ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠰᠤᠷᠪᠤᠯᠵᠢᠯᠠᠭᠴᠢ ᠪᠣᠯᠬᠤ ᠪᠠᠷ ᠴᠢᠷᠮᠠᠶᠢᠶ᠎ᠡ
ᠨᠡᠶᠢᠲᠡᠯᠡᠭᠰᠡᠨ ᠴᠠᠭ᠄
2019-11-27
     ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠰᠤᠷᠪᠤᠯᠵᠢᠯᠠᠭᠴᠢ ᠪᠣᠯᠬᠤ ᠪᠠᠷ ᠴᠢᠷᠮᠠᠶᠢᠶ᠎ᠡ    ᠰᠤᠷᠪᠤᠯᠵᠢᠯᠠᠭᠴᠢ ᠶᠢᠨ ᠠᠵᠢᠯ ᠤᠨ ᠪᠠᠶᠢᠷᠢᠨ ᠳᠤ ᠰᠠᠶ᠋ᠢᠬᠠᠨ ᠭᠠᠷᠤᠭᠰᠠᠨ ᠨᠠᠳᠠᠳᠤ ᠠᠪᠴᠤ ᠬᠡᠯᠡᠪᠡᠯ᠂ ᠡᠨᠡ ᠬᠦ ᠠᠵᠢᠯ ᠨᠢ ᠰᠣᠨᠢᠭᠤᠴᠢ ᠪᠥᠭᠡᠳ ᠰᠢᠨ᠎ᠡ ᠰᠣᠷᠭᠤᠭ ᠰᠠᠨᠠᠭᠳᠠᠵᠦ ᠪᠠᠶᠢᠯ᠎ᠡ᠃ ᠠᠩᠬ᠎ᠠ ᠡᠬᠢᠯᠡᠬᠦ ᠳᠡᠭᠡᠨ ᠰᠤᠷᠪᠤᠯᠵᠢᠯᠠᠭᠴᠢ ᠶᠢᠨ ᠠᠵᠢᠯ ᠢ ᠤᠢᠢᠯᠭᠠᠬᠤ ᠦᠭᠡᠢ᠂ ᠬᠠᠮᠢᠭ᠎ᠠ ᠠᠴᠠ ᠭᠠᠷᠳᠠᠵᠦ ᠬᠢᠬᠦ ᠪᠠᠨ ᠮᠡᠳᠡᠬᠦ ᠦᠭᠡᠢ ᠪᠠᠶᠢᠯ᠎ᠠ᠃ ᠨᠢᠭᠡᠳᠦᠭᠡᠷ ᠤᠳᠠᠭ᠎ᠠ ᠪᠦᠬᠦ ᠬᠤᠷᠢᠶᠠᠨ ᠤ ᠺᠠᠳ᠋ᠷ ᠠᠵᠢᠯᠲᠠᠳ ᠤᠨ ᠬᠤᠷᠠᠯ ᠳᠤ ᠤᠷᠤᠯᠴᠠᠬᠤ ᠦᠶ᠎ᠡ ᠪᠠᠷ ᠶᠡᠷᠦᠩᠬᠡᠶ ᠱᠦᠵᠢ ᠰᠢ ᠶᠢᠨ ᠫᠢᠩ ᠤᠨ ᠲᠤᠷᠠᠳᠤᠭᠰᠠᠨ ᠰᠤᠷᠪᠤᠯᠵᠢᠯᠠᠭᠴᠢ ᠶᠢᠨ ︽ᠳᠥᠷᠪᠡᠨ ᠴᠢᠳᠠᠪᠤᠷᠢ︾ ᠶᠢ ᠰᠤᠷᠤᠯᠴᠠᠵᠦ᠂ ᠰᠤᠷᠪᠤᠯᠵᠢᠯᠠᠭᠴᠢ ᠪᠣᠯᠤᠭᠰᠠᠳ ᠳᠤ ᠵᠠᠪᠠᠯ ︽ᠬᠦᠯ ᠬᠦᠩᠭᠡᠨ᠂ ᠨᠢᠳᠦ ᠭᠢᠷᠠᠬᠠᠢ᠂ ᠲᠠᠷᠢᠬᠢ ᠰᠡᠷᠭᠦᠯᠡᠩ᠂ ᠪᠢᠷ ᠬᠤᠷᠴᠠ︾ ᠪᠠᠶᠢᠬᠤ ᠶᠢ ᠪᠦᠷᠢᠯᠳᠦᠭᠦᠯᠵᠦ᠂ ᠡᠨᠡᠬᠦ ᠲᠦᠷᠪᠡᠨ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠦᠨ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠨᠢ ᠮᠢᠨᠤ ᠬᠤᠪᠢ ᠳᠤ ᠰᠤᠷᠪᠤᠯᠵᠢᠯᠠᠭᠴᠢ ᠶᠢᠨ ᠠᠵᠢᠯ ᠤᠨ ᠲᠤᠬᠠᠢ ᠱᠠᠭᠠᠷᠳᠠᠯᠭ᠎ᠠ ᠳᠤ ᠨᠡᠩ ᠭᠦᠨᠵᠡᠭᠡᠢ ᠤᠢᠢᠯᠠᠭᠠᠯᠳᠠ ᠲᠠᠢ ᠪᠤᠯᠤᠬᠰᠠᠨ ᠶᠤᠮ᠃    ᠪᠥᠬᠦ ᠤᠯᠤᠰ ᠤᠨ ᠦᠵᠡᠯ ᠰᠠᠨᠠᠭᠠᠨ ᠤ ᠰᠤᠷᠳᠠᠯ ᠤᠬᠠᠭᠤᠯᠭ᠎ᠠ ᠶᠢᠨ ᠬᠤᠷᠠᠯ ᠲᠡᠭᠡᠷ᠎ᠡ ᠶᠡᠷᠦᠩᠬᠡᠶ ᠱᠦᠵᠢ ᠰᠢ ᠶᠢᠨ ᠫᠢᠩ᠂ ᠰᠣᠨᠢᠨ ᠮᠡᠳᠡᠭᠡᠨ ᠤ ᠳᠠᠮᠵᠢᠭᠤᠯᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠬᠤ᠂ ᠰᠦᠯᠵᠢᠶᠡᠨ ᠤ ᠣᠷᠣᠨ ᠵᠠᠶ ᠶᠢ ᠪᠣᠶ ᠪᠣᠯᠭᠠᠬᠤ ᠶᠢ ᠪᠠᠷᠢᠮᠲᠠᠯᠠᠬᠤ᠂ ᠳᠤᠮᠳᠠᠳᠤ ᠤᠯᠤᠰ ᠤᠨ ᠲᠡᠦᠬᠡ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠳᠠᠮᠵᠢᠭᠤᠯᠬᠤ ᠶᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠰᠡ ︽ᠬᠦᠯ ᠬᠦᠩᠭᠡᠨ᠂ ᠨᠢᠳᠦ ᠭᠢᠷᠠᠬᠠᠢ᠂ ᠲᠠᠷᠢᠬᠢ ᠰᠡᠷᠭᠦᠯᠡᠩ᠂ ᠪᠢᠷ ᠬᠤᠷᠴᠠ︾ ᠪᠠᠶᠢᠬᠤ ᠴᠢᠳᠠᠪᠤᠷᠢ ᠪᠠᠨ ᠲᠠᠰᠤᠷᠠᠯᠲᠠ ᠥᠬᠡᠶ ᠲᠡᠭᠡᠭᠰᠢᠯᠡᠭᠦᠯᠵᠦ᠂ ᠤᠯᠤᠰ ᠲᠥᠷᠥ ᠶᠢᠨ ᠵᠤᠭᠰᠤᠴᠠ ᠪᠠᠲᠤ ᠴᠢᠩᠭ᠎ᠠ᠂ ᠡᠷᠳᠡᠮ ᠴᠢᠳᠠᠪᠤᠷᠢ ᠰᠠᠶᠢᠳᠠᠢ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠦᠵᠡᠯ ᠰᠠᠨᠠᠭᠠᠨ ᠤ ᠤᠬᠠᠭᠤᠯᠭ᠎ᠠ ᠶᠢᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃    ᠪᠢ ᠨᠢᠭᠡᠨ ᠰᠣᠨᠢᠨ ᠮᠡᠳᠡᠭᠡᠨ ᠤ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠳᠤᠮᠳᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ︽ᠳᠥᠷᠪᠡᠨ ᠴᠢᠳᠠᠪᠤᠷᠢ︾ ᠶᠢ ᠪᠤᠳᠠᠳᠠᠢ  ᠦᠢᠯᠡᠳᠦᠯᠭᠡᠵᠢᠬᠦᠯᠬᠦ ᠪᠠᠷ ᠴᠢᠷᠮᠠᠶᠢᠵᠤ᠂ ᠠᠯᠬᠤᠴᠠ ᠪᠠᠨ ᠲᠦᠷᠭᠡᠳᠭᠡᠵᠦ᠂ ᠦᠨᠳᠦᠰᠦᠨ ᠱᠠᠲᠤᠨ ᠳᠤ ᠢᠯᠡᠭᠦᠬᠡᠨ ᠣᠴᠢᠵᠤ᠂ ᠣᠯᠠᠨ ᠲᠦᠮᠡᠨ ᠲᠠᠢ ᠢᠯᠡᠭᠦᠬᠡᠨ ᠤᠢᠢᠷᠠᠳᠴᠤ᠂ ᠵᠥᠪ ᠪᠤᠷᠤᠭᠤ᠂ ᠦᠨᠡᠨ ᠬᠤᠳᠠᠯ᠂ ᠰᠠᠶᠢᠨ ᠮᠠᠭᠤ ᠶᠢ ᠲᠣᠳᠣᠷᠬᠠᠶ ᠢᠯᠭᠠᠵᠤ᠂ ᠦᠨᠡᠨ ᠠᠴᠠ ᠵᠥᠪ ᠢ ᠡᠷᠢᠵᠦ᠂ ᠨᠠᠷᠢᠨ ᠬᠢᠨᠠᠮᠠᠭᠠᠢ ᠮᠦᠷᠲᠡᠭᠡᠨ ᠪᠦᠬᠦ ᠲᠠᠯ᠎ᠠ ᠪᠠᠷ ᠪᠣᠳᠣᠯᠬᠢᠯᠠᠵᠦ᠂ ᠰᠣᠨᠢᠨ ᠮᠡᠳᠡᠭᠡᠨ ᠤ ᠬᠡᠷᠡᠭ ᠶᠠᠪᠤᠳᠠᠯ ᠠᠴᠠ ᠪᠢᠳᠡᠨ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠡ᠃ ᠰᠤᠨᠢᠨ ᠮᠡᠳᠡᠭᠡ ᠪᠠᠨ ᠦᠨᠡᠨ ᠪᠣᠳᠠᠲᠠᠶ᠂ ᠶᠡᠷᠦᠮᠳᠡᠭ᠂ ᠦᠨᠡᠨᠴᠢ᠂ ᠴᠢᠬᠡᠴᠢ  ᠪᠠᠶᠢᠬᠤ ᠵᠠᠷᠴᠢᠮ ᠢᠶᠠᠷ ᠨᠢᠭᠲᠠᠷᠠᠯ ᠤᠨ ᠬᠦᠴᠦᠨ᠂ ᠬᠥᠲᠥᠯᠥᠨ ᠳᠠᠭᠠᠭᠤᠯᠬᠤ ᠬᠦᠴᠦᠨ᠂ ᠰᠡᠳᠬᠢᠭᠳᠡᠯ ᠪᠠ ᠨᠡᠪᠲᠡᠯᠬᠦ ᠬᠦᠴᠦᠨ ᠢᠶᠠᠷ ᠴᠢᠩᠭ᠎ᠠ ᠪᠠᠶᠢᠬᠤ ᠵᠠᠷᠴᠢᠮ ᠢ ᠪᠠᠷᠢᠮᠳᠠᠯᠠᠵᠦ ᠪᠢᠴᠢᠬᠦ ᠪᠠᠷ ᠴᠢᠷᠮᠠᠶᠢᠨ᠎ᠡ᠃    ᠡᠷᠳᠡ ᠨᠢᠭᠡᠨ ᠡᠳᠤᠷ ᠪᠣᠯᠪᠠᠰᠤᠷᠠᠩᠭᠤᠶ ᠰᠣᠨᠢᠨ ᠮᠡᠳᠡᠭᠡᠨ ᠤ ᠠᠵᠢᠯᠲᠠᠨ ᠪᠤᠯᠬᠤ ᠶᠢᠨ ᠲᠥᠯᠥᠭᠡ᠂ ᠪᠢ ᠬᠤᠶᠢᠰᠢᠳᠠ ᠳᠠᠷᠤᠤ ᠬᠢᠴᠢᠶᠡᠩᠭᠦᠶ ᠪᠠᠷ ᠬᠠᠮᠲᠤ ᠠᠵᠢᠯᠯᠠᠭᠰᠠᠳ ᠠᠴᠠ ᠪᠠᠨ ᠢᠯᠡᠭᠦᠬᠡᠨ ᠠᠰᠠᠭᠤᠵᠤ᠂ ᠤᠳᠤᠷᠢᠳᠤᠯᠭ᠎ᠠ ᠠᠴᠠ ᠵᠢᠭᠠᠪᠤᠷᠢ ᠠᠪᠴᠤ᠂ ᠤᠳᠤᠷᠢᠳᠤᠯᠭ᠎ᠠ ᠪᠠ ᠬᠠᠮᠲᠤ ᠠᠵᠢᠭᠯᠠᠭᠴᠢ ᠶᠢᠨ ᠬᠠᠯᠠᠮᠵᠢᠯᠠᠯ ᠪᠠ ᠬᠠᠪᠰᠤᠷᠤᠯᠭ᠎ᠠ ᠶᠢ ᠬᠦᠷᠳᠡᠵᠦ᠂ ᠰᠣᠨᠢᠨ ᠮᠡᠳᠡᠭᠡᠨ ᠤ ᠰᠤᠷᠪᠤᠯᠵᠢᠯᠠᠭ᠎ᠠ ᠶᠢᠨ ᠤᠷ᠎ᠠ ᠮᠡᠷᠭᠡᠵᠢᠯ ᠪᠠ ᠵᠣᠬᠢᠶᠠᠨ ᠪᠢᠴᠢᠬᠦ ᠤᠷ᠎ᠠ ᠮᠡᠷᠭᠡᠵᠢᠯ ᠢ ᠲᠦᠷᠭᠡᠨ ᠡᠵᠡᠮᠰᠢᠬᠦ ᠪᠠᠷ ᠪᠠᠯᠡᠬᠡᠨ ᠪᠠᠶᠢᠨ᠎ᠠ᠃ ᠠᠵᠢᠯ ᠳᠠᠭᠠᠨ ᠨᠠᠷᠢᠨ ᠬᠢᠨᠠᠮᠠᠭᠠᠢ ᠬᠠᠨᠳᠤᠵᠦ᠂ ᠰᠤᠷᠤᠯᠴᠠᠬᠤ ᠪᠠ ᠬᠢᠬᠦ ᠳᠤᠮᠳᠠ ᠪᠠᠨ ᠮᠡᠳᠡᠯᠭᠡ ᠶᠢ ᠡᠵᠡᠮᠰᠢᠵᠤ᠂ ᠦᠵᠡᠯ ᠰᠠᠨᠠᠭᠠᠨ ᠤ ᠲᠠᠯ᠎ᠠ ᠪᠠᠷ ᠴᠤ  ᠲᠡᠷᠡ᠂ ᠠᠵᠢᠯ ᠤᠨ ᠲᠠᠯ᠎ᠠ ᠪᠠᠷ ᠴᠤ ᠲᠡᠷᠡ ᠴᠥᠮ ᠲᠠᠰᠤᠷᠠᠯᠲᠠ ᠦᠭᠡᠢ ᠰᠤᠷᠤᠯᠴᠠᠵᠤ ᠳᠠᠪᠰᠢᠬᠤ ᠪᠠᠷ ᠴᠢᠷᠮᠠᠶᠢᠵᠦ ᠪᠠᠶᠢᠨ᠎ᠡ᠃    ᠰᠢᠨ᠎ᠡ ᠴᠠᠭ ᠦᠶ᠎ᠡ ᠶᠢᠨ ᠬᠢᠷᠢ ᠲᠠᠩᠴᠡᠭᠰᠠᠨ ᠰᠤᠷᠪᠤᠯᠵᠢᠯᠠᠭᠴᠢ ᠪᠤᠯᠤᠶ ᠎ᠡ ᠭᠡᠪᠡᠯ᠂ ᠡᠩ ᠲᠡᠷᠢᠭᠦᠨ ᠳᠤ ︽ᠳᠥᠷᠪᠡᠨ ᠴᠢᠳᠠᠪᠤᠷᠢ︾ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠡᠶ᠎ᠡ ᠨᠠᠶᠢᠷᠲᠠᠶ ᠪᠠᠶᠢᠵᠤ᠂ ᠳᠣᠲᠣᠭᠠᠳᠤ ᠬᠦᠴᠦᠨ ᠢᠶᠠᠨ ᠯᠠᠪᠳᠠᠭᠤᠨ ᠪᠠᠲᠤᠲᠠᠶ ᠪᠣᠯᠪᠠᠰᠤᠷᠠᠭᠤᠯᠵᠤ᠂ ︽ᠳᠥᠷᠪᠡᠨ ᠴᠢᠳᠠᠪᠤᠷᠢ︾ ᠪᠠᠨ ᠯᠠᠪᠳᠠᠭᠤᠨ ᠪᠠᠲᠤᠲᠠᠶ ᠴᠢᠩᠭᠠᠳᠬᠠᠬᠤ ᠪᠠᠷ ᠬᠠᠮᠳᠦ ᠪᠠᠷ ᠢᠶᠠᠨ ᠴᠢᠷᠮᠠᠶᠢᠵᠠᠭᠠᠶ᠎ᠡ᠃                                                 ᠨᠠᠶᠢᠷᠠᠭᠤᠯᠤᠭᠴᠢ᠄ ᠡᠷᠳᠡᠨᠢᠳᠠᠯᠠᠢ                                                 ᠵᠣᠬᠢᠶᠠᠭᠴᠢ᠄ ᠲᠠᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号