︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ | ᠠᠮᠤ ᠪᠤᠳᠠᠭᠠᠨ ᠤ ᠬᠥᠮᠥᠷᠭᠡᠯᠡᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠶᠡᠭᠡ | ᠪᠠᠶᠢᠴᠠᠭᠠᠯᠳᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠳᠤ᠄ | ︽ᠪᠥᠬᠦ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠵᠤ | ᠪᠠᠶᠢᠭ᠎ᠠ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠶᠡᠭᠡ ᠬᠠᠮᠢᠶᠠᠷᠤᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠢᠴᠢ ︽ | ᠤᠯᠠᠭᠠᠨᠴᠠᠪ ᠬᠤᠲᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠵᠤ | ᠪᠠᠶᠢᠭ᠎ᠠ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠶᠡᠭᠡ ᠪᠠᠶᠢᠴᠠᠭᠠᠯᠳᠠ ᠶᠢᠨ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹ 2019 ︺ 7 ᠳ᠋ᠤᠭᠠᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠰᠤᠳᠤᠯᠬᠤ ᠪᠠᠷ ᠳᠠᠮᠵᠢᠨ᠂ ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠵᠤ ᠪᠠᠶᠢᠭ᠎ᠠ ᠲᠤᠭ᠎ᠠ ᠬᠡᠮᠵᠢᠶ᠎ᠡ ᠪᠠ ᠶᠠᠰᠤ | ᠴᠢᠨᠠᠷ ᠤᠨ ᠶᠡᠭᠡ ᠪᠠᠶᠢᠴᠠᠭᠠᠯᠳᠠ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠭᠠᠢ ᠲᠤᠤᠱᠯᠠᠭᠤᠯᠤᠨ ᠨᠡᠶᠢᠳᠠᠪᠣᠷᠢᠵᠢᠭᠤᠯᠣᠭᠠᠷᠡᠢ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 4 ᠰᠠᠷ᠎ᠠ ᠶᠢᠨ 18 ᠤ ᠡᠳᠦᠷ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ | ᠬᠥᠮᠥᠷᠭᠡ ᠶᠢᠨ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠶᠡᠭᠡ ᠪᠠᠶᠢᠴᠠᠭᠠᠯᠲᠠ ᠶᠢᠨ | ᠬᠡᠷᠡᠭᠵᠢᠭᠦᠯᠬᠦ ᠲᠥᠰᠦᠯ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠬᠤ ᠲᠤᠭ᠎ᠠ ᠬᠡᠮᠵᠢᠶ᠎ᠡ ᠪᠠ ᠶᠠᠰᠤ ᠴᠢᠨᠠᠷ ᠤᠨ | ᠶᠡᠭᠡ ᠪᠠᠶᠢᠴᠠᠭᠠᠯᠲᠠᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠤ ᠪᠠᠶᠢᠳᠡᠯ ᠲᠠᠢ ᠤᠶᠠᠯᠳᠤᠭᠤᠯᠤᠨ᠂ ᠣᠨᠴᠣᠭᠤᠶᠢᠯᠠᠨ ᠲᠤᠰ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠮᠤ ᠪᠤᠳᠠᠭᠠᠨ ᠤ ᠠᠮᠤᠷ | ᠲᠦᠪᠰᠢᠨ ᠤ ᠬᠤᠰᠢᠭᠤ ᠰᠢᠶᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠡᠶᠢᠳᠡᠪᠣᠷᠢᠵᠢᠭᠤᠯᠬᠤ᠂ ᠪᠥᠬᠦ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ | ᠬᠥᠮᠥᠷᠭᠡ ᠶᠢᠨ ᠬᠠᠳᠠᠭᠠᠯᠠᠮᠵᠢ ᠶᠢᠨ ᠪᠣᠳᠠᠲᠤ ᠪᠠᠶᠢᠳᠠᠯ ᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ ᠠᠯᠳᠠᠰᠢ | ᠭᠠᠷᠬᠤ ᠶᠢ ᠡᠷᠡᠰ ᠬᠤᠷᠢᠭᠯᠠᠵᠤ᠂ ᠬᠠᠤᠯᠢ ᠶᠣᠰᠣᠭᠠᠷ ᠵᠠᠰᠠᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠨ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠮᠠᠨ ᠤ | ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ︵ᠬᠤᠶᠠᠷ︶ ᠦᠨᠳᠦᠰᠦᠨ ᠵᠠᠷᠴᠢᠮ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ᠃ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠳᠠᠬᠢ ᠲᠣᠪᠣᠶᠢᠮ᠎ᠡ | ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠷᠭᠡᠯᠡᠨ ᠬᠠᠳᠠᠭᠠᠯᠠᠵᠤ ᠪᠠᠶᠢᠭ᠎ᠠ | ᠠᠮᠤ ᠪᠤᠳᠠᠭᠠᠨ ᠤ ᠲᠤᠭ᠎ᠠ ᠬᠡᠮᠵᠢᠶ᠎ᠡ ᠨᠢ ᠦᠨᠡᠨ ᠪᠣᠳᠠᠲᠠᠶ᠂ ᠶᠠᠰᠤ ᠴᠢᠨᠠᠷ ᠨᠢ ᠰᠠᠶᠢᠨ᠂ ᠬᠠᠳᠠᠭᠠᠯᠠᠯᠲᠠ ᠶᠢᠨ ᠠᠮᠤᠷ | ᠲᠦᠪᠰᠢᠨ ᠤ ᠬᠢᠵᠠᠭᠠᠷ ᠱᠤᠭᠤᠮ ᠢ ᠦᠨᠡᠨ ᠬᠦ ᠪᠠᠲᠤ ᠰᠠᠬᠢᠨ᠎ᠠ᠃ | ᠪᠦᠬᠦ ᠲᠠᠯ᠎ᠠ ᠪᠠᠷ ᠰᠢᠢᠳᠪᠣᠷᠢᠯᠡᠵᠦ᠂ ᠭᠤᠤᠯᠳᠠᠯᠭ᠎ᠠ ᠶᠢ ᠳᠣᠪᠤᠶᠢᠯᠭᠠᠨ᠎ᠠ᠃ ᠬᠦᠷᠢᠶ᠎ᠡ ᠬᠡᠪᠴᠢᠶᠡᠨ ᠳᠤ | ᠣᠷᠣᠭᠤᠯᠤᠭᠰᠠᠨ ᠠᠵᠤ ᠠᠬᠤᠶᠢᠯᠠᠯ ᠤᠨ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠯᠲᠠ ᠳᠤ ᠬᠥᠮᠥᠷᠭᠡ ᠪᠠᠶᠢᠪᠡᠯ | ᠵᠠᠪᠠᠯ ᠬᠦᠷᠴᠦ᠂ ᠠᠮᠤ ᠪᠤᠳᠠᠭ᠎ᠠ ᠪᠠᠶᠢᠪᠡᠯ ᠵᠠᠪᠠᠯ ᠪᠠᠶᠢᠴᠠᠭᠠᠵᠤ᠂ ᠳᠠᠩᠰᠠ ᠪᠠᠶᠢᠪᠡᠯ ᠵᠠᠪᠠᠯ ᠪᠠᠶᠢᠴᠠᠭᠠᠵᠤ᠂ ᠲᠦᠢᠯᠪᠤᠷᠢᠲᠠᠶ | ᠪᠠᠶᠢᠴᠠᠭᠠᠵᠤ᠂ ᠪᠦᠬᠦ ᠶᠠᠪᠤᠴᠠ ᠳᠤ ᠣᠷᠣ ᠮᠥᠷ ᠦᠯᠡᠳᠡᠭᠡᠬᠦ ᠶᠢ ᠪᠠᠷᠢᠮᠲᠠᠯᠠᠨ᠎ᠠ᠃ ᠭᠤᠣᠯᠳᠠᠯᠭ᠎ᠠ ᠲᠠᠢ ᠲᠥᠷᠥᠯ ᠵᠦᠢᠯ᠂ | ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠠᠬᠤᠶᠢᠯᠠᠯ ᠢ ᠳᠣᠪᠤᠶᠢᠯᠭᠠᠨ᠂ ᠡᠷᠴᠢᠮ ᠪᠣᠯᠤᠨ | ᠴᠢᠬᠤᠯᠠ ᠠᠰᠠᠭᠤᠳᠠᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠡᠷᠴᠢᠮ ᠢ ᠨᠡᠮᠡᠭᠳᠡᠭᠦᠯᠦᠨ᠎ᠡ᠃ | ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠶᠡᠭᠡ ᠪᠥᠬᠦ ᠶᠠᠪᠤᠴᠠ ᠳᠤ ᠲᠤᠭᠤᠰᠢᠯᠠᠭᠤᠯᠵᠤ᠂ | ᠱᠠᠲᠤ ᠳᠠᠷᠠᠭᠠᠯᠠᠨ ᠠᠵᠢᠯ ᠬᠤᠪᠢᠶᠠᠨ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠤᠨ᠂ ᠪᠠᠶᠢᠴᠠᠭᠠᠭᠰᠠᠨ ᠦᠷ᠎ᠡ | ᠳ᠋ᠦᠩ ᠳᠤ ᠬᠠᠷᠢᠭᠤᠴᠠᠯᠭ᠎ᠠ ᠨᠡᠬᠡᠮᠵᠢᠯᠡᠪᠡ᠃ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠪᠣᠯᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠪᠠᠶᠢᠴᠠᠭᠠᠬᠤ ᠬᠦᠷᠢᠶ᠎ᠡ ᠬᠡᠪᠴᠢᠶ᠎ᠡ ᠬᠢᠭᠡᠳ ᠠᠭᠤᠯᠭ᠎ᠠ | 1. ᠪᠠᠶᠢᠴᠠᠭᠠᠬᠤ ᠬᠦᠷᠢᠶ᠎ᠡ ᠬᠡᠪᠴᠢᠶ᠎ᠡ᠃ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠬᠠᠳᠠᠭᠠᠯᠠᠵᠤ ᠪᠠᠶᠢᠭ᠎ᠠ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠵᠢᠴᠢ ᠲᠠᠸᠠᠷ ᠤᠨ ᠠᠮᠤ ᠪᠤᠳᠠᠭ᠎ᠠ᠃ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠳᠤ ᠭᠤᠤᠯᠳᠠᠭᠤ ᠣᠷᠣᠨ ᠨᠤᠲᠤᠭ ᠤᠨ ᠨᠥᠭᠡᠴᠡ ᠠᠮᠤ ᠪᠤᠳᠠᠭ᠎ᠠ ᠵᠡᠷᠭᠡ | ᠪᠠᠭᠲᠠᠨ᠎ᠠ᠃ | 2. ᠪᠠᠶᠢᠴᠠᠭᠠᠬᠤ ᠠᠭᠤᠯᠭ᠎ᠠ᠃ ᠨᠢᠭᠡ ᠳᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠲᠤᠭ᠎ᠠ | ᠬᠡᠮᠵᠢᠶ᠎ᠡ᠃ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠵᠤ ᠪᠠᠶᠢᠭ᠎ᠠ | ᠪᠣᠳᠠᠲᠤ ᠶᠠᠭᠤᠮ᠎ᠠ ᠶᠢᠨ ᠲᠤᠭ᠎ᠠ ᠬᠡᠮᠵᠢᠶ᠎ᠡ᠂ ᠲᠥᠷᠥᠯ ᠵᠣᠶᠢᠯ ᠪᠣᠯᠤᠨ ᠠᠮᠤ ᠪᠤᠳᠠᠭᠠᠨ ᠤ ᠡᠷᠬᠡ ᠶᠢᠨ ᠬᠠᠷᠢᠶᠠᠯᠠᠭᠳᠠᠬᠤ | ᠪᠠᠶᠢᠳᠡᠯ᠂ ᠵᠢᠴᠢ ᠠᠳᠠᠯᠢ ᠪᠤᠰᠤ ᠤᠨ ᠵᠢᠯ᠂ ᠠᠳᠠᠯᠢ ᠪᠤᠰᠤ ᠰᠢᠨᠵᠢ ᠴᠢᠨᠠᠷ᠂ ᠠᠳᠠᠯᠢ ᠪᠤᠰᠤ ᠲᠥᠷᠥᠯ ᠵᠣᠶᠢᠯ ᠤᠨ ᠠᠮᠤ | ᠪᠤᠳᠠᠭᠠᠨ ᠤ ᠰᠠᠩ ᠬᠥᠮᠥᠷᠭᠡ ︵ᠪᠠᠷᠠᠭ᠎ᠠ ᠶᠢᠨ ᠪᠠᠶᠢᠷᠢ︶ ᠶᠢᠨ ᠬᠠᠳᠠᠭᠠᠯᠠᠯᠲᠠ ᠬᠠᠮᠢᠶᠠᠷᠤᠯᠲᠠ ᠶᠢᠨ ᠪᠠᠶᠢᠳᠡᠯ᠃ | ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠵᠤ ᠪᠠᠶᠢᠭ᠎ᠠ ᠪᠣᠳᠠᠲᠤ | ᠪᠣᠳᠠᠰ ᠬᠢᠭᠡᠳ ᠬᠠᠳᠠᠭᠠᠯᠠᠨ ᠬᠠᠮᠢᠶᠠᠷᠬᠤ ᠳᠠᠩᠰᠠ᠂ ᠲᠤᠭ᠎ᠠ ᠪᠦᠷᠢᠳᠬᠡᠯ ᠤᠨ ᠳᠠᠩᠰᠠ᠂ ᠨᠢᠭᠲᠠᠯᠠᠨ ᠪᠤᠳᠤᠬᠤ ᠳᠠᠩᠰᠠ᠂ | ᠪᠠᠩᠬᠢ ᠶᠢᠨ ᠪᠠᠯᠠ ᠮᠥᠩᠭᠦ ᠶᠢᠨ ᠡᠬᠡ ᠳᠠᠩᠰᠠ ᠶᠢᠨ ᠳᠠᠩᠰᠠ ᠪᠠ ᠪᠣᠳᠠᠲᠤ ᠳᠠᠩᠰᠠ ᠨᠢ ᠬᠠᠷᠢᠯᠴᠠᠨ ᠨᠡᠶᠢᠴᠡᠭᠰᠡᠨ᠂ | ᠳᠠᠩᠰᠠ ᠪᠠ ᠳᠠᠩᠰᠠ ᠨᠢ ᠬᠠᠷᠢᠯᠴᠠᠨ ᠨᠡᠶᠢᠴᠡᠭᠰᠡᠨ ᠪᠠᠶᠢᠳᠡᠯ᠃ ᠬᠤᠶᠠᠷ ᠲᠤ᠂ ᠬᠥᠮᠥᠷᠭᠡᠯᠡᠨ ᠬᠠᠳᠠᠭᠠᠯᠠᠵᠤ ᠪᠠᠶᠢᠭ᠎ᠠ | ᠠᠮᠤ ᠪᠤᠳᠠᠭᠠᠨ ᠤ ᠶᠠᠰᠤ ᠴᠢᠨᠠᠷ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠶᠠᠰᠤ ᠴᠢᠨᠠᠷ ᠤᠨ | ᠭᠦᠢᠴᠡᠳᠭᠡᠯ ᠲᠤᠭ᠎ᠠ᠂ ᠬᠠᠳᠠᠭᠠᠯᠠᠯᠲᠠ ᠶᠢᠨ ᠶᠠᠰᠤ ᠴᠢᠨᠠᠷ ᠤᠨ ᠭᠦᠢᠴᠡᠳᠭᠡᠯ ᠲᠤᠭ᠎ᠠ ᠵᠢᠴᠢ ᠢᠳᠡᠭᠡᠨ ᠤ | ᠠᠶᠤᠯᠭᠦᠶ ᠶᠢᠨ ᠭᠤᠤᠯ ᠭᠦᠢᠴᠡᠳᠭᠡᠯ ᠲᠤᠭ᠎ᠠ᠃ ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠤᠯᠤᠰ ᠤᠨ ᠠᠮᠤ | ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ᠂ ᠨᠥᠭᠡᠴᠡ ᠠᠮᠤ ᠪᠤᠳᠠᠭ᠎ᠠ ᠶᠢ ᠡᠭᠡᠯᠵᠢᠯᠡᠨ ᠬᠠᠮᠢᠶᠠᠷᠬᠤ᠂ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠤ ᠬᠥᠮᠥᠷᠭᠡ ᠵᠢᠭᠡᠯᠡᠯᠭᠡ ᠶᠢ ᠬᠤᠯᠪᠣᠭᠳᠠᠭᠤᠯᠬᠤ᠂ ᠡᠳ ᠤ | ᠵᠠᠰᠠᠭ ᠤᠨ ᠨᠥᠬᠦᠪᠥᠷᠢ ᠥᠭᠬᠦ ᠵᠡᠷᠭᠡ ᠪᠠᠶᠢᠳᠡᠯ ᠲᠤ ᠵᠡᠷᠭᠡ ᠲᠤᠨᠢ ᠪᠠᠶᠢᠴᠠᠭᠠᠯᠲᠠ ᠬᠢᠵᠦ᠂ ᠬᠥᠮᠥᠷᠭᠡᠯᠡᠨ ᠬᠠᠳᠠᠭᠠᠯᠠᠵᠤ | ᠪᠠᠶᠢᠭ᠎ᠠ ᠠᠮᠤ ᠪᠤᠳᠠᠭᠠᠨ ᠤ ᠦᠨᠡᠨ ᠪᠣᠳᠠᠲᠠᠢ ᠴᠢᠨᠠᠷ ᠢ ᠰᠢᠯᠭᠠᠨ ᠨᠤᠲᠠᠯᠠᠵᠤ᠂ ᠡᠷᠭᠢᠯᠳᠦᠭᠡ ᠠᠮᠤ ᠪᠤᠳᠠᠭ᠎ᠠ ᠶᠢ | ᠭᠤᠣᠯᠳᠠᠯᠭ᠎ᠠ ᠲᠠᠢ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ | ︵ᠨᠢᠭᠡ︶ ᠥᠪᠡᠷᠲᠡᠭᠡᠨ ᠪᠠᠶᠢᠴᠠᠭᠠᠬᠤ ᠬᠠᠷᠢᠭᠤᠴᠠᠯᠭ᠎ᠠ | ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯ ᠲᠣᠰ ᠠᠵᠤ ᠠᠬᠤᠶᠢᠯᠠᠯ ᠤᠨ | ᠥᠪᠡᠷ ᠢ ᠪᠠᠨ ᠪᠠᠶᠢᠴᠠᠭᠠᠬᠤ ᠶᠢᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠥᠪᠡᠷ ᠢ ᠪᠠᠨ ᠪᠠᠶᠢᠴᠠᠭᠠᠭᠰᠠᠨ | ᠦᠷ᠎ᠡ ᠳ᠋ᠦ᠋ᠩ ᠢ ᠠᠵᠤ ᠠᠬᠤᠶᠢᠯᠠᠯ ᠬᠠᠷᠢᠭᠤᠴᠠᠨ᠎ᠠ᠃ ᠡᠭᠦᠨ ᠤ ᠬᠠᠮᠲᠤ ᠲᠣᠰ ᠠᠵᠤ ᠠᠬᠤᠶᠢᠯᠠᠯ ᠵᠢᠴᠢ | ᠲᠦᠷᠢᠶᠡᠰᠦᠯᠡᠬᠦ ᠬᠥᠮᠥᠷᠭᠡᠶᠢᠨ ᠴᠡᠭ ᠤᠨ ᠥᠪᠡᠰᠦᠪᠡᠨ ᠪᠠᠶᠢᠴᠠᠭᠠᠭᠰᠠᠨ ᠦᠷ᠎ᠡ ᠳ᠋ᠦᠩ ᠳᠤ ᠪᠥᠬᠦ ᠬᠠᠷᠢᠭᠤᠴᠠᠯᠭ᠎ᠠ ᠶᠢ | ᠡᠭᠦᠷᠭᠡᠯᠡᠨ᠎ᠡ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ | ᠬᠤᠰᠢᠭᠤ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠵᠣᠬᠢᠶᠠᠨ | ᠪᠠᠶᠢᠭᠤᠯᠬᠤ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠬᠤᠰᠢᠭᠤ ᠠᠮᠤ ᠪᠤᠳᠠᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠦᠬᠦ ᠬᠤᠰᠢᠭᠤᠨ ᠤ ᠨᠡᠶᠢᠳᠡᠮ | ᠪᠠᠶᠢᠴᠠᠭᠠᠯᠲᠠ ᠶᠢᠨ ᠪᠣᠳᠠᠲᠠᠶ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ | ᠪᠥᠬᠦ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠬᠤ | ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠶᠡᠭᠡ ᠪᠠᠶᠢᠴᠠᠭᠠᠯᠲᠠ ᠶᠢᠨ ᠠᠵᠢᠯ ᠤᠨ ᠪᠦᠲᠦᠮᠵᠢᠲᠡᠶ | ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠬᠤ ᠶᠢᠨ ᠲᠤᠰᠠᠳᠠ᠂ ᠰᠤᠳᠤᠯᠬᠤ ᠪᠠᠷ ᠳᠠᠮᠵᠢᠨ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠨ | ᠬᠠᠳᠠᠭᠠᠯᠠᠬᠤ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠶᠡᠭᠡ ᠪᠠᠶᠢᠴᠠᠭᠠᠯᠲᠠ ᠶᠢᠨ ᠠᠵᠢᠯ ᠤᠨ ᠵᠣᠬᠢᠴᠠᠭᠤᠯᠬᠤ | ᠤᠳᠤᠷᠢᠳᠬᠤ ᠲᠣᠭᠤᠶᠢᠯᠡᠩ ᠢ ᠪᠠᠶᠢᠭᠤᠯᠵᠤ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠬᠤ᠋ ᠶᠠᠨ ᠹᠧᠩ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ | ᠰᠦᠩ ᠫᠧᠩ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠯᠢᠦ ᠲᠢᠩ ᠱᠣ᠋ ᠬᠤᠰᠢᠭᠤᠨ ᠤ ᠠᠮᠤ ᠪᠤᠳᠠᠭᠠᠨ ᠤ ᠲᠣᠪᠴᠢᠶᠠᠨ ᠤ ᠳᠠᠷᠤᠭ᠎ᠠ | ᠭᠡᠰᠢᠭᠦᠨ᠄ ᠯᠢ ᠶᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ | ᠯᠢᠦ ᠰᠢᠶᠣᠣ ᠳ᠋ᠦᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠯᠢᠦ ᠰᠢᠶᠣᠤ ᠴᠢᠩ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ | ᠭᠤᠣ ᠪᠦ᠋ ᠼᠠᠢ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠠᠷᠢᠶᠠᠯᠠᠩ ᠤᠨ | ᠪᠠᠶᠢᠴᠠᠭᠠᠯᠲᠠ ᠶᠢᠨ ᠠᠩᠭᠢ ᠶᠢᠨ ᠳᠠᠷᠤᠭ᠎ᠠ | ᠶᠠᠩ ᠮᠤᠤ ᠴᠧᠩ ᠬᠤᠰᠢᠭᠤᠨ ᠤ ᠠᠮᠤ ᠪᠤᠳᠠᠭᠠᠨ ᠤ ᠲᠣᠪᠴᠢᠶᠠᠨ ᠤ ᠳᠡᠳ᠋ ᠳᠠᠷᠤᠭ᠎ᠠ | ᠵᠠᠩ ᠵᠧᠩ ᠬᠤᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠯᠪᠤᠷᠢ ᠪᠠᠩᠬᠢ ᠶᠢᠨ ᠳᠡᠳ᠋ | ᠳᠠᠷᠤᠭ᠎ᠠ | ᠤᠳᠤᠷᠢᠳᠬᠤ ᠲᠣᠭᠤᠶᠢᠯᠡᠩ ᠤᠨ ᠳᠣᠤᠷ᠎ᠠ ᠠᠯᠪᠠᠨ ᠭᠡᠷ ᠪᠠᠶᠢᠭᠤᠯᠵᠦ᠂ ᠬᠤᠰᠢᠭᠤᠨ ᠤ ᠠᠮᠤ ᠪᠤᠳᠠᠭᠠᠨ ᠤ | ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦ ᠲᠢᠩ ᠱᠣ᠋ ᠨᠥᠬᠦᠷ | ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠶᠠᠩ ᠮᠤᠤ ᠴᠧᠩ ᠨᠥᠬᠦᠷ | ᠬᠠᠪᠰᠤᠷᠭᠠᠨ ᠡᠭᠦᠷᠭᠡᠯᠡᠪᠡ᠃ | ︵ᠨᠢᠭᠡ︶ ᠤᠳᠤᠷᠢᠳᠬᠤ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠢᠭᠡᠳᠦᠯᠲᠡᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ | ᠠᠮᠤ ᠪᠤᠳᠠᠭᠠᠨ ᠤ ᠬᠥᠮᠥᠷᠭᠡᠯᠡᠯᠲᠡ ᠶᠢᠨ ᠶᠡᠭᠡ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠴᠤ᠂ | ᠴᠢᠬᠤᠯᠠ ᠶᠡᠭᠡ ᠤᠴᠢᠷ ᠶᠠᠪᠤᠳᠠᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠣᠷᠢᠯᠡᠨ᠎ᠠ᠃ ᠲᠡᠭᠡᠳᠦ ᠱᠠᠲᠤᠨ ᠤ | ᠱᠠᠭᠠᠷᠳᠠᠯᠭ᠎ᠠ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠤᠨ᠂ ᠪᠦᠬᠦ ᠬᠤᠰᠢᠭᠤᠨ ᠤ ᠲᠥᠷᠦ ᠶᠢᠨ ᠪᠣᠳᠣᠯᠭ᠎ᠠ ᠶᠢᠨ | ᠴᠢᠨᠠᠷᠲᠠᠢ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠬᠤ ᠪᠣᠳᠠᠲᠠᠢ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ | ᠠᠮᠤ ᠪᠤᠳᠠᠭ᠎ᠠ ᠳᠠᠭᠠᠭᠠᠨ ᠬᠠᠳᠠᠭᠠᠯᠠᠬᠤ ᠪᠥᠬᠦ ᠠᠵᠤ ᠠᠬᠤᠶᠢᠯᠡᠯ ᠢ ᠰᠢᠮᠳᠠᠭᠤᠯᠤᠨ ᠥᠪᠡᠷ ᠢ ᠪᠠᠨ ᠪᠠᠶᠢᠴᠠᠭᠠᠵᠤ᠂ | ᠰᠢᠮᠳᠠᠭᠤᠯᠤᠨ ᠵᠢᠯᠣᠭᠤᠳᠬᠤ ᠠᠵᠢᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠥᠨᠴᠥᠭ ᠪᠤᠯᠤᠩ᠂ ᠪᠠᠯᠠᠶ ᠣᠷᠣᠨ | ᠦᠯᠡᠳᠡᠭᠡᠵᠦ ᠪᠣᠯᠬᠤ ᠥᠬᠡᠶ᠃ ᠪᠥᠬᠦ ᠬᠤᠰᠢᠭᠤᠨᠤ ᠶᠡᠭᠡ ᠬᠤᠷᠠᠯ ᠤᠨ ᠦᠷ᠎ᠡ ᠳ᠋ᠦᠩ ᠢ ᠬᠢᠨᠠᠨ ᠬᠠᠷᠭᠤᠭᠤᠯᠵᠤ᠂ | ᠬᠤᠲᠠ ᠶᠢᠨ ᠶᠡᠭᠡ ᠬᠤᠷᠠᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠦᠨ᠎ᠡ᠃ | ᠮᠠᠨ ᠤ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠯᠲᠠ ᠶᠢ | ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠤᠳᠤᠯᠤᠨ ᠪᠠᠶᠢᠭᠤᠯᠬᠤ ᠪᠠ | ᠲᠡᠭᠦᠯᠳᠡᠷᠵᠢᠭᠦᠯᠬᠦ ᠶᠢᠨ ᠬᠠᠮᠲᠤ ᠬᠤᠲᠠ ᠶᠢᠨ ᠵᠣᠬᠢᠴᠠᠭᠤᠯᠬᠤ ᠲᠣᠭᠲᠠᠴᠠ ᠶᠢᠨ ᠲᠤᠰᠢᠶᠠᠭᠰᠠᠨ ᠡᠯ᠎ᠡ ᠵᠣᠶᠢᠯ ᠤᠨ | ᠠᠵᠢᠯ ᠢ ᠬᠠᠪᠰᠤᠷᠤᠨ ᠪᠡᠶᠡᠯᠡᠭᠦᠯᠦᠨ᠎ᠡ᠃ | ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ | ᠬᠤᠰᠢᠭᠤᠨ ᠤ ᠪᠠᠶᠢᠴᠠᠭᠠᠬᠤ ᠠᠵᠢᠯ ᠢ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠭᠠᠷᠭᠠᠭᠰᠠᠨ ᠡᠯ᠎ᠡ | ᠵᠣᠶᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ | ᠤᠳᠤᠷᠢᠳᠤᠯᠭ᠎ᠠ ᠶᠢᠨ ᠶᠠᠷᠢᠶ᠎ᠠ᠂ ᠮᠡᠳᠡᠭᠡ ᠵᠠᠩᠭᠢ ᠵᠢᠴᠢ ᠠᠵᠢᠯ ᠶᠢᠨ ᠪᠠᠶᠢᠳᠡᠯ ᠵᠡᠷᠭᠡ ᠶᠢ ᠲᠤᠭᠤᠷᠪᠢᠨ ᠪᠢᠴᠢᠬᠦ᠂ | ᠳᠠᠷᠤᠮᠠᠯᠯᠠᠨ ᠲᠠᠷᠬᠠᠭᠠᠬᠤ᠃ ᠤᠳᠤᠷᠢᠳᠤᠯᠭ᠎ᠠ ᠶᠢᠨ ᠬᠤᠷᠠᠯ᠂ ᠠᠯᠪᠠᠨ ᠭᠡᠷ ᠤᠨ ᠬᠤᠷᠠᠯ ᠢ ᠵᠣᠬᠢᠶᠠᠨ ᠪᠠᠶᠢᠭᠤᠯᠵᠤ | ᠪᠡᠯᠡᠳᠬᠡᠬᠦ᠃ ᠶᠡᠭᠡ ᠪᠠᠶᠢᠴᠠᠭᠠᠯᠲᠠ ᠶᠢᠨ ᠠᠵᠢᠯ ᠤᠨ ᠪᠣᠳᠠᠲᠠᠶ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠳᠦᠷᠢᠮ | ᠲᠣᠭᠲᠠᠭᠠᠯ ᠢ ᠲᠣᠭᠲᠠᠭᠠᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠥᠪᠡᠷ ᠢ ᠪᠠᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠬᠢᠬᠦ ᠬᠡᠷᠡᠭᠲᠡᠶ᠃ ᠪᠥᠬᠦ ᠬᠤᠰᠢᠭᠤᠨ ᠤ ᠨᠡᠶᠢᠳᠡᠮ | ᠪᠠᠶᠢᠴᠠᠭᠠᠯᠲᠠ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠪᠦᠷᠢᠨ ᠪᠦᠲᠦᠨ᠂ ᠣᠨᠣᠪᠴᠢᠲᠠᠶ᠂ | ᠦᠨᠡᠨ ᠪᠣᠳᠠᠲᠠᠶ ᠪᠠᠶᠢᠬᠤ ᠶᠢ ᠪᠠᠲᠤᠯᠠᠨ᠎ᠠ᠃ ᠬᠤᠲᠠ ᠶᠢᠨ ᠶᠡᠭᠡ ᠵᠠᠰᠠᠭ ᠤᠨ ᠵᠣᠬᠢᠴᠠᠭᠤᠯᠬᠤ ᠲᠣᠭᠲᠠᠴᠠ ᠶᠢᠨ ᠠᠯᠪᠠᠨ | ᠭᠡᠷ ᠲᠤ ᠶᠡᠭᠡ ᠵᠠᠰᠠᠭ ᠤᠨ ᠦᠷ᠎ᠡ ᠳ᠋ᠦᠩ ᠪᠠ ᠠᠵᠢᠯ ᠤᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠬᠦ | ᠬᠡᠷᠡᠭᠲᠡᠶ᠃ ᠲᠡᠭᠡᠳᠦ ᠱᠠᠲᠤᠨ ᠤ ᠰᠢᠮᠳᠠᠭᠤᠯᠤᠨ ᠪᠠᠶᠢᠴᠠᠭᠠᠬᠤ ᠠᠵᠢᠯ ᠶᠢᠨ ᠲᠣᠭᠤᠶᠢᠯᠡᠩ ᠢ ᠬᠠᠮᠵᠢᠨ ᠰᠢᠮᠳᠠᠭᠤᠯᠤᠨ | ᠪᠠᠶᠢᠴᠠᠭᠠᠬᠤ ᠠᠵᠢᠯ ᠥᠷᠨᠢᠭᠦᠯᠦᠨ᠎ᠡ᠃ ᠬᠤᠲᠠ ᠶᠢᠨ ᠵᠣᠬᠢᠴᠠᠭᠤᠯᠬᠤ ᠲᠣᠭᠲᠠᠴᠠ ᠶᠢᠨ ᠠᠯᠪᠠᠨ ᠭᠡᠷ ᠪᠣᠯᠤᠨ | ᠬᠤᠰᠢᠭᠤᠨ ᠤ ᠶᠡᠭᠡ ᠪᠠᠶᠢᠴᠠᠭᠠᠯᠲᠠ ᠶᠢᠨ ᠠᠵᠢᠯ ᠶᠢᠨ ᠵᠣᠬᠢᠴᠠᠭᠤᠯᠬᠤ ᠤᠳᠤᠷᠢᠳᠬᠤ ᠲᠣᠭᠤᠶᠢᠯᠡᠩ ᠤᠨ ᠡᠯ᠎ᠡ | ᠪᠦᠷᠢᠯᠳᠦᠬᠦᠨ ᠨᠢᠭᠡᠴᠡ ᠶᠢ ᠨᠢᠭᠡᠳᠦᠯᠲᠡᠶ ᠵᠣᠬᠢᠴᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠲᠠᠢ ᠣᠯᠣᠯᠴᠠᠨ | ᠵᠣᠬᠢᠴᠠᠭᠤᠯᠬᠤ ᠠᠵᠢᠯ ᠢ ᠰᠠᠶᠢᠲᠤᠷ ᠬᠢᠨ᠎ᠡ᠃ ᠬᠡᠷᠡᠭ ᠤᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠡᠩ ᠤᠨ | ᠠᠮᠤ ᠪᠤᠳᠠᠭ᠎ᠠ ᠳᠤ ᠬᠤᠯᠪᠣᠭᠳᠠᠭᠰᠠᠨ ᠬᠡᠷᠡᠭ ᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠬᠤᠲᠠ ᠶᠢᠨ | ᠵᠣᠬᠢᠴᠠᠭᠤᠯᠬᠤ ᠲᠣᠭᠲᠠᠴᠠ ᠶᠢᠨ ᠠᠯᠪᠠᠨ ᠭᠡᠷ ᠲᠤ ᠠᠮᠤ ᠪᠤᠳᠠᠭ᠎ᠠ ᠳᠤ ᠬᠤᠯᠪᠣᠭᠳᠠᠭᠰᠠᠨ ᠬᠦᠨᠳᠦ ᠶᠡᠭᠡ ᠬᠡᠷᠡᠭ ᠢ | ᠳᠡᠭᠡᠭᠰᠢ ᠮᠡᠳᠡᠭᠦᠯᠪᠡ᠃ ᠬᠤᠲᠠ ᠶᠢᠨ ᠵᠣᠬᠢᠴᠠᠭᠤᠯᠬᠤ ᠲᠣᠭᠲᠠᠴᠠ ᠶᠢᠨ ᠠᠯᠪᠠᠨ ᠭᠡᠷ ᠪᠠ ᠬᠤᠰᠢᠭᠤᠨ ᠤ ᠶᠡᠭᠡ | ᠪᠠᠶᠢᠴᠠᠭᠠᠯᠲᠠ ᠶᠢᠨ ᠠᠵᠢᠯ ᠤᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | ᠲᠦᠷᠪᠡ᠂ ᠪᠠᠲᠤᠯᠠᠭ᠎ᠠ ᠶᠢᠨ ᠲᠣᠭᠲᠠᠴᠠ ᠬᠢᠭᠡᠳ ᠠᠷᠭ᠎ᠠ ᠬᠡᠮᠵᠢᠶ᠎ᠡ | ︵ᠨᠢᠭᠡ︶ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠦᠨ᠎ᠡ᠃ ᠭᠤᠤᠯᠳᠠᠯᠭ᠎ᠠ ᠲᠠᠢ ᠲᠥᠷᠥᠯ ᠵᠣᠶᠢᠯ᠂ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠠᠬᠤᠶᠢᠯᠠᠯ ᠢ ᠲᠥᠪᠯᠡᠷᠡᠭᠦᠯᠵᠦ᠂ ᠴᠢᠬᠤᠯᠠ | ᠠᠰᠠᠭᠤᠳᠠᠯ ᠤᠨ ᠰᠦᠪᠡᠭᠴᠢ ᠪᠠ ᠠᠮᠤ ᠪᠤᠳᠠᠭ᠎ᠠ ᠳᠤ ᠬᠤᠯᠪᠣᠭᠳᠠᠭᠰᠠᠨ ᠬᠡᠷᠡᠭ ᠤᠨ ᠡᠷᠴᠢᠮ ᠢ ᠴᠢᠩᠭᠠᠷᠠᠭᠤᠯᠬᠤ | ᠬᠡᠷᠡᠭᠲᠡᠶ᠃ ᠲᠥᠷᠥ ᠶᠢᠨ ᠪᠣᠳᠣᠯᠭ᠎ᠠᠶᠢᠨ ᠴᠢᠨᠠᠷᠲᠠᠶ ᠠᠮᠤ ᠪᠤᠳᠠᠭᠠᠨ ᠤ ︽ᠭᠤᠷᠪᠠᠨ ᠬᠡᠪ ᠤᠨ ᠪᠤᠰᠤ︾ ︵ᠠᠷᠠᠯᠵᠢᠶ᠎ᠠ | ᠬᠡᠪ ᠤᠨ ᠪᠤᠰᠤ᠂ ᠪᠠᠯᠠ ᠮᠥᠩᠭᠦ ᠬᠡᠪ ᠤᠨ ᠪᠤᠰᠤ᠂ ᠲᠡᠭᠡᠭᠡᠪᠦᠷᠢ ᠬᠡᠪ ᠤᠨ ᠪᠤᠰᠤ︶ ᠬᠢᠨᠠᠨ ᠬᠡᠮᠵᠢᠬᠦ ᠶᠢ ᠴᠢᠩᠭᠠᠳᠬᠠᠵᠤ᠂ | ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠠᠷᠭ᠎ᠠ ᠵᠠᠮ ᠢ ᠥᠷᠭᠡᠳᠬᠡᠨ᠎ᠡ᠃ ᠬᠥᠮᠥᠷᠭᠡ ᠳᠤ ᠬᠠᠳᠠᠭᠠᠯᠠᠵᠤ ᠪᠠᠶᠢᠭ᠎ᠠ | ᠪᠣᠳᠠᠲᠤ ᠵᠣᠶᠢᠯ ᠢ ᠪᠠᠶᠢᠴᠠᠭᠠᠬᠤ ᠠᠷᠭ᠎ᠠ ᠶᠢ ᠴᠢᠩᠭ᠎ᠠ ᠡᠵᠡᠮᠰᠢᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠪᠠ ᠡᠳ᠋ ᠤᠨ | ᠵᠠᠰᠠᠭ ᠤᠨ ᠨᠥᠬᠦᠪᠥᠷᠢ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠪᠦᠬᠦ | ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠯᠠᠮᠰᠢᠯ ᠤᠲᠠᠰᠤᠨ ᠤ ᠦᠢᠯᠡᠳᠣᠯ ᠢ | ᠭᠦᠢᠴᠡᠳ ᠪᠠᠳᠠᠷᠠᠭᠤᠯᠵᠤ᠂ ᠢᠯᠡᠴᠢᠯᠡᠨ ᠮᠡᠳᠡᠭᠦᠯᠬᠦ ᠱᠠᠩᠨᠠᠯ ᠲᠠᠢ ᠳᠦᠷᠢᠮ ᠢ ᠪᠠᠶᠢᠭᠤᠯᠤᠨ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ | ︵ᠬᠤᠶᠠᠷ︶ ᠠᠵᠢᠯ ᠶᠢᠨ ᠰᠠᠬᠢᠯᠭ᠎ᠠ ᠪᠠᠲᠤ ᠶᠢ ᠴᠢᠩᠳᠠᠯᠠᠨ᠎ᠠ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ | ᠬᠥᠮᠦᠰ ᠢ ᠰᠣᠩᠭᠤᠨ ᠲᠣᠮᠢᠯᠠᠵᠤ ᠶᠡᠭᠡ ᠪᠠᠶᠢᠴᠠᠭᠠᠯᠲᠠ ᠶᠢᠨ ᠠᠵᠢᠯ ᠳᠤ ᠣᠷᠣᠯᠴᠠᠭᠤᠯᠬᠤ ᠬᠡᠷᠡᠭᠲᠡᠶ᠃ ᠪᠠᠶᠢᠴᠠᠭᠠᠬᠤ | ᠠᠵᠢᠯᠲᠠᠳ ᠲᠥᠪ ᠬᠤᠷᠢᠶᠠᠨ ᠤ ᠨᠠᠢᠮᠡ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠡᠶᠢᠳᠡᠪᠣᠷᠢᠵᠢᠭᠤᠯᠬᠤ᠂ ᠶᠡᠭᠡ ᠪᠠᠶᠢᠴᠠᠭᠠᠯᠲᠠ ᠶᠢᠨ ᠠᠵᠢᠯ ᠢ ᠨᠥᠯᠥᠭᠡᠯᠡᠵᠦ ᠮᠡᠳᠡᠬᠦ ᠶᠠᠮᠠᠷᠪᠠ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ ᠰᠠᠬᠢᠯᠭ᠎ᠠ ᠪᠠᠲᠤ ᠶᠢ ᠵᠥᠷᠢᠴᠡᠭᠰᠡᠨ᠂ ᠬᠠᠷᠢᠭᠤᠴᠠᠯᠭ᠎ᠠ ᠡᠭᠦᠷᠭᠡᠯᠡᠬᠦ | ᠦᠭᠡᠢ᠂ ᠬᠠᠷᠢᠭᠤᠴᠠᠯᠭ᠎ᠠ ᠪᠠᠨ ᠭᠦᠢᠴᠡᠳᠭᠡᠬᠦ ᠦᠭᠡᠢ ᠪᠡᠶᠢᠪᠡᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ | ᠰᠢᠢᠳᠪᠣᠷᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠶ᠃ | ︵ᠭᠤᠷᠪᠠ︶ ᠬᠡᠷᠡᠭ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠶᠡᠭᠡ ᠬᠡᠪᠴᠢᠶᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠭᠥᠯᠢᠶᠡᠨ ᠠᠪᠴᠤ ᠰᠢᠢᠳᠪᠣᠷᠢᠯᠡᠬᠦ᠂ | ᠪᠠᠶᠢᠴᠠᠭᠠᠨ ᠰᠢᠢᠳᠪᠣᠷᠢᠯᠡᠬᠦ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭ ᠢ ᠰᠢᠢᠳᠪᠣᠷᠢᠯᠡᠬᠦ ᠬᠠᠮᠢᠶ᠎ᠠ | ᠪᠦᠬᠦᠢ ᠳᠦᠷᠢᠮ ᠪᠠ ᠪᠡᠯᠡᠳᠬᠡᠯ ᠲᠥᠰᠦᠯ ᠢ ᠪᠠᠶᠢᠭᠤᠯᠬᠤ ᠬᠡᠷᠡᠭᠲᠡᠶ᠃ ᠬᠦᠴᠦᠨ ᠴᠢᠳᠠᠯ ᠢᠶᠠᠨ ᠰᠢᠪᠬᠠᠨ᠂ ᠠᠮᠤ | ᠪᠤᠳᠠᠭ᠎ᠠ ᠳᠤ ᠬᠤᠯᠪᠣᠭᠳᠠᠭᠰᠠᠨ ᠢᠯᠡᠴᠢᠯᠡᠨ ᠮᠡᠳᠡᠭᠦᠯᠦᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠣᠷᠢᠯᠡᠵᠦ᠂ ︽ | ᠵᠠᠭᠠᠯᠳᠤᠯᠭ᠎ᠠ ᠪᠠᠶᠢᠪᠡᠯ ᠵᠠᠪᠠᠯ ᠭᠦᠢᠴᠡᠳᠭᠡᠬᠦ᠂ ᠬᠡᠷᠡᠭ ᠪᠡᠶᠢᠪᠡᠯ ᠵᠠᠪᠠᠯ ᠪᠠᠶᠢᠴᠠᠭᠠᠬᠤ᠂ ᠪᠠᠶᠢᠴᠠᠭᠠᠯᠲᠠ ᠪᠠᠶᠢᠪᠡᠯ ᠵᠠᠪᠠᠯ | ᠦᠷ᠎ᠡ ᠳ᠋ᠦᠩ ᠭᠠᠷᠭᠠᠬᠤ᠂ ᠠᠯᠳᠠᠭ᠎ᠠ ᠪᠡᠶᠢᠪᠡᠯ ᠵᠠᠪᠠᠯ ᠵᠠᠯᠠᠷᠠᠭᠤᠯᠬᠤ︾ ᠶᠢ ᠪᠡᠶᠡᠯᠡᠭᠦᠯᠪᠡ᠃ ᠰᠠᠬᠢᠯᠭ᠎ᠠ ᠪᠠᠲᠤ ᠬᠠᠤᠯᠢ | ᠴᠠᠭᠠᠵᠠ ᠶᠢ ᠵᠥᠷᠢᠴᠡᠭᠰᠡᠨ ᠬᠦᠨᠳᠦ ᠶᠡᠭᠡ ᠬᠡᠷᠡᠭ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤᠨᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠬᠠᠤᠯᠢ ᠪᠠᠷᠢᠬᠤ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ ᠰᠢᠢᠳᠪᠣᠷᠢᠯᠡᠬᠦᠯᠬᠦ ᠬᠡᠷᠡᠭᠲᠡᠶ᠃ | ︵ᠲᠦᠷᠪᠡ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠳ ᠤ ᠵᠠᠰᠠᠭ ᠤᠨ ᠰᠠᠯᠠᠭ᠎ᠠ | ᠮᠥᠴᠢᠷ ᠤᠳ ᠮᠠᠨ ᠤ ᠬᠤᠰᠢᠭᠤᠨ ᠤ ᠠᠮᠤ ᠪᠤᠳᠠᠭᠠᠨ ᠤ ᠬᠥᠮᠥᠷᠭᠡᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ | ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠠᠮᠤ ᠪᠤᠳᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠲᠥᠰᠦᠪ ᠲᠤ ᠴᠠᠭ ᠲᠤᠬᠠᠢ ᠲᠤᠨᠢ ᠵᠢᠭᠰᠠᠭᠠᠨ ᠣᠷᠣᠭᠤᠯᠬᠤ ᠬᠡᠷᠡᠭᠲᠡᠢ᠃ ᠡᠭᠦᠨ ᠤ ᠬᠠᠮᠲᠤ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ᠂ ᠥᠪᠡᠷ ᠤᠨ ᠥᠷᠲᠡᠭ ᠢ ᠨᠢ ᠭᠦᠢᠴᠡᠳ ᠪᠠᠲᠤᠯᠠᠬᠤ ᠵᠠᠷᠴᠢᠮ ᠤᠨ ᠶᠣᠰᠣᠭᠠᠷ᠂ ᠶᠡᠭᠡ | ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠲᠤᠬᠢᠷᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ︵ᠲᠠᠪᠤ︶ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠶᠡᠭᠡ ᠬᠡᠪᠴᠢᠶᠡᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠤᠨ ᠠᠷᠭ᠎ᠠ ᠪᠠᠷᠢᠯ | ᠠᠯᠬᠤᠮ ᠳᠠᠷᠠᠭ᠎ᠠ ᠪᠠᠨ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠢᠯᠡ ᠲᠣᠳᠣ ᠶᠢᠨ ᠬᠡᠮᠵᠢᠶ᠎ᠡ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠬᠢᠨ ᠤ ᠬᠢᠨᠠᠯᠲᠠ | ᠲᠠᠯᠪᠢᠬᠤ ᠶᠢ ᠬᠦᠯᠢᠶᠡᠬᠦ ᠬᠡᠷᠡᠭᠲᠡᠶ᠃ | ᠣᠷᠴᠢᠭᠤᠯᠣᠭᠴᠢ᠄ ᠰᠡᠴᠡᠩᠭᠤᠸ᠎ᠠ | |