ᠬᠡᠷᠡᠭᠴᠡᠭᠡ ᠶᠢ ᠣᠷᠣᠭᠤᠯᠤᠭᠠᠷᠠᠶ
ᠨᠡᠶᠢᠲᠡᠯᠡᠭᠰᠡᠨ ᠴᠠᠭ᠄
2019-12-17
                       ᠬᠡᠷᠡᠭᠴᠡᠭᠡ ᠶᠢ ᠣᠷᠣᠭᠤᠯᠤᠭᠠᠷᠠᠶ           ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠢᠨᠲ᠋ᠧᠷ ᠰᠦᠯᠵᠢᠶ᠎ᠡ +           ᠬᠢᠨᠠᠯᠲᠠ ᠬᠠᠮᠢᠶᠠᠷᠤᠯᠲᠠ︾ ᠶᠢᠨ ᠵᠣᠶᠢᠯᠡᠰ ᠤᠨ ᠭᠠᠷᠴᠠᠭ ᠤᠨ ᠲᠣᠳᠣᠷᠬᠠᠶ ᠬᠠᠭᠤᠳᠠᠰᠤ ᠶᠢ           ᠡᠮᠬᠢᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ         ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠲᠤᠰᠠᠳᠠ᠂ ᠬᠡᠨ ᠬᠢᠨᠠᠨ ᠵᠥᠪᠰᠢᠶᠡᠷᠡᠪᠡᠯ ᠲᠡᠷᠡ ᠬᠢᠨᠠᠨ ᠬᠠᠮᠢᠶᠠᠷᠬᠤ᠂ ᠬᠡᠨ ᠭᠤᠤᠯᠴᠢᠯᠠᠨ ᠬᠠᠮᠢᠶᠠᠷᠴᠤ ᠪᠠᠶᠢᠪᠠᠯ ᠲᠡᠷᠡ ᠬᠢᠨᠠᠨ ᠬᠠᠮᠢᠶᠠᠷᠬᠤ ᠵᠠᠷᠴᠢᠮ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠨ᠎ᠡ᠃ ᠨᠢᠭᠡ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ ᠤᠨ ᠨᠠᠷᠢᠨ ᠳᠠᠩᠰᠠ ᠶᠢᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠵᠡᠷᠭᠡ ᠬᠠᠷᠠᠭᠠᠯᠵᠠᠭᠰᠠᠨ ᠬᠢᠨᠠᠨ ᠬᠠᠮᠢᠶᠠᠷᠬᠤ ᠵᠣᠶᠢᠯᠡᠰ ᠢ ᠡᠮᠬᠢᠯᠡᠨ ᠲᠢᠭᠯᠡᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠠᠮᠢᠶᠠᠷᠬᠤ ᠵᠣᠶᠢᠯᠡᠰ ᠤᠨ ᠭᠠᠷᠴᠠᠭ‌‍ᠤᠨ ᠨᠠᠷᠢᠨ ᠳᠠᠩᠰᠠ ᠶᠢ ᠪᠦᠷᠢᠯᠳᠦᠭᠦᠯᠵᠦ᠂ ᠮᠠᠨ ᠤ ᠬᠤᠰᠢᠭᠤ ᠨᠡᠶᠢᠲᠡ 34 ᠰᠠᠯᠠᠭ᠎ᠠ ᠮᠥᠴᠢᠷ ᠤᠨ 771 ᠵᠣᠶᠢᠯᠡᠰ ᠢ ᠡᠮᠬᠢᠯᠡᠨ ᠠᠪᠴᠤ᠂ ᠪᠠᠶᠢᠴᠠᠭᠠᠬᠤ ᠲᠥᠷᠥᠯ ᠤᠨ 719 ᠵᠣᠶᠢᠯᠡᠰ ᠢ ᠨᠠᠶᠢᠷᠠᠭᠤᠯᠤᠨ ᠵᠣᠬᠢᠶᠠᠨ᠎ᠠ᠃ ᠬᠤᠶᠠᠷ ᠲᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠮᠠᠨ ᠤ ᠬᠤᠰᠢᠭᠤᠨ ᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠳᠠᠩᠰᠠᠨ ᠨᠣᠮᠧᠷ ᠢ ᠨᠢᠭᠡᠨᠲᠡ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠳᠠᠩᠰᠠᠨ ᠨᠣᠮᠧᠷ ᠢ ᠪᠦᠬᠦᠨ ᠢ ᠠᠪᠤᠪᠠ᠃                                                              ᠵᠣᠬᠢᠶᠠᠭᠴᠢ᠄ ᠦ᠋  ᠳ᠋ᠦᠩ                                                              ᠣᠷᠴᠢᠭᠤᠯᠣᠭᠴᠢ᠄ ᠡᠷᠳᠡᠨᠢᠴᠢᠮᠡᠭ        
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号