ᠭᠠᠶᠢᠯᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠶᠢᠨ ᠤᠳᠤᠷᠢᠳᠬᠤ ᠲᠣᠭᠤᠶᠢᠯᠡᠩ ᠢ ᠪᠠᠶᠢᠭᠤᠯᠬᠤ ᠲᠤᠬᠠᠶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-11-22
     ᠭᠠᠶᠢᠯᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠶᠢᠨ      ᠤᠳᠤᠷᠢᠳᠬᠤ ᠲᠣᠭᠤᠶᠢᠯᠡᠩ ᠢ ᠪᠠᠶᠢᠭᠤᠯᠬᠤ ᠲᠤᠬᠠᠶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ      ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ᠄   ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠩ ᠶᠡᠭᠡ ᠬᠡᠪᠴᠢᠶ᠎ᠡ ᠪᠠᠷ ᠭᠠᠶᠢᠯᠢ ᠬᠥᠩᠭᠡᠯᠡᠬᠦ ᠴᠢᠬᠤᠯᠠ ᠶᠡᠭᠡ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠬᠤᠮᠠᠬᠢ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠠᠮᠵᠢᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠬᠥᠩᠭᠡᠯᠡᠬᠦ ᠠᠵᠢᠯ ᠶᠢᠨ ᠤᠳᠤᠷᠢᠳᠬᠤ ᠲᠣᠭᠤᠶᠢᠯᠡᠩ ᠢ ᠪᠠᠶᠢᠭᠤᠯᠬᠤ ᠪᠠᠷ ᠲᠣᠭᠲᠠᠵᠠᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠭᠦᠷᠭᠡ ᠬᠠᠷᠢᠭᠤᠴᠠᠯᠭ᠎ᠠ    ᠳᠤᠭᠤᠶᠢᠯᠠᠩ ᠤᠨ ᠳᠠᠷᠤᠭ᠎ᠠ᠄ ᠭᠤᠤ ᠶᠦᠩ ᠪᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠲᠡᠳ᠋ ᠳᠤᠭᠤᠶᠢᠯᠠᠩ ᠤᠨ ᠳᠠᠷᠤᠭ᠎ᠠ᠄ ᠰᠦᠩ ᠵᠢᠶ ᠴᠢᠩ  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ    ᠭᠡᠰᠢᠭᠦᠨ᠄ ᠯᠢᠦᠶ ᠵᠢᠶᠦ᠋ᠨ ᠲᠢᠩ  ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ             ᠵᠤᠤ ᠪᠦᠦ ᠵᠥᠩ  ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ              ᠯᠢᠦ ᠭᠦᠩ  ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠷᠤᠭ᠎ᠠ    ᠯᠢᠦ ᠯᠢ  ᠭᠥᠩ  ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ    ᠤᠳᠤᠷᠢᠳᠬᠤ ᠲᠣᠭᠤᠶᠢᠯᠡᠩ ᠤᠨ ᠠᠯᠪᠠᠨ ᠭᠡᠷ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠤ ᠪᠠᠶᠢᠭᠤᠯᠵᠦ᠂ ᠤᠳᠤᠷᠢᠳᠬᠤ ᠲᠣᠭᠤᠶᠢᠯᠡᠩ ᠤᠨ ᠡᠳᠦᠷ ᠲᠣᠲᠤᠮ ᠤᠨ ᠠᠵᠢᠯ ᠢ ᠬᠠᠷᠢᠭᠤᠴᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦᠶ ᠵᠢᠶᠦ᠋ᠨ ᠲᠢᠩ ᠬᠠᠪᠰᠤᠷᠭᠠᠨ ᠬᠠᠷᠢᠭᠤᠴᠠᠨ᠎ᠠ᠃    ᠭᠤᠤᠯ ᠡᠭᠦᠷᠭᠡ ᠬᠠᠷᠢᠭᠤᠴᠠᠯᠭ᠎ᠠ ᠨᠢ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠠᠶᠢᠯᠢ ᠶᠢ ᠬᠥᠩᠭᠡᠯᠡᠬᠦ ᠶᠡᠷᠦᠩᠬᠡᠶ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠭᠠᠶᠢᠯᠢ ᠶᠢ ᠬᠥᠩᠭᠡᠯᠡᠬᠦ ᠡᠯ᠎ᠡ ᠵᠣᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ᠃ ᠮᠠᠨ ᠤ ᠬᠤᠰᠢᠭᠤᠨ ᠤ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠶᠢᠨ ᠲᠥᠰᠦᠯ ᠢ ᠰᠤᠳᠤᠯᠤᠨ ᠲᠣᠭᠲᠠᠭᠠᠵᠤ᠂ ᠲᠥᠰᠦᠯ ᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠤᠨ᠎ᠠ᠃ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠬᠤ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠢᠯ ᠶᠢᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠭᠠᠶᠢᠯᠢ ᠶᠢ ᠬᠥᠩᠭᠡᠯᠡᠬᠦ ᠶᠢ ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠣᠷᠢᠯᠡᠬᠦ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠪᠠ ᠮᠥᠷᠳᠡᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃     ᠬᠤᠶᠠᠷ᠂ ᠠᠵᠢᠯ ᠶᠢᠨ ᠱᠠᠭᠠᠷᠳᠠᠯᠭ᠎ᠠ  ᠡᠯ᠎ᠡ ᠪᠦᠷᠢᠯᠳᠦᠬᠦᠨ ᠨᠢᠭᠡᠴᠡ ᠶᠢᠨ ᠬᠢᠨ ᠨᠠᠩ ᠶᠡᠭᠡ ᠬᠡᠪᠴᠢᠶ᠎ᠡ ᠪᠠᠷ ᠭᠠᠶᠢᠯᠢ ᠶᠢ ᠬᠥᠩᠭᠡᠯᠡᠬᠦ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠠᠵᠤ ᠠᠬᠤᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠬᠤᠮᠠᠬᠢ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ ᠦᠢᠯᠡᠳᠣᠯ ᠲᠠᠢ ᠭᠡᠳᠡᠭ ᠢ ᠭᠦᠢᠴᠡᠳ ᠲᠠᠨᠢᠬᠤ ᠬᠡᠷᠡᠭᠲᠡᠶ᠃ ᠡᠨᠡ ᠬᠦ ᠠᠵᠢᠯ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠭᠠᠶᠢᠯᠢ ᠬᠥᠩᠭᠡᠯᠡᠬᠦ ᠶᠢ ᠬᠡᠷᠡᠭᠵᠢᠭᠦᠯᠬᠦ ᠶᠠᠪᠤᠳᠠᠯ ᠢ ᠣᠳᠣᠬᠠᠨ ᠤ ᠨᠢᠭᠡ ᠵᠣᠶᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠭᠠᠶᠢᠯᠢ ᠬᠥᠩᠭᠡᠯᠡᠬᠦ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃                                               2019 ᠣᠨ ᠤ 3 ᠰᠠᠷ᠎ᠠ ᠶᠢᠨ 20 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号