︽ᠠᠷᠠᠳ ᠤᠨ ᠵᠢᠱᠢᠶᠡᠴᠢ︾ ᠳᠦᠬᠦ᠋ᠢᠮᠠ ᠶᠢᠨ ᠰᠢᠷᠢᠰ ᠮᠡᠳᠡᠭᠡᠯᠡᠯ ︵ᠬᠤᠶᠠᠷ︶ | | ᠥᠨᠥᠳᠥᠷ ᠤᠨ ᠳᠥᠷᠪᠡᠳ ᠤᠨ ᠲᠠᠯ᠎ᠠ ᠨᠤᠲᠤᠭ ᠦᠩ ᠲᠠᠩᠰᠤᠭ ᠪᠡᠯᠴᠢᠭᠡᠷ ᠤᠰᠤ ᠲᠠᠢ᠂ ᠦᠨᠢᠷ ᠦᠷᠡᠵᠢᠯᠳᠦ | ᠮᠠᠯ ᠰᠦᠷᠦᠭ ᠲᠠᠢ᠂ ᠨᠠᠭᠠᠳᠤᠮ ᠨᠠᠶᠢᠷ ᠤᠨ ᠨᠠᠷᠭᠢᠶᠠᠨᠲᠤ ᠳᠠᠭᠤᠨ ᠪᠠᠶᠢᠨ ᠳᠠᠬᠢᠨ ᠴᠤᠤᠷᠢᠶᠠᠯᠠᠨ᠎ᠠ᠃ ᠥᠩᠭᠡᠷᠡᠭᠰᠡᠨ ᠤ | ᠲᠦᠷᠪᠡᠳ ᠤᠨ ᠲᠠᠯ᠎ᠠ ᠨᠤᠲᠤᠭ ᠦᠷᠭᠡᠨ ᠠᠭᠤᠲᠠᠮ᠂ ᠪᠡᠯᠴᠢᠭᠡᠷ ᠤᠰᠤ ᠦᠨᠢᠷ ᠦᠳᠬᠡᠨ ᠪᠤᠯᠪᠠᠴᠦ ᠬᠥᠮᠦᠨ ᠠᠮᠠ | ᠴᠥᠭᠡᠨ᠂ ᠵᠠᠮ ᠬᠠᠷᠢᠯᠴᠠᠭ᠎ᠠ ᠳᠥᠭᠦᠮ ᠦᠭᠡᠢ᠂ ᠢᠯᠠᠩᠭᠤᠶ᠎ᠠ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠲᠤᠯᠠᠭ᠎ᠠ ᠦᠭᠡᠢ ᠠᠴᠠ ᠪᠣᠯᠵᠤ᠂ ᠬᠠᠲᠠᠭᠤ ᠪᠡᠷᠬᠡᠰᠢᠶᠡᠯᠲᠡᠶ ᠨᠡᠭᠦᠳᠡᠯ ᠮᠠᠯᠵᠢᠯ ᠤᠨ ᠠᠮᠢᠳᠤᠷᠠᠯ ᠨᠢ ᠮᠠᠯᠴᠢᠳ ᠤᠨ | ᠪᠡᠶ᠎ᠡ ᠰᠡᠳᠭᠢᠴᠡ ᠶᠢᠨ ᠡᠷᠡᠭᠦᠯ ᠴᠢᠭᠢᠷᠠᠭ ᠢ ᠬᠦᠨᠳᠦ ᠨᠣᠴᠢᠲᠠᠶ ᠬᠤᠬᠢᠷᠠᠭᠤᠯᠵᠤ᠂ ᠴᠥᠭᠡᠨ ᠪᠤᠰᠤ ᠮᠠᠯᠴᠢᠳ ᠬᠠᠭᠠᠰ | ᠨᠠᠰᠤ ᠶᠢ ᠥᠩᠭᠡᠷᠡᠪᠡᠯ ᠡᠪᠡᠳᠴᠢᠨ ᠡᠮᠭᠡᠭ ᠲᠤ ᠨᠡᠷᠪᠡᠭᠲᠡᠵᠦ᠂ ᠦᠳᠡᠯᠣᠬᠡ ᠨᠠᠰᠣ ᠵᠦᠭ ᠬᠠᠨᠳᠣᠳᠠᠭ᠂ ᠬᠥᠩᠭᠡᠵᠢᠬᠦ ᠨᠢ | ᠨᠠᠩ ᠴᠤ ᠲᠤᠬᠠᠶ ᠶᠢᠨ ᠭᠠᠵᠠᠷ ᠤᠨ ᠥᠷᠭᠡᠨ ᠣᠯᠠᠨ ᠪᠦᠰᠡᠭᠦ᠋ᠢᠴᠤᠳ ᠲᠤ ᠲᠤᠯᠭᠠᠷᠠᠵᠦ ᠪᠠᠶᠢᠭᠰᠠᠨ ᠬᠦᠨᠲᠦ | ᠴᠢᠬᠤᠯᠠ ᠠᠰᠠᠭᠤᠲᠠᠯ ᠪᠤᠯᠵᠦ᠂ ᠵᠠᠷᠢᠮ ᠬᠦᠩᠭᠡᠵᠢᠭᠰᠡᠨ ᠪᠦᠰᠡᠬᠦᠢ ᠵᠤᠬᠢᠰᠲᠠᠢ ᠡᠮᠨᠡᠨ ᠵᠠᠰᠠᠯᠲᠠ ᠶᠢ ᠬᠦᠯᠢᠶᠡᠭᠰᠡᠨ | ᠦᠬᠡᠢᠡᠴᠠ ᠪᠣᠯᠵᠤ ᠨᠠᠰᠤᠨ ᠲᠤᠷᠰᠢᠳᠠ ᠶᠢᠨ ᠡᠪᠡᠳᠴᠢᠨ ᠳᠤ ᠨᠡᠷᠪᠡᠭᠲᠡᠵᠦ᠂ ᠨᠡᠩ ᠴᠢᠨᠠᠭᠰᠢᠯᠠᠪᠠᠯ ᠠᠮᠢ ᠨᠠᠰᠤ ᠪᠠᠨ | ᠴᠤ ᠠᠯᠳᠠᠭᠰᠠᠨ ᠪᠠᠶᠢᠯ᠎ᠠ᠃ | ᠲᠤᠬᠠᠶ ᠶᠢᠨ ᠣᠢᠶ᠎ᠠ ᠳᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠬᠢᠯᠡᠭᠴᠢ ᠪᠠᠶᠢᠭᠰᠠᠨ | ᠳᠦᠬᠦ᠋ᠢᠮᠠ ᠬᠦᠩᠭᠡᠵᠢᠭᠰᠡᠨ ᠪᠦᠰᠡᠬᠦ᠋ᠢᠴᠤᠳ ᠪᠤᠯᠤᠨ ᠲᠠᠲᠠᠨᠡᠷ ᠤᠨ ᠭᠡᠷ ᠪᠦᠯᠢ ᠶᠢᠨ ᠠᠮᠰᠠᠭᠰᠠᠨ ᠵᠤᠪᠠᠨᠢᠯ | ᠭᠤᠲᠤᠷᠠᠯ ᠢ ᠬᠠᠷᠠᠬᠤ ᠪᠦᠷᠢ ᠲᠦᠢᠯ ᠢᠶᠠᠷ ᠰᠡᠳᠬᠢᠯ ᠵᠤᠪᠠᠳᠠᠭ ᠪᠠᠶᠢᠪᠠ᠃ ᠲᠡᠷᠡ ᠡᠨᠡᠬᠦ ᠬᠦᠮᠦᠨ ᠲᠦᠷᠦᠯᠬᠢᠲᠡᠨ ᠤ | ᠠᠮᠢ ᠨᠠᠰᠤᠨ ᠤ ᠠᠭᠤᠤ ᠶᠡᠭᠡ ᠦᠷᠭᠦᠯᠵᠢᠯᠡᠯ ᠢ ᠮᠠᠯᠴᠢᠳ ᠤᠨ ︽ᠬᠠᠷ᠎ᠠ ᠲᠠᠷᠤᠭᠰᠠᠨ ᠵᠡᠭᠦᠳᠦ︾ ᠪᠣᠯᠭᠠᠬᠤ ᠦᠭᠡᠢ | ᠭᠡᠵᠦ ᠵᠣᠷᠢᠭ ᠰᠢᠭᠤᠳᠴᠤ᠂ ᠠᠰᠠᠭᠤᠳᠠᠯ ᠢ ᠰᠢᠢᠳᠪᠦᠷᠢᠯᠡᠬᠦ ᠪᠠᠷ ᠵᠤᠷᠢᠯ᠎ᠠ᠃ ᠣᠯᠢᠭᠳᠠᠢ ᠬᠡᠳᠦᠨ ᠦᠰᠦᠭ ᠲᠠᠨᠢᠬᠤ | ᠦᠭᠡᠢ ᠲᠡᠷᠡ ᠮᠠᠨᠢ ᠡᠷᠡᠰ ᠬᠠᠲᠠᠭᠤ ᠵᠣᠷᠢᠭ ᠰᠠᠨᠠᠭ᠎ᠠ ᠪᠠᠷ ᠬᠦᠴᠢᠷ ᠪᠡᠷᠬᠡᠰᠢᠶᠡᠯ ᠢ ᠢᠯᠠᠨ ᠬᠦᠡᠭᠬᠡᠵᠢᠬᠦᠯᠬᠦ ᠮᠡᠷᠬᠡᠵᠢᠯ ᠢ | ᠰᠣᠷᠴᠦ ᠡᠵᠡᠮᠰᠢᠬᠡᠳ᠂ ᠲᠤᠬᠠᠢ ᠶᠢᠨ ᠭᠠᠵᠠᠷ ᠲᠠᠭᠠᠨ ᠠᠯᠳᠠᠷᠰᠢᠭᠰᠠᠨ ᠡᠬᠡ ᠪᠠᠷᠢᠶᠠᠴᠢ ᠪᠣᠯᠤᠭᠰᠠᠨ ᠶᠤᠮ᠃ | 1974 ᠣᠨ ᠳᠤ᠂ ᠲᠡᠷᠡ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠢᠳᠬᠠᠯ ᠢ ᠦᠯᠦ ᠬᠠᠶᠢᠬᠤᠷᠤᠨ᠂ | ᠬᠤᠰᠢᠭᠤᠨ ᠤ ᠪᠠᠨ ᠡᠮᠨᠡᠯᠭᠡ ᠶᠢᠨ ᠬᠤᠷᠢᠶᠠᠨ ᠤ ᠰᠤᠷᠤᠯᠴᠠᠯᠭ᠎ᠠ ᠪᠣᠯᠪᠠᠰᠤᠷᠠᠯ ᠳᠤ ᠢᠳᠡᠪᠬᠢᠯᠡᠨ ᠣᠷᠣᠯᠴᠠᠪᠠ᠃ ᠤᠳᠤ | ᠦᠶ᠎ᠡ ᠶᠢᠨ ᠠᠨᠠᠭᠠᠬᠤ ᠤᠬᠠᠭᠠᠨ ᠤ ᠮᠡᠳᠡᠯᠭᠡ ᠶᠢ ᠡᠵᠡᠮᠰᠢᠬᠦ ᠨᠢ ᠰᠣᠶᠣᠯ ᠤᠨ ᠰᠠᠭᠤᠷᠢ ᠪᠠᠷ ᠲᠦᠢᠯ ᠤᠨ ᠠᠨᠠᠶ | ᠲᠦᠭᠦ᠋ᠢᠮᠠ ᠳᠤ ᠠᠪᠴᠤ ᠬᠡᠯᠡᠪᠡᠯ᠂ ᠵᠤᠳ ᠰᠢᠭᠤᠷᠭᠠᠨ ᠳᠣᠭᠰᠢᠨ ᠰᠠᠯᠬᠢ ᠲᠠᠢ ᠲᠡᠮᠡᠴᠡᠯᠳᠦᠬᠦ ᠠᠴᠠ ᠬᠤᠯᠠ ᠢᠯᠡᠭᠦᠤ | ᠬᠦᠴᠢᠷ ᠪᠡᠷᠬᠡᠰᠢᠶᠡᠯ ᠲᠠᠢ ᠪᠠᠶᠢᠪᠠ᠃ ᠭᠡᠪᠡᠴᠦ ᠬᠦᠴᠢᠷ ᠠᠴᠠ ᠶᠡᠷᠦ ᠠᠶᠦᠵᠦ ᠦᠵᠡᠭᠡ ᠦᠬᠡᠢ ᠲᠡᠷᠡ ᠦᠷᠦᠬᠡᠯ | ᠪᠤᠰᠤᠳ ᠤᠨ ᠨᠢᠭᠡ ᠡᠳᠦᠷ ᠰᠣᠷᠣᠭᠰᠠᠨ ᠠᠭᠤᠯᠭ᠎ᠠ ᠶᠢ ᠬᠤᠶᠠᠷ ᠡᠳᠦᠷ ᠪᠤᠶᠤ ᠴᠢᠨᠠᠭᠰᠢᠯᠠᠪᠠᠯ ᠨᠡᠩ ᠤᠯᠠᠨ ᠴᠠᠭ | ᠵᠠᠷᠤᠴᠠᠭᠤᠯᠤᠨ ᠤᠢᠢᠯᠠᠭᠠᠨ ᠡᠵᠡᠮᠰᠢᠵᠦ᠂ ᠮᠠᠯ ᠢᠶᠠᠨ ᠮᠠᠯᠵᠢᠬᠤ ᠶᠢᠨ ᠳᠠᠭᠠᠤ ᠳᠤ ᠰᠤᠷᠤᠯᠴᠠᠵᠤ᠂ ᠮᠡᠳᠡᠬᠦ ᠦᠬᠡᠢ | ᠴᠢᠲᠠᠬᠤ ᠦᠬᠡᠢ ᠪᠠᠨ ᠵᠤᠷᠢᠭᠲᠠᠢ ᠪᠠᠷ ᠠᠰᠠᠭᠤᠨ ᠰᠤᠷᠠᠭᠯᠠᠵᠦ᠂ ᠡᠷᠭᠢᠨ ᠲᠣᠭᠤᠷᠢᠨ ᠤ ᠵᠠᠭᠤᠨ ᠺᠢᠯᠣᠮᠧᠲᠷ ᠤᠨ | ᠳᠣᠲᠣᠷᠠᠬᠢ ᠡᠬᠡ ᠪᠠᠷᠢᠶᠠᠴᠢ ᠡᠮᠴᠢ ᠲᠤᠮᠴᠢ ᠨᠡᠷ ᠢ ᠴᠦᠮ ᠡᠷᠢᠵᠦ ᠤᠴᠢᠨ ᠵᠢᠭᠠᠯᠭᠠᠨ ᠵᠢᠯᠤᠭᠤᠲᠤᠯᠲᠠᠭ ᠪᠠᠶᠢᠵᠠᠢ᠃ | ᠣᠯᠠᠨ ᠵᠢᠯ ᠤᠨ ᠰᠢᠷᠭᠠᠭᠤ ᠬᠠᠲᠠᠭᠤᠵᠢᠯᠲᠠᠶ ᠠᠵᠢᠯᠯᠠᠵᠦ ᠰᠤᠷᠤᠯᠴᠠᠬᠤ ᠪᠠᠷ ᠲᠠᠮᠵᠢᠨ ᠲᠡᠷᠡ ᠠᠭᠠᠵᠢᠮ ᠢᠶᠠᠷ | ᠳᠥᠭᠦᠮ ᠬᠤᠴᠣᠷᠠᠩᠭᠤᠢ ᠤᠷᠴᠢᠨ ᠲᠤᠭᠤᠷᠢᠨ ᠳᠣᠤᠷ᠎ᠠ ᠬᠥᠩᠭᠡᠵᠢᠭᠦᠯᠬᠦ ᠣᠨᠴᠠᠭᠠᠢ ᠠᠷᠭ᠎ᠠ ᠶᠢ ᠡᠵᠡᠮᠰᠢᠵᠦ | ᠴᠢᠲᠠᠭᠰᠠᠨ ᠲᠤᠷᠰᠢᠯᠭ᠎ᠠ ᠲᠡᠮ ᠲᠠᠢ ᠬᠠᠰᠢᠷ ᠡᠬᠡ ᠪᠠᠷᠢᠶᠠᠴᠢ ᠪᠤᠯᠤᠭᠰᠠᠨ ᠶᠤᠮ᠃ ᠠᠷᠪᠠᠨ ᠬᠡᠳᠦᠨ ᠵᠢᠯ ᠤᠨ ᠲᠤᠷᠰᠢ᠂ | ᠲᠡᠷᠡ ᠤᠷᠢᠳ ᠬᠤᠵᠢᠳ 40 ᠭᠠᠷᠤᠢ ᠵᠠᠯᠠᠭᠤ ᠡᠵᠢ ᠶᠢᠨ ᠠᠮᠢ ᠨᠠᠰᠤ ᠶᠢ ᠠᠪᠤᠷᠠᠵᠤ᠂ ᠲᠤᠬᠠᠶ ᠶᠢᠨ ᠭᠠᠵᠠᠷ ᠤᠨ | ᠡᠮᠡᠭᠲᠡᠶᠢᠴᠦᠳ ᠤᠨ ᠰᠡᠳᠬᠢᠯ ᠳᠠᠬᠢ ︽ᠠᠭᠤᠤ ᠬᠦᠮᠦᠨ︾ ᠪᠣᠯᠵᠤ᠂ ᠣᠯᠠᠨ ᠲᠦᠮᠡᠨ ᠤ ᠴᠢᠩ ᠰᠡᠳᠬᠢᠯ ᠤᠨ | ᠬᠠᠶᠢᠷ᠎ᠠ ᠬᠦᠨᠳᠦᠳᠬᠡᠯ ᠢ ᠣᠯᠪᠠ᠃ | ᠲᠦᠭᠦ᠋ᠢᠮᠠ ᠬᠠᠷᠠᠬᠠᠨ ᠪᠠᠭ᠎ᠠ ᠠᠴᠠ ᠪᠠᠨ ᠠᠪᠤ ᠡᠵᠢ ᠪᠠᠨ ᠠᠯᠲᠠᠵᠦ᠂ ᠡᠷ᠎ᠡ ᠨᠥᠬᠦᠷ ᠨᠢ ᠴᠤ ᠡᠷᠲᠡ ᠨᠠᠰᠤ ᠪᠠᠷᠠᠵᠦ᠂ | ᠦᠷ᠎ᠡ ᠬᠡᠦᠬᠡᠳ ᠲᠦᠷᠦᠵᠦ ᠪᠤᠶᠢᠵᠢᠭᠤᠯᠤᠭᠰᠠᠨ ᠦᠬᠡᠢ ᠠᠴᠠ ᠬᠥᠮᠦᠨ ᠤ ᠠᠮᠢᠳᠤᠷᠠᠯ ᠤᠨ ᠭᠠᠰᠢᠭᠤᠨ ᠵᠤᠪᠠᠯᠠᠩ ᠢ | ᠭᠠᠭᠴᠠᠭᠠᠷ ᠲᠤᠭᠤᠯᠵᠦ ᠢᠷᠡᠭᠰᠡᠨ ᠶᠤᠮ᠃ ᠭᠡᠪᠡᠴᠦ᠂ ᠶᠠᠭ ᠡᠳᠡᠭᠡᠷ ᠬᠠᠯᠠ ᠵᠣᠪᠠᠯᠠᠩ ᠨᠢ ᠲᠡᠭᠦᠨ ᠤ ᠡᠷᠡᠰ ᠬᠠᠲᠠᠭᠤ | ᠵᠠᠩ ᠴᠢᠨᠠᠷ ᠢ ᠪᠤᠢ ᠪᠤᠯᠭᠠᠭᠰᠠᠨ ᠨᠢ ᠲᠠᠮᠵᠢᠭ ᠦᠬᠡᠢ ᠠᠵᠠᠢ᠃ 1980 ᠣᠨ ᠳᠤ ᠵᠣᠯ ᠪᠤᠰᠤ ᠪᠠᠷ ᠡᠴᠢᠭᠡ | ᠡᠬᠡ ᠪᠠᠨ ᠠᠯᠳᠠᠵᠤ᠂ ᠥᠮᠥᠭ ᠲᠦᠰᠢᠭ ᠦᠭᠡᠢ ᠪᠤᠯᠤᠭᠰᠠᠨ 4 ᠨᠠᠰᠣᠳᠡᠢ ᠮᠦᠡᠭᠬᠡᠵᠠᠶᠠᠭᠠ ᠠᠬ᠎ᠠ ᠲᠡᠬᠦᠣ ᠦᠨᠦᠴᠢᠨ | ᠬᠤᠶᠠᠷ ᠢ ᠦᠵᠡᠭᠡᠳ᠂ ᠳᠦᠬᠦ᠋ᠢᠮᠠ ᠲᠠᠷᠡ ᠲᠠᠷᠤᠢ ᠳᠤᠨᠢ ᠬᠤᠶᠠᠷ ᠬᠡᠦᠬᠡᠳ ᠢ ᠥᠪᠡᠷ ᠤᠨ ᠭᠡᠷ ᠲᠡᠭᠡᠨ ᠠᠪᠴᠢᠷᠠᠵᠤ᠂ | ᠲᠡᠲᠡᠨᠡᠷ ᠲᠤ ᠡᠬᠡ ᠶᠢᠨ ᠬᠠᠶᠢᠷ᠎ᠠ ᠬᠠᠯᠠᠮᠵᠢ ᠪᠠ ᠬᠡᠷ ᠪᠦᠯᠢ ᠶᠢᠨ ᠬᠠᠯᠠᠭᠤᠨ ᠲᠤᠯᠠᠭᠠᠨ ᠢ ᠬᠦᠷᠲᠡᠭᠡᠪᠡ᠃ ᠲᠦᠭᠦ᠋ᠢᠮᠠ | ᠲᠡᠳᠡᠨ ᠢ ᠰᠤᠷᠭᠠᠭᠤᠯᠢ ᠳᠤ ᠰᠠᠭᠤᠯᠭᠠᠵᠤ᠂ ᠴᠡᠷᠢᠭ ᠲᠤ ᠣᠷᠣᠭᠤᠯᠤᠭᠰᠠᠨ ᠪᠥᠭᠡᠳ ᠪᠠᠰᠠ ᠠᠳᠠᠯ ᠠᠮᠢᠲᠤᠷᠠᠯ ᠢ ᠨᠢ | ᠬᠠᠪᠰᠤᠷᠤᠨ ᠪᠣᠰᠬᠠᠵᠤ ᠥᠭᠴᠡᠶ᠃ ᠬᠡᠴᠢᠨᠡᠨ ᠣᠯᠠᠨ ᠡᠳᠦᠷ ᠰᠥᠨᠢ ᠶᠢᠨ ᠡᠬᠡᠯᠵᠢᠨ ᠳᠤ᠂ ᠲᠡᠷᠡ ᠠᠭᠤᠤ ᠶᠡᠭᠡ | ᠡᠬᠡ ᠶᠢᠨ ᠬᠠᠶᠢᠷ᠎ᠠ ᠪᠠᠷ ᠥᠨᠥᠴᠢᠨ ᠬᠡᠤᠬᠡᠳ ᠤᠨ ᠰᠡᠳᠬᠢᠯ ᠵᠢᠷᠦᠬᠡ ᠶᠢ ᠨᠢ ᠲᠤᠯᠠᠭᠠᠯᠠᠵᠦ᠂ ᠲᠡᠳᠡᠨ ᠤ ᠤᠷᠤᠭᠰᠢ | ᠳᠠᠪᠰᠢᠨ ᠴᠢᠷᠮᠠᠶᠢᠨ ᠵᠢᠳᠭᠦᠭᠦ ᠡᠷᠴᠢ ᠵᠤᠷᠢᠭ ᠢ ᠬᠦᠪᠴᠢᠯᠡᠵᠤ ᠴᠢᠳᠠᠬᠰᠠᠨ ᠪᠠᠶᠢᠪᠠ᠃ | ᠤᠨ ᠵᠢᠯ ᠤᠨ ᠤᠯᠠᠷᠢᠯ ᠬᠤᠪᠢᠰᠤᠯ ᠲᠦᠬᠦ᠋ᠢᠮ᠎ᠡ ᠶᠢ ᠭᠤᠧᠠᠯᠢᠭ ᠰᠠᠶᠢᠬᠠᠨ ᠬᠡᠦᠬᠡᠨ ᠪᠠᠶᠢᠭᠰᠠᠨ ᠠᠴᠠ ᠪᠠᠨ | ᠬᠦᠭᠰᠢᠨ ᠪᠤᠭᠤᠷᠤᠯ ᠨᠠᠰᠤᠲᠠᠨ ᠪᠣᠯᠭᠠᠭᠰᠠᠨ ᠪᠠᠶᠢᠯ᠎ᠠ᠃ ᠭᠡᠪᠡᠴᠦ ᠲᠡᠭᠦᠨ ᠤ ᠬᠠᠶᠢᠷ᠎ᠠ ᠰᠡᠳᠬᠢᠯᠭᠡ ᠨᠢ ᠶᠡᠷᠦ | ᠬᠤᠪᠢᠷᠠᠭ᠎ᠠ ᠦᠭᠡᠢ᠂ ᠮᠥᠨ ᠯᠡ ᠲᠡᠳᠡᠭᠡᠷ ᠬᠠᠪᠰᠤᠷᠤᠯᠭ᠎ᠠ ᠲᠡᠳᠬᠦᠮᠵᠢ ᠴᠢᠬᠤᠯᠠᠲᠠᠶ ᠬᠥᠮᠦᠰ ᠢ ᠰᠡᠳᠬᠢᠯ ᠳᠡᠭᠡᠨ | ᠪᠤᠳᠤᠵᠤ᠂ ᠪᠦᠬᠦ ᠴᠢᠳᠠᠯ ᠢᠶᠠᠷ ᠢᠶᠠᠨ ᠬᠦᠴᠢᠷ ᠵᠣᠪᠠᠯᠠᠩ ᠢ ᠨᠢ ᠰᠢᠢᠳᠪᠦᠷᠢᠯᠡᠵᠤ ᠥᠭᠳᠡᠭ᠃ ᠬᠡᠳᠦ᠋ᠢᠪᠡᠷ ᠲᠡᠭᠦᠨ ᠤ | ᠠᠮᠢᠳᠤᠷᠠᠯ ᠨᠢ ᠪᠠᠶᠠᠨ ᠴᠢᠨᠡᠭᠡᠯᠢᠭ ᠪᠢᠰᠢ ᠪᠠᠶᠢᠭᠰᠠᠨ ᠴᠦ ᠤᠳᠠᠭᠠᠨ ᠵᠢᠯ ᠤᠨ ᠲᠤᠷᠰᠢ ᠶᠡᠷᠦ ᠨᠢ ᠴᠢᠰᠦ ᠮᠢᠬᠠᠨ ᠤ | ᠬᠠᠷᠢᠴᠠᠭ᠎ᠠ ᠦᠬᠡᠢ ᠭᠠᠴᠠᠭᠠᠨ ᠤ ᠪᠠᠨ ᠪᠠᠲᠤᠳᠤᠷᠵᠢ ᠨᠠᠰᠤᠲᠠᠨ᠂ ᠬᠤᠶᠠᠷ ᠵᠢᠯ ᠤᠨ ᠡᠮᠦᠨ᠎ᠡ ᠠᠲᠡᠯ ᠠᠴᠠ ᠪᠤᠯᠵᠦ | ᠲᠠᠮᠪᠠᠷᠠᠭᠰᠠᠨ ᠮᠠᠯᠴᠢᠨ ᠯᠠᠴᠢᠰᠡᠷᠡᠩ ᠢ ᠰᠠᠨᠠᠭᠠᠴᠢᠯᠠᠭ᠎ᠠ ᠠᠴᠠ ᠪᠠᠨ ᠠᠰᠠᠷᠠᠵᠦ ᠲᠤᠳᠤᠮᠳᠠᠵᠤ ᠶᠠᠪᠤᠯ᠎ᠠ ᠁ | ᠨᠠᠰᠤ ᠠᠬᠢᠭᠰᠠᠨ ᠠᠴᠠ ᠪᠤᠯᠵᠦ᠂ ᠲᠦᠭᠦ᠋ᠢᠮᠠ ᠨᠠᠰᠤᠲᠠᠨ ᠴᠠᠭᠠᠨ ᠬᠠᠷᠠᠩ ᠡᠪᠡᠳᠴᠢᠨ ᠳᠤ ᠬᠦᠨᠳᠦ | ᠨᠡᠷᠪᠡᠭᠳᠡᠬᠦ ᠪᠠᠷ ᠭᠠᠴᠠᠭᠠᠨ ᠤ ᠬᠢᠨ ᠬᠦᠮᠦᠰ ᠲᠡᠭᠦᠨ ᠢ ᠮᠡᠰᠡ ᠵᠠᠰᠠᠯ ᠬᠢ ᠭᠡᠵᠦ ᠢᠳᠬᠠᠬᠤ ᠳᠤ ᠲᠡᠷᠡ ᠬᠠᠷᠢᠨ᠄ ︽ | ᠨᠠᠰᠤ ᠠᠬᠢᠵᠠᠢ ᠬᠢᠬᠦ ᠴᠢᠬᠤᠯᠠ ᠦᠭᠡᠢ᠂ ᠠᠷᠪᠢᠯᠠᠭᠰᠠᠨ ᠵᠤᠭᠤᠰ ᠢᠶᠠᠷ ᠢᠶᠠᠨ ᠪᠠᠰᠠ ᠬᠡᠳᠦᠨ ᠶᠠᠳᠠᠭᠤ ᠬᠦᠴᠢᠷᠳᠡᠯᠲᠡᠢ | ᠰᠤᠷᠤᠭᠴᠢ ᠶᠢ ᠬᠠᠪᠰᠤᠷᠴᠤ ᠳᠡᠶᠢᠯᠦᠨ᠎ᠡ︕︾ ᠬᠡᠯᠡ᠃ ᠲᠡᠭᠦᠨ ᠤ ᠡᠷᠭᠦᠨ ᠲᠡᠵᠢᠭᠡᠵᠦ ᠥᠩᠭᠡᠷᠡᠭᠰᠡᠨ ᠦᠷ᠎ᠡ | ᠬᠡᠤᠬᠡᠳ ᠨᠢ ᠡᠵᠢ ᠶᠢᠨ ᠢᠶᠠᠨ ᠭᠠᠭᠴᠠᠭᠠᠷ ᠢᠶᠠᠨ ᠠᠮᠢᠳᠤᠷᠠᠵᠤ ᠪᠠᠶᠢᠭ᠎ᠠ ᠶᠢ ᠬᠠᠷᠠᠭᠠᠳ ᠬᠠᠵᠠᠭᠤ ᠳᠠᠭᠠᠨ ᠲᠤᠰᠤᠨ | ᠬᠤᠲᠠ ᠳᠤ ᠲᠠᠭᠠᠳᠠᠢ ᠠᠮᠢᠲᠤᠷᠠᠭᠤᠯᠬᠤ ᠶᠢ ᠵᠤᠷᠢᠭᠰᠠᠨ ᠪᠣᠯᠪᠠᠴᠦ ᠲᠦᠭᠦ᠋ᠢᠮᠡ ᠨᠠᠰᠤᠳᠠᠨ ᠤ ᠵᠦᠪᠰᠢᠶᠡᠷᠡᠯ ᠢ | ᠤᠯᠤᠭᠰᠠᠨ ᠦᠬᠡᠢ ᠠᠵᠠᠢ᠃ ᠲᠡᠷᠡ ᠶᠡᠷᠦ ᠠᠴᠠ ᠬᠠᠷᠢᠭᠤ ᠬᠦᠰᠡᠬᠦ ᠦᠭᠡᠢ᠂ ᠪᠤᠰᠤᠳ ᠲᠤ ᠶᠠᠷᠰᠢᠭ ᠲᠦᠪᠡᠭ ᠲᠠᠲᠠᠬᠤ | ᠳᠤᠷ᠎ᠠ ᠦᠭᠡᠢ᠂ ᠤᠲᠤᠬᠠᠨ ᠤ ᠪᠠᠨ ᠠᠵᠦ ᠠᠮᠢᠲᠤᠷᠠᠯ ᠳᠠᠭᠠᠨ ᠰᠡᠳᠬᠢᠯ ᠬᠠᠨᠤᠮᠵᠢᠲᠠᠢ ᠪᠠᠶᠢᠲᠠᠭ ᠪᠢᠯᠡ᠃ ᠲᠡᠭᠦᠨ ᠤ | ᠰᠠᠭᠤᠵᠦ ᠪᠠᠶᠢᠭ᠎ᠠ ᠪᠢᠴᠢᠬᠠᠨ ᠥᠷᠥᠭᠡᠨ ᠳᠤ ᠨᠢ ᠣᠯᠢᠭᠲᠠᠢ ᠬᠡᠲᠦᠨ ᠭᠡᠷ ᠤᠨ ᠬᠡᠷᠡᠭᠰᠡᠯ ᠪᠠᠶᠢᠬᠤ ᠦᠭᠡᠢ᠂ ᠵᠦᠪᠬᠡᠨ | ᠨᠢᠭᠡ ᠬᠠᠭᠤᠴᠢᠨ ᠮᠠᠶ᠋ᠢᠭ ᠤᠨ ᠳᠤᠷᠠᠨ ᠲᠡᠭᠦᠨ ᠳᠤ ᠯᠡ ᠬᠡᠳᠦᠨ ᠠᠷᠪᠠᠨ ᠵᠢᠯ ᠤᠨ ᠬᠠᠨᠢ ᠪᠣᠯᠵᠤ ᠪᠠᠶᠢᠯ᠎ᠠ᠂ ᠭᠡᠪᠠᠴᠦ | ᠨᠤᠲᠤᠭ ᠤᠨ ᠢᠶᠠᠨ ᠮᠠᠯᠴᠢᠨ ᠲᠦᠮᠡᠨ ᠢᠶᠠᠨ ᠬᠠᠪᠰᠤᠷᠬᠤ ᠶᠢᠨ ᠲᠥᠯᠥᠭᠡ ᠬᠡᠴᠢᠨᠠᠨ ᠵᠣᠭᠤᠰ ᠮᠦᠩᠬᠦ ᠴᠠᠬ | ᠬᠤᠭᠤᠴᠠᠭ᠎ᠠ ᠵᠠᠷᠤᠴᠠᠭᠤᠯᠤᠭᠰᠠᠨ ᠢᠶᠠᠨ ᠲᠡᠷᠡ ᠥᠪᠡᠷ ᠢᠶᠠᠨ ᠴᠦ ᠲᠣᠳᠣᠷᠬᠠᠶ ᠬᠡᠯᠡᠵᠦ ᠴᠢᠳᠠᠬᠤ ᠦᠭᠡᠢ ᠪᠠᠶᠢᠯ᠎ᠠ᠃ | ᠬᠡᠲᠦ᠋ᠢᠪᠡᠷ ᠲᠦᠬᠦ᠋ᠢᠮᠠ ᠨᠠᠰᠤᠲᠠᠨ ᠳᠤ ᠲᠡᠯᠡᠭᠡᠢ ᠲᠡᠬᠢᠨ ᠢ ᠲᠤᠩᠰᠤᠯᠭᠠᠭᠰᠠᠨ ᠭᠠᠶᠢᠬᠠᠮᠰᠢᠭᠲᠤ ᠠᠤᠭ᠎ᠠ ᠦᠢᠯᠡ | ᠠᠵᠢᠯᠯᠠᠭ᠎ᠠ ᠪᠠᠶᠢᠬᠤ ᠦᠭᠡᠢ ᠪᠤᠯᠪᠠᠴᠦ ᠲᠡᠭᠦᠨ ᠳᠤ ᠬᠠᠷᠢᠨ ᠡᠭᠡᠯ ᠵᠢᠷ ᠤᠨ ᠲᠤᠭ᠎ᠠ ᠲᠣᠮᠰᠢ ᠦᠭᠡᠢ ᠣᠯᠠᠨ ᠰᠠᠶᠢᠬᠠᠨ | ᠦᠯᠢᠭᠡᠷ ᠲᠠᠢ ᠪᠠᠶᠢᠳᠠᠭ᠂ ᠡᠳᠡᠭᠡᠷ ᠡᠭᠡᠯ ᠵᠢᠷ ᠤᠨ ᠦᠯᠢᠭᠡᠷ ᠨᠢ ᠲᠠᠯ᠎ᠠ ᠨᠤᠲᠤᠭ ᠤᠨ ᠡᠬᠡᠴᠦᠤᠯ ᠤᠨ ᠠᠭᠤᠳᠠᠮᠴᠢ | ᠰᠡᠳᠬᠢᠯ ᠪᠠ ᠬᠠᠶᠢᠷ᠎ᠠ ᠬᠠᠯᠠᠮᠵᠢ ᠶᠢ ᠤᠯᠠᠨ ᠨᠡᠶᠢᠲᠡ ᠳᠤ ᠳᠡᠯᠭᠡᠨ ᠦᠵᠡᠭᠦᠯᠵᠦ᠂ ᠬᠦᠲᠡᠭᠡ ᠨᠤᠲᠤᠭ ᠲᠤ | ᠴᠤᠤᠷᠢᠶᠠᠲᠤᠭᠤᠯᠤᠭᠰᠠᠨ ᠠᠴᠠ ᠨᠡᠶᠢᠭᠡᠮ ᠲᠦᠮᠡᠨ ᠤ ᠬᠦᠨᠳᠦᠳᠬᠡᠯ ᠪᠢᠰᠢᠷᠡᠯ ᠢ ᠣᠯᠤᠭᠰᠠᠨ ᠪᠢᠯᠡ︕ | ᠨᠠᠶᠢᠷᠠᠭᠤᠯᠤᠭᠴᠢ᠄ ᠡᠷᠳᠡᠨᠢᠳᠠᠯᠡᠢ | ᠵᠣᠬᠢᠶᠠᠭᠴᠢ᠄ ᠣᠷᠭᠤᠮᠠᠯ |