ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2019-11-28
 ᠭᠤᠤᠯ ᠰᠡᠳᠦᠪ᠄  ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠪᠡ ᠴᠠᠭ᠄    2019 ᠣᠨ ᠤ 11 ᠰᠠᠷ᠎ᠠ ᠶᠢᠨ 19 ᠤ ᠡᠳᠦᠷ ᠤᠨ 10 ᠴᠠᠭ ᠡᠷᠬᠢᠮ᠄    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠰᠢᠦᠢ ᠵᠢᠶᠠᠨ ᠬᠤᠸᠠᠲᠣᠪᠴᠢᠯᠡᠯ᠄    ᠨᠠᠮ ᠤᠨ ᠵᠣᠷᠢᠯᠲᠠ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠠᠪᠤᠳᠠᠯ ᠮᠥᠨ᠂ ᠭᠡᠬᠦ ᠳᠡᠭᠡᠨ ᠦᠨᠡᠨᠴᠢ ᠰᠢᠳᠤᠷᠭᠤ ᠪᠠᠷ ᠦᠢᠯᠡᠴᠢᠯᠡᠬᠦ ᠪᠣᠯ ᠠᠵᠢᠯᠴᠢᠨ ᠤ ᠡᠪᠯᠡᠯ ᠤᠨ ᠠᠯᠢᠪᠠ ᠠᠵᠢᠯ ᠤᠨ ᠡᠭᠦᠰᠦᠯᠲᠡ ᠪᠠ ᠲᠡᠭᠦᠰᠦᠯᠲᠡ ᠮᠥᠨ᠃ ᠠᠵᠢᠯᠴᠢᠨ ᠤ ᠡᠪᠯᠡᠯ ᠤᠨ ᠺᠠᠳ᠋ᠷᠴᠤᠳ ᠰᠢᠨ᠎ᠡ ᠪᠠᠶᠢᠳᠡᠯ‌‍ᠤᠨ ᠳᠣᠤᠷᠠᠬᠢ ᠣᠯᠠᠨ ᠲᠦᠮᠡᠨ ᠤ ᠠᠵᠢᠯ ᠤᠨ ᠰᠢᠨ᠎ᠡ ᠣᠨᠴᠠᠯᠢᠭ᠂ ᠰᠢᠨ᠎ᠡ ᠱᠠᠭᠠᠷᠳᠠᠯᠭ᠎ᠠ ᠳᠤ ᠢᠳᠡᠪᠬᠢᠲᠡᠶ ᠪᠠᠷ ᠵᠣᠬᠢᠴᠠᠵᠤ᠂ ᠠᠵᠢᠯᠲᠠᠨ ᠠᠵᠢᠯᠴᠢᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠲᠡᠭᠡᠯ ᠪᠠ ᠳᠡᠮᠵᠢᠯᠭᠡ ᠶᠢ ᠣᠯᠵᠤ᠂ ᠠᠵᠢᠯᠴᠢᠨ ᠤ ᠡᠪᠯᠡᠯ ᠤᠨ ᠠᠵᠢᠯ ᠤᠨ ᠲᠥᠷᠥᠭᠳᠡᠯ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠰᠢᠦᠢ ᠵᠢᠶᠠᠨ ᠬᠤᠸᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠡᠪᠯᠡᠯ ᠤᠨ 2019 ᠣᠨ ᠤ ᠠᠵᠢᠯ ᠤᠨ ᠭᠢᠯᠠᠰ ᠴᠡᠭ ᠪᠠ ᠨᠡᠶᠢᠲᠡᠯᠢᠭ ᠠᠷᠭ᠎ᠠ ᠬᠢᠳᠡᠯ ᠤᠨ ᠲᠤᠬᠠᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃     ᠬᠥᠲᠥᠯᠥᠭᠴᠢ᠄ ᠨᠠᠮ ᠤᠨ ᠵᠣᠷᠢᠯᠲᠠ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠦᠨᠡᠨᠴᠢ ᠰᠢᠳᠤᠷᠭᠤ ᠪᠠᠷ ᠦᠢᠯᠡᠴᠢᠯᠡᠬᠦ ᠶᠠᠪᠤᠳᠠᠯ ᠮᠥᠨ᠂ ᠠᠵᠢᠯᠴᠢᠨ ᠤ ᠡᠪᠯᠡᠯ ᠤᠨ ᠠᠯᠢᠪᠠ ᠠᠵᠢᠯ ᠤᠨ ᠡᠭᠦᠰᠦᠯᠲᠡ ᠪᠠ ᠲᠡᠭᠦᠰᠦᠯᠲᠡ ᠮᠥᠨ᠃ ᠠᠵᠢᠯᠴᠢᠨ ᠤ ᠡᠪᠯᠡᠯ ᠤᠨ ᠺᠠᠳ᠋ᠷᠴᠤᠳ ᠰᠢᠨ᠎ᠡ ᠪᠠᠶᠢᠳᠡᠯ ᠤᠨ ᠳᠣᠤᠷᠠᠬᠢ ᠣᠯᠠᠨ ᠲᠦᠮᠡᠨ ᠤ ᠠᠵᠢᠯ ᠤᠨ ᠰᠢᠨ᠎ᠡ ᠣᠨᠴᠠᠯᠢᠭ᠂ ᠰᠢᠨ᠎ᠡ ᠱᠠᠭᠠᠷᠳᠠᠯᠭ᠎ᠠ ᠳᠤ ᠢᠳᠡᠪᠬᠢᠲᠡᠶ ᠪᠠᠷ ᠵᠣᠬᠢᠴᠠᠵᠤ᠂ ᠠᠵᠢᠯᠲᠠᠨ ᠠᠵᠢᠯᠴᠢᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠲᠡᠭᠡᠯ ᠪᠠ ᠳᠡᠮᠵᠢᠯᠭᠡ ᠶᠢ ᠣᠯᠵᠤ᠂ ᠠᠵᠢᠯᠴᠢᠨ ᠤ ᠡᠪᠯᠡᠯ ᠤᠨ ᠠᠵᠢᠯ ᠤᠨ ᠲᠥᠷᠥᠭᠳᠡᠯ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠶ᠃ ᠥᠨᠥᠳᠥᠷ ᠪᠢᠳᠡᠨ ᠤ ᠤᠷᠢᠭᠰᠠᠨ ᠵᠣᠴᠢᠨ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠰᠢᠤᠢ ᠵᠢᠶᠠᠨ ᠬᠤᠸᠠ ᠪᠣᠯᠤᠨ᠎ᠠ᠂ ᠪᠢᠳᠡ ᠳᠡᠳ᠋ ᠲᠡᠷᠢᠭᠦᠯᠡᠭᠴᠢ ᠠᠴᠠ ᠮᠠᠨ ᠤ ᠬᠤᠰᠢᠭᠤᠨ ᠤ ᠠᠵᠢᠯᠴᠢᠨ ᠤ ᠡᠪᠯᠡᠯ ᠤᠨ 2019 ᠣᠨ ᠤ ᠠᠵᠢᠯ ᠤᠨ ᠭᠢᠯᠠᠰ ᠴᠡᠭ ᠪᠠ ᠨᠡᠶᠢᠲᠡᠯᠢᠭ ᠠᠷᠭ᠎ᠠ ᠪᠠᠷᠢᠯ ᠢ ᠲᠠᠨᠢᠯᠴᠠᠭᠤᠯᠤᠭᠠᠳ ᠥᠭᠭᠦᠨ᠎ᠡ᠃    ᠳᠡᠳ᠋ ᠲᠡᠷᠢᠭᠦᠯᠡᠭᠴᠢ᠄ ᠰᠦᠯᠵᠢᠶᠡᠨ ᠤ ᠠᠨᠳᠠ ᠨᠠᠷ᠂ ᠬᠥᠲᠥᠯᠥᠭᠴᠢ ᠰᠠᠶᠢᠨ ᠪᠠᠶᠢᠵᠠᠭᠠᠨ᠎ᠠ ᠤᠤ︕ ᠲᠠ ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠲᠤᠩ ᠪᠠᠶᠠᠷᠯᠠᠵᠤ  ᠪᠠᠶᠢᠨ᠎ᠠ᠂ ᠵᠠᠰᠠᠭ ᠤᠨ ᠣᠷᠳᠣᠨ ᠤ ᠰᠦᠯᠵᠢᠶ᠎ᠡ ᠪᠢᠳᠡᠨ ᠳᠤ ᠣᠯᠳᠠᠬᠤᠶ᠎ᠠ ᠪᠡᠷᠬᠡ ᠰᠣᠯᠢᠯᠴᠠᠭᠠᠨ ᠤ ᠲᠠᠪᠴᠠᠩ ᠬᠠᠩᠭᠠᠭᠰᠠᠨ ᠳᠤ ᠲᠤᠩ ᠲᠠᠯᠠᠷᠬᠠᠵᠤ ᠪᠠᠶᠢᠨ᠎ᠠ᠂ ᠮᠥᠨ ᠴᠦ ᠰᠦᠯᠵᠢᠶᠡᠨ ᠤ ᠠᠨᠳᠠ ᠨᠠᠷ ᠤᠨ ᠮᠠᠨ ᠤ ᠠᠵᠢᠯᠴᠢᠨ ᠤ ᠡᠪᠯᠡᠯ ᠤᠨ ᠠᠵᠢᠯ ᠢ ᠢᠮᠠᠭᠲᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠤᠩ ᠲᠠᠯᠠᠷᠬᠠᠵᠤ ᠪᠠᠶᠢᠨ᠎ᠠ︕ ᠣᠳᠣ ᠪᠢ ᠠᠵᠢᠯᠴᠢᠨ ᠤ ᠡᠪᠯᠡᠯ ᠤᠨ ᠠᠵᠢᠯ ᠶᠢᠨ 2019 ᠣᠨ ᠤ ᠠᠵᠢᠯ ᠶᠢᠨ ᠠᠮᠵᠢᠯᠲᠠ ᠶᠢᠨ ᠲᠤᠬᠠᠶ ᠳᠣᠤᠷᠠᠬᠢ ᠮᠡᠲᠦ ᠲᠠᠨᠢᠯᠴᠠᠭᠤᠯᠤᠶ᠎ᠠ᠄   ᠨᠢᠭᠡ᠂ 2019 ᠣᠨ ᠳᠤ ᠡᠯᠪᠡᠭ ᠪᠠᠶᠠᠯᠢᠭ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠢᠯᠲᠠᠨ ᠠᠵᠢᠯᠴᠢᠨ ᠤ ᠡᠩᠨᠡᠭᠡ ᠶᠢᠨ ᠪᠦᠬᠦ ᠲᠠᠯ᠎ᠠ ᠪᠠᠷ ᠬᠥᠭᠵᠢᠬᠦ ᠶᠢ ᠪᠠᠲᠤᠯᠠᠨ᠎ᠠ᠃   ᠪᠦᠬᠦ ᠬᠤᠰᠢᠭᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠵᠤ᠂ ︽ᠠᠶᠤᠯᠭᠦᠢ ᠦᠢᠯᠡᠳᠪᠦᠷᠢᠯᠡᠯ᠂ ᠨᠠᠷᠢᠯᠢᠭ ᠣᠨᠣᠪᠴᠢᠲᠠᠢ ᠦᠢᠯᠡᠴᠢᠯᠡᠭᠡ︾ ᠪᠠᠷ ᠭᠤᠣᠯ ᠠᠭᠤᠯᠭ᠎ᠠ ᠪᠣᠯᠭᠠᠭᠰᠠᠨ ᠬᠥᠳᠡᠯᠮᠦᠷᠢ ᠶᠢᠨ ᠤᠷᠤᠯᠳᠤᠭᠠᠨ ᠥᠷᠨᠢᠭᠦᠯᠵᠦ᠂ ᠨᠠᠷᠢᠯᠢᠭ ᠣᠨᠣᠪᠴᠢᠲᠠᠢ ᠬᠠᠪᠰᠤᠷᠤᠨ ᠲᠡᠳᠬᠦᠬᠦ᠂ ᠨᠠᠷᠢᠯᠢᠭ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠲᠥᠷᠥᠯ ᠵᠦᠢᠯ ᠢ ᠬᠤᠰᠢᠭᠤ ᠭᠤᠣᠯᠳᠠᠯᠭ᠎ᠠ ᠲᠠᠢ ᠢᠨᠵᠧᠨᠧᠷᠢᠩ ᠤᠨ ᠬᠥᠳᠡᠯᠮᠦᠷᠢ ᠶᠢᠨ ᠤᠷᠤᠯᠳᠤᠭᠠᠨ ᠳᠤ ᠣᠷᠣᠯᠴᠠᠭᠤᠯᠵᠤ᠂ ᠴᠠᠬᠢᠯᠭᠠᠨ ᠬᠦᠴᠦᠨ ᠤ ᠺᠣᠮᠫᠠᠨᠢ᠂ ᠮᠧᠩ ᠸᠧᠶ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠠᠵᠢᠯᠴᠢᠨ ᠤ ᠡᠪᠯᠡᠯ ᠲᠠᠢ ᠬᠠᠮᠵᠢᠯᠴᠠᠵᠤ᠂ ᠲᠤᠰ ᠨᠢᠭᠡᠴᠢ ᠶᠢᠨ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠲᠣᠬᠤᠨᠢᠭᠤᠯᠬᠤ᠂ ᠠᠵᠢᠯᠴᠢᠨ ᠬᠡᠷᠡᠭᠯᠡᠬᠦ ᠪᠠᠶᠢᠴᠠᠭᠠᠯᠲᠠ ᠬᠢᠬᠦ᠂ ᠮᠡᠷᠭᠡᠵᠢᠯ ᠤᠨ ᠴᠢᠳᠠᠪᠤᠷᠢ ᠶᠢᠨ ᠮᠥᠷᠦ᠋ᠢᠴᠡᠭᠡᠨ ᠬᠢᠬᠦ᠂ ᠠᠵᠢᠯᠯᠠᠭᠤᠯᠬᠤ ᠪᠣᠯᠪᠠᠰᠤᠷᠠᠭᠤᠯᠤᠯ ᠬᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠦᠶ ᠵᠣᠬᠢᠰᠲᠠᠶ ᠪᠣᠯᠭᠠᠬᠤ ᠰᠠᠨᠠᠭᠤᠯᠭ᠎ᠠ ᠭᠠᠷᠭᠠᠬᠤ᠂ ᠠᠶᠤᠯ ᠦᠭᠡᠢ ᠦᠢᠯᠡᠳᠪᠣᠷᠢᠯᠡᠯ ᠤᠨ ᠮᠢᠨᠦ ᠰᠡᠳᠬᠢᠯ ᠳᠤ ᠪᠠᠶᠢᠬᠤ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠥᠳᠡᠯᠮᠦᠷᠢ ᠶᠢᠨ ᠤᠷᠤᠯᠳᠤᠭᠠᠨ ᠤ ᠠᠭᠤᠯᠭ᠎ᠠ ᠶᠢ ᠪᠠᠭᠲᠠᠭᠠᠬᠤ ᠬᠡᠷᠡᠭᠲᠡᠶ᠃   ᠬᠤᠶᠠᠷ᠂ ᠰᠤᠷᠤᠯᠴᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃   ᠨᠢᠭᠡ ᠳᠤ᠂ ᠠᠵᠢᠯᠲᠠᠨ ᠠᠵᠢᠯᠴᠢᠨ ᠤ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠵᠢᠯᠲᠠᠨ ᠠᠵᠢᠯᠴᠢᠨ ᠤ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠦᠨ᠎ᠡ᠃ ᠡᠨᠡ ᠵᠢᠯ ᠤᠨ ᠨᠢᠭᠡᠳᠦᠭᠡᠷ ᠰᠠᠷ᠎ᠠ ᠳᠤ᠂ ᠮᠠᠨ ᠤ ᠬᠤᠰᠢᠭᠤᠨ ᠤ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠣᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ᠂ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠥᠬᠦ ᠤᠯᠤᠰ ᠤᠨ ︽ᠠᠵᠢᠯᠲᠠᠨ ᠠᠵᠢᠯᠴᠢᠨ ᠤ ᠨᠣᠮ ᠤᠨ ᠥᠷᠥᠭᠡ︾ ᠶᠢᠨ ᠢᠷᠠᠭᠤ ᠠᠯᠳᠠᠷ ᠢ ᠬᠦᠷᠲᠡᠪᠡ᠃ ᠬᠤᠶᠠᠷ ᠲᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠲᠠᠢ ᠬᠠᠮᠲᠤ ᠠᠵᠢᠯᠲᠠᠨ ᠠᠵᠢᠯᠴᠢᠨ ᠤ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠤᠷᠤᠯᠳᠤᠭᠠᠨ ᠢ ᠡᠷᠬᠢᠯᠡᠵᠦ᠂ ᠠᠵᠢᠯᠲᠠᠨ ᠠᠵᠢᠯᠴᠢᠨ ᠤ ᠤᠷᠠᠨ ᠪᠢᠴᠢᠯᠭᠡ ᠶᠢᠨ 150 ᠭᠠᠷᠤᠶ ᠪᠦᠲᠦᠭᠡᠯ ᠬᠦᠯᠢᠶᠡᠨ ᠠᠪᠴᠤ᠂ ᠲᠤᠰᠬᠠᠶ ᠮᠡᠷᠭᠡᠵᠢᠯ ᠤᠨ ᠬᠥᠮᠦᠰ ᠤᠨ ᠰᠢᠯᠭᠠᠷᠠᠭᠤᠯᠤᠯᠲᠠ ᠪᠠᠷ ᠳᠠᠮᠵᠢᠨ 83 ᠪᠦᠲᠦᠭᠡᠯ ᠣᠯᠪᠠ᠃ 43 ᠭᠡᠷᠡᠯ ᠵᠢᠷᠤᠭ ᠤᠨ ᠪᠦᠲᠦᠭᠡᠯ᠂ 30 ᠪᠦᠲᠦᠭᠡᠯ᠂ ᠵᠢᠷᠤᠭ ᠤᠨ ᠪᠦᠲᠦᠭᠡᠯ 13 ᠬᠤᠪᠢ ᠣᠯᠵᠤ᠂ 8 ᠬᠤᠪᠢ ᠵᠢᠷᠤᠭ ᠤᠨ ᠪᠦᠲᠦᠭᠡᠯ ᠲᠠᠢ᠃ ᠭᠤᠷᠪᠠ ᠳᠤ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠡᠷᠬᠢᠯᠡᠭᠰᠡᠨ ᠠᠵᠢᠯᠲᠠᠨ ᠠᠵᠢᠯᠴᠢᠨ ᠤ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ ᠳᠤ ᠢᠳᠡᠪᠬᠢᠲᠡᠢ ᠣᠷᠣᠯᠴᠠᠵᠤ᠂ ᠮᠠᠨ ᠤ ᠬᠤᠰᠢᠭᠤᠨ ᠤ ᠠᠵᠢᠯᠴᠢᠨ ᠤ ᠡᠪᠯᠡᠯ ᠤᠨ ᠰᠣᠩᠭᠤᠨ ᠭᠠᠷᠭᠠᠭᠰᠠᠨ ᠦᠢᠯᠡᠳᠪᠣᠷᠢ ᠬᠤᠳᠠᠯᠳᠤᠭᠠᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠹᠧᠩ ᠰᠢᠶᠠᠩ ᠧᠨ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠤᠢ ᠬᠤᠩ ᠶᠢᠨ ᠠᠯᠲᠠᠨ ᠱᠠᠩᠨᠠᠯ ᠬᠦᠷᠲᠡᠵᠦ᠂ ᠮᠢᠩ ᠳ᠋ᠧ ᠪᠠᠭ᠎ᠠ ᠰᠤᠷᠭᠠᠭᠤᠯᠢ ᠶᠢᠨ ᠯᠢᠦᠶ ᠵᠢᠶᠦ᠋ᠨ ᠬᠤᠢ ᠮᠥᠩᠭᠦᠨ ᠱᠠᠩᠨᠠᠯ  ᠬᠦᠷᠳᠡᠵᠤ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠥᠭᠡ᠂ ᠪᠠᠶᠠᠨᠴᠠᠭᠠᠨ ᠪᠠᠯᠭᠠᠰᠤᠨ ᠤ ᠰᠠᠭᠤᠭᠠᠯᠢ ᠠᠷᠠᠳ ᠶᠠᠩ ᠰᠢᠤ ᠰᠧᠨ ᠬᠦᠷᠡᠯ ᠱᠠᠩᠨᠠᠯ ᠬᠦᠷᠲᠡᠪᠡ᠃    ᠭᠤᠷᠪᠠ᠂ ᠳᠥᠷᠪᠡᠨ ᠶᠡᠭᠡ ᠲᠥᠷᠥᠯ ᠲᠡᠮᠳᠡᠭ ᠤᠨ ︽ᠬᠠᠪᠤᠷ ᠠᠵᠢᠯ ᠤᠨ ᠪᠠᠶᠢᠷᠢ ᠬᠦᠷᠭᠡᠬᠦ᠂ ᠵᠤᠨ  ᠰᠡᠷᠢᠭᠦᠨ ᠬᠦᠷᠭᠡᠬᠦ᠂ ᠠᠯᠲᠠᠨ ᠨᠠᠮᠤᠷ ᠰᠤᠷᠤᠯᠭ᠎ᠠ ᠶᠢ ᠲᠡᠳᠬᠦᠬᠦ᠂ ᠡᠪᠦᠯ ᠬᠠᠶᠢᠷ᠎ᠠ ᠬᠠᠯᠠᠮᠵᠢ ᠬᠦᠷᠭᠡᠬᠦ︾ ᠠᠵᠢᠯ ᠢ ᠥᠷᠨᠢᠭᠦᠯᠬᠦ᠃    ᠡᠨᠡ ᠵᠢᠯ ᠪᠡᠭᠡᠵᠢᠩ ᠤᠨ ᠮᠧᠨ ᠳᠧᠦ ᠭᠸᠦ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠮᠠᠨ ᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠲᠣᠪᠴᠢᠶ᠎ᠠ᠂ ᠬᠤᠰᠢᠭᠤᠨ ᠤ ᠠᠵᠢᠯᠴᠢᠨ ᠤ ᠡᠪᠯᠡᠯ ᠬᠠᠮᠲᠤᠷᠠᠨ ︽ᠬᠠᠪᠤᠷ ᠰᠠᠯᠬᠢ ᠬᠦᠷᠭᠡᠨ᠂ ᠠᠵᠢᠯ ᠣᠯᠭᠤᠯᠲᠠ ᠶᠢ ᠠᠬᠢᠭᠤᠯᠬᠤ︾ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ᠂ ᠮᠠᠨ ᠤ ᠬᠤᠰᠢᠭᠤᠨ ᠤ ᠠᠵᠢᠯᠴᠢᠨ ᠤ ᠡᠪᠯᠡᠯ ᠬᠤᠷᠠᠯ ᠳᠡᠭᠡᠷ᠎ᠡ 1500 ᠭᠠᠷᠤᠶ ᠬᠤᠪᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠭᠠᠷ ᠳᠡᠪᠲᠡᠷ ᠲᠠᠷᠬᠠᠭᠠᠵᠤ᠂ ᠠᠵᠢᠯᠲᠠᠨ ᠡᠯᠰᠡᠬᠦ ᠬᠤᠷᠠᠯ ᠳᠡᠭᠡᠷ᠎ᠡ 40 ᠭᠠᠷᠤᠶ ᠠᠵᠤ ᠠᠬᠤᠶᠢᠯᠠᠯ ᠬᠠᠩᠭᠠᠵᠤ᠂ 1608 ᠠᠵᠢᠯ ᠤᠨ ᠪᠠᠶᠢᠷᠢ ᠬᠠᠩᠭᠠᠵᠤ᠂ ᠠᠵᠢᠯ ᠣᠯᠭᠤᠯᠲᠠ ᠶᠢᠨ 203 ᠬᠥᠮᠦᠨ ᠢ ᠠᠩᠬ᠎ᠠ ᠠᠯᠬᠤᠮ ᠲᠣᠭᠲᠠᠭᠠᠵᠠᠶ᠃    ᠡᠨᠡ ᠵᠢᠯ ᠤᠨ ︽ᠵᠤᠨ ᠰᠡᠷᠢᠭᠦᠨ ᠬᠦᠷᠭᠡᠬᠦ᠂ ᠠᠯᠲᠠᠨ ᠨᠠᠮᠤᠷ ᠰᠤᠷᠤᠯᠭ᠎ᠠ ᠶᠢ ᠲᠡᠳᠬᠦᠬᠦ᠂ ᠡᠪᠦᠯ ᠬᠠᠯᠠᠭᠤᠨ ᠳᠤᠯᠠᠭᠠᠨ ᠬᠦᠷᠭᠡᠬᠦ︾ ᠠᠵᠢᠯ ᠤᠳᠠᠯ ᠥᠬᠡᠶ ᠶᠠᠪᠤᠭᠳᠠᠵᠤ᠂ 2018 ᠣᠨ ᠳᠤ ᠡᠳᠡᠭᠡᠷ ᠠᠵᠢᠯ ᠮᠠᠰᠢ ᠰᠠᠶᠢᠨ ᠦᠨᠡᠯᠡᠯᠲᠡ ᠣᠯᠵᠠᠶ᠃    ᠬᠥᠲᠥᠯᠥᠭᠴᠢ᠄ 2019 ᠣᠨ ᠤ ᠠᠵᠢᠯᠴᠢᠨ ᠤ ᠡᠪᠯᠡᠯ ᠤᠨ ᠠᠵᠢᠯ ᠢ ᠣᠯᠠᠨ ᠢᠶᠠᠷ ᠢᠶᠠᠨ ᠣᠯᠵᠤ ᠬᠠᠷᠠᠵᠤ ᠪᠠᠶᠢᠨ᠎ᠠ᠂ ᠲᠡᠭᠡᠪᠡᠯ 2018 ᠣᠨ ᠳᠤ ︽ᠵᠣᠨ ᠤ ᠴᠠᠭ ᠰᠡᠷᠢᠭᠦᠨ ᠬᠦᠷᠭᠡᠨ᠂ ᠠᠯᠲᠠᠨ ᠨᠠᠮᠣᠷ ᠰᠤᠷᠤᠯᠭ᠎ᠠ ᠶᠢ ᠲᠡᠳᠬᠦᠬᠦ᠂ ᠡᠪᠦᠯ ᠬᠠᠶᠢᠷ᠎ᠠ ᠬᠠᠯᠠᠮᠵᠢ ᠬᠦᠷᠭᠡᠬᠦ︾ ᠠᠵᠢᠯ ᠢ ᠬᠡᠷᠬᠢᠨ ᠥᠷᠨᠢᠭᠦᠯᠦᠭᠰᠡᠨ ᠪᠣᠶ︖    ᠳᠡᠳ᠋ ᠲᠡᠷᠢᠭᠦᠯᠡᠭᠴᠢ᠄ 2018 ᠣᠨ ᠳᠤ ︽ᠵᠣᠨ ᠤ ᠴᠠᠭ ᠲᠤ ᠰᠡᠷᠢᠭᠦᠨ ᠬᠦᠷᠭᠡᠨ᠂ ᠨᠠᠮᠤᠷ ᠤᠨ ᠤᠯᠠᠷᠢᠯ ᠳᠤ ᠰᠤᠷᠤᠯᠭ᠎ᠠ ᠲᠡᠳᠬᠦᠬᠦ᠂ ᠡᠪᠦᠯ ᠤᠨ ᠤᠯᠠᠷᠢᠯ ᠳᠤ ᠬᠠᠯᠠᠭᠤᠨ ᠳᠤᠯᠠᠭᠠᠨ ᠬᠦᠷᠭᠡᠬᠦ︾ ᠠᠵᠢᠯ ᠭᠤᠤᠯᠳᠠᠭᠤ ᠳᠣᠤᠷᠠᠬᠢ ᠬᠤᠶᠠᠷ ᠵᠣᠶᠢᠯ ᠪᠣᠶ᠄    ᠨᠢᠭᠡ᠂ ︽ᠵᠤᠨ ᠰᠡᠷᠢᠭᠦᠨ ᠬᠦᠷᠭᠡᠬᠦ︾ ᠠᠵᠢᠯ ᠢ ᠥᠷᠨᠢᠭᠦᠯᠬᠦ᠃ ︽ᠵᠤᠨ ᠰᠡᠷᠢᠭᠦᠨ ᠬᠦᠷᠭᠡᠬᠦ︾ ᠠᠵᠢᠯ ᠨᠢ ᠬᠠᠮᠢᠶ᠎ᠠ ᠪᠦᠬᠦᠢ ᠠᠵᠤ ᠠᠬᠤᠶᠢᠯᠡᠯ ᠳᠤ ᠬᠦᠷᠴᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ ᠺᠣᠮᠫᠠᠨᠢ᠂ ᠪᠠᠶ ᠶᠠᠨ ᠬᠤ᠋ ᠬᠢᠮᠢ ᠶᠢᠨ ᠠᠵᠤ ᠦᠢᠯᠡᠳᠪᠣᠷᠢ ᠶᠢᠨ ᠬᠢᠵᠠᠭᠠᠷᠲᠤ ᠺᠣᠮᠫᠠᠨᠢ ᠠᠴᠠ ᠡᠮᠦᠨ᠎ᠡ ᠹᠷᠣᠨᠲ ᠲᠤ ᠪᠠᠶᠢᠭ᠎ᠠ ᠰᠡᠷᠢᠭᠦᠨ ᠤᠮᠳᠠᠭᠠᠨ᠂ ᠴᠠᠭᠠᠨ ᠰᠢᠬᠢᠷ᠂ ᠨᠣᠭᠤᠭᠠᠨ ᠪᠤᠷᠴᠠᠭ᠂ ᠷᠠᠰᠢᠶᠠᠨ ᠤᠰᠤ ᠵᠡᠷᠭᠡ ᠬᠠᠯᠠᠭᠤᠨ ᠠᠴᠠ ᠰᠡᠷᠭᠡᠶᠢᠯᠡᠬᠦ ᠪᠣᠳᠠᠰ ᠢ ᠬᠦᠷᠭᠡᠵᠦ᠂ ᠥᠨᠳᠥᠷ ᠬᠠᠯᠠᠭᠤᠨ ᠳᠤ ᠪᠠᠶᠢᠭ᠎ᠠ ᠬᠥᠳᠡᠯᠮᠦᠷᠢᠴᠢᠨ ᠳᠤ ᠰᠡᠷᠢᠭᠦᠴᠡᠭᠦᠯᠪᠡ᠃    ᠬᠤᠶᠠᠷ᠂ ︽ᠠᠯᠲᠠᠨ ᠨᠠᠮᠤᠷ ᠰᠤᠷᠤᠯᠭ᠎ᠠ ᠶᠢ ᠲᠡᠳᠬᠦᠬᠦ︾ ︽ᠡᠪᠦᠯ ᠬᠠᠶᠢᠷ᠎ᠠ ᠬᠠᠯᠠᠮᠵᠢ ᠬᠦᠷᠭᠡᠬᠦ︾ ᠠᠵᠢᠯ ᠢ ᠥᠷᠨᠢᠭᠦᠯᠬᠦ᠃ ︽ᠠᠯᠲᠠᠨ ᠨᠠᠮᠤᠷ ᠰᠤᠷᠤᠯᠭ᠎ᠠ ᠶᠢ ᠲᠡᠳᠬᠦᠬᠦ︾ ︽ᠡᠪᠦᠯ ᠬᠠᠶᠢᠷ᠎ᠠ ᠬᠠᠯᠠᠮᠵᠢ ᠬᠦᠷᠭᠡᠬᠦ︾ ᠠᠵᠢᠯ ᠨᠢ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠢᠳᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠳᠤ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ 2018  ᠣᠨ ᠤ ᠬᠦᠴᠢᠷᠳᠡᠯᠲᠡᠶ ᠠᠵᠢᠯᠲᠠᠨ ᠠᠵᠢᠯᠴᠢᠨ ᠤ ᠭᠡᠷ ᠪᠦᠯᠢ ᠶᠢᠨ ᠦᠷ᠎ᠡ ᠬᠡᠤᠬᠡᠳ ᠤᠨ ︿ᠠᠯᠲᠠᠨ ᠨᠠᠮᠤᠷ ᠰᠤᠷᠤᠯᠭ᠎ᠠ ᠲᠡᠳᠬᠦᠬᠦ﹀ ᠪᠠ ᠬᠦᠴᠢᠷᠳᠡᠯᠲᠡᠶ ᠠᠵᠢᠯᠲᠠᠨ ᠠᠵᠢᠯᠴᠢᠨ ᠤ ᠬᠦᠨᠳᠦ ᠡᠪᠡᠳᠴᠢᠨ ᠢ ᠠᠪᠤᠷᠠᠨ ᠲᠤᠰᠠᠯᠠᠬᠤ ᠭᠤᠶᠤᠴᠢᠯᠠᠯ ᠤᠨ ᠲᠤᠬᠠᠶ ᠮᠡᠳᠡᠭᠳᠡᠯ︾ ᠪᠠᠭᠤᠯᠭᠠᠵᠤ᠂10 ᠰᠠᠷ᠎ᠠ ᠳᠤ ᠪᠠᠰᠠ ᠬᠦᠨᠳᠦ ᠡᠪᠡᠳᠴᠢᠨ ᠢ ᠠᠪᠤᠷᠠᠨ ᠲᠤᠰᠠᠯᠠᠬᠤ ᠪᠠ ᠠᠯᠲᠠᠨ ᠨᠠᠮᠤᠷ ᠰᠤᠷᠤᠯᠭ᠎ᠠ ᠲᠡᠳᠬᠦᠬᠦ ᠬᠤᠶᠠᠷ ᠪᠢᠴᠢᠭ ᠮᠠᠲ᠋ᠧᠷᠢᠶᠠᠯ ᠲᠠᠷᠬᠠᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠤᠨ᠂ ᠬᠦᠴᠢᠷᠳᠡᠯᠲᠡᠶ ᠡᠷᠦᠬᠡ ᠶᠢ ᠣᠨᠣᠪᠴᠢᠲᠠᠶ ᠢᠯᠭᠠᠨ ᠲᠠᠨᠢᠵᠤ᠂ ᠬᠠᠪᠰᠤᠷᠤᠨ ᠲᠡᠳᠬᠦᠬᠦ ᠪᠠᠯᠠ ᠮᠥᠩᠭᠦ ᠶᠢ ᠨᠡᠶᠢᠲᠡ 59 ᠲᠦᠮᠡᠨ ᠲᠥᠭᠦᠷᠢᠭ ᠣᠷᠴᠢᠮ ᠲᠠᠷᠬᠠᠭᠠᠪᠠ᠃ ᠡᠭᠦᠨ ᠠᠴᠠ ᠭᠠᠳᠠᠨ᠎ᠠ᠂ ᠨᠢᠳᠤᠨᠤᠨ ᠵᠢᠯ ᠤᠨ ᠲᠣᠭᠤᠷᠢᠭ ᠤᠨ ᠶᠡᠷᠦᠩᠬᠡᠢ ᠳᠠᠭᠠᠭᠠᠮᠠᠯ᠂ ᠬᠤᠲᠠ ᠶᠢᠨ ᠶᠡᠷᠦᠩᠬᠡᠢ ᠳᠠᠭᠠᠭᠠᠮᠠᠯ ᠮᠠᠨ ᠤ ᠬᠤᠰᠢᠭᠤᠨ ᠤ ᠭᠤᠷᠪᠠᠳᠤᠭᠠᠷ ᠲᠡᠰ ᠤᠨ ᠠᠵᠢᠯᠴᠢᠨ ᠤ ᠡᠪᠯᠡᠯ ᠠᠴᠠ ᠪᠦᠬᠦ ᠬᠤᠰᠢᠭᠤᠨ ᠤ 88 ᠭᠠᠴᠠᠭᠠᠨ ᠳᠤ ᠰᠠᠭᠤᠭ᠎ᠠ ᠭᠠᠵᠠᠷ ᠢ ᠲᠣᠬᠤᠨᠢᠭᠤᠯᠵᠤ᠂ 1000 ᠲᠥᠭᠦᠷᠢᠭ ᠤᠨ ᠪᠡᠯᠡᠭ ᠰᠡᠯᠲᠡ ᠬᠦᠷᠭᠡᠵᠦ᠂ ᠡᠨᠡ ᠵᠢᠯ ᠤᠨ ᠡᠬᠢ ᠪᠠᠷ᠂ ᠮᠠᠨ ᠤ ᠬᠤᠰᠢᠭᠤᠨ ᠤ ᠠᠵᠢᠯᠴᠢᠨ ᠤ ᠡᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠠᠰᠠ ᠲᠣᠰᠬᠤᠨ ᠳᠤ ᠠᠮᠤ ᠪᠤᠳᠠᠭ᠎ᠠ᠂ ᠭᠤᠯᠢᠷ᠂ ᠲᠣᠰᠣ᠂ ᠮᠢᠬ᠎ᠠ ᠵᠡᠷᠭᠡ ᠪᠠᠶᠠᠷ ᠤᠨ ᠡᠳᠦᠷ ᠤᠨ ᠪᠡᠯᠡᠭ ᠰᠡᠯᠲᠡ ᠬᠦᠷᠭᠡᠪᠡ᠃ ᠡᠭᠦᠨ ᠤ ᠬᠠᠮᠲᠤ᠂ ᠮᠠᠨ ᠤ ᠬᠤᠰᠢᠭᠤᠨ ᠤ ᠠᠵᠢᠯᠴᠢᠨ ᠤ ᠡᠪᠯᠡᠯ ᠤᠨ ᠬᠠᠪᠰᠤᠷᠤᠨ ᠲᠡᠳᠬᠦᠭᠰᠡᠨ 11 ᠡᠷᠦᠬᠡ ᠲᠣᠰᠬᠤᠨ ᠤ ᠠᠷᠠᠳ ᠢ ᠲᠣᠬᠤᠨᠢᠭᠤᠯᠪᠠ᠃    ᠬᠥᠲᠥᠯᠥᠭᠴᠢ᠄ ᠠᠵᠢᠯᠴᠢᠨ ᠤ ᠡᠪᠯᠡᠯ ᠤᠨ ᠠᠵᠢᠯ ᠨᠢ ᠮᠠᠰᠢ ᠶᠡᠭᠡ ᠲᠣᠯᠣᠭᠠᠶᠢᠯᠠᠬᠤ ᠦᠢᠯᠡᠳᠣᠯ ᠲᠠᠢ᠂ ᠠᠵᠢᠯᠴᠢᠨ ᠤ ᠡᠪᠯᠡᠯ ᠨᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠯᠠᠭᠤᠨ ᠤᠷᠮ᠎ᠠ ᠶᠢ ᠬᠡᠷᠬᠢᠨ ᠬᠥᠭᠵᠢᠭᠡᠳᠡᠭ ᠪᠣᠶ︖    ᠳᠡᠳ᠋ ᠲᠡᠷᠢᠭᠦᠯᠡᠭᠴᠢ᠄ ᠪᠢᠳᠡ ᠵᠢᠱᠢᠶᠡᠴᠢ ᠶᠢ ᠢᠯᠡᠷᠡᠭᠦᠯᠬᠦ ᠵᠢᠱᠢᠶ᠎ᠡ ᠦᠵᠡᠭᠦᠯᠬᠦ ᠦᠢᠯᠡᠳᠣᠯ ᠢᠶᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠬᠥᠳᠡᠯᠮᠦᠷᠢᠯᠡᠬᠦ ᠬᠠᠯᠠᠭᠤᠨ ᠵᠣᠷᠢᠭ ᠢ ᠬᠥᠭᠵᠢᠭᠡᠪᠡ᠃ ᠮᠣᠳᠣ ᠰᠣᠩᠭᠤᠬᠤ ᠪᠠ ᠪᠤᠶᠢᠵᠢᠭᠤᠯᠬᠤ ᠪᠠᠷ ᠳᠠᠮᠵᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠲᠡᠷᠢᠭᠦᠨ ᠤ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠡᠨᠡ ᠵᠢᠯ ᠤᠨ ᠭᠠᠩ ᠶᠤᠸᠠᠨ ᠬᠢᠮᠢ ᠶᠢᠨ ᠠᠵᠤ ᠦᠢᠯᠡᠳᠪᠣᠷᠢ ᠶᠢᠨ ᠬᠢᠵᠠᠭᠠᠷᠲᠤ ᠺᠣᠮᠫᠠᠨᠢ ᠶᠢ ᠰᠣᠩᠭᠤᠨ ᠭᠠᠷᠭᠠᠵᠤ ᠪᠦᠬᠦ ᠤᠯᠤᠰ ᠤᠨ ᠠᠵᠢᠯᠴᠢᠨ ᠤ ᠬᠤᠰᠢᠭᠤᠴᠢ ᠴᠣᠯᠠ ᠶᠢ ᠢᠷᠠᠭᠤ ᠠᠯᠳᠠᠷᠲᠠᠶ ᠪᠠᠷ ᠬᠦᠷᠲᠡᠵᠦ᠂ ᠮᠧᠩ ᠸᠧᠶ ᠺᠣᠮᠫᠠᠨᠢ ᠶᠢᠨ ᠠᠵᠢᠯᠲᠠᠨ ᠸᠠᠩ ᠵᠢᠶᠠᠨ ᠶᠧ ᠵᠡᠷᠭᠡ 2 ᠨᠥᠬᠦᠷ ᠢ ᠰᠣᠩᠭᠤᠨ ᠭᠠᠷᠭᠠᠵᠤ ᠥᠪᠡᠷᠲᠡᠭᠡᠨ ᠵᠠᠰᠠᠬᠤ ᠣᠷᠣᠨ ᠤ ︽ ᠲᠠᠪᠣᠨ ᠨᠢᠭᠡ︾ ᠬᠥᠳᠡᠯᠮᠦᠷᠢ ᠶᠢᠨ ᠴᠣᠯᠠ ᠣᠯᠭᠤᠵᠤ᠂ ᠮᠧᠩ ᠸᠧᠶ ᠺᠣᠮᠫᠠᠨᠢ ᠶᠢ ᠰᠣᠩᠭᠤᠨ ᠭᠠᠷᠭᠠᠵᠤ ᠬᠤᠲᠠ ᠶᠢᠨ ︽ᠲᠠᠪᠣᠨ ᠨᠢᠭᠡ︾ ᠬᠥᠳᠡᠯᠮᠦᠷᠢ ᠶᠢᠨ ᠱᠠᠩᠨᠠᠯ ᠤᠨ ᠪᠢᠴᠢᠭ ᠭᠠᠷᠳᠠᠭᠤᠯᠪᠠ᠃ ᠬᠤᠸᠠ ᠶᠦᠨ ᠪᠠᠷᠢᠯᠭ᠎ᠠ ᠶᠢᠨ ᠮᠠᠲ᠋ᠧᠷᠢᠶᠠᠯ᠂ ᠬᠤᠰᠢᠭᠤᠨ ᠤ ᠡᠮᠨᠡᠯᠭᠡ ᠶᠢᠨ ᠬᠤᠷᠢᠶ᠎ᠠ ᠨᠢ ᠬᠤᠲᠠ ᠶᠢᠨ ᠠᠵᠢᠯᠴᠢᠨ ᠤ ᠬᠤᠰᠢᠭᠤᠴᠢ ᠴᠣᠯᠠ ᠣᠯᠵᠤ᠂ ᠪᠠᠶ ᠶᠠᠨ ᠬᠤ᠋ ᠬᠢᠮᠢ ᠶᠢᠨ ᠠᠵᠤ ᠦᠢᠯᠡᠳᠪᠣᠷᠢ ᠶᠢᠨ ᠺᠣᠮᠫᠠᠨᠢ ᠶᠢᠨ ᠠᠵᠢᠯᠲᠠᠨ ᠰᠢᠶᠣᠤ ᠶᠢᠩ ᠹᠠᠩ ᠵᠡᠷᠭᠡ 3 ᠨᠥᠬᠦᠷ ᠬᠤᠲᠠ ᠶᠢᠨ ᠲᠡᠰ ᠤᠨ ᠬᠥᠳᠡᠯᠮᠦᠷᠢ ᠬᠦᠴᠦ ᠬᠦᠷᠲᠡᠵᠡᠢ᠃ ᠮᠠᠨ ᠤ ᠬᠤᠰᠢᠭᠤᠨ ᠤ ᠠᠵᠢᠯᠴᠢᠨ ᠤ ᠡᠪᠯᠡᠯ ᠸᠢᠴᠠᠲ ᠵᠡᠷᠭᠡ ᠣᠯᠠᠨ ᠠᠷᠭ᠎ᠠ ᠵᠠᠮ ᠢᠶᠠᠷ ᠰᠢᠷᠢᠰ ᠮᠡᠳᠡᠭᠡᠯᠡᠯ ᠳᠡᠯᠭᠡᠨ ᠦᠵᠡᠭᠦᠯᠵᠦ᠂ ᠲᠡᠷᠢᠭᠦᠨ ᠤ ᠬᠥᠮᠦᠰ ᠤᠨ ᠴᠤᠭ ᠵᠢᠪᠬᠤᠭ᠎ᠠ ᠶᠢ ᠢᠯᠡᠷᠡᠭᠦᠯᠵᠦ᠂ ᠢᠳᠡᠪᠬᠢ ᠬᠦᠴᠦᠨ ᠢ ᠳᠠᠮᠵᠢᠭᠤᠯᠪᠠ᠃    ᠬᠥᠲᠥᠯᠥᠭᠴᠢ᠄ ᠠᠵᠢᠯᠴᠢᠨ ᠤ ᠡᠪᠯᠡᠯ ᠳᠤ ᠠᠷᠠᠳ ᠲᠤ ᠠᠰᠢᠭ ᠬᠦᠷᠲᠡᠭᠡᠬᠦ ᠪᠤᠰᠤᠳ ᠠᠵᠢᠯ ᠪᠠᠶᠢᠨ᠎ᠠ ᠤᠤ︖    ᠳᠡᠳ᠋ ᠲᠡᠷᠢᠭᠦᠯᠡᠭᠴᠢ᠄ ᠠᠵᠢᠯᠴᠢᠨ ᠤ ᠡᠪᠯᠡᠯ ᠠᠷᠠᠳ ᠲᠤ ᠠᠰᠢᠭ ᠬᠦᠷᠲᠡᠭᠡᠬᠦ ᠬᠤᠶᠠᠷ ᠵᠣᠶᠢᠯ ᠤᠨ ᠠᠵᠢᠯ ᠢ ᠥᠷᠨᠢᠭᠦᠯᠪᠡ᠃ ᠨᠢᠭᠡ ᠳᠤ᠂ ᠨᠡᠶᠢᠳᠡᠮ ᠲᠠᠷᠬᠠᠭᠠᠬᠤ ᠠᠵᠢᠯᠯᠠᠭ᠎ᠠ ᠥᠷᠨᠢᠭᠦᠯᠦᠨ᠎ᠡ᠃ ᠥᠪᠥᠷ ᠮᠣᠩᠭᠤᠯ ᠤᠨ ᠪᠠᠩᠬᠢ ᠶᠢᠨ 2500 ᠠᠯᠲᠠᠨ ᠺᠠᠷᠲ ᠲᠠᠷᠬᠠᠭᠠᠵᠤ᠂ ᠮᠠᠨ ᠤ ᠬᠤᠰᠢᠭᠤᠨ ᠤ ᠬᠤᠳᠠᠯᠳᠤᠭᠠᠴᠢᠨ 20 ᠭᠠᠷᠤᠶ᠂ ᠤᠯᠠᠭᠠᠨᠴᠠᠪ ᠬᠤᠲᠠ ᠶᠢᠨ ᠬᠤᠳᠠᠯᠳᠤᠭᠠᠴᠢᠨ 20 ᠭᠠᠷᠤᠶ ᠪᠣᠯᠵᠤ᠂ ᠭᠡᠰᠢᠭᠦᠳ ᠤᠨ ᠬᠡᠷᠡᠭᠯᠡᠭᠡ ᠳᠤ ᠬᠠᠷᠠᠭᠠᠯᠵᠠᠯ ᠤᠨ ᠦᠢᠯᠡᠴᠢᠯᠡᠭᠡ ᠬᠠᠩᠭᠠᠪᠠ᠃ ᠬᠤᠶᠠᠷ ᠲᠤ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠣᠷᠢ ᠶᠢᠨ ᠬᠦᠷᠢᠶᠡᠯᠡᠩ ᠲᠣᠭᠤᠷᠢᠭ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ᠂ ᠰᠤᠮᠤ ᠰᠢᠶᠠᠩ ᠪᠠᠯᠭᠠᠰᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠳᠤ ᠲᠦᠰᠢᠭᠯᠡᠨ ᠠᠵᠢᠯ ᠲᠥᠷᠥᠯ ᠤᠨ ᠴᠢᠨᠠᠷᠲᠠᠶ ᠪᠠ ᠣᠷᠣᠨ ᠪᠦᠰᠡ ᠶᠢᠨ ᠴᠢᠨᠠᠷᠲᠠᠶ ᠴᠠᠯᠢᠩ ᠢ ᠬᠠᠮᠲᠤᠪᠠᠷ ᠵᠥᠪᠳᠡᠯᠴᠡᠬᠦ ᠠᠵᠢᠯ ᠢ ᠥᠷᠨᠢᠭᠦᠯᠦᠨ᠎ᠡ᠃ ᠣᠳᠣᠬᠠᠨ ᠪᠣᠯᠲᠠᠯ᠎ᠠ ᠴᠠᠯᠢᠩ ᠢ ᠬᠠᠮᠲᠤ ᠪᠠᠷ ᠵᠥᠪᠳᠡᠯᠴᠡᠬᠦ ᠶᠠᠪᠤᠳᠠᠯ 165 ᠠᠵᠤ ᠠᠬᠤᠶᠢᠯᠡᠯ ᠢ ᠬᠠᠮᠤᠷᠴᠤ᠂ ᠠᠵᠢᠯᠲᠠᠨ ᠠᠵᠢᠯᠴᠢᠨ 2.8 ᠲᠦᠮᠡ ᠬᠦᠷᠴᠡᠶ᠃                                                    ᠣᠷᠴᠢᠭᠤᠯᠣᠭᠴᠢ᠄ ᠰᠡᠴᠡᠩᠭᠤᠸ᠎ᠠ                      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号