ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠬᠤᠶᠠᠷ ᠲᠣᠭᠤᠷᠢᠭ︾ ᠢ ᠵᠠᠭᠠᠭᠯᠠᠨ | ᠲᠣᠭᠲᠠᠭᠠᠬᠤ ᠠᠵᠢᠯ ᠤᠨ ᠪᠠᠶᠢᠳᠠᠯ | | ᠠᠮᠤ ᠪᠤᠳᠠᠭᠠᠨ ᠤ ᠣᠶᠢᠯᠡᠳᠪᠤᠷᠢᠯᠡᠯ ᠤᠨ ᠴᠢᠳᠠᠮᠵᠢᠲᠤ ᠣᠷᠣᠨ ᠪᠣᠯᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠣᠶᠢᠯᠡᠳᠪᠤᠷᠢᠯᠡᠯ ᠤᠨ ᠬᠠᠮᠠᠭᠠᠯᠠᠯᠲᠠ ᠶᠢᠨ ᠣᠷᠣᠨ ︵ᠳᠣᠷᠣᠭᠰᠢ ︽ᠬᠤᠶᠠᠷ ᠲᠣᠭᠤᠷᠢᠭ︾ ᠭᠡᠵᠦ | ᠲᠣᠪᠴᠢᠯᠠᠨ᠎ᠠ︶ ᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠭᠠᠷᠭᠠᠭᠰᠠᠨ ᠴᠢᠬᠤᠯᠠ ᠶᠡᠭᠡ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯᠤᠨ᠎ᠠ᠂ ᠤᠯᠤᠰ ᠠᠴᠠ ᠠᠮᠤ ᠪᠤᠳᠠᠭᠠᠨ ᠤ | ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠤ ᠠᠵᠤ ᠠᠬᠤᠢ ᠶᠢᠨ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠦᠨᠡᠨᠬᠦ ᠪᠠᠲᠤᠯᠠᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠪᠣᠯᠤᠨ᠎ᠠ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠬᠦ | ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠥᠷᠥ ᠶᠢᠨ | ᠶᠠᠪᠤᠳᠠᠯ ᠤᠨ ᠬᠤᠷᠢᠶᠠᠨ ᠤ ︽ᠭᠤᠷᠪᠠᠨ ᠵᠢᠯ ᠬᠤᠪᠢᠶᠠᠨ ᠲᠣᠭᠲᠠᠭᠠᠵᠤ᠂ ᠲᠠᠪᠤᠨ ᠵᠢᠯ ᠪᠠᠶᠢᠭᠤᠯᠤᠨ ᠳᠠᠭᠤᠰᠬᠠᠵᠤ᠂ | ᠡᠭᠦᠷᠢᠳᠡ ᠬᠠᠮᠢᠶᠠᠷᠤᠨ ᠬᠠᠮᠠᠭᠠᠯᠠᠬᠤ︾ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ︽ᠬᠤᠶᠠᠷ ᠣᠷᠣᠨ︾ ᠤ ᠪᠦᠲᠦᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠶᠡᠭᠡ ᠰᠢᠢᠳᠪᠤᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠢᠯ ᠭᠠᠷᠤᠶ ᠶᠢᠨ | ᠴᠢᠷᠮᠠᠶᠢᠯᠭ᠎ᠠ ᠪᠠᠷ ᠳᠠᠮᠵᠢᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠬᠤᠶᠠᠷ ᠣᠷᠣᠨ︾ ᠢ ᠢᠯᠭᠠᠨ | ᠲᠣᠭᠲᠠᠭᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | ︽ᠬᠤᠶᠠᠷ ᠲᠣᠭᠤᠷᠢᠭ︾ ᠢ ᠢᠯᠭᠠᠨ ᠲᠣᠭᠲᠠᠭᠠᠭᠰᠠᠨ ᠪᠠᠶᠢᠳᠠᠯ ᠳᠣᠣᠷᠠᠬᠢ ᠮᠡᠲᠦ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠭᠦᠷᠭᠡᠯᠡᠵᠦ ᠪᠠᠶᠢᠭ᠎ᠠ ︽ᠬᠤᠶᠠᠷ ᠲᠣᠭᠤᠷᠢᠭ︾ ᠤᠨ | ᠡᠭᠦᠷᠭᠡ ᠶᠢᠨ ᠬᠦᠢᠴᠡᠳᠬᠡᠯ ᠲᠤᠭ᠎ᠠ 150000 ᠮᠤ᠋ ᠪᠠᠶᠢᠵᠤ᠂ ︽ᠬᠤᠶᠠᠷ ᠲᠣᠭᠤᠷᠢᠭ︾ ᠢ ᠵᠠᠭᠠᠭᠯᠠᠨ ᠲᠣᠭᠲᠠᠭᠠᠬᠤ | ᠡᠭᠦᠷᠭᠡ ᠶᠢ1536.07 ᠮᠤ᠋ ᠪᠡᠶᠡᠯᠡᠭᠦᠯᠵᠦ᠂ ᠡᠭᠦᠷᠭᠡ ᠶᠢᠨ ᠬᠦᠢᠴᠡᠳᠬᠡᠯ ᠲᠤᠭ᠎ᠠ ᠶᠢᠨ 103.9 % ᠶᠢ | ᠪᠡᠶᠡᠯᠡᠭᠦᠯᠪᠡ᠃ ᠡᠯ᠎ᠡ ᠰᠤᠮᠤ ︵ᠰᠢᠶᠠᠩ᠂ ᠪᠠᠯᠭᠠᠰᠤ︶ ᠶᠢᠨ ︽ᠬᠤᠶᠠᠷ ᠲᠣᠭᠤᠷᠢᠭ︾ ᠤᠨ ᠲᠠᠷᠬᠠᠯᠲᠠ ᠶᠢᠨ | ᠪᠠᠶᠢᠳᠠᠯ ᠳᠣᠤᠷᠠᠬᠢ ᠮᠡᠲᠦ᠄ ᠪᠠᠶᠠᠨᠴᠠᠭᠠᠨ ᠪᠠᠯᠭᠠᠰᠤ 209.19 ᠮᠦ︔ ᠬᠤᠩᠬᠢᠯᠳᠤ ᠪᠠᠯᠭᠠᠰᠤ 10472.51 ᠮᠦ︔ | ᠪᠤᠩᠬᠤᠨ ᠪᠠᠯᠭᠠᠰᠤ 39088.16 ᠮᠦ︔ ᠳ᠋ᠠ ᠯᠢᠦ ᠬᠤᠤ ᠪᠠᠯᠭᠠᠰᠤ 29117.94 ᠮᠦ︔ ᠳᠣᠯᠣᠭᠠᠨ | ᠬᠤᠳᠳᠤᠭ ᠰᠤᠮᠤ 45193.95 ᠮᠦ︔ ᠤᠯᠠᠭᠠᠨᠬᠠᠳᠠ ᠰᠤᠮᠤ 11174.32 ᠮᠦ᠃ | ︽ᠬᠤᠶᠠᠷ ᠲᠣᠭᠤᠷᠢᠭ︾ ᠢ ᠵᠠᠭᠠᠭᠯᠠᠨ ᠲᠣᠭᠲᠠᠭᠠᠵᠤ᠂ ᠨᠠᠯᠠᠤᠴᠠ ᠨᠢ 20 ᠠᠴᠠ ᠳᠣᠷᠣᠭᠰᠢ ᠪᠠᠶᠢᠭ᠎ᠠ ᠭᠠᠵᠠᠷ | ᠰᠢᠷᠣᠶ 12.81 ᠲᠦᠮᠡᠨ ᠮᠤ᠋ ᠪᠠᠶᠢᠵᠤ᠂ ︽ᠬᠤᠶᠠᠷ ᠲᠣᠭᠤᠷᠢᠭ︾ ᠤᠨ ᠶᠡᠷᠦᠩᠬᠡᠶ ᠲᠠᠯᠠᠪᠠᠢ ᠶᠢᠨ 82.22 % ᠢ | ᠡᠵᠡᠯᠡᠨ᠎ᠡ︔ 20 — 60 ᠶᠢᠨ ᠨᠠᠯᠠᠤᠴᠠ ᠨᠢ 2.77 ᠲᠦᠮᠡᠨ ᠮᠤ᠋ ᠪᠠᠶᠢᠵᠤ᠂ ︽ᠬᠤᠶᠠᠷ ᠲᠣᠭᠤᠷᠢᠭ︾ ᠤᠨ | ᠶᠡᠷᠦᠩᠬᠡᠶ ᠲᠠᠯᠠᠪᠠᠢ ᠶᠢᠨ 17.78 % ᠶᠢ ᠡᠵᠡᠯᠡᠨ᠎ᠡ︔ ᠨᠠᠯᠠᠤᠴᠠ ᠦᠭᠡᠢ 150 ᠠᠴᠠ ᠬᠡᠲᠦᠷᠡᠭᠰᠡᠨ ᠭᠠᠵᠠᠷ᠃ | ᠵᠠᠭᠠᠭᠯᠠᠨ ᠲᠣᠭᠲᠠᠭᠠᠭᠰᠠᠨ ︽ᠬᠤᠶᠠᠷ ᠲᠣᠭᠤᠷᠢᠭ︾ ᠤᠨ ᠭᠠᠵᠠᠷ ᠢ ᠴᠥᠮ ᠤᠰᠤᠯᠠᠯᠲᠠ ᠶᠢᠨ ᠲᠠᠷᠢᠶ᠎ᠠ | ᠪᠣᠯᠭᠠᠵᠤ᠂ ︽ᠬᠤᠶᠠᠷ ᠲᠣᠭᠤᠷᠢᠭ︾ ᠤᠨ ᠭᠠᠵᠠᠷ ᠲᠤ ᠨᠢᠭᠡᠨᠲᠡ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠡᠪᠡᠰᠦ | ᠪᠡᠯᠴᠢᠭᠡᠷ ᠢ ᠰᠡᠷᠭᠦᠭᠡᠭᠰᠡᠨ᠂ ᠨᠠᠭᠤᠷ ᠴᠥᠭᠦᠷᠥᠮ ᠨᠤᠭᠤ ᠭᠠᠵᠠᠷ ᠢ ᠰᠡᠷᠭᠦᠭᠡᠭᠰᠡᠨ᠂ ᠲᠠᠷᠢᠶᠠᠨ ᠭᠠᠵᠠᠷ ᠢ ᠥᠨᠵᠢᠭᠦᠯᠦᠨ | ᠲᠠᠷᠢᠬᠤ ᠲᠤᠷᠰᠢᠯᠲᠠ ᠬᠢᠭᠰᠡᠨ ᠲᠠᠷᠢᠶᠠᠨ ᠭᠠᠵᠠᠷ ᠣᠷᠣᠰᠢᠬᠤ ᠥᠬᠡᠶ︔ ᠣᠶᠢᠯᠡᠳᠪᠤᠷᠢᠯᠡᠯ ᠪᠦᠲᠦᠭᠡᠨ ᠪᠠᠶᠢᠭᠤᠯᠤᠯᠲᠠ | ᠪᠤᠶᠤ ᠪᠠᠶᠢᠭᠠᠯᠢ ᠶᠢᠨ ᠭᠠᠶ ᠭᠠᠮᠰᠢᠭ ᠠᠴᠠ ᠪᠣᠯᠵᠤ ᠬᠦᠨᠳᠦ ᠨᠣᠴᠢᠲᠠᠶ ᠡᠪᠳᠡᠭᠳᠡᠭᠰᠡᠨ ᠪᠥᠭᠡᠳ ᠲᠠᠷᠢᠶᠠᠯᠠᠭ᠎ᠠ ᠶᠢ ᠨᠢ | ᠰᠡᠷᠭᠦᠭᠡᠵᠦ ᠳᠡᠶᠢᠯᠡᠬᠦ ᠦᠭᠡᠢ ᠲᠠᠷᠢᠶᠠᠨ ᠭᠠᠵᠠᠷ︔ ᠬᠦᠨᠳᠦ ᠲᠡᠮᠦᠷᠯᠢᠭ ᠤᠨ ᠪᠣᠬᠢᠷ ᠪᠣᠳᠠᠰ ᠪᠤᠶᠤ ᠪᠤᠰᠤᠳ ᠬᠤᠤᠷᠲᠠᠶ | ᠬᠤᠰᠬᠢᠨᠠᠭ ᠤᠨ ᠪᠣᠬᠢᠷᠲᠤᠯ ᠢᠶᠠᠷ ᠨᠡᠯᠢᠶᠡᠳ ᠬᠦᠨᠳᠦ ᠨᠣᠴᠢᠲᠠᠶ ᠪᠥᠭᠡᠳ ᠵᠠᠰᠠᠬᠤ ᠲᠥᠯᠥᠪᠵᠢᠭᠦᠯᠭᠡ ᠳᠤ | ᠣᠷᠣᠭᠤᠯᠤᠭᠰᠠᠨ ᠦᠭᠡᠢ ᠲᠠᠷᠢᠶᠠᠨ ᠭᠠᠵᠡᠷ᠃ | ︽ᠬᠡᠨ ᠬᠡᠷᠡᠭᠯᠡᠪᠡᠯ ᠲᠡᠷᠡ ᠠᠰᠢᠭ ᠬᠦᠷᠲᠡᠵᠦ᠂ ᠲᠡᠷᠡ ᠬᠠᠮᠢᠶᠠᠷᠴᠤ ᠬᠠᠮᠠᠭᠠᠯᠠᠬᠤ︾ ᠵᠠᠷᠴᠢᠮ ᠤᠨ ᠶᠣᠰᠣᠭᠠᠷ᠂ | ᠬᠤᠪᠢᠶᠠᠷᠢᠯᠠᠨ ᠲᠣᠭᠲᠠᠭᠠᠭᠰᠠᠨ ᠤ ᠳᠠᠷᠠᠭᠠᠬᠢ ︽ᠬᠤᠶᠠᠷ ᠲᠣᠭᠤᠷᠢᠭ︾ ᠤᠨ ᠬᠡᠰᠡᠭ ᠬᠡᠰᠡᠭ ᠬᠠᠮᠢᠶᠠᠷᠴᠤ | ᠬᠠᠮᠠᠭᠠᠯᠠᠬᠤ ᠬᠠᠷᠢᠭᠤᠴᠠᠯᠭ᠎ᠠ ᠶᠢ ᠲᠣᠰᠬᠤᠨ ᠤ ᠠᠷᠠᠳ ᠤᠨ ᠵᠥᠪᠯᠡᠯ ᠳᠤ ᠬᠦᠷᠲᠡᠯ᠎ᠡ ᠨᠠᠶᠢᠳᠠᠪᠤᠷᠢᠵᠢᠭᠤᠯᠪᠠ᠃ ︽ | ᠬᠤᠶᠠᠷ ᠲᠣᠭᠤᠷᠢᠭ︾ ᠤᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ | ︽ᠬᠤᠶᠠᠷ ᠲᠣᠭᠤᠷᠢᠭ︾ ᠤᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠨᠠᠷᠢᠨ ᠬᠦᠰᠦᠨᠦᠭᠲᠦ ᠶᠢ ᠲᠠᠭᠯᠠᠵᠤ᠂ | ︽ᠬᠤᠶᠠᠷ ᠲᠣᠭᠤᠷᠢᠭ︾ ᠤᠨ ᠫᠠᠶᠢᠰᠠ ᠪᠠᠶᠢᠭᠤᠯᠪᠠ᠃ | ᠵᠣᠬᠢᠶᠠᠭᠴᠢ᠄ ᠯᠢ ᠶᠠᠨ | ᠣᠷᠴᠢᠭᠤᠯᠣᠭᠴᠢ᠄ ᠡᠷᠳᠡᠨᠢᠴᠢᠮᠡᠭ | |