ᠬᠤᠰᠢᠭᠤᠨ ᠤ ᠴᠣᠣ ᠶᠠᠩ ᠨᠠᠰᠤᠲᠠᠨ ᠢ ᠠᠰᠠᠷᠠᠬᠤ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠵᠦ᠂ ᠬᠦᠷᠢᠶᠡᠯᠡᠩ ᠤᠨ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2019-12-16
      ᠬᠤᠰᠢᠭᠤᠨ ᠤ ᠴᠣᠣ ᠶᠠᠩ ᠨᠠᠰᠤᠲᠠᠨ ᠢ ᠠᠰᠠᠷᠠᠬᠤ ᠬᠦᠷᠢᠶᠡᠯᠡᠩ ᠤᠨ ᠰᠠᠭᠤᠷᠢ       ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠵᠦ᠂ ᠬᠦᠷᠢᠶᠡᠯᠡᠩ ᠤᠨ ᠠᠷᠠᠳ ᠤᠨ       ᠠᠮᠢᠳᠤᠷᠠᠯ ᠤᠨ ᠣᠷᠴᠢᠨ ᠲᠣᠭᠤᠷᠢᠨ   ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠴᠣᠣ ᠶᠠᠩ ᠨᠠᠰᠤᠲᠠᠨ ᠢ ᠠᠰᠠᠷᠠᠬᠤ ᠬᠦᠷᠢᠶᠡᠯᠡᠩ ᠪᠣᠯ 2007 ᠣᠨ ᠳᠤ ᠤᠤᠯ ᠤᠨ ᠰᠢᠶᠠ ᠵᠢᠶᠠᠩ ᠾᠧ ᠤ ᠰᠤᠷᠭᠠᠭᠤᠯᠢ ᠶᠢ ᠥᠭᠡᠷᠡᠴᠢᠯᠡᠨ ᠪᠠᠶᠢᠭᠤᠯᠵᠤ᠂ 13000 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠪᠠᠷᠢᠯᠭ᠎ᠠ ᠶᠢᠨ ᠲᠠᠯᠠᠪᠠᠢ ᠨᠢ 1200 ᠭᠠᠷᠤᠶ ᠲᠡᠭᠰᠢ ᠳᠥᠷᠪᠡᠯᠵᠢᠨ ᠮᠧᠲᠷ᠂ ᠪᠠᠶᠢᠰᠢᠩ ᠭᠡᠷ 48 ᠲᠠᠰᠤᠯᠭ᠎ᠠ᠂ 82 ᠣᠷᠣ ᠲᠠᠢ᠂ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ 36 ᠪᠣᠶ᠃ ᠨᠠᠰᠤᠲᠠᠨ ᠢ ᠠᠰᠠᠷᠠᠬᠤ ᠬᠦᠷᠢᠶᠡᠯᠡᠩ ᠨᠢ ᠤᠳᠠᠭᠠᠨ ᠵᠢᠯ ᠵᠠᠰᠠᠭᠰᠠᠨ ᠦᠭᠡᠢ᠂ ᠪᠡᠯᠡ ᠣᠷᠣᠭᠤᠯᠤᠯᠲᠠ ᠬᠦᠷᠦᠯᠴᠡᠬᠦ ᠦᠭᠡᠢ᠂ ᠰᠠᠭᠤᠷᠢ ᠲᠥᠬᠦᠭᠡᠷᠦᠮᠵᠢ ᠪᠠ ᠢᠳᠡᠭᠡᠨ ᠤᠮᠳᠠᠭᠠᠨ ᠤ ᠨᠥᠬᠦᠴᠡᠯ ᠨᠢ ᠪᠦᠷ ᠠᠨᠠᠶ ᠵᠡᠷᠭᠡ ᠠᠰᠠᠭᠤᠳᠠᠯ ᠢ ᠰᠢᠢᠳᠪᠣᠷᠢᠯᠡᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 80 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠤᠤᠶᠠᠩ ᠨᠠᠰᠤᠲᠠᠨ ᠢ ᠠᠰᠠᠷᠠᠬᠤ ᠬᠦᠷᠢᠶᠡᠯᠡᠩ ᠳᠤ ᠪᠦᠬᠦ ᠲᠠᠯ᠎ᠠ ᠪᠠᠷ ᠥᠭᠡᠷᠡᠴᠢᠯᠡᠯᠲᠡ ᠬᠢᠵᠡᠶ᠃ ᠣᠳᠣᠬᠠᠨ ᠳᠤ᠂ ᠲᠣᠰ ᠨᠠᠰᠤᠲᠠᠨ ᠢ ᠠᠰᠠᠷᠠᠬᠤ ᠬᠦᠷᠢᠶᠡᠯᠡᠩ ᠤᠨ ᠬᠢᠨ ᠨᠡᠶᠢᠲᠡ 23 ᠲᠠᠰᠤᠯᠭ᠎ᠠ ᠠᠯᠪᠠᠨ ᠭᠡᠷ᠂ ᠪᠠᠶᠢᠷᠢ ᠶᠢᠨ ᠭᠡᠷ ᠢ ᠰᠢᠨ᠎ᠡ ᠪᠠᠷ ᠪᠠᠶᠢᠭᠤᠯᠵᠦ᠂ ᠤᠬᠢᠶᠠᠯᠭ᠎ᠠ ᠶᠢᠨ ᠲᠠᠰᠤᠭ ᠢ ᠰᠢᠨ᠎ᠡ ᠪᠠᠷ ᠪᠠᠶᠢᠭᠤᠯᠵᠦ᠂ ᠵᠤᠤᠬᠠᠨ ᠭᠡᠷ ᠢ ᠥᠭᠡᠷᠡᠴᠢᠯᠡᠨ ᠥᠷᠭᠡᠳᠬᠡᠨ ᠪᠠᠶᠢᠭᠤᠯᠵᠦ᠂ ᠳᠤᠯᠠᠭᠠᠯᠠᠭ᠎ᠠ ᠬᠠᠩᠭᠠᠬᠤ ᠰᠢᠰᠲ᠋ᠧᠮ ᠢ ᠰᠢᠨᠡᠳᠬᠡᠵᠦ᠂ ᠨᠠᠰᠤᠲᠠᠶᠢᠴᠤᠳ ᠤᠨ ᠪᠠᠶᠢᠷᠢ᠂ ᠬᠤᠭᠤᠯᠠᠨ ᠭᠡᠷ ᠵᠡᠷᠭᠡ ᠠᠮᠢᠳᠤᠷᠠᠯ ᠤᠨ ᠨᠥᠬᠦᠴᠡᠯ ᠢ ᠪᠦᠲᠦᠮᠵᠢᠲᠡᠶ ᠪᠠᠲᠤᠯᠠᠵᠤ᠂ ᠪᠠᠰᠠ ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ ᠪᠠᠶᠢᠭᠤᠯᠪᠠ᠃ ︽ᠡᠷᠲᠡ ᠶᠢᠨ ᠵᠣᠷᠯᠣᠩ ᠢ ᠴᠡᠪᠡᠷᠯᠡᠬᠦ︾ ᠶᠢ ᠪᠡᠶᠡᠯᠡᠭᠦᠯᠵᠦ᠂ ᠬᠠᠷᠰᠢ ᠰᠠᠭᠠᠳ ᠥᠬᠡᠶ ᠬᠤᠩᠭᠢᠯ ᠵᠠᠮ ᠢ ᠰᠢᠨ᠎ᠡ ᠪᠠᠷ  ᠪᠠᠶᠢᠭᠤᠯᠵᠦ᠂ ᠨᠠᠰᠤᠲᠠᠶᠢᠴᠤᠳ ᠤᠨ ᠪᠠᠶᠢᠷᠢ᠂ ᠬᠤᠭᠤᠯᠠᠨ ᠭᠡᠷ᠂ ᠤᠬᠢᠶᠠᠯᠭ᠎ᠠ ᠶᠢᠨ ᠲᠠᠰᠤᠯᠭ᠎ᠠ᠂ ᠠᠷᠢᠭᠤᠨ ᠴᠡᠪᠡᠷ ᠤᠨ ᠲᠠᠰᠤᠯᠭ᠎ᠠ ᠵᠡᠷᠭᠡ ᠠᠮᠢᠳᠤᠷᠠᠯ ᠤᠨ ᠲᠥᠬᠦᠭᠡᠷᠦᠮᠵᠢ ᠶᠢ ᠰᠠᠭᠠᠳ ᠥᠬᠡᠶ ᠨᠡᠪᠲᠡᠷᠡᠭᠦᠯᠵᠦ᠂ ᠠᠮᠢᠳᠤᠷᠠᠯ ᠤᠨ ᠲᠥᠬᠦᠭᠡᠷᠦᠮᠵᠢ ᠪᠣᠯᠤᠨ ᠡᠳ᠋ ᠪᠣᠳᠠᠰ ᠢ ᠪᠦᠷᠢᠨ ᠭᠦᠢᠴᠡᠳ ᠪᠣᠯᠭᠠᠵᠤ᠂ ᠨᠠᠰᠤᠲᠠᠶᠢᠴᠤᠳ ᠤᠨ ᠠᠮᠢᠳᠤᠷᠠᠯ ᠳᠤ ᠲᠣᠶᠢᠯ ᠤᠨ ᠳᠥᠭᠦᠮ ᠦᠵᠡᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽115 ᠵᠤᠷᠪᠤᠰ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠳᠠᠩᠰᠠ ᠡᠪᠬᠡᠮᠡᠯ‌ᠢ ᠲᠡᠭᠦᠯᠳᠡᠷᠵᠢᠭᠦᠯᠵᠦ᠂ ᠳᠦᠷᠢᠮ ᠲᠣᠭᠲᠠᠭᠠᠯ ᠢ ᠲᠡᠭᠦᠯᠳᠡᠷᠵᠢᠭᠦᠯᠦᠭᠰᠡᠨ ᠪᠥᠭᠡᠳ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠪᠦᠬᠦᠨ ᠢᠶᠠᠷ ᠨᠢ ᠲᠣᠭᠲᠠᠭᠠᠭᠰᠠᠨ ᠪᠠᠶᠢᠨ᠎ᠠ᠃ ᠭᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠢ ᠭᠤᠶᠣᠯᠠᠬᠤ ᠶᠢᠨ ᠲᠥᠯᠥᠭᠡ᠂ ᠭᠠᠳᠠᠷ ᠬᠡᠷᠡᠮ ᠢ ᠥᠩᠭᠡᠯᠡᠨ ᠰᠢᠷᠲᠡᠵᠦ᠂ ᠬᠡᠷᠡᠮ ᠤᠨ ᠤᠬᠠᠭᠤᠯᠭ᠎ᠠ ᠶᠢᠨ ᠵᠢᠷᠤᠭ ᠪᠠ ᠤᠬᠠᠭᠤᠯᠭ᠎ᠠ ᠶᠢᠨ ᠬᠠᠰᠢᠶ᠎ᠠ ᠶᠢ ᠵᠢᠷᠤᠵᠤ᠂ ᠠᠯᠪᠠᠨ ᠰᠢᠷᠡᠭᠡ ᠰᠠᠨᠳᠠᠯᠢ ᠶᠢ ᠰᠢᠨ᠎ᠡ‌‍ᠪᠠᠷ ᠬᠤᠳᠠᠯᠳᠤᠨ ᠠᠪᠴᠤ᠂ ᠨᠠᠰᠤᠲᠠᠶᠢᠴᠤᠳ ᠲᠤ ᠰᠢᠨ᠎ᠡ ᠶᠠᠭᠤᠮ᠎ᠠ ᠬᠠᠳᠠᠭᠠᠯᠠᠬᠤ ᠬᠤᠷᠭᠤ᠂ ᠬᠥᠨᠵᠢᠯᠡ ᠳᠡᠪᠢᠰᠬᠡᠷ ᠬᠡᠷᠡᠭᠰᠡᠯ ᠵᠡᠷᠭᠡ ᠶᠢ ᠰᠣᠯᠢᠵᠤ ᠥᠭᠭᠦᠭᠡᠳ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠢ ᠴᠣ᠋ ᠰᠢᠨ᠎ᠡ ᠪᠣᠯᠭᠠᠵᠠᠶ᠃   ᠪᠦᠬᠦ ᠲᠠᠯ᠎ᠠ ᠪᠠᠷ ᠥᠭᠡᠷᠡᠴᠢᠯᠡᠨ ᠪᠠᠶᠢᠭᠤᠯᠬᠤ ᠪᠠᠷ ᠳᠠᠮᠵᠢᠨ᠂ ᠴᠤᠤᠶᠠᠩ ᠨᠠᠰᠤᠲᠠᠨ ᠢ ᠠᠰᠠᠷᠠᠬᠤ ᠬᠦᠷᠢᠶᠡᠯᠡᠩ ᠨᠢ ᠪᠦᠬᠦᠯᠢ ᠴᠣᠭᠴᠠ ᠶᠢᠨ ᠰᠢᠨ᠎ᠡ ᠳᠦᠷᠰᠦ ᠪᠠᠶᠢᠳᠡᠯ ᠲᠠᠢ ᠪᠣᠯᠤᠭᠰᠠᠨ ᠢᠶᠠᠷ ᠪᠠᠷᠠᠬᠤ ᠦᠭᠡᠢ᠂ ᠦᠢᠯᠡᠴᠢᠯᠡᠭᠡᠨ ᠤ ᠬᠠᠲᠠᠭᠤ ᠲᠣᠨᠤᠭ ᠨᠢ ᠴᠦ ᠤᠯᠠᠮ ᠴᠢᠨᠠᠭᠰᠢᠳᠠ ᠳᠡᠭᠡᠭᠰᠢᠯᠡᠪᠡ᠃ ᠨᠠᠰᠤᠲᠠᠨ ᠢ ᠨᠠᠩ ᠰᠠᠶᠢᠲᠤᠷ ᠬᠠᠷᠠᠭᠠᠯᠵᠠᠬᠤ ᠶᠢᠨ ᠲᠥᠯᠥᠭᠡ᠂ ᠴᠤᠤᠶᠠᠩ ᠨᠠᠰᠤᠲᠠᠨ ᠢ ᠠᠰᠠᠷᠠᠬᠤ ᠬᠦᠷᠢᠶᠡᠯᠡᠩ ᠳᠤ ᠪᠠᠰᠠ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠪᠡ᠃ ᠡᠭᠦᠨ ᠤ ᠬᠠᠮᠲᠤ᠂ ᠨᠠᠰᠤᠲᠠᠶᠢᠴᠤᠳ ᠤᠨ ᠡᠳᠦᠷ ᠲᠤᠲᠤᠮ ᠤᠨ ᠰᠤᠪᠢᠯᠠᠯᠲᠠ ᠳᠤ ᠴᠢᠭᠯᠡᠭᠦᠯᠦᠨ᠂ ᠪᠠᠰᠠ ᠡᠳᠦᠷ ᠲᠤᠲᠤᠮ ᠤᠨ ᠰᠤᠪᠢᠯᠠᠯᠲᠠ ᠶᠢᠨ ᠨᠠᠷᠢᠨ ᠳᠦᠷᠢᠮ ᠲᠣᠭᠲᠠᠭᠠᠵᠤ᠂ ᠡᠳᠦᠷ ᠪᠦᠷᠢ ᠬᠤᠨᠤᠭ ᠤᠨ ᠡᠷᠡᠭᠦᠯ ᠬᠠᠮᠠᠭᠠᠯᠠᠯ ᠢ ᠰᠠᠶᠢᠲᠤᠷ ᠬᠢᠬᠦ ᠶᠢ ᠪᠠᠷᠢᠮᠲᠠᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠨᠠᠰᠤᠲᠠᠶᠢᠴᠤᠳ ᠢ ᠲᠤᠬᠢᠷᠠᠭᠤᠯᠤᠨ ᠪᠡᠶ᠎ᠡ ᠶᠢᠨ ᠪᠠᠶᠢᠴᠠᠭᠠᠯᠲᠠ ᠬᠢᠯᠭᠡᠵᠦ᠂ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠤᠨ᠂ ᠦᠨᠡᠨ ᠬᠦ ᠨᠢᠮᠪᠠᠶ ᠬᠠᠷᠠᠭᠠᠯᠵᠠᠬᠤ ᠬᠡᠷᠡᠭᠲᠡᠶ᠃   ᠴᠤᠤ ᠶᠠᠩ ᠨᠠᠰᠤᠲᠠᠨ ᠠᠰᠠᠷᠠᠬᠤ ᠬᠦᠷᠢᠶᠡᠯᠡᠩ  ᠤᠨ ᠨᠠᠰᠤᠲᠠᠨ᠄ ︽ᠪᠢᠳᠡ ᠠᠳᠡ ᠠᠩᠬ᠎ᠠ ᠢᠷᠡᠬᠦ ᠦᠶ᠎ᠡ ᠳᠤ ᠠᠳᠡ ᠶᠠᠭᠤ ᠴᠤ ᠪᠠᠶᠢᠬᠤ ᠦᠭᠡᠢ᠂ ᠭᠠᠭᠴᠠ ᠳ᠋ᠧᠩ ᠤᠨ ᠫᠣᠣᠰᠠ ᠪᠠᠶᠢᠭᠰᠠᠨ᠂ ᠣᠳᠣ ᠴᠢ ᠡᠨᠡ ᠳ᠋ᠧᠩ ᠢ ᠦᠵᠡ᠂ ᠲᠧᠯᠸᠢᠰ ᠪᠠᠶᠢᠨ᠎ᠠ᠂ ᠴᠣᠩᠬᠤ ᠶᠢ ᠪᠠᠰᠠ ᠰᠣᠯᠢᠴᠢᠬᠠᠵᠠᠶ᠂ ᠣᠷᠣ ᠶᠠᠭ ᠯᠠ ᠵᠣᠴᠢᠳ ᠤᠨ ᠪᠠᠭᠤᠳᠠᠯ ᠲᠠᠢ ᠠᠳᠠᠯᠢ᠂ ᠮᠠᠰᠢ ᠰᠠᠶᠢᠬᠠᠨ ᠬᠠᠷᠠᠭᠠᠯᠵᠠᠵᠤ  ᠪᠠᠶᠢᠨ᠎ᠠ᠃︾   ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠴᠢᠬᠤᠯᠠᠴᠢᠯᠠᠬᠤ ᠳᠠᠭᠠᠨ᠂ ᠪᠠᠷᠢᠯᠭ᠎ᠠ ᠶᠢᠨ ᠭᠤᠤᠯ ᠴᠣᠭᠴᠠ᠂ ᠬᠠᠲᠠᠭᠤ ᠲᠣᠨᠤᠭ ᠲᠥᠬᠦᠭᠡᠷᠦᠮᠵᠢ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠵᠡᠷᠭᠡ ᠲᠠᠯ᠎ᠠ ᠠᠴᠠ ᠭᠠᠷᠳᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠡᠮ ᠡᠮᠨᠡᠯᠭᠡ ᠶᠢᠨ ᠦᠢᠯᠡᠴᠢᠯᠡᠭᠡ  ᠵᠡᠷᠭᠡ ᠳᠦᠷᠢᠮ ᠲᠣᠭᠲᠠᠭᠠᠯ ᠢ ᠲᠣᠭᠲᠠᠭᠠᠵᠤ᠂ ᠫᠠᠶᠢᠰᠠ ᠲᠡᠮᠳᠡᠭ ᠵᠣᠬᠢᠶᠠᠵᠤ ᠬᠡᠷᠡᠮ ᠪᠣᠰᠬᠠᠵᠤ᠂ ᠰᠤᠮᠤ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠳᠦᠷᠢᠮ ᠤᠨ ᠬᠠᠮᠢᠶᠠᠷᠤᠯᠲᠠ ᠶᠢ ᠦᠨᠡᠨ ᠬᠦ ᠲᠡᠭᠦᠯᠳᠡᠷᠵᠢᠭᠦᠯᠵᠡᠶ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠳᠤ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠣᠷᠣᠭᠤᠯᠤᠨ ᠠᠪᠴᠢᠷᠠᠵᠤ᠂ ᠰᠤᠮᠤ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃                                               ᠵᠣᠬᠢᠶᠠᠭᠴᠢ᠄ ᠨᠠᠨᠳᠢᠨ                                               ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号