ᠭᠤᠤᠯ ᠰᠡᠳᠦᠪ᠄ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠥᠷᠭᠡᠳᠬᠡᠨ ᠲᠠᠲᠠᠪᠤᠷᠢᠯᠠᠵᠤ ᠪᠥᠬᠦᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ | ᠴᠠᠭ᠄ | 2019 ᠣᠨ ᠤ 3 ᠰᠠᠷ᠎ᠠ ᠶᠢᠨ 27 ᠤ ᠡᠳᠦᠷ ᠤᠨ 09 ᠴᠠᠭ | ᠡᠷᠬᠢᠮ ᠵᠣᠴᠢᠨ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠭᠡᠮ ᠤᠨ ᠬᠥᠳᠡᠯᠮᠦᠷᠢ ᠶᠢᠨ ᠳᠠᠭᠠᠳᠬᠠᠯ ᠤᠨ | ᠦᠢᠯᠡᠰ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠯᠢ ᠶᠢᠨ | ᠲᠣᠪᠴᠢᠯᠡᠯ᠄ | ᠨᠡᠶᠢᠭᠡᠮ ᠤᠨ ᠳᠠᠭᠠᠳᠬᠠᠯ ᠤᠨ ᠦᠢᠯᠡᠰ ᠪᠣᠯ ᠠᠷᠠᠳ ᠤᠨ ᠠᠮᠢᠳᠤᠷᠠᠯ ᠤᠨ ᠦᠨᠳᠦᠰᠦ ᠪᠣᠯᠵᠤ᠂ ᠨᠠᠰᠤᠵᠢᠯ ᠤᠨ | ᠳᠠᠭᠠᠳᠬᠠᠯ ᠤᠨ ᠠᠵᠢᠯ ᠨᠢ ᠨᠢᠭᠡᠨᠲᠡ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠪᠣᠯᠵᠤ᠂ | ᠠᠵᠤ ᠠᠬᠤᠢ ᠶᠢᠨ ᠰᠢᠨ᠎ᠡ ᠬᠡᠪ ᠪᠠᠶᠢᠳᠡᠯ ᠤᠨ ᠳᠠᠭᠠᠭᠤᠯᠭ᠎ᠠ ᠪᠠ ᠲᠦᠯᠬᠢᠴᠡ ᠳᠣᠣᠷ᠎ᠠ᠂ ᠮᠠᠨ ᠤ ᠬᠤᠰᠢᠭᠤᠨ ᠤ | ᠨᠠᠰᠤᠵᠢᠯ ᠤᠨ ᠳᠠᠭᠠᠳᠬᠠᠯ ᠤᠨ ᠠᠵᠢᠯ ᠨᠢ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠮᠠᠨ ᠤ | ᠬᠤᠰᠢᠭᠤᠨ ᠤ ᠨᠠᠰᠤᠵᠢᠯ ᠤᠨ ᠳᠠᠭᠠᠳᠬᠠᠯ ᠤᠨ ᠠᠵᠢᠯ ᠤᠨ ᠲᠠᠯ᠎ᠠ ᠪᠠᠷ ᠬᠢ ᠬᠠᠮᠢᠶ᠎ᠠ ᠪᠦᠬᠦᠢ ᠪᠠᠶᠢᠳᠠᠯ ᠢ ᠤᠯᠠᠮ ᠨᠢᠭᠡ | ᠠᠯᠬᠤᠮ ᠣᠶᠢᠯᠠᠭᠠᠬᠤ ᠶᠢᠨ ᠲᠥᠯᠥᠭᠡ᠂ ᠥᠨᠥᠳᠥᠷ ᠪᠢᠳᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠯᠢ ᠶᠢᠨ ᠨᠥᠬᠦᠷ ᠢ | ᠤᠷᠢᠨ ᠠᠪᠴᠢᠷᠠᠵᠤ᠂ ᠮᠠᠨ ᠤ ᠬᠤᠰᠢᠭᠤᠨ ᠤ ᠨᠠᠰᠤᠵᠢᠯ ᠤᠨ ᠳᠠᠭᠠᠳᠬᠠᠯ ᠤᠨ 2018 ᠣᠨ ᠤ ᠭᠤᠤᠯ ᠠᠵᠢᠯ ᠢ | ᠪᠡᠶᠡᠯᠡᠭᠦᠯᠦᠭᠰᠡᠨ ᠪᠠᠶᠢᠳᠡᠯ ᠵᠢᠴᠢ 2019 ᠣᠨ ᠤ ᠲᠥᠯᠥᠪᠯᠡᠭᠡ ᠶᠢᠨ ᠲᠤᠬᠠᠶ ᠥᠷᠭᠡᠨ ᠣᠯᠠᠨ ᠰᠣᠨᠣᠰᠤᠭᠴᠢᠳ | ᠪᠠ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠭᠤᠯᠪᠠ᠃ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠣᠰ ᠬᠤᠭᠤᠴᠠᠭᠠᠨ ᠤ | ᠰᠦᠯᠵᠢᠶᠡᠨ ᠳᠡᠭᠡᠷᠡᠬᠢ ᠫᠷᠤᠭ᠍ᠷᠠᠮ ᠢ ᠬᠦᠯᠢᠶᠡᠨ ᠠᠪᠴᠤ ᠦᠵᠡᠨ᠎ᠡ᠃ ᠨᠡᠶᠢᠭᠡᠮ ᠤᠨ ᠳᠠᠭᠠᠳᠬᠠᠯ ᠤᠨ ᠦᠢᠯᠡᠰ ᠪᠣᠯ | ᠠᠷᠠᠳ ᠤᠨ ᠠᠮᠢᠳᠤᠷᠠᠯ ᠤᠨ ᠦᠨᠳᠦᠰᠦ ᠪᠣᠯᠵᠤ᠂ ᠨᠠᠰᠤᠵᠢᠯ ᠤᠨ ᠳᠠᠭᠠᠳᠬᠠᠯ ᠤᠨ ᠠᠵᠢᠯ ᠨᠢ ᠨᠢᠭᠡᠨᠲᠡ ᠡᠯ᠎ᠡ | ᠱᠠᠲᠤᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠪᠣᠯᠵᠤ᠂ ᠠᠵᠤ ᠠᠬᠤᠢ ᠶᠢᠨ ᠰᠢᠨ᠎ᠡ ᠬᠡᠪ ᠪᠠᠶᠢᠳᠡᠯ ᠤᠨ | ᠳᠠᠭᠠᠭᠤᠯᠭ᠎ᠠ ᠪᠠ ᠲᠦᠯᠬᠢᠴᠡ ᠳᠣᠣᠷ᠎ᠠ᠂ ᠮᠠᠨ ᠤ ᠬᠤᠰᠢᠭᠤᠨ ᠤ ᠨᠠᠰᠤᠵᠢᠯ ᠤᠨ ᠳᠠᠭᠠᠳᠬᠠᠯ ᠤᠨ ᠠᠵᠢᠯ ᠨᠢ ᠮᠠᠰᠢ | ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠮᠠᠨ ᠤ ᠬᠤᠰᠢᠭᠤᠨ ᠤ ᠨᠠᠰᠤᠵᠢᠯ ᠤᠨ ᠳᠠᠭᠠᠳᠬᠠᠯ ᠤᠨ ᠠᠵᠢᠯ ᠤᠨ | ᠲᠠᠯ᠎ᠠ ᠪᠠᠷ ᠬᠢ ᠬᠠᠮᠢᠶ᠎ᠠ ᠪᠦᠬᠦᠢ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠬᠤ ᠶᠢᠨ ᠲᠥᠯᠥᠭᠡ᠂ ᠥᠨᠥᠳᠥᠷ ᠪᠢᠳᠡ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ ᠯᠢ ᠶᠢᠨ ᠨᠥᠬᠦᠷ ᠢ ᠤᠷᠢᠨ ᠠᠪᠴᠢᠷᠠᠵᠤ᠂ ᠮᠠᠨ ᠤ ᠬᠤᠰᠢᠭᠤᠨ ᠤ ᠨᠠᠰᠤᠵᠢᠯ ᠤᠨ | ᠳᠠᠭᠠᠳᠬᠠᠯ ᠤᠨ 2018 ᠣᠨ ᠤ ᠭᠤᠤᠯ ᠠᠵᠢᠯ ᠢ ᠪᠡᠶᠡᠯᠡᠭᠦᠯᠦᠭᠰᠡᠨ ᠪᠠᠶᠢᠳᠡᠯ ᠵᠢᠴᠢ 2019 ᠣᠨ ᠤ | ᠲᠥᠯᠥᠪᠯᠡᠭᠡ ᠶᠢᠨ ᠲᠤᠬᠠᠶ ᠥᠷᠭᠡᠨ ᠣᠯᠠᠨ ᠰᠣᠨᠣᠰᠤᠭᠴᠢᠳ ᠪᠠ ᠰᠦᠯᠵᠢᠶᠡᠨ ᠠᠨᠳᠠ ᠨᠠᠷ ᠲᠠᠢ ᠰᠦᠯᠵᠢᠶᠡᠨ | ᠳᠡᠭᠡᠷ᠎ᠡ ᠰᠠᠨᠠᠯ ᠢᠶᠠᠨ ᠰᠣᠯᠢᠯᠴᠠᠭᠤᠯᠪᠠ᠃ | ᠯᠢ ᠲᠣᠪᠴᠢᠶᠠᠨ ᠳᠠᠷᠤᠭ᠎ᠠ᠄ ᠬᠥᠲᠥᠯᠥᠭᠴᠢ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠪᠢ ᠣᠯᠠᠨ ᠤ | ᠨᠡᠯᠢᠶᠡᠳ ᠬᠠᠯᠠᠮᠵᠢᠯᠠᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠢ ᠣᠯᠠᠨ ᠳᠤ ᠬᠠᠷᠢᠭᠤ | ᠮᠡᠳᠡᠭᠦᠯᠦᠶ᠎ᠡ᠃ | ᠡᠨᠡ ᠵᠢᠯ ᠠᠴᠠ ᠨᠠᠭᠠᠰᠢ᠂ ᠮᠠᠨ ᠤ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠲᠡᠭᠡᠳᠦ | ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ 2018 ᠣᠨ ᠤ ᠡᠯ᠎ᠡ ᠵᠣᠶᠢᠯ ᠤᠨ ᠠᠵᠢᠯ ᠤᠨ | ᠡᠭᠦᠷᠭᠡ ᠶᠢ ᠪᠥᠬᠦ ᠲᠠᠯ᠎ᠠ ᠪᠠᠷ ᠨᠠᠶᠢᠳᠡᠪᠣᠷᠢᠵᠢᠭᠤᠯᠬᠤ᠂ ᠦᠵᠡᠯ ᠰᠠᠨᠠᠭ᠎ᠠ ᠪᠠᠨ ᠴᠢᠯᠥᠭᠡᠯᠡᠨ᠂ ᠵᠠᠮ ᠨᠡᠭᠡᠭᠡᠨ ᠰᠢᠨ᠎ᠡ ᠶᠢ | ᠡᠭᠦᠳᠴᠦ᠂ ᠭᠤᠤᠯᠳᠠᠯᠭ᠎ᠠ ᠶᠢ ᠳᠣᠪᠤᠶᠢᠯᠭᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠠᠳ᠂ ᠡᠯ᠎ᠡ ᠵᠣᠶᠢᠯ ᠤᠨ | ᠠᠵᠢᠯ ᠪᠠ ᠡᠭᠦᠷᠭᠡ ᠢᠯᠡᠳᠲᠡ ᠦᠷ᠎ᠡ ᠪᠦᠲᠦᠮᠵᠢ ᠣᠯᠪᠠ᠃ | ᠨᠢᠭᠡ᠂ ᠭᠤᠣᠯ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠡᠯ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ | ᠲᠠᠯ᠎ᠠ ᠪᠠᠷ᠄ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 14821 ᠬᠥᠮᠦᠨ ᠣᠷᠣᠯᠴᠠᠵᠤ᠂ 14473 | ᠬᠥᠮᠦᠨ ᠳᠤ ᠬᠠᠷᠠᠭᠠᠯᠵᠠᠯ ᠭᠦᠷᠳᠡᠭᠡᠪᠡ᠃ ᠲᠠᠲᠠᠪᠤᠷᠢᠯᠠᠵᠤ ᠲᠤᠰᠢᠶᠠᠭᠰᠠᠨ ᠣᠷᠣᠯᠭ᠎ᠠ 1.744 ᠳ᠋ᠦᠩᠰᠢᠭᠤᠷ | ᠲᠥᠭᠦᠷᠢᠭ ᠲᠤ ᠬᠦᠷᠴᠡᠶ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯ ᠤᠨ ᠲᠠᠯ᠎ᠠ ᠪᠠᠷ᠄ 9 | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ 106000 | ᠬᠥᠮᠦᠨ ᠳᠠᠭᠠᠳᠬᠠᠯ ᠳᠤ ᠣᠷᠣᠯᠴᠠᠵᠤ᠂ ᠡᠭᠦᠨ ᠳᠤ ᠳᠠᠭᠠᠳᠬᠠᠯ ᠳᠤ ᠣᠷᠣᠯᠴᠠᠭᠰᠠᠨ 72740 ᠬᠥᠮᠦᠨ᠂ 33260 | ᠬᠥᠮᠦᠨ ᠳᠤ ᠬᠠᠷᠠᠭᠠᠯᠵᠠᠯ ᠬᠦᠷᠲᠡᠭᠡᠵᠦ᠂ ᠪᠥᠬᠦ ᠵᠢᠯ ᠤᠨ ᠬᠠᠷᠠᠯᠲᠠ ᠡᠭᠦᠷᠭᠡ ᠶᠢ 100 % ᠪᠠᠷ ᠪᠡᠶᠡᠯᠡᠭᠦᠯᠪᠡ᠃ | ᠬᠤᠶᠠᠷ᠂ ᠭᠤᠣᠯ ᠠᠵᠢᠯ ᠥᠷᠨᠢᠭᠦᠯᠦᠭᠰᠡᠨ ᠪᠠᠶᠢᠳᠡᠯ | 1. ᠬᠡᠪᠴᠢᠶ᠎ᠡ ᠶᠢ ᠥᠷᠭᠡᠳᠬᠡᠵᠦ ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠠᠬᠢᠭᠤᠯᠪᠠ | ᠬᠤᠲᠠ ᠬᠤᠰᠢᠭᠤᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠮᠠᠨ ᠤ ᠲᠣᠪᠴᠢᠶ᠎ᠠ ᠠᠵᠤ | ᠠᠬᠤᠶᠢᠯᠠᠯ ᠤᠨ ᠨᠢᠭᠡᠴᠡ ᠶᠢᠨ ᠳᠠᠭᠠᠳᠬᠠᠯ ᠳᠤ ᠣᠷᠣᠯᠴᠠᠬᠤ ᠶᠢ ᠲᠣᠭᠲᠠᠪᠤᠷᠢᠵᠢᠭᠤᠯᠤᠭᠰᠠᠨ ᠪᠠᠶᠢᠳᠡᠯ ᠳᠣᠤᠷ᠎ᠠ᠂ | ᠭᠤᠤᠯᠳᠠᠭᠤ ᠠᠮᠢᠳᠤᠯᠢᠭ ᠢᠶᠠᠷ ᠠᠵᠢᠯ ᠣᠯᠤᠭᠰᠠᠳ᠂ ᠢᠯᠠᠩᠭᠤᠶ᠎ᠠ ᠬᠤᠲᠠ ᠣᠷᠣᠵᠤ ᠬᠥᠯᠥᠰᠥᠨ ᠠᠵᠢᠯ ᠬᠢᠵᠦ | ᠪᠠᠶᠢᠭ᠎ᠠ ᠮᠠᠯᠴᠢᠨ ᠲᠠᠷᠢᠶᠠᠴᠢᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠡᠯ ᠳᠤ ᠠᠵᠢᠯᠯᠠᠵᠤ ᠪᠠᠶᠢᠭ᠎ᠠ ᠬᠥᠮᠦᠰ | ᠵᠡᠷᠭᠡ ᠶᠢ ᠬᠡᠪᠴᠢᠶ᠎ᠡ ᠶᠢ ᠥᠷᠭᠡᠳᠬᠡᠬᠦ ᠭᠤᠤᠯᠳᠠᠯᠭ᠎ᠠ ᠪᠣᠯᠭᠠᠵᠤ᠂ ᠭᠠᠳᠠᠨ᠎ᠠ ᠠᠴᠠ ᠢᠷᠡᠭᠰᠡᠨ ᠪᠠ ᠭᠠᠳᠠᠭᠰᠢ ᠭᠠᠷᠴᠤ | ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠶᠢ ᠢᠳᠡᠪᠬᠢᠲᠡᠢ ᠬᠥᠲᠥᠯᠥᠨ | ᠵᠢᠯᠣᠭᠤᠳᠴᠤ᠂ ᠳᠠᠭᠠᠳᠬᠠᠯ ᠳᠤ ᠣᠷᠣᠯᠴᠠᠬᠤ ᠪᠦᠷᠬᠦᠴᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠨᠢᠭᠡ ᠳᠤ᠂ ᠶᠡᠬᠡᠪᠡᠷ ᠤᠬᠠᠭᠤᠯᠵᠤ᠂ ᠳᠠᠭᠠᠳᠬᠠᠯ ᠳᠤ ᠣᠷᠣᠯᠴᠠᠬᠤ ᠶᠢ ᠬᠦᠴᠦᠯᠡᠨ ᠠᠬᠢᠭᠤᠯᠤᠨ᠎ᠠ᠃ | ᠤᠬᠠᠭᠤᠯᠬᠤ ᠮᠠᠲ᠋ᠧᠷᠢᠶᠠᠯ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ᠂ ᠸᠢᠴᠠᠲ ᠵᠡᠷᠭᠡ ᠡᠯ᠎ᠡ ᠵᠣᠶᠢᠯ ᠤᠨ | ᠵᠠᠭᠤᠴᠢᠯᠠᠭᠤᠷ ᠢᠶᠠᠷ ᠳᠠᠮᠵᠢᠭᠤᠯᠤᠨ ᠣᠯᠠᠨ ᠣᠷᠣᠨ ᠪᠠᠶᠢᠷᠢ᠂ ᠬᠡᠯᠪᠡᠷᠢ᠂ ᠣᠯᠠᠨ ᠬᠠᠷᠠᠭᠠᠰᠤ ᠤᠬᠠᠭᠤᠯᠵᠤ᠂ ᠥᠷᠭᠡᠨ | ᠣᠯᠠᠨ ᠳᠠᠭᠠᠳᠬᠠᠯ ᠳᠤ ᠣᠷᠣᠯᠴᠠᠬᠤ ᠡᠲᠡᠭᠡᠳ᠂ ᠬᠥᠮᠦᠨ ᠬᠡᠷᠡᠭᠯᠡᠬᠦ ᠨᠢᠭᠡᠴᠡ ᠪᠣᠯᠤᠨ ᠠᠵᠢᠯᠲᠠᠨ ᠠᠵᠢᠯᠴᠢᠨ ᠳᠤ | ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠳᠠᠭᠠᠳᠬᠠᠯ ᠳᠤ ᠣᠷᠣᠯᠴᠠᠬᠤ ᠦᠵᠡᠯ | ᠤᠬᠠᠮᠰᠠᠷ ᠢ ᠨᠢ ᠴᠢᠩᠭᠠᠷᠠᠭᠤᠯᠬᠤ ᠬᠡᠷᠡᠭᠲᠡᠶ᠃ | ᠬᠤᠶᠠᠷ ᠲᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠲᠤᠷᠠᠯᠴᠠᠨ᠎ᠠ᠃ ᠣᠷᠣᠨ ᠨᠤᠲᠤᠭ ᠤᠨ | ᠭᠠᠶᠢᠯᠢ᠂ ᠠᠵᠤ ᠦᠢᠯᠡᠳᠪᠣᠷᠢ ᠬᠤᠳᠠᠯᠳᠤᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠥᠳᠡᠯᠮᠦᠷᠢ ᠶᠢᠨ ᠬᠢᠨᠠᠨ | ᠪᠠᠶᠢᠴᠠᠭᠠᠬᠤ ᠵᠡᠷᠭᠡ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠵᠣᠬᠢᠴᠠᠯᠳᠤᠨ ᠬᠠᠮᠵᠢᠯᠴᠠᠵᠤ᠂ ᠡᠯ᠎ᠡ ᠰᠠᠯᠠᠭ᠎ᠠ | ᠮᠥᠴᠢᠷ ᠤᠨ ᠬᠢ ᠶᠢ ᠭᠦᠢᠴᠡᠳ ᠪᠠᠳᠠᠷᠠᠭᠤᠯᠤᠨ᠂ ᠲᠠᠲᠠᠪᠤᠷᠢᠯᠠᠨ ᠲᠤᠰᠢᠶᠠᠬᠤ ᠡᠷᠴᠢᠮ ᠢᠶᠠᠨ ᠦᠨᠡᠨᠬᠦ ᠨᠡᠮᠡᠭᠳᠡᠭᠦᠯᠬᠦ | ᠬᠡᠷᠡᠭᠲᠡᠶ᠃ | ᠭᠤᠷᠪᠠ ᠳᠤ᠂ ᠰᠣᠶᠢᠳᠭᠡᠯ ᠤᠨ ᠢᠷᠡᠯᠲᠡ ᠶᠢ ᠬᠢᠨᠠᠨ ᠲᠣᠭᠲᠠᠭᠠᠬᠤ ᠶᠢ ᠴᠢᠩᠭᠠᠳᠬᠠᠨ᠎ᠠ᠃ ᠠᠵᠤ ᠠᠬᠤᠶᠢᠯᠡᠯ᠂ | ᠤᠲᠠᠰᠤ ᠪᠠᠷ ᠬᠠᠷᠢᠯᠴᠠᠬᠤ᠂ ᠲᠢᠩᠬᠢᠮ ᠴᠣᠩᠬᠤ ᠪᠠᠷ ᠭᠦᠢᠴᠡᠳᠭᠡᠬᠦ ᠵᠡᠷᠭᠡ ᠠᠷᠭ᠎ᠠ ᠶᠢ ᠠᠪᠴᠤ᠂ ᠬᠥᠮᠦᠨ ᠬᠡᠷᠡᠭᠯᠡᠬᠦ | ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ᠂ ᠰᠣᠶᠢᠳᠭᠡᠯ ᠲᠤᠰᠢᠶᠠᠬᠤ ᠰᠠᠭᠤᠷᠢ | ᠲᠤᠭ᠎ᠠ ᠵᠢᠴᠢ ᠨᠥᠬᠦᠵᠦ ᠲᠤᠰᠢᠶᠠᠬᠤ ᠰᠠᠭᠤᠷᠢ ᠲᠤᠭ᠎ᠠ᠂ ᠨᠥᠬᠦᠵᠦ ᠲᠤᠰᠢᠶᠠᠬᠤ ᠬᠥᠮᠦᠨ ᠤ ᠲᠤᠭ᠎ᠠ᠂ ᠨᠥᠬᠦᠵᠦ | ᠲᠤᠰᠢᠶᠠᠬᠤ ᠴᠠᠭ ᠬᠤᠭᠤᠴᠠᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠠᠵᠤ ᠠᠬᠤᠶᠢᠯᠡᠯ ᠤᠨ ᠳᠠᠭᠠᠳᠬᠠᠯ ᠳᠤ | ᠣᠷᠣᠯᠴᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠨ ᠬᠠᠷᠭᠤᠭᠤᠯᠬᠤ ᠶᠣᠰᠣᠲᠠᠶ ᠶᠢ ᠨᠢ ᠪᠦᠬᠦᠨ ᠢ ᠬᠢᠨᠠᠨ | ᠬᠠᠷᠭᠤᠭᠤᠯᠵᠤ᠂ ᠪᠥᠬᠦ ᠬᠤᠰᠢᠭᠤᠨ ᠤ ᠳᠠᠭᠠᠳᠬᠠᠯ ᠳᠤ ᠣᠷᠣᠯᠴᠠᠭᠰᠠᠨ ᠡᠯ᠎ᠡ ᠲᠥᠷᠥᠯ ᠤᠨ ᠠᠵᠤ ᠠᠬᠤᠶᠢᠯᠡᠯ 43 | ᠪᠠᠶᠢᠵᠤ᠂ 4660 ᠬᠥᠮᠦᠨ ᠪᠠᠶᠢᠨ᠎ᠠ᠃ | ᠳᠥᠷᠪᠡ ᠳᠤ᠂ ᠲᠤᠬᠢᠷᠠᠭᠤᠯᠤᠨ ᠬᠦᠯᠢᠶᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠲᠤᠰᠬᠠᠶ ᠬᠥᠮᠦᠨ ᠢ ᠵᠣᠬᠢᠶᠠᠨ ᠪᠠᠶᠢᠭᠤᠯᠤᠨ | ᠲᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠭᠤᠯᠤᠨ ᠰᠤᠳᠤᠯᠤᠭᠤᠯᠵᠤ᠂ | ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠭᠦᠨᠵᠡᠭᠡᠶ ᠪᠥᠭᠡᠳ ᠨᠡᠪᠲᠡᠷᠡᠲᠡᠯ᠎ᠡ ᠣᠶᠢᠯᠠᠭᠠᠭᠤᠯᠤᠨ᠂ ᠪᠠᠶᠢᠳᠠᠯ ᠢ | ᠡᠵᠡᠮᠰᠢᠵᠦ᠂ ᠲᠤᠬᠢᠷᠠᠭᠤᠯᠤᠨ ᠲᠣᠬᠢᠷᠠᠭᠤᠯᠬᠤ ᠠᠵᠢᠯ ᠢ ᠴᠠᠭ ᠲᠤᠬᠠᠶ ᠳᠤᠨᠢ ᠲᠡᠭᠦᠰ ᠠᠮᠵᠢᠯᠲᠠ ᠲᠠᠢ ᠪᠡᠶᠡᠯᠡᠭᠦᠯᠬᠦ | ᠬᠡᠷᠡᠭᠲᠡᠶ᠃ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ | ᠠᠵᠢᠯᠴᠢᠨ ᠤ ᠬᠥᠮᠦᠨ ᠳᠤᠮᠳᠠᠴᠢ ᠶᠢᠨ ᠬᠠᠷᠠᠭᠠᠯᠵᠠᠯ ᠤᠨ ᠬᠢᠷᠢ ᠲᠦᠪᠰᠢᠨ ᠰᠠᠷ᠎ᠠ ᠳᠤ 1834.07 ᠲᠥᠭᠦᠷᠢᠭ | ᠪᠠᠶᠢᠭᠰᠠᠨ ᠠᠴᠠ ᠪᠠᠨ ᠰᠠᠷ᠎ᠠ ᠳᠤ 1955.35 ᠲᠥᠭᠦᠷᠢᠭ ᠪᠣᠯᠤᠨ ᠨᠡᠮᠡᠭᠳᠡᠵᠦ᠂ ᠬᠥᠮᠦᠨ ᠳᠤᠮᠳᠠᠴᠢ ᠪᠠᠷ ᠰᠠᠷ᠎ᠠ ᠳᠤ | 121.32 ᠲᠥᠭᠦᠷᠢᠭ ᠨᠡᠮᠡᠭᠳᠡᠪᠡ᠃ | 2. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠢ | ᠤᠯᠠᠮ ᠨᠢᠭᠡ ᠠᠯᠬᠤᠮ ᠵᠢᠷᠤᠮᠵᠢᠭᠤᠯᠪᠠ | ᠮᠠᠨ ᠤ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ | ᠪᠦᠬᠦᠨ ᠢ ᠬᠠᠮᠤᠷᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠳᠦᠷᠢᠮ ᠢ ᠴᠢᠩᠭ᠎ᠠ | ᠨᠡᠶᠢᠳᠡᠪᠣᠷᠢᠵᠢᠭᠤᠯᠬᠤ᠂ ᠮᠡᠳᠡᠭᠡ ᠵᠠᠩᠭᠢ ᠶᠢᠨ ᠰᠢᠰᠲ᠋ᠧᠮ ᠢ ᠴᠢᠩᠭᠠᠷᠠᠭᠤᠯᠤᠨ᠂ ᠭᠠᠷᠲᠠᠨ ᠭᠦᠢᠴᠡᠳᠭᠡᠬᠦ ᠰᠠᠭᠤᠷᠢ | ᠬᠠᠮᠢᠶᠠᠷᠤᠯᠲᠠ ᠶᠢ ᠪᠠᠬᠢᠵᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠨᠢᠭᠡ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ | ᠣᠯᠭᠤᠬᠤ ᠠᠵᠢᠯ ᠢ ᠰᠠᠶᠢᠲᠤᠷ ᠠᠳᠬᠤᠵᠤ᠂ ᠰᠠᠷ᠎ᠠ ᠪᠠᠷ᠂ ᠲᠤᠭ᠎ᠠ ᠶᠣᠰᠣᠭᠠᠷ᠂ ᠰᠢᠰᠲ᠋ᠧᠮ ᠢᠶᠠᠷ ᠲᠠᠷᠬᠠᠭᠠᠪᠠ᠃ | ᠬᠤᠶᠠᠷ ᠲᠤ᠂ ᠡᠳ᠋ ᠤᠨ ᠵᠠᠰᠠᠭ ᠯᠤᠭ᠎ᠠ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠬᠠᠮᠵᠢᠯᠴᠠᠵᠤ᠂ ᠣᠷᠣᠨ | ᠨᠤᠲᠤᠭ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠨ᠎ᠠ᠃ | ᠭᠤᠷᠪᠠ ᠳᠤ᠂ ᠣᠷᠣᠨ᠂ ᠬᠤᠲᠠ᠂ ᠬᠤᠰᠢᠭᠤᠨ ᠤ ᠲᠣᠬᠢᠷᠠᠭᠤᠯᠤᠯᠲᠠ ᠶᠣᠰᠣᠭᠠᠷ᠂ ᠳᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠡᠷᠦᠬᠡ ᠶᠢᠨ ᠵᠠᠰᠠᠭ ᠤᠨ ᠣᠷᠳᠣᠨ ᠠᠴᠠ ᠬᠥᠮᠦᠨ ᠪᠦᠷᠢ ᠳᠤ 100 ᠲᠥᠭᠦᠷᠢᠭ ᠤᠨ | ᠨᠠᠰᠤᠵᠢᠯ ᠤᠨ ᠮᠥᠩᠭᠦ ᠨᠥᠬᠦᠪᠥᠷᠢᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠩ ᠲᠡᠷᠢᠭᠦᠨ ᠳᠤ᠂ ᠥᠷᠭᠡᠨ | ᠣᠯᠠᠨ ᠺᠠᠳ᠋ᠷ ᠢ ᠵᠣᠬᠢᠶᠠᠨ ᠪᠠᠶᠢᠭᠤᠯᠣᠨ ᠲᠡᠭᠡᠳᠦ ᠱᠠᠲᠤᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ | ᠬᠢᠨᠠᠮᠠᠭᠠᠶ ᠰᠤᠷᠤᠯᠴᠠᠭᠤᠯᠵᠤ᠂ ᠨᠡᠶᠢᠭᠡᠮ ᠤᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠠᠵᠢᠯ ᠶᠢᠨ ᠴᠢᠬᠤᠯᠠ | ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠎ᠡ᠃ ᠳᠠᠷᠠᠭ᠎ᠠ ᠳᠤᠨᠢ᠂ ᠬᠦᠷᠢᠶ᠎ᠡ ᠬᠡᠪᠴᠢᠶ᠎ᠡ ᠶᠢ ᠣᠨᠣᠪᠴᠢᠲᠠᠶ | ᠡᠵᠡᠮᠰᠢᠵᠦ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠰᠠᠭᠤᠷᠢ ᠲᠤᠭ᠎ᠠ ᠶᠢ ᠣᠨᠣᠪᠴᠢᠲᠠᠶ | ᠨᠥᠬᠦᠪᠥᠷᠢᠯᠡᠵᠦ᠂ ᠨᠢᠭᠡ ᠬᠥᠮᠦᠨ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃ ᠪᠠᠯᠠ ᠮᠥᠩᠭᠦ ᠶᠢ ᠣᠷᠣᠨ | ᠨᠤᠲᠤᠭ ᠠᠴᠠ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠳᠥᠷᠪᠡ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠬᠦᠷᠲᠡᠬᠦ ᠬᠥᠮᠦᠰ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠲᠣᠬᠢᠷᠠᠭᠤᠯᠤᠯᠲᠠ ᠬᠢᠬᠦ ᠠᠵᠢᠯ ᠢ ᠪᠡᠶᠡᠯᠡᠭᠦᠯᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠥᠮᠦᠨ | ᠪᠦᠷᠢ ᠳᠤ ᠰᠠᠷ᠎ᠠ ᠪᠦᠷᠢ 18 ᠲᠥᠭᠦᠷᠢᠭ ᠨᠡᠮᠡᠭᠳᠡᠭᠦᠯᠪᠡ᠃ ᠪᠦᠬᠦᠯᠢ 60 ᠨᠠᠰᠤᠨ ᠠᠴᠠ ᠳᠡᠭᠡᠭᠰᠢ ᠨᠢ 143 | ᠲᠥᠭᠦᠷᠢᠭ ᠲᠤ ᠬᠦᠷᠴᠦ᠂ ᠪᠦᠬᠦᠯᠢ 70 ᠨᠠᠰᠤᠨ ᠠᠴᠠ ᠳᠡᠭᠡᠭᠰᠢ ᠨᠢ 153 ᠲᠥᠭᠦᠷᠢᠭ ᠲᠤ ᠬᠦᠷᠴᠦ᠂ ᠪᠦᠬᠦᠯᠢ 80 | ᠨᠠᠰᠤᠨ ᠠᠴᠠ ᠳᠡᠭᠡᠭᠰᠢ ᠨᠢ 163 ᠲᠥᠭᠦᠷᠢᠭ ᠲᠤ ᠬᠦᠷᠬᠦ ᠬᠡᠷᠡᠭᠲᠡᠶ᠃ | 3. ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠤᠷᠤᠭᠰᠢᠲᠠᠶ ᠶᠠᠪᠤᠭᠳᠠᠵᠤ ᠪᠠᠶᠢᠨ᠎ᠠ | ᠬᠤᠲᠠ ᠶᠢᠨ ᠲᠣᠪᠴᠢᠶ᠎ᠠ ᠶᠢᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠬᠥᠮᠦᠰ ᠤᠨ ᠮᠡᠳᠡᠭᠡ ᠵᠠᠩᠭᠢ | ᠴᠤᠭᠯᠠᠭᠤᠯᠬᠤ᠂ ᠰᠣᠶᠢᠳᠭᠡᠯ ᠲᠤᠰᠢᠶᠠᠬᠤ ᠰᠠᠭᠤᠷᠢ ᠲᠤᠭ᠎ᠠ ᠶᠢ ᠭᠤᠶᠤᠴᠢᠯᠠᠨ ᠮᠡᠳᠡᠭᠦᠯᠬᠦ᠂ ᠰᠠᠭᠤᠷᠢ ᠮᠥᠩᠭᠦ ᠶᠢᠨ | ᠬᠠᠮᠢᠶᠠᠷᠤᠯᠲᠠ᠂ ᠰᠣᠶᠢᠳᠭᠡᠯ ᠲᠤᠰᠢᠶᠠᠬᠤ ᠶᠢ ᠲᠦᠷ ᠵᠣᠭᠰᠣᠭᠠᠬᠤ᠂ ᠲᠤᠰᠢᠶᠠᠪᠠᠰᠤ ᠵᠣᠬᠢᠬᠤ ᠳᠠᠭᠠᠳᠬᠠᠯ ᠤᠨ | ᠵᠠᠷᠤᠳᠠᠯ ᠢ ᠲᠣᠭᠠᠴᠠᠭ᠎ᠠ ᠬᠢᠬᠦ ᠪᠠ ᠠᠵᠢᠯ ᠠᠴᠠ ᠪᠠᠨ ᠪᠠᠭᠤᠭᠰᠠᠳ ᠤᠨ ᠣᠯᠭᠤᠮᠵᠢ ᠶᠢ ᠰᠢᠯᠵᠢᠭᠦᠯᠦᠨ ᠲᠤᠰᠢᠶᠠᠵᠤ | ᠣᠯᠭᠤᠬᠤ ᠵᠡᠷᠭᠡ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ︵1︶ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠲᠠᠯ᠎ᠠ ᠪᠠᠷ᠃ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ᠂ | ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠰᠢᠰᠲ᠋ᠧᠮ᠂ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠨᠢᠭᠡᠨᠲᠡ ᠪᠡᠶᠡᠯᠡᠭᠦᠯᠵᠦ᠂ ᠡᠯ᠎ᠡ | ᠲᠥᠷᠥᠯ ᠤᠨ ᠴᠢᠳᠠᠮᠵᠢ᠂ ᠡᠷᠬᠡ ᠮᠡᠳᠡᠯ ᠤᠨ ᠲᠣᠬᠢᠷᠠᠭᠤᠯᠤᠯᠲᠠ ᠶᠢ ᠨᠢᠭᠡᠨᠲᠡ ᠦᠨᠳᠦᠰᠦᠨ ᠳᠡᠭᠡᠨ | ᠪᠣᠳᠠᠲᠠᠶᠢᠵᠢᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ | ︵2︶ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢᠨ ᠲᠠᠯ᠎ᠠ ᠪᠠᠷ᠃ ᠪᠦᠬᠦ | ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠳᠠᠭᠠᠳᠬᠠᠯ ᠳᠤ | ᠣᠷᠣᠯᠴᠠᠭᠰᠠᠨ ᠰᠤᠷᠠᠭ ᠵᠠᠩᠭᠢ ᠶᠢ ᠡᠮᠬᠢᠳᠬᠡᠬᠦ ᠶᠢᠨ ᠬᠠᠮᠲᠤ ᠲᠡᠭᠦᠯᠳᠡᠷᠵᠢᠭᠦᠯᠵᠦ᠂ 8933 ᠬᠥᠮᠦᠨ ᠤ ᠰᠤᠷᠠᠭ | ᠵᠠᠩᠭᠢ ᠶᠢ ᠴᠤᠭᠯᠠᠭᠤᠯᠬᠤ᠂ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ ᠪᠠ ᠰᠦᠢᠳᠬᠡᠯ ᠲᠤᠰᠢᠶᠠᠬᠤ ᠰᠠᠭᠤᠷᠢ | ᠲᠤᠭ᠎ᠠ ᠶᠢ ᠡᠷᠡᠮᠡᠯᠵᠡᠯᠡᠨ ᠮᠡᠳᠡᠭᠦᠯᠬᠦ ᠠᠵᠢᠯ ᠢ ᠪᠡᠶᠡᠯᠡᠭᠦᠯᠪᠡ᠂ ᠡᠭᠦᠨ ᠳᠤ᠄ ᠡᠳ᠋ ᠤᠨ ᠵᠠᠰᠠᠭ ᠠᠴᠠ ᠪᠦᠬᠦ ᠲᠤᠭ᠎ᠠ ᠪᠠᠷ | ᠵᠣᠭᠤᠰ ᠰᠠᠯᠭᠠᠨ ᠥᠭᠬᠦ ᠨᠢᠭᠡᠴᠡ 146᠂ ᠡᠳ᠋ ᠤᠨ ᠵᠠᠰᠠᠭ ᠤᠨ ᠵᠥᠷᠢᠶᠡᠲᠦ ᠲᠤᠭ᠎ᠠ ᠪᠠᠷ ᠵᠣᠭᠤᠰ ᠰᠠᠯᠭᠠᠨ ᠥᠭᠬᠦ | ᠨᠢᠭᠡᠴᠡ 3 ᠪᠤᠢ᠃ | ︵3︶ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠲᠠᠯ᠎ᠠ ᠪᠠᠷ᠃ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠶᠢ ᠲᠥᠰᠦᠭᠡᠯᠡᠨ ᠪᠣᠳᠣᠬᠤ ᠠᠵᠢᠯ ᠶᠢᠨ ᠳᠤᠮᠳᠠ᠂ ᠬᠤᠲᠠ ᠶᠢᠨ ᠲᠣᠪᠴᠢᠶ᠎ᠠ ᠶᠢᠨ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠵᠤ᠂ ᠰᠢᠰᠲ᠋ᠧᠮ ᠤᠨ ᠨᠢᠭᠡᠨᠲᠡ ᠪᠠᠶᠢᠭ᠎ᠠ ᠡᠷᠬᠡ ᠮᠡᠳᠡᠯ ᠤᠨ ᠴᠢᠳᠠᠮᠵᠢ ᠲᠠᠢ ᠤᠶᠠᠯᠳᠤᠭᠤᠯᠤᠨ᠂ | ᠡᠯ᠎ᠡ ᠨᠢᠭᠡᠴᠡ ᠶᠢᠨ ᠨᠠᠰᠤᠨ ᠤ ᠠᠮᠠᠷᠠᠯᠲᠠ ᠠᠪᠤᠭᠰᠠᠨ᠂ ᠰᠢᠯᠵᠢᠭᠦᠯᠦᠭᠰᠡᠨ᠂ ᠠᠵᠢᠯ ᠠᠴᠠ ᠨᠢ ᠪᠠᠭᠤᠯᠭᠠᠭᠰᠠᠨ ᠵᠡᠷᠭᠡ | ᠪᠠᠶᠢᠳᠡᠯ ᠳᠤ ᠴᠢᠭᠯᠡᠭᠦᠯᠦᠨ ᠰᠦᠢᠳᠬᠡᠯ ᠲᠤᠰᠢᠶᠠᠬᠤ ᠶᠢ ᠲᠦᠷ ᠵᠣᠭᠰᠣᠭᠠᠬᠤ ᠠᠵᠢᠯ ᠢ ᠠᠯᠬᠤᠮ ᠠᠯᠬᠤᠮ ᠢᠶᠠᠷ | ᠪᠡᠶᠡᠯᠡᠭᠦᠯᠵᠦ᠂ ᠡᠳ᠋ ᠤᠨ ᠵᠠᠰᠠᠭ ᠤᠨ ᠨᠢᠭᠡᠴᠡ ᠶᠢᠨ ᠲᠤᠰᠢᠶᠠᠬᠤ ᠶᠣᠰᠣᠲᠠᠶ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ | ᠠᠵᠢᠯ ᠮᠡᠷᠭᠡᠵᠢᠯ ᠤᠨ ᠮᠥᠩᠭᠦ ᠶᠢᠨ ᠵᠠᠷᠤᠳᠠᠯ ᠤᠨ ᠪᠠᠶᠢᠳᠠᠯ ᠢ ᠲᠣᠳᠣᠷᠬᠠᠶ ᠪᠣᠯᠭᠠᠪᠠ᠃ ᠲᠠᠲᠠᠪᠤᠷᠢᠯᠠᠨ ᠲᠤᠰᠢᠶᠠᠬᠤ | ᠲᠥᠯᠥᠪᠯᠡᠭᠡ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ | ᠶᠠᠪᠤᠴᠠ ᠳᠤ ᠠᠯᠳᠠᠭ᠎ᠠ ᠪᠤᠷᠤᠭᠤ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ ᠪᠢᠳᠡ ᠪᠠᠰᠠ ᠡᠯ᠎ᠡ ᠳᠠᠭᠠᠳᠬᠠᠯ ᠳᠤ | ᠣᠷᠣᠯᠴᠠᠭᠰᠠᠨ ᠨᠢᠭᠡᠴᠡ ᠶᠢᠨ ᠮᠡᠳᠡᠭᠡ ᠵᠠᠩᠭᠢ ᠴᠤᠭᠯᠠᠭᠤᠯᠬᠤ ᠪᠠ ᠰᠣᠶᠢᠳᠭᠡᠯ ᠲᠤᠰᠢᠶᠠᠬᠤ ᠰᠠᠭᠤᠷᠢ ᠲᠤᠭ᠎ᠠ ᠶᠢ | ᠮᠡᠳᠡᠭᠦᠯᠬᠦ ᠠᠵᠢᠯ ᠳᠤᠮᠳᠠ ᠢᠯᠡᠷᠡᠭᠰᠡᠨ ᠣᠷᠬᠢᠭᠳᠠᠭᠤᠯᠤᠭᠰᠠᠨ᠂ ᠪᠤᠷᠤᠭᠤ ᠠᠪᠤᠭᠰᠠᠨ᠂ ᠠᠵᠢᠯᠲᠠᠨ ᠤ ᠮᠡᠳᠡᠭᠡ ᠵᠠᠩᠭᠢ | ᠪᠤᠷᠤᠭᠤᠳᠠᠭᠰᠠᠨ ᠪᠠ ᠰᠠᠭᠤᠷᠢ ᠲᠤᠭ᠎ᠠ ᠶᠢ ᠪᠤᠳᠤᠭᠰᠠᠨ ᠨᠢ ᠪᠤᠷᠤᠭᠤᠳᠠᠭᠰᠠᠨ ᠵᠡᠷᠭᠡ ᠪᠠᠶᠢᠳᠠᠯ ᠢ ᠪᠦᠬᠦ ᠲᠠᠯ᠎ᠠ ᠪᠠᠷ | ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠯᠳᠠᠭ᠎ᠠ ᠪᠤᠷᠤᠭᠤ ᠶᠢ ᠡᠮᠬᠢᠯᠡᠨ | ᠲᠢᠭᠯᠡᠵᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠯ᠎ᠡ | ᠳᠠᠭᠠᠳᠬᠠᠯ ᠳᠤ ᠣᠷᠣᠯᠴᠠᠭᠰᠠᠨ ᠨᠢᠭᠡᠴᠡ ᠲᠠᠢ ᠬᠠᠮᠵᠢᠯᠴᠠᠨ ᠰᠢᠰᠲ᠋ᠧᠮ ᠳᠤ ᠪᠠᠶᠢᠴᠠᠭᠠᠯᠲᠠ ᠬᠢᠪᠡ᠃ | ︵4︶ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠳᠤ ᠲᠣᠬᠢᠷᠠᠭᠤᠯᠤᠯᠲᠠ | ᠬᠢᠨ᠎ᠡ᠃ ︽2018 ᠣᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠡᠪᠣᠷᠢᠵᠢᠭᠤᠯᠬᠤ᠂ ᠠᠵᠢᠯ ᠠᠴᠠ ᠪᠠᠨ ᠪᠠᠭᠤᠵᠤ ᠠᠮᠠᠷᠠᠭᠰᠠᠨ | ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠠᠵᠢᠯ ᠢ ᠢᠳᠡᠪᠬᠢᠲᠡᠢ ᠰᠠᠶᠢᠲᠤᠷ | ᠬᠢᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠲᠣᠬᠢᠷᠠᠭᠤᠯᠤᠯᠲᠠ ᠬᠢᠵᠦ᠂ 8 ᠰᠠᠷ᠎ᠠ ᠶᠢᠨ ᠰᠡᠭᠦᠯᠴᠢ ᠪᠠᠷ ᠪᠦᠬᠦᠨ ᠢ ᠪᠡᠶᠡᠯᠡᠭᠦᠯᠪᠡ᠃ | ︵5︶ ᠣᠯᠭᠤᠮᠵᠢ ᠶᠢ ᠰᠢᠯᠵᠢᠭᠦᠯᠦᠨ ᠲᠤᠰᠢᠶᠠᠵᠤ ᠣᠯᠭᠤᠬᠤ ᠲᠠᠯ᠎ᠠ ᠪᠠᠷ᠃ ᠲᠣᠬᠢᠷᠠᠭᠤᠯᠤᠯᠲᠠ ᠶᠢ | ᠦᠨᠳᠦᠰᠦᠯᠡᠪᠡᠯ᠂ ᠮᠠᠨ ᠤ ᠲᠣᠪᠴᠢᠶ᠎ᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ | ᠬᠦᠯᠢᠶᠡᠨ ᠠᠪᠬᠤ ᠲᠥᠰᠦᠯ ᠪᠠ ᠬᠠᠮᠢᠶᠠᠷᠬᠤ ᠠᠷᠭ᠎ᠠ ᠶᠢ ᠲᠣᠭᠲᠠᠭᠠᠵᠠᠶ᠃ ᠦᠢᠷ᠎ᠡ ᠶᠢᠨ ᠬᠤᠭᠤᠴᠠᠭᠠᠨ ᠳᠤ ᠠᠯᠪᠠᠨ | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠨ ᠤ ᠠᠮᠠᠷᠠᠯᠲᠠ ᠠᠪᠤᠭᠰᠠᠨ ᠬᠥᠮᠦᠰ ᠢ ᠰᠢᠯᠵᠢᠭᠦᠯᠦᠨ | ᠲᠤᠰᠢᠶᠠᠬᠤ ᠪᠠᠷ ᠪᠡᠯᠡᠳᠬᠡᠵᠦ ᠪᠠᠶᠢᠨ᠎ᠠ᠃ | 4. ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ ᠢ ᠯᠠᠪᠳᠠᠭᠤᠨ ᠪᠠᠲᠤᠲᠠᠶ ᠠᠬᠢᠭᠤᠯᠪᠠ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ ᠤᠨ ᠠᠵᠢᠯ ᠨᠢᠳᠤᠨᠤᠨ ᠤ ᠦᠷ᠎ᠡ | ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠡᠨᠡ ᠵᠢᠯ ᠬᠤᠲᠠ ᠶᠢᠨ ᠲᠣᠪᠴᠢᠶ᠎ᠠ ᠶᠢᠨ ᠪᠠᠶᠢᠷᠢᠯᠠᠭᠤᠯᠤᠯᠲᠠ | ᠶᠣᠰᠣᠭᠠᠷ᠂ ᠨᠢᠭᠡ ᠳᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢ ᠵᠠᠳᠠᠯᠤᠨ | ᠰᠢᠨᠵᠢᠯᠡᠵᠦ ᠡᠰᠢᠯᠡᠨ ᠬᠡᠷᠡᠭᠯᠡᠬᠦ ᠶᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ | ᠠᠵᠢᠯ ᠲᠥᠷᠥᠯ ᠪᠠ ᠭᠤᠤᠯᠳᠠᠯᠭ᠎ᠠ ᠲᠠᠢ ᠬᠥᠮᠦᠰ ᠲᠤ ᠲᠣᠤᠷ ᠲᠠᠲᠠᠵᠤ ᠵᠢᠭᠰᠠᠭᠠᠨ ᠪᠠᠶᠢᠴᠠᠭᠠᠵᠤ᠂ ᠳᠠᠩᠰᠠᠯᠠᠨ ᠳᠠᠩᠰᠠ | ᠡᠪᠬᠡᠮᠡᠯ ᠪᠠᠶᠢᠭᠤᠯᠵᠤ᠂ ᠲᠥᠷᠥᠯ ᠬᠤᠪᠢᠶᠠᠨ ᠰᠢᠢᠳᠪᠣᠷᠢᠯᠡᠵᠦ᠂ ᠠᠯᠬᠤᠮ ᠠᠯᠬᠤᠮ ᠢᠶᠠᠷ ᠣᠷᠣᠭᠤᠯᠤᠨ᠂ ᠲᠣᠶᠢᠯ ᠤᠨ | ᠣᠨᠣᠪᠴᠢᠲᠠᠶ ᠪᠠᠷ ᠬᠡᠪᠴᠢᠶ᠎ᠡ ᠶᠢ ᠥᠷᠭᠡᠳᠬᠡᠬᠦ ᠳᠤ ᠦᠨᠳᠦᠰᠦᠯᠡᠯ ᠬᠠᠩᠭᠠᠪᠠ᠃ ᠬᠤᠶᠠᠷ ᠲᠤ ᠲᠤᠭ᠎ᠠ ᠪᠠᠷᠢᠮᠲᠠ ᠶᠢ | ᠬᠥᠳᠡᠯᠦᠩᠭᠦᠶ ᠪᠠᠷ ᠰᠢᠨᠡᠳᠬᠡᠬᠦ ᠪᠠᠶᠢᠭᠤᠯᠤᠯ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ | ᠢ ᠤᠯᠠᠮ ᠨᠢᠭᠡ ᠠᠯᠬᠤᠮ ᠡᠵᠡᠮᠰᠢᠬᠦ ᠳᠤ ᠬᠥᠮᠦᠰ ᠢ ᠬᠠᠮᠤᠷᠬᠤ ᠬᠡᠷᠡᠭᠲᠡᠶ᠃ ᠭᠤᠷᠪᠠ ᠳᠤ ᠲᠤᠭ᠎ᠠ ᠪᠠᠷᠢᠮᠲᠠ ᠶᠢᠨ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠬᠥᠮᠦᠨ ᠠᠮᠠ ᠶᠢᠨ ᠬᠥᠮᠥᠷᠭᠡ᠂ | ᠠᠷᠠᠳ ᠤᠨ ᠶᠠᠪᠤᠳᠠᠯ᠂ ᠲᠥᠯᠥᠪᠯᠡᠭᠡᠲᠦ ᠦᠷᠡᠵᠢᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠯᠦᠭᠡ | ᠲᠤᠭ᠎ᠠ ᠪᠠᠷᠢᠮᠲᠠ ᠶᠢᠨ ᠬᠠᠷᠢᠴᠠᠭᠤᠯᠤᠯ ᠢ ᠥᠷᠨᠢᠭᠦᠯᠵᠦ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠦᠨᠡᠨᠬᠦ | ᠪᠠᠲᠤᠯᠠᠵᠤ᠂ ᠲᠣᠮᠣ ᠲᠤᠭ᠎ᠠ ᠪᠠᠷᠢᠮᠲᠠ ᠶᠢ ᠠᠰᠢᠭᠯᠠ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠳᠡᠮᠵᠢᠬᠦ ᠳᠤ | ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠶ᠃ | 5. ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠭ᠎ᠠ ᠪᠠᠷᠢᠮᠲᠠ ᠶᠢᠨ ᠬᠠᠷᠢᠴᠠᠯ ᠢᠯᠡᠳᠲᠡ ᠦᠷ᠎ᠡ | ᠪᠦᠲᠦᠮᠵᠢ ᠣᠯᠪᠠ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠠᠵᠢᠯᠯᠠᠭᠠᠨ ᠢ ᠦᠨᠡᠨ ᠬᠦ ᠪᠠᠲᠤᠯᠠᠵᠤ᠂ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠶᠢ | ᠰᠡᠷᠭᠡᠶᠢᠯᠡᠵᠦ᠂ ᠲᠣᠭᠲᠠᠭᠠᠯ ᠠᠴᠠ ᠵᠥᠷᠢᠴᠡᠨ ᠲᠠᠷᠬᠠᠭᠠᠬᠤ ᠶᠢ ᠲᠠᠰᠤ ᠬᠤᠷᠢᠭᠯᠠᠵᠤ᠂ ᠨᠠᠰᠤᠵᠢᠯ ᠤᠨ ᠮᠥᠩᠭᠦ ᠶᠢ ᠵᠥᠪ | ᠣᠨᠣᠪᠴᠢᠲᠠᠶ ᠣᠯᠭᠤᠵᠤ᠂ ᠠᠮᠤᠷ ᠲᠦᠪᠰᠢᠨ ᠢᠶᠠᠷ ᠠᠵᠢᠯᠯᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ | ᠲᠣᠪᠴᠢᠶ᠎ᠠ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠠᠵᠢᠯ | ᠣᠯᠭᠤᠯᠲᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠵᠢᠴᠢ ᠡᠯ᠎ᠡ ᠰᠤᠮᠤ ᠰᠢᠶᠠᠩ | ᠪᠠᠯᠭᠠᠰᠤ ᠲᠠᠢ ᠬᠠᠮᠲᠤᠷᠠᠨ᠂ ᠬᠠᠷᠠᠭᠠᠯᠵᠠᠯ ᠬᠦᠷᠲᠡᠭᠰᠡᠳ ᠵᠢᠴᠢ ᠨᠠᠷᠢᠯᠢᠭ ᠣᠨᠣᠴᠠᠲᠠᠶ ᠪᠠᠷ ᠶᠠᠳᠠᠭᠤ ᠬᠦᠴᠢᠷᠳᠡᠯᠲᠡᠶ | ᠲᠡᠳᠬᠦᠭᠦᠯᠬᠦ ᠡᠲᠡᠭᠡᠳ ᠲᠤ ᠨᠠᠷᠢᠨ ᠲᠣᠳᠣᠷᠬᠠᠶ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠦᠬᠦᠭᠰᠡᠨ᠂ ᠬᠦᠨᠳᠦ | ᠡᠷᠦᠬᠡ᠂ ᠬᠠᠷᠠᠭᠠᠯᠵᠠᠯ ᠢ ᠳᠠᠪᠬᠤᠷ ᠠᠪᠤᠭᠰᠠᠨ ᠬᠥᠮᠦᠰ ᠢ ᠴᠢᠩᠭ᠎ᠠ ᠬᠢᠨᠠᠨ ᠬᠠᠷᠭᠤᠭᠤᠯᠵᠤ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠵᠡᠷᠭᠡᠪᠡᠷ ᠣᠷᠣᠯᠴᠠᠭᠰᠠᠨ ᠬᠥᠮᠦᠰ ᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ᠂ ᠳᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠡᠷᠦᠬᠡ ᠶᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠪᠠ᠃ | ᠲᠤᠭ᠎ᠠ ᠪᠠᠷᠢᠮᠲᠠ ᠶᠢᠨ ᠬᠠᠷᠢᠴᠠᠯ ᠬᠢᠭᠡᠳ ᠲᠤᠯᠭᠠᠨ ᠬᠠᠷᠭᠤᠭᠤᠯᠬᠤ ᠪᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠢ | ᠬᠠᠭᠤᠷᠮᠠᠭᠯᠠᠨ ᠠᠪᠤᠭᠰᠠᠨ ᠪᠠ ᠨᠡᠶᠢᠭᠡᠮ ᠤᠨ ᠳᠠᠭᠠᠳᠬᠠᠯ ᠢ ᠳᠠᠪᠬᠤᠷᠳᠠᠭᠤᠯᠤᠨ ᠠᠪᠤᠭᠰᠠᠨ ᠳᠠᠭᠠᠳᠬᠠᠯ ᠳᠤ | ᠣᠷᠣᠯᠴᠠᠭᠰᠠᠨ ᠬᠥᠮᠦᠰ ᠲᠤ ᠰᠢᠰᠲ᠋ᠧᠮ ᠢᠶᠠᠷ ᠢᠶᠠᠨ ᠴᠠᠯᠢᠩ ᠢ ᠵᠣᠭᠰᠣᠭᠠᠬᠤ ᠰᠢᠢᠳᠪᠣᠷᠢᠯᠡᠯᠳᠡ ᠣᠯᠭᠤᠬᠤ ᠶᠢᠨ | ᠬᠠᠮᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠳᠠᠭᠠᠳᠬᠠᠯ ᠳᠤ | ᠣᠷᠣᠯᠴᠠᠭᠰᠠᠨ ᠬᠤᠯᠪᠣᠭᠳᠠᠯ ᠪᠦᠬᠦᠢ ᠬᠥᠮᠦᠰ ᠢ ᠴᠠᠯᠢᠩ ᠢ ᠬᠠᠭᠤᠷᠮᠠᠭᠯᠠᠨ ᠠᠪᠤᠭᠰᠠᠨ ᠪᠤᠶᠤ ᠳᠠᠭᠠᠳᠬᠠᠯ ᠢ | ᠪᠤᠴᠠᠭᠠᠯᠭᠠᠬᠤ ᠬᠡᠷᠡᠭᠲᠡᠶ᠃ | ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ ᠲᠤᠭ᠎ᠠ ᠪᠠᠷᠢᠮᠲᠠ ᠶᠢᠨ ᠠᠳᠠᠯᠢᠳᠬᠠᠯ ᠤᠨ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠳᠬᠠᠯ ᠳᠤ | ᠣᠷᠣᠯᠴᠠᠭᠰᠠᠳ ᠤᠨ ᠡᠯ᠎ᠡ ᠲᠥᠷᠥᠯ ᠤᠨ ᠮᠡᠳᠡᠭᠡ ᠵᠠᠩᠭᠢ ᠶᠢ ᠲᠤᠯᠭᠠᠨ ᠬᠠᠷᠭᠤᠭᠤᠯᠵᠤ᠂ ᠠᠰᠠᠭᠤᠳᠠᠯ ᠢ ᠢᠯᠡᠷᠡᠭᠦᠯᠵᠦ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠶᠠᠳᠠᠭᠤ ᠶᠢ ᠲᠡᠳᠬᠦᠬᠦ ᠵᠡᠷᠭᠡ ᠡᠯ᠎ᠡ ᠲᠥᠷᠥᠯ ᠤᠨ ᠪᠠᠯᠠ | ᠮᠥᠩᠭᠦ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ | 6. ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ | ᠲᠣᠭᠤᠷᠢᠭ᠂ ᠬᠤᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ 4 ᠰᠠᠷ᠎ᠠ ᠠᠴᠠ ᠡᠬᠢᠯᠡᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠠᠪᠤᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠳ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠠᠴᠠ ᠪᠠᠨ ᠪᠠᠭᠤᠵᠤ | ᠠᠮᠠᠷᠠᠭᠰᠠᠳ ᠲᠤ ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠬᠢᠪᠡ᠃ ᠬᠤᠰᠢᠭᠤᠨ ᠵᠠᠰᠠᠭ ᠤᠨ ᠣᠷᠳᠣᠨ ᠲᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶ ᠬᠤᠷᠠᠯ ᠬᠤᠷᠠᠯᠳᠤᠭᠤᠯᠵᠤ ᠲᠤᠬᠢᠷᠠᠭᠤᠯᠤᠨ ᠪᠠᠶᠢᠷᠢᠯᠠᠭᠤᠯᠪᠠ᠃ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠣᠨᠤᠭ ᠲᠥᠬᠦᠭᠡᠷᠦᠮᠵᠢ ᠶᠢ ᠠᠰᠢᠭᠯᠠ᠂ ᠣᠷᠣᠰᠢᠨ | ᠲᠣᠭᠲᠠᠨᠢᠬᠤ ᠭᠡᠷᠡᠴᠢᠯᠡᠯ ᠢ ᠪᠦᠬᠦᠨ ᠢ ᠡᠯ᠎ᠡ ᠰᠤᠮᠤ ᠰᠢᠶᠠᠩ ᠪᠠᠯᠭᠠᠰᠤᠨ ᠤ ᠪᠠᠲᠤᠯᠠᠭ᠎ᠠ ᠶᠢᠨ ᠭᠠᠵᠠᠷ ᠲᠤ | ᠪᠠᠭᠤᠯᠭᠠᠬᠤ ᠶᠢᠨ ᠬᠠᠮᠲᠤ A P P ᠶᠢᠨ ᠪᠠᠶᠢᠴᠠᠭᠠᠯᠲᠠ᠂ ᠬᠠᠷᠠᠭᠠᠨ ᠳᠠᠪᠲᠠᠮᠵᠢ ᠶᠢᠨ ᠪᠠᠶᠢᠴᠠᠭᠠᠯᠲᠠ᠂ ᠣᠨᠳᠣᠤ | ᠭᠠᠵᠠᠷ ᠤᠨ ᠪᠠᠶᠢᠴᠠᠭᠠᠯᠲᠠ᠂ ᠭᠡᠷ ᠲᠤᠨᠢ ᠬᠦᠷᠴᠦ ᠪᠠᠶᠢᠴᠠᠭᠠᠯᠲᠠ ᠬᠢᠬᠦ ᠵᠡᠷᠭᠡ ᠣᠯᠠᠨ ᠵᠣᠶᠢᠯ ᠤᠨ ᠪᠠᠶᠢᠴᠠᠭᠠᠯᠲᠠ ᠶᠢᠨ | ᠠᠷᠭ᠎ᠠ ᠪᠠᠷᠢᠯ ᠢ ᠠᠪᠴᠤ᠂ ᠭᠡᠷᠡᠴᠢᠯᠡᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠡᠷᠡᠴᠢᠯᠡᠯ ᠤᠨ | ᠠᠵᠢᠯ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠤᠷᠲᠤ ᠬᠤᠭᠤᠴᠠᠭ᠎ᠠ ᠪᠠᠷ ᠬᠦᠯᠢᠶᠡᠬᠦ ᠠᠴᠠ ᠵᠠᠶᠢᠯᠠᠰᠬᠢᠵᠦ᠂ | ᠭᠡᠷᠡᠴᠢᠯᠡᠯ ᠤᠨ ᠣᠯᠠᠨ ᠲᠦᠮᠡᠨ ᠤ ᠨᠠᠰᠢ ᠴᠠᠰᠢ ᠭᠦᠶᠦᠬᠦ ᠵᠠᠷᠤᠳᠠᠯ ᠢ ᠪᠠᠭᠠᠰᠬᠠᠨ᠂ ᠶᠡᠭᠡ ᠬᠡᠮᠵᠢᠶᠡᠨ ᠤ ᠴᠠᠭ ᠢ | ᠠᠷᠪᠢᠯᠠᠵᠤ᠂ ᠥᠷᠭᠡᠨ ᠣᠯᠠᠨ ᠲᠦᠮᠡᠨ ᠪᠠ ᠨᠡᠶᠢᠭᠡᠮ ᠨᠡᠶᠢᠲᠡ ᠶᠢᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ | ᠪᠠᠶᠢᠨ᠎ᠠ᠃ | 7. ᠳᠣᠲᠣᠭᠠᠳᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠪᠠ | ᠮᠠᠨ ᠤ ᠲᠣᠪᠴᠢᠶ᠎ᠠ ᠶᠢᠨ ᠳᠣᠲᠣᠭᠠᠳᠤ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠳᠤ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠤᠰᠢᠭᠤᠨ ᠤ | ᠱᠠᠭᠠᠷᠳᠠᠯᠭ᠎ᠠ ᠶᠣᠰᠣᠭᠠᠷ᠂ ᠳᠣᠲᠣᠭᠠᠳᠤ ᠶᠢᠨ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ ᠬᠠᠮᠢᠶᠠᠷᠤᠯᠲᠠ ᠶᠢᠨ | ᠪᠠᠷᠢᠮᠵᠢᠶ᠎ᠠ ᠶᠢ ᠲᠡᠭᠦᠯᠳᠡᠷᠵᠢᠭᠦᠯᠦᠨ ᠨᠡᠶᠢᠳᠡᠪᠣᠷᠢᠵᠢᠭᠤᠯᠬᠤ ᠪᠠᠷ ᠭᠤᠤᠯᠳᠠᠯᠭ᠎ᠠ ᠪᠣᠯᠭᠠᠵᠤ᠂ ᠴᠢᠬᠡᠴᠢ ᠵᠠᠰᠠᠭ ᠤᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ ᠶᠢᠨ ᠴᠢᠬᠡᠴᠢ ᠵᠠᠰᠠᠭ ᠤᠨ ᠲᠦᠭᠰᠢᠭᠦᠷᠢ ᠶᠢᠨ | ᠴᠡᠭ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠲᠤᠬᠠᠶᠢᠯᠠᠭᠰᠠᠨ ᠠᠵᠢᠯ ᠢ ᠭᠠᠷᠲᠠᠨ | ᠭᠦᠢᠴᠡᠳᠭᠡᠬᠦ ᠶᠠᠪᠤᠴᠠ ᠳᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠶᠢ ᠦᠨᠡᠨᠬᠦ ᠴᠢᠩᠭᠠᠳᠬᠠᠵᠤ᠂ | ᠭᠤᠤᠯᠳᠠᠯᠭ᠎ᠠ ᠲᠠᠢ ᠲᠦᠭᠰᠢᠭᠦᠷᠢ ᠶᠢᠨ ᠭᠤᠭᠴᠤᠭ᠎ᠠ ᠪᠣᠯᠤᠨ ᠠᠵᠢᠯ ᠤᠨ ᠪᠠᠶᠢᠷᠢ ᠶᠢ ᠭᠤᠤᠯᠳᠠᠯᠭ᠎ᠠ ᠲᠠᠢ ᠬᠢᠨᠠᠨ | ᠡᠵᠡᠮᠳᠡᠬᠦ ᠶᠢᠨ ᠬᠠᠮᠲᠤ᠂ ᠨᠠᠰᠤᠵᠢᠯ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠲᠦᠭᠰᠢᠭᠦᠷᠢ ᠶᠢᠨ ᠲᠤᠰᠬᠠᠶ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠂ ᠲᠦᠭᠰᠢᠭᠦᠷᠢ ᠡᠭᠦᠰᠬᠦ ᠪᠣᠯᠣᠯᠴᠠᠭᠠᠲᠤ ᠴᠢᠨᠠᠷ ᠢ ᠰᠡᠷᠭᠡᠶᠢᠯᠡᠨ ᠪᠠᠭᠤᠷᠠᠭᠤᠯᠬᠤ ᠬᠡᠷᠡᠭᠲᠡᠶ᠃ | 8. ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ | ᠨᠢᠭᠡ ᠳᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ | ᠲᠥᠯᠥᠭᠡ᠂ ᠮᠠᠨ ᠤ ᠲᠣᠪᠴᠢᠶ᠎ᠠ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠶ | ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠬᠡᠪᠴᠢᠶ᠎ᠡ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠣᠶᠢᠳᠭᠡᠯ ᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢᠨ ᠪᠠᠶᠢᠳᠡᠯ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠢ ᠲᠥᠯᠥᠭᠰᠡᠨ ᠪᠠᠶᠢᠳᠡᠯ᠂ ᠨᠡᠶᠢᠭᠡᠮ ᠤᠨ ᠪᠠᠲᠤᠯᠠᠭ᠎ᠠ ᠶᠢᠨ ᠪᠠᠶᠢᠳᠡᠯ᠂ ᠲᠤᠬᠠᠶᠢᠯᠠᠭᠰᠠᠨ | ᠠᠵᠢᠯ ᠢ ᠬᠢᠨᠠᠨ ᠵᠥᠪᠰᠢᠶᠡᠷᠡᠵᠦ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠪᠠᠶᠢᠳᠡᠯ᠂ ᠲᠤᠬᠠᠶᠢᠯᠠᠭᠰᠠᠨ ᠠᠵᠢᠯ ᠢ | ᠭᠠᠷᠲᠠᠨ ᠭᠦᠢᠴᠡᠳᠭᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠳᠡᠯ ᠵᠢᠴᠢ ᠬᠢᠨᠠᠯᠲᠠ ᠬᠠᠮᠢᠶᠠᠷᠤᠯᠲᠠ ᠶᠢᠨ | ᠪᠠᠶᠢᠳᠡᠯ ᠪᠠᠭᠲᠠᠨ᠎ᠠ᠃ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠬᠤᠶᠠᠷ ᠲᠤ ︽ᠨᠡᠶᠢᠭᠡᠮ ᠤᠨ ᠳᠠᠭᠠᠳᠬᠠᠯ ᠤᠨ ᠡᠳ᠋ ᠤᠨ ᠶᠠᠪᠤᠳᠠᠯ ᠤᠨ ᠳᠦᠷᠢᠮ ᠪᠠ ᠨᠢᠭᠲᠠᠯᠠᠨ ᠪᠤᠳᠤᠬᠤ | ᠳᠦᠷᠢᠮ︾ ᠢ ᠴᠢᠩᠭ᠎ᠠ ᠬᠡᠷᠡᠭᠵᠢᠭᠦᠯᠵᠦ᠂ ᠰᠠᠭᠤᠷᠢ ᠮᠥᠩᠭᠦᠨ ᠤ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ | ᠦᠨᠡᠨ ᠬᠦ ᠰᠠᠶᠢᠲᠤᠷ ᠬᠢᠵᠦ᠂ ᠰᠠᠭᠤᠷᠢ ᠮᠥᠩᠭᠦᠨ ᠤ ᠠᠵᠢᠯᠯᠠᠭᠠᠨ ᠤ ᠵᠠᠳᠠᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠭᠤᠷᠪᠠ ᠳᠤ ᠰᠠᠭᠤᠷᠢ ᠮᠥᠩᠭᠦᠨ ᠤ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠰᠠᠭᠤᠷᠢ ᠮᠥᠩᠭᠦᠨ ᠤ ᠵᠠᠷᠤᠯᠭ᠎ᠠ ᠶᠢᠨ | ᠵᠦᠶ ᠵᠣᠬᠢᠰ ᠦᠭᠡᠢ ᠨᠡᠮᠡᠭᠳᠡᠬᠦ ᠶᠢ ᠪᠦᠲᠦᠮᠵᠢᠲᠡᠶ ᠬᠤᠷᠢᠭᠯᠠᠨ᠎ᠠ᠃ | ᠳᠥᠷᠪᠡ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ | ᠲᠦᠭᠰᠢᠭᠦᠷᠢ ᠶᠢ ᠵᠠᠳᠠᠯᠬᠤ ᠪᠠ ᠬᠢᠨᠠᠨ ᠡᠵᠡᠮᠳᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢᠨ ᠲᠥᠰᠦᠪ ᠤᠨ | ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ | ᠢᠳᠡᠪᠬᠢᠲᠡᠢ ᠰᠡᠷᠭᠡᠶᠢᠯᠡᠨ᠎ᠡ᠃ | ᠲᠠᠪᠤ ᠳᠤ ᠪᠠᠶᠢᠴᠠᠭᠠᠨ ᠰᠢᠢᠳᠪᠣᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠮᠥᠩᠭᠦ ᠶᠢᠨ ᠠᠮᠤᠷ | ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ | 9. ︽ᠨᠠᠷᠢᠯᠢᠭ ᠣᠨᠣᠪᠴᠢᠳᠡᠢ ᠪᠠᠷ ᠶᠠᠳᠠᠭᠤ ᠶᠢ ᠲᠡᠳᠬᠦᠬᠦ︾ ᠠᠵᠢᠯ ᠢ ᠪᠦᠬᠦ ᠲᠠᠯ᠎ᠠ ᠪᠠᠷ ᠲᠦᠯᠬᠢᠨ | ᠠᠬᠢᠭᠤᠯᠪᠠ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠶᠢ ᠦᠨᠳᠦᠰᠦᠯᠡᠨ᠂ ᠡᠨᠡ ᠵᠢᠯ᠂ | ᠮᠠᠨ ᠤ ᠲᠣᠪᠴᠢᠶ᠎ᠠ ᠶᠢᠨ ︽ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ︾ ᠲᠣᠯᠣᠭᠠᠨ ᠬᠤᠣᠶᠢᠳᠠᠭ ᠰᠤᠮᠤ ᠶᠢᠨ | ᠬᠤᠸᠠᠩ ᠶᠠᠩ ᠴᠧᠩ ᠭᠠᠴᠠᠭ᠎ᠠ ᠨᠢ ᠪᠥᠬᠦ ᠲᠠᠯ᠎ᠠ ᠪᠠᠷ 22 ᠺᠠᠳ᠋ᠷ 31 ᠶᠠᠳᠠᠭᠤ ᠬᠦᠴᠢᠷᠳᠡᠯᠲᠡᠶ ᠡᠷᠦᠬᠡ ᠶᠢ | ᠳᠠᠭᠠᠭᠠᠴᠢᠯᠠᠨ ᠲᠡᠳᠬᠦᠵᠦ᠂ ᠬᠤᠶᠠᠷ ᠰᠤᠮᠤ ᠳᠣᠯᠣᠭᠠᠨ ᠵᠠᠰᠠᠭ ᠵᠠᠬᠢᠷᠭᠠᠨ ᠤ ᠲᠣᠰᠬᠤᠨ ᠲᠠᠷᠬᠠᠵᠤ ᠪᠠᠶᠢᠨ᠎ᠠ᠃ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠡᠩ ᠲᠡᠷᠢᠭᠦᠨ ᠳᠤ ︽ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠶᠢᠨ ᠲᠥᠰᠦᠯ︾ ᠢ ᠲᠣᠭᠲᠠᠭᠠᠵᠤ᠂ ᠲᠣᠰᠬᠤᠨ ᠳᠤ ᠰᠠᠭᠤᠬᠤ ᠭᠠᠵᠠᠷ ᠢ | ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠵᠢᠯᠣᠭᠤᠳᠬᠤ ᠭᠠᠵᠠᠷ ᠢ ᠰᠢᠨ᠎ᠡ ᠪᠠᠷ ᠪᠠᠶᠢᠭᠤᠯᠤᠭᠰᠠᠨ ᠪᠥᠭᠡᠳ ᠭᠠᠯ ᠨᠣᠴᠣᠭᠠᠵᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠬᠢᠯᠡᠭᠦᠯᠵᠡᠶ᠃ ᠲᠣᠰᠬᠤᠨ ᠳᠤ ᠰᠠᠭᠤᠭ᠎ᠠ ᠭᠠᠴᠠᠭ᠎ᠠ ᠲᠣᠰᠬᠤᠨ ᠨᠢ ᠦᠢᠯᠡᠳᠪᠣᠷᠢᠯᠡᠯ ᠠᠴᠠ | ᠠᠩᠭᠢᠵᠢᠷᠠᠬᠤ ᠶᠢ ᠪᠠᠷᠢᠮᠲᠠᠯᠠᠵᠤ᠂ ᠬᠠᠪᠰᠤᠷᠤᠨ ᠲᠡᠳᠬᠦᠬᠦ ᠠᠵᠢᠯ ᠢ ᠲᠥᠪᠯᠡᠷᠡᠭᠦᠯᠦᠨ ᠥᠷᠨᠢᠭᠦᠯᠦᠨ᠎ᠡ᠃ | ᠨᠢᠭᠡ ᠳᠤ᠂ ᠦᠨᠡᠨ ᠪᠠᠶᠢᠳᠠᠯ ᠢ ᠣᠶᠢᠯᠠᠭᠠᠬᠤ ᠠᠵᠢᠯ ᠢ ᠬᠢᠨᠠᠮᠠᠭᠠᠶ ᠥᠷᠨᠢᠭᠦᠯᠪᠡ᠃ ᠲᠣᠰᠬᠤᠨ ᠳᠤ ᠰᠠᠭᠤᠵᠤ | ᠪᠥᠬᠦ ᠭᠠᠴᠠᠭᠠᠨ ᠤ 5 ᠬᠤᠲᠠ ᠳᠤ ᠭᠦᠨᠵᠡᠭᠡᠶᠢᠷᠡᠨ᠂ ᠦᠨᠳᠦᠰᠦᠨ ᠪᠠᠶᠢᠳᠡᠯ ᠵᠢᠴᠢ ᠶᠠᠳᠠᠭᠤ ᠬᠦᠴᠢᠷᠳᠡᠯᠲᠡᠶ | ᠡᠷᠦᠬᠡ ᠶᠢᠨ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠠᠷᠢᠨ ᠣᠶᠢᠯᠠᠭᠠᠵᠤ᠂ ᠲᠠᠷᠠᠭᠠᠴᠢ ᠶᠢᠨ ᠠᠯᠬᠤᠮ ᠤᠨ | ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠬᠤᠶᠠᠷ ᠲᠤ᠂ ᠨᠡᠶᠢᠭᠡᠮ ᠤᠨ ᠪᠠᠲᠤᠯᠠᠭᠠᠨ ᠤ ᠠᠵᠢᠯ ᠢ ᠰᠠᠶᠢᠲᠤᠷ ᠬᠢᠨ᠎ᠡ᠃ ᠮᠠᠨ ᠤ ᠲᠣᠪᠴᠢᠶ᠎ᠠ ᠪᠤᠢ ᠪᠦᠬᠦᠢ | ᠳᠠᠭᠠᠭᠠᠨ ᠲᠡᠳᠬᠦᠬᠦ ᠺᠠᠳ᠋ᠷ ᠢ ᠳᠠᠭᠠᠭᠠᠨ ᠲᠡᠳᠬᠦᠬᠦ ᠡᠷᠦᠬᠡ ᠶᠢᠨ ᠪᠤᠢ ᠪᠦᠬᠦᠢ ᠬᠤᠯᠪᠣᠭᠳᠠᠯ ᠪᠦᠬᠦᠢ ᠮᠡᠳᠡᠭᠡ ᠵᠠᠩᠭᠢ | ᠪᠠ ᠦᠨᠳᠦᠰᠦᠨ ᠪᠠᠶᠢᠳᠡᠯ ᠵᠢᠴᠢ ᠲᠡᠳᠡᠨ ᠤ ᠪᠤᠳᠤᠯ ᠰᠠᠨᠠᠯ ᠪᠠ ᠰᠠᠨᠠᠯ ᠢ ᠨᠠᠷᠢᠨ ᠬᠢᠨᠠᠮᠠᠭᠠᠶ ᠲᠣᠭᠲᠠᠭᠠᠵᠤ᠂ | ᠨᠡᠶᠢᠭᠡᠮ ᠠᠴᠠ ᠦᠨᠳᠦᠰᠦᠨ ᠵᠣᠶᠢᠯ ᠢ ᠪᠠᠲᠤᠯᠠᠬᠤ ᠪᠠ ᠠᠪᠤᠷᠠᠨ ᠲᠤᠰᠠᠯᠠᠬᠤ ᠴᠢᠬᠤᠯᠠᠲᠠᠶ ᠶᠠᠳᠠᠭᠤ ᠬᠦᠴᠢᠷᠳᠡᠯᠲᠡᠶ | ᠡᠷᠦᠬᠡ ᠪᠠ ᠬᠥᠮᠦᠰ ᠢ ᠡᠮᠬᠢᠯᠡᠨ ᠭᠠᠷᠭᠠᠵᠤ᠂ ᠵᠣᠬᠢᠴᠠᠩᠭᠤᠶ ᠲᠥᠷᠦ ᠶᠢᠨ ᠪᠣᠳᠣᠯᠭ᠎ᠠ ᠪᠠᠷ ᠦᠨᠳᠦᠰᠦᠨ ᠵᠣᠶᠢᠯ ᠢ | ᠪᠠᠲᠤᠯᠠᠬᠤ ᠰᠠᠨᠠᠯ ᠳᠤᠷᠠᠳᠬᠤ ᠶᠢᠨ ᠬᠠᠮᠲᠤ ᠴᠠᠭ ᠲᠤᠬᠠᠶ ᠳᠤᠨᠢ ᠲᠣᠯᠣᠭᠠᠨ ᠬᠤᠳᠳᠤᠭ ᠰᠤᠮᠤ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠳᠤ ᠲᠤᠰᠢᠶᠠᠵᠤ ᠰᠤᠳᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠭᠤᠷᠪᠠ ᠳᠤ᠂ ᠡᠯ᠎ᠡ ᠲᠥᠷᠥᠯ ᠤᠨ ᠳᠠᠩᠰᠠ ᠡᠪᠬᠡᠮᠡᠯ ᠤᠨ ᠡᠬᠡ ᠳᠠᠩᠰᠠ ᠶᠢ ᠲᠡᠭᠦᠯᠳᠡᠷᠵᠢᠭᠦᠯᠦᠨ᠎ᠡ᠃ | ᠢᠯᠠᠩᠭᠤᠶ᠎ᠠ ᠳᠠᠩᠰᠠ ᠡᠪᠬᠡᠮᠡᠯ ᠢ ᠨᠠᠷᠢᠯᠢᠭ ᠣᠨᠣᠪᠴᠢᠲᠠᠢ ᠢᠯᠭᠠᠨ ᠲᠠᠨᠢᠬᠤ᠂ ᠶᠠᠳᠠᠭᠤ ᠬᠦᠴᠢᠷᠳᠡᠯᠲᠡᠢ ᠡᠷᠦᠬᠡ ᠶᠢᠨ | ᠳᠠᠩᠰᠠ ᠡᠪᠬᠡᠮᠡᠯ᠂ ᠭᠤᠷᠪᠠᠨ ᠳᠡᠪᠲᠡᠷ ᠳᠠᠩᠰᠠ ᠡᠪᠬᠡᠮᠡᠯ ᠪᠠ ᠲᠠᠪᠤᠨ ᠨᠢᠭᠡ ᠪᠦᠯᠦᠭ ᠬᠠᠮᠢᠶ᠎ᠠ ᠪᠦᠬᠦᠢ ᠳᠠᠩᠰᠠ | ᠡᠪᠬᠡᠮᠡᠯ ᠢ ᠪᠤᠴᠠᠭᠠᠬᠤ ᠳᠤ᠂ ᠪᠢᠳᠡ ᠨᠠᠷᠢᠨ ᠬᠢᠨᠠᠮᠠᠭᠠᠢ ᠡᠮᠬᠢᠯᠡᠬᠦ ᠪᠠ ᠬᠤᠷᠢᠶᠠᠩᠭᠤᠶᠢᠯᠠᠵᠤ᠂ ᠪᠦᠬᠦᠨ ᠢ ᠲᠡᠭᠡᠳᠦ | ᠱᠠᠲᠤ ᠪᠠ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ | ᠳᠠᠩᠰᠠ ᠡᠪᠬᠡᠮᠡᠯ ᠤᠨ ᠡᠬᠡ ᠳᠠᠩᠰᠠ ᠶᠢ ᠴᠢᠩᠭ᠎ᠠ ᠲᠡᠭᠦᠯᠳᠡᠷᠵᠢᠭᠦᠯᠵᠦ᠂ ᠨᠢᠭᠲᠠ ᠠᠴᠠ ᠨᠢᠭᠲᠠ᠂ ᠣᠨᠣᠪᠴᠢᠲᠠᠢ | ᠴᠢᠩᠭ᠎ᠠ᠂ ᠬᠥᠩᠭᠡᠨ ᠴᠢᠨᠠᠷ ᠢᠶᠠᠷ ᠴᠢᠩᠭ᠎ᠠ᠂ ᠪᠠᠶᠢᠴᠠᠭᠠᠨ ᠰᠢᠯᠭᠠᠨ ᠠᠪᠬᠤ ᠶᠢ ᠳᠠᠭᠠᠭᠠᠵᠤ ᠴᠢᠳᠠᠬᠤ ᠬᠡᠷᠡᠭᠲᠡᠢ᠃ | ᠳᠥᠷᠪᠡ ᠳᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ ᠳᠠᠮᠵᠢᠨ᠎ᠠ᠃ ᠵᠡᠭᠡᠷ᠎ᠡ ᠬᠤᠲᠠ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠬᠤᠭᠤᠰᠣᠨ ᠢ ᠨᠥᠬᠦᠪᠥᠷᠢᠯᠡᠬᠦ ᠶᠢᠨ ᠲᠥᠯᠥᠭᠡ᠂ ᠬᠤᠰᠢᠭᠤᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠮᠠᠨ ᠤ ᠲᠣᠪᠴᠢᠶ᠎ᠠ ᠲᠣᠰ | ᠭᠠᠴᠠᠭᠠᠨ ᠤ ᠪᠣᠳᠠᠲᠤ ᠪᠠᠶᠢᠳᠡᠯ ᠳᠤ ᠴᠢᠭᠯᠡᠭᠦᠯᠦᠨ᠂ ᠭᠠᠴᠠᠭᠠᠨ ᠤ ᠨᠢᠭᠡ ᠪᠠᠭ ᠬᠥᠮᠦᠨ ᠲᠠᠢ ᠣᠯᠠᠨ ᠲᠠᠯ᠎ᠠ ᠪᠠᠷ | ᠨᠤᠲᠠᠯᠠᠵᠤ᠂ ︽ᠮᠠᠯᠴᠢᠨ ᠠᠢᠯ ᠤᠨ ᠵᠤᠭᠠᠴᠠᠯ︾ ᠪᠠᠶᠢᠭᠤᠯᠬᠤ ᠪᠠᠷ ᠲᠣᠭᠲᠠᠪᠠ᠃ ᠮᠠᠨ ᠤ ᠲᠣᠪᠴᠢᠶ᠎ᠠ ᠶᠢᠨ ᠭᠤᠤᠯ | ᠤᠳᠤᠷᠢᠳᠤᠯᠭ᠎ᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠣᠶᠢᠯ ᠤᠨ ᠭᠠᠵᠠᠷ ᠰᠣᠩᠭᠤᠬᠤ᠂ | ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠠᠴᠠ ᠪᠦᠲᠦᠭᠡᠨ ᠪᠠᠶᠢᠭᠤᠯᠬᠤ ᠪᠦᠬᠦ ᠶᠠᠪᠤᠴᠠ ᠳᠤ ᠣᠷᠣᠯᠴᠠᠬᠤ ᠶᠢᠨ | ᠬᠠᠮᠲᠤ ᠳᠤᠮᠳᠠᠳᠤ ᠤᠯᠤᠰ ᠤᠨ ᠬᠤᠯᠪᠣᠭᠠᠲᠤ ᠱᠣᠶᠢᠨᠢ ᠶᠢᠨ ᠺᠣᠮᠫᠠᠨᠢ ᠶᠢ ᠵᠣᠬᠢᠴᠠᠭᠤᠯᠤᠨ 80 ᠲᠣᠨ ᠱᠣᠶᠢᠨᠢ ᠶᠢ | ᠬᠠᠪᠰᠤᠷᠤᠨ ᠲᠡᠳᠬᠦᠵᠦ᠂ ᠠᠵᠢᠯᠯᠠᠬᠤ ᠠᠩᠭᠢ ᠶᠢᠨ ᠭᠡᠰᠢᠭᠦᠳ ᠢᠳᠡᠪᠬᠢᠲᠡᠢ ᠣᠷᠣᠯᠴᠠᠵᠤ᠂ ᠲᠤᠬᠠᠶ ᠶᠢᠨ ᠲᠠᠯᠠᠪᠠᠢ ᠳᠤ | ᠬᠢᠨᠠᠨ ᠵᠢᠯᠣᠭᠤᠳᠪᠠ᠃ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠮᠠᠯᠴᠢᠨ ᠠᠶᠢᠯ ᠤᠨ ᠵᠤᠭᠠᠴᠠᠯ | ᠪᠠᠶᠢᠭᠤᠯᠤᠭᠳᠠᠬᠤ ᠶᠢᠨ ᠬᠠᠮᠲᠤ ᠠᠰᠢᠭᠯᠠᠯᠲᠠ ᠳᠤ ᠣᠷᠣᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠣᠭᠲᠠᠭᠰᠠᠨ | ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠬᠤ ᠳᠤ ᠬᠦᠴᠦᠨ ᠨᠡᠮᠡᠷᠢᠯᠡᠨ᠎ᠡ᠃ | 10. ᠲᠣᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ | ᠨᠢᠭᠡ ᠳᠤ᠂ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠠᠭᠤᠯᠠᠨ᠎ᠠ ᠪᠠ ᠠᠷᠭ᠎ᠠ ᠶᠢ ᠳᠠᠬᠢᠨ ᠬᠢᠨᠠᠵᠤ ᠦᠵᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠠᠵᠢᠯ ᠢ ᠵᠠᠳᠠᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠰᠢᠨ᠎ᠡ ᠬᠡᠪ ᠪᠠᠢᠳᠠᠯ | ᠳᠣᠤᠷ᠎ᠠ ᠪᠥᠬᠦ ᠲᠠᠯ᠎ᠠ ᠶᠢᠨ ᠦᠵᠡᠯ ᠤᠬᠠᠮᠰᠠᠷ ᠢ ᠪᠣᠶ ᠪᠣᠯᠭᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢ | ᠲᠤᠬᠠᠶᠢᠯᠠᠭᠰᠠᠨ ᠠᠵᠢᠯ ᠳᠠᠭᠠᠨ ᠠᠭᠤᠰᠬᠠᠨ ᠣᠷᠣᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠠᠵᠢᠯ ᠶᠢᠨ ᠤᠷᠤᠭᠰᠢᠲᠠᠶ | ᠶᠠᠪᠤᠭᠳᠠᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠬᠤᠶᠠᠷ ᠲᠤ᠂ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠳᠤ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ | ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠬᠤᠶᠠᠷ ᠢ ᠰᠤᠷᠤᠯᠴᠠᠵᠤ | ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠶ | ᠥᠷᠨᠢᠭᠦᠯᠵᠦ᠂ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠤ ᠬᠡᠯᠪᠡᠷᠢ ᠶᠢ ᠠᠪᠴᠤ᠂ ᠺᠠᠳ᠋ᠷ ᠢ ᠵᠣᠬᠢᠶᠠᠨ | ᠪᠠᠶᠢᠭᠤᠯᠣᠨ ᠨᠠᠮ ᠤᠨ ᠳᠦᠷᠢᠮ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠥᠪᠥᠷ ᠮᠣᠩᠭᠤᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠪᠠᠶᠢᠴᠠᠭᠠᠨ ᠦᠵᠡᠵᠦ᠂ ᠬᠠᠤᠯᠢ ᠴᠠᠭᠠᠵᠠ ᠬᠠᠤᠯᠢ ᠲᠣᠭᠲᠠᠭᠠᠯ᠂ ᠲᠣᠰ ᠨᠢᠭᠡᠴᠡ ᠶᠢᠨ ᠲᠤᠬᠠᠶᠢᠯᠠᠭᠰᠠᠨ ᠠᠵᠢᠯ ᠶᠢᠨ | ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠵᠤ᠂ ᠰᠢᠨᠵᠢᠯᠡᠬᠦ ᠤᠬᠠᠭᠠᠨᠴᠢ ᠬᠥᠭᠵᠢᠯᠲᠡ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠠᠬᠢᠭᠤᠯᠬᠤ ᠬᠡᠷᠡᠭᠲᠡᠶ᠃ ᠵᠠᠮ ᠨᠡᠭᠡᠭᠡᠨ ᠰᠢᠨ᠎ᠡ ᠶᠢ ᠡᠭᠦᠳᠴᠦ ᠣᠯᠠᠨ ᠲᠦᠮᠡᠨ ᠳᠤ ᠦᠢᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠣᠳᠣᠳ ᠢ ᠰᠢᠯᠭᠠᠷᠠᠭᠤᠯᠤᠨ ᠳᠡᠰ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠥᠷᠭᠡᠨ ᠣᠯᠠᠨ ᠺᠠᠳ᠋ᠷᠴᠤᠳ ᠤᠨ ᠠᠵᠢᠯ ᠤᠨ ᠪᠠᠶᠢᠷᠢ ᠪᠠᠨ ᠬᠠᠶᠢᠷᠠᠯᠠᠬᠤ᠂ ᠠᠵᠢᠯ ᠦᠢᠯᠡᠰ ᠢᠶᠠᠨ | ᠳᠡᠭᠡᠳᠦᠯᠡᠬᠦ᠂ ᠠᠷᠠᠳ ᠤᠨ ᠲᠥᠯᠥᠭᠡ ᠵᠢᠳᠬᠦᠬᠦ ᠠᠵᠢᠯ ᠤᠨ ᠬᠠᠯᠠᠭᠤᠨ ᠰᠡᠳᠬᠢᠯᠭᠡ ᠶᠢ ᠲᠠᠰᠤᠷᠠᠯᠲᠠ ᠦᠭᠡᠢ | ᠬᠥᠭᠵᠢᠭᠡᠨ᠎ᠡ᠃ | ᠭᠤᠷᠪᠠ ᠳᠤ᠂ ᠡᠷᠴᠢᠮᠵᠢᠭᠦᠯᠬᠦ ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠣᠳᠠᠲᠤ ᠪᠠᠶᠢᠳᠡᠯ ᠲᠠᠢ | ᠤᠶᠠᠯᠳᠤᠭᠤᠯᠤᠨ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠵᠠᠰᠠᠭ | ᠢ ᠴᠡᠪᠡᠷᠯᠡᠬᠦ ᠬᠥᠮᠦᠵᠢᠯ ᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠲᠥᠪ ᠤᠨ ᠨᠠᠢᠮᠠᠨ ᠵᠦᠢᠯ ᠤᠨ ᠲᠣᠭᠲᠠᠭᠠᠯ | ᠪᠠ ᠲᠣᠭᠤᠷᠢᠭ ᠬᠤᠲᠠ ᠬᠤᠰᠢᠭᠤᠨ ᠤ ᠢᠵᠢ ᠪᠦᠷᠢᠳᠦᠭᠰᠡᠨ ᠲᠣᠭᠲᠠᠭᠠᠯ ᠢ ᠨᠠᠷᠢᠨ ᠬᠢᠨᠠᠮᠠᠭᠠᠢ ᠨᠡᠶᠢᠳᠡᠪᠣᠷᠢᠵᠢᠭᠤᠯᠬᠤ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠡᠬᠢ | ᠡᠭᠦᠰᠦᠯ ᠠᠴᠠ ᠨᠢ ᠰᠡᠷᠭᠡᠶᠢᠯᠡᠨ ᠬᠤᠷᠢᠭᠯᠠᠬᠤ ᠶᠢ ᠴᠢᠩᠭᠠᠳᠬᠠᠵᠤ᠂ ᠡᠷᠬᠡ ᠶᠢ ᠬᠢᠵᠠᠭᠠᠷᠯᠠᠬᠤ ᠪᠠ ᠬᠢᠨᠠᠯᠲᠠ | ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ | ᠴᠡᠭ ᠤᠨ ᠡᠷᠬᠡ ᠶᠢᠨ ᠠᠵᠢᠯᠯᠠᠭᠠᠨ ᠢ ᠬᠥᠳᠡᠯᠦᠩᠭᠦᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ︽ᠡᠷᠬᠡ ᠶᠢ ᠳᠦᠷᠢᠮ ᠤᠨ | ᠳᠣᠲᠣᠷ᠎ᠠ ᠲᠠᠯᠪᠢᠬᠤ︾ ᠶᠢ ᠪᠠᠲᠤ ᠴᠢᠩᠭ᠎ᠠ ᠠᠳᠬᠤᠪᠠ᠃ | ᠳᠥᠷᠪᠡ ᠳᠤ᠂ ᠲᠥᠪ ᠪᠤᠰᠤ ᠰᠤᠷᠲᠠᠯ ᠢ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠣᠳᠠᠲᠤ ᠪᠠᠶᠢᠳᠡᠯ ᠲᠠᠢ ᠨᠢᠭᠲᠠ ᠤᠶᠠᠯᠳᠤᠭᠤᠯᠤᠨ᠂ ᠠᠵᠢᠯ | ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠡᠯ᠎ᠡ ᠵᠣᠶᠢᠯ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ︽ | ᠡᠭᠦᠳᠡ ᠨᠢ ᠣᠷᠣᠬᠤ ᠳᠤ ᠬᠦᠴᠢᠷ᠂ ᠴᠢᠷᠠᠶ ᠨᠢ ᠦᠵᠡᠬᠦᠶ᠎ᠡ ᠬᠦᠴᠢᠷ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ | ︾ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ ᠤ ᠠᠰᠢᠭ | ᠲᠤᠰᠠ ᠲᠠᠢ ᠨᠢᠭᠲᠠ ᠬᠤᠯᠪᠣᠭ᠎ᠠ ᠲᠠᠢ ᠠᠰᠠᠭᠤᠳᠠᠯ ᠢ ᠭᠤᠤᠯᠳᠠᠯᠭ᠎ᠠ ᠲᠠᠢ ᠰᠢᠢᠳᠪᠣᠷᠢᠯᠡᠵᠦ᠂ ᠠᠵᠢᠯ ᠤᠨ ᠳᠤᠮᠳᠠ | ᠰᠠᠬᠢᠯᠭ᠎ᠠ ᠪᠠᠲᠤ ᠰᠤᠯᠠ ᠵᠠᠳᠠᠭᠠᠶ᠂ ᠬᠠᠮᠢᠶᠠᠷᠤᠯᠲᠠ ᠨᠢ ᠬᠦᠷᠦᠯᠴᠡᠬᠦ ᠥᠬᠡᠶ ᠪᠠ ᠦᠢᠯᠡᠴᠢᠯᠡᠬᠦ ᠤᠬᠠᠮᠰᠠᠷ ᠨᠢ ᠴᠢᠩᠭ᠎ᠠ | ᠪᠤᠰᠤ ᠪᠠᠶᠢᠬᠤ ᠠᠰᠠᠭᠤᠳᠠᠯ ᠣᠷᠣᠰᠢᠵᠤ᠂ ᠦᠢᠯᠡᠴᠢᠯᠡᠬᠦ ᠡᠲᠡᠭᠡᠳ ᠤᠨ ᠬᠠᠨᠤᠮᠵᠢ ᠶᠢᠨ ᠬᠡᠮᠵᠢᠶ᠎ᠡ ᠢᠯᠡᠳᠲᠡ | ᠳᠡᠭᠡᠭᠰᠢᠯᠡᠪᠡ᠃ | ᠬᠡᠳᠦ᠋ᠢᠪᠡᠷ ᠪᠢᠳᠡ ᠵᠣᠬᠢᠬᠤ ᠬᠢᠷᠢ ᠪᠦᠲᠦᠮᠵᠢ ᠣᠯᠤᠭᠰᠠᠨ ᠪᠣᠯᠪᠠᠴᠤ ᠪᠠᠰᠠ ᠮᠠᠰᠢ ᠣᠯᠠᠨ ᠠᠰᠠᠭᠤᠳᠠᠯ | ᠣᠷᠣᠰᠢᠵᠤ ᠪᠠᠶᠢᠨ᠎ᠠ᠄ ᠨᠢᠭᠡ ᠳᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠳᠤ | ᠬᠦᠴᠢᠷᠲᠡᠶ᠂ ᠲᠠᠲᠠᠪᠤᠷᠢᠯᠠᠨ ᠲᠤᠰᠢᠶᠠᠬᠤ ᠳᠤ ᠬᠦᠴᠢᠷᠲᠡᠶ᠂ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠶᠡᠭᠡ ᠬᠦᠴᠢᠷᠲᠡᠶ | ᠪᠠᠶᠢᠨ᠎ᠠ᠃ ᠬᠤᠶᠠᠷ ᠲᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠪᠠᠲᠤᠯᠠᠭ᠎ᠠ ᠬᠦᠨᠳᠦ ᠨᠣᠴᠢᠲᠠᠶ ᠲᠠᠰᠤᠷᠠᠪᠠ᠃ ᠭᠤᠷᠪᠠ ᠳᠤ᠂ ᠭᠠᠷᠳᠠᠨ ᠬᠢᠬᠦ ᠪᠠᠶᠢᠭᠤᠯᠤᠮᠵᠢ ᠶᠢᠨ | ᠣᠨᠴᠠ ᠵᠠᠷᠢᠮ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠥᠨᠳᠥᠷ ᠪᠢᠰᠢ᠂ ᠦᠢᠯᠡᠴᠢᠯᠡᠭᠡᠨ ᠤ ᠬᠢᠷᠢ | ᠬᠡᠮᠵᠢᠶ᠎ᠡ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠲᠠᠢ ᠪᠣᠯᠬᠤᠷ ᠪᠢᠳᠡ | ᠬᠤᠶᠢᠰᠢᠳᠠ ᠶᠢᠨ ᠠᠵᠢᠯ ᠤᠨ ᠳᠤᠮᠳᠠ ᠪᠠᠨ ᠲᠠᠰᠤᠷᠠᠯᠲᠠ ᠦᠭᠡᠢ ᠬᠠᠯᠠᠨ ᠰᠠᠶᠢᠵᠢᠷᠠᠭᠤᠯᠬᠤ ᠴᠢᠬᠤᠯᠠ ᠲᠠᠢ ᠪᠠᠶᠢᠨ᠎ᠠ᠃ | | ᠵᠠᠯᠭᠠᠭᠠᠳ ᠪᠢ 2019 ᠣᠨ ᠤ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢ | ᠣᠯᠠᠨ ᠳᠤ ᠬᠠᠷᠢᠭᠤ ᠮᠡᠳᠡᠭᠦᠯᠦᠶ᠎ᠡ᠃ 2018 ᠣᠨ ᠳᠤ᠂ ᠮᠠᠨ ᠤ ᠲᠣᠪᠴᠢᠶ᠎ᠠ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠨᠢᠭᠡᠳᠦᠭᠡᠷ ᠬᠤᠷᠡᠯ᠂ ᠥᠪᠡᠷᠲᠡᠭᠡᠨ ᠵᠠᠰᠠᠬᠤ ᠣᠷᠣᠨ ᠤ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠣᠷᠢᠵᠢᠭᠤᠯᠬᠤ᠂ ᠣᠷᠣᠨ᠂ ᠬᠤᠲᠠ᠂ ᠬᠤᠰᠢᠭᠤᠨ ᠤ | ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠭᠠᠷᠲᠠᠨ ᠭᠦᠢᠴᠡᠳᠭᠡᠬᠦ ᠡᠯ᠎ᠡ ᠵᠣᠶᠢᠯ ᠤᠨ ᠡᠭᠦᠷᠭᠡ ᠶᠢ ᠪᠥᠬᠦ ᠲᠠᠯ᠎ᠠ ᠪᠠᠷ ᠨᠡᠶᠢᠳᠡᠪᠣᠷᠢᠵᠢᠭᠤᠯᠬᠤ᠂ ᠭᠠᠷᠲᠠᠨ | ᠭᠦᠢᠴᠡᠳᠭᠡᠬᠦ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ | ᠦᠷᠭᠦᠯᠵᠢᠯᠡᠭᠦᠯᠦᠨ᠎ᠡ᠃ | ︵ᠨᠢᠭᠡ︶ ᠣᠨ ᠤ ᠬᠠᠷᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠳᠣᠯᠠᠬᠤ | ᠬᠡᠷᠡᠭᠲᠡᠢ | 1. ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠪᠥᠬᠦ ᠤᠯᠤᠰ ᠲᠥᠷᠥ ᠨᠢᠭᠡᠳᠦᠯᠲᠡᠶ | ᠲᠥᠯᠥᠪᠯᠡᠬᠦ ᠶᠢ ᠪᠡᠶᠡᠯᠡᠭᠦᠯᠬᠦ ᠳᠤ ᠪᠡᠯᠡᠳᠬᠡᠯ ᠠᠵᠢᠯ ᠢ ᠰᠠᠶᠢᠲᠤᠷ ᠬᠢᠨ᠎ᠡ᠃ | 2. ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ | ᠪᠠᠲᠤᠯᠠᠨ᠎ᠠ᠃ | ᠨᠢᠭᠡ ᠳᠤ᠂ ᠵᠠᠷᠤᠯᠭ᠎ᠠ ᠶᠢ ᠴᠢᠩᠭ᠎ᠠ ᠵᠢᠷᠤᠮᠵᠢᠭᠤᠯᠵᠤ᠂ ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ | ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠷᠤᠯᠭ᠎ᠠ ᠶᠢᠨ ᠲᠥᠰᠦᠪ ᠤᠨ ᠬᠡᠷᠡᠭᠵᠢᠭᠦᠯᠬᠦ ᠬᠦᠴᠦᠨ ᠢ | ᠴᠢᠩᠭᠠᠷᠠᠭᠤᠯᠤᠨ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠰᠠᠭᠤᠷᠢ | ᠮᠥᠩᠭᠦᠨ ᠤ ᠠᠶᠤᠯᠭᠦᠶ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ | ᠬᠤᠶᠠᠷ ᠲᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠱᠠᠭᠠᠷᠳᠠᠯᠭ᠎ᠠ ᠶᠣᠰᠣᠭᠠᠷ᠂ | ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠮᠥᠩᠭᠦ ᠶᠢ ᠲᠣᠬᠢᠷᠠᠭᠤᠯᠬᠤ ᠠᠵᠢᠯ ᠢ ᠰᠠᠶᠢᠲᠤᠷ | ᠬᠢᠨ᠎ᠡ᠃ | 3. ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠲᠦᠯᠬᠢᠨ ᠠᠬᠢᠭᠤᠯᠤᠨ᠎ᠠ | ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ | ᠦᠢᠯᠡᠴᠢᠯᠡᠭᠡᠨ ᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠠᠮᠢᠶᠠᠷᠤᠯᠲᠠ ᠶᠢᠨ ᠦᠢᠯᠡᠴᠢᠯᠡᠭᠡᠨ ᠤ ᠳᠦᠷᠢᠮ | ᠢ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ | ᠨᠣᠷᠮ᠎ᠠ ᠶᠢᠨ ᠬᠤᠲᠠ ᠶᠢᠨ ᠲᠣᠪᠴᠢᠶ᠎ᠠ ᠶᠢᠨ ᠪᠠᠭᠤᠯᠭᠠᠭᠰᠠᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠬᠠᠤᠯᠢ ᠲᠣᠭᠲᠠᠭᠠᠯ ᠶᠣᠰᠣᠭᠠᠷ ᠭᠠᠷᠲᠠᠨ ᠭᠦᠢᠴᠡᠳᠭᠡᠬᠦ ᠠᠵᠢᠯ ᠢ ᠰᠠᠶᠢᠲᠤᠷ ᠬᠢᠬᠦ ᠬᠡᠷᠡᠭᠲᠡᠶ | 1. ᠬᠠᠤᠯᠢ ᠶᠣᠰᠣᠭᠠᠷ ᠭᠠᠷᠲᠠᠨ ᠭᠦᠢᠴᠡᠳᠭᠡᠬᠦ ᠶᠢ ᠴᠢᠩᠭᠠᠳᠬᠠᠨ᠎ᠠ | ︽ᠨᠡᠶᠢᠭᠡᠮ ᠤᠨ ᠳᠠᠭᠠᠳᠬᠠᠯ ᠤᠨ ᠬᠠᠤᠯᠢ︾ ᠪᠣᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠡᠷᠬᠢᠯᠡᠨ ᠭᠦᠢᠴᠡᠳᠭᠡᠬᠦ ᠴᠢᠳᠠᠪᠤᠷᠢ ᠶᠢ ᠴᠢᠩᠭᠠᠷᠠᠭᠤᠯᠤᠨ᠂ ᠡᠷᠬᠢᠯᠡᠨ | ᠭᠦᠢᠴᠡᠳᠭᠡᠬᠦ ᠪᠦᠬᠦ ᠠᠵᠢᠯᠲᠠᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯᠲᠡ | ᠬᠥᠮᠦᠵᠢᠭᠦᠯᠦᠨ ᠪᠤᠢ ᠪᠣᠯᠭᠠᠵᠤ᠂ ᠬᠠᠤᠯᠢ ᠶᠣᠰᠣᠭᠠᠷ ᠬᠠᠮᠢᠶᠠᠷᠬᠤ ᠪᠠ ᠬᠠᠤᠯᠢ ᠶᠣᠰᠣᠭᠠᠷ ᠡᠷᠬᠢᠯᠡᠨ ᠭᠦᠢᠴᠡᠳᠭᠡᠬᠦ ᠶᠢ | ᠪᠡᠶᠡᠯᠡᠭᠦᠯᠦᠨ᠎ᠡ᠃ | 2. ᠭᠠᠷᠳᠠᠨ ᠬᠢᠬᠦ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ︽ᠨᠠᠰᠤᠵᠢᠯ ᠤᠨ | ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠨ | ᠬᠠᠮᠢᠶᠠᠷᠬᠤ ᠠᠷᠭ᠎ᠠ︾ ᠵᠢᠴᠢ ᠵᠠᠰᠠᠪᠤᠷᠢ ᠣᠷᠣᠭᠤᠯᠤᠭᠰᠠᠨ ︽ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠨ | ᠭᠠᠷᠲᠠᠨ ᠭᠦᠢᠴᠡᠳᠭᠡᠬᠦ ᠳᠦᠷᠢᠮ︾ ᠶᠣᠰᠣᠭᠠᠷ ᠭᠠᠷᠲᠠᠨ ᠭᠦᠢᠴᠡᠳᠭᠡᠬᠦ ᠠᠵᠢᠯ ᠢ ᠰᠠᠶᠢᠲᠤᠷ ᠬᠢᠵᠦ᠂ ᠭᠠᠷᠲᠠᠨ | ᠭᠦᠢᠴᠡᠳᠭᠡᠬᠦ ᠪᠣᠳᠠᠲᠠᠶ ᠠᠵᠢᠯ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠶᠢ ᠴᠢᠩᠭᠠᠳᠬᠠᠨ᠂ ᠡᠯ᠎ᠡ ᠵᠣᠶᠢᠯ ᠤᠨ | ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠤᠨ ᠶᠣᠰᠣᠭᠠᠷ ᠵᠢᠷᠤᠮᠵᠢᠯ ᠲᠠᠢ ᠠᠵᠢᠯᠯᠠᠬᠤ ᠶᠢ ᠦᠨᠡᠨᠬᠦ ᠪᠠᠲᠤᠯᠠᠵᠤ᠂ | ᠳᠦᠷᠢᠮ ᠲᠣᠭᠲᠠᠭᠠᠯ ᠨᠢ ᠪᠦᠷᠢᠨ ᠲᠡᠭᠦᠯᠳᠡᠷ᠂ ᠠᠵᠢᠯ ᠨᠢ ᠬᠠᠤᠯᠢ ᠶᠣᠰᠣᠭᠠᠷ ᠭᠠᠷᠲᠠᠨ ᠭᠦᠢᠴᠡᠳᠭᠡᠬᠦ᠂ ᠣᠯᠠᠨ | ᠲᠦᠮᠡᠨ ᠤ ᠬᠢᠨᠠᠯᠲᠠ ᠨᠢ ᠡᠮᠬᠢ ᠵᠢᠷᠤᠮ ᠲᠠᠢ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ ᠬᠡᠷᠡᠭᠲᠡᠶ᠃ | 3. ᠲᠥᠰᠦᠪ ᠤᠨ ᠬᠠᠮᠢᠶᠠᠷᠤᠯᠲᠠ ᠶᠢ ᠴᠢᠩᠭᠠᠳᠬᠠᠪᠠ | ᠰᠠᠭᠤᠷᠢ ᠮᠥᠩᠭᠦᠨ ᠤ ᠲᠥᠰᠦᠪ ᠢ ᠬᠢᠨᠠᠮᠠᠭᠠᠶ ᠨᠠᠶᠢᠷᠠᠭᠤᠯᠤᠨ ᠵᠣᠬᠢᠶᠠᠬᠤ ᠪᠠ ᠴᠢᠩᠭ᠎ᠠ ᠬᠡᠷᠡᠭᠵᠢᠭᠦᠯᠵᠦ᠂ | ᠰᠠᠭᠤᠷᠢ ᠮᠥᠩᠭᠦᠨ ᠤ ᠠᠵᠢᠯᠯᠠᠭᠠᠨ ᠤ ᠵᠠᠳᠠᠯᠤᠯᠲᠠ ᠪᠠ ᠭᠤᠤᠯᠳᠠᠯᠭ᠎ᠠ ᠲᠠᠢ ᠬᠢᠨᠠᠨ ᠡᠵᠡᠮᠳᠡᠯ ᠢ ᠴᠢᠩᠭᠠᠳᠬᠠᠵᠤ᠂ | ᠰᠠᠭᠤᠷᠢ ᠮᠥᠩᠭᠦᠨ ᠤ ᠤᠷᠢᠳᠴᠢᠯᠠᠨ ᠰᠡᠷᠡᠮᠵᠢᠯᠡᠭᠦᠯᠬᠦ ᠳᠦᠷᠢᠮ ᠪᠠ ᠰᠠᠭᠤᠷᠢ ᠮᠥᠩᠭᠦᠨ ᠤ ᠲᠥᠰᠦᠪ ᠤᠨ | ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠎ᠠ᠃ | ︵ᠭᠤᠷᠪᠠ︶ ᠨᠠᠰᠤᠵᠢᠯ ᠤᠨ ᠳᠠᠭᠠᠳᠬᠠᠯ ᠤᠨ ᠭᠠᠷᠳᠠᠮ ᠭᠦᠢᠴᠡᠳᠬᠡᠬᠦ ᠰᠠᠭᠤᠷᠢ ᠠᠵᠢᠯ ᠢ ᠴᠢᠩᠭᠠᠳᠬᠠᠬᠤ | ᠬᠡᠷᠡᠭᠲᠡᠢ | 1. ᠭᠠᠷᠲᠠᠨ ᠭᠦᠢᠴᠡᠳᠭᠡᠬᠦ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠲᠤᠭ᠎ᠠ ᠪᠠᠷᠢᠮᠲᠠ ᠶᠢ ᠤᠯᠠᠮ ᠨᠢᠭᠡ | ᠠᠯᠬᠤᠮ ᠡᠮᠬᠢᠯᠡᠨ ᠨᠡᠶᠢᠯᠡᠭᠦᠯᠵᠦ᠂ ᠨᠠᠰᠤᠵᠢᠯ ᠤᠨ ᠳᠠᠭᠠᠳᠬᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠴᠠᠭ ᠲᠤᠬᠠᠶ ᠳᠤᠨᠢ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠳᠠᠪᠬᠤᠷᠳᠠᠭᠤᠯᠤᠨ | ᠳᠠᠭᠠᠳᠬᠠᠯ ᠳᠤ ᠣᠷᠣᠯᠴᠠᠬᠤ ᠪᠠ ᠳᠠᠪᠬᠤᠷᠳᠠᠭᠤᠯᠤᠨ ᠣᠯᠭᠤᠮᠵᠢ ᠠᠪᠬᠤ ᠠᠰᠠᠭᠤᠳᠠᠯ ᠢ ᠣᠯᠵᠤ ᠮᠡᠳᠡᠬᠦ ᠶᠢᠨ ᠬᠠᠮᠲᠤ | ᠰᠢᠢᠳᠪᠣᠷᠢᠯᠡᠵᠦ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠲᠠᠬᠢᠷ ᠴᠢᠨᠠᠷ ᠢ ᠦᠨᠡᠨᠬᠦ ᠪᠠᠲᠤᠯᠠᠵᠤ᠂ ᠡᠷᠬᠢᠯᠡᠨ | ᠭᠦᠢᠴᠡᠳᠭᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠰᠢᠰᠲ᠋ᠧᠮ ᠤᠨ ᠠᠵᠢᠯᠯᠠᠭᠠᠨ ᠢ | ᠪᠦᠬᠦᠨ ᠢ ᠪᠡᠶᠡᠯᠡᠭᠦᠯᠦᠨ᠎ᠡ᠃ | 2. ᠰᠢᠯᠵᠢᠭᠦᠯᠦᠨ ᠦᠷᠭᠦᠯᠵᠢᠯᠡᠭᠦᠯᠬᠦ ᠪᠠ ᠬᠤᠪᠢ ᠬᠥᠮᠦᠨ ᠤ ᠡᠷᠬᠡ ᠠᠰᠢᠭ ᠢ ᠲᠡᠮᠳᠡᠭᠯᠡᠬᠦ ᠠᠵᠢᠯ ᠢ ᠰᠠᠶᠢᠲᠤᠷ | ᠬᠢᠬᠦ ᠬᠡᠷᠡᠭᠲᠡᠶ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠰᠢᠯᠵᠢᠭᠦᠯᠦᠨ ᠵᠠᠯᠭᠠᠯᠳᠤᠭᠤᠯᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠢ ᠵᠣᠯᠭᠠᠯᠳᠤᠭᠤᠯᠬᠤ ᠠᠷᠭ᠎ᠠ ᠶᠢᠨ ᠶᠣᠰᠣᠭᠠᠷ᠂ | ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠳᠦᠷᠢᠮ ᠠᠯᠤᠰᠯᠠᠨ | ᠰᠢᠯᠵᠢᠭᠦᠯᠦᠨ ᠵᠠᠯᠭᠠᠯᠳᠤᠭᠤᠯᠬᠤ ᠠᠵᠢᠯ ᠢ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ | ᠬᠥᠮᠦᠨ ᠤ ᠡᠷᠬᠡ ᠠᠰᠢᠭ ᠢ ᠲᠡᠮᠳᠡᠭᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ | 3. ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ | ᠨᠢᠭᠡ ᠳᠤ᠂ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ | ᠠᠯᠳᠠᠭᠳᠠᠬᠤ ᠶᠢ ᠦᠨᠡᠨᠬᠦ ᠰᠡᠷᠭᠡᠶᠢᠯᠡᠨ ᠬᠤᠷᠢᠭᠯᠠᠬᠤ ᠬᠡᠷᠡᠭᠲᠡᠶ᠃ ᠨᠠᠰᠤᠨ ᠤ ᠠᠮᠠᠷᠠᠯᠲᠠ ᠠᠪᠬᠤ ᠶᠢ ᠬᠢᠨᠠᠨ | ᠵᠥᠪᠰᠢᠶᠡᠷᠡᠬᠦ ᠠᠵᠢᠯ ᠨᠢ ᠠᠵᠢᠯᠲᠠᠨ ᠠᠵᠢᠯᠴᠢᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠥᠭᠡᠳ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠦᠶ ᠵᠣᠬᠢᠰᠲᠠᠶ ᠵᠠᠷᠤᠯᠭ᠎ᠠ ᠳᠤ ᠴᠦ | ᠬᠤᠯᠪᠣᠭᠳᠠᠨ᠎ᠠ᠃ ᠡᠶᠢᠮᠦ ᠠᠴᠠ᠂ ᠨᠠᠰᠤᠨ ᠤ ᠠᠮᠠᠷᠠᠯᠲᠠ ᠠᠪᠬᠤ ᠶᠢ ᠬᠢᠨᠠᠨ ᠵᠥᠪᠰᠢᠶᠡᠷᠡᠬᠦ ᠶᠢ ᠢᠯᠡ ᠨᠡᠶᠢᠲᠡᠯᠡᠬᠦ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠠᠵᠢᠯᠲᠠᠨ ᠠᠵᠢᠯᠴᠢᠨ ᠤ ᠨᠠᠰᠤᠨ ᠤ ᠠᠮᠠᠷᠠᠯᠲᠠ ᠠᠪᠬᠤ ᠶᠢ | ᠬᠢᠨᠠᠨ ᠵᠥᠪᠰᠢᠶᠡᠷᠡᠬᠦ ᠠᠵᠢᠯ ᠢ ᠢᠯᠡ᠂ ᠡᠷᠬᠡ ᠲᠡᠭᠰᠢ᠂ ᠲᠥᠪ ᠭᠤᠤᠯᠴᠢ ᠪᠠᠷ ᠰᠠᠶᠢᠲᠤᠷ ᠬᠢᠬᠦ ᠬᠡᠷᠡᠭᠲᠡᠶ᠃ | ᠬᠤᠶᠠᠷ ᠲᠤ᠂ ᠲᠤᠯᠭᠠᠨ ᠪᠤᠳᠤᠬᠤ ᠠᠵᠢᠯ ᠢ ᠴᠢᠩᠭᠠᠳᠬᠠᠨ᠎ᠠ᠃ ᠲᠣᠶᠢᠯ ᠤᠨ ᠴᠥᠭᠡᠨ ᠲᠣᠭᠠᠨ ᠤ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠦᠬᠦᠭᠰᠡᠨ ᠤ ᠳᠠᠷᠠᠭ᠎ᠠ | ᠮᠡᠳᠡᠭᠦᠯᠬᠦ ᠦᠭᠡᠢ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠬᠤ ᠦᠵᠡᠭᠳᠡᠯ ᠳᠤ ᠪᠣᠯ᠂ | ᠲᠤᠯᠭᠠᠨ ᠪᠤᠳᠤᠬᠤ ᠲᠠᠰᠤᠭ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠣᠷᠣᠰᠢᠨ ᠲᠣᠭᠲᠠᠨᠢᠬᠤ ᠶᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠮ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠬᠤ᠂ ᠮᠡᠬᠡᠯᠡᠨ ᠠᠪᠬᠤ ᠬᠡᠷᠡᠭ ᠢ ᠴᠢᠩᠭ᠎ᠠ ᠪᠠᠶᠢᠴᠠᠭᠠᠨ | ᠰᠢᠢᠳᠪᠣᠷᠢᠯᠡᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠬᠤ ᠬᠡᠷᠡᠭᠲᠡᠶ ᠪᠠᠷ ᠪᠠᠷᠠᠬᠤ ᠦᠭᠡᠢ᠂ | ᠪᠠᠰᠠ ᠬᠠᠮᠢᠶ᠎ᠠ ᠪᠦᠬᠦᠢ ᠲᠤᠬᠠᠶᠢᠲᠠᠶ ᠬᠥᠮᠦᠨ ᠳᠤ ᠠᠵᠤ ᠠᠬᠤᠢ ᠶᠢᠨ ᠰᠢᠳᠭᠡᠯ ᠥᠭᠬᠦ ᠬᠡᠷᠡᠭᠲᠡᠶ᠃ | ᠭᠤᠷᠪᠠ ᠳᠤ᠂ ᠰᠠᠭᠤᠷᠢ ᠮᠥᠩᠭᠦ ᠶᠢᠨ ᠵᠠᠷᠤᠴᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠲᠣᠭᠲᠠᠭᠠᠭᠰᠠᠨ ᠲᠥᠷᠥᠯ ᠵᠣᠶᠢᠯ ᠪᠣᠯᠤᠨ ᠪᠠᠷᠢᠮᠵᠢᠶ᠎ᠠ ᠶᠢᠨ ᠵᠠᠷᠤᠯᠭ᠎ᠠ ᠶᠢ ᠴᠢᠩᠭ᠎ᠠ ᠵᠢᠷᠤᠮᠯᠠᠨ᠂ ᠰᠠᠭᠤᠷᠢ ᠮᠥᠩᠭᠦ ᠶᠢᠨ | ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠫᠢᠶᠣᠣ ᠪᠠᠷᠢᠮᠲᠠ ᠶᠢᠨ ᠬᠠᠮᠢᠶᠠᠷᠤᠯᠲᠠ ᠶᠢ | ᠴᠢᠩᠭᠠᠳᠬᠠᠨ᠂ ᠡᠳ᠋ ᠤᠨ ᠵᠠᠰᠠᠭ ᠤᠨ ᠨᠢᠭᠡᠳᠦᠯᠲᠡᠶ ᠫᠢᠶᠣᠣ ᠪᠠᠷᠢᠮᠲᠠ ᠶᠢᠨ ᠨᠠᠰᠤᠵᠢᠯ ᠤᠨ ᠳᠠᠭᠠᠳᠬᠠᠯ ᠤᠨ | ᠰᠣᠶᠢᠳᠭᠡᠯ ᠢ ᠲᠠᠲᠠᠪᠤᠷᠢᠯᠠᠨ ᠲᠤᠰᠢᠶᠠᠬᠤ ᠳᠦᠷᠢᠮ ᠢ ᠬᠡᠷᠡᠭᠵᠢᠭᠦᠯᠵᠤ᠂ ᠡᠳ᠋ ᠤᠨ ᠶᠠᠪᠤᠳᠠᠯ ᠬᠢᠭᠡᠳ ᠲᠤᠬᠠᠶᠢᠯᠠᠭᠰᠠᠨ | ᠠᠵᠢᠯ ᠤᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠ ᠬᠠᠷᠭᠤᠭᠤᠯᠬᠤ ᠲᠣᠭᠲᠠᠴᠠ ᠶᠢ ᠪᠠᠶᠢᠭᠤᠯᠤᠨ᠂ ᠡᠷᠬᠢᠯᠡᠨ | ᠭᠦᠢᠴᠡᠳᠭᠡᠬᠦ ᠵᠠᠩᠭᠢᠯᠠᠭ᠎ᠠ ᠳᠠᠬᠢ ᠲᠦᠭᠰᠢᠭᠦᠷᠢ ᠶᠢᠨ ᠴᠢᠭ ᠢ ᠵᠢᠭᠰᠠᠭᠠᠨ ᠪᠠᠶᠢᠴᠠᠭᠠᠬᠤ ᠬᠡᠷᠡᠭᠲᠡᠶ᠃ | 4. ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠤᠨ᠎ᠠ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ ᠥᠪᠡᠷᠲᠡᠭᠡᠨ ᠵᠠᠰᠠᠬᠤ | ᠣᠷᠣᠨ ᠤ ᠪᠠᠭᠤᠯᠭᠠᠭᠰᠠᠨ ︽ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳᠠᠩᠰᠠ ᠡᠪᠬᠡᠮᠡᠯ ᠢ | ᠪᠠᠷᠢᠮᠵᠢᠶ᠎ᠠ ᠳᠤ ᠬᠦᠷᠦᠭᠦᠯᠵᠦ ᠰᠢᠯᠭᠠᠨ ᠠᠪᠬᠤ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠳᠠᠩᠰᠠ ᠡᠪᠬᠡᠮᠡᠯ ᠤᠨ | ᠪᠠᠷᠢᠮᠵᠢᠶ᠎ᠠ ᠳᠤ ᠬᠦᠷᠦᠭᠦᠯᠬᠦ ᠶᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠶ᠃ | ︵ᠲᠦᠷᠪᠡ︶ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠳᠠᠮ ᠭᠦᠢᠴᠡᠳᠬᠡᠬᠦ ᠲᠦᠭᠰᠢᠭᠦᠷᠢ ᠶᠢᠨ | ᠡᠵᠡᠮᠳᠡᠯ ᠢ ᠴᠢᠩᠭᠠᠷᠠᠭᠤᠯᠬᠤ ᠬᠡᠷᠡᠭᠲᠡᠢ | 1. ᠬᠠᠷᠭᠤᠭᠤᠯᠤᠨ ᠪᠤᠳᠤᠬᠤ ᠶᠢ ᠴᠢᠩᠭᠠᠳᠬᠠᠵᠤ᠂ ᠳᠣᠲᠣᠭᠠᠳᠤ ᠶᠢᠨ ᠠᠶᠤᠯ ᠲᠦᠭᠰᠢᠭᠦᠷᠢ ᠶᠢ ᠡᠵᠡᠮᠳᠡᠬᠦ | ᠪᠠᠶᠢᠴᠠᠭᠠᠯᠲᠠ ᠶᠢ ᠴᠢᠩᠭᠠᠳᠬᠠᠪᠠ | ︽ᠨᠠᠰᠤᠵᠢᠯ ᠤᠨ ᠳᠠᠭᠠᠳᠬᠠᠯ ᠤᠨ ᠳᠣᠲᠣᠭᠠᠳᠤ ᠶᠢᠨ ᠲᠦᠭᠰᠢᠭᠦᠷᠢ ᠶᠢ ᠡᠵᠡᠮᠳᠡᠬᠦ ᠬᠠᠮᠢᠶᠠᠷᠤᠯᠲᠠ ᠶᠢᠨ ᠠᠷᠭ᠎ᠠ︾ | ᠪᠠ ︽ᠥᠪᠡᠷᠲᠡᠭᠡᠨ ᠵᠠᠰᠠᠬᠤ ᠣᠷᠣᠨ ᠤ ᠭᠠᠷᠲᠠᠨ ᠭᠦᠢᠴᠡᠳᠭᠡᠬᠦ ᠲᠦᠭᠰᠢᠭᠦᠷᠢ ᠶᠢ ᠡᠵᠡᠮᠳᠡᠬᠦ ᠬᠠᠮᠢᠶᠠᠷᠤᠯᠲᠠ ᠶᠢᠨ | ᠦᠨᠡᠯᠡᠨ ᠵᠢᠱᠢᠬᠦ ᠠᠷᠭ᠎ᠠ︾ ᠶᠢᠨ ᠶᠣᠰᠣᠭᠠᠷ᠂ ᠮᠠᠨ ᠤ ᠲᠣᠪᠴᠢᠶ᠎ᠠ ᠭᠠᠷᠲᠠᠨ ᠭᠦᠢᠴᠡᠳᠭᠡᠬᠦ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠳᠦᠷᠢᠮ ᠢ ᠪᠠᠶᠢᠭᠤᠯᠵᠤ᠂ ᠬᠠᠷᠭᠤᠭᠤᠯᠤᠨ ᠪᠤᠳᠤᠬᠤ ᠡᠷᠴᠢᠮ ᠢᠶᠠᠨ ᠴᠢᠩᠭᠠᠷᠠᠭᠤᠯᠤᠨ᠂ ᠭᠠᠷᠲᠠᠨ | ᠭᠦᠢᠴᠡᠳᠭᠡᠬᠦ ᠶᠠᠪᠤᠴᠠ ᠳᠤ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠶᠢᠨ | ᠭᠠᠷᠲᠠᠨ ᠭᠦᠢᠴᠡᠳᠭᠡᠬᠦ ᠶᠠᠪᠤᠴᠠ ᠳᠤ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠬᠠᠷᠭᠤᠭᠤᠯᠤᠨ ᠪᠣᠳᠣᠵᠤ ᠬᠢᠨᠠᠨ | ᠪᠣᠳᠣᠵᠤ᠂ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠨ ᠭᠤᠤᠯᠳᠠᠯᠭ᠎ᠠ ᠲᠠᠢ ᠲᠦᠭᠰᠢᠭᠦᠷᠢ ᠶᠢᠨ ᠭᠤᠭᠴᠤᠭ᠎ᠠ ᠪᠠ | ᠠᠵᠢᠯ ᠶᠢᠨ ᠪᠠᠶᠢᠷᠢ ᠶᠢ ᠭᠤᠤᠯᠳᠠᠯᠭ᠎ᠠ ᠲᠠᠢ ᠬᠢᠨᠠᠨ ᠡᠵᠡᠮᠳᠡᠬᠦ ᠬᠡᠷᠡᠭᠲᠡᠶ᠃ | 2. ᠰᠠᠭᠤᠷᠢ ᠮᠥᠩᠭᠦᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠣᠯᠠᠨ ᠤ ᠠᠮᠢ ᠠᠪᠤᠷᠠᠬᠤ ᠮᠥᠩᠭᠦ ᠮᠥᠨ᠂ | ᠶᠠᠮᠠᠷᠪᠠ ᠨᠡᠷ᠎ᠡ ᠠᠰᠢᠭ ᠪᠠ ᠠᠷᠭ᠎ᠠ ᠮᠠᠶ᠋ᠢᠭ ᠢᠶᠠᠷ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠥᠬᠡᠶ᠂ ᠡᠳ᠋ ᠤᠨ | ᠶᠠᠪᠤᠳᠠᠯ ᠤᠨ ᠠᠵᠢᠯ ᠢ ᠬᠥᠳᠡᠯᠦᠩᠭᠦᠶ ᠪᠠᠷ ᠬᠢᠨᠠᠵᠤ ᠬᠠᠮᠢᠶᠠᠷᠬᠤ ᠶᠢ ᠤᠯᠠᠮ ᠨᠢᠭᠡ ᠠᠯᠬᠤᠮ ᠬᠡᠷᠡᠭᠵᠢᠭᠦᠯᠵᠦ᠂ ᠰᠠᠭᠤᠷᠢ | ᠮᠥᠩᠭᠦ ᠶᠢᠨ ᠡᠳ᠋ ᠤᠨ ᠶᠠᠪᠤᠳᠠᠯ ᠤᠨ ᠠᠵᠢᠯ ᠤᠨ ᠠᠯᠳᠠᠰᠢ ᠭᠠᠷᠬᠤ ᠶᠢ ᠰᠡᠷᠭᠡᠶᠢᠯᠡᠵᠦ᠂ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠬᠡᠷᠡᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ | ︵ᠲᠠᠪᠤ︶ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ | ᠭᠤᠷᠪᠠ᠂ ᠤᠬᠠᠭᠤᠯᠭ᠎ᠠ ᠪᠠᠶᠢᠴᠠᠭᠠᠨ ᠰᠤᠳᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | 1᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠥᠭᠡᠷᠡᠴᠢᠯᠡᠯᠲᠡ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠨ ᠲᠡᠮᠳᠡᠭᠯᠡᠬᠦ ᠲᠥᠯᠥᠪᠯᠡᠭᠡ | ᠪᠠ ᠨᠡᠶᠢᠭᠡᠮ ᠤᠨ ᠳᠠᠭᠠᠳᠬᠠᠯ ᠤᠨ ᠮᠡᠳᠡᠭᠡ ᠵᠠᠩᠭᠢ ᠶᠢ ᠨᠡᠶᠢᠲᠡᠯᠡᠬᠦ ᠵᠡᠷᠭᠡ ᠪᠠᠷ ᠭᠤᠤᠯᠳᠠᠯᠭ᠎ᠠ ᠪᠣᠯᠭᠠᠵᠤ᠂ ᠡᠯ᠎ᠡ | ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠰᠠᠶᠢᠲᠤᠷ ᠬᠢᠵᠦ᠂ ᠣᠳᠣᠬᠠᠨ ᠤ ᠠᠵᠢᠯ ᠳᠤ ᠣᠷᠣᠰᠢᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠨ᠎ᠡ᠃ | 2᠂ ᠵᠠᠬᠢᠳᠠᠯ ᠰᠤᠷᠪᠤᠯᠵᠢᠯᠠᠯ ᠪᠣᠯᠤᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠲᠦᠮᠡᠨ ᠤ ᠠᠮᠢ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠢ ᠦᠨᠡᠨ ᠬᠦ ᠰᠢᠢᠳᠪᠣᠷᠢᠯᠡᠬᠦ ᠬᠡᠷᠡᠭᠲᠡᠶ᠃ | ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ | ᠰᠢᠢᠳᠪᠣᠷᠢᠯᠡᠵᠦ᠂ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠠᠵᠢᠯ ᠤᠨ ᠦᠢᠯᠡ ᠠᠵᠢᠯᠯᠠᠭ᠎ᠠ ᠪᠠᠨ | ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ᠂ ᠵᠠᠬᠢᠳᠠᠯ | ᠰᠤᠷᠪᠤᠯᠵᠢᠯᠠᠯ ᠤᠨ ᠬᠡᠷᠡᠭ ᠢ ᠲᠣᠬᠢᠲᠠᠶ ᠰᠢᠢᠳᠪᠣᠷᠢᠯᠡᠨ᠎ᠠ᠃ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ | ᠨᠡᠶᠢᠳᠡᠪᠣᠷᠢᠵᠢᠭᠤᠯᠬᠤ ᠳᠤ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠥᠮᠦᠵᠢᠯ ᠢ ᠥᠷᠨᠢᠭᠦᠯᠵᠦ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | 3᠂ ᠺᠠᠳ᠋ᠷ ᠤᠨ ᠡᠩᠨᠡᠭᠡᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ | ᠬᠡᠮᠵᠢᠶ᠎ᠡ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ︽ᠳᠥᠷᠪᠡᠨ ᠤᠬᠠᠮᠰᠠᠷ︾ ᠢ ᠦᠨᠡᠨ ᠬᠦ | ᠴᠢᠩᠭᠠᠳᠬᠠᠨ᠂ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠴᠢᠨᠠᠷ ᠰᠠᠶᠢᠲᠠᠶ ᠦᠢᠯᠡᠴᠢᠯᠡᠭᠡᠨ ᠤ | ᠴᠣᠩᠬᠤᠪᠴᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠡᠩᠨᠡᠭᠡᠨ ᠤ ᠳᠣᠲᠣᠭᠠᠳᠤ ᠶᠢᠨ | ᠪᠠᠶᠢᠭᠤᠯᠤᠯᠲᠠ ᠶᠢ ᠴᠢᠩᠭᠠᠳᠬᠠᠨ᠂ ︽ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠤᠨ ᠲᠠᠯ᠎ᠠ ᠪᠠᠷ | ᠴᠠᠭᠠᠷᠠᠭᠰᠠᠨ᠂ ᠦᠢᠯᠡ ᠠᠵᠢᠯᠯᠠᠭ᠎ᠠ ᠶᠢᠨ ᠲᠠᠯ᠎ᠠ ᠪᠠᠷ ᠵᠢᠷᠤᠮᠵᠢᠭᠰᠠᠨ︾ ᠵᠡᠷᠭᠡ ᠰᠤᠷᠲᠠᠯ ᠴᠡᠭᠴᠡᠯᠡᠵᠦ ᠰᠠᠬᠢᠯᠭ᠎ᠠ | ᠪᠠᠲᠤ ᠶᠢ ᠴᠡᠭᠴᠡᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠢᠯᠲᠠᠨ ᠤ ᠬᠡᠪ ᠴᠢᠨᠠᠷ ᠢ ᠦᠨᠡᠨᠬᠦ ᠳᠡᠭᠡᠭᠰᠢᠯᠡᠭᠦᠯᠦᠨ᠂ | ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠣᠯᠤᠨ ᠦᠢᠯᠡᠴᠢᠯᠡᠭᠡᠨ ᠤ ᠶᠠᠰᠤ | ᠴᠢᠨᠠᠷ ᠢᠶᠠᠨ ᠳᠡᠭᠡᠭᠰᠢᠯᠡᠭᠦᠯᠦᠨ᠎ᠡ᠃ ᠲᠥᠪ ᠤᠨ ᠨᠠᠢᠮᠠᠨ ᠵᠤᠷᠪᠤᠰ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ | ᠬᠤᠷᠢᠨ ᠨᠠᠢᠮᠠᠨ ᠵᠤᠷᠪᠤᠰ ᠲᠣᠭᠲᠠᠭᠠᠯ ᠵᠢᠴᠢ ᠬᠤᠲᠠ᠂ ᠬᠤᠰᠢᠭᠤᠨ ᠤ ᠬᠠᠮᠢᠶ᠎ᠠ ᠪᠦᠬᠦᠢ ᠢᠵᠢ ᠪᠦᠷᠢᠳᠦᠭᠰᠡᠨ | ᠲᠣᠭᠲᠠᠭᠠᠯ ᠢ ᠴᠥᠬᠦᠷᠡᠰᠢ ᠦᠭᠡᠢ ᠨᠡᠶᠢᠳᠡᠪᠣᠷᠢᠵᠢᠭᠤᠯᠬᠤ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ᠂ | ᠤᠯᠤᠰ ᠲᠥᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠰᠠᠬᠢᠯᠭ᠎ᠠ ᠪᠠᠲᠤ ᠶᠢ ᠨᠠᠷᠢᠨ ᠬᠢᠨᠠᠮᠠᠭᠠᠢ ᠭᠦᠢᠴᠡᠳᠬᠡᠨ᠎ᠡ᠃ | ᠬᠤᠶᠢᠰᠢᠳᠠ ᠣᠯᠠᠨ ᠢᠶᠠᠷ ᠢᠶᠠᠨ ᠦᠷᠭᠦᠯᠵᠢᠯᠡᠨ ᠳᠡᠮᠵᠢᠯᠭᠡ ᠦᠵᠡᠭᠦᠯᠵᠦ᠂ ᠪᠢᠳᠠᠨ ᠲᠠᠢ ᠬᠠᠮᠲᠤ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢ ᠬᠦᠰᠡᠵᠦ ᠪᠠᠶᠢᠨ᠎ᠠ᠃ | ᠣᠷᠴᠢᠭᠤᠯᠣᠭᠴᠢ᠄ ᠰᠡᠴᠡᠩᠭᠤᠸ᠎ᠠ |