︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019-11-28
      ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︿ᠢᠨᠲ᠋ᠧᠷ ᠰᠦᠯᠵᠢᠶ᠎ᠡ + ᠵᠠᠰᠠᠭ ᠤᠨ        ᠶᠠᠪᠤᠳᠠᠯ ᠤᠨ  ᠦᠢᠯᠡᠴᠢᠯᠡᠭᠡ﹀ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠶᠢᠨ ᠲᠥᠰᠦᠯ︾ ᠢ        ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄   ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠶᠢᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃      ᠬᠠᠷᠢᠯᠴᠠᠬᠤ ᠬᠦᠮᠣᠨ᠄ ᠰᠢᠤᠸᠠᠢ ᠱᠣ᠋ ᠴᠢᠶᠦ᠋ᠨ      ᠬᠠᠷᠢᠯᠴᠠᠬᠤ ᠤᠲᠠᠰᠤ᠄ 15104863005      ᠡᠯᠧᠺᠳ᠋ᠷᠣᠨ ᠢᠮᠧᠯ᠄ c y h q z w f w z x @ 126. COM      ᠴᠠᠬᠠᠷ ᠪᠠᠷᠠᠭᠤᠨ ᠭᠠᠷᠣᠨ ᠬᠤᠶᠢᠳᠦ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                                     2019 ᠣᠨ ᠤ 5 ᠰᠠᠷ᠎ᠡ ᠶᠢᠨ 10 ᠤ ᠡᠳᠣᠷᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠶᠢᠨ ᠲᠥᠰᠦᠯ        ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹ 2016 ︺ 55 ᠳ᠋ᠤᠭᠠᠷ ᠲᠣᠭᠠᠲᠤ︶ ᠪᠠ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2017 ︺ 40 ᠳ᠋ᠦᠭᠡᠷ ᠲᠣᠭᠠᠲᠤ︶ ᠤᠨ ᠱᠠᠭᠠᠷᠳᠠᠯᠭ᠎ᠠ ᠵᠢᠴᠢ ︽ᠤᠯᠠᠭᠠᠨᠴᠠᠪ ᠬᠤᠲᠠ ᠶᠢᠨ ︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠦᠯ︾ ᠤᠨ ᠮᠡᠳᠡᠭᠳᠡᠯ ︵ᠤᠯᠠᠭᠠᠨᠴᠠᠪ ᠵᠠᠰᠠᠭ ᠠᠯᠪᠠᠨ ᠦᠰᠦᠭ ︹ 2018 ︺ 68 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠵᠤ᠂ ᠮᠠᠨ ᠤ ᠬᠤᠰᠢᠭᠤᠨ ᠤ ᠪᠣᠳᠠᠲᠤ ᠪᠠᠶᠢᠳᠡᠯ ᠲᠠᠢ ᠤᠶᠠᠯᠳᠤᠭᠤᠯᠤᠨ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠣᠷᠢᠵᠢᠭᠤᠯᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠡᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠳᠭᠡᠵᠦ ᠦᠢᠯᠡᠰ ᠪᠣᠰᠬᠠᠬᠤ ᠳᠤ ᠨᠠᠩ ᠲᠦᠷᠭᠡᠨ ᠨᠠᠩ ᠰᠠᠶᠢᠨ ᠳᠥᠭᠦᠮ ᠦᠵᠡᠭᠦᠯᠬᠦ ᠪᠠᠷ ᠤᠳᠤᠷᠢᠳᠤᠮᠵᠢ ᠪᠣᠯᠭᠠᠨ᠎ᠠ᠃ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ᠂ ᠭᠤᠶᠤᠴᠢᠯᠠᠯ ᠢᠶᠠᠷ ᠭᠦᠢᠴᠡᠳᠭᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠣᠶᠢᠯᠡᠰ ᠤᠨ ᠲᠣᠭᠤᠷᠢᠨ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠣᠶᠢᠯᠠᠭᠠᠭᠳᠠᠬᠤᠨ᠂ ᠳᠦᠷᠢᠮ᠂ ᠰᠤᠷᠲᠠᠯ ᠤᠨ ᠪᠥᠬᠦ ᠲᠠᠯ᠎ᠠ ᠶᠢᠨ ᠭᠦᠨ ᠳᠠᠪᠬᠤᠷᠭ᠎ᠠ ᠶᠢᠨ ᠬᠤᠪᠢᠰᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠨ᠎ᠡ ᠵᠠᠭᠪᠤᠷ ᠢ ᠬᠦᠴᠦᠯᠡᠨ ᠪᠤᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠣᠷᠳᠣᠨ ᠳᠤ ᠭᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠢᠯ ᠶᠠᠪᠤᠳᠠᠯ ᠡᠷᠬᠢᠯᠡᠨ ᠠᠳᠠᠯ ᠦᠢᠯᠡᠰ ᠴᠣᠭᠴᠠᠯᠠᠬᠤ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠦᠨᠡᠨ ᠬᠦ ᠴᠢᠩᠭᠠᠳᠬᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠬᠦᠴᠦᠷᠬᠡᠭ ᠵᠠᠰᠠᠭ ᠤᠨ ᠣᠷᠳᠣᠨ ᠢ ᠪᠠᠶᠢᠭᠤᠯᠤᠨ᠎ᠠ᠃     ᠬᠤᠶᠠᠷ᠂ ᠠᠵᠢᠯ ᠤᠨ ᠬᠠᠷᠠᠯᠲᠠ     2019 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠣᠶᠢᠯᠡᠰ ᠢ ᠪᠦᠬᠦᠨ ᠢ ᠰᠦᠯᠵᠢᠶᠡᠨ ᠳᠡᠭᠡᠷ᠎ᠡ ᠢᠯᠡ ᠪᠣᠯᠭᠠᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ  ᠭᠦᠢᠴᠡᠳᠭᠡᠬᠦ ︽ᠭᠠᠷᠭᠠᠪᠠᠰᠤ ᠵᠣᠬᠢᠬᠤ ᠶᠢ ᠨᠢ ᠪᠦᠬᠦᠨ ᠢ ᠭᠠᠷᠭᠠᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠪᠠᠶᠢᠯᠭᠠᠬᠤ︾ ᠪᠣᠯᠤᠨ᠎ᠠ᠃ ᠰᠠᠯᠠᠭ᠎ᠠ ᠮᠥᠴᠢᠷ ᠥᠪᠡᠷᠲᠡᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠵᠤ᠂ ᠤᠯᠠᠭᠠᠨᠴᠠᠪ ᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠯᠤᠭ᠎ᠠ ᠵᠣᠯᠭᠠᠭᠤᠯᠬᠤ ᠶᠢ ᠪᠡᠶᠡᠯᠡᠭᠦᠯᠵᠦ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠲᠤ ︽ᠲᠢᠩᠬᠢᠮ ᠤᠨ ᠭᠠᠳᠠᠨ᠎ᠠ ᠬᠢᠨᠠᠨ ᠵᠥᠪᠰᠢᠶᠡᠷᠡᠯ ᠪᠠᠶᠢᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠰᠦᠯᠵᠢᠶᠡᠵᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠣᠤᠷ︾ ᠢ ᠪᠤᠢ ᠪᠣᠯᠭᠠᠨ᠎ᠠ᠃     ᠭᠤᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ  ︾ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠲᠤᠰᠬᠠᠶ ᠠᠬᠢᠭᠤᠯᠬᠤ ᠳᠤᠭᠤᠶᠢᠯᠠᠩ ᠪᠠᠶᠢᠭᠤᠯᠬᠤ ᠪᠠᠷ ᠲᠣᠭᠲᠠᠵᠤ᠂ ᠤᠳᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄     ︵ᠨᠢᠭᠡ︶ ᠠᠬᠢᠭᠤᠯᠬᠤ ᠳᠤᠭᠤᠶᠢᠯᠠᠩ ᠤᠨ ᠪᠦᠷᠢᠯᠳᠦᠬᠦᠨ     ᠲᠣᠭᠤᠶᠢᠯᠡᠩ ᠤᠨ ᠲᠠᠷᠤᠭ᠎ᠠ᠄ ᠰᠥᠩ ᠵᠢᠢ ᠴᠢᠩ    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ     ᠯᠢᠦ ᠬᠤᠸᠠᠨ ᠰᠤᠸᠠᠨ    ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ     ᠢᠦᠢ ᠬᠤᠩ     ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶᠠᠨ ᠤ ᠳᠠᠷᠤᠭ᠎ᠠ    ᠭᠡᠰᠢᠭᠦᠨ᠄ ᠶᠠᠩ ᠼᠠᠢ ᠳ᠋ᠦᠩ    ᠬᠤᠰᠢᠭᠤᠨ ᠤ  ᠵᠠᠰᠠᠭ ᠤᠨ ᠣᠷᠳᠣᠨ ᠤ ᠠᠯᠪᠡᠨ ᠭᠡᠷ ᠤᠨ ᠲᠡᠳ᠋ ᠡᠷᠬᠢᠯᠡᠭᠴᠢ      ᠵᠠᠩ  ᠳ᠋ᠧᠩ ᠹᠧᠩ    ᠬᠤᠰᠢᠭᠤᠨ ᠤ ᠬᠦᠭᠵᠢᠯᠳᠡ ᠦᠭᠡᠷᠡᠴᠢᠯᠠᠯᠳᠠ ᠶᠢᠨ ᠵᠦᠪᠯᠡᠯ ᠤᠨ ᠡᠷᠬᠢᠯᠡᠭᠴᠢ    ᠦ᠋ ᠳ᠋ᠧ ᠬᠤᠸᠠ    ᠬᠤᠰᠢᠭᠤᠨ ᠤ ᠠᠵᠦ ᠦᠢᠯᠡᠳᠪᠣᠷᠢ ᠪᠡ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠲᠠᠷᠤᠭ᠎ᠠ      ᠼᠣᠣ ᠰᠢᠤᠸᠠᠢ ᠹᠧᠩ    ᠬᠤᠰᠢᠭᠤᠨ ᠤ ᠬᠠᠣᠯᠢ ᠴᠠᠭᠠᠵᠠ ᠶᠢᠨ ᠲᠣᠪᠴᠢᠶᠠᠨ ᠤ ᠲᠠᠷᠤᠭ᠎ᠠ     ᠪᠣᠣ ᡁᠢ ᠶᠢᠩ    ᠬᠤᠰᠢᠭᠤᠨ ᠤ ᠵᠠᠬ᠎ᠠ ᠲᠡᠯᠭᠡᠬᠦᠷ ᠤᠨ ᠬᠢᠨᠠᠨ  ᠬᠠᠮᠢᠶᠠᠷᠣᠯᠳᠠ ᠶᠢᠨ ᠲᠣᠪᠴᠢᠶᠠᠨ ᠤ ᠲᠠᠷᠤᠭ᠎ᠠ      ᠰᠢᠦᠢ ᠬᠤᠩ ᠶᠧ      ᠬᠤᠰᠢᠭᠤᠨ ᠤ ᠡᠮᠴᠢᠯᠡᠭᠡᠨ ᠤ ᠪᠠᠳᠣᠯᠭ᠎ᠠ ᠶᠢᠨ ᠲᠣᠪᠴᠢᠶᠠᠨ ᠤ ᠲᠠᠷᠤᠭ᠎ᠠ     ᠮᠦᠩᠭᠡ     ᠬᠤᠰᠢᠭᠤᠨ ᠤ ᠲᠣᠳᠣᠭᠠᠳᠣ ᠶᠢ ᠬᠠᠮᠠᠭᠠᠯᠠᠬᠤ  ᠲᠣᠪᠴᠢᠶᠠᠨ ᠤ ᠲᠡᠳ᠋ ᠲᠣᠪᠴᠢᠶᠠᠨ ᠲᠠᠷᠤᠭ᠎ᠠ      ᠯᠢᠦᠢ ᠵᠢᠶᠦ᠋ᠨ ᠲᠢᠩ    ᠬᠤᠰᠢᠭᠤᠨ ᠤ ᠡᠳ᠋ ᠤᠨ ᠵᠠᠰᠠᠭ ᠤᠨ  ᠲᠣᠪᠴᠢᠶᠠᠨ ᠤ ᠲᠠᠷᠤᠭ᠎ᠠ      ᠰᠢᠶᠠ ᠫᠧᠢ ᠬᠤᠩ    ᠬᠤᠰᠢᠭᠤᠨ ᠤ  ᠰᠣᠷᠭᠠᠨ ᠭᠦᠮᠣᠵᠢᠯ ᠪᠡᠶ᠎ᠡ ᠲᠠᠮᠢᠷ ᠤᠨ ᠲᠣᠪᠴᠢᠶᠠᠨ ᠤ ᠲᠠᠷᠤᠭ᠎ᠠ      ᠵᠢᠢ ᠶᠠᠨ ᠫᠢᠩ    ᠬᠤᠰᠢᠭᠤᠨ ᠤ ᠠᠷᠠᠳ ᠤᠨ  ᠶᠠᠪᠣᠳᠠᠯ ᠤᠨ ᠲᠣᠪᠴᠢᠶᠠᠨ ᠤ ᠲᠠᠷᠤᠭ᠎ᠠ      ᠸᠧᠢ ᠯᠢ ᠬᠤᠸᠠ    ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ   ᠤ ᠲᠠᠷᠤᠭ᠎ᠠ      ᠸᠠᠩ ᠬᠤᠩ    ᠬᠤᠰᠢᠭᠤᠨ ᠤ ᠣᠷᠣᠨ ᠰᠠᠭᠤᠴᠠ ᠶᠢᠨ ᠪᠦᠳᠣᠭᠡᠨ ᠪᠡᠶᠢᠭᠤᠯᠣᠯᠳᠠ ᠶᠢᠨ ᠲᠣᠪᠴᠢᠶᠠᠨ ᠤ ᠲᠠᠷᠤᠭ᠎ᠠ     ᠫᠠᠩ ᠵᠦᠩ    ᠬᠤᠰᠢᠭᠤᠨ ᠤ ᠲᠠᠷᠢᠶᠠᠯᠡᠩ ᠮᠠᠯ ᠠᠵᠦ ᠠᠬᠤᠢ ᠪᠡ ᠰᠢᠨᠵᠢᠯᠡᠬᠦ ᠣᠬᠠᠭᠠᠨ   ᠮᠠᠷᠭᠡᠵᠢᠯ ᠤᠨ ᠲᠣᠪᠴᠢᠶᠠᠨ ᠤ ᠲᠠᠷᠤᠭ᠎ᠠ     ᠴᠢᠨ ᠳ᠋ᠦᠩ ᠼᠠᠢ    ᠬᠤᠰᠢᠭᠤᠨ ᠤ ᠰᠣᠶᠣᠯ ᠪᠡ ᠵᠢᠭᠤᠯᠴᠢᠯᠡᠯ ᠤᠨ ᠲᠣᠪᠴᠢᠶᠠᠨ ᠤ ᠲᠠᠷᠤᠭ᠎ᠠ     ᠦ᠋ ᠵᠢᠶᠦ᠋ᠨ ᠱᠧᠩ   ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠦ   ᠶᠢᠨ  ᠵᠦᠪᠯᠡᠯ ᠤᠨ ᠲᠠᠷᠤᠭ᠎ᠠ     ᠯᠢᠶᠠᠩ ᠸᠠᠨ ᠮᠢᠨ    ᠬᠤᠰᠢᠭᠤᠨ ᠤ ᠣᠢ ᠰᠢᠭᠤᠢ ᠪᠡ ᠨᠣᠳᠤᠭ ᠪᠡᠯᠴᠢᠭᠡᠷ   ᠤᠨ ᠲᠣᠪᠴᠢᠶᠠᠨ ᠤ ᠲᠠᠷᠤᠭ᠎ᠠ     ᠵᠠᠩ ᠬᠠᠢ ᠬᠤᠩ    ᠬᠤᠰᠢᠭᠤᠨ ᠤ ᠬᠦᠳᠡᠯᠮᠣᠷᠢ ᠬᠦᠴᠣᠨ ᠤ ᠡᠬᠢ  ᠪᠠᠶᠠᠯᠢᠭ ᠪᠣᠯᠣᠨ ᠨᠠᠶᠢᠭᠡᠮ ᠤᠨ ᠪᠠᠳᠣᠯᠠᠭ᠎ᠠ ᠶᠢᠨ  ᠲᠣᠪᠴᠢᠶᠠᠨ     ᠭᠠᠩᠳᠡᠮᠣᠷ    ᠬᠤᠰᠢᠭᠤᠨ ᠤ ᠦᠨᠳᠣᠰᠣᠳᠡᠨ ᠱᠠᠰᠢᠨ ᠰᠣᠷᠳᠠᠬᠤᠨ ᠤ ᠬᠡᠷᠡᠭ ᠡᠷᠬᠢᠯᠠᠬᠦ ᠲᠣᠪᠴᠢᠶᠠᠨ ᠤ ᠲᠠᠷᠤᠭ᠎ᠠ      ᠵᠣᠣ ᠵᠢᠶᠠᠩ    ᠬᠤᠰᠢᠭᠤᠨ ᠤ ᠵᠠᠮ ᠬᠠᠷᠢᠯᠴᠠᠭᠠᠨ ᠤ ᠲᠣᠪᠴᠢᠶᠠᠨ ᠤ ᠲᠠᠷᠤᠭ᠎ᠠ      ᠵᠠᠩ ᠶᠥᠩ ᠬᠤᠩ  ᠬᠤᠰᠢᠭᠤᠨ ᠤ ᠴᠡᠷᠡᠭ   ᠠᠴᠠ ᠬᠠᠯᠠᠭᠳᠠᠭᠰᠠᠳ ᠤᠨ ᠬᠡᠷᠡᠭ ᠡᠷᠬᠢᠯᠠᠬᠦ ᠲᠣᠪᠴᠢᠶᠠᠨ ᠤ ᠲᠠᠷᠤᠭ᠎ᠠ      ᠵᠣᠣ ᠢᠦᠢ ᠠᠨ    ᠬᠤᠰᠢᠭᠤᠨ ᠤ ᠪᠡᠴᠠᠮ ᠪᠠᠶᠢᠳᠡᠯ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶᠠᠨ ᠤ ᠲᠠᠷᠤᠭ᠎ᠠ      ᠭᠥᠸᠧ ᠶᠠᠨ ᠫᠢᠩ    ᠬᠤᠰᠢᠭᠤᠨ ᠤ ᠬᠢᠨᠠᠨ ᠪᠣᠳᠣᠬᠤ ᠲᠣᠪᠴᠢᠶᠠᠨ ᠤ ᠲᠠᠷᠤᠭ᠎ᠠ      ᠵᠠᠩ ᠬᠤᠩ    ᠬᠤᠰᠢᠭᠤᠨ ᠤ ᠲᠤᠭ᠎ᠠ  ᠪᠦᠷᠢᠳᠭᠡᠯ ᠤᠨ ᠲᠣᠪᠴᠢᠶᠠᠨ ᠤ ᠲᠠᠷᠤᠭ᠎ᠠ      ᠯᠢ ᠼᠠᠢ ᠴᠢᠩ     ᠬᠤᠰᠢᠭᠤᠨ ᠤ ᠶᠠᠳᠠᠭᠤ ᠶᠢ ᠲᠡᠳᠭᠦᠭᠦ ᠠᠯᠪᠡᠨ ᠭᠡᠷ ᠤᠨ  ᠡᠷᠬᠢᠯᠡᠭᠴᠢ      ᠰᠦᠨ ᠵᠢᠶᠠᠨ ᠭᠥᠸᠧ   ᠬᠤᠰᠢᠭᠤᠨ   ᠤ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶᠠᠨ ᠤ ᠲᠠᠷᠤᠭ᠎ᠠ    ᠠᠬᠢᠭᠤᠯᠬᠤ ᠲᠣᠭᠤᠶᠢᠯᠡᠩ ᠤᠨ ᠳᠣᠤᠷ᠎ᠠ ᠠᠯᠪᠠᠨ ᠭᠡᠷ ᠪᠠᠶᠢᠭᠤᠯᠵᠣ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠢᠦᠢ ᠬᠤᠩ ᠨᠥᠬᠦᠷ  ᠪᠠᠷ ᠲᠣᠭᠳᠠᠪᠡ᠃    ︵ᠬᠤᠶᠠᠷ︶ ᠲᠦᠯᠬᠢᠨ ᠠᠬᠢᠭᠤᠯᠬᠤ ᠳᠤᠭᠤᠶᠢᠯᠠᠩ ᠤᠨ ᠭᠤᠤᠯ ᠡᠭᠦᠷᠭᠡ ᠬᠠᠷᠢᠭᠤᠴᠠᠯᠭ᠎ᠠ    ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠠᠶᠢᠷᠢᠯᠠᠭᠤᠯᠤᠨ᠂ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠵᠢᠯᠣᠭᠤᠳᠤᠨ ᠰᠢᠮᠳᠠᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠣᠶᠢᠯᠡᠰ ᠢ ᠡᠮᠬᠢᠯᠡᠨ ᠳᠢᠭᠯᠡᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠳᠣᠲᠣᠭᠠᠳᠤ ᠶᠢᠨ ᠬᠡᠷᠡᠭᠯᠡᠭᠡᠨ ᠤ ᠰᠢᠰᠲ᠋ᠧᠮ ᠪᠠ ᠲᠠᠪᠴᠠᠩ ᠢ ᠡᠮᠬᠢᠯᠡᠨ ᠨᠡᠶᠢᠯᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠨᠢᠭᠡᠳᠬᠡᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠡᠯ᠎ᠡ ᠲᠥᠷᠥᠯ ᠤᠨ ᠵᠣᠶᠢᠯᠡᠰ ᠢ ᠭᠦᠢᠴᠡᠳᠭᠡᠬᠦ ᠨᠢᠭᠡᠳᠦᠯᠲᠡᠶ ᠣᠷᠤᠴᠠ ᠪᠣᠯᠭᠠᠵᠤ᠂ ᠪᠥᠬᠦ ᠬᠤᠰᠢᠭᠤᠨ ᠤ ︽ᠨᠢᠭᠡ ᠰᠦᠯᠵᠢᠶ᠎ᠡ︾ ᠶᠢᠨ ᠭᠥᠯᠢᠶᠡᠨ ᠠᠪᠴᠤ ᠰᠢᠢᠳᠪᠣᠷᠢᠯᠡᠬᠦ ᠪᠠ  ᠭᠦᠢᠴᠳᠭᠡᠬᠦ ᠶᠢ ᠪᠡᠶᠡᠯᠡᠭᠦᠯᠦᠨ᠎ᠡ᠃      ᠲᠦᠷᠪᠡ᠂ ᠭᠤᠣᠯᠳᠠᠯᠭ᠎ᠠ ᠲᠠᠢ ᠡᠭᠦᠷᠭᠡ     ︵ᠨᠢᠭᠡ︶ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠲᠦᠷᠭᠡᠳᠬᠡᠨ ᠠᠬᠢᠭᠤᠯᠤᠨ᠎ᠠ᠃ ᠮᠠᠨ ᠤ ᠬᠤᠰᠢᠭᠤ ᠨᠢᠭᠡᠨᠲᠡ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠨᠢᠭᠡᠳᠦᠯᠲᠡᠢ ᠳᠤ ᠪᠣᠯᠭᠠᠭᠰᠠᠨ ᠪᠥᠭᠡᠳ ᠬᠤᠰᠢᠭᠤ ᠲᠡᠰ ᠤᠨ ᠬᠠᠮᠢᠶᠠᠷᠤᠭᠴᠢ ᠶᠢᠨ ᠳᠠᠩᠰᠠᠨ ᠨᠣᠮᠧᠷ ᠪᠠ ᠡᠯ᠎ᠡ ᠰᠠᠯᠠᠭ᠎ᠠ ᠮᠥᠴᠢᠷ ᠤᠨ ᠳᠠᠩᠰᠠᠨ ᠨᠣᠮᠧᠷ ᠢ ᠨᠢᠭᠡᠳᠬᠡᠵᠦ᠂ ᠪᠦᠬᠦ ᠬᠤᠲᠠ ᠶᠢᠨ ︽ᠨᠢᠭᠡ ᠰᠦᠯᠵᠢᠶ᠎ᠡ︾ ᠶᠢᠨ ᠬᠦᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠬᠡᠬᠦ ᠠᠵᠢᠯ ᠤᠨ ᠬᠠᠷᠠᠯᠲᠠ ᠶᠣᠰᠣᠭᠠᠷ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠲᠦᠷᠭᠡᠬᠡᠨ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠶᠠᠪᠤᠳᠠᠯ ᠢ ᠲᠠᠨᠢᠵᠤ ᠠᠪᠬᠤ ᠠᠵᠢᠯ ᠢ ᠥᠷᠨᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠠᠵᠢᠯᠯᠠᠭᠠᠨ ᠨᠢ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠰᠠᠭᠤᠷᠢᠯᠠᠵᠠᠶ᠂ ᠣᠳᠣᠬᠠᠨ ᠳᠤ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠨᠢ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠬᠡᠰᠡᠭ ᠲᠠᠯ᠎ᠠ ᠪᠠᠷ ᠬᠤᠯᠪᠣᠯᠳᠤᠨ ᠨᠡᠪᠲᠡᠷᠡᠯᠴᠡᠵᠦ᠂ ᠡᠯ᠎ᠡ ᠰᠠᠯᠠᠭ᠎ᠠ ᠮᠥᠴᠢᠷ ᠤᠨ ᠲᠢᠩᠬᠢᠮ ᠳᠤ ᠰᠠᠭᠤᠭ᠎ᠠ ᠴᠣᠩᠬᠤ ᠲᠠᠢ ᠪᠦᠬᠦᠨ ᠢ ᠵᠠᠯᠭᠠᠭᠰᠠᠨ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠯᠤᠭ᠎ᠠ ᠵᠠᠪᠰᠠᠷ ᠥᠬᠡᠶ ᠵᠠᠯᠭᠠᠯᠳᠤᠬᠤ ᠶᠢ ᠪᠡᠶᠡᠯᠡᠭᠦᠯᠬᠦ ᠶᠢᠨ ᠲᠥᠯᠥᠭᠡ᠂ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠨ ᠬᠤᠯᠪᠣᠭᠠᠯᠠᠨ ᠨᠡᠪᠲᠡᠷᠡᠯᠴᠡᠬᠦ ᠺᠣᠮᠫᠠᠨᠢ ᠲᠠᠢ ᠵᠥᠪᠳᠡᠯᠴᠡᠨ ᠰᠢᠢᠳᠪᠣᠷᠢᠯᠡᠬᠦ ᠴᠢᠬᠤᠯᠠᠲᠠᠶ ᠪᠠᠶᠢᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶     ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠣᠶᠢᠯᠡᠰ ᠢ ᠲᠠᠨᠢᠵᠤ ᠠᠪᠬᠤ ᠪᠠ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠡᠭᠦᠷᠭᠡ ᠴᠢᠳᠠᠪᠬᠢ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠣᠷᠢᠵᠢᠭᠤᠯᠬᠤ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠨᠡᠢᠲᠡᠯᠡᠭᠰᠡᠨ ︽ᠠᠶᠢᠮᠠᠭ ᠬᠤᠲᠠ ᠶᠢᠨ ᠱᠠᠲᠤᠨ ᠤ ᠡᠷᠬᠡ ᠶᠢᠨ ᠵᠦᠢᠯᠡᠰ ᠤᠨ ᠨᠡᠶᠢᠳᠡᠮ ᠬᠡᠷᠡᠭᠯᠡᠬᠦ ᠨᠠᠷᠢᠨ ᠬᠠᠭᠤᠳᠠᠰᠤ︾ ᠪᠠ ᠮᠠᠨ ᠤ ᠬᠤᠰᠢᠭᠤᠨ ᠤ ᠨᠡᠶᠢᠳᠡᠯᠡᠭᠰᠡᠨ ︽ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ︾ ᠶᠢ ᠦᠨᠳᠦᠰᠦᠯᠡᠨ᠂ ᠡᠯ᠎ᠡ ᠰᠠᠯᠠᠭ᠎ᠠ ᠮᠥᠴᠢᠷ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤᠨ ᠳᠤ ᠵᠢᠭᠰᠠᠭᠠᠭᠳᠠᠭᠰᠠᠨ ᠭᠤᠶᠤᠴᠢᠯᠠᠬᠤ ᠲᠥᠷᠥᠯ ᠤᠨ ᠬᠡᠷᠡᠭ ᠶᠠᠪᠤᠳᠠᠯ ᠳᠤ ︽ᠭᠤᠷᠪᠠ ᠶᠢ ᠲᠣᠭᠲᠠᠭᠠᠬᠤ︾ ᠲᠥᠰᠦᠯ ᠢ ᠦᠨᠳᠦᠰᠦᠯᠡᠨ ᠳᠠᠬᠢᠨ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠳᠤ ᠪᠠᠷᠢᠮᠵᠢᠶ᠎ᠠ ᠶᠣᠰᠣᠭᠠᠷ ᠵᠢᠷᠤᠮᠵᠢᠭᠤᠯᠤᠨ᠂ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰ ᠰᠠᠯᠠᠭ᠎ᠠ ᠮᠥᠴᠢᠷ ᠤᠨ ᠪᠠᠷᠢᠮᠵᠢᠶᠠᠵᠢᠭᠤᠯᠤᠯᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠨ᠎ᠠ᠃ ᠡᠯ᠎ᠡ ᠰᠠᠯᠠᠭ᠎ᠠ ᠮᠥᠴᠢᠷ ᠨᠢ ᠲᠤᠰᠬᠠᠶ ᠬᠥᠮᠦᠨ ᠢ ᠲᠥᠪᠯᠡᠷᠡᠭᠦᠯᠦᠨ ᠲᠣᠬᠢᠷᠠᠭᠤᠯᠵᠤ ︽ᠤᠯᠤᠰ  ᠤᠨ ᠲᠡᠰ ᠤᠨ︾ ᠪᠠ ︽ᠥᠪᠡᠷᠲᠡᠭᠡᠨ ᠵᠠᠰᠠᠬᠤ ᠣᠷᠣᠨ ᠤ ᠲᠡᠰ ᠤᠨ︾ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ  ᠵᠣᠶᠢᠯᠡᠰ ᠢ ᠳᠠᠭᠠᠭᠠᠨ ᠠᠪᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ᠂ ︽ᠤᠯᠤᠰ ᠤᠨ ᠲᠡᠰ ᠤᠨ ᠭᠠᠷᠴᠠᠭ︾ ᠪᠠ ︽ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷᠴᠠᠭ︾ ᠲᠠᠢ ᠬᠠᠷᠢᠴᠠᠭᠤᠯᠤᠨ ᠡᠯ᠎ᠡ ᠰᠠᠯᠠᠭ᠎ᠠ ᠮᠥᠴᠢᠷ ᠤᠨ ᠬᠠᠷᠠᠭᠠᠯᠵᠠᠭᠰᠠᠨ ᠵᠣᠶᠢᠯᠡᠰ ᠢ ᠳᠠᠭᠠᠭᠠᠨ ᠠᠪᠬᠤ ᠠᠵᠢᠯ ᠢ ᠬᠢᠬᠦ ᠬᠡᠷᠡᠭᠲᠡᠶ᠃ ︵ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤᠨ ᠬᠠᠷᠢᠶ᠎ᠠ ᠡᠯ᠎ᠡ ᠨᠢᠭᠡᠴᠡ︶     ︵ᠭᠤᠷᠪᠠ︶ ︽ᠦᠨᠡᠮᠯᠡᠯ ᠢ ᠴᠥᠭᠡᠳᠬᠡᠵᠦ ᠠᠷᠠᠳ ᠲᠤ ᠳᠥᠭᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠪᠣᠯᠤᠨ ᠣᠯᠠᠨ ᠲᠦᠮᠡᠨ ᠢ ᠬᠠᠷᠰᠢᠯᠠᠵᠤ ᠪᠠᠶᠢᠭ᠎ᠠ ︽ᠬᠠᠴᠢᠨ ᠵᠢᠭᠲᠡᠶ︾ ᠭᠡᠷᠡᠴᠢ᠂ ᠣᠷᠴᠢᠯ ᠤᠨ ᠭᠡᠷᠡᠴᠢ᠂ ᠳᠠᠪᠬᠤᠷᠳᠠᠭᠤᠯᠤᠨ ᠭᠡᠷᠡᠴᠢᠯᠡᠬᠦ ᠵᠡᠷᠭᠡ ᠡᠯ᠎ᠡ ᠲᠥᠷᠥᠯ ᠤᠨ ᠭᠡᠷᠡᠴᠢ ᠶᠢ ᠪᠦᠬᠦ ᠲᠠᠯ᠎ᠠ ᠪᠠᠷ ᠢᠯᠭᠠᠷᠠᠭᠤᠯᠵᠤ᠂ ᠲᠠᠮᠠᠭ᠎ᠠ ᠳᠠᠷᠤᠬᠤ᠂ ᠬᠢᠨᠠᠨ ᠬᠠᠷᠭᠤᠭᠤᠯᠬᠤ᠂ ᠳᠠᠩᠰᠠᠯᠠᠭᠤᠯᠬᠤ᠂ ᠨᠤᠲᠠᠯᠠᠬᠤ᠂ ᠮᠡᠳᠡᠭᠳᠡᠬᠦ ᠵᠡᠷᠭᠡ ᠡᠯ᠎ᠡ ᠵᠦᠢᠯ ᠤᠨ ᠶᠠᠷᠰᠢᠭ ᠲᠦᠪᠡᠭᠲᠡᠢ ᠭᠤᠭᠴᠤᠭ᠎ᠠ ᠪᠣᠯᠤᠨ ᠭᠠᠷᠳᠠᠮ ᠢ ᠶᠡᠬᠡᠪᠡᠷ ᠪᠠᠭᠠᠰᠬᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠶᠢ ᠨᠢ ᠴᠥᠮ ᠬᠦᠴᠦᠨ ᠦᠭᠡᠢ ᠪᠣᠯᠭᠠᠵᠤ᠂ ᠬᠤᠪᠢ ᠬᠥᠮᠦᠨ ᠤ ᠣᠳᠣ ᠶᠢᠨ ᠪᠠᠶᠢᠭ᠎ᠠ ᠭᠡᠷᠡᠴᠢᠯᠡᠯ ᠢᠶᠠᠷ ᠳᠠᠮᠵᠢᠨ ᠭᠡᠷᠡᠴᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠵᠤ᠂ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠶᠢᠨ ᠠᠷᠭ᠎ᠠ ᠮᠠᠶ᠋ᠢᠭ ᠢᠶᠠᠷ ᠰᠢᠢᠳᠪᠣᠷᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠵᠤ᠂ ᠪᠤᠰᠤᠳ ᠮᠠᠲ᠋ᠧᠷᠢᠶᠠᠯ ᠢ ᠬᠠᠮᠤᠷᠤᠭᠰᠠᠨ ᠪᠤᠶᠤ ᠣᠷᠣᠯᠠᠭᠤᠯᠵᠤ ᠪᠣᠯᠬᠤ ᠶᠢ ᠨᠢ ᠴᠥᠮ ᠬᠦᠴᠦᠨ ᠦᠭᠡᠢ ᠪᠣᠯᠭᠠᠵᠤ᠂ ᠰᠦᠯᠵᠢᠶ᠎ᠡ ᠪᠠᠷ ᠳᠠᠮᠵᠢᠨ ᠬᠢᠨᠠᠨ ᠰᠢᠯᠭᠠᠵᠤ ᠪᠣᠯᠬᠤ ᠶᠢ ᠨᠢ ᠴᠥᠮ ᠬᠦᠴᠦᠨ ᠦᠭᠡᠢ ᠪᠣᠯᠭᠠᠵᠤ᠂ ᠨᠢᠭᠡᠴᠢ ᠪᠣᠯᠬᠤ ᠠᠷᠭ᠎ᠠ ᠦᠭᠡᠢ ᠭᠡᠷᠡᠴᠢ ᠶᠢ ᠨᠢ ᠴᠥᠮ ᠬᠦᠴᠦᠨ ᠦᠭᠡᠢ ᠪᠣᠯᠭᠠᠨ᠎ᠠ᠃ ᠲᠣᠰ ᠡᠭᠡᠯᠵᠢ ᠶᠢᠨ ᠵᠣᠶᠢᠯᠡᠰ ᠢ ᠲᠠᠨᠢᠵᠤ ᠠᠪᠬᠤ ᠪᠠ  ᠵᠣᠶᠢᠯᠰ ᠢ ᠡᠮᠬᠢᠯᠡᠨ ᠳᠢᠭᠯᠡᠬᠦ ᠠᠵᠢᠯ ᠢᠶᠠᠷ ᠳᠠᠮᠵᠢᠭᠤᠯᠤᠨ ᠭᠡᠷᠡᠴᠢᠯᠡᠬᠦ ᠮᠠᠲ᠋ᠧᠷᠢᠶᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠳᠣ ᠶᠢᠨ ᠦᠯᠡᠳᠡᠭᠡᠵᠦ ᠪᠠᠶᠢᠭ᠎ᠠ ᠬᠢᠨᠠᠨ ᠵᠥᠪᠰᠢᠶᠡᠷᠡᠬᠦ ᠭᠡᠷᠡᠴᠢᠯᠡᠬᠦ ᠮᠠᠲ᠋ᠧᠷᠢᠶᠠᠯ ᠢ ᠭᠠᠷᠴᠠᠭᠯᠠᠨ ᠭᠠᠷᠭᠠᠵᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠦᠨᠡᠮᠰᠢᠭᠦᠯᠬᠦ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ ︵ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤᠨ   ᠤ ᠬᠠᠤᠯᠢ ᠴᠠᠭᠠᠵᠠ ᠶᠢᠨ ᠲᠣᠪᠴᠢᠶ᠎ᠠ︶    ︵ᠲᠦᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠣᠶᠢᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠨ ᠭᠦᠢᠴᠡᠳᠭᠡᠬᠦ ᠶᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠲᠣᠰ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠨᠢᠭᠡ ᠳᠤ᠂ ᠬᠤᠪᠢ ᠬᠢᠨᠠᠨ ᠵᠥᠪᠰᠢᠶᠡᠷᠡᠬᠦ ᠴᠢᠬᠤᠯᠠᠲᠠᠶ ᠰᠠᠯᠠᠭ᠎ᠠ ᠮᠥᠴᠢᠷ ᠡᠷᠬᠡᠪᠰᠢ ᠬᠤᠪᠢ ᠣᠷᠣᠭᠤᠯᠬᠤ ᠶᠢ ᠬᠢᠨᠠᠨ ᠵᠥᠪᠰᠢᠶᠡᠷᠡᠬᠦ ᠶᠢᠨ ᠬᠠᠮᠲᠤ ᠪᠦᠬᠦᠯᠢ ᠪᠦᠲᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠨ᠂ ᠡᠷᠬᠡ ᠣᠯᠭᠤᠯᠲᠠ ᠶᠢ ᠭᠦᠢᠴᠡᠳ ᠪᠣᠳᠠᠲᠠᠶᠢᠵᠢᠭᠤᠯᠬᠤ ᠶᠢ ᠴᠢᠩᠭ᠎ᠠ ᠴᠠᠭᠠᠵᠠᠯᠠᠵᠤ᠂ ᠰᠠᠯᠠᠭ᠎ᠠ ᠮᠥᠴᠢᠷ ᠤᠨ ᠲᠢᠩᠬᠢᠮ ᠤᠨ ᠭᠠᠳᠠᠨ᠎ᠠ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠭᠦᠢᠴᠡᠳᠭᠡᠬᠦ ᠶᠢ ᠴᠢᠩᠭ᠎ᠠ ᠴᠠᠭᠠᠵᠠᠯᠠᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠨᠢᠭᠡ ᠯᠡ ᠡᠭᠦᠳᠡ ᠪᠠᠷ ᠣᠷᠣᠬᠤ︾ ᠪᠠᠷ ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠣᠶᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠶᠡᠬᠡᠪᠡᠷ ᠬᠡᠷᠡᠭᠵᠢᠭᠦᠯᠵᠦ᠂ ︽ᠣᠯᠠᠨ ᠡᠭᠦᠳᠡ︾ ᠶᠢ ︽ᠨᠢᠭᠡ ᠡᠭᠦᠳᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠠᠵᠤ ᠠᠬᠤᠶᠢᠯᠡᠯ ᠪᠠ ᠣᠯᠠᠨ ᠲᠦᠮᠡᠨ ᠢ ᠴᠥᠭᠡᠳᠬᠡᠨ ᠬᠠᠷᠠᠯᠲᠠ ᠪᠣᠯᠭᠠᠵᠤ᠂ ᠡᠷᠬᠡᠪᠰᠢ ᠲᠤᠬᠠᠶ ᠶᠢᠨ ᠲᠠᠯᠠᠪᠠᠢ ᠳᠤ ᠣᠴᠢᠵᠤ ᠰᠢᠢᠳᠪᠣᠷᠢᠯᠡᠬᠦ ᠴᠢᠬᠤᠯᠠᠲᠠᠶ ᠵᠣᠶᠢᠯᠡᠰ ᠤᠨ ︽ᠶᠡᠬᠡᠳᠡᠬᠦ ᠳᠡᠭᠡᠨ ᠨᠢᠭᠡ ᠯᠡ ᠤᠳᠠᠭ᠎ᠠ ᠭᠦᠶᠦᠬᠦ︾ ᠭᠠᠷᠴᠠᠭ ᠢ ᠡᠮᠬᠢᠯᠡᠵᠦ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠪᠠ ᠮᠠᠲ᠋ᠧᠷᠢᠶᠠᠯ ᠢ ᠴᠣᠮᠬᠠᠳᠬᠠᠵᠤ᠂ ᠠᠵᠤ ᠠᠬᠤᠶᠢᠯᠡᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠶᠡᠬᠡᠳᠡᠬᠦ ᠳᠡᠭᠡᠨ ᠨᠢᠭᠡ ᠯᠡ ᠤᠳᠠᠭ᠎ᠠ ᠭᠦᠢᠴᠡᠳᠭᠡᠬᠦ︾ ᠶᠢ ᠴᠢᠷᠮᠠᠶᠢᠨ ᠪᠡᠶᠡᠯᠡᠭᠦᠯᠦᠨ᠎ᠡ᠃ ᠭᠤᠷᠪᠠ ᠳᠤ᠂ ᠮᠠᠨ ᠤ ᠬᠤᠰᠢᠭᠤ ᠬᠢᠭᠡᠳ ᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠠᠵᠠ ᠲᠣᠬᠢᠶᠠᠯ ᠢ ᠠᠰᠢᠭᠯᠠ᠂ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠰᠦᠯᠵᠢᠶᠡᠨ ᠳᠡᠭᠡᠷ᠎ᠡ ᠬᠠᠷᠢᠭᠤ ᠲᠤᠰᠬᠠᠬᠤ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠭᠠᠷᠭᠠᠪᠠᠰᠤ ᠵᠣᠬᠢᠬᠤ ᠶᠢ ᠪᠦᠬᠦᠨ ᠢ ᠰᠦᠯᠵᠢᠶᠡᠨ ᠳᠡᠭᠡᠷ᠎ᠡ ᠭᠠᠷᠭᠠᠵᠤ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠵᠥᠪᠬᠡᠨ ᠨᠢᠭᠡ ᠯᠡ ᠡᠭᠦᠳᠡ ᠪᠠᠷ ᠣᠷᠣᠬᠤ︾᠂ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢᠨ ᠬᠠᠷᠠᠯᠲᠠ ᠶᠢ ᠠᠯᠬᠤᠮ  ᠨᠢᠭᠡ ᠠᠯᠬᠤᠮ ᠢᠶᠠᠷ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠪᠢ ᠣᠷᠣᠭᠤᠯᠬᠤ ᠶᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠᠶᠢᠭᠤᠯᠬᠤ ᠴᠢᠬᠤᠯᠠᠲᠠᠶ︶    ︵ᠲᠠᠪᠤ︶ ᠪᠣᠳᠠᠲᠤ ᠴᠣᠭᠴᠠ ᠶᠢᠨ ᠶᠡᠭᠡ ᠲᠢᠩᠬᠢᠮ ᠤᠨ ︽ᠨᠢᠭᠡ ᠴᠣᠩᠬᠤᠪᠴᠢ ᠮᠠᠶ᠋ᠢᠭ︾ ᠤᠨ  ᠦᠢᠯᠡᠴᠢᠯᠡᠭᠡᠨ ᠤ ᠴᠢᠳᠠᠮᠵᠢ ᠶᠢ ᠶᠡᠬᠡᠪᠡᠷ ᠬᠡᠷᠡᠭᠵᠢᠭᠦᠯᠦᠨ᠎ᠡ᠃ ︽ᠨᠢᠭᠡ ᠯᠡ ᠡᠭᠦᠳᠡ ᠪᠠᠷ ᠣᠷᠣᠬᠤ︾ ᠥᠭᠡᠷᠡᠴᠢᠯᠡᠯᠲᠡ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠣᠶᠢᠯᠡᠰ ᠤᠨ ︽ᠨᠢᠭᠡ ᠯᠡ ᠡᠭᠦᠳᠡ ᠪᠠᠷ ᠣᠷᠣᠬᠤ︾ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠨᠢᠭᠡ ᠯᠡ ᠥᠷᠲᠡᠭᠡᠨ ᠤ ᠬᠡᠯᠪᠡᠷᠢ︾ ᠶᠢᠨ ᠴᠢᠳᠠᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ︽ᠶᠡᠷᠦᠩᠬᠡᠶᠢᠯᠡᠨ ᠭᠥᠯᠢᠶᠡᠨ ᠠᠪᠴᠤ ᠰᠢᠢᠳᠪᠣᠷᠢᠯᠡᠬᠦ᠂ ᠠᠷᠤ ᠲᠠᠪᠴᠠᠩ ᠢ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠮᠠᠲ᠋ᠧᠷᠢᠶᠠᠯ ᠭᠠᠷᠭᠠᠬᠤ︾ ᠠᠵᠢᠯ ᠶᠢᠨ ᠵᠠᠭᠪᠤᠷ ᠢ ᠲᠦᠷᠭᠡᠳᠬᠡᠨ ᠠᠬᠢᠭᠤᠯᠤᠨ᠎ᠠ᠃ ᠶᠡᠷᠦᠩᠬᠡᠶᠢᠯᠡᠨ ᠬᠦᠯᠢᠶᠡᠨ ᠠᠪᠴᠤ ᠰᠢᠢᠳᠪᠣᠷᠢᠯᠡᠬᠦ ᠪᠠ ᠠᠷᠤ ᠲᠠᠪᠴᠠᠩ ᠤᠨ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠶᠢ ᠬᠠᠷᠢᠯᠴᠠᠨ ᠰᠠᠯᠭᠠᠵᠤ᠂ ᠡᠯ᠎ᠡ ᠰᠠᠯᠠᠭ᠎ᠠ ᠮᠥᠴᠢᠷ ᠤᠨ ᠰᠠᠯᠭᠠᠨ ᠪᠠᠶᠢᠭᠤᠯᠤᠭᠰᠠᠨ ᠠᠵᠢᠯ ᠶᠠᠪᠤᠳᠠᠯ ᠭᠦᠢᠴᠡᠳᠭᠡᠬᠦ ᠴᠣᠩᠬᠤᠪᠴᠢ ᠶᠢ ᠨᠡᠶᠢᠯᠡᠭᠦᠯᠦᠭᠡᠳ ᠶᠡᠷᠦᠩᠬᠡᠶᠢᠯᠡᠭᠰᠡᠨ ᠴᠣᠩᠬᠤᠪᠴᠢ ᠪᠣᠯᠭᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ 20 ᠨᠡᠷᠡᠰ ᠶᠡᠷᠦᠩᠬᠡᠶᠢᠯᠡᠭᠰᠡᠨ ᠴᠣᠩᠬᠤᠪᠴᠢ ᠠᠵᠢᠯᠲᠠᠨ ᠤᠷᠢᠵᠤ᠂ ᠡᠯ᠎ᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠲ᠋ᠣᠺ ᠤᠨ ᠲᠢᠩᠬᠢᠮ ᠳᠤ ᠰᠠᠭᠤᠭ᠎ᠠ ᠠᠵᠢᠯᠲᠠᠨ ᠢ ᠪᠦᠬᠦᠨ ᠢ ᠠᠷᠤ ᠲᠠᠪᠴᠠᠩ ᠳᠤ ᠰᠢᠯᠵᠢᠭᠦᠯᠦᠨ ᠬᠢᠨᠠᠨ ᠵᠥᠪᠰᠢᠶᠡᠷᠡᠭᠦᠯᠵᠦ᠂ ᠡᠴᠦᠰ ᠲᠡᠭᠡᠨ ︽ᠨᠢᠭᠡ ᠴᠣᠩᠬᠤ ᠪᠠᠷ ᠨᠡᠶᠢᠳᠡᠮ ᠭᠦᠢᠴᠡᠳᠭᠡᠬᠦ︾ ︽ᠠᠭᠤᠯᠵᠠᠬᠤ ᠥᠬᠡᠶ ᠬᠢᠨᠠᠨ ᠵᠥᠪᠰᠢᠶᠡᠷᠡᠬᠦ︾ ᠶᠢ ᠪᠡᠶᠡᠯᠡᠭᠦᠯᠬᠦ ᠬᠡᠷᠡᠭᠲᠡᠶ ᠭᠡᠵᠦ ᠰᠠᠨᠠᠭᠤᠯᠪᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠡᠯ᠎ᠡ ᠰᠠᠯᠠᠭ᠎ᠠ ᠮᠥᠴᠢᠷ︶     ︵ᠵᠢᠷᠭᠤᠭ᠎ᠠ︶ ︽ᠬᠠᠮᠤᠭ ᠣᠯᠠᠨ ᠳᠤ ᠪᠠᠨ ᠨᠢᠭᠡ ᠯᠡ ᠤᠳᠠᠭ᠎ᠠ ᠭᠦᠶᠦᠬᠦ︾ ᠶᠢ ᠦᠨᠳᠦᠰᠦᠨ ᠱᠠᠲᠤ ᠲᠡᠰᠢ ᠤᠷᠲᠤᠳᠬᠠᠬᠤ ᠶᠢ ᠠᠬᠢᠭᠤᠯᠤᠨ᠎ᠠ᠃ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠦᠵᠡᠭᠦᠯᠬᠦ ᠶᠢ ᠠᠬᠢᠭᠤᠯᠬᠤ ︽ᠳᠠᠷᠤᠢ ᠲᠦᠷᠭᠡᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠦᠢᠷ᠎ᠡ ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠰᠢᠶᠠᠩ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠠᠵᠢᠯᠯᠠᠭᠠᠨ ᠬᠡᠪ ᠤᠨ ᠪᠠᠶᠢᠳᠡᠯ ᠲᠠᠢ ᠪᠣᠯᠤᠭᠰᠠᠨ ᠤ ᠳᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠢᠶᠠᠩ ᠪᠠᠯᠭᠠᠰᠤ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠠᠵᠢᠯᠯᠠᠭᠠᠨ ᠤ ᠠᠵᠢᠯ ᠢ ᠭᠤᠤᠯᠳᠠᠯᠭ᠎ᠠ ᠲᠠᠢ ᠵᠢᠯᠣᠭᠤᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠬᠤ ᠡᠭᠦᠳᠡ ᠶᠢ ᠪᠦᠬᠦᠨ ᠢ ᠦᠨᠳᠦᠰᠦᠨ ᠱᠠᠲᠤᠨ ᠳᠤ ᠬᠠᠨᠳᠤᠭᠤᠯᠤᠨ ᠤᠷᠲᠤᠳᠬᠠᠬᠤ ᠶᠢ ᠬᠡᠷᠡᠭᠵᠢᠭᠦᠯᠦᠨ᠂ ᠡᠭᠦᠨ ᠤ ᠤᠯᠠᠮ ᠠᠴᠠ ᠰᠢᠶᠠᠩ ᠪᠠᠯᠭᠠᠰᠤ ᠶᠢᠨ ︽ᠳᠠᠷᠦ᠋ᠢᠬᠠᠨ ᠭᠦᠢᠴᠡᠳᠭᠡᠬᠦ︾᠂ ︽ᠰᠦᠯᠵᠢᠶᠡᠨ ᠳᠡᠭᠡᠷ᠎ᠡ  ᠭᠦᠢᠴᠡᠳᠭᠡᠬᠦ︾ ᠶᠢ ᠪᠡᠶᠡᠯᠡᠭᠦᠯᠵᠦ᠂ ᠭᠠᠴᠠᠭ᠎ᠠ ᠲᠣᠰᠬᠤᠨ ᠨᠢ ︽ᠦᠢᠷ᠎ᠡ ᠬᠠᠪᠢ ᠳᠤᠨᠢ ᠭᠦᠢᠴᠡᠳᠭᠡᠬᠦ︾᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠦᠨ᠎ᠡ᠃ ︽ᠬᠡᠲᠦᠷᠡᠬᠦ ᠳᠡᠭᠡᠨ ᠨᠢᠭᠡ ᠯᠡ ᠤᠳᠠᠭ᠎ᠠ ᠭᠦᠶᠦᠬᠦ︾ ᠪᠠᠷ ᠬᠤᠰᠢᠭᠤ᠂ ᠰᠢᠶᠠᠩ᠂ ᠲᠣᠰᠬᠤᠨ ᠢ ᠪᠦᠷᠬᠦᠭᠦᠯᠵᠦ᠂ ᠦᠨᠳᠦᠰᠦᠨ ᠱᠠᠲᠤᠨ ᠤ ︽ᠨᠢᠭᠡ ᠥᠷᠲᠡᠭᠡ ᠮᠠᠶ᠋ᠢᠭ︾ ᠤᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ︶    ︵ᠳᠣᠯᠤᠭ᠎ᠠ︶ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠨᠢᠭᠡ ᠳᠤ ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠤᠭᠰᠠᠨ᠂ ᠬᠡᠨ ᠭᠤᠤᠯᠴᠢᠯᠠᠨ ᠬᠠᠮᠢᠶᠠᠷᠤᠭᠰᠠᠨ ᠪᠣᠯ ᠲᠡᠷᠡ ᠬᠢᠨᠠᠨ ᠬᠠᠮᠢᠶᠠᠷᠤᠭᠰᠠᠨ ᠪᠠᠶᠢᠬᠤ︾ ᠵᠠᠷᠴᠢᠮ ᠤᠨ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠲᠣᠰ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ  ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠬᠦ ᠶᠢᠨ ᠵᠡᠷᠭᠡᠴᠡᠭᠡ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠵᠡᠷᠭᠡ ᠯᠦᠭᠡ ᠵᠣᠬᠢᠴᠠᠯᠳᠤᠭᠰᠠᠨ ᠬᠢᠨᠠᠨ ᠬᠠᠮᠢᠶᠠᠷᠬᠤ ᠵᠣᠶᠢᠯᠡᠰ ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠪᠤᠢ ᠪᠣᠯᠭᠠᠬᠤ ᠬᠡᠷᠡᠭᠲᠡᠶ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠳᠠᠩᠰᠠ ᠶᠢ ᠬᠠᠷᠢᠴᠠᠭᠤᠯᠤᠨ ᠡᠮᠬᠢᠯᠡᠵᠦ᠂ ᠬᠤᠯᠪᠣᠭᠳᠠᠭᠰᠠᠨ ᠪᠣᠶ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠣᠶᠢᠯᠡᠰ ᠢ ᠡᠮᠬᠢᠯᠡᠵᠦ᠂ ᠬᠢᠨᠠᠨ ᠬᠠᠮᠢᠶᠠᠷᠬᠤ ᠵᠣᠶᠢᠯᠡᠰ ᠤᠨ ᠪᠠᠶᠢᠴᠠᠭᠠᠯᠲᠠ ᠶᠢ ᠬᠡᠷᠡᠭᠵᠢᠭᠦᠯᠬᠦ ᠨᠠᠷᠢᠨ ᠳᠠᠩᠰᠠ ᠶᠢ ᠪᠦᠷᠢᠯᠳᠦᠭᠦᠯᠦᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤᠨ ᠬᠠᠷᠢᠶ᠎ᠠ ᠡᠯ᠎ᠡ ᠨᠢᠭᠡᠴᠡ︶      ᠲᠦᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠲᠤᠰᠬᠠᠶ ᠠᠬᠢᠭᠤᠯᠬᠤ ᠳᠤᠭᠤᠶᠢᠯᠠᠩ ᠠᠵᠢᠯ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠣᠷᠢᠯᠡᠬᠦ ᠶᠢ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠬᠤᠯᠪᠣᠬᠤ ᠠᠵᠢᠯ ᠢ ᠲᠦᠷᠭᠡᠳᠬᠡᠨ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠪᠣᠯ ᠮᠠᠨ ᠤ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠭᠦᠢᠴᠡᠳᠬᠡᠬᠦ ᠳᠤ ᠤᠯᠠᠮ ᠳᠥᠭᠦᠮ ᠦᠵᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠰᠠᠯᠠᠭ᠎ᠠ ᠮᠥᠴᠢᠷ ᠡᠷᠬᠡᠪᠰᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠴᠢᠬᠤᠯᠠ ᠥᠭᠡᠷᠡᠴᠢᠯᠡᠯᠲᠡ ᠶᠢᠨ ᠵᠥᠪᠯᠡᠬᠦ ᠵᠣᠶᠢᠯ ᠪᠣᠯᠭᠠᠨ ᠳᠤᠷᠠᠳᠴᠤ᠂ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ᠂ ᠪᠡᠶ᠎ᠡ ᠪᠠᠷ ᠢᠶᠠᠨ ᠠᠬᠢᠭᠤᠯᠵᠤ᠂ ᠡᠨᠡᠬᠦ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ ᠢᠨᠵᠧᠨᠧᠷᠢᠩ ᠢ ᠪᠣᠳᠠᠲᠠᠶ  ᠨᠡᠶᠢᠳᠡᠪᠣᠷᠢᠵᠢᠭᠤᠯᠬᠤ᠂ ᠰᠠᠶᠢᠨ ᠶᠠᠪᠤᠳᠠᠯ ᠢ ᠰᠠᠶᠢᠲᠤᠷ ᠬᠢᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢᠶᠠᠷ ᠰᠦᠯᠵᠢᠶᠡᠨ ᠳᠤ ᠭᠠᠷᠴᠤ᠂ ᠠᠵᠤ ᠠᠬᠤᠶᠢᠯᠡᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ︽ᠲᠦᠭᠵᠢᠷᠡᠯ︾ ᠤᠨ ᠠᠰᠠᠭᠤᠳᠠᠯ ᠢ ᠦᠨᠡᠨᠬᠦ ᠰᠢᠢᠳᠪᠣᠷᠢᠯᠡᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃     ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠳᠡᠭᠡᠷ᠎ᠡ ᠳᠣᠤᠷ᠎ᠠ ᠱᠠᠲᠤ ᠬᠠᠮᠲᠤᠷᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠬᠤ ᠬᠡᠷᠡᠭᠲᠡᠶ᠃ ᠲᠦᠷᠦᠭᠦᠯᠡᠬᠦ ᠰᠠᠯᠠᠭ᠎ᠠ ᠮᠥᠴᠢᠷ ᠤᠳ ᠵᠣᠷᠢᠭᠲᠠᠶ ᠪᠠᠷ ᠡᠭᠦᠷᠭᠡᠯᠡᠨ᠂ ᠵᠣᠷᠢᠭᠲᠠᠶ ᠪᠠᠷ ᠬᠠᠷᠢᠭᠤᠴᠠᠵᠤ᠂ ᠲᠦᠷᠦᠭᠦᠯᠡᠬᠦ ᠦᠢᠯᠡᠳᠣᠯ ᠢᠶᠠᠨ ᠢᠳᠡᠪᠬᠢᠲᠡᠢ ᠪᠠᠳᠠᠷᠠᠭᠤᠯᠤᠨ᠂ ᠬᠠᠮᠵᠢᠯᠴᠠᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ  ᠭᠦᠢᠴᠡᠳᠭᠡᠨ᠂ ᠥᠭᠡᠷᠡᠴᠢᠯᠡᠯᠲᠡ ᠶᠢᠨ ᠡᠭᠦᠷᠭᠡ ᠪᠠᠨ ᠬᠢᠨᠠᠮᠠᠭᠠᠶ ᠪᠡᠶᠡᠯᠡᠭᠦᠯᠬᠦ ᠬᠡᠷᠡᠭᠲᠡᠶ᠃     ︵ᠭᠤᠷᠪᠠ︶ ᠪᠣᠯᠪᠠᠰᠤᠷᠠᠯ ᠳᠡᠯᠭᠡᠷᠡᠭᠦᠯᠦᠯᠲᠡ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠨᠢ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠮᠡᠳᠡᠭᠡ ᠵᠠᠩᠭᠢ ᠶᠢᠨ ᠲᠠᠪᠴᠠᠩ ᠤᠨ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠠᠪᠴᠠᠩ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠶ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠣᠮᠣ ᠬᠡᠯᠪᠡᠷᠢ ᠶᠢᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠵᠦ᠂ ᠢᠨᠲ᠋ᠧᠷ ᠰᠦᠯᠵᠢᠶᠡᠨ ᠤ ᠰᠡᠳᠬᠢᠬᠦᠶ ᠪᠠ ᠤᠷ᠎ᠠ ᠴᠢᠳᠠᠪᠤᠷᠢ ᠶᠢ ᠪᠦᠷᠢᠳᠦᠭᠦᠯᠦᠭᠰᠡᠨ ᠮᠥᠷᠲᠡᠭᠡᠨ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠨᠡᠪᠲᠡᠷᠡᠭᠰᠡᠨ ᠨᠢᠭᠡᠨ ᠰᠠᠯᠠᠭ᠎ᠠ ᠲᠤᠰᠬᠠᠶᠢᠵᠢᠭᠰᠠᠨ ᠡᠩᠨᠡᠭᠡ ᠶᠢ ᠪᠠᠶᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠤᠬᠠᠭᠤᠯᠤᠨ ᠳᠡᠯᠭᠡᠷᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠣᠨᠢᠨ ᠮᠡᠳᠡᠭᠡᠨ ᠤ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠡᠯ᠎ᠡ ᠵᠣᠶᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠳᠤ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠣᠶᠢᠯᠡᠰ ᠢ ᠭᠦᠢᠴᠡᠳᠭᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠪᠠ ᠣᠯᠠᠨ ᠲᠦᠮᠡᠨ ᠤ ᠮᠡᠳᠡᠷᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃                                                         ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号