ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2019 ᠣᠨ ᠤ ᠮᠠᠯ ᠠᠵᠤ ᠠᠬᠤᠢ ᠶᠢᠨ | ᠰᠠᠶᠢᠨ ᠡᠭᠦᠯᠳᠡᠷ ᠤᠨ ᠲᠥᠷᠥᠯ ᠵᠤᠶᠢᠯ ᠤᠨ ᠠᠬᠢᠯᠲᠠ ᠶᠢᠨ ᠪᠠᠶᠢᠳᠠᠯ | | ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠥᠬᠦᠪᠥᠷᠢ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ | ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ ᠲᠡᠳᠬᠦᠬᠦ ᠳᠤ ᠮᠠᠰᠢ ᠴᠢᠬᠤᠯᠠ ᠤᠶᠢᠯᠡᠳᠤᠯ | ᠦᠵᠡᠭᠦᠯᠵᠡᠶ᠃ ᠲᠤᠰ ᠲᠥᠷᠥᠯ ᠵᠣᠶᠢᠯ ᠨᠢ ᠡᠭᠦᠯᠳᠡᠷ ᠰᠠᠶᠢᠵᠢᠷᠠᠭᠤᠯᠬᠤ᠂ ᠬᠤᠪᠢ ᠶᠢᠨ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠳᠤ ᠠᠰᠢᠭᠲᠠᠢ᠂ ᠮᠠᠯ ᠠᠵᠤ ᠠᠬᠤᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠳᠤ | ᠠᠰᠢᠭᠲᠠᠢ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠠᠰᠢᠭᠲᠠᠢ | ᠶᠤᠮ᠃ | ᠨᠢᠭᠡ ᠳᠤ᠂ ︽ᠳ᠋ᠦ᠋ ᠬᠠᠨ︾ ᠤ ᠠᠯᠠᠰᠢᠨ ᠬᠤᠨᠢ ᠶᠢ ᠬᠥᠭᠵᠢᠭᠦᠯᠵᠦ᠂ ᠮᠠᠯ ᠰᠦᠷᠦᠭ ᠮᠠᠯ ᠤᠨ ᠡᠭᠦᠯᠳᠡᠷ ᠤᠨ | ᠪᠦᠲᠦᠴᠡ ᠶᠢ ᠲᠦᠷᠭᠡᠨ ᠲᠣᠬᠢᠷᠠᠭᠤᠯᠤᠨ᠎ᠠ᠃ | ︽ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ | ︾ ᠶᠣᠰᠣᠭᠠᠷ᠂ 2016 ᠣᠨ ᠳᠤ ᠰᠠᠶᠢᠨ ᠡᠭᠦᠯᠳᠡᠷ ᠤᠨ ᠨᠥᠬᠦᠪᠥᠷᠢ ᠶᠢᠨ ᠲᠥᠷᠥᠯ ᠵᠦᠢᠯ ᠤᠨ ᠪᠡᠯᠡ ᠮᠥᠩᠭᠦ ᠶᠢ | ᠦᠷᠭᠦᠯᠵᠢᠯᠡᠨ ᠬᠡᠷᠡᠭᠯᠡᠵᠦ᠂ ᠣᠳᠣᠬᠠᠨ ᠪᠣᠯᠲᠠᠯ᠎ᠠ᠂ ᠮᠠᠨ ᠤ ᠬᠤᠰᠢᠭᠤᠨ ᠳᠤ 166 ᠬᠤᠴᠠ ᠲᠠᠷᠬᠠᠭᠠᠵᠤ᠂ ᠡᠭᠦᠨ ᠳᠤ | ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ 39 ᠡᠷᠦᠬᠡ 58 ᠡᠷᠦᠬᠡ ︵ᠬᠤᠴᠠ ᠪᠦᠷᠢ ᠳᠤ 800 | ᠲᠥᠭᠦᠷᠢᠭ ᠤᠨ ᠨᠥᠬᠦᠪᠥᠷᠢ ᠥᠭᠭᠦᠨ᠎ᠡ︶ ᠳᠤ ᠬᠤᠯᠪᠣᠭᠳᠠᠪᠠ᠃ | ᠬᠤᠶᠠᠷ ᠲᠤ᠂ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠢᠴᠡᠭᠡᠯ ᠦᠷ᠎ᠡ ᠶᠢᠨ ᠨᠥᠬᠦᠪᠥᠷᠢ ᠵᠢᠴᠢ ᠰᠢᠩᠭᠡᠨ | ᠠᠽᠣᠲ ᠢ ᠲᠠᠷᠬᠠᠭᠠᠭᠰᠠᠨ ᠪᠠᠶᠢᠳᠠᠯ᠃ | ᠣᠳᠣᠬᠠᠨ ᠪᠣᠯᠲᠠᠯ᠎ᠠ᠂ ᠰᠢᠩᠭᠡᠨ ᠠᠽᠣᠲ 1950 ᠯᠢᠲᠷ᠂ ᠰᠠᠭᠠᠯᠢ ᠶᠢᠨ ᠦᠨᠢᠶᠡᠨ ᠤ ᠢᠴᠡᠭᠡᠯ ᠣᠬᠢ 900᠂ | ᠮᠢᠬᠠᠨ ᠦᠬᠡᠷ ᠤᠨ ᠢᠴᠡᠭᠡᠯ ᠣᠬᠢ 3000 ᠶᠢ ᠲᠠᠷᠬᠠᠭᠠᠪᠠ᠃ ᠨᠥᠬᠦᠪᠥᠷᠢ ᠥᠭᠬᠦ ᠪᠠᠷᠢᠮᠵᠢᠶ᠎ᠠ᠄ ᠲᠠᠷᠢᠶᠠᠯᠠᠬᠤ | ᠮᠠᠯᠵᠢᠬᠤ ᠡᠷᠦᠬᠡ ᠶᠢᠨ ᠲᠡᠵᠢᠭᠡᠨ ᠠᠷᠠᠴᠢᠯᠠᠵᠤ ᠪᠠᠶᠢᠭ᠎ᠠ ᠰᠠᠭᠤᠷᠢ ᠡᠬᠡ ᠮᠠᠯ ᠢ ᠡᠭᠦᠯᠳᠡᠷ ᠰᠠᠶᠢᠵᠢᠷᠠᠭᠤᠯᠵᠤ ᠰᠠᠶᠢᠨ | ᠡᠭᠦᠯᠳᠡᠷ ᠤᠨ ᠦᠬᠡᠷ ᠢᠴᠡᠭᠡᠯ ᠦᠷ᠎ᠡ ᠶᠢ ᠬᠡᠷᠡᠭᠯᠡᠭᠰᠡᠨ ᠪᠣᠯ ᠲᠣᠯᠣᠭᠠᠶ ᠪᠦᠷᠢ ᠳᠤ 2 ᠢᠴᠡᠭᠡᠯ ᠦᠷ᠎ᠡ ᠶᠢᠨ | ᠨᠥᠬᠦᠪᠥᠷᠢ ᠥᠭᠴᠦ᠂ ᠰᠢᠷᠬᠡᠭ ᠪᠦᠷᠢ ᠢᠴᠡᠭᠡᠯ ᠦᠷ᠎ᠡ ᠶᠢᠨ ᠵᠢᠯ ᠳᠤ 5 ᠲᠥᠭᠦᠷᠢᠭ ᠨᠥᠬᠦᠪᠥᠷᠢᠯᠡᠨ᠎ᠡ᠃ | ᠭᠤᠷᠪᠠ ᠳᠤ᠂ ᠬᠥᠮᠦᠨ ᠤ ᠬᠦᠴᠦ ᠪᠠᠷ ᠬᠡᠭᠡᠯᠲᠦᠭᠦᠯᠭᠡ ᠬᠢᠬᠦ ᠶᠢ ᠥᠷᠨᠢᠭᠦᠯᠦᠨ᠎ᠡ᠃ | ᠣᠳᠣᠬᠠᠨ ᠳᠤ᠂ ᠨᠢᠭᠡᠨᠲᠡ 2.5 ᠬᠤᠨᠢ ᠬᠡᠭᠡᠯᠲᠦᠭᠦᠯᠪᠡ︔ ᠭᠠᠭ᠋ᠠᠶ ᠶᠢᠨ ᠭᠠᠷ ᠬᠡᠭᠡᠯᠲᠦᠭᠦᠯᠭᠡ ᠶᠢᠨ ᠥᠷᠲᠡᠭᠡ 3 | ᠪᠠᠶᠢᠵᠤ᠂ ᠭᠠᠷ ᠬᠡᠭᠡᠯᠲᠦᠭᠦᠯᠭᠡ ᠶᠢᠨ ᠥᠷᠲᠡᠭᠡ 2 ᠶᠢ ᠪᠡᠶᠡᠯᠡᠭᠦᠯᠦᠨ᠎ᠡ︔ ᠦᠬᠡᠷ ᠤᠨ ᠡᠭᠦᠯᠳᠡᠷ ᠰᠠᠶᠢᠵᠢᠷᠠᠭᠤᠯᠬᠤ | ᠬᠡᠭᠡᠯᠲᠦᠭᠦᠯᠭᠡ 3.1 ᠲᠦᠮᠡᠨ ᠲᠣᠯᠣᠭᠠᠶ᠂ ᠰᠠᠭᠠᠯᠢ ᠶᠢᠨ ᠦᠨᠢᠶ᠎ᠡ 0.9 ᠲᠦᠮᠡᠨ ᠲᠣᠯᠣᠭᠠᠶ ᠪᠠᠶᠢᠵᠤ᠂ ᠳᠡᠭᠡᠲᠤ | ᠱᠠᠲᠤᠨ ᠤ ᠪᠠᠭᠤᠯᠭᠠᠭᠰᠠᠨ ᠵᠢᠯ ᠤᠨ ᠡᠬᠢᠨ ᠤ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠪᠡ᠃ | ᠵᠣᠬᠢᠶᠠᠭᠴᠢ᠄ ᠯᠢ ᠶᠠᠨ | ᠣᠷᠴᠢᠭᠤᠯᠣᠭᠴᠢ᠄ ᠡᠷᠳᠡᠨᠢᠴᠢᠮᠡᠭ | |