︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ | ︿ᠭᠤᠷᠪᠠᠨ ᠪᠦᠲᠦᠭᠡᠭᠳᠡᠬᠦᠨ ᠨᠢᠭᠡ ᠲᠡᠮᠳᠡᠭ﹀ ᠤᠨ ᠭᠡᠷᠡᠴᠢᠯᠡᠯ ᠵᠢᠴᠢ ︿ᠨᠡᠷᠡᠲᠦ ᠲᠡᠮᠳᠡᠭ﹀ ᠤᠨ | ᠪᠠᠶᠢᠭᠤᠯᠤᠯᠲᠠ ᠶᠢᠨ ᠱᠠᠩᠨᠠᠯ ᠨᠥᠬᠦᠪᠥᠷᠢ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠳᠤ᠄ | ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ︿ | ᠭᠤᠷᠪᠠᠨ ᠪᠦᠲᠦᠭᠡᠭᠳᠡᠬᠦᠨ ᠨᠢᠭᠡ ᠲᠡᠮᠳᠡᠭ﹀ ᠤᠨ ᠭᠡᠷᠡᠴᠢᠯᠡᠯ ᠵᠢᠴᠢ ︿ᠨᠡᠷᠡᠲᠦ ᠲᠡᠮᠳᠡᠭ﹀ ᠤᠨ ᠪᠠᠶᠢᠭᠤᠯᠤᠯᠲᠠ ᠶᠢᠨ | ᠱᠠᠩᠨᠠᠯ ᠨᠥᠬᠦᠪᠥᠷᠢ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ | ᠬᠡᠷᠡᠭᠵᠢᠭᠦᠯᠲᠦᠭᠡᠶ᠃ | 2019 ᠣᠨ ᠤ 3 ᠰᠠᠷ᠎ᠠ ᠶᠢᠨ 18 ᠤ ᠡᠳᠦᠷ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠵᠢᠴᠢ ︽ᠨᠡᠷᠡᠲᠦ ᠲᠡᠮᠳᠡᠭ︾ ᠤᠨ ᠪᠠᠶᠢᠭᠤᠯᠤᠯᠲᠠ ᠶᠢᠨ ᠱᠠᠩᠨᠠᠯ | ᠨᠥᠬᠦᠪᠥᠷᠢ ᠶᠢᠨ ᠠᠷᠭ᠎ᠠ | ᠮᠠᠨ ᠤ ᠬᠤᠰᠢᠭᠤᠨ ᠤ ᠲᠠᠷᠢᠮᠠᠯ ᠤᠨ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠣᠷᠢᠯᠡᠯ ᠡᠳ᠋ᠰᠢᠭᠦᠯᠦᠯᠲᠡ ᠶᠢᠨ ᠦᠢᠯᠡᠰ ᠤᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠭᠤᠶᠤᠴᠢᠯᠠᠨ | ᠮᠡᠳᠡᠭᠦᠯᠬᠦ ᠢᠳᠡᠪᠬᠢᠵᠢᠯ ᠢ ᠵᠣᠷᠢᠭᠵᠢᠭᠤᠯᠬᠤ ᠶᠢᠨ ᠲᠥᠯᠥᠭᠡ᠂ ᠣᠷᠭᠠᠨᠢᠭ ᠪᠦᠲᠦᠭᠡᠭᠳᠡᠬᠦᠨ᠂ ᠪᠣᠬᠢᠷᠲᠤᠯ ᠥᠬᠡᠶ | ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠢ | ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥᠯ ᠲᠡᠮᠳᠡᠭ ᠤᠨ ᠲᠡᠮᠳᠡᠭ ᠢ ᠪᠠᠶᠢᠭᠤᠯᠵᠤ᠂ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠂ ᠲᠠᠷᠢᠶᠠᠯᠠᠩ ᠤᠨ ᠶᠠᠮᠤᠨ ᠤ ︽ | ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭᠤᠨ ᠬᠠᠮᠢᠶᠠᠷᠤᠯᠲᠠ ᠶᠢᠨ ᠠᠷᠭ᠎ᠠ︾ ᠪᠣᠯᠤᠨ | ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ | ᠮᠠᠨ ᠤ ᠬᠤᠰᠢᠭᠤᠨ ᠤ ᠪᠣᠳᠠᠲᠤ ᠪᠠᠶᠢᠳᠡᠯ ᠲᠠᠢ ᠤᠶᠠᠯᠳᠤᠭᠤᠯᠵᠤ᠂ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠣᠷᠢᠯᠷᠯ ᠤᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ᠂ ᠲᠣᠰ | ᠠᠷᠭ᠎ᠠ ᠶᠢ ᠲᠣᠭᠲᠠᠭᠠᠪᠠ᠃ | ᠨᠢᠭᠡᠳᠦᠭᠡᠷ ᠵᠣᠶᠢᠯ᠂ ᠲᠣᠰ ᠠᠷᠭ᠎ᠠ ᠶᠢᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠭᠡᠳᠡᠭ ᠨᠢ | ᠲᠠᠷᠢᠶᠠᠯᠠᠩ ᠤᠨ ᠶᠠᠮᠤᠨ ᠤ ᠬᠠᠷᠢᠶ᠎ᠠ ᠵᠢᠴᠢ ᠤᠯᠤᠰ ᠤᠨ ᠭᠡᠷᠡᠴᠢᠯᠡᠵᠦ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢᠨ | ᠺᠣᠮᠢᠰ ᠤᠨ ᠵᠥᠪᠰᠢᠶᠡᠷᠡᠭᠰᠡᠨ ᠭᠡᠷᠡᠴᠢᠯᠡᠬᠦ ᠪᠠᠶᠢᠭᠤᠯᠤᠮᠵᠢ ᠶᠢᠨ ᠥᠷᠨᠢᠭᠦᠯᠦᠭᠰᠡᠨ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠣᠷᠭᠠᠨᠢᠭ ᠢᠳᠡᠭᠡᠨ ᠢ ᠭᠡᠷᠡᠴᠢᠯᠡᠬᠦ ᠵᠢᠴᠢ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ ᠢ ᠳᠠᠩᠰᠠᠯᠠᠬᠤ ᠶᠢ ᠵᠢᠭᠠᠵᠤ ᠪᠣᠢ᠃ | ᠲᠣᠰ ᠠᠷᠭ᠎ᠠ ᠳᠤ ᠬᠡᠯᠡᠵᠦ ᠪᠠᠶᠢᠭ᠎ᠠ ᠨᠡᠶᠢᠲᠡ ᠳᠤ ᠬᠤᠤᠷᠳᠠᠭᠳᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠭᠡᠳᠡᠭ ᠨᠢ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠨᠢ ᠨᠡᠶᠢᠲᠡ ᠳᠤ ᠬᠤᠤᠷᠳᠠᠭᠳᠠᠯ | ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠲᠤ ᠨᠡᠶᠢᠴᠡᠵᠦ᠂ ᠦᠢᠯᠳᠪᠣᠷᠢᠯᠡᠬᠦ ᠶᠠᠪᠤᠴᠠ ᠨᠢ ᠡᠷᠬᠡᠪᠰᠢ ᠨᠡᠶᠢᠲᠡ ᠳᠤ ᠬᠤᠤᠷᠳᠠᠭᠳᠠᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠣᠯᠤᠨ ᠵᠢᠷᠤᠮᠵᠢᠯ ᠳᠤ ᠨᠡᠶᠢᠴᠡᠵᠦ᠂ | ᠬᠤᠤᠷᠲᠠᠶ ᠮᠠᠯ ᠤᠨ ᠠᠰᠢᠭ ᠰᠢᠮ᠎ᠡ ᠶᠢᠨ ᠦᠢᠯᠡᠳᠦᠭᠳᠡᠯ ᠤᠨ ᠬᠡᠮᠵᠢᠶ᠎ᠡ ᠶᠢ ᠶᠠᠰᠤ ᠴᠢᠨᠠᠷ ᠤᠨ ᠠᠶᠤᠯ ᠦᠭᠡᠢ ᠶᠢᠨ | ᠵᠥᠪᠰᠢᠶᠡᠷᠡᠬᠦ ᠬᠡᠪᠴᠢᠶᠡᠨ ᠳᠤ ᠬᠢᠵᠠᠭᠠᠷᠯᠠᠵᠤ᠂ ᠶᠠᠰᠤ ᠴᠢᠨᠠᠷ ᠤᠨ ᠠᠶᠤᠯ ᠦᠭᠡᠢ ᠶᠢᠨ ᠭᠦᠢᠴᠳᠭᠡᠬᠦ ᠲᠤᠭ᠎ᠠ ᠨᠢ ︽ | ᠨᠡᠶᠢᠲᠡ ᠳᠤ ᠬᠤᠤᠷᠳᠠᠭᠳᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ︾ ᠳᠤ ᠨᠡᠶᠢᠴᠡᠬᠦ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ︵ᠢᠳᠡᠭᠡᠨ ᠤ ᠲᠥᠷᠥᠯ᠂ ᠨᠠᠷᠢᠯᠢᠭ ᠪᠣᠯᠪᠠᠰᠤᠷᠠᠭᠤᠯᠤᠭᠰᠠᠨ | ᠢᠳᠡᠭᠡᠨ ᠪᠠᠭᠲᠠᠬᠤ ᠦᠭᠡᠢ︶ ᠶᠢ ᠲᠤᠰᠬᠠᠶ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠷ ᠰᠢᠯᠭᠠᠨ ᠪᠠᠶᠢᠴᠠᠭᠠᠯᠭᠠᠭᠠᠳ᠂ | ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠣᠯᠤᠨ ᠵᠢᠷᠤᠮᠵᠢᠯ ᠳᠤ ᠨᠡᠶᠢᠴᠡᠭᠦᠯᠬᠦ ᠶᠢᠨ ᠬᠠᠮᠲᠤ ᠤᠯᠤᠰ ᠤᠨ ᠲᠠᠷᠢᠶᠠᠯᠠᠩ ᠤᠨ | ᠶᠠᠮᠤᠨ ᠤ ᠬᠢᠨᠠᠨ ᠵᠥᠪᠰᠢᠶᠡᠷᠡᠵᠦ ᠭᠡᠷᠡᠴᠢᠯᠡᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ᠃ | ᠲᠣᠰ ᠠᠷᠭ᠎ᠠ ᠳᠤ ᠬᠡᠯᠡᠵᠦ ᠪᠠᠶᠢᠭ᠎ᠠ ᠪᠣᠬᠢᠷᠲᠤᠯ ᠦᠭᠡᠢ ᠲᠠᠷᠢᠶᠠᠯᠠᠩ ᠮᠠᠯ ᠤᠨ ᠪᠦᠲᠦᠭᠡᠭᠳᠡᠬᠦᠨ ᠭᠡᠳᠡᠭ ᠨᠢ | ᠪᠣᠬᠢᠷᠲᠤᠯ ᠦᠭᠡᠢ ᠠᠮᠢ ᠠᠬᠤᠢ ᠶᠢᠨ ᠣᠷᠴᠢᠨ ᠲᠣᠭᠤᠷᠢᠨ ᠳᠤ ᠲᠠᠷᠢᠵᠤ ᠲᠡᠵᠢᠭᠡᠬᠦ ᠤᠷᠭᠤᠮᠠᠯ ᠵᠢᠴᠢ ᠪᠦᠬᠦ | ᠶᠠᠪᠤᠴᠠ ᠳᠤ ᠪᠠᠷᠢᠮᠵᠢᠶᠠᠵᠢᠭᠤᠯᠤᠨ ᠦᠢᠯᠡᠳᠪᠣᠷᠢᠯᠡᠬᠦ ᠪᠤᠶᠤ ᠡᠳ᠋ᠰᠢᠭᠦᠯᠬᠦ ᠶᠢ ᠬᠡᠷᠡᠭᠵᠢᠭᠦᠯᠦᠭᠰᠡᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠴᠢᠩᠭ᠎ᠠ ᠬᠢᠵᠠᠭᠠᠷᠯᠠᠵᠤ᠂ ᠲᠡᠭᠦᠨ ᠢ ᠤᠯᠤᠰ ᠤᠨ ᠦᠢᠯᠡᠳᠪᠣᠷᠢᠯᠡᠯ ᠤᠨ | ᠪᠠᠷᠢᠮᠵᠢᠶ᠎ᠠ ᠪᠣᠯᠤᠨ ᠵᠢᠷᠤᠮᠵᠢᠯ ᠳᠤ ᠨᠡᠶᠢᠴᠡᠭᠦᠯᠵᠦ᠂ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ | ᠪᠠᠶᠢᠭᠤᠯᠤᠮᠵᠢ ᠪᠠᠷ ᠰᠢᠯᠭᠠᠨ ᠪᠠᠶᠢᠴᠠᠭᠠᠯᠭᠠᠭᠠᠳ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠣᠯᠤᠨ ᠵᠢᠷᠤᠮᠵᠢᠯ ᠳᠤ | ᠨᠡᠶᠢᠴᠡᠭᠦᠯᠬᠦ ᠶᠢᠨ ᠬᠠᠮᠲᠤ ᠳᠡᠭᠡᠭᠰᠢ ᠤᠯᠤᠰ ᠤᠨ ᠲᠠᠷᠢᠶᠠᠯᠠᠩ ᠤᠨ ᠶᠠᠮᠤᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ | ᠭᠡᠷᠡᠴᠢᠯᠡᠭᠦᠯᠦᠭᠰᠡᠨ ᠢᠳᠡᠭᠡᠨ ᠢ ᠵᠢᠭᠠᠵᠤ ᠪᠣᠢ᠃ ᠪᠣᠬᠢᠷᠲᠤᠯ ᠦᠭᠡᠢ ᠢᠳᠡᠭᠡᠨ ᠤ ᠪᠠᠷᠢᠮᠵᠢᠶ᠎ᠠ ᠪᠣᠯ ᠲᠠᠷᠢᠶᠠᠯᠠᠩ ᠤᠨ | ᠶᠠᠮᠤᠨ ᠠᠴᠠ ᠨᠡᠶᠢᠲᠡᠯᠡᠭᠰᠡᠨ ᠲᠠᠨᠢᠯᠴᠠᠭᠤᠯᠭ᠎ᠠ ᠶᠢᠨ ᠴᠢᠨᠠᠷᠲᠠᠶ ᠲᠠᠷᠢᠶᠠᠯᠠᠩ ᠤᠨ ᠠᠵᠢᠯ ᠲᠥᠷᠥᠯ ᠤᠨ ᠪᠠᠷᠢᠮᠵᠢᠶ᠎ᠠ ︵N | Y / T︶ ᠮᠥᠨ᠂ ᠲᠡᠷᠡ ᠨᠢ ᠦᠢᠯᠡᠳᠪᠣᠷᠢᠯᠡᠯ ᠤᠨ ᠠᠵᠤ ᠠᠬᠤᠶᠢᠯᠠᠯ ᠤᠨ ᠡᠷᠬᠡᠪᠰᠢ ᠵᠢᠷᠤᠮᠯᠠᠨ ᠬᠡᠷᠡᠭᠵᠢᠭᠦᠯᠬᠦ | ᠪᠠᠷᠢᠮᠵᠢᠶ᠎ᠠ ᠮᠥᠨ᠃ | ᠲᠣᠰ ᠠᠷᠭ᠎ᠠ ᠳᠤ ᠬᠡᠯᠡᠵᠦ ᠪᠠᠶᠢᠭ᠎ᠠ ᠣᠷᠭᠠᠨᠢᠭ ᠢᠳᠡᠭᠡᠨ ᠭᠡᠳᠡᠭ ᠨᠢ ᠴᠤᠯᠤ ᠪᠠᠢᠭᠠᠯᠢᠯᠢᠭ᠂ ᠪᠣᠬᠢᠷᠲᠤᠯ ᠦᠭᠡᠢ᠂ | ᠠᠶᠤᠯ ᠦᠭᠡᠢ ᠰᠢᠮ᠎ᠡ ᠲᠡᠵᠢᠭᠡᠯ ᠲᠠᠢ ᠢᠳᠡᠭᠡᠨ ᠢ ᠵᠢᠭᠠᠵᠤ ᠪᠣᠢ᠂ ᠪᠠᠰᠠ ︽ᠠᠮᠢ ᠠᠬᠤᠢ ᠶᠢᠨ ᠢᠳᠡᠭᠡᠨ︾ ᠭᠡᠵᠦ | ᠪᠣᠯᠤᠨ᠎ᠠ᠃ ᠲᠡᠷᠡ ᠪᠣᠯ ᠣᠷᠭᠠᠨᠢᠭ ᠲᠠᠷᠢᠶᠠᠯᠠᠩ ᠤᠨ ᠵᠠᠷᠴᠢᠮ ᠪᠠ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠣᠷᠢᠯᠡᠯ ᠤᠨ ᠠᠷᠭ᠎ᠠ ᠮᠠᠶ᠋ᠢᠭ ᠵᠢᠴᠢ ᠪᠠᠷᠢᠮᠵᠢᠶ᠎ᠠ ᠶᠢ ᠦᠨᠳᠦᠰᠦᠯᠡᠨ ᠦᠢᠯᠡᠳᠪᠣᠷᠢᠯᠡᠵᠦ᠂ ᠪᠣᠯᠪᠠᠰᠤᠷᠠᠭᠤᠯᠵᠤ | ᠭᠠᠷᠭᠠᠭᠰᠠᠨ ᠶᠤᠮ᠂ ᠦᠢᠯᠡᠳᠪᠣᠷᠢᠯᠡᠯ ᠤᠨ ᠶᠠᠪᠤᠴᠠ ᠳᠤ ᠵᠣᠬᠢᠶᠠᠮᠠᠯ ᠨᠡᠶᠢᠯᠡᠯᠭᠡ ᠲᠠᠷᠢᠶᠠᠨ ᠡᠮ᠂ ᠬᠢᠮᠢ ᠶᠢᠨ ᠪᠣᠷᠳᠣᠭᠤᠷ᠂ | ᠬᠤᠯᠬᠤᠪᠴᠢ ᠵᠡᠷᠭᠡ ᠬᠤᠯᠢᠮ᠎ᠠ ᠶᠢ ᠬᠡᠷᠡᠭᠯᠡᠬᠦ ᠪᠠ ᠣᠷᠴᠢᠨ ᠲᠣᠭᠤᠷᠢᠨ ᠳᠤ ᠬᠤᠤᠷ ᠬᠥᠨᠥᠭᠡᠯ ᠦᠭᠡᠢ ᠠᠷᠭ᠎ᠠ | ᠮᠠᠶ᠋ᠢᠭ ᠢᠶᠠᠷ ᠦᠢᠯᠡᠳᠪᠣᠷᠢᠯᠡᠬᠦ ᠶᠢ ᠡᠷᠡᠰ ᠴᠠᠭᠠᠵᠠᠯᠠᠬᠤ ᠪᠥᠭᠡᠳ ᠣᠷᠭᠠᠨᠢᠭ ᠢᠳᠡᠭᠡᠨ ᠤ ᠭᠡᠷᠡᠴᠢᠯᠡᠯ ᠤᠨ | ᠪᠠᠶᠢᠭᠤᠯᠤᠮᠵᠢ ᠪᠠᠷ ᠭᠡᠷᠡᠴᠢᠯᠡᠭᠦᠯᠦᠭᠰᠡᠨ ᠦᠢᠯᠡᠳᠭᠦᠨ ᠪᠣᠯᠤᠨ᠎ᠠ᠃ | ᠲᠣᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ | ᠭᠡᠳᠡᠭ ᠨᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠨᠴᠠ ᠲᠣᠭᠲᠠᠭᠰᠠᠨ ᠭᠠᠵᠠᠷ | ᠣᠷᠣᠨ ᠠᠴᠠ ᠢᠷᠡᠯᠲᠡ ᠲᠠᠢ ᠪᠠᠶᠢᠬᠤ ᠶᠢ ᠭᠦᠢᠴᠡᠳᠭᠡᠯ ᠲᠤᠭ᠎ᠠ ᠪᠠᠷ ᠬᠠᠷᠠᠭᠤᠯᠵᠤ᠂ ᠪᠦᠲᠦᠭᠡᠭᠳᠡᠬᠦᠨ ᠤ ᠶᠠᠰᠤ ᠴᠢᠨᠠᠷ | ᠪᠣᠯᠤᠨ ᠬᠠᠮᠢᠶ᠎ᠠ ᠪᠦᠬᠦᠢ ᠣᠨᠴᠠᠯᠢᠭ ᠰᠢᠨᠵᠢ ᠨᠢ ᠭᠤᠤᠯᠳᠠᠭᠤ ᠲᠣᠰ ᠣᠨᠴᠠ ᠲᠣᠭᠲᠠᠭᠰᠠᠨ ᠭᠠᠵᠠᠷ ᠣᠷᠣᠨ ᠤ | ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ᠂ ᠲᠡᠤᠬᠡ ᠬᠥᠮᠦᠨ ᠨᠡᠶᠢᠭᠡᠮ ᠤᠨ ᠬᠦᠴᠦᠨ ᠵᠣᠶᠢᠯ ᠵᠢᠴᠢ | ᠣᠨᠴᠠ ᠲᠣᠭᠲᠠᠭᠰᠠᠨ ᠦᠢᠯᠡᠳᠪᠣᠷᠢᠯᠡᠯ ᠤᠨ ᠠᠷᠭ᠎ᠠ ᠮᠠᠶ᠋ᠢᠭ ᠢᠶᠠᠷ ᠰᠢᠢᠳᠪᠣᠷᠢᠯᠡᠭᠳᠡᠭᠦ ᠪᠥᠭᠡᠳ ᠭᠠᠵᠠᠷ ᠣᠷᠣᠨ ᠤ | ᠨᠡᠷᠡᠶᠢᠳᠦᠯ ᠢᠶᠠᠷ ᠨᠡᠷ᠎ᠡ ᠬᠠᠳᠠᠭᠰᠠᠨ ᠣᠨᠴᠠ ᠲᠣᠭᠲᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠪᠡᠯᠭᠡ ᠲᠡᠮᠳᠡᠭ | ᠪᠣᠯᠤᠨ᠎ᠠ᠃ | ᠬᠤᠶᠠᠳᠤᠭᠠᠷ ᠵᠦᠢᠯ᠂ ᠲᠣᠰ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠳᠠᠩᠰᠠᠯᠠᠨ ᠲᠡᠮᠳᠡᠭᠯᠡᠭᠰᠡᠨ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠬᠤ | ᠠᠵᠢᠯ ᠢ ᠡᠷᠬᠢᠯᠡᠵᠦ ᠪᠠᠶᠢᠭ᠎ᠠ ᠠᠵᠤ ᠠᠬᠤᠶᠢᠯᠠᠯ ᠤᠨ ᠨᠢᠭᠡᠴᠢ᠂ ᠬᠥᠳᠡᠭᠡ ᠲᠣᠰᠬᠤᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠢᠴᠢ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ | ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠲᠥᠪ ᠬᠦᠯᠢᠶᠡᠨ ᠠᠪᠴᠤ ᠰᠢᠢᠳᠪᠦᠷᠢᠯᠡᠭᠡᠳ᠂ ᠤᠯᠤᠰ ᠤᠨ ᠪᠣᠬᠢᠷᠲᠤᠯ ᠦᠭᠡᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠡᠷᠡᠴᠢᠯᠡᠯ ᠪᠤᠶᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠵᠠᠷ | ᠵᠦᠢ ᠶᠢᠨ ᠲᠡᠮᠳᠡᠭ ᠢ ᠳᠠᠩᠰᠠᠯᠠᠨ ᠬᠠᠮᠠᠭᠠᠯᠠᠬᠤ ᠪᠦᠲᠦᠭᠡᠭᠳᠡᠬᠦᠨ ᠢ ᠠᠩᠬ᠎ᠠ ᠤᠳᠠᠭ᠎ᠠ ᠣᠯᠤᠭᠰᠠᠨ ︵︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠭᠡᠵᠦ ᠲᠣᠪᠴᠢᠯᠠᠨ᠎ᠠ︶ ᠨᠢ ᠴᠥᠮ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ | ᠨᠥᠬᠦᠪᠥᠷᠢ ᠬᠦᠷᠲᠡᠬᠦ ᠪᠠᠷ ᠭᠤᠶᠤᠴᠢᠯᠠᠵᠤ ᠪᠣᠯᠤᠨ᠎ᠠ᠃ | ᠭᠤᠷᠪᠠᠳᠤᠭᠠᠷ ᠵᠣᠶᠢᠯ᠂ ᠬᠥᠬᠢᠭᠦᠯᠦᠨ ᠱᠠᠩᠨᠠᠬᠤ ᠨᠥᠬᠦᠪᠥᠷᠢ ᠶᠢᠨ ᠪᠠᠷᠢᠮᠵᠢᠶ᠎ᠠ ᠬᠢᠭᠡᠳ ᠪᠡᠯᠡ ᠮᠥᠩᠭᠦ ᠶᠢᠨ | ᠢᠷᠡᠯᠲᠡ᠄ ᠭᠤᠤᠯᠯᠠᠬᠤ ᠠᠵᠤ ᠦᠢᠯᠡᠰ ᠢ ᠳᠣᠪᠤᠶᠢᠯᠭᠠᠵᠤ᠂ ᠵᠣᠬᠢᠬᠤ ᠬᠡᠮᠵᠢᠶᠡᠨ ᠤ ᠭᠡᠷᠡᠴᠢᠯᠡᠯ ᠤᠨ ᠬᠡᠪᠴᠢᠶ᠎ᠡ ᠲᠠᠢ | ᠮᠥᠷᠲᠡᠭᠡᠨ ᠠᠵᠤ ᠠᠬᠤᠶᠢᠯᠠᠯ ᠪᠣᠯᠤᠨ ᠭᠡᠷᠡᠴᠢᠯᠡᠯ ᠤᠨ ᠦᠢᠯᠡᠳᠭᠦᠨ ᠨᠢ ᠵᠣᠬᠢᠬᠤ ᠠᠯᠳᠠᠷᠰᠢᠯ ᠲᠠᠢ ᠪᠠᠶᠢᠵᠤ᠂ ᠤᠯᠤᠰ | ᠤᠨ ᠳᠣᠲᠣᠭᠠᠳᠤ ᠪᠤᠶᠤ ᠣᠯᠠᠨ ᠤᠯᠤᠰ ᠤᠨ ᠠᠵᠢᠯᠯᠠᠭᠠᠨ ᠤ ᠱᠠᠩᠨᠠᠯ ᠤᠨ ᠵᠣᠶᠢᠯ ᠢ ᠣᠯᠵᠤ᠂ ᠲᠤᠬᠠᠶ ᠶᠢᠨ | ᠭᠠᠵᠠᠷ ᠤᠨ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠡ ᠬᠤᠪᠢ ᠨᠡᠮᠡᠷᠢ ᠦᠵᠡᠭᠦᠯᠦᠭᠰᠡᠨ ᠪᠠᠶᠢᠪᠡᠯ᠂ | ᠭᠡᠷᠡᠴᠢᠯᠡᠯ ᠤᠨ ᠦᠢᠯᠡᠳᠭᠦᠨ ᠤ ᠠᠳᠠᠯᠢ ᠪᠤᠰᠤ ᠲᠥᠷᠥᠯ ᠢᠯᠭᠠᠯ ᠤᠨ ᠶᠣᠰᠣᠭᠠᠷ᠂ ᠲᠣᠰ ᠲᠣᠰ 1 — 8 ᠲᠦᠮᠡᠨ | ᠲᠥᠭᠦᠷᠢᠭ ᠤᠨ ᠵᠣᠭᠤᠰ ᠤᠨ ᠲᠤᠭ᠎ᠠ ᠨᠢ ᠠᠳᠠᠯᠢ ᠪᠤᠰᠤ ᠱᠠᠩᠨᠠᠯ ᠨᠥᠬᠦᠪᠥᠷᠢ ᠣᠯᠭᠤᠨ᠎ᠠ᠃ | ︵ᠨᠢᠭᠡ︶ ᠤᠯᠤᠰ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠭᠡᠷᠡᠴᠢᠯᠡᠯ ᠢ ᠣᠯᠤᠭᠰᠠᠨ ᠪᠠᠶᠢᠪᠡᠯ᠂ ᠭᠡᠷᠡᠴᠢᠯᠡᠬᠦ ᠭᠤᠤᠯ ᠴᠣᠭᠴᠠ ᠨᠢᠭᠡᠪᠦᠷᠢ ᠶᠢᠨ ᠨᠢᠭᠡ ᠤᠳᠠᠭ᠎ᠠ ᠶᠢᠨ ᠴᠢᠨᠠᠷᠲᠠᠶ | ᠱᠠᠩᠨᠠᠯ ᠤᠨ ᠵᠣᠭᠤᠰ ᠤᠨ ᠲᠤᠭ᠎ᠠ ᠨᠢ 1 ᠲᠦᠮᠡᠨ ᠲᠥᠭᠦᠷᠢᠭ ᠪᠣᠯᠤᠨ᠎ᠠ᠃ | ︵ᠬᠤᠶᠠᠷ︶ ᠤᠯᠤᠰ ᠤᠨ ᠭᠡᠷᠡᠴᠢᠯᠡᠬᠦ ᠪᠤᠶᠤ ᠦᠢᠯᠡᠳᠪᠣᠷᠢᠯᠡᠬᠦ ᠬᠡᠷᠡᠭᠰᠡᠯ ᠤᠨ ᠭᠡᠷᠡᠴᠢᠯᠡᠯ ᠢ ᠣᠯᠤᠭᠰᠠᠨ ᠪᠠᠶᠢᠪᠡᠯ | ᠂ ᠭᠡᠷᠡᠴᠢᠯᠡᠬᠦ ᠭᠤᠤᠯ ᠴᠣᠭᠴᠠ ᠨᠢᠭᠡᠪᠦᠷᠢ ᠶᠢᠨ ᠨᠢᠭᠡ ᠤᠳᠠᠭ᠎ᠠ ᠶᠢᠨ ᠴᠢᠨᠠᠷᠲᠠᠶ ᠱᠠᠩᠨᠠᠬᠤ ᠵᠣᠭᠤᠰ ᠤᠨ ᠲᠤᠭ᠎ᠠ ᠨᠢ 2 | ᠲᠦᠮᠡᠨ ᠲᠥᠭᠦᠷᠢᠭ ᠪᠠᠶᠢᠬᠤ ᠬᠡᠷᠡᠭᠲᠡᠶ᠃ | ︵ᠭᠤᠷᠪᠠ︶ ᠤᠯᠤᠰ ᠤᠨ ᠣᠷᠭᠠᠨᠢᠭ ᠢᠳᠡᠭᠡᠨ ᠤ ᠵᠣᠶᠢᠯ ᠤᠨ ᠭᠡᠷᠡᠴᠢᠯᠡᠯ ᠢ ᠣᠯᠤᠭᠰᠠᠨ ᠪᠡᠶᠢᠪᠡᠯ᠂ ᠭᠡᠷᠡᠴᠢᠯᠡᠬᠦ | ᠭᠤᠤᠯ ᠴᠣᠭᠴᠠ ᠨᠢᠭᠡᠪᠦᠷᠢ ᠶᠢᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠵᠣᠭᠤᠰ ᠤᠨ ᠲᠤᠭ᠎ᠠ ᠨᠢ 4 ᠲᠦᠮᠡᠨ | ᠲᠥᠭᠦᠷᠢᠭ ᠪᠣᠯᠤᠨ᠎ᠠ᠃ | ︵ᠲᠦᠷᠪᠡ︶ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ ᠢ | ᠳᠠᠩᠰᠠᠯᠠᠵᠤ ᠬᠠᠮᠠᠭᠠᠯᠠᠬᠤ ᠦᠢᠯᠡᠳᠭᠦᠨ ᠢ ᠣᠯᠤᠭᠰᠠᠨ ᠪᠠᠶᠢᠪᠡᠯ᠂ ᠭᠡᠷᠡᠴᠢᠯᠡᠬᠦ ᠪᠡᠶᠡᠴᠢ ᠴᠣᠭᠴᠠ ᠨᠢᠭᠡᠪᠦᠷᠢ ᠠᠴᠠ ᠨᠢᠭᠡ | ᠯᠡ ᠤᠳᠠᠭ᠎ᠠ ᠳᠤ 8 ᠲᠦᠮᠡᠨ ᠲᠥᠭᠦᠷᠢᠭ ᠢᠶᠠᠷ ᠱᠠᠩᠨᠠᠨ᠎ᠠ᠃ | ︵ᠲᠠᠪᠤ︶ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠲᠡᠮᠳᠡᠭ | ᠳᠠᠩᠰᠠᠯᠠᠭᠤᠯᠤᠭᠰᠠᠨ ᠦᠨᠡᠮᠯᠡᠯ ᠢ ᠣᠯᠤᠭᠰᠠᠨ ᠪᠠᠶᠢᠪᠡᠯ᠂ ᠭᠡᠷᠡᠴᠢᠯᠡᠬᠦ ᠭᠤᠤᠯ ᠴᠣᠭᠴᠠ ᠨᠢᠭᠡᠪᠦᠷᠢ ᠶᠢᠨ ᠨᠢᠭᠡ | ᠤᠳᠠᠭ᠎ᠠ ᠶᠢᠨ ᠴᠢᠨᠠᠷᠲᠠᠶ ᠱᠠᠩᠨᠠᠯ ᠤᠨ ᠵᠣᠭᠤᠰ ᠤᠨ ᠲᠤᠭ᠎ᠠ ᠨᠢ 2 ᠲᠦᠮᠡᠨ ᠲᠥᠭᠦᠷᠢᠭ ᠪᠣᠯᠤᠨ᠎ᠠ᠃ | ︵ᠵᠢᠷᠭᠤᠭ᠎ᠠ︶ ᠣᠯᠠᠨ ᠤᠯᠤᠰ ︵ᠪᠤᠶᠤ︶ ᠤᠨ ᠳᠤᠮᠳᠠᠳᠤ ᠤᠯᠤᠰ ᠤᠨ ᠮᠥᠩᠭᠦᠨ ᠭᠦᠢᠯᠭᠡᠭᠡᠨ ᠤ | ᠦᠵᠡᠰᠬᠦᠯᠡᠩ ᠤᠨ ᠠᠯᠲᠠᠨ ᠱᠠᠩᠨᠠᠯ ᠣᠯᠤᠭᠰᠠᠨ ᠪᠣᠯ ᠭᠡᠷᠡᠴᠢᠯᠡᠭᠡ ᠬᠢᠬᠦ ᠭᠤᠣᠯ ᠴᠣᠭᠴᠠ ᠨᠢᠭᠡᠪᠦᠷᠢ ᠶᠢᠨ ᠨᠢᠭᠡ | ᠤᠳᠠᠭ᠎ᠠ ᠶᠢᠨ ᠴᠢᠨᠠᠷᠲᠠᠢ ᠱᠠᠩᠨᠠᠬᠤ ᠵᠣᠭᠤᠰ ᠤᠨ ᠲᠤᠭ᠎ᠠ ᠨᠢ 2 ᠲᠦᠮᠡᠨ ᠲᠥᠭᠦᠷᠢᠭ ᠮᠥᠩᠭᠦᠨ ᠱᠠᠩᠨᠠᠯ ᠣᠯᠤᠭᠰᠠᠳ᠂ | ᠭᠡᠷᠡᠴᠢᠯᠡᠬᠦ ᠭᠤᠤᠯ ᠴᠣᠭᠴᠠ ᠨᠢᠭᠡᠪᠦᠷᠢ ᠶᠢᠨ ᠨᠢᠭᠡ ᠤᠳᠠᠭ᠎ᠠ ᠶᠢᠨ ᠴᠢᠨᠠᠷᠲᠠᠶ ᠱᠠᠩᠨᠠᠬᠤ ᠵᠣᠭᠤᠰ ᠤᠨ ᠲᠤᠭ᠎ᠠ ᠨᠢ 1 | ᠲᠦᠮᠡᠨ ᠲᠥᠭᠦᠷᠢᠭ ᠪᠣᠯᠤᠨ᠎ᠠ᠃ | ᠳᠥᠷᠪᠡᠳᠦᠭᠡᠷ ᠵᠣᠶᠢᠯ᠂ ᠬᠥᠬᠢᠭᠦᠯᠦᠨ ᠱᠠᠩᠨᠠᠬᠤ ᠬᠠᠮᠢᠶ᠎ᠠ ᠪᠦᠬᠦᠢ ᠳᠦᠷᠢᠮ᠄ | ︵ᠨᠢᠭᠡ︶ ᠠᠳᠠᠯᠢ ᠨᠢᠭᠡ ᠨᠢᠭᠡᠴᠢ ᠳᠤ ᠨᠢᠭᠡ ᠵᠢᠯ ᠤᠨ ᠳᠣᠲᠣᠷ᠎ᠠ ᠠᠳᠠᠯᠢ ᠨᠢᠭᠡ ᠦᠢᠯᠡᠳᠭᠦᠨ ᠨᠢ ᠬᠤᠶᠠᠷ | ᠵᠣᠶᠢᠯ ᠪᠤᠶᠤ ᠬᠤᠶᠠᠷ ᠠᠴᠠ ᠳᠡᠭᠡᠭᠰᠢ ᠵᠣᠶᠢᠯ ᠤᠨ ᠭᠡᠷᠡᠴᠢᠯᠡᠯ ᠣᠯᠤᠭᠰᠠᠨ ᠪᠠᠶᠢᠪᠡᠯ᠂ ᠲᠡᠭᠦᠨ ᠤ ᠳᠣᠲᠣᠷᠠᠬᠢ ᠱᠠᠩᠨᠠᠯ | ᠬᠥᠬᠢᠭᠦᠯᠦᠯ ᠤᠨ ᠬᠠᠮᠤᠭ ᠤᠨ ᠥᠨᠳᠥᠷ ᠪᠠᠷᠢᠮᠵᠢᠶ᠎ᠠ ᠶᠣᠰᠣᠭᠠᠷ ᠱᠠᠩᠨᠠᠨ᠎ᠠ᠃ | ︵ᠬᠤᠶᠠᠷ︶ ᠲᠤᠬᠠᠶ ᠶᠢᠨ ᠵᠢᠯ ᠳᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠭᠡᠷᠡᠴᠢᠯᠡᠯ ᠢ ᠬᠦᠷᠲᠡᠵᠦ᠂ ᠨᠢᠭᠡᠨᠲᠡ ᠱᠠᠩᠨᠠᠯ ᠨᠥᠬᠦᠪᠥᠷᠢ ᠶᠢ ᠬᠦᠷᠲᠡᠵᠦ | ᠥᠩᠭᠡᠷᠡᠵᠡᠶ᠂ ᠬᠤᠶᠢᠰᠢᠳᠠ ᠶᠢᠨ ᠤᠨ ᠠᠳᠠᠯᠢ ᠨᠢᠭᠡ ᠭᠡᠷᠡᠴᠢᠯᠡᠭᠡ ᠶᠢᠨ ᠭᠤᠤᠯ ᠴᠣᠭᠴᠠ ᠶᠢᠨ ᠠᠳᠠᠯᠢ ᠨᠢᠭᠡ | ᠦᠢᠯᠡᠳᠭᠦᠨ ᠳᠤ ᠳᠠᠬᠢᠨᠲᠠ ᠱᠠᠩᠨᠠᠯ ᠬᠥᠬᠢᠭᠦᠯᠦᠯ ᠤᠨ ᠪᠠᠷᠢᠮᠵᠢᠶ᠎ᠠ ᠶᠢᠨ ᠭᠡᠷᠡᠴᠢᠯᠡᠯ ᠢ ᠣᠯᠵᠤ᠂ ᠱᠠᠩᠨᠠᠯ ᠨᠥᠬᠦᠪᠥᠷᠢ ᠶᠢ | ᠳᠠᠬᠢᠨᠲᠠ ᠭᠤᠶᠤᠴᠢᠯᠠᠭᠰᠠᠨ ᠪᠠᠶᠢᠪᠡᠯ᠂ ᠭᠡᠷᠡᠴᠢᠯᠡᠯ ᠤᠨ ᠲᠥᠷᠥᠯ ᠢᠯᠭᠠᠯ ᠢᠶᠠᠷ ᠱᠠᠩᠨᠠᠬᠤ ᠪᠠᠷᠢᠮᠵᠢᠶ᠎ᠠ ᠬᠢᠭᠡᠳ ᠳᠡᠭᠡᠷ᠎ᠡ | ᠤᠳᠠᠭᠠᠨ ᠤ ᠱᠠᠩᠨᠠᠯ ᠤᠨ ᠪᠠᠷᠢᠮᠵᠢᠶ᠎ᠠ ᠶᠢᠨ ᠵᠥᠷᠢᠶᠡᠲᠦ ᠲᠤᠭ᠎ᠠ ᠪᠠᠷ ᠱᠠᠩᠨᠠᠬᠤ ᠵᠣᠭᠤᠰ ᠤᠨ ᠲᠤᠭ᠎ᠠ ᠶᠢ ᠲᠣᠭᠲᠠᠭᠠᠨ᠎ᠠ᠃ | | ᠲᠠᠪᠤᠳᠤᠭᠠᠷ ᠵᠣᠶᠢᠯ᠂ ᠱᠠᠩᠨᠠᠯ ᠤᠨ ᠪᠠᠯᠠ ᠮᠥᠩᠭᠦ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ | ᠳᠣᠤᠷᠠᠬᠢ ᠮᠡᠲᠦ᠄ | ︵ᠨᠢᠭᠡ︶ ᠲᠤᠰ ᠠᠷᠭ᠎ᠠ ᠳᠤ ᠲᠣᠭᠲᠠᠭᠠᠭᠰᠠᠨ ᠱᠠᠩᠨᠠᠬᠤ ᠨᠥᠬᠦᠴᠡᠯ ᠳᠤ ᠨᠡᠶᠢᠴᠡᠭᠰᠡᠨ ᠪᠠᠶᠢᠪᠡᠯ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠣᠷᠢᠯᠡᠬᠦ᠂ ᠪᠣᠯᠪᠠᠰᠤᠷᠠᠭᠤᠯᠬᠤ ᠠᠵᠢᠯ ᠢ ᠡᠷᠬᠢᠯᠡᠵᠦ ᠪᠠᠶᠢᠭ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠥᠳᠡᠭᠡ ᠲᠣᠰᠬᠤᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠵᠢᠴᠢ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠮᠡᠳᠡᠭᠦᠯᠦᠨ᠎ᠡ᠃ | ᠭᠤᠶᠤᠴᠢᠯᠠᠭᠰᠠᠨ ᠨᠢᠭᠡᠴᠡ ᠨᠢ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠡᠷᠡᠴᠢᠯᠡᠯ ᠤᠨ ᠱᠠᠩᠨᠠᠯ | ᠨᠥᠬᠦᠪᠥᠷᠢ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠲᠤᠬᠠᠶ ᠶᠢᠨ ᠵᠢᠯ ᠤᠨ ᠣᠯᠤᠭᠰᠠᠨ | ᠭᠡᠷᠡᠴᠢᠯᠡᠯ ᠤᠨ ᠦᠨᠡᠮᠯᠡᠯ ᠤᠨ ᠤᠭ ᠮᠠᠲ᠋ᠧᠷᠢᠶᠠᠯ ᠵᠢᠴᠢ ᠡᠵᠡᠩᠨᠡᠯᠲᠡ ᠶᠢᠨ ᠦᠨᠡᠮᠯᠡᠯ ᠪᠤᠶᠤ ᠨᠡᠶᠢᠭᠡᠮ ᠤᠨ ᠪᠦᠯᠬᠦᠮ ᠤᠨ | ᠳᠠᠩᠰᠠᠯᠠᠭᠤᠯᠤᠭᠰᠠᠨ ᠦᠨᠡᠮᠯᠡᠯ ︵ᠬᠠᠭᠤᠯᠪᠤᠷᠢ ᠳᠡᠪᠲᠡᠷ︶ ᠵᠢᠴᠢ ᠳᠠᠷᠤᠮᠠᠯᠯᠠᠭᠰᠠᠨ ᠦᠨᠡᠮᠯᠡᠯ ᠲᠠᠢ ᠬᠠᠮᠲᠤ᠂ ᠲᠤᠰ | ᠵᠢᠯ ᠤᠨ 11 ᠰᠠᠷ᠎ᠠ ᠶᠢᠨ 1 ᠤ ᠡᠳᠦᠷ ᠠᠴᠠ ᠡᠮᠦᠨ᠎ᠡ᠂ ᠬᠠᠷᠢᠶ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠨ᠎ᠠ᠃ | ︵ᠬᠤᠶᠠᠷ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ 20 ᠠᠵᠢᠯᠯᠠᠬᠤ ᠡᠳᠦᠷ ᠤᠨ ᠳᠣᠲᠣᠷ᠎ᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠢᠨ | ᠬᠠᠮᠲᠤ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ᠂ ᠬᠢᠨᠠᠨ ᠬᠠᠷᠭᠤᠭᠤᠯᠤᠭᠠᠳ ᠲᠤᠰ ᠰᠠᠯᠠᠭ᠎ᠠ ᠮᠥᠴᠢᠷ ᠤᠨ | ᠭᠤᠤᠯ ᠤᠳᠤᠷᠢᠳᠤᠯᠭ᠎ᠠ ᠭᠠᠷ ᠤᠨ ᠦᠰᠦᠭ ᠵᠢᠷᠤᠵᠤ ᠨᠤᠲᠠᠯᠠᠬᠤ ᠶᠢᠨ ᠬᠠᠮᠲᠤ ᠠᠯᠪᠠᠨ ᠲᠠᠮᠠᠭ᠎ᠠ ᠳᠠᠷᠤᠭᠰᠠᠨ ᠤ | ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰᠢᠶᠠᠵᠤ᠂ ᠬᠤᠰᠢᠭᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠪᠠᠯᠠ ᠮᠥᠩᠭᠦ ᠶᠢ ᠰᠠᠯᠭᠠᠨ ᠥᠭᠭᠦᠨ᠎ᠡ᠃ | ᠵᠢᠷᠭᠤᠳᠤᠭᠠᠷ ᠵᠣᠶᠢᠯ᠂ ᠠᠶᠤᠯ ᠦᠭᠡᠢ ᠶᠢᠨ ᠨᠢᠭᠡᠴᠡ ᠨᠦᠭᠦᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢ ᠴᠢᠩᠭ᠎ᠠ ᠪᠠᠲᠤᠯᠠᠵᠤ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠪᠣᠯᠤᠨ ᠲᠥᠷᠥᠯ ᠲᠡᠮᠳᠡᠭ ᠤᠨ ᠳᠦᠷᠢ ᠲᠥᠷᠬᠦ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠲᠣᠰ ᠨᠢᠭᠡᠴᠡ ᠪᠣᠯᠤᠨ ᠠᠵᠤ ᠠᠬᠤᠶᠢᠯᠠᠯ ᠤᠨ ᠦᠢᠯᠡᠳᠭᠦᠨ ᠤ ᠠᠯᠳᠠᠷᠰᠢᠯ ᠢ ᠴᠢᠷᠮᠠᠶᠢᠨ | ᠳᠡᠭᠡᠭᠰᠢᠯᠡᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠤᠶᠤ ᠲᠣᠭᠲᠠᠭᠠᠯ ᠢ | ᠤᠬᠠᠮᠰᠠᠷ ᠠᠴᠠ ᠪᠠᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠬᠠᠮᠵᠢᠯᠴᠠᠬᠤ ᠬᠡᠷᠡᠭᠲᠡᠶ᠃ | ᠳᠣᠯᠣᠳᠤᠭᠠᠷ ᠵᠣᠶᠢᠯ᠂ ᠭᠡᠷᠡᠴᠢᠯᠡᠯ ᠤᠨ ᠬᠦᠴᠦᠨ ᠲᠠᠢ ᠬᠤᠭᠤᠴᠠᠭᠠᠨ ᠳᠤ ᠭᠡᠷᠡᠴᠢᠯᠡᠯ ᠤᠨ ᠦᠢᠯᠡᠳᠭᠦᠨ ᠤ | ᠶᠠᠰᠤ ᠴᠢᠨᠠᠷ ᠤᠨ ᠠᠶᠤᠯ ᠦᠭᠡᠢ ᠶᠢᠨ ᠠᠰᠠᠭᠤᠳᠠᠯ ᠪᠤᠶᠤ ᠪᠤᠰᠤᠳ ᠰᠢᠯᠲᠠᠭᠠᠨ ᠠᠴᠠ ᠪᠣᠯᠵᠤ ᠭᠡᠷᠡᠴᠢᠯᠡᠬᠦ ᠪᠠᠨ | ᠬᠦᠴᠦᠨ ᠦᠭᠡᠢ ᠪᠣᠯᠭᠠᠭᠳᠠᠭᠰᠠᠨ ᠪᠣᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠵᠣᠬᠢᠬᠤ ᠰᠢᠢᠳᠭᠡᠯ | ᠣᠯᠭᠤᠬᠤ ᠶᠢᠨ ᠬᠠᠮᠲᠤ ᠦᠢᠯᠡ ᠪᠠᠶᠢᠳᠡᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠵᠣᠬᠢᠬᠤ ᠬᠡᠪᠴᠢᠶᠡᠨ | ᠳᠣᠲᠣᠷ᠎ᠠ ᠨᠡᠪᠲᠡᠷᠡᠭᠦᠯᠦᠨ ᠰᠢᠭᠦᠮᠵᠢᠯᠡᠵᠦ᠂ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠪᠣᠯ ᠬᠠᠤᠯᠢ ᠴᠠᠭᠠᠵᠠ ᠶᠢᠨ | ᠪᠠᠶᠢᠭᠤᠯᠣᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠣᠷᠢᠯᠡᠭᠦᠯᠬᠦ ᠬᠡᠷᠡᠭᠲᠡᠶ᠃ | ᠨᠠᠢᠮᠠᠳᠣᠭᠠᠷ ᠵᠣᠶᠢᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠨᠠᠷᠢᠯᠢᠭᠵᠢᠭᠤᠯᠤᠨ᠂ ᠱᠠᠩᠨᠠᠯ ᠨᠥᠬᠦᠪᠥᠷᠢ ᠶᠢ ᠢᠯᠡ ᠲᠣᠳᠣ᠂ ᠡᠷᠬᠡ ᠲᠡᠭᠰᠢ᠂ | ᠲᠥᠪ ᠭᠤᠤᠯᠴᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ | ᠮᠥᠩᠭᠦ᠋ᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠶᠢᠰᠦᠳᠦᠭᠡᠷ ᠵᠣᠶᠢᠯ᠂ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠳᠠᠭᠠᠯᠳᠤᠭᠤᠯᠤᠯ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠡᠷᠡᠴᠢᠯᠡᠵᠦ ᠱᠠᠩᠨᠠᠬᠤ ᠨᠥᠬᠦᠪᠥᠷᠢ | ᠥᠭᠬᠦ ᠭᠤᠶᠤᠴᠢᠯᠠᠯ ᠤᠨ ᠬᠦᠰᠦᠨᠦᠭᠲᠦ |