ᠭᠠᠷ ᠤᠷᠠᠯᠠᠯ ᠠᠴᠠ ᠪᠠᠶᠠᠵᠢᠯ ᠤᠨ ᠵᠠᠮ ᠲᠤᠷᠠᠶᠢᠨ᠎ᠠ | ᠬᠠᠮᠳᠤ ᠶᠢᠨ ᠠᠵᠤ ᠠᠬᠤᠢ ᠶᠢ ᠪᠤᠵᠠᠭᠠᠢᠢᠷᠠᠭᠤᠯᠤᠨ ᠬᠦᠭᠵᠢᠬᠦᠯᠵᠦ ᠶᠠᠳᠠᠭᠤ ᠬᠦᠴᠢᠷᠳᠡᠯᠳᠡᠢ ᠡᠷᠤᠭᠡ ᠶᠢ | ᠴᠢᠨᠡᠭᠡᠯᠢᠭᠵᠢᠬᠦᠯᠤᠨᠠ᠃ | ᠲᠤᠩᠭᠠᠯᠠᠬ ᠴᠠᠭᠠᠨ ᠤᠪᠤᠭ᠎ᠠ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠬᠦᠨ ᠦᠢᠯᠡᠳᠬᠦ ᠺᠤᠮᠫᠠᠨᠢ ᠶᠢ | ᠠᠩᠬ᠎ᠠ ᠡᠷᠬᠢᠯᠡᠬᠦ ᠳᠡᠭᠡᠨ 100 ᠭᠠᠷᠤᠢ ᠲᠦᠮᠡᠨ ᠲᠦᠬᠦᠷᠢᠭ ᠪᠡᠯᠡ ᠤᠷᠤᠭᠤᠯᠪᠠ᠃ ᠬᠡᠪᠡᠴᠦ ᠺᠤᠮᠫᠠᠨᠢ ᠪᠤᠰᠬᠠᠬᠤ ᠳᠤ | ᠶᠡᠬᠡᠬᠡᠨ ᠪᠡᠯᠡ ᠮᠦᠩᠬᠦ ᠱᠠᠭᠠᠷᠳᠠᠬᠳᠠᠵᠤ ᠪᠠᠶᠢᠯ᠎ᠠ᠃ | ᠲᠡᠷᠡ ᠦᠶ᠎ᠡ ᠳᠤ᠂ ᠬᠤᠶᠠᠷᠬᠤᠳᠳᠤᠬ ᠭᠠᠴᠠᠭᠠᠨ ᠤ ︽ᠬᠤᠶᠠᠷ ᠵᠦᠪᠯᠡᠯ︾ ᠤᠨ ᠬᠢᠨ ᠬᠠᠮᠳᠤ ᠶᠢᠨ ᠠᠵᠤ | ᠠᠬᠤᠢ ᠶᠢ ᠪᠤᠵᠠᠭᠠᠢᠢᠷᠠᠭᠤᠯᠤᠨ ᠬᠦᠭᠵᠢᠬᠦᠯᠬᠦ ᠵᠤᠷᠢᠯᠭ᠎ᠠ ᠲᠠᠢ ᠪᠠᠷ ᠲᠤᠰ ᠺᠤᠮᠫᠠᠨᠢ ᠳᠤ 80 ᠲᠦᠮᠡᠨᠲ᠋ᠦ᠋ᠬᠦᠷᠢᠭ ᠢᠶᠠᠷ | ᠬᠤᠪᠢ ᠤᠷᠤᠭᠠᠳ᠂ ᠺᠤᠮᠫᠠᠨᠢ ᠶᠢ ᠬᠠᠪᠰᠤᠷᠤᠨ ᠦᠢᠯᠡᠳᠪᠦᠷᠢ ᠶᠢᠨ ᠲᠠᠰᠤᠭ ᠢ ᠦᠷᠬᠡᠳᠬᠡᠨ ᠪᠠᠶᠢᠭᠤᠯᠵᠤ ᠲᠤᠮᠤ | ᠬᠡᠯᠪᠡᠷᠢ ᠶᠢᠨ ᠲᠤᠨᠤᠬ ᠲᠦᠬᠦᠬᠡᠷᠦᠮᠵᠢ ᠬᠤᠳᠠᠯᠳᠤᠨ ᠠᠪᠴᠤ ᠦᠭᠴᠡᠢ᠃ | ᠲᠤᠩᠭᠠᠯᠠᠬ᠄ ︽ᠭᠠᠴᠠᠭᠠᠨ ᠠᠴᠠ ᠮᠠᠨ ᠤ ᠺᠤᠮᠫᠠᠨᠢ ᠳᠤ 80 ᠲᠦᠮᠡᠨ ᠲᠦᠬᠦᠷᠢᠭ ᠤᠨ ᠬᠤᠪᠢ | ᠤᠷᠤᠭᠤᠯᠬᠤ ᠳᠠᠭᠠᠨ ᠭᠤᠷᠪᠠᠨ ᠵᠢᠯ ᠳᠤ ᠪᠤᠴᠠᠭᠠᠵᠤ ᠲᠠᠭᠤᠰᠬᠠᠬᠤ ᠪᠠᠷ ᠶᠠᠷᠢᠵᠤ ᠲᠤᠬᠢᠷᠠᠭᠠᠳ᠂ ᠠᠩᠬᠠᠨ ᠤ ᠵᠢᠯ ᠳᠤᠨᠢ | 20 ᠲᠦᠮᠡᠨ ᠲᠦᠬᠦᠷᠢᠭ᠂ ᠲᠠᠷᠠᠭ᠎ᠠ ᠵᠢᠯ ᠨᠢ 20 ᠲᠦᠮᠡᠨ ᠲᠦᠬᠦᠷᠢᠭ᠂ ᠬᠠᠮᠤᠬ ᠤᠨ ᠰᠡᠬᠦᠯ ᠳᠤᠨᠢ 40 ᠲᠦᠮᠡᠨ | ᠲᠦᠬᠦᠷᠢᠭ ᠪᠤᠴᠠᠭᠠᠨ ᠦᠭᠬᠦ ᠪᠠᠷ ᠪᠠᠷᠠᠬᠤ ᠦᠬᠡᠢ ᠵᠢᠯ ᠪᠤᠯᠭᠠᠨ ᠦᠯᠡᠳᠡᠵᠦ ᠪᠠᠶᠢᠭ᠎ᠠ ᠵᠤᠭᠤᠰ ᠮᠦᠩᠬᠦᠨ ᠤ 9. | 6% ᠶᠢ ᠭᠠᠴᠠᠭᠠᠨ ᠳᠤ ᠦᠭᠴᠦ᠂ ᠲᠦᠷᠦᠬᠦᠤ ᠵᠢᠯ ᠳᠡᠭᠡᠨ ᠪᠠᠷᠤᠬ 8 ᠲᠦᠮᠡᠨ ᠲᠦᠬᠦᠷᠢᠭ ᠦᠭᠬᠦ ᠪᠤᠯᠤᠨ᠎ᠠ᠃ | ᠡᠬᠦᠨ ᠢᠶᠠᠷ ᠪᠡᠷᠠᠬᠤ ᠦᠬᠡᠢ ᠮᠠᠨ ᠤ ᠴᠠᠭᠠᠨ ᠤᠪᠤᠭ᠎ᠠ ᠬᠤᠳᠠ ᠶᠢᠨ 7 ᠶᠠᠳᠠᠭᠤ ᠬᠦᠴᠢᠷᠳᠡᠯᠳᠡᠢ ᠡᠷᠦᠬᠡ ᠶᠢᠨ 5 | ᠬᠦᠮᠦᠨ ᠮᠠᠨ ᠤ ᠺᠤᠮᠫᠠᠨᠢ ᠳᠤ ᠠᠵᠢᠯ ᠤᠯᠵᠤ᠂ ᠬᠦᠮᠦᠨ ᠪᠤᠯᠭᠠᠨ ᠵᠢᠯ ᠳᠤ ᠲᠤᠮᠳᠠᠴᠢ ᠪᠠᠷ 6500 ᠲᠦᠬᠦᠷᠢᠭ ᠤᠨ | ᠤᠷᠤᠯᠭ᠎ᠠ ᠤᠯᠵᠤ ᠪᠠᠶᠢᠨ᠎ᠠ︾ ᠬᠡᠵᠦ ᠶᠠᠷᠢᠨ᠎ᠠ᠃ | ᠦᠢᠯᠡᠳᠪᠦᠷᠢ ᠶᠢᠨ ᠲᠠᠰᠤᠬ ᠲᠤᠨᠢ ᠤᠷᠤᠪᠠᠯ᠂ ᠠᠵᠢᠯ ᠤᠨ ᠬᠦᠬᠡ ᠬᠤᠪᠴᠠᠰᠤ ᠲᠠᠢ 2 ᠠᠵᠢᠯᠴᠢᠨ ᠮᠤᠳᠤ | ᠵᠦᠰᠦᠬᠡᠳ ᠶᠠᠭᠠᠷᠠᠨ᠎ᠠ᠃ ᠬᠠᠵᠠᠭᠤ ᠳᠤᠨᠢ ᠵᠢᠷᠠ ᠡᠷᠬᠢᠮᠡ ᠨᠠᠰᠤᠨ ᠤ ᠬᠦᠮᠦᠨ ᠮᠤᠳᠤᠨ ᠰᠢᠷᠡᠭᠡ ᠶᠢ ᠦᠷᠦᠵᠦ | ᠵᠤᠬᠰᠤᠨ᠎ᠠ᠃ ᠡᠨᠡ ᠬᠦᠮᠦᠨ ᠪᠤᠯ ᠴᠠᠭᠠᠨ ᠤᠪᠤᠭ᠎ᠠ ᠬᠤᠳᠠ ᠶᠢᠨ ᠮᠠᠯᠴᠢᠨ ᠵᠤᠤ ᠰᠢᠶᠤᠤ ᠫᠢᠩ᠃ ᠵᠤᠤ ᠰᠢᠶᠤᠤ | ᠫᠢᠩ ᠤᠨ ᠬᠤᠶᠠᠷ ᠬᠡᠦᠬᠡᠳ ᠨᠢ ᠠᠶᠢᠯ ᠭᠡᠷ ᠪᠤᠰᠬᠠᠭᠰᠠᠨ ᠪᠤᠯᠬᠤᠷ ᠬᠦᠭᠰᠢᠨ ᠲᠠᠢ ᠪᠠᠨ ᠬᠤᠶᠠᠭᠤᠯᠬᠠᠨ ᠠᠮᠢᠳᠤᠷᠠᠵᠤ | ᠪᠠᠶᠢᠨ᠎ᠠ᠃ ᠨᠠᠰᠤ ᠠᠬᠢᠬᠰᠠᠨ ᠤ ᠲᠡᠭᠡᠷ᠎ᠡ ᠬᠦᠭᠰᠢᠨ ᠨᠢ ᠪᠠᠰᠠ ᠵᠢᠷᠦᠬᠡᠨ ᠡᠪᠡᠳᠴᠢᠨ ᠲᠠᠢ ᠪᠠᠶᠢᠵᠤ ᠡᠮᠨᠡᠬᠦᠯᠬᠦ | ᠴᠢᠬᠤᠯᠠᠳᠠᠢ ᠪᠤᠯᠬᠤᠷ ᠶᠠᠳᠠᠭᠤ ᠬᠦᠴᠢᠷᠳᠡᠯᠳᠡᠢ ᠡᠷᠦᠬᠡ ᠪᠤᠯᠵᠠᠢ᠃ ᠲᠡᠳᠡᠨᠡᠶᠢᠬᠢᠨ 30 ᠭᠠᠷᠤᠢ ᠬᠤᠨᠢ᠂ 3 ᠦᠬᠡᠷ | ᠮᠠᠯᠵᠢᠵᠤ᠂ ᠪᠠᠰᠠ 20 ᠭᠠᠷᠤᠢ ᠮᠦ ᠡᠷᠳᠡᠨᠢ ᠰᠢᠰᠢ ᠲᠠᠷᠢᠨ᠎ᠠ᠃ ︽ᠪᠢ ᠨᠢᠳᠤᠨᠤᠨ ᠡᠪᠦᠯ ᠲᠤᠰ ᠺᠤᠮᠫᠠᠨᠢ ᠳᠤ ᠢᠷᠡᠵᠦ | ᠠᠵᠢᠯᠯᠠᠵᠤ᠂ ᠭᠤᠤᠯᠳᠠᠭᠤ ᠠᠴᠢᠶᠠᠨ ᠤ ᠮᠠᠰᠢᠨ ᠢᠶᠠᠷ ᠢᠶᠠᠨ ᠪᠠᠷᠠᠭ᠎ᠠ ᠵᠦᠬᠡᠬᠡᠪᠦᠷᠢᠯᠡᠵᠦ ᠬᠦᠷᠬᠡᠵᠦ᠂ ᠴᠢᠯᠦᠬᠡ | ᠴᠠᠬ ᠢᠶᠠᠷ ᠢᠶᠠᠨ ᠺᠤᠮᠫᠠᠨᠢ ᠶᠢᠨ ᠦᠢᠯᠡᠳᠪᠦᠷᠢ ᠳᠤ ᠢᠷᠡᠵᠦ ᠰᠢᠷᠡᠭᠡ ᠰᠠᠨᠳᠠᠯᠢ ᠶᠢ ᠦᠷᠦᠬᠦ ᠠᠵᠢᠯ ᠬᠢᠳᠡᠭ᠃ ᠪᠢ | ᠨᠢᠳᠤᠨᠤᠨ ᠡᠪᠦᠯ ᠠᠴᠠ ᠤᠳᠤ ᠪᠤᠯᠳᠠᠯ᠎ᠠ ᠠᠵᠢᠯ ᠬᠢᠬᠡᠳ 4000 ᠭᠠᠷᠤᠢ ᠲᠦᠬᠦᠷᠢᠭ ᠤᠯᠵᠤ᠂ ᠡᠨᠡ ᠵᠢᠯ ᠤᠨ ᠴᠡᠪᠡᠷ | ᠤᠷᠤᠯᠭ᠎ᠠ 18000 ᠭᠠᠷᠤᠢ ᠲᠦᠬᠦᠷᠢᠭ ᠲᠤ ᠬᠦᠷᠦᠯ᠎ᠡ︾ ᠬᠡᠵᠦ ᠵᠤᠤ ᠰᠢᠶᠤᠤ ᠫᠢᠩ ᠰᠢᠷᠡᠭᠡ ᠦᠷᠦᠬᠦ ᠶᠢᠨ ᠢᠶᠠᠨ | ᠵᠠᠪᠰᠠᠷ ᠰᠤᠷᠪᠤᠯᠵᠢᠯᠠᠬᠴᠢ ᠳᠤ ᠶᠠᠷᠢᠨ᠎ᠠ᠃ ᠴᠠᠭᠠᠨ ᠤᠪᠤᠭ᠎ᠠ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠬᠦᠨ | ᠦᠢᠯᠡᠳᠬᠦ ᠺᠤᠮᠫᠠᠨᠢ ᠶᠢᠨ 25 ᠠᠵᠢᠯᠴᠢᠨ ᠤ ᠲᠤᠳᠤᠷ᠎ᠠ ᠶᠠᠳᠠᠭᠤ ᠬᠦᠴᠢᠷᠳᠡᠯᠳᠡᠢ ᠡᠷᠤᠭᠡ ᠪᠠᠶᠢᠬᠤ ᠪᠦᠬᠡᠳ ᠰᠠᠶ᠋ᠢᠬᠠᠨ | ᠲᠡᠬᠦᠰᠦᠭᠰᠡᠨ ᠤᠶᠤᠳᠠᠨ ᠴᠤ ᠪᠠᠶᠢᠳᠠᠬ᠃ | ᠬᠠᠨ᠎ᠠ ᠲᠠᠭᠠᠭᠤᠯᠤᠭᠠᠳ ᠲᠦᠬᠦᠷᠡᠩ ᠮᠤᠷᠢᠨ ᠬᠤᠭᠤᠷ ᠢ ᠪᠤᠰᠬᠠᠨ ᠲᠠᠯᠪᠢᠬᠰᠠᠨ ᠭᠠᠷ ᠤᠷᠠᠯᠠᠯ ᠤᠨ ᠲᠠᠰᠤᠬ ᠲᠤ | ᠬᠦᠬᠡ ᠠᠵᠢᠯ ᠤᠨ ᠬᠤᠪᠴᠠᠰᠤ ᠡᠮᠦᠰᠦᠭᠰᠡᠨ ᠨᠢᠬᠡᠨ ᠵᠠᠯᠠᠭᠤ ᠮᠤᠳᠤ ᠪᠠᠷ ᠨᠢᠬᠡᠨ ᠪᠦᠳᠦᠬᠡᠯ ᠤᠷᠠᠯᠠᠵᠤ ᠮᠠᠬᠠᠷᠠᠨ | ᠤᠷᠤᠯᠳᠤᠨ᠎ᠠ᠂ ᠡᠨᠡ ᠵᠠᠯᠠᠭᠤ ᠶᠢ ᠠᠯᠢᠶᠠᠬᠦᠦ ᠬᠡᠳᠡᠭ᠃ ᠬᠦᠪᠡᠬᠡᠳᠦ ᠰᠢᠷ᠎ᠠ ᠬᠤᠰᠢᠭᠤᠨ ᠳᠤ ᠨᠤᠳᠤᠬᠳᠠᠢ᠂ ᠬᠤᠷᠢᠨ | ᠲᠠᠪᠤᠳᠠᠢ ᠲᠡᠷᠡ ᠪᠠᠷ 2017 ᠤᠨ ᠳᠤ ᠶᠡᠭᠡ ᠰᠤᠷᠭᠠᠭᠤᠯᠢ ᠠᠴᠠ ᠲᠡᠬᠦᠰᠴᠡᠢ᠃ ᠠᠯᠢᠶᠠᠬᠦᠦ᠄ ︽ᠪᠢ ᠡᠨᠡ ᠵᠢᠯ ᠤᠨ | 7 ᠰᠠᠷ᠎ᠠ ᠶᠢᠨ 31 ᠤ ᠡᠳᠦᠷ ᠬᠠᠮᠳᠤ ᠰᠤᠷᠤᠯᠭᠠᠳᠠᠨ ᠤ ᠪᠠᠨ ᠲᠠᠨᠢᠯᠴᠠᠭᠤᠯᠭ᠎ᠠ ᠪᠠᠷ ᠡᠨᠡ ᠺᠤᠮᠫᠠᠨᠢ ᠳᠤ ᠢᠷᠡᠵᠦ | ᠠᠵᠢᠯᠯᠠᠯ᠎ᠠ᠃ ᠮᠠᠨ ᠤ ᠰᠡᠶᠢᠯᠦᠮᠡᠯ ᠤᠨ ᠮᠡᠷᠬᠡᠵᠢᠯ ᠰᠤᠷᠤᠬᠰᠠᠨ ᠤᠶᠤᠳᠠᠳ ᠲᠤ ᠠᠪᠴᠤ ᠬᠡᠯᠡᠪᠡᠯ ᠤᠷ᠎ᠠ ᠠᠪᠢᠶᠠᠰ ᠢᠶᠠᠨ | ᠪᠠᠳᠠᠷᠠᠭᠤᠯᠵᠤ᠂ ᠮᠡᠳᠡᠯᠬᠡ ᠮᠡᠷᠬᠡᠵᠢᠯ ᠢᠶᠠᠨ ᠲᠡᠭᠡᠭᠰᠢᠯᠡᠬᠦᠯᠬᠦ ᠨᠢ ᠮᠠᠰᠢ ᠴᠢᠬᠤᠯᠠ ᠪᠠᠶᠢᠳᠠᠬ᠃ ᠡᠨᠡ ᠺᠤᠮᠫᠠᠨᠢ ᠡᠨᠡ | ᠲᠠᠯ᠎ᠠ ᠪᠠᠷ ᠨᠠᠳᠠ ᠳᠤ ᠮᠠᠰᠢ ᠰᠠᠶᠢᠨ ᠲᠠᠪᠴᠠᠩ ᠬᠠᠩᠭᠠᠵᠤ᠂ ᠬᠠᠮᠳᠤ ᠠᠵᠢᠯᠯᠠᠬᠰᠠᠳ ᠠᠴᠠ ᠪᠠᠨ ᠰᠢᠷᠳᠡᠵᠦ ᠪᠤᠳᠤᠬᠤ᠂ | ᠮᠤᠳᠤᠨ ᠤ ᠬᠡᠮᠵᠢᠶ᠎ᠡ ᠲᠤᠮᠵᠢᠶ᠎ᠠ ᠶᠢ ᠤᠯᠬᠤ᠂ ᠺᠣᠮᠫᠢᠦ᠋ᠲ᠋ᠧᠷ ᠤᠨ ᠵᠢᠷᠤᠬ ᠲᠦᠯᠦᠪᠯᠡᠭᠡ ᠬᠢᠬᠦ᠂ ᠤᠷᠠᠨ ᠪᠠᠷᠢᠮᠠᠯ | ᠵᠡᠷᠬᠡ ᠶᠢᠨ ᠤᠯᠠᠨ ᠲᠠᠯ᠎ᠠ ᠶᠢᠨ ᠮᠡᠳᠡᠯᠬᠡ ᠮᠡᠷᠬᠡᠵᠢᠯ ᠢ ᠰᠤᠷᠤᠯᠴᠠᠵᠤ ᠪᠠᠶᠢᠨ᠎ᠠ᠃ ᠤᠷᠤᠯᠭ᠎ᠠ ᠪᠠᠰᠠ ᠶᠡᠭᠡ ᠵᠦᠬᠡᠷ᠂ | ᠰᠠᠷ᠎ᠠ ᠳᠤ 5000 ᠲᠦᠬᠦᠷᠢᠭ ᠤᠨ ᠴᠠᠯᠢᠩ ᠲᠠᠢ ︾ ᠬᠡᠵᠦ ᠰᠤᠷᠪᠤᠯᠵᠢᠯᠠᠭᠴᠢ ᠳᠤ ᠶᠠᠷᠢᠨ᠎ᠠ᠃ | ᠴᠠᠭᠠᠨ ᠤᠪᠤᠭ᠎ᠠ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠬᠦᠨ ᠦᠢᠯᠡᠳᠬᠦ ᠺᠤᠮᠫᠠᠨᠢ ᠨᠢ ᠪᠠᠰᠠ ᠶᠠᠳᠠᠭᠤ | ᠬᠦᠴᠢᠷᠳᠡᠯᠳᠡᠢ ᠡᠷᠦᠬᠡ ᠶᠢᠨ ᠡᠮᠡᠭᠳᠡᠶᠢᠴᠦᠳ ᠲᠤ ᠪᠤᠯᠪᠠᠰᠤᠷᠠᠯ ᠬᠦᠷᠳᠡᠬᠡᠬᠦ ᠲᠠᠯ᠎ᠠ ᠪᠠᠷ ᠶᠡᠬᠡᠬᠡᠨ ᠴᠢᠷᠮᠠᠶᠢᠯᠭ᠎ᠠ | ᠭᠠᠷᠭᠠᠵᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠠᠴᠠ ᠲᠤᠰᠬᠠᠢᠢᠯᠠᠨ ᠤᠶᠤᠳᠠᠯ ᠤᠨ ᠪᠠᠭᠰᠢ ᠵᠠᠯᠠᠵᠤ᠂ | ᠤᠢᠢᠷ᠎ᠠ ᠬᠠᠪᠢ ᠶᠢᠨ 7 ᠡᠮᠡᠭᠳᠡᠢ ᠳᠤ ᠤᠶᠤᠳᠠᠯ ᠤᠨ ᠪᠤᠯᠪᠠᠰᠤᠷᠠᠯ ᠬᠦᠷᠳᠡᠬᠡᠵᠦ᠂ ᠤᠶᠤᠳᠠᠯ ᠤᠨ ᠮᠠᠰᠢᠨ ᠢ ᠬᠡᠷᠡᠭᠯᠡᠬᠦ᠂ | ᠤᠭᠠᠯᠵᠠ ᠬᠠᠳᠬᠤᠬᠤ᠂ ᠡᠰᠬᠡᠵᠦ ᠬᠠᠶᠢᠴᠢᠯᠠᠬᠤ ᠤᠷ᠎ᠡ ᠮᠡᠷᠬᠡᠵᠢᠯ ᠢ ᠤᠯᠠᠮᠵᠢᠯᠠᠨ ᠦᠭᠴᠦ᠂ ᠤᠳᠤ ᠡᠳᠡᠬᠡᠷ | ᠡᠮᠡᠭᠳᠡᠶᠢᠴᠦᠳ ᠦᠢᠯᠡᠳᠪᠦᠷᠢ ᠳᠤ ᠢᠷᠡᠵᠦ ᠮᠤᠩᠭᠤᠯ ᠬᠡᠷ ᠤᠨ ᠪᠦᠷᠢᠶᠡᠰᠦ᠂ ᠱᠠᠹᠠ ᠶᠢᠨ ᠲᠡᠪᠢᠰᠬᠡᠷ ᠤᠶᠤᠵᠤ | ᠤᠷᠤᠯᠭ᠎ᠠ ᠪᠠᠨ ᠨᠡᠮᠡᠭᠳᠡᠬᠦᠯᠵᠤ ᠪᠠᠶᠢᠭ᠎ᠠ ᠠᠵᠡᠢ᠃ | ᠮᠤᠩᠭᠤᠯᠴᠤᠳ ᠤᠨ ᠤᠯᠠᠮᠵᠢᠯᠠᠯᠳᠤ ᠭᠠᠷ ᠤᠷᠠᠯᠠᠯ ᠤᠨ ᠰᠤᠶᠤᠯ ᠢ ᠬᠦᠭᠵᠢᠬᠡᠨ ᠪᠠᠳᠠᠷᠠᠭᠠᠵᠤ ᠲᠠᠶᠠᠩ | ᠲᠠᠯᠡᠭᠡᠢ ᠳᠤ ᠭᠠᠶᠢᠬᠠᠭᠤᠯᠤᠨ᠎ᠠ᠃ | ᠴᠠᠭᠠᠨ ᠤᠪᠤᠭ᠎ᠠ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠬᠦᠨ ᠦᠢᠯᠡᠳᠬᠦ ᠺᠤᠮᠫᠠᠨᠢ ᠶᠢᠨ | ᠦᠵᠡᠬᠦᠯᠥᠯᠬᠡ ᠶᠢᠨ ᠲᠢᠩᠬᠢᠮ ᠳᠤ ᠤᠷᠤᠪᠠᠯ ᠭᠤᠤᠯ ᠳᠤᠨᠢ ᠮᠤᠩᠭᠤᠯ ᠬᠡᠷ ᠪᠠᠷᠢᠭᠠᠳ᠂ ᠬᠠᠨ᠎ᠠ ᠲᠠᠭᠠᠭᠤᠯᠤᠨ | ᠲᠠᠯᠪᠢᠬᠰᠠᠨ ᠰᠢᠯ ᠲᠠᠯᠪᠢᠭᠤᠷ ᠲᠤᠳᠤᠷ᠎ᠠ ᠮᠤᠷᠢᠨ ᠬᠤᠭᠤᠷ ᠲᠠᠳᠠᠵᠤ ᠪᠠᠶᠢᠭ᠎ᠠ ᠡᠪᠦᠬᠡᠨ ᠤ ᠵᠢᠵᠢᠭ ᠰᠡᠶᠢᠯᠦᠮᠡᠯ᠂ | ᠵᠢᠵᠢᠭᠬᠡᠨ ᠮᠤᠩᠭᠤᠯ ᠭᠤᠳᠤᠯ᠂ ᠪᠠᠰᠠ ᠮᠦᠩᠬᠦᠨ ᠡᠳ᠋ᠯᠡᠯ ᠬᠡᠷᠡᠭᠰᠡᠯ ᠢ ᠡᠮᠬᠢ ᠴᠡᠭᠴᠡᠳᠡᠢ ᠦᠷᠦᠨ ᠲᠠᠯᠪᠢᠵᠤ᠂ | ᠴᠠᠭᠠᠭᠤᠷ ᠨᠢ ᠮᠤᠷᠢᠨ ᠬᠤᠭᠤᠷ᠂ ᠵᠤᠳᠤᠬ᠂ ᠬᠠᠰ ᠲᠠᠮᠠᠭ᠎ᠠ ᠮᠡᠳᠦᠰ ᠢ ᠪᠤᠰᠬᠠᠨ ᠲᠠᠯᠪᠢᠬᠰᠠᠨ ᠨᠢ ᠬᠠᠷᠠᠬᠳᠠᠨ᠎ᠠ᠃ ᠴᠠᠰᠢ | ᠶᠠᠪᠤᠪᠠᠯ ᠪᠤᠯᠪᠠᠰᠤᠷᠠᠭᠤᠯᠬᠤ ᠦᠢᠯᠡᠳᠪᠦᠷᠢ ᠶᠢᠨ ᠲᠠᠰᠤᠬ᠂ ᠬᠠᠭᠰᠠᠭᠠᠵᠤ ᠪᠤᠳᠤᠬᠤ ᠦᠷᠦᠬᠡ ᠵᠡᠷᠬᠡ ᠠᠵᠢᠯ ᠤᠨ | ᠲᠠᠰᠤᠬ ᠪᠠᠶᠢᠨ᠎ᠠ᠃ | ᠲᠤᠰ ᠺᠤᠮᠫᠠᠨᠢ ᠪᠤᠯ ᠤᠯᠠᠭᠠᠠᠴᠠᠪ ᠬᠤᠳᠠ ᠶᠢᠨ ᠬᠡᠪᠴᠢᠶ᠎ᠡ ᠪᠠᠷ ᠬᠠᠮᠤᠬ ᠤᠨ ᠲᠤᠮᠤ ᠭᠠᠷ ᠤᠷᠠᠯᠠᠯ ᠦᠢᠯᠡᠳᠬᠦ | ᠪᠠ ᠪᠤᠷᠤᠯᠠᠭᠤᠯᠬᠤ ᠠᠷᠠᠳ ᠤᠨ ᠡᠵᠡᠩᠨᠡᠯᠳᠠ ᠶᠢᠨ ᠠᠵᠤ ᠠᠬᠤᠢᠢᠯᠠᠯ ᠪᠠᠶᠢᠵᠤ᠂ 1.5 ᠮᠦ ᠭᠠᠵᠠᠷ ᠡᠵᠡᠯᠡᠵᠦ᠂ | ᠪᠠᠷᠢᠯᠭ᠎ᠠ ᠶᠢᠨ ᠲᠠᠯᠠᠪᠠᠢ ᠨᠢ 1000 ᠲᠡᠭᠰᠢ ᠲᠦᠷᠪᠡᠯᠵᠢᠨ ᠮᠧᠲᠷ ᠪᠠᠶᠢᠵᠥ ᠡᠬᠦᠨ ᠳᠤ ᠪᠤᠯᠪᠠᠰᠤᠷᠠᠭᠤᠯᠬᠤ | ᠦᠢᠯᠡᠳᠪᠦᠷᠢ ᠶᠢᠨ ᠲᠠᠰᠤᠬ ᠨᠢ 300 ᠲᠡᠭᠰᠢ ᠲᠦᠷᠪᠡᠯᠵᠢᠨ ᠮᠧᠲᠷ᠂ ᠪᠤᠯᠪᠠᠰᠤᠷᠠᠯ ᠤᠨ ᠬᠢᠴᠢᠶᠡᠯ ᠤᠨ ᠬᠡᠷ 150 | ᠲᠡᠭᠰᠢ ᠲᠦᠷᠪᠡᠯᠵᠢᠨ ᠮᠧᠲᠷ᠂ ᠰᠢᠷᠳᠡᠨ ᠪᠤᠳᠤᠬᠤ ᠦᠷᠦᠬᠡ 100 ᠲᠡᠭᠰᠢ ᠲᠦᠷᠪᠡᠯᠵᠢᠨ ᠮᠧᠲᠷ᠂ ᠬᠠᠭᠰᠠᠭᠠᠵᠤ | ᠪᠤᠳᠤᠬᠤ ᠦᠷᠦᠬᠡ 100 ᠲᠡᠭᠰᠢ ᠲᠦᠷᠪᠡᠯᠵᠢᠨ ᠮᠧᠲᠷ᠂ ᠬᠦᠮᠦᠷᠬᠡ 200 ᠲᠡᠭᠰᠢ ᠲᠦᠷᠪᠡᠯᠵᠢᠨ ᠮᠧᠲᠷ᠂ ᠮᠤᠩᠭᠤᠯ | ᠦᠨᠳᠦᠰᠦᠳᠡᠨ ᠤ ᠤᠯᠠᠮᠵᠢᠯᠠᠯᠳᠤ ᠠᠷᠠᠳ ᠤᠨ ᠭᠠᠷ ᠤᠷᠠᠯᠠᠯ ᠤᠨ ᠪᠦᠳᠦᠭᠡᠭᠳᠡᠬᠦᠨ ᠤ ᠦᠵᠡᠬᠦᠯᠤᠯᠬᠡ ᠶᠢᠨ ᠲᠢᠩᠬᠢᠮ | 150 ᠲᠡᠭᠰᠢ ᠲᠦᠷᠪᠡᠯᠵᠢᠨ ᠮᠧᠲᠷ ᠪᠠᠶᠢᠭ᠎ᠠ ᠠᠵᠡᠢ᠃ | ︽ᠮᠠᠨ ᠤ ᠺᠤᠮᠫᠠᠨᠢ ᠵᠢᠯ ᠳᠤ 1300 ᠭᠠᠷᠤᠢ ᠮᠤᠩᠭᠤᠯ ᠦᠨᠳᠦᠰᠦᠳᠡᠨ ᠤ ᠤᠯᠠᠮᠵᠢᠯᠠᠯᠳᠤ ᠭᠠᠷ ᠤᠷᠠᠯᠠᠯ ᠤᠨ | ᠪᠦᠳᠦᠭᠡᠭᠳᠡᠬᠦᠨ ᠢ ᠦᠢᠯᠡᠳᠪᠦᠷᠢᠯᠡᠳᠡᠭ᠃ ᠡᠬᠦᠨ ᠤ ᠲᠤᠳᠤᠷ᠎ᠠ ᠡᠯ᠎ᠡ ᠲᠦᠷᠦᠯ ᠤᠨ ᠦᠨᠳᠦᠰᠦᠳᠡᠨ ᠤ ᠬᠦᠭᠵᠢᠮ᠂ ᠴᠤᠯ | ᠮᠤᠳᠤᠨ ᠤ ᠬᠡᠷ ᠤᠨ ᠡᠳ᠋ᠯᠡᠯ ᠬᠡᠷᠡᠭᠰᠡᠯ᠂ ᠦᠨᠳᠦᠰᠦᠳᠡᠨ ᠤ ᠤᠨᠴᠠᠯᠢᠬᠳᠤ ᠮᠤᠳᠤᠨ ᠠᠶᠠᠭ᠎ᠠ᠂ ᠲᠠᠬᠢᠯᠭ᠎ᠠ ᠶᠢᠨ ᠬᠡᠷᠡᠭᠰᠡᠯ᠂ | ᠭᠠᠷ ᠤᠷᠠᠯᠠᠯ ᠤᠨ ᠪᠦᠳᠦᠭᠡᠭᠳᠡᠬᠦᠨ᠂ ᠮᠤᠳᠤᠨ ᠪᠦᠳᠦᠴᠡᠳᠡᠢ ᠮᠤᠩᠭᠤᠯ ᠬᠡᠷ᠂ ᠡᠮᠡᠬᠡᠯ ᠢ ᠪᠠᠭᠳᠠᠭᠠᠨ᠎ᠠ᠃ ᠪᠠᠰᠠ | ᠭᠤᠳᠤᠯ ᠤᠨ U ᠲᠠᠪᠠᠬ᠂ ᠪᠦᠬᠡᠴᠢᠨ ᠤ ᠮᠠᠶ᠋ᠢᠬ ᠤᠨ U ᠲᠠᠪᠠᠬ᠂ ᠴᠢᠩᠬᠢᠰ ᠬᠠᠭᠠᠨ ᠤ ᠰᠦᠯᠳᠡ ᠶᠢᠨ ᠡᠩᠬᠡᠷ ᠤᠨ | ᠲᠡᠮᠳᠡᠭ ᠵᠡᠷᠬᠡ ᠴᠠᠬ ᠤᠨ ᠦᠩᠬᠡ ᠶᠢ ᠲᠠᠭᠠᠬᠰᠠᠨ᠂ ᠤᠷᠠᠨ ᠭᠤᠶᠢᠳᠠ ᠭᠠᠷ ᠤᠷᠠᠯᠠᠯ ᠤᠨ ᠪᠦᠳᠦᠭᠡᠭᠳᠡᠬᠦᠨ ᠢ ᠡᠳᠦᠢ | ᠲᠡᠳᠦᠢ ᠤᠷᠠᠯᠠᠵᠤ ᠦᠢᠯᠡᠳᠦᠭᠰᠡᠨ︾ ᠬᠡᠵᠦ ᠲᠤᠩᠭᠠᠯᠠᠬ ᠺᠤᠮᠫᠠᠨᠢ ᠶᠢᠨ ᠢᠶᠠᠨ ᠪᠦᠳᠦᠭᠡᠭᠳᠡᠬᠦᠨ ᠢᠶᠠᠨ ᠲᠠᠨᠢᠯᠴᠠᠭᠤᠯᠵᠤ | ᠭᠠᠷᠤᠯ᠎ᠠ᠃ | ᠲᠤᠩᠭᠠᠯᠠᠬ ᠤᠤᠯ ᠠᠴᠠ ᠪᠠᠨ ᠮᠤᠩᠭᠤᠯ ᠦᠨᠳᠦᠰᠦᠳᠡᠨ ᠤ ᠭᠠᠷ ᠤᠷᠠᠯᠠᠯ ᠤᠨ ᠪᠦᠲᠦᠭᠡᠭᠲᠡᠭᠦᠨ ᠦᠢᠯᠡᠳᠬᠦ | ᠦᠢᠯᠡᠰ ᠲᠤ ᠬᠢᠴᠢᠶᠡᠵᠦ ᠵᠢᠳᠬᠦᠵᠦ ᠢᠷᠡᠵᠡᠢ᠃ ᠲᠡᠷᠡ ᠪᠠᠷ 2001 ᠤᠨ ᠳᠤ ᠤᠯᠠᠭᠠᠠᠴᠠᠪ ᠬᠤᠳᠠ ᠶᠢᠨ ᠮᠤᠩᠭᠤᠯ | ᠦᠨᠳᠦᠰᠦᠳᠡᠨ ᠤ ᠪᠠᠭᠰᠢ ᠶᠢᠨ ᠰᠤᠷᠭᠠᠭᠤᠯᠢ ᠶᠢᠨ ᠤᠷᠠᠨ ᠵᠢᠷᠤᠬ ᠤᠨ ᠠᠩᠬᠢ ᠠᠴᠠ ᠲᠡᠬᠦᠰᠴᠦ᠂ ᠠᠩᠬᠠᠨ ᠤ | ᠠᠵᠢᠯ ᠤᠨ ᠭᠠᠷᠤᠭ᠎ᠠ ᠪᠠᠨ ᠡᠪᠯᠡᠯ ᠤᠨ ᠠᠵᠢᠯ ᠢᠶᠠᠷ ᠡᠬᠢᠯᠡᠬᠦᠯᠵᠦ ᠪᠠᠶᠢᠵᠠᠢ᠃ ᠬᠤᠵᠢᠮ ᠨᠢ ᠴᠠᠬᠠᠷ ᠪᠠᠷᠠᠭᠤᠨ ᠭᠠᠷᠤᠨ | ᠬᠤᠶᠢᠳᠤ ᠬᠤᠰᠢᠭᠤᠨ ᠳᠤ ᠦᠨᠳᠦᠰᠦᠳᠡᠨ ᠤ ᠰᠤᠶᠤᠯ ᠤᠨ ᠠᠵᠤ ᠦᠢᠯᠡᠰ ᠤᠨ ᠵᠡᠬᠡᠯᠢ ᠨᠡᠬᠡᠬᠡᠭᠰᠡᠨ ᠳᠤ ᠲᠡᠷᠡ | ᠬᠠᠮᠳᠤ ᠰᠤᠷᠤᠬᠴᠢ ᠲᠠᠢ ᠪᠠᠨ ᠬᠠᠮᠳᠤᠷᠠᠨ ᠮᠤᠷᠢᠨ ᠬᠤᠭᠤᠷ ᠤᠨ ᠦᠢᠯᠡᠳᠪᠦᠷᠢ ᠡᠷᠬᠢᠯᠡᠵᠦ᠂ ᠮᠤᠩᠭᠤᠯ | ᠰᠤᠷᠭᠠᠭᠤᠯᠢ ᠨᠤᠭᠤᠳ ᠲᠤ ᠮᠤᠷᠢᠨ ᠬᠤᠭᠤᠷ ᠬᠠᠩᠭᠠᠨ ᠦᠭᠴᠦ ᠪᠠᠶᠢᠯ᠎ᠠ᠃ ᠲᠠᠷᠠᠭ᠎ᠠ ᠨᠢ ᠮᠤᠩᠭᠤᠯᠴᠤᠳ ᠤᠨ | ᠤᠯᠠᠮᠵᠢᠯᠠᠯᠳᠤ ᠭᠠᠷ ᠤᠷᠠᠯᠠᠯ ᠤᠨ ᠪᠦᠳᠦᠭᠡᠭᠳᠡᠬᠦᠨ ᠢ ᠦᠢᠯᠡᠳᠬᠦ ᠠᠵᠢᠯ ᠳᠤ ᠭᠠᠷᠮᠠᠭᠠᠢᠢᠯᠠᠨ ᠤᠷᠤᠯᠴᠠᠵᠤ᠂ ᠤᠨᠠᠵᠤ | ᠪᠦᠳᠦᠷᠢᠵᠦ ᠶᠠᠪᠤᠬᠰᠠᠭᠠᠷ ᠲᠤᠰ ᠺᠤᠮᠫᠠᠨᠢ ᠶᠢᠨ ᠲᠤᠯᠭ᠎ᠠ ᠶᠢ ᠲᠤᠯᠵᠤ᠂ ᠮᠤᠩᠭᠤᠯᠴᠤᠳ ᠤᠨ ᠤᠯᠠᠮᠵᠢᠯᠠᠯᠳᠤ ᠭᠠᠷ | ᠤᠷᠠᠯᠠᠯ ᠤᠨ ᠰᠤᠶᠤᠯ ᠢ ᠵᠠᠯᠭᠠᠮᠵᠢᠯᠠᠨ ᠬᠦᠮᠦᠵᠢᠬᠦᠯᠬᠦ ᠪᠠᠷ ᠮᠡᠷᠡᠶᠢᠵᠡᠢ᠃ | ᠲᠤᠩᠭᠠᠯᠠᠬ᠄ ︽ᠪᠢ ᠴᠠᠬᠠᠷ ᠰᠤᠶᠤᠯ ᠢ ᠠᠬᠢᠭᠤᠯᠬᠤ ᠨᠡᠶᠢᠬᠡᠮᠯᠢᠭ ᠤᠨ ᠬᠡᠰᠢᠬᠦᠨ ᠪᠤᠯᠬᠤ ᠲᠦᠬᠦᠮ | ᠨᠦᠬᠦᠴᠡᠯ ᠢᠶᠠᠨ ᠠᠰᠢᠬᠯᠠᠨ ᠴᠠᠬᠠᠷ ᠤᠯᠠᠮᠵᠢᠯᠠᠯᠳᠤ ᠰᠤᠶᠤᠯ ᠤᠨ ᠡᠯᠧᠮᠧᠨ᠋ᠲ ᠢ ᠠᠭᠤᠳᠠᠯᠯᠠᠨ ᠢᠯᠡᠷᠡᠬᠦᠯᠬᠦ ᠪᠠᠷ | ᠴᠢᠷᠮᠠᠶᠢᠵᠤ᠂ ᠨᠤᠮ ᠲᠡᠪᠳᠡᠷ ᠠᠴᠠ ᠴᠠᠬᠠᠷ ᠰᠤᠶᠤᠯ ᠤᠨ ᠤᠨᠴᠠᠯᠢᠬ ᠲᠠᠢ ᠬᠡ ᠤᠭᠠᠯᠵᠠ ᠶᠢ ᠬᠠᠶᠢᠵᠤ᠂ | ᠵᠤᠬᠢᠰᠳᠠᠢ ᠶᠢ ᠨᠢ ᠰᠤᠩᠭᠤᠵᠤ ᠠᠪᠳᠠᠷ᠎ᠠ ᠰᠢᠷᠡᠭᠡ ᠮᠤᠷᠢᠨ ᠬᠤᠭᠤᠷ ᠢᠶᠠᠨ ᠵᠠᠰᠠᠵᠤ ᠴᠢᠮᠡᠭᠯᠡᠬᠦ ᠳᠡᠭᠡᠨ ᠬᠡᠷᠡᠭᠯᠡᠳᠡᠭ᠃ | ᠨᠢᠳᠤᠨᠤᠨ ᠮᠤᠩᠭᠤᠯ ᠤᠯᠤᠰ ᠠᠴᠠ ᠮᠡᠷᠬᠡᠵᠢᠯᠳᠡᠨ ᠤᠷᠢᠵᠤ ᠠᠪᠴᠢᠷᠠᠭᠠᠳ ᠮᠤᠩᠭᠤᠯ ᠬᠡᠷ ᠤᠨ ᠰᠡᠶᠢᠯᠦᠮᠡᠯ ᠰᠡᠶᠢᠯᠬᠦ᠂ | ᠬᠡ ᠤᠭᠠᠯᠵᠠ ᠵᠢᠷᠤᠬᠤ ᠠᠵᠢᠯ ᠳᠤ ᠬᠠᠪᠰᠤᠷᠤᠭᠤᠯᠵᠤ ᠪᠠᠰᠠ ᠲᠡᠳᠡᠨ ᠠᠴᠠ ᠮᠡᠳᠡᠯᠬᠡ ᠮᠡᠷᠬᠡᠵᠢᠯ ᠢ ᠨᠢ | ᠰᠤᠷᠤᠯᠴᠠᠬᠰᠠᠨ᠃ ᠮᠠᠨ ᠤ ᠭᠠᠷ ᠤᠷᠠᠯᠠᠯ ᠤᠨ ᠪᠦᠳᠦᠭᠡᠭᠳᠡᠬᠦᠨ ᠤ ᠰᠡᠳᠬᠢᠮᠵᠢ ᠤᠷᠠᠨ᠂ ᠬᠢᠴᠡ ᠪᠦᠳᠦᠴᠡ ᠭᠤᠶᠢᠳᠠ | ᠰᠠᠶᠢᠬᠠᠨ ᠪᠤᠯᠬᠤᠷ ᠤᠢᠢᠷ᠎ᠠ ᠬᠠᠪᠢ ᠶᠢᠨ ᠵᠢᠭᠤᠯᠴᠢᠯᠠᠯ ᠤᠨ ᠭᠠᠵᠠᠷ ᠤᠨ ᠬᠢᠨ ᠬᠤᠳᠠᠯᠳᠤᠨ ᠠᠪᠳᠠᠬ ᠢᠶᠠᠷ ᠪᠠᠷᠠᠬᠤ | ᠦᠬᠡᠢ ᠪᠡᠬᠡᠵᠢᠩ᠂ ᠱᠠᠩᠬᠠᠢ᠂ ᠬᠠᠶᠢᠨᠠᠨ ᠤ ᠬᠡᠷᠡᠭᠯᠡᠭᠴᠢᠳ ᠴᠦ ᠮᠤᠷᠢᠨ ᠬᠤᠭᠤᠷ ᠵᠠᠬᠢᠶᠠᠯᠠᠵᠦ ᠠᠪᠳᠠᠬ᠃ ᠨᠢᠳᠤᠨᠤᠨ ᠤ | 12 ᠰᠠᠷ᠎ᠠ ᠠᠴᠠ ᠤᠳᠤ ᠪᠤᠯᠳᠠᠯ᠎ᠠ 60 — 70 ᠲᠦᠮᠡᠨ ᠲᠦᠬᠦᠷᠢᠭ ᠤᠨ ᠪᠠᠷᠠᠭ᠎ᠠ ᠬᠤᠳᠠᠯᠳᠤᠵᠤ᠂ ᠪᠠᠷᠤᠬ | ᠠᠷᠪᠠ ᠭᠠᠷᠤᠢ ᠲᠦᠮᠡᠨ ᠲᠦᠬᠦᠷᠢᠭ ᠤᠨ ᠴᠡᠪᠡᠷ ᠤᠷᠤᠯᠭ᠎ᠠ ᠤᠯᠤᠬᠰᠠᠨ᠃ ᠮᠠᠨ ᠤ ᠨᠢᠬᠡᠨ ᠮᠦᠩᠬᠦᠨ | ᠰᠢᠬᠢᠳᠬᠡᠬᠡᠷᠢ ᠲᠠᠢ ᠮᠤᠷᠢᠨ ᠬᠤᠭᠤᠷ ᠤᠷᠤᠯᠳᠤᠭᠠᠨ ᠳᠤ ᠤᠷᠤᠯᠴᠠᠭᠠᠳ ᠠᠯᠳᠠᠨ ᠮᠧᠳᠠᠯ ᠬᠦᠷᠳᠡᠵᠠᠢ᠃ | ᠤᠨᠴᠠᠭᠠᠢᠢᠯᠠᠨ ᠲᠤᠷᠠᠳᠬᠤ ᠠᠴᠠ ᠲᠡᠳᠮᠡ᠂ ᠰᠢ· ᠮᠦᠷᠡᠨ ᠪᠠᠭᠰᠢ ᠪᠠᠰᠠ ᠮᠠᠨ ᠤ ᠺᠤᠮᠫᠠᠨᠢ ᠶᠢᠨ ᠤᠷᠠᠯᠠᠵᠤ ᠬᠢᠭᠰᠡᠨ | ᠭᠠᠷ ᠤᠷᠠᠯᠠᠯ ᠤᠨ ᠪᠦᠳᠦᠭᠡᠭᠳᠡᠬᠦᠨ ᠢ ᠦᠨᠳᠦᠷ ᠦᠨᠡᠯᠡᠵᠦ᠂ ᠦᠨᠡᠳᠡᠢ ᠰᠠᠶᠢᠬᠠᠨ ᠰᠠᠨᠠᠯ ᠵᠦᠪᠯᠡᠯᠬᠡ ᠦᠭᠬᠦᠭᠰᠡᠨ ᠶᠤᠮ︾ | ᠬᠡᠯ᠎ᠠ᠃ ᠲᠠᠷᠠ ᠮᠦᠨ ᠲᠠᠷᠠᠭᠠᠴᠢ ᠪᠠᠷ ᠤᠯᠠᠭᠠᠠᠬᠠᠳᠠ ᠶᠢᠨ ᠭᠠᠯᠳᠤ ᠠᠭᠤᠯᠠᠨ ᠤ ᠲᠠᠯ᠎ᠠ ᠨᠤᠳᠤᠬ ᠪᠤᠯᠤᠨ ᠴᠠᠬᠠᠷ | ᠰᠤᠶᠤᠯ ᠢ ᠤᠶᠠᠯᠳᠤᠭᠤᠯᠤᠬᠰᠠᠨ ᠪᠦᠳᠦᠬᠡᠯᠴᠢ ᠭᠠᠷ ᠤᠷᠠᠯᠠᠯ ᠤᠨ ᠪᠦᠳᠦᠭᠡᠭᠳᠡᠬᠦᠨ ᠬᠢᠬᠦ ᠪᠠᠷ ᠲᠦᠰᠦᠪᠯᠡᠵᠦ ᠪᠠᠶᠢᠨ᠎ᠠ | ᠭᠡᠵᠤ ᠬᠦᠰᠡᠯ ᠵᠤᠷᠢᠯᠳᠠ ᠪᠠᠨ ᠲᠤᠳᠤᠷᠠᠭᠤᠯᠤᠨ᠎ᠠ᠃ | ᠪᠢᠳᠡ ᠰᠤᠷᠪᠤᠯᠵᠢᠯᠠᠭ᠎ᠠ ᠪᠠᠨ ᠦᠷᠬᠦᠯᠵᠢᠯᠡᠬᠦᠯᠬᠦ ᠬᠡᠵᠦ ᠪᠠᠶᠢᠳᠠᠯ᠎ᠠ ᠮᠠᠨ ᠤ ᠰᠠᠭᠤᠬᠰᠠᠨ ᠮᠠᠰᠢᠨ ᠪᠦᠷᠢᠶ᠎ᠡ ᠪᠠᠨ | ᠲᠤᠤᠭᠠᠷᠭᠠᠯᠠ ᠁ | ᠵᠣᠬᠢᠶᠠᠭᠴᠢ᠄ ᠰᠢᠨᠡᠪᠢᠯᠢᠭ | | | | |