰᠢᠶᠠᠨ ᠴᠤ ᠵᠣᠬᠢᠴᠠᠩᠭᠤᠶ ᠠᠵᠢᠯ ᠶᠢᠨ ᠪᠠᠶᠢᠭᠤᠯᠤᠮᠵᠢ ᠶᠢ ᠵᠡᠷᠭᠡᠪᠡᠷ ᠪᠠᠶᠢᠭᠤᠯᠬᠤ ᠶᠢᠨ ᠬᠠᠮᠲᠤ ᠠᠵᠢᠯ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠣᠷᠢᠵᠢᠭᠤᠯᠵᠦ᠂ ᠡᠯ᠎ᠡ ᠵᠣᠶᠢᠯ ᠤᠨ ᠠᠵᠢᠯ ᠶᠢᠨ ᠤᠷᠤᠭᠰᠢᠲᠠᠶ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠳᠣᠯᠡᠪᠡ᠃    ᠣᠶᠢᠯᠠᠭᠠᠭᠰᠠᠨ ᠢᠶᠠᠷ᠂ ᠯᠢᠶᠠᠩᠴᠧᠩ ᠰᠢᠶᠠᠨ ᠤ ᠲᠠᠶᠢᠭ᠎ᠠ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠲᠠᠯᠠᠪᠡᠢ ᠨᠢ ᠪᠠᠷᠤᠭ 5.8 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠷᠢᠯᠭ᠎ᠠ ᠶᠢᠨ ᠲᠠᠯᠠᠪᠠᠢ ᠨᠢ 5 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠨᠢᠭᠡᠨᠲᠡ ᠪᠠᠶᠢᠭᠤᠯᠤᠭᠰᠠᠨ ᠬᠡᠭᠡᠷᠡᠯᠡᠨ ᠭᠦᠶᠦᠬᠦ ᠤᠷᠤᠯᠳᠤᠭᠠᠨ ᠤ ᠵᠠᠮ᠂ ᠳᠠᠩ ᠬᠠᠪᠲᠠᠰᠤᠲᠤ U ᠬᠡᠯᠪᠡᠷᠢ ᠶᠢᠨ ᠬᠤᠩᠭᠢᠯ᠂ ᠶᠡᠭᠡ ᠡᠷᠭᠢᠯᠳᠦᠭᠡ ᠵᠡᠷᠭᠡ ᠤᠷᠤᠯᠳᠤᠭᠠᠨ ᠤ ᠵᠠᠮ ᠨᠡᠶᠢᠲᠡ 12 ᠪᠠᠶᠢᠵᠤ᠂ ᠴᠠᠰᠤᠨ ᠤ ᠵᠠᠮ ᠤᠨ ᠲᠠᠯᠠᠪᠠᠢ 40 ᠲᠦᠮᠡᠨ ᠲᠡᠭᠰᠢ ᠳᠥᠷᠪᠡᠯᠵᠢᠨ ᠮᠧᠲᠷ᠂ ᠡᠯ᠎ᠡ ᠵᠣᠶᠢᠯ ᠤᠨ ᠪᠡᠶ᠎ᠡ ᠶᠢᠨ ᠲᠠᠮᠢᠷ ᠤᠨ ᠢᠵᠢ ᠪᠦᠷᠢᠳᠦᠭᠦᠯᠬᠦ ᠪᠡᠯᠡᠳᠬᠡᠮᠵᠢ ᠵᠢᠴᠢ ᠵᠠᠮ᠂ ᠴᠢᠮᠡᠭᠡ ᠬᠤᠯᠪᠣᠭ᠎ᠠ ᠂ ᠴᠠᠬᠢᠯᠭᠠᠨ ᠬᠦᠴᠦᠨ ᠵᠡᠷᠭᠡ ᠰᠠᠭᠤᠷᠢ ᠪᠡᠯᠡᠳᠬᠡᠮᠵᠢ ᠦᠨᠳᠦᠰᠦᠨ ᠳᠡᠭᠡᠨ ᠲᠡᠭᠦᠯᠳᠡᠷᠵᠢᠵᠦ᠂ ᠤᠯᠤᠰ ᠤᠨ ᠲᠡᠰ ᠤᠨ ᠭᠤᠯᠳᠤᠷᠢᠯ ᠢ ᠵᠠᠯᠭᠠᠨ ᠵᠣᠯᠭᠠᠭᠤᠯᠬᠤ ᠴᠢᠳᠠᠪᠤᠷᠢ ᠶᠢ ᠨᠢᠭᠡᠨᠲᠡ ᠪᠦᠷᠢᠯᠳᠦᠭᠦᠯᠪᠡ᠃    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠭᠰᠡᠨ ᠤ ᠳᠠᠷᠠᠭ᠎ᠠ᠂ ᠲᠠᠶᠢᠭ᠎ᠠ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ 2 ᠤᠷᠤᠯᠳᠤᠭᠠᠨ ᠤ ᠡᠭᠦᠷᠭᠡ ᠶᠢ ᠡᠭᠦᠷᠭᠡᠯᠡᠵᠦ᠂ ᠨᠢᠭᠡ ᠨᠢ ᠨᠠᠯᠠᠤ ᠲᠠᠯ᠎ᠠ ᠶᠢᠨ ᠰᠠᠭᠠᠳ ᠲᠣᠳᠬᠠᠷ ᠤᠨ ᠤᠷ᠎ᠠ ᠮᠡᠷᠭᠡᠵᠢᠯ ᠪᠠ ᠶᠡᠭᠡ ᠬᠠᠷᠠᠶᠢᠯᠲᠠ ᠶᠢᠨ ᠤᠷᠤᠯᠳᠤᠭᠠᠨ᠂ ᠨᠥᠬᠦᠭᠡ ᠨᠢ ᠰᠠᠭᠠᠳ ᠲᠣᠳᠬᠠᠷ ᠢ ᠲᠠᠭᠤᠬᠤ ᠳᠤ ᠬᠡᠷᠡᠭᠯᠡᠨ᠎ᠡ᠃ ᠣᠳᠣᠬᠠᠨ ᠳᠤ᠂ ᠴᠠᠰᠤᠨ ᠳᠤ ᠭᠤᠯᠭᠤᠬᠤ ᠲᠠᠯᠠᠪᠠᠢ ᠶᠠᠭ ᠴᠠᠰᠤᠨ ᠵᠠᠮ ᠢ ᠲᠡᠭᠰᠢᠯᠡᠬᠦ᠂ ᠴᠠᠬᠢᠯᠭᠠᠨ ᠬᠡᠯᠬᠢᠶ᠎ᠡ ᠶᠢ ᠪᠠᠶᠢᠴᠠᠭᠠᠨ ᠵᠠᠰᠠᠬᠤ᠂ ᠤᠰᠤ ᠬᠠᠳᠠᠭᠠᠯᠠᠬᠤ ᠤᠰᠤ ᠲᠤᠷᠰᠢᠬᠤ᠂ ᠴᠠᠰᠤ ᠦᠢᠯᠡᠳᠬᠦ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠳᠡᠭᠦᠵᠢᠩ ᠵᠠᠮ ᠪᠠᠶᠢᠴᠠᠭᠠᠨ ᠵᠠᠰᠠᠬᠤ ᠵᠡᠷᠭᠡ ᠠᠵᠢᠯ ᠢ ᠬᠢᠵᠦ ᠪᠠᠶᠢᠨ᠎ᠠ᠃ 11 ᠰᠠᠷ᠎ᠠ ᠶᠢᠨ ᠡᠬᠢ ᠪᠠᠷ ᠴᠠᠰᠤ ᠦᠢᠯᠡᠳᠴᠦ᠂ 2 ᠰᠠᠷ᠎ᠠ ᠶᠢᠨ ᠬᠤᠭᠤᠴᠠᠭᠠᠨ ᠳᠤ ᠴᠠᠰᠤ ᠦᠢᠯᠡᠳᠬᠦ ᠪᠠᠨ ᠲᠡᠭᠦᠰᠭᠡᠵᠦ᠂ ᠬᠠᠭᠠᠰ ᠰᠠᠷ᠎ᠠ ᠶᠢᠨ ᠬᠤᠭᠤᠴᠠᠭᠠᠨ ᠳᠤ ᠴᠠᠰᠣᠨ ᠭᠤᠯᠭᠤᠭ᠎ᠠ ᠵᠠᠮ ᠢ ᠦᠢᠯᠡᠳᠴᠦ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃    ᠥᠷᠭᠡᠨ ᠣᠯᠠᠨ ᠲᠦᠮᠡᠨ ᠤ ᠤᠷᠤᠯᠳᠤᠭᠠᠨ ᠦᠵᠡᠬᠦ ᠵᠢᠴᠢ ᠬᠠᠮᠤᠭ ᠤᠨ ᠲᠦᠷᠦᠭᠦᠨ ᠳᠤ ᠮᠡᠳᠡᠭᠡ ᠵᠠᠩᠭᠢ ᠣᠯᠬᠤ ᠬᠡᠷᠡᠭᠴᠡᠭᠡ ᠶᠢ ᠦᠨᠡᠨ ᠬᠦ ᠬᠠᠩᠭᠠᠬᠤ ᠶᠢᠨ ᠲᠥᠯᠥᠭᠡ᠂ ᠤᠷᠤᠯᠳᠤᠭᠠᠨ ᠤ ᠬᠤᠭᠤᠴᠠᠭᠠᠨ ᠳᠤ᠂ ᠮᠠᠨ ᠤ ᠬᠤᠲᠠ ᠲᠠᠶᠢᠭ᠎ᠠ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ ᠰᠣᠨᠢᠨ ᠮᠡᠳᠡᠭᠡᠨ ᠤ ᠲᠥᠪ ᠲᠣᠬᠢᠷᠠᠭᠤᠯᠣᠨ᠎ᠠ᠂ ᠣᠳᠣᠬᠠᠨ ᠳᠤ ᠲᠥᠪ ᠲᠧᠯᠸᠢᠰ ᠤᠨ ᠰᠦᠯᠵᠢᠶ᠎ᠡ ᠲᠠᠢ ᠠᠩᠬ᠎ᠠ ᠠᠯᠬᠤᠮ ᠤᠨ ᠵᠣᠯᠭᠠᠯᠴᠠᠭ᠎ᠠ ᠬᠢᠵᠦ᠂ ᠰᠢᠨᠬᠤᠸᠠ ᠬᠤᠷᠢᠶ᠎ᠠ ᠲᠠᠢ ᠵᠣᠯᠭᠠᠯᠴᠠᠭ᠎ᠠ ᠶᠠᠭ ᠶᠠᠪᠤᠭᠳᠠᠵᠤ ᠪᠣᠶ᠃ 9 ᠰᠠᠷ᠎ᠠ ᠶᠢᠨ ᠡᠬᠢ ᠪᠠᠷ᠂ ᠲᠥᠪ ᠲᠧᠯᠸᠢᠰ ᠤᠨ ᠠᠵᠢᠯᠯᠠᠬᠤ ᠳᠤᠭᠤᠶᠢᠯᠠᠩ ᠲᠤᠰᠬᠠᠶᠢᠯᠠᠨ ᠯᠢᠶᠠᠩᠴᠧᠩ ᠰᠢᠶᠠᠨ ᠳᠤ ᠬᠦᠷᠴᠦ᠂ ᠰᠢᠭᠤᠳ ᠨᠡᠪᠲᠡᠷᠡᠭᠦᠯᠬᠦ ᠠᠵᠢᠯ ᠢ ᠵᠣᠯᠭᠠᠯᠳᠤᠭᠤᠯᠤᠨ᠂ ᠲᠤᠬᠠᠶ ᠶᠢᠨ ᠲᠠᠯᠠᠪᠤᠷ ᠤᠨ ᠬᠠᠶᠢᠨ ᠪᠠᠶᠢᠴᠠᠭᠠᠯᠲᠠ ᠪᠠᠷ ᠳᠠᠮᠵᠢᠭᠤᠯᠤᠨ᠂ ᠯᠢᠶᠠᠩᠴᠧᠩ ᠰᠢᠶᠠᠨ ᠤ ᠬᠠᠮᠵᠢᠯᠴᠠᠨ ᠪᠡᠶᠡᠯᠡᠭᠦᠯᠬᠦ ᠴᠢᠬᠤᠯᠠᠲᠠᠶ ᠠᠵᠢᠯ ᠤᠨ ᠡᠭᠦᠷᠭᠡ ᠶᠢ ᠲᠣᠳᠣᠷᠬᠠᠶ ᠪᠣᠯᠭᠠᠪᠠ᠃ ᠣᠳᠣᠬᠠᠨ ᠳᠤ᠂ ᠷᠠᠳᠢᠣ᠋ ᠲᠧᠯᠸᠢᠰ ᠤᠨ ᠰᠦᠯᠵᠢᠶ᠎ᠡ᠂ ᠰᠢᠯᠵᠢᠮᠡᠯ‌ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠲᠠᠯ᠎ᠠ ᠳᠤ ᠬᠤᠯᠪᠣᠭᠳᠠᠭᠰᠠᠨ ᠵᠠᠮ ᠱᠤᠭᠤᠮ ᠢ ᠵᠢᠷᠤᠵᠤ ᠲᠥᠯᠥᠪᠯᠡᠬᠦ ᠵᠢᠴᠢ ᠪᠠᠷᠢᠯᠭ᠎ᠠ ᠪᠠᠷᠢᠬᠤ ᠠᠵᠢᠯ ᠶᠠᠭ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃     ᠡᠭᠦᠨ ᠠᠴᠠ ᠭᠠᠳᠠᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠠᠶᠢᠭ᠎ᠠ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠰᠠᠭᠤᠬᠤ ᠬᠤᠨᠤᠭ ᠤᠨ ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ᠂ ᠮᠡᠳᠡᠭᠡ ᠬᠤᠯᠪᠣᠭᠠᠨ ᠤ ᠪᠠᠲᠤᠯᠠᠭ᠎ᠠ ᠵᠡᠷᠭᠡ ᠠᠵᠢᠯ ᠢ ᠴᠤ ᠪᠥᠬᠦ ᠲᠠᠯ᠎ᠠ ᠪᠠᠷ ᠡᠬᠢᠯᠡᠭᠦᠯᠦᠭᠰᠡᠨ ᠪᠥᠭᠡᠳ ᠲᠦᠷᠭᠡᠳᠬᠡᠨ ᠠᠬᠢᠭᠤᠯᠪᠠ᠃                                                 ᠵᠣᠬᠢᠶᠠᠭᠴᠢ᠄ ᠯᠢ ᠰᠢᠦ ᠵᠧᠨ                                                 ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠬᠤᠳᠡ ᠶᠢᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号