ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠦᠨᠳᠦᠰᠦ ᠰᠤᠷᠪᠤᠯᠵᠢ ᠡᠴᠠ‌ᠨᠢ ᠵᠠᠰᠠᠬᠤ ᠶᠢ ᠴᠢᠩᠭᠠᠳᠬᠠᠵᠤ ᠬᠤᠯᠤᠭᠠᠨ᠎ᠠ ᠶᠢᠨ ᠬᠢᠵᠢᠭ ᠢ ᠢᠳᠡᠪᠬᠢᠲᠡᠢ ᠰᠡᠷᠭᠡᠶᠢᠯᠡᠨ ᠡᠵᠡᠮᠳᠡᠪᠡ
ᠨᠡᠶᠢᠲᠡᠯᠡᠭᠰᠡᠨ ᠴᠠᠭ᠄
2019-12-16
        ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠦᠨᠳᠦᠰᠦ ᠰᠤᠷᠪᠤᠯᠵᠢ ᠠᠴᠠ ᠨᠢ         ᠵᠠᠰᠠᠬᠤ ᠶᠢ ᠴᠢᠩᠭᠠᠳᠬᠠᠵᠤ ᠬᠤᠯᠤᠭᠠᠨ᠎ᠠ ᠶᠢᠨ ᠬᠢᠵᠢᠭ ᠢ ᠢᠳᠡᠪᠬᠢᠲᠡᠢ ᠰᠡᠷᠭᠡᠶᠢᠯᠡᠨ ᠡᠵᠡᠮᠳᠡᠪᠡ    ᠤᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠭᠢᠨ ᠲᠣᠭᠤᠷᠢᠨ ᠤ ᠠᠶᠢᠮᠠᠭ ᠬᠤᠲᠠ᠂ ᠬᠤᠰᠢᠭᠤ ᠰᠢᠶᠠᠨ ᠳᠤ ᠬᠤᠯᠤᠭᠠᠨ᠎ᠠ ᠶᠢᠨ ᠬᠢᠵᠢᠭ ᠤᠨ ᠮᠡᠳᠡᠭᠦᠯᠦᠯᠲᠡ ᠭᠠᠷᠴᠠᠶ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠶᠢᠨ ᠲᠥᠯᠥᠭᠡ᠂ ᠬᠤᠯᠤᠭᠠᠨ᠎ᠠ ᠶᠢᠨ ᠬᠢᠵᠢᠭ ᠮᠠᠨ ᠤ ᠬᠤᠰᠢᠭᠤ ᠪᠠᠷ ᠳᠠᠮᠵᠢᠨ ᠳᠡᠯᠭᠡᠷᠡᠬᠦ ᠶᠢ ᠴᠢᠩᠭ᠎ᠠ ᠬᠢᠵᠠᠭᠠᠷᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢᠳᠡᠪᠬᠢᠲᠡᠢ ᠬᠥᠳᠡᠯᠦᠯᠴᠡᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠲᠠᠯ᠎ᠠ ᠨᠤᠲᠤᠭ ᠤᠨ ᠬᠤᠯᠤᠭᠠᠨ᠎ᠠ ᠤᠰᠠᠳᠬᠠᠬᠤ ᠠᠵᠢᠯ ᠢ ᠴᠢᠩᠭᠠᠳᠬᠠᠪᠠ᠃ ᠣᠳᠣᠬᠠᠨ ᠳᠤ᠂ ᠭᠤᠤᠯᠳᠠᠭᠤ ᠪᠠᠷᠠᠭᠤᠨ ᠲᠤ ᠴᠧᠩ᠂ ᠬᠤᠶᠢᠲᠤ ᠢᠦᠶ ᠱᠣ᠋ ᠶᠢᠩ ᠬᠤᠶᠠᠷ ᠬᠢᠨᠠᠨ ᠬᠡᠮᠵᠢᠬᠦ ᠴᠡᠭ ᠲᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠲᠣᠮᠣ ᠬᠡᠯᠪᠡᠷᠢ ᠶᠢᠨ ᠮᠠᠰᠢᠨ ᠮᠧᠬᠠᠨᠢᠭ 30 ᠰᠠᠭᠤᠷᠢ ︵ᠢᠵᠢ︶᠂ ᠨᠢᠰᠬᠡᠯ 15 ᠰᠠᠭᠤᠷᠢ ︵ᠤᠳᠠᠭ᠎ᠠ︶᠂ ᠲᠡᠷᠭᠡ ᠬᠥᠰᠬᠡ 25 ᠰᠠᠭᠤᠷᠢ ︵ᠤᠳᠠᠭ᠎ᠠ︶᠂ ᠬᠤᠤᠷᠲᠤ ᠥᠭᠶᠥᠭᠡ 2.78 ᠲᠣᠨ᠂ ᠠᠵᠢᠯᠴᠢᠨ ᠬᠡᠷᠡᠭᠯᠡᠬᠦ 39 ᠬᠥᠮᠦᠨ ︵ᠤᠳᠠᠭ᠎ᠠ︶᠂ ᠮᠡᠷᠭᠡᠵᠢᠯ ᠤᠨ ᠠᠵᠢᠯᠲᠠᠨ 21 ᠬᠥᠮᠦᠨ ︵ᠤᠳᠠᠭ᠎ᠠ︶᠂ ᠰᠡᠷᠭᠡᠶᠢᠯᠡᠨ ᠵᠠᠰᠠᠬᠤ ᠲᠠᠯᠠᠪᠠᠢ ᠶᠢ 18.31 ᠲᠦᠮᠡᠨ ᠮᠤ᠋ ᠪᠡᠶᠡᠯᠡᠭᠦᠯᠪᠡ᠃                                                        ᠵᠣᠬᠢᠶᠠᠭᠴᠢ᠄ ᠴᠢᠯᠠᠭᠤ                                                        ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号