2020 ᠣᠨ ᠳᠤ ᠮᠠᠨ ᠤ ᠬᠤᠲᠠ ᠬᠠᠭᠤᠴᠢᠨ ᠣᠷᠣᠨ ᠰᠠᠭᠤᠴᠠ ᠶᠢᠨ ᠰᠠᠭᠤᠭᠠᠯᠢ | ᠲᠣᠭᠤᠷᠢᠭ ᠢ ᠵᠠᠰᠠᠨ ᠰᠢᠨᠡᠳᠭᠡᠬᠦ ᠲᠥᠪ ᠤᠨ 312 ᠲᠥᠷᠥᠯ ᠵᠦᠢᠯ ᠤᠨ ᠨᠥᠬᠦᠪᠥᠷᠢ ᠶᠢ | ᠭᠤᠶᠤᠴᠢᠯᠠᠪᠠ | | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠲᠠᠨᠢᠯᠴᠠᠭᠤᠯᠤᠬᠰᠠᠨ ᠢᠶᠠᠷ᠂ 2020 ᠣᠨ ᠳᠤ᠂ ᠮᠠᠨ ᠤ ᠬᠤᠲᠠ ᠬᠠᠭᠤᠴᠢᠨ ᠣᠷᠣᠨ ᠰᠠᠭᠤᠴᠠ ᠶᠢᠨ ᠰᠠᠭᠤᠭᠠᠯᠢ | ᠲᠣᠭᠤᠷᠢᠭ ᠢ ᠵᠠᠰᠠᠨ ᠰᠢᠨᠡᠳᠭᠡᠬᠦ ᠲᠥᠪ ᠠᠴᠠ ᠨᠥᠬᠦᠪᠥᠷᠢ ᠥᠭᠬᠦ 312 ᠲᠥᠷᠥᠯ ᠵᠦᠢᠯ ᠢ ᠭᠤᠶᠤᠴᠢᠯᠠᠨ | ᠮᠡᠳᠡᠭᠦᠯᠵᠦ᠂ 273 ᠲᠦᠮᠡᠨ ᠲᠡᠭᠰᠢ ᠲᠦᠷᠪᠡᠯᠵᠢᠨ ᠲᠠᠯᠠᠪᠠᠢ ᠲᠠᠢ᠂ 737 ᠰᠠᠭᠤᠷᠢ ᠠᠰᠠᠷ ᠤᠨ 30313 ᠡᠷᠦᠬᠡ | ᠰᠠᠭᠤᠭᠠᠯᠢ ᠠᠷᠠᠳ ᠲᠤ ᠬᠤᠯᠪᠣᠭᠳᠠᠵᠤ᠂ 12.9 ᠳ᠋ᠦᠩᠰᠢᠭᠤᠷ ᠲᠥᠭᠦᠷᠢᠭ ᠤᠨ ᠥᠭᠡᠷᠡᠴᠢᠯᠡᠨ ᠪᠠᠶᠢᠭᠤᠯᠬᠤ ᠪᠠᠯᠠ | ᠮᠥᠩᠭᠦ ᠭᠡᠷᠡᠭᠰᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠵᠢᠨᠢᠩ ᠲᠣᠭᠤᠷᠢᠭ ᠨᠢ ᠬᠤᠶᠠᠷ ᠪᠦᠯᠦᠭ ᠬᠤᠪᠢᠶᠠᠨ 47 ᠬᠠᠭᠤᠴᠢᠨ ᠣᠷᠣᠨ | ᠰᠠᠭᠤᠴᠠ ᠶᠢᠨ ᠰᠠᠭᠤᠭᠠᠯᠢ ᠲᠣᠭᠤᠷᠢᠭ ᠢ ᠥᠭᠡᠷᠡᠴᠢᠯᠡᠵᠦ᠂ ᠥᠭᠡᠷᠡᠴᠢᠯᠡᠭᠰᠡᠨ ᠲᠠᠯᠠᠪᠠᠢ ᠨᠢ 60.03 ᠲᠦᠮᠡᠨ ᠲᠡᠭᠰᠢ | ᠲᠦᠷᠪᠡᠯᠵᠢᠨ ᠮᠧᠲᠷ ᠲᠤ ᠬᠦᠷᠴᠦ᠂ 114 ᠰᠠᠭᠤᠷᠢ ᠠᠰᠠᠷ ᠤᠨ 5385 ᠰᠠᠭᠤᠭᠠᠯᠢ ᠠᠷᠠᠳ ᠲᠤ ᠠᠰᠢᠬ | ᠬᠦᠷᠳᠡᠭᠡᠵᠡᠢ᠃ ᠨᠢᠭᠡᠳᠦᠭᠡᠷ ᠪᠦᠯᠦᠭ ᠥᠭᠡᠷᠡᠴᠢᠯᠡᠨ ᠰᠢᠨᠡᠳᠬᠡᠬᠦ ᠢᠨᠵᠧᠨᠧᠷᠢᠩ ᠨᠡᠶᠢᠲᠡ 6 ᠬᠡᠰᠡᠭ ᠲᠣᠭᠤᠷᠢᠭ ᠤᠨ | 20 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ︵15 ᠬᠠᠭᠤᠴᠢᠨ ᠣᠷᠣᠨ ᠰᠠᠭᠤᠴᠠ ᠶᠢᠨ ᠲᠥᠷᠥᠯ ᠵᠦᠢᠯ᠂ | 5 ︽ᠭᠤᠷᠪᠠᠨ ᠬᠠᠩᠭᠠᠯᠭ᠎ᠠ ᠨᠢᠭᠡ ᠦᠢᠯᠡᠰ︾ ᠤᠨ ᠲᠥᠷᠥᠯ ᠵᠦᠢᠯ ᠪᠠᠭᠲᠠᠨ᠎ᠠ︶ ᠤᠨ ᠦᠬᠡᠷᠡᠴᠢᠯᠡᠬᠦ ᠪᠠᠷᠢᠯᠭ᠎ᠠ ᠶᠢ | ᠡᠬᠢᠯᠡᠭᠦᠯᠵᠦ᠂ ᠥᠭᠡᠷᠡᠴᠢᠯᠡᠨ ᠪᠠᠶᠢᠭᠤᠯᠤᠭᠰᠠᠨ ᠲᠠᠯᠠᠪᠠᠢ ᠨᠢ 37.6 ᠲᠦᠮᠡᠨ ᠲᠡᠭᠰᠢ ᠲᠦᠷᠪᠡᠯᠵᠢᠨ ᠮᠧᠲᠷ ᠲᠤ | ᠬᠦᠷᠴᠦ᠂ 101 ᠰᠠᠭᠤᠷᠢ ᠠᠰᠠᠷ ᠤᠨ 4706 ᠡᠷᠦᠬᠡ ᠰᠠᠭᠤᠭᠠᠯᠢ ᠠᠷᠠᠳ ᠠᠰᠢᠬ ᠬᠦᠷᠳᠡᠵᠦ᠂ 1.56 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ︵ᠨᠤᠷᠠᠭᠠᠵᠤ ᠨᠡᠭᠦᠯᠭᠡᠬᠦ ᠵᠠᠷᠤᠳᠠᠯ ᠪᠠᠭᠲᠠᠬᠤ | ᠥᠬᠡᠶ︶᠂ ᠨᠢᠭᠡᠨᠲᠡ 0.95 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠤᠶᠠᠳᠤᠭᠠᠷ | ᠪᠦᠯᠦᠭ ᠥᠭᠡᠷᠡᠴᠢᠯᠡᠨ ᠪᠠᠶᠢᠭᠤᠯᠬᠤ ᠢᠨᠵᠧᠨᠧᠷᠢᠩ ᠶᠠᠭ ᠰᠠᠶ᠋ᠢᠬᠠᠨ ᠪᠠᠷᠢᠯᠭ᠎ᠠ ᠶᠢᠨ ᠠᠵᠢᠯ ᠤᠨ ᠵᠠᠷ ᠳᠠᠭᠠᠭᠠᠴᠢᠯᠠᠬᠤ | ᠱᠠᠲᠤᠨ ᠳᠤ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠬᠠᠭᠤᠴᠢᠨ | ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠨᠥᠬᠦᠪᠥᠷᠢ ᠪᠠᠯᠠ | ᠮᠥᠩᠭᠦ ᠠᠴᠠ ᠨᠡᠶᠢᠲᠡ 10 ᠴᠠᠬᠢᠯᠭᠠᠨ ᠱᠠᠲᠤ 500 ᠲᠦᠮᠡᠨ ᠲᠥᠭᠦᠷᠢᠭ ᠭᠤᠶᠤᠴᠢᠯᠠᠵᠤ᠂ ᠣᠳᠣᠬᠠᠨ ᠳᠤ ᠬᠠᠶᠢᠨ | ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠢ ᠨᠢᠭᠡᠨᠲᠡ ᠳᠠᠭᠤᠰᠬᠠᠵᠤ᠂ ᠵᠢᠨᠢᠩ ᠲᠣᠭᠤᠷᠢᠭ ᠤᠨ ᠡᠳ᠋ ᠤᠨ ᠵᠠᠰᠠᠭ ᠤᠨ | ᠨᠡᠶᠢᠲᠡ ᠶᠢᠨ ᠪᠠᠶᠢᠷᠢ ᠵᠡᠷᠭᠡ ᠬᠤᠶᠠᠷ ᠰᠠᠭᠤᠭᠠᠯᠢ ᠲᠣᠭᠤᠷᠢᠭ ᠲᠤ 7 ᠴᠠᠬᠢᠯᠭᠠᠨ ᠱᠠᠲᠤ ᠨᠡᠮᠡᠵᠦ ᠤᠭᠰᠠᠷᠠᠬᠤ᠂ | ᠹᠧᠩᠵᠧᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠭᠠᠯᠢ ᠲᠣᠭᠤᠷᠢᠭ ᠲᠤ 3 ᠴᠠᠬᠢᠯᠭᠠᠨ ᠱᠠᠲᠤ ᠨᠡᠮᠡᠵᠦ | ᠤᠭᠰᠠᠷᠠᠬᠤ ᠪᠠᠷ ᠪᠠᠶᠢᠨ᠎ᠠ᠃ | ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠰᠢᠨᠡᠳᠭᠡᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠪᠠ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠳᠣᠳᠡᠭ᠌ᠳᠡᠯ ᠢ ᠨᠥᠬᠦᠪᠥᠷᠢᠯᠡᠵᠦ᠂ ᠬᠤᠲᠠ ᠶᠢᠨ ᠵᠠᠰᠠᠯᠳᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠠᠷᠠᠳ ᠤᠨ | ᠠᠮᠢᠳᠤᠷᠠᠯ ᠤᠨ ᠴᠢᠬᠤᠯᠠ ᠠᠷᠭ᠎ᠠ ᠬᠡᠮᠵᠢᠶ᠎ᠡ ᠮᠥᠨ᠃ ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠢᠨᠢᠩ ᠲᠣᠭᠤᠷᠢᠭ ᠢ 2019 ᠤᠨ ᠤ ᠪᠦᠬᠦ ᠬᠤᠲᠠ ᠶᠢᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠤᠷᠰᠢᠯᠲᠠ ᠶᠢᠨ ᠴᠢᠭ ᠤᠨ ᠭᠠᠵᠠᠷ ᠣᠷᠣᠨ ᠢᠶᠠᠷ ᠲᠣᠭᠲᠠᠭᠠᠵᠤ᠂ | ᠲᠡᠷᠡᠴᠢᠯᠡᠨ ᠪᠡᠯᠡ ᠮᠥᠩᠭᠦ ᠶᠢᠨ ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠵᠡᠶ ︵ᠬᠤᠲᠠ ᠶᠢᠨ ᠡᠳ᠋ ᠤᠨ | ᠵᠠᠰᠠᠭ ᠠᠴᠠ 1 ᠳ᠋ᠦᠩᠰᠢᠭᠤᠷ ᠲᠥᠭᠦᠷᠢᠭ ᠤᠨ ᠲᠤᠰᠬᠠᠢ ᠲᠥᠷᠥᠯ ᠤᠨ ᠵᠠᠰᠠᠨ ᠰᠢᠨᠡᠳᠭᠡᠬᠦ ᠪᠡᠯᠡ ᠮᠥᠩᠭᠦ᠂ | ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠰᠢᠨᠡᠳᠭᠡᠬᠦ ᠲᠥᠪ ᠤᠨ ᠨᠥᠬᠦᠪᠥᠷᠢ ᠶᠢᠨ ᠪᠡᠯᠡ ᠮᠥᠩᠭᠦ 1.1086 | ᠳ᠋ᠦᠩᠰᠢᠭᠤᠷ ᠲᠥᠭᠦᠷᠢᠭ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠵᠤ ᠥᠭᠡᠷᠡᠴᠢᠯᠡᠬᠦ ᠪᠡᠯᠡ ᠮᠥᠩᠭᠦ 0. | 2469 ᠳ᠋ᠦᠩᠰᠢᠭᠤᠷ ᠲᠥᠭᠦᠷᠢᠭ᠂ ︽ᠭᠤᠷᠪᠠᠨ ᠬᠠᠩᠭᠠᠯᠭ᠎ᠠ ᠨᠢᠭᠡ ᠦᠢᠯᠡᠰ︾ ᠢ ᠥᠭᠡᠷᠡᠴᠢᠯᠡᠬᠦ ᠪᠡᠯᠡ ᠮᠥᠩᠭᠦ 1. | 0872 ᠳ᠋ᠦᠩᠰᠢᠭᠤᠷ ᠲᠥᠭᠦᠷᠢᠭ᠂ ᠵᠠᠰᠠᠨ ᠥᠭᠡᠷᠡᠴᠢᠯᠡᠬᠦ ᠪᠡᠯᠡ ᠮᠥᠩᠭᠦ ᠨᠡᠶᠢᠲᠡ 3.4427 ᠳ᠋ᠦᠩᠰᠢᠭᠤᠷ | ᠲᠥᠭᠦᠷᠢᠭ ᠢ ᠡᠮᠬᠢᠯᠡᠨ ᠨᠡᠶᠢᠯᠡᠭᠦᠯᠪᠡ︶᠃ ᠣᠳᠣᠬᠠᠨ ᠳᠤ ᠲᠦᠷᠦᠭᠦᠤ ᠪᠦᠯᠦᠭ ᠥᠭᠡᠷᠡᠴᠢᠯᠡᠬᠦ ᠪᠠᠷᠢᠯᠭ᠎ᠠ | ᠰᠢᠪᠲᠤᠷᠠᠭᠠᠨ ᠳᠠᠭᠠᠨ ᠤᠷᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠬᠤᠲᠠ ᠶᠢᠨ ᠬᠢᠨ ᠵᠢᠨᠢᠩ ᠲᠣᠭᠤᠷᠢᠭ ᠤᠨ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠭᠰᠠᠨ ᠲᠤᠷᠰᠢᠯᠭ᠎ᠠ ᠪᠠᠷ ᠲᠣᠯᠢ ᠪᠣᠯᠭᠠᠵᠤ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯᠤᠨ᠎ᠠ᠃ ᠲᠣᠰ ᠲᠣᠪᠴᠢᠶ᠎ᠠ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠰᠠᠨ ᠠᠷᠭ᠎ᠠ ᠠᠪᠴᠢᠯ᠂ ᠳᠡᠯᠭᠡᠷᠡᠭᠦᠯᠵᠦ ᠪᠣᠯᠬᠤ | ᠲᠡᠷᠢᠭᠦᠨ ᠤ ᠲᠤᠷᠰᠢᠯᠭ᠎ᠠ ᠶᠢ ᠤᠯᠠᠮ ᠨᠢᠭᠡ ᠠᠯᠬᠤᠮ ᠳ᠋ᠦᠩᠨᠡᠵᠦ᠂ ᠪᠦᠬᠦ ᠬᠤᠲᠠ ᠶᠢᠨ ᠬᠠᠭᠤᠴᠢᠨ ᠰᠠᠭᠤᠭᠠᠯᠢ | ᠲᠣᠭᠤᠷᠢᠬ ᠢ ᠥᠭᠡᠷᠡᠴᠢᠯᠡᠨ ᠪᠠᠶᠢᠭᠤᠯᠬᠤ ᠬᠡᠷᠡᠭᠵᠢᠭᠦᠯᠬᠦ ᠲᠥᠰᠦᠯ ᠪᠠ ᠲᠥᠷᠥᠯ ᠵᠦᠢᠯ ᠬᠤᠪᠢᠶᠠᠭᠰᠠᠨ | ᠢᠨᠵᠧᠨᠧᠷᠢᠩ ᠢ ᠥᠭᠡᠷᠡᠴᠢᠯᠡᠨ ᠪᠠᠶᠢᠭᠤᠯᠬᠤ ᠮᠡᠷᠭᠡᠵᠢᠯ ᠤᠨ ᠵᠢᠯᠣᠭᠤᠳᠬᠤ ᠳᠦᠷᠢᠮ ᠢ ᠨᠡᠶᠢᠲᠡᠯᠡᠵᠦ᠂ ︽ᠦᠨᠳᠦᠰᠦᠨ | ᠲᠥᠷᠥᠯ ᠵᠦᠢᠯ︾ ᠢ ᠥᠭᠡᠷᠡᠴᠢᠯᠡᠨ ᠪᠠᠶᠢᠭᠤᠯᠬᠤ ᠠᠭᠤᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠨᠡᠶᠢᠭᠡᠮ ᠤᠨ | ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠠᠢ | ᠢᠳᠡᠪᠬᠢᠲᠡᠢ ᠵᠣᠯᠭᠠᠭᠤᠯᠵᠤ᠂ ᠨᠢᠭᠡ ᠪᠦᠯᠦᠭ ︽ᠳᠡᠭᠡᠭᠰᠢᠯᠡᠭᠦᠯᠬᠦ ᠲᠥᠷᠥᠯ ᠵᠦᠢᠯ︾ ᠤᠨ ᠲᠥᠬᠦᠭᠡᠷᠦᠮᠵᠢ ᠶᠢ | ᠪᠠᠶᠢᠭᠤᠯᠤᠨ᠎ᠠ᠃ ᠡᠭᠦᠨ ᠤ ᠬᠠᠮᠲᠤ᠂ ᠲᠣᠰ ᠲᠣᠪᠴᠢᠶ᠎ᠠ ᠨᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠤᠯᠤᠰ ᠤᠨ ᠥᠭᠡᠷᠡᠴᠢᠯᠡᠯᠲᠡ ᠶᠢᠨ ᠪᠠᠯᠠ | ᠮᠥᠩᠭᠦ ᠶᠢ ᠢᠳᠡᠪᠬᠢᠲᠡᠢ ᠭᠤᠶᠤᠴᠢᠯᠠᠨ ᠣᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠠᠵᠢᠯ ᠤᠨ ᠵᠢᠯᠣᠭᠤᠳᠣᠯᠭ᠎ᠠ ᠬᠠᠪᠰᠤᠷᠤᠯᠭ᠎ᠠ ᠶᠢ ᠴᠢᠩᠭᠠᠳᠬᠠᠵᠤ᠂ ︽ᠬᠠᠮᠲᠤ ᠪᠠᠷ ᠴᠣᠭᠴᠠᠯᠠᠨ ᠪᠠᠶᠢᠭᠤᠯᠬᠤ᠂ | ᠠᠷᠠᠳ ᠤᠨ ᠰᠠᠨᠠᠭ᠎ᠠ ᠶᠢ ᠬᠦᠨᠳᠦᠳᠬᠡᠬᠦ᠂ ᠥᠩᠭᠡᠨ ᠲᠠᠯ᠎ᠠ ᠶᠢ ᠬᠠᠮᠲᠤ ᠳᠤᠨᠢ ᠬᠠᠷᠠᠭᠠᠯᠵᠠᠬᠤ᠂ ᠥᠪᠡᠰᠦᠪᠡᠨ | ᠰᠢᠢᠳᠪᠦᠷᠢᠯᠡᠬᠦ︾ ᠵᠠᠷᠴᠢᠮ ᠶᠣᠰᠣᠭᠠᠷ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠪᠥᠬᠦ | ᠬᠦᠴᠦᠨ ᠢᠶᠠᠷ ᠲᠦᠯᠬᠢᠨ ᠠᠬᠢᠭᠤᠯᠵᠤ᠂ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠪᠡ᠃ | ᠵᠣᠬᠢᠶᠠᠭᠴᠢ᠄ ᠸᠠᠩ ᠴᠢᠤᠸᠠᠨ |