︽ᠰᠡᠳᠬᠢᠯ ᠲᠣᠭᠲᠠᠭᠤᠨ︾ ᠠᠭᠤᠯᠠ ᠤᠰᠤ ᠬᠠᠰ ᠪᠣᠯᠵᠤ ︽ᠲᠣᠭᠲᠠᠯ ᠬᠦᠴᠦᠨ︾ | ᠬᠥᠷᠥᠰᠥ ᠰᠢᠷᠣᠶ ᠶᠢᠨ ᠬᠤᠪᠢᠷᠠᠯᠲᠠᠲᠤ ᠠᠯᠲᠠ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠺᠠᠳ᠋ᠷ᠂ ᠹᠧᠩ ᠢᠦᠶ | ᠲᠣᠰᠬᠤᠨ ᠤ ᠲᠣᠰᠬᠤᠨ ᠳᠤ ᠰᠠᠭᠤᠭ᠎ᠠ ᠠᠩᠭᠢ ᠶᠢᠨ ᠳᠠᠷᠤᠭ᠎ᠠ ᠪᠥᠭᠡᠳ ᠨᠢᠭᠡᠳᠦᠭᠡᠷ ᠱᠦᠵᠢ ᠸᠠᠩ ᠵᠢᠶᠧ | ᠲᠤᠶᠢᠮᠤ ᠪᠠᠶᠢᠳᠠᠯ | ︽7 · 1︾ ᠤ ᠨᠠᠮ ᠪᠠᠢᠭᠤᠯᠤᠭᠳᠠᠭᠰᠠᠨ ᠪᠠᠶᠠᠷ ᠠᠴᠠ ᠡᠮᠦᠨᠡᠬᠡᠨ᠂ ᠹᠧᠩ ᠢᠦᠶ ᠲᠣᠰᠬᠤᠨ ᠤ ᠬᠢᠨ | ᠤᠯᠤᠰ ᠠᠴᠠ ᠶᠠᠳᠠᠭᠤ ᠠᠴᠠ ᠠᠩᠭᠢᠵᠢᠷᠠᠭᠤᠯᠬᠤ ᠰᠢᠯᠭᠠᠨ ᠠᠪᠬᠤ ᠠᠵᠢᠯ ᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ ᠬᠤᠢᠲᠤ ᠬᠤᠰᠢᠭᠤᠨ ᠤ ᠡᠳ᠋ ᠤᠨ | ᠵᠠᠰᠠᠭ ᠤᠨ ᠲᠣᠪᠴᠢᠶᠠᠨ ᠤ ᠺᠠᠳ᠋ᠷ᠂ ᠹᠧᠩ ᠢᠦᠶ ᠲᠣᠰᠬᠤᠨ ᠤ ᠲᠣᠰᠬᠤᠨ ᠳᠤ ᠰᠠᠭᠤᠭ᠎ᠠ ᠠᠩᠭᠢ ᠶᠢᠨ ᠳᠠᠷᠤᠭ᠎ᠠ | ᠪᠥᠭᠡᠳ ᠨᠢᠭᠡᠳᠦᠭᠡᠷ ᠱᠦᠵᠢ ᠸᠠᠩ ᠵᠢᠶᠧ ᠶᠢ ᠲᠤᠰᠬᠠᠶ ᠰᠤᠷᠪᠤᠯᠵᠢᠯᠠᠪᠠ᠃ | ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠤᠴᠢᠷ ᠶᠠᠪᠤᠳᠠᠯ ᠢ ᠨᠢᠭᠡ ᠪᠣᠯᠭᠠᠵᠤ᠂ ᠬᠦᠴᠦ ᠪᠠᠨ | ᠬᠠᠮᠲᠤᠳᠬᠠᠨ ᠤᠶᠢᠯᠡᠰ ᠪᠦᠲᠦᠭᠡᠶ᠎ᠡ᠃ 2 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠭᠤᠶᠤᠴᠢᠯᠠᠯ᠂ ᠠᠶᠢᠮᠠᠭ ᠬᠤᠲᠠ ᠶᠢᠨ ᠠᠩᠬᠠᠨ ᠤ ᠬᠢᠨᠠᠯᠲᠠ᠂ ᠭᠤᠷᠪᠠᠳᠠᠬᠢ ᠡᠲᠡᠭᠡᠳ ᠤᠨ ᠲᠤᠰᠬᠠᠶ | ᠦᠨᠡᠯᠡᠯᠲᠡ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ | ᠨᠢᠭᠡᠴᠡ ᠶᠢᠨ ᠦᠨᠡᠯᠡᠯᠲᠡ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠤᠳᠤᠷᠢᠳᠬᠤ ᠳᠤᠭᠤᠶᠢᠯᠠᠩ ᠤᠨ ᠰᠤᠳᠤᠯᠤᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠶᠢᠨ ᠢᠯᠡ ᠨᠡᠶᠢᠲᠡᠯᠡᠬᠦ ᠪᠠ ᠬᠢᠨᠠᠨ ᠪᠠᠶᠢᠴᠠᠭᠠᠵᠤ ᠰᠢᠢᠳᠪᠤᠷᠢᠯᠡᠬᠦ ᠵᠡᠷᠭᠡ ᠳᠡᠰ ᠳᠠᠷᠠᠭᠠᠯᠠᠯ ᠢᠶᠠᠷ | ᠳᠠᠮᠵᠢᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ ᠤᠯᠤᠰ ᠠᠴᠠ ᠲᠡᠰ ᠤᠨ 10 ᠶᠠᠳᠠᠭᠤ | ᠬᠦᠴᠢᠷᠳᠡᠯᠲᠡᠶ ᠬᠤᠰᠢᠭᠤ ᠰᠢᠶᠠᠨ ︵ᠬᠤᠲᠠ︶ ᠨᠢᠭᠡᠨᠲᠡ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠬᠤᠯᠪᠣᠭᠳᠠᠯ | ᠪᠦᠬᠦᠢ ᠬᠦᠢᠴᠡᠳᠭᠡᠯ ᠲᠤᠭ᠎ᠠ ᠠᠴᠠ ᠤᠬᠤᠷᠢᠨ ᠭᠠᠷᠴᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠳᠡᠰ | ᠳᠠᠷᠠᠭᠠᠯᠠᠯ ᠠᠴᠠ ᠤᠬᠤᠷᠢᠨ ᠭᠠᠷᠴᠠᠶ᠃ ᠡᠨᠡ ᠬᠦ ᠴᠢᠮᠡᠭᠡ ᠶᠢ ᠰᠣᠨᠣᠰᠤᠭᠠᠳ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠳ᠋ᠠ ᠯᠢᠦ ᠬᠤᠤ ᠪᠠᠯᠭᠠᠰᠤᠨ ᠤ ᠹᠧᠩ ᠢᠦᠶ ᠲᠣᠰᠬᠤᠨ ᠤ ᠬᠥᠮᠦᠰ ᠲᠡᠰᠬᠡᠯ ᠦᠭᠡᠢ ᠪᠠᠶᠠᠷᠯᠠᠪᠠ᠃ | ᠴᠠᠬᠠᠷ ᠪᠠᠷᠠᠭᠤᠨ ᠭᠠᠷᠤᠨ ᠬᠤᠢᠲᠤ ᠬᠤᠰᠢᠭᠤᠨ ᠤ ᠳ᠋ᠠ ᠯᠢᠦ ᠬᠤᠤ ᠪᠠᠯᠭᠠᠰᠤᠨ ᠤ ᠹᠧᠩ ᠢᠦᠶ ᠲᠣᠰᠬᠤᠨ ᠳᠤ | ᠬᠦᠷᠴᠦ᠂ ᠴᠠᠢ ᠮᠦ ᠶᠢᠨ ᠵᠠᠮ ᠤᠨ ᠳᠦᠷᠡᠯᠵᠡᠨ ᠨᠣᠴᠣᠵᠤ ᠪᠠᠶᠢᠭ᠎ᠠ ᠪᠣᠯᠪᠠᠰᠤᠨ ᠭᠠᠯ ᠳᠡᠭᠡᠷ᠎ᠡ ᠬᠦᠷᠦᠭᠡᠳ ᠰᠠᠶ᠋ᠢ | ᠮᠤᠷᠤᠯᠵᠠᠨ ᠤᠷᠤᠭᠰᠢᠯᠠᠵᠤ ᠪᠠᠶᠢᠬᠤ ᠶᠢ ᠮᠡᠳᠡᠵᠡᠢ᠃ ᠠᠳᠡ᠂ ᠲᠠᠷᠢᠶ᠎ᠠ ᠠᠪᠠᠯᠠᠵᠤ᠂ ᠶᠢᠦ ᠶᠢᠦ ᠶᠢ ᠲᠡᠵᠢᠭᠡᠵᠦ ᠪᠠᠶᠢᠨ᠎ᠠ᠃ | ᠤᠮᠠᠷᠠᠲᠤ ᠬᠤᠪᠣᠭᠤ ᠬᠤᠩ ᠪᠠᠯᠭᠠᠰᠤᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠣᠯᠠᠨ ᠠᠴᠠ | ᠬᠡᠲᠦ᠋ᠳᠦᠭᠰᠡᠨ︔ ᠡᠮᠦᠨᠡᠲᠦ ᠣᠷᠣᠨ ᠨᠢ ᠵᠢᠨᠢᠩ ᠴᠦᠯᠭᠡ ᠶᠢᠨ ᠡᠷᠲᠡᠨ ᠤ ᠬᠤᠲᠠ ᠲᠠᠢ᠂ ᠪᠢᠴᠢᠭ ᠤᠨ ᠰᠤᠷᠪᠤᠯᠵᠢᠲᠤ | ᠪᠢᠴᠢᠭ ᠤᠨ ᠰᠤᠷᠪᠤᠯᠵᠢᠲᠤ ᠪᠢᠴᠢᠭ ᠤᠨ ᠰᠤᠷᠪᠤᠯᠵᠢᠲᠤ ᠬᠤᠲᠠ ᠲᠠᠢ ᠨᠡᠶᠢᠯᠡᠵᠦ᠂ ᠡᠩᠬᠡ ᠠᠮᠤᠭᠤᠯᠠᠩ ᠠᠭᠤᠯᠠᠨ | ᠲᠣᠰᠬᠤᠨ ᠪᠣᠯᠤᠭᠰᠠᠨ ᠪᠠᠶᠢᠨ᠎ᠠ᠃ | ︽7 · 1︾ ᠤ ᠨᠠᠮ ᠪᠠᠢᠭᠤᠯᠤᠭᠳᠠᠭᠰᠠᠨ ᠪᠠᠶᠠᠷ ᠠᠴᠠ ᠡᠮᠦᠨᠡᠬᠡᠨ᠂ ᠹᠧᠩ ᠢᠦᠶ ᠲᠣᠰᠬᠤᠨ ᠤ ᠬᠢᠨ | ᠤᠯᠤᠰ ᠠᠴᠠ ᠶᠠᠳᠠᠭᠤ ᠠᠴᠠ ᠠᠩᠭᠢᠵᠢᠷᠠᠭᠤᠯᠬᠤ ᠰᠢᠯᠭᠠᠨ ᠠᠪᠬᠤ ᠠᠵᠢᠯ ᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ ᠬᠤᠢᠲᠤ ᠬᠤᠰᠢᠭᠤᠨ ᠤ ᠡᠳ᠋ ᠤᠨ | ᠵᠠᠰᠠᠭ ᠤᠨ ᠲᠣᠪᠴᠢᠶᠠᠨ ᠤ ᠺᠠᠳ᠋ᠷ᠂ ᠹᠧᠩ ᠢᠦᠶ ᠲᠣᠰᠬᠤᠨ ᠤ ᠲᠣᠰᠬᠤᠨ ᠳᠤ ᠰᠠᠭᠤᠭ᠎ᠠ ᠠᠩᠭᠢ ᠶᠢᠨ ᠳᠠᠷᠤᠭ᠎ᠠ | ᠪᠥᠭᠡᠳ ᠨᠢᠭᠡᠳᠦᠭᠡᠷ ᠱᠦᠵᠢ ᠸᠠᠩ ᠵᠢᠶᠧ ᠶᠢ ᠲᠤᠰᠬᠠᠶ ᠰᠤᠷᠪᠤᠯᠵᠢᠯᠠᠪᠠ᠃ | ᠰᠤᠷᠪᠤᠯᠵᠢᠯᠠᠭᠴᠢ᠄ ᠭᠤᠷᠪᠠᠨ ᠵᠢᠯ ᠤᠨ ᠡᠮᠦᠨ᠎ᠡ᠂ ᠹᠧᠩ ᠢᠦᠶ ᠲᠣᠰᠬᠤᠨ ᠪᠠᠰᠠ ᠨᠢᠭᠡ ᠬᠡᠪ ᠢᠶᠠᠷ ᠢᠶᠠᠨ | ᠪᠠᠢᠭᠰᠠᠨ᠂ ᠣᠳᠣ ᠬᠠᠷᠢᠨ ᠬᠤᠪᠢᠷᠠᠯᠲᠠ ᠭᠠᠷᠴᠠᠢ᠃ ᠲᠠ ᠹᠧᠩ ᠢᠦᠶ ᠲᠣᠰᠬᠤᠨ ᠤ ᠣᠳᠣᠬᠠᠨ ᠤ ᠦᠨᠳᠦᠰᠦᠨ | ᠪᠠᠶᠢᠳᠠᠯ ᠢ ᠨᠠᠷᠢᠨ ᠲᠠᠨᠢᠯᠴᠠᠭᠤᠯᠤᠭᠠᠴᠢ᠃ | ᠸᠠᠩ ᠵᠢᠶᠧ᠄ ᠹᠧᠩ ᠢᠦᠶ ᠲᠣᠰᠬᠤᠨ ᠨᠢ ᠳ᠋ᠠ ᠯᠢᠤ ᠬᠤ᠋ ᠪᠠᠯᠭᠠᠰᠤᠨ ᠤ ᠵᠡᠭᠦᠨ ᠬᠤᠶᠢᠲᠤ ᠬᠡᠰᠡᠭ ᠲᠤ | ᠪᠠᠶᠢᠷᠢᠯᠠᠵᠤ᠂ 2016 ᠣᠨ ᠳᠤ ᠣᠨᠣᠪᠴᠢᠲᠠᠶ ᠢᠯᠭᠠᠨ ᠲᠠᠨᠢᠵᠠᠶ᠃ ᠪᠥᠬᠦ ᠲᠣᠰᠬᠤᠨ ᠤ ᠲᠠᠯᠠᠪᠠᠢ ᠨᠢ 28.67 | ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 6 ᠭᠠᠴᠠᠭᠠᠨ ᠤ ᠠᠷᠠᠳ ᠤᠨ ᠳᠤᠭᠤᠶᠢᠯᠠᠩ ᠢ ᠬᠠᠷᠢᠶᠠᠯᠠᠵᠤ᠂ 10360 | ᠮᠤ᠋ ᠲᠠᠷᠢᠶᠠᠨ ᠭᠠᠵᠠᠷ ︵ᠡᠭᠦᠨ ᠳᠤ ᠤᠰᠤᠨ ᠲᠠᠷᠢᠶ᠎ᠠ 6000 ᠮᠤ᠋᠂ 4000 ᠭᠠᠷᠤᠶ ᠮᠤ᠋︶ ᠲᠠᠢ᠂ ᠡᠷᠦᠬᠡ | ᠠᠮᠠ ᠶᠢᠨ ᠳᠠᠩᠰᠠ ᠨᠢ 659 ᠡᠷᠦᠬᠡ 1944 ᠬᠥᠮᠦᠨ ᠠᠮᠠ ᠲᠠᠢ᠂ 505 ᠡᠷᠦᠬᠡ ︵ᠡᠭᠦᠨ ᠳᠤ ᠬᠥᠳᠡᠯᠮᠦᠷᠢ ᠶᠢᠨ | ᠬᠥᠮᠥᠨ ᠠᠮᠠ ᠨᠢ 195 ᠪᠣᠶ︶ ᠲᠠᠢ᠂ ᠡᠭᠦᠨ ᠳᠤ ᠭᠠᠳᠠᠭᠰᠢ ᠶᠠᠪᠤᠭᠰᠠᠨ ᠡᠷᠦᠬᠡ 415 ᠡᠷᠦᠬᠡ᠂ ᠭᠡᠷ ᠢᠶᠠᠨ | ᠰᠠᠬᠢᠵᠤ ᠬᠤᠴᠣᠷᠤᠭᠰᠠᠨ ᠬᠡᠤᠬᠡᠳ 3 ᠬᠥᠮᠦᠨ᠂ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶ 1 ᠬᠥᠮᠦᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ 240 ᠡᠷᠦᠬᠡ᠂ ᠲᠠᠪᠤᠨ ᠪᠠᠲᠤᠯᠠᠭᠠᠲᠤ | ᠡᠷᠦᠬᠡ 9 ᠡᠷᠦᠬᠡ᠂ 27 ᠬᠥᠮᠦᠨ ᠪᠣᠶ᠃ 2014 ᠣᠨ ᠠᠴᠠ ᠨᠠᠰᠢ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯ ᠲᠠᠢ 69 ᠡᠷᠦᠬᠡ 150 ᠬᠥᠮᠦᠨ ᠢ ᠢᠯᠭᠠᠨ ᠲᠠᠨᠢᠵᠤ᠂ ᠨᠡᠶᠢᠲᠡ 60 ᠡᠷᠦᠬᠡ | 128 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠣᠳᠣᠬᠠᠨ ᠳᠤ ᠶᠠᠳᠠᠭᠤ ᠬᠦᠴᠢᠷᠳᠡᠯ ᠲᠠᠢ 1.13 % ᠶᠢ | ᠡᠵᠡᠯᠡᠵᠦ ᠪᠠᠶᠢᠨ᠎ᠠ᠃ 2018 ᠣᠨ ᠤ ᠰᠡᠭᠦᠯᠴᠢ ᠪᠣᠯᠲᠠᠯ᠎ᠠ᠂ ᠲᠤᠰ ᠲᠣᠰᠬᠤᠨ ᠤ ᠬᠥᠮᠦᠨ ᠳᠤᠮᠳᠠᠴᠢ ᠶᠢᠨ | ᠣᠷᠣᠯᠭ᠎ᠠ 13000 ᠲᠥᠭᠦᠷᠢᠭ ᠲᠤ ᠬᠦᠷᠴᠦ᠂ ᠲᠠᠷᠢᠶᠠᠯᠠᠬᠤ ᠮᠠᠯᠵᠢᠬᠤ ᠡᠷᠦᠬᠡ ᠶᠢᠨ ᠭᠤᠤᠯ ᠣᠷᠣᠯᠭ᠎ᠠ ᠶᠢᠨ | ᠢᠷᠡᠯᠲᠡ ᠨᠢ ᠲᠠᠷᠢᠬᠤ᠂ ᠲᠡᠵᠢᠭᠡᠨ ᠦᠷᠡᠵᠢᠭᠦᠯᠬᠦ ᠵᠡᠷᠭᠡ ᠪᠣᠯᠤᠨ᠎ᠠ᠂ ᠡᠭᠦᠨ ᠳᠤ ᠲᠠᠷᠢᠬᠤ ᠪᠠᠷ ᠳᠠᠮᠵᠢᠨ 2.8 % ᠶᠢ | ᠡᠵᠡᠯᠡᠵᠦ᠂ ᠲᠡᠵᠢᠭᠡᠨ ᠦᠷᠡᠵᠢᠭᠦᠯᠬᠦ ᠨᠢ 8.7 % ᠶᠢ ᠡᠵᠡᠯᠡᠵᠦ᠂ ᠡᠵᠡᠩᠨᠡᠯᠲᠡ ᠨᠢ 4.4 % ᠶᠢ ᠡᠵᠡᠯᠡᠵᠦ᠂ ᠠᠵᠢᠯ | ᠬᠥᠳᠡᠯᠮᠦᠷᠢ ᠨᠢ 26.2 % ᠢ ᠡᠵᠡᠯᠡᠵᠦ᠂ ᠭᠠᠵᠠᠷ ᠰᠢᠷᠣᠶ ᠶᠢᠨ ᠡᠷᠭᠢᠯᠲᠡ ᠨᠢ 3.2 % ᠢ ᠡᠵᠡᠯᠡᠵᠦ᠂ ᠪᠤᠰᠤᠳ ᠨᠢ | 54.7 % ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠡᠷᠡᠭᠵᠢᠭᠦᠯᠦᠭᠰᠡᠨ ᠠᠴᠠ | ᠨᠠᠰᠢ᠂ ᠹᠧᠩ ᠢᠦᠶ ᠲᠣᠰᠬᠤᠨ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠦᠨ᠎ᠡ ᠶᠡᠭᠡ ᠬᠠᠭᠠᠯᠭ᠎ᠠ | ᠪᠣᠯᠤᠭᠰᠠᠨ ᠤ ᠬᠤᠪᠢ ᠳᠤ᠂ ︽ᠣᠷᠣᠨ ᠪᠦᠰᠡ ᠬᠥᠷᠰᠢ ᠵᠡᠷᠭᠡᠯᠡᠳᠡᠭᠡ᠂ ᠠᠵᠤ ᠣᠶᠢᠯᠡᠰ᠂ ᠠᠳᠠᠯᠢ︾ ᠪᠠᠶᠢᠬᠤ ᠵᠠᠷᠴᠢᠮ | ᠶᠣᠰᠣᠭᠠᠷ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠬᠥᠳᠡᠯᠦᠨ ᠳᠠᠭᠠᠭᠤᠯᠵᠤ᠂ ᠵᠣᠬᠢᠶᠠᠨ ᠪᠠᠶᠢᠭᠤᠯᠤᠯᠲᠠ᠂ | ᠬᠦᠷᠢᠶ᠎ᠡ ᠴᠠᠷᠠᠭ᠎ᠠ᠂ ᠠᠵᠢᠯ ᠲᠥᠷᠥᠯ ᠠᠯᠤᠰᠯᠠᠨ ᠣᠯᠠᠨ ᠡᠰᠢᠵᠢᠭᠰᠡᠨ ᠬᠤᠯᠪᠣᠭᠠᠯᠠᠨ ᠪᠦᠲᠦᠭᠡᠨ ᠪᠠᠶᠢᠭᠤᠯᠵᠤ᠂ ᠠᠵᠤ | ᠦᠢᠯᠡᠰ ᠤᠨ ᠬᠥᠭᠵᠢᠯᠲᠡ ᠶᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠬᠦᠴᠦᠨ ᠨᠡᠮᠡᠷᠢᠯᠡᠵᠦ᠂ ᠢᠯᠡᠳᠲᠡ ᠦᠷ᠎ᠡ ᠪᠦᠲᠦᠮᠵᠢ ᠣᠯᠪᠠ᠃ | ᠰᠤᠷᠪᠤᠯᠵᠢᠯᠠᠭᠴᠢ᠄ ᠲᠠ ᠪᠣᠯ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠮᠥᠷᠲᠡᠭᠡᠨ | ᠲᠣᠰᠬᠤᠨ ᠳᠤ ᠰᠠᠭᠤᠭ᠎ᠠ ᠠᠩᠭᠢ ᠶᠢᠨ ᠳᠠᠷᠤᠭ᠎ᠠ᠂ ᠨᠢᠭᠡᠳᠦᠭᠡᠷ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ | ᠪᠠᠶᠢᠨ᠎ᠠ᠂ ᠠᠵᠢᠯ ᠶᠠᠭᠠᠷᠠᠤ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡᠬᠦ | ᠬᠤᠭᠤᠴᠠᠭᠠᠨ ᠳᠤ᠂ ᠴᠢ ᠶᠠᠮᠠᠷ ᠲᠥᠷᠥᠭᠳᠡᠯ ᠲᠠᠢ ᠪᠣᠶ︖ | ᠸᠠᠩ ᠵᠢᠶᠧ᠄ 2018 ᠣᠨ ᠤ 3 ᠰᠠᠷ᠎ᠠ ᠳᠤ᠂ ᠵᠣᠬᠢᠶᠠᠨ ᠪᠠᠶᠢᠭᠤᠯᠤᠯᠲᠠ ᠠᠴᠠ ᠨᠠᠮᠠᠢ ᠹᠧᠩ ᠢᠦᠶ | ᠲᠣᠰᠬᠤᠨ ᠳᠤ ᠲᠣᠮᠢᠯᠠᠨ ᠰᠠᠭᠤᠯᠭᠠᠵᠤ ᠠᠵᠢᠯᠯᠠᠭᠤᠯᠪᠠ᠂ ᠡᠭᠦᠨ ᠠᠴᠠ ᠡᠬᠢᠯᠡᠨ ᠹᠧᠩ ᠢᠦᠶ ᠲᠣᠰᠬᠤᠨ ᠲᠠᠢ ᠬᠤᠪᠢ | ᠪᠠᠷᠢᠯᠳᠤᠯᠭ᠎ᠠ ᠲᠠᠢ ᠪᠣᠯᠵᠠᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠮᠠᠷᠲᠠᠭᠳᠠᠰᠢ ᠦᠭᠡᠢ ᠤᠨ | ᠵᠢᠯ ᠳᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠪᠠᠭᠤᠷᠢ ᠵᠦᠢᠳᠡᠭᠦᠷᠢ ᠪᠠᠶᠢᠨ᠎ᠠ᠂ ᠪᠠᠰᠠ ᠣᠯᠠᠨ ᠲᠦᠮᠡᠨ ᠲᠠᠢ | ᠬᠠᠮᠲᠤ ᠪᠠᠶᠠᠷ ᠪᠠᠭ᠋ᠠᠳᠤᠯ ᠪᠠᠶᠢᠨ᠎ᠠ᠂ ᠢᠯᠠᠩᠭᠤᠶ᠎ᠠ ᠶᠠᠳᠠᠭᠤ ᠬᠦᠴᠢᠷᠳᠡᠯᠲᠡᠶ ᠡᠷᠦᠬᠡ ᠶᠢᠨ ᠥᠩᠭᠡᠷᠡᠭᠡᠭᠰᠡᠨ ᠤ ᠶᠠᠪᠤᠳᠠᠯ | ᠪᠦᠬᠦᠨ ᠨᠢ ᠨᠠᠮᠠᠢ ᠶᠡᠷᠦᠨᠢ ᠮᠠᠷᠲᠠᠭᠳᠠᠰᠢ ᠦᠭᠡᠢ ᠪᠣᠯᠭᠠᠳᠠᠭ᠂ ᠲᠡᠳᠡᠨ ᠤ ᠬᠡᠯᠡᠳᠡᠭ ︽ᠭᠡᠷ ᠤᠨ ᠵᠣᠭᠤᠭ︾ ᠨᠢ ᠴᠠᠭ | ᠢᠮᠠᠭᠲᠠ ᠮᠢᠨᠦ ᠴᠢᠬᠢᠨ ᠳᠤ ᠰᠣᠨᠣᠰᠳᠠᠨ᠎ᠠ᠃ ᠣᠳᠣ ᠨᠠᠮᠠᠢ ᠪᠠᠶᠢᠭᠤᠯᠭ᠎ᠠ ᠳᠠᠭᠠᠨ ᠬᠠᠷᠢᠭᠤᠯᠵᠤ ᠠᠯᠪᠠᠨ ᠭᠡᠷ ᠲᠤ | ᠰᠠᠭᠤᠯᠭᠠᠭᠠᠳ᠂ ᠦᠨᠡᠬᠡᠷ ᠵᠢᠭᠠᠬᠠᠨ ᠵᠣᠬᠢᠴᠠᠵᠤ ᠳᠠᠢᠯᠠᠬᠤ ᠦᠭᠡᠢ ᠪᠠᠢᠨ᠎ᠠ᠃ ᠦᠨᠡᠨ ᠢ ᠬᠡᠯᠡᠬᠦ ᠳᠤ᠂ ᠲᠣᠰᠬᠤᠨ ᠤ | ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠲᠠᠢ ᠬᠠᠶᠢᠷ᠎ᠠ ᠰᠡᠳᠬᠢᠯᠭᠡ ᠲᠠᠢ ᠪᠣᠯᠴᠢᠪᠠᠯ ᠲᠡᠳᠡᠨ ᠤ ᠳᠣᠲᠣᠷ᠎ᠠ ᠠᠴᠠ | ᠰᠠᠯᠵᠤ ᠴᠢᠳᠠᠬᠤ ᠦᠭᠡᠢ ᠰᠢᠤ ᠳ᠋ᠠ᠃ | ᠰᠤᠷᠪᠤᠯᠵᠢᠯᠠᠭᠴᠢ᠄ ᠲᠩᠷᠢ ᠲᠤᠯᠤᠮ᠎ᠠ ᠮᠣᠳᠣᠨ ᠳᠤ ᠡᠷᠬᠡᠪᠰᠢ ᠦᠨᠳᠦᠰᠦ ᠪᠠᠶᠢᠬᠤ ᠬᠡᠷᠡᠭᠲᠡᠶ︔ ᠠᠭᠤᠯᠠ | ᠤᠰᠤᠨ ᠤ ᠡᠬᠢ ᠪᠤᠯᠠᠭ ᠨᠢ ᠯᠠᠪᠲᠠᠶ ᠪᠠᠶᠢᠳᠠᠭ᠃ ᠹᠧᠩ ᠢᠦᠶ ᠲᠣᠰᠬᠤᠨ ᠨᠠᠮ ᠤᠨ ᠪᠠᠶᠢᠭᠤᠯᠤᠯᠲᠠᠶᠢ ᠤᠷᠢᠳᠠᠪᠠᠷ | ᠬᠢᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠥᠳᠡᠯᠦᠨ ᠳᠠᠭᠠᠭᠤᠯᠬᠤ ᠶᠢ ᠴᠢᠩᠭᠠᠳᠬᠠᠵᠤ᠂ ᠨᠠᠮ ᠤᠨ ᠤᠯᠤᠰ | ᠲᠥᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ᠂ | ᠶᠠᠳᠠᠭᠤ ᠠᠴᠠ ᠠᠩᠭᠢᠵᠢᠷᠠᠭᠤᠯᠬᠤ ᠳᠠᠪᠠᠭᠤᠯᠢᠭ ᠪᠣᠯᠭᠠᠨ ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠤᠷᠢᠲᠤ ᠢᠯᠠᠯᠲᠠ ᠶᠢ ᠣᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠪᠠ᠃ ᠤᠷᠢᠳᠠᠪᠠᠷ ᠹᠧᠩ ᠢᠦᠶ ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠶᠠᠷᠢᠶ᠎ᠠ᠃ | ᠸᠠᠩ ᠵᠢᠶᠧ᠄ ᠨᠠᠷᠢᠯᠢᠭ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠠᠪᠤᠴᠠ ᠳᠤ᠂ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠵᠤ ᠪᠠᠶᠢᠭ᠎ᠠ ᠪᠠᠶᠢᠳᠠᠯ ᠢ ᠪᠢ ᠭᠦᠨᠵᠡᠭᠡᠶ ᠤᠶᠢᠯᠠᠭᠠᠨ᠎ᠠ᠃ ᠨᠠᠮ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠳᠣᠤᠷ᠎ᠠ᠂ ᠮᠠᠨ ᠤ ᠲᠣᠰᠬᠤᠨ ᠤ ᠬᠤᠶᠠᠷ ᠵᠥᠪᠯᠡᠯ ᠤᠨ ᠪᠠᠭ | ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠤ᠂ ᠤᠤᠯ ᠤᠨ | ᠹᠧᠩ ᠢᠦᠶ ᠨᠠᠮ ᠤᠨ ᠡᠭᠦᠷ ᠤᠨ ᠰᠠᠭᠤᠷᠢᠨ ᠳᠡᠭᠡᠷ᠎ᠡ᠂ ᠹᠧᠩ ᠢᠦᠶ ᠬᠠᠮᠲᠤᠷᠠᠭᠰᠠᠨ ᠨᠠᠮ ᠤᠨ ᠡᠭᠦᠷ ᠢ ᠪᠠᠶᠢᠭᠤᠯᠪᠠ᠃ | ᠬᠠᠮᠲᠤᠷᠠᠭᠰᠠᠨ ᠨᠠᠮ ᠤᠨ ᠡᠭᠦᠷ ᠪᠠᠶᠢᠭᠤᠯᠤᠭᠳᠠᠭᠰᠠᠨ ᠨᠢ ᠹᠧᠩ ᠢᠦᠶ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠬᠦᠴᠦᠨ ᠤ ︽ᠨᠢᠭᠡᠨ ᠱᠤᠷᠠᠭ ᠢ ᠮᠤᠰᠬᠢᠵᠦ︾᠂ ᠡᠯ᠎ᠡ ᠲᠠᠯ᠎ᠠ ᠶᠢᠨ ᠬᠦᠴᠦᠨ ᠢ ᠨᠠᠮ ᠤᠨ | ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ ᠨᠠᠩ ᠢᠯᠡᠭᠦᠤ ᠨᠢᠭᠲᠠᠷᠠᠭᠤᠯᠬᠤ ᠬᠦᠴᠦᠨ ᠲᠠᠢ ᠪᠣᠯᠭᠠᠵᠤ᠂ ᠹᠧᠩ ᠢᠦᠶ | ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠲᠤ ᠪᠣᠳᠣᠯᠭ᠎ᠠ ᠲᠣᠭᠲᠠᠭᠠᠬᠤ | ᠬᠦᠴᠦᠨ ᠪᠣᠯᠤᠨ ᠬᠡᠷᠡᠭᠵᠢᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠡᠶ᠃ | ᠵᠣᠬᠢᠶᠠᠨ ᠪᠠᠶᠢᠭᠤᠯᠵᠤ ᠬᠠᠮᠲᠤᠪᠠᠷ ᠪᠠᠶᠢᠭᠤᠯᠬᠤ᠂ ᠠᠵᠢᠯ ᠶᠠᠪᠤᠳᠠᠯ ᠢ ᠬᠠᠮᠲᠤᠪᠠᠷ ᠵᠥᠪᠳᠡᠯᠴᠡᠬᠦ᠂ ᠨᠠᠮ ᠤᠨ | ᠭᠡᠰᠢᠭᠦᠨ᠂ ᠠᠵᠢᠯᠯᠠᠭ᠎ᠠ ᠶᠢ ᠬᠠᠮᠲᠤᠪᠠᠷ ᠠᠳᠬᠤᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠨᠢᠭᠡ ᠴᠥᠮ᠎ᠡ ᠣᠯᠠᠨ | ᠡᠰᠢᠵᠢᠭᠰᠡᠨ︾ ᠨᠠᠮ ᠤᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠨᠠᠮ ᠤᠨ | ᠪᠠᠶᠢᠭᠤᠯᠤᠯᠲᠠ ᠶᠢᠨ ᠠᠵᠢᠯ ᠢ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠬᠥᠲᠥᠯᠥᠨ ᠳᠠᠭᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠨᠠᠮ ᠤᠨ ᠡᠭᠦᠷ ᠤᠨ | ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠣᠷᠣᠨ ᠪᠦᠰᠡ᠂ ᠬᠠᠷᠢᠶᠠᠯᠠᠭᠳᠠᠬᠤ | ᠪᠠᠬᠢᠯᠡᠯᠲᠡ ᠶᠢ ᠡᠪᠳᠡᠵᠦ᠂ ︽ᠨᠠᠮ ᠤᠨ ᠡᠭᠦᠷ + ᠨᠠᠮ ᠤᠨ ᠡᠭᠦᠷ︾᠂ ︽ᠨᠠᠮ ᠤᠨ ᠡᠭᠦᠷ + ᠬᠤᠷᠰᠢᠶ᠎ᠠ︾ ᠶᠢᠨ | ᠠᠷᠭ᠎ᠠ ᠬᠡᠯᠪᠡᠷᠢ ᠶᠢ ᠠᠪᠴᠤ᠂ ︽ᠲᠣᠰᠬᠤᠨ ᠨᠢᠭᠡᠳᠦᠯ ᠤᠨ ᠪᠠᠶᠢᠭᠤᠯᠭ᠎ᠠ︾ ᠶᠢᠨ ᠨᠠᠮ ᠤᠨ ᠪᠠᠶᠢᠭᠤᠯᠤᠯᠲᠠ ᠶᠢᠨ | ᠠᠭᠤᠰᠤᠯᠴᠠᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠡᠯ᠎ᠡ ᠲᠠᠯ᠎ᠠ ᠶᠢᠨ ᠬᠥᠳᠡᠯᠭᠡᠬᠦ ᠬᠦᠴᠦᠨ ᠢ ᠳᠠᠶᠢᠴᠢᠯᠠᠵᠤ᠂ | ᠠᠵᠤ ᠦᠢᠯᠡᠰ ᠤᠨ ᠬᠥᠭᠵᠢᠯᠲᠡ᠂ ᠵᠠᠰᠠᠯᠲᠠ ᠪᠦᠲᠦᠮᠵᠢᠲᠡᠶ᠂ ᠨᠤᠲᠤᠭ ᠤᠨ ᠰᠤᠷᠲᠠᠯ ᠪᠣᠯᠪᠠᠰᠤᠨ ᠪᠣᠯᠭᠠᠨ᠎ᠠ᠃ | ᠬᠠᠮᠲᠤᠷᠠᠨ ᠪᠠᠶᠢᠭᠤᠯᠬᠤ ᠨᠢᠭᠡᠴᠡ ᠶᠢᠨ ᠬᠠᠮᠲᠤᠷᠠᠭᠰᠠᠨ ᠬᠤᠷᠠᠯ ᠤᠨ ᠳᠦᠷᠢᠮ᠂ ᠠᠵᠢᠯ ᠤᠨ ᠬᠠᠷᠢᠭᠤᠴᠠᠯᠭ᠎ᠠ ᠶᠢᠨ | ᠳᠦᠷᠢᠮ᠂ ᠬᠡᠷᠡᠭ ᠵᠥᠪᠯᠡᠵᠦ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠦᠷᠢᠮ᠂ ᠣᠯᠠᠨ ᠲᠦᠮᠡᠨ ᠲᠠᠢ ᠨᠢᠭᠲᠠ | ᠬᠠᠷᠢᠯᠴᠠᠬᠤ ᠳᠦᠷᠢᠮ᠂ ᠨᠠᠮ ᠤᠨ ᠭᠡᠰᠢᠭᠦᠨ ᠣᠯᠠᠨ ᠲᠦᠮᠡᠨ ᠢ ᠬᠥᠮᠦᠵᠢᠭᠦᠯᠦᠨ ᠪᠣᠯᠪᠠᠰᠤᠷᠠᠭᠤᠯᠬᠤ ᠳᠦᠷᠢᠮ ᠵᠡᠷᠭᠡ | ᠬᠠᠷᠢᠭᠤᠴᠠᠯᠭ᠎ᠠ ᠶᠢ ᠲᠣᠭᠲᠠᠭᠠᠬᠤ ᠪᠠᠷ ᠳᠠᠮᠵᠢᠭᠤᠯᠤᠨ᠂ ᠳᠦᠷᠢᠮ ᠢᠶᠠᠷ ᠵᠢᠷᠤᠮᠵᠢᠯ ᠢ ᠠᠳᠬᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠬᠠᠮᠲᠤ ᠪᠠᠷ ᠪᠠᠶᠢᠭᠤᠯᠬᠤ ᠵᠥᠪᠯᠡᠯᠴᠡᠭᠡᠷ ᠲᠤ ᠭᠠᠷ ᠤᠨ ᠦᠰᠦᠭ | ᠵᠢᠷᠤᠬᠤ ᠪᠠᠷ ᠳᠠᠮᠵᠢᠭᠤᠯᠤᠨ᠂ ᠬᠤᠯᠪᠣᠭᠠᠯᠠᠨ ᠪᠠᠶᠢᠭᠤᠯᠬᠤ ᠵᠣᠬᠢᠶᠠᠨ ᠪᠠᠶᠢᠭᠤᠯᠤᠯᠲᠠ ᠶᠢ ᠪᠣᠳᠠᠲᠤ ᠴᠣᠭᠴᠠᠵᠢᠭᠤᠯᠤᠨ | ᠠᠵᠢᠯᠯᠠᠭᠤᠯᠤᠨ᠎ᠠ᠃ ︽ᠠᠷᠠᠳᠴᠢᠯᠠᠭᠰᠠᠨ ᠬᠡᠯᠪᠡᠷᠢ︾ ᠶᠢᠨ ᠬᠡᠷᠡᠭ ᠵᠥᠪᠯᠡᠬᠦ ᠰᠢᠢᠳᠪᠤᠷᠢᠲᠤ ᠪᠣᠳᠣᠯᠭ᠎ᠠ ᠲᠣᠭᠲᠠᠭᠠᠬᠤ | ᠲᠠᠪᠴᠠᠩ ᠢ ᠪᠠᠶᠢᠭᠤᠯᠵᠤ᠂ ᠭᠠᠷᠠᠭ ᠪᠦᠷᠢ ᠨᠢᠭᠡ ᠤᠳᠠᠭ᠎ᠠ ᠨᠠᠮ ᠤᠨ ᠡᠭᠦᠷ ᠤᠨ ᠵᠥᠪᠯᠡᠯ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠠᠵᠤ ᠦᠢᠯᠡᠰ ᠤᠨ | ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ | ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠠᠷᠭ᠎ᠠ ᠤᠬᠠᠭᠠᠨ ᠪᠣᠳᠣᠵᠤ᠂ ᠰᠢᠢᠳᠪᠤᠷᠢᠲᠤ ᠪᠣᠳᠣᠯᠭ᠎ᠠ ᠲᠣᠭᠲᠠᠭᠠᠨ᠎ᠠ︔ | ︽ᠤᠶᠢᠯᠡᠳᠤᠯᠬᠡ ᠶᠢᠨ ᠮᠠᠶ᠋ᠢᠭ︾ ᠤᠨ ᠰᠤᠷᠤᠯᠴᠠᠯᠭ᠎ᠠ ᠬᠥᠮᠦᠵᠢᠯ ᠤᠨ ᠲᠠᠪᠴᠠᠩ ᠢ ᠪᠠᠶᠢᠭᠤᠯᠵᠤ᠂ ᠤᠯᠠᠷᠢᠯ ᠪᠦᠷᠢ ᠳᠤ | ᠨᠠᠮ ᠤᠨ ᠭᠡᠰᠢᠭᠦᠨ ᠣᠯᠠᠨ ᠲᠦᠮᠡᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠬᠠᠮᠲᠤ ᠪᠠᠷ ᠨᠢᠭᠡ ᠤᠳᠠᠭ᠎ᠠ | ᠨᠠᠮ ᠤᠨ ᠬᠢᠴᠢᠶᠡᠯ ᠣᠷᠣᠵᠤ᠂ ᠤᠯᠤᠰ ᠲᠥᠷᠦ ᠶᠢᠨ ᠳᠠᠭᠠᠭᠤᠯᠭ᠎ᠠ ᠶᠢ ᠳᠣᠪᠤᠶᠢᠯᠭᠠᠵᠤ᠂ ᠨᠠᠮ ᠤᠨ ᠭᠡᠰᠢᠭᠦᠨ ᠣᠯᠠᠨ | ᠲᠦᠮᠡᠨ ᠢ ᠤᠭ ᠦᠨᠳᠦᠰᠦ ᠪᠠᠨ ᠦᠯᠦ ᠮᠠᠷᠲᠠᠵᠤ᠂ ᠠᠯᠬᠤᠮ ᠢᠶᠠᠨ ᠦᠯᠦ ᠵᠣᠭᠰᠣᠬᠤ ᠶᠢ ᠰᠤᠷᠭᠠᠨ ᠬᠥᠮᠦᠵᠢᠭᠦᠯᠵᠦ᠂ | ᠢᠲᠡᠭᠡᠯ ᠪᠢᠰᠢᠷᠡᠯ ᠢᠶᠠᠨ ᠪᠠᠲᠤᠳᠬᠠᠨ ᠨᠠᠮ ᠢᠶᠠᠨ ᠳᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ︔ | ︽ᠨᠡᠭᠡᠭᠡᠯᠲᠡᠲᠦ ᠮᠠᠶ᠋ᠢᠭ︾ ᠤᠨ ᠤᠶᠢᠯᠡᠴᠢᠯᠡᠬᠡᠨ ᠤ ᠠᠵᠢᠯᠯᠠᠭ᠎ᠠ ᠶᠢᠨ ᠲᠠᠪᠴᠠᠩ ᠢ ᠪᠠᠶᠢᠭᠤᠯᠵᠤ᠂ ᠤᠯᠠᠷᠢᠯ ᠪᠦᠷᠢ ᠳᠤ | ᠨᠢᠭᠡ ᠤᠳᠠᠭ᠎ᠠ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠲᠤ ᠪᠠᠷ ᠰᠠᠶᠢᠨ | ᠳᠤᠷ᠎ᠠ ᠶᠢᠨ ᠤᠶᠢᠯᠡᠴᠢᠯᠡᠭᠡ᠂ ᠶᠠᠳᠠᠭᠤ ᠶᠢ ᠲᠡᠳᠬᠦᠵᠦ ᠬᠦᠴᠢᠷᠳᠡᠭᠰᠡᠳ ᠢ ᠲᠤᠰᠠᠯᠠᠬᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ | ᠠᠵᠢᠯᠯᠠᠭ᠎ᠠ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠣᠭᠤᠷᠢᠨ ᠳᠤ᠂ ᠶᠠᠳᠠᠭᠤ ᠶᠢ | ᠲᠡᠳᠬᠦᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠲᠤᠳᠬᠠᠨ᠎ᠠ᠃ | ᠰᠤᠷᠪᠤᠯᠵᠢᠯᠠᠭᠴᠢ᠄ 2011 ᠣᠨ ᠳᠤ᠂ ᠪᠢ ᠲᠠᠨ ᠤ ᠭᠠᠴᠠᠭᠠᠨ ᠳᠤ ᠢᠷᠡᠵᠦ ᠥᠩᠭᠡᠷᠡᠵᠡᠶ᠃ ᠲᠡᠷᠡ | ᠦᠶ᠎ᠡ ᠳᠤ᠂ ᠹᠧᠩ ᠢᠦᠶ ᠲᠣᠰᠬᠤᠨ ᠤ ᠠᠵᠤ ᠤᠶᠢᠯᠡᠰ ᠪᠠᠭᠤᠷᠠᠶ᠂ ᠬᠦᠴᠦᠷᠬᠡᠭ ᠰᠦᠷ ᠵᠢᠪᠬᠤᠭ᠎ᠠ ᠪᠠᠷ ᠳᠤᠲᠠᠮᠠᠭ᠂ | ᠲᠣᠰᠬᠤᠨ ᠤ ᠠᠷᠠᠳ ᠵᠢᠵᠢᠭ ᠲᠠᠷᠢᠶᠠᠴᠢᠨ ᠤ ᠦᠵᠡᠯ ᠰᠠᠨᠠᠭ᠎ᠠ ᠬᠦᠨᠳᠦ ᠨᠣᠴᠢᠲᠠᠶ ᠪᠠᠶᠢᠵᠤ᠂ ᠨᠡᠶᠢᠬᠡᠮ ᠤᠨ ᠰᠥᠰᠥ | ᠵᠣᠷᠢᠭ ᠬᠦᠷᠦᠯᠴᠡᠬᠦ ᠦᠭᠡᠢ᠂ ᠲᠣᠰ ᠪᠡᠶ᠎ᠡ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠤ ᠵᠥᠷᠢᠶ᠎ᠡ᠂ ᠠᠯᠤᠰ | ᠬᠡᠲᠦ ᠶᠢᠨ ᠲᠥᠯᠥᠪᠵᠢᠭᠦᠯᠪᠡ ᠪᠠ ᠲᠥᠯᠥᠪᠯᠡᠭᠡ ᠪᠠᠷ ᠳᠤᠲᠠᠮᠠᠭ ᠪᠠᠶᠢᠪᠠ᠃ ᠣᠳᠣ ᠹᠧᠩ ᠢᠦᠢ ᠲᠣᠰᠬᠤᠨ ᠤ ᠠᠵᠤ | ᠦᠢᠯᠡᠰ ᠤᠨ ᠬᠠᠷᠢᠯᠴᠠᠨ ᠨᠥᠬᠦᠪᠥᠷᠢᠯᠡᠬᠦ ᠴᠢᠳᠠᠪᠤᠷᠢ ᠲᠤᠩ ᠴᠢᠩᠭ᠎ᠠ᠂ ᠲᠣᠰᠬᠤᠨ ᠤ ᠠᠷᠠᠳ ᠪᠣᠯᠤᠨ ᠪᠠᠶᠠᠵᠢᠬᠤ | ᠴᠢᠳᠠᠪᠤᠷᠢ ᠶᠢᠨ ᠳᠠᠪᠰᠢᠯᠲᠠ ᠲᠤᠩ ᠶᠡᠭᠡ᠂ ᠴᠢ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ | ᠬᠡᠯᠡᠵᠦ ᠦᠭᠴᠠᠢ᠃ | ᠸᠠᠩ ᠵᠢᠶᠧ᠄ ᠬᠡᠳᠦᠨ ᠵᠢᠯ ᠤᠨ ᠲᠤᠷᠰᠢ᠂ ᠹᠧᠩ ᠢᠦᠶ ᠲᠣᠰᠬᠤᠨ ᠲᠠᠰᠤᠷᠠᠯᠲᠠ ᠥᠬᠡᠶ ᠰᠦᠪᠡᠭᠴᠢᠯᠡᠵᠦ᠂ | ᠶᠠᠳᠠᠭᠤᠷᠠᠬᠤ ᠬᠡᠮ ᠢ ᠡᠷᠢᠵᠦ ᠣᠯᠪᠠ᠃ ᠨᠠᠮ ᠤᠨ ᠡᠭᠦᠷ᠂ ᠭᠠᠴᠠᠭᠠᠨ ᠤ ᠠᠷᠠᠳ ᠤᠨ ᠵᠥᠪᠯᠡᠯ᠂ ᠲᠣᠰᠬᠤᠨ ᠳᠤ | ᠰᠠᠭᠤᠭ᠎ᠠ ᠠᠵᠤ ᠠᠬᠤᠶᠢᠯᠠᠯ᠂ ᠲᠣᠰᠬᠤᠨ ᠳᠤ ᠰᠠᠭᠤᠵᠤ ᠠᠵᠢᠯ ᠣᠯᠵᠤ ᠲᠥᠭᠡᠷᠢᠭᠳᠡᠯ ᠢ ᠠᠷᠢᠯᠭᠠᠨ᠂ ᠣᠯᠠᠨ | ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠵᠤ ᠣᠶᠢᠯᠡᠰ ᠢ ᠢᠳᠡᠪᠬᠢᠲᠡᠢ ᠬᠥᠭᠵᠢᠭᠦᠯᠦᠭᠰᠡᠨ ᠠᠴᠠ | ᠹᠧᠩ ᠢᠦᠶ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠨᠢᠭᠡᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ | | ᠨᠢᠭᠡ ᠳᠤ ᠨᠢᠭᠡᠳᠦᠭᠡᠷ ᠠᠵᠤ ᠦᠢᠯᠡᠰ ᠤᠨ ᠲᠠᠷᠢᠮᠠᠯ ᠤᠨ ᠦᠢᠯᠡᠰ ᠢ ᠪᠠᠬᠢᠵᠢᠭᠦᠯᠦᠨ᠎ᠡ᠃ 2018 ᠣᠨ ᠳᠤ | 1800 ᠮᠦ ᠨᠣᠭᠤᠭᠠᠨ ᠲᠠᠷᠢᠮᠠᠯ ᠤᠨ ᠣᠷᠣᠨ ᠢ ᠪᠠᠶᠢᠭᠤᠯᠬᠤ ᠪᠠᠷ ᠳᠠᠮᠵᠢᠨ᠂ ᠲᠣᠰᠬᠤᠨ ᠤ ᠬᠠᠮᠲᠤ ᠶᠢᠨ ᠠᠵᠤ | ᠠᠬᠤᠶ ᠶᠢ ᠬᠥᠭᠵᠢᠭᠦᠯᠦᠨ᠎ᠡ᠃ ᠲᠣᠰ ᠲᠣᠰ 900 ᠮᠤ᠋ ᠲᠥᠮᠥᠰᠥ᠂ 300 ᠮᠤ᠋ ᠯᠠᠩᠭᠤᠸᠠ᠂ 300 ᠮᠤ᠋ ᠨᠡᠷᠡᠨ | ᠬᠤᠸᠠᠷ ᠲᠠᠷᠢᠵᠤ᠂ ᠪᠦᠬᠦᠨ ᠢ ᠬᠤᠳᠠᠯᠳᠤᠪᠠ︔ ᠪᠤᠭᠤᠳᠠᠢ 90 ᠮᠦ᠂ ᠶᠤᠤᠮᠠᠶ 260 ᠮᠦ᠂ ᠪᠦᠬᠦᠨ ᠢ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠤᠶᠢᠯᠡᠳᠪᠤᠷᠢ ᠶᠢᠨ ᠲᠦᠭᠦᠬᠡᠶ ᠮᠠᠲ᠋ᠧᠷᠢᠶᠠᠯ | ᠨᠥᠭᠡᠴᠡᠯᠡᠬᠦ ᠳᠤ ᠬᠡᠷᠡᠭᠯᠡᠨ᠎ᠡ᠃ ᠵᠠᠬ᠎ᠠ ᠳᠡᠯᠭᠡᠭᠦᠷ ᠲᠤ ᠭᠠᠷᠭᠠᠭᠰᠠᠨ ᠲᠣᠮᠣ ᠬᠡᠯᠪᠡᠷᠢ ᠶᠢᠨ ᠤᠯᠤᠰ ᠠᠴᠠ ᠥᠮᠴᠢᠯᠡᠯ ᠤᠨ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 220 ᠲᠥᠭᠦᠷᠢᠭ ᠤᠨ ᠦᠨ᠎ᠡ ᠬᠠᠩᠰᠢ ᠪᠠᠷ ᠹᠧᠩ ᠢᠦᠶ | ᠭᠠᠴᠠᠭᠠᠨ ᠤ 7100 ᠮᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠲᠠᠷᠢᠮᠠᠯ ᠤᠨ ᠲᠣᠮᠣ ᠡᠷᠦᠬᠡ 3100 | ᠮᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠹᠧᠩ ᠢᠦᠶ ᠭᠠᠴᠠᠭᠠᠨ ᠤ ᠠᠷᠠᠳ ᠤᠨ ᠵᠢᠯ ᠤᠨ ᠣᠷᠣᠯᠭ᠎ᠠ | 224.4 ᠲᠦᠮᠡᠨ ᠲᠥᠭᠦᠷᠢᠭ ᠨᠡᠮᠡᠭᠳᠡᠵᠦ᠂ ᠬᠥᠮᠦᠨ ᠳᠤᠮᠳᠠᠴᠢ ᠶᠢᠨ ᠣᠷᠣᠯᠭ᠎ᠠ 1000 ᠲᠥᠭᠦᠷᠢᠭ ᠣᠷᠴᠢᠮ | ᠨᠡᠮᠡᠭᠳᠡᠪᠡ᠃ 2017 ᠣᠨ ᠳᠤ ᠹᠧᠩ ᠢᠦᠶ ᠲᠣᠰᠬᠤᠨ 7 ᠬᠦᠯᠡᠮᠵᠢ ᠶᠢᠨ ᠫᠧᠩ ᠪᠠᠶᠢᠭᠤᠯᠵᠤ᠂ 2018 ᠣᠨ ᠳᠤ | 20000 ᠲᠥᠭᠦᠷᠢᠭ ᠤᠨ ᠦᠨ᠎ᠡ ᠪᠠᠷ ᠲᠠᠷᠢᠮᠠᠯ ᠤᠨ ᠡᠷᠦᠬᠡ ᠳᠤ ᠳᠠᠭᠠᠭᠠᠴᠢᠯᠠᠭᠤᠯᠪᠠ᠃ ᠬᠤᠶᠠᠷ ᠲᠤ ᠬᠤᠶᠠᠳᠤᠭᠠᠷ | ᠠᠵᠤ ᠦᠢᠯᠡᠰ ᠤᠨ ᠡᠳ᠋ᠰᠢᠭᠦᠯᠬᠦ ᠣᠶᠢᠯᠡᠰ ᠢ ᠰᠢᠯᠢᠳᠡᠭᠵᠢᠭᠦᠯᠦᠨ᠎ᠡ᠃ 2017 ᠣᠨ ᠳᠤ ᠲᠠᠷᠢᠶᠠᠯᠠᠩ ᠤᠨ | ᠲᠠᠷᠢᠮᠠᠯ ᠤᠨ ᠲᠤᠷᠰᠢᠯᠭ᠎ᠠ ᠪᠠᠷ ᠳᠠᠮᠵᠢᠨ᠂ ᠭᠠᠭᠴᠠ ᠬᠦ ᠪᠦᠲᠦᠭᠡᠭᠳᠡᠬᠦᠨ ᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠪᠡᠯ | ᠰᠠᠶ᠋ᠢ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠠᠩ ᠰᠠᠶᠢᠨ ᠳᠡᠭᠡᠭᠰᠢᠯᠡᠭᠦᠯᠵᠦ ᠴᠢᠳᠠᠨ᠎ᠠ ᠭᠡᠳᠡᠭ ᠢ | ᠢᠯᠡᠷᠡᠭᠦᠯᠵᠦ᠂ 2018 ᠣᠨ ᠤ ᠡᠬᠢ ᠪᠠᠷ ︽ᠯᠢᠦ ᠢᠦᠶ ᠬᠤᠩ︾ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠢ ᠡᠳ᠋ᠰᠢᠭᠦᠯᠬᠦ ᠣᠶᠢᠯᠡᠳᠪᠤᠷᠢ ᠶᠢ ᠪᠠᠶᠢᠭᠤᠯᠵᠤ᠂ ᠭᠤᠤᠯᠳᠠᠭᠤ ᠴᠢᠯᠠᠭᠤᠨ ᠲᠡᠭᠡᠷᠮ᠎ᠡ ᠶᠢᠨ ᠴᠠᠭᠠᠨ | ᠭᠤᠯᠢᠷ᠂ ᠴᠢᠯᠠᠭᠤᠨ ᠲᠡᠭᠡᠷᠮ᠎ᠡ ᠶᠢᠨ ᠶᠤᠤᠮᠠᠶ ᠶᠢᠨ ᠭᠤᠯᠢᠷ᠂ ᠬᠤᠮᠠ ᠶᠢᠨ ᠲᠣᠰᠣ ᠶᠢ ᠬᠦᠢᠲᠡᠨ ᠢᠶᠠᠷ ᠰᠢᠬᠠᠵᠤ᠂ | ᠬᠤᠮᠠ ᠶᠢᠨ ᠲᠣᠰᠣ ᠶᠢ ᠬᠠᠯᠠᠭᠤᠨ ᠢᠶᠠᠷ ᠰᠢᠬᠠᠵᠤ ᠪᠣᠶ᠃ 2018 ᠣᠨ ᠳᠤ ᠲᠣᠰᠬᠤᠨ ᠳᠤ ᠰᠠᠭᠤᠭ᠎ᠠ ᠠᠵᠤ | ᠠᠬᠤᠶᠢᠯᠠᠯ ᠥᠪᠥᠷ ᠮᠣᠩᠭᠤᠯ ᠤᠨ ᠶᠦᠨ ᠲᠢᠶᠠᠨ ᠬᠤᠸᠠ ᠺᠣᠮᠫᠠᠨᠢ ᠹᠧᠩ ᠢᠦᠶ ᠲᠣᠰᠬᠤᠨ ᠤ ᠠᠷᠠᠳ ᠤᠨ | ᠵᠥᠪᠯᠡᠯ ᠲᠠᠢ ᠬᠠᠮᠲᠤ ᠪᠠᠷ ︽ᠲᠦᠮᠡᠨ ᠲᠣᠨ ᠠᠮᠢᠳᠤ ᠪᠣᠳᠠᠰ ᠤᠨ ᠲᠦᠯᠡᠰᠢ ᠪᠣᠯᠪᠠᠰᠤᠷᠠᠭᠤᠯᠬᠤ ᠣᠶᠢᠯᠡᠳᠪᠤᠷᠢ︾ ᠶᠢ | ᠪᠠᠶᠢᠭᠤᠯᠵᠤ᠂ ᠹᠧᠩ ᠢᠦᠶ ᠲᠣᠰᠬᠤᠨ ᠵᠢᠴᠢ ᠡᠷᠭᠢᠨ ᠲᠣᠭᠤᠷᠢᠨ ᠤ ᠨᠢᠮᠭᠡ ᠳᠤ ᠡᠳ᠋ᠰᠢᠭᠦᠯᠭᠡ ᠬᠢᠵᠦ᠂ ᠲᠠᠷᠢᠶᠠᠴᠢᠨ | ᠡᠷᠦᠬᠡ ᠳᠤ 10 ᠲᠥᠭᠦᠷᠢᠭ ᠤᠨ ᠨᠥᠬᠦᠪᠥᠷᠢ ᠥᠭᠴᠦ᠂ ᠨᠢᠭᠡ ᠲᠣᠨ ᠣᠶᠢᠯᠡᠳᠪᠤᠷᠢᠯᠡᠬᠦ ᠪᠦᠷᠢ ᠲᠣᠰᠬᠤᠨ ᠤ | ᠬᠠᠮᠲᠤ ᠶᠢᠨ ᠠᠵᠤ ᠠᠬᠤᠶ ᠳᠤ 20 ᠲᠥᠭᠦᠷᠢᠭ ᠥᠭᠴᠦ᠂ 2018 ᠣᠨ ᠳᠤ ᠵᠢᠱᠢᠯᠲᠡ ᠪᠠᠷ ᠹᠧᠩ ᠢᠦᠶ | ᠲᠣᠰᠬᠤᠨ ᠳᠤ 5 ᠲᠦᠮᠡᠨ ᠲᠥᠭᠦᠷᠢᠭ ᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ ᠪᠣᠯᠤᠨ᠎ᠠ᠃ | ᠠᠵᠤ ᠣᠶᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠶᠢ ᠠᠰᠢᠭᠯᠠ᠂ ᠳ᠋ᠠ ᠯᠢᠤ ᠬᠤ᠋ ᠪᠠᠯᠭᠠᠰᠤᠨ ᠤ ᠴᠢᠤᠸᠠᠨ | ᠯᠢᠶᠠᠩ ᠶᠧ ᠠᠷᠢᠬᠢᠨ ᠣᠶᠢᠯᠡᠳᠪᠤᠷᠢ ᠳᠤ 50 ᠲᠦᠮᠡᠨ ᠲᠥᠭᠦᠷᠢᠭ ᠤᠨ ᠪᠠᠯᠠ ᠣᠷᠣᠭᠤᠯᠵᠤ᠂ 2018 ᠣᠨ ᠳᠤ 5 | ᠲᠦᠮᠡᠨ ᠲᠥᠭᠦᠷᠢᠭ ᠤᠨ ᠣᠷᠣᠯᠭ᠎ᠠ ᠣᠯᠵᠤ᠂ ᠪᠦᠬᠦᠨ ᠢ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠤ | ᠣᠷᠣᠭᠤᠯᠤᠨ᠎ᠠ᠃ ᠭᠤᠷᠪᠠ ᠳᠤ᠂ ᠭᠤᠷᠪᠠᠳᠤᠭᠠᠷ ᠠᠵᠤ ᠦᠢᠯᠡᠰ ᠤᠨ ᠣᠶᠢᠯᠡᠴᠢᠯᠡᠬᠡᠨ ᠤ ᠣᠶᠢᠯᠡᠰ ᠢ ᠬᠥᠭᠵᠢᠭᠦᠯᠦᠨ᠎ᠡ᠃ | 2017 ᠣᠨ ᠳᠤ ᠹᠧᠩ ᠢᠦᠶ ᠲᠣᠰᠬᠤᠨ ᠡᠷᠭᠢᠨ ᠲᠣᠭᠤᠷᠢᠨ ᠤ ᠬᠥᠳᠡᠯᠮᠦᠷᠢ ᠬᠦᠴᠦᠨ ᠢ ᠨᠢᠬᠡᠳᠬᠡᠨ ᠨᠢᠭᠡᠳᠬᠡᠵᠦ᠂ | ᠡᠷᠭᠢᠨ ᠲᠣᠭᠤᠷᠢᠨ ᠤ ᠠᠵᠤ ᠠᠬᠤᠶᠢᠯᠠᠯ ᠪᠣᠯᠤᠨ ᠲᠣᠮᠣ ᠡᠷᠦᠬᠡ ᠳᠤ ᠭᠠᠷᠭᠠᠨ ᠥᠭᠴᠦ᠂ ᠲᠣᠰᠬᠤᠨ ᠤ ᠠᠷᠠᠳ ᠤᠨ | ᠬᠥᠳᠡᠯᠮᠦᠷᠢ ᠬᠦᠴᠦᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠲᠡᠶ ᠬᠠᠪᠰᠤᠷᠤᠯᠭ᠎ᠠ ᠦᠵᠡᠭᠦᠯᠵᠦ᠂ ᠲᠣᠰᠬᠤᠨ ᠤ | ᠠᠷᠠᠳ ᠤᠨ ᠬᠥᠳᠡᠯᠮᠦᠷᠢ ᠬᠦᠴᠦᠨ ᠤ ᠣᠷᠣᠯᠭ᠎ᠠ ᠶᠢ ᠶᠡᠬᠡᠪᠡᠷ ᠳᠡᠭᠡᠭᠰᠢᠯᠡᠭᠦᠯᠪᠡ᠃ 2018 ᠣᠨ ᠳᠤ ᠬᠥᠳᠡᠯᠮᠦᠷᠢ | ᠬᠦᠴᠦᠨ ᠤ ᠭᠠᠷᠭᠠᠯᠲᠠ ᠶᠢ ᠦᠷᠭᠦᠯᠵᠢᠯᠡᠨ ᠠᠬᠢᠭᠤᠯᠵᠤ᠂ ᠪᠦᠬᠦ ᠵᠢᠯ ᠳᠤ ᠬᠥᠳᠡᠯᠮᠦᠷᠢ ᠬᠦᠴᠦᠨ ᠤ ᠭᠠᠷᠭᠠᠯᠲᠠ ᠶᠢ | 18300 ᠭᠠᠷᠤᠢ ᠬᠥᠮᠦᠨ ᠤᠳᠠᠭ᠎ᠠ ᠳᠤ ᠬᠦᠷᠭᠡᠵᠦ᠂ ᠶᠡᠷᠦᠩᠬᠡᠢ ᠣᠷᠣᠯᠭ᠎ᠠ ᠨᠢ 210 ᠲᠦᠮᠡᠨ ᠲᠥᠭᠦᠷᠢᠭ ᠲᠤ | ᠬᠦᠷᠴᠡᠢ᠃ ᠡᠭᠦᠨ ᠤ ᠳᠤ ᠳᠣᠲᠣᠷ᠎ᠠ ᠲᠣᠰᠬᠤᠨ ᠠᠴᠠ ᠡᠷᠬᠢᠯᠡᠭᠰᠡᠨ ᠠᠵᠤ ᠠᠬᠤᠶᠢᠯᠠᠯ 60 ᠲᠦᠮᠡᠨ ᠲᠥᠭᠦᠷᠢᠭ᠂ | ᠶᠦᠨ ᠲᠢᠶᠠᠨ ᠬᠤᠸᠠ ᠺᠣᠮᠫᠠᠨᠢ 35 ᠲᠦᠮᠡᠨ ᠲᠥᠭᠦᠷᠢᠭ᠂ ᠬᠤᠩ ᠢᠦᠶ ᠠᠷᠠᠯᠵᠢᠶ᠎ᠠ ᠬᠤᠳᠠᠯᠳᠤᠭᠠᠨ ᠤ ᠺᠣᠮᠫᠠᠨᠢ 10 | ᠲᠦᠮᠡᠨ ᠲᠥᠭᠦᠷᠢᠭ᠂ ᠱᠧᠩ ᠯᠢ ᠲᠠᠷᠢᠶᠠᠯᠠᠩ ᠤᠨ ᠮᠠᠰᠢᠨ ᠤ ᠬᠤᠷᠰᠢᠶ᠎ᠠ 10 ᠲᠦᠮᠡᠨ ᠲᠥᠭᠦᠷᠢᠭ᠂ ᠪᠦᠲᠦᠭᠡᠨ | ᠪᠠᠶᠢᠭᠤᠯᠤᠯᠲᠠ ᠬᠢᠬᠦ ᠠᠵᠢᠯᠴᠢᠨ 10 ᠲᠦᠮᠡᠨ ᠲᠥᠭᠦᠷᠢᠭ ︵ᠵᠠᠮ ᠵᠠᠰᠠᠬᠤ ᠠᠵᠢᠯᠴᠢᠨ 5 ᠲᠦᠮᠡᠨ ᠲᠥᠭᠦᠷᠢᠭ᠂ | ᠰᠢᠨ᠎ᠡ ᠲᠣᠰᠬᠤᠨ ᠪᠠᠶᠢᠭᠤᠯᠬᠤ ᠠᠵᠢᠯᠴᠢᠨ 5 ᠲᠦᠮᠡᠨ ᠲᠥᠭᠦᠷᠢᠭ︶᠂ ᠲᠣᠮᠣ ᠡᠷᠦᠬᠡ 83 ᠲᠦᠮᠡᠨ ᠲᠥᠭᠦᠷᠢᠭ ︵ | ᠺᠠᠩ ᠫᠢᠩ ᠰᠠᠭᠤᠷᠢᠨ ᠭᠠᠵᠠᠷ 10 ᠲᠦᠮᠡᠨ ᠲᠥᠭᠦᠷᠢᠭ᠂ ᠰᠧ ᠮᠠᠤ ᠰᠠᠭᠤᠷᠢᠨ ᠭᠠᠵᠠᠷ 30 ᠲᠦᠮᠡᠨ ᠲᠥᠭᠦᠷᠢᠭ᠂ | ᠪᠥᠬᠦ ᠴᠡᠷᠢᠭ ᠤᠨ ᠰᠠᠭᠤᠷᠢᠨ ᠭᠠᠵᠠᠷ 20 ᠲᠦᠮᠡᠨ ᠲᠥᠭᠦᠷᠢᠭ᠂ ᠵᠤᠤ ᠢᠦᠶ ᠶᠢᠨ ᠰᠠᠭᠤᠷᠢᠨ ᠭᠠᠵᠠᠷ 15 ᠲᠦᠮᠡᠨ | ᠲᠥᠭᠦᠷᠢᠭ᠂ ᠶᠠᠩ ᠷᠦᠨ ᠰᠢ ᠰᠠᠭᠤᠷᠢᠨ ᠭᠠᠵᠠᠷ 5 ᠲᠦᠮᠡᠨ ᠲᠥᠭᠦᠷᠢᠭ᠂ ᠸᠠᠩ ᠵᠢᠶᠦ᠋ᠨ ᠸᠧᠶ ᠰᠠᠭᠤᠷᠢᠨ ᠭᠠᠵᠠᠷ 3 | ᠲᠦᠮᠡᠨ ᠲᠥᠭᠦᠷᠢᠭ︶᠃ 2018 ᠣᠨ ᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠠᠪᠰᠤᠷᠤᠯᠭ᠎ᠠ ᠳᠣᠤᠷ᠎ᠠ᠂ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠳᠡᠭᠡᠰᠦ | ᠰᠤᠷᠭᠠᠭᠤᠯᠢ ᠲᠠᠢ ᠬᠠᠮᠲᠤᠷᠠᠯᠴᠠᠬᠤ ᠪᠠᠷ ᠳᠠᠮᠵᠢᠭᠤᠯᠤᠨ᠂ ︽ᠡᠯᠪᠡᠭ ᠳᠡᠯᠪᠡᠭ ᠲᠠᠷᠢᠶᠠᠴᠢᠨ ᠤ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ︾ ᠢ ᠪᠠᠶᠢᠭᠤᠯᠤᠨ ᠳᠠᠭᠤᠰᠬᠠᠵᠤ᠂ | ᠮᠠᠯᠴᠢᠨ ᠲᠠᠷᠢᠶᠠᠴᠢᠨ ᠢ ᠬᠠᠪᠰᠤᠷᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠥᠬᠦ | ᠭᠡᠷ ᠤᠨ ᠪᠠᠶᠠᠵᠢᠬᠤ ᠶᠢ ᠳᠠᠶᠢᠴᠢᠯᠠᠪᠠ᠃ | ᠰᠤᠷᠪᠤᠯᠵᠢᠯᠠᠭᠴᠢ᠄ ᠦᠢᠯᠡᠳᠦᠯᠭᠡ ᠪᠣᠯ ᠦᠵᠡᠯ ᠰᠠᠨᠠᠭ᠎ᠠ ᠮᠥᠨ᠂ ᠦᠵᠡᠯ ᠰᠠᠨᠠᠭ᠎ᠠ ᠪᠣᠯ ᠦᠢᠯᠡᠳᠦᠯᠭᠡ ᠶᠢ | ᠵᠢᠯᠣᠭᠤᠳᠴᠤ ᠪᠠᠶᠢᠳᠠᠭ᠃ ᠴᠢ ᠪᠣᠯ ᠨᠢᠭᠡᠨ ᠬᠥᠳᠡᠭᠡ ᠲᠣᠰᠬᠤᠨ ᠤ ᠦᠵᠡᠯ ᠰᠠᠨᠠᠭᠠᠨ ᠤ ᠤᠶᠢᠯᠡᠳᠤᠯᠬᠡ᠂ ᠡᠩ ᠤᠨ | ᠦᠶ᠎ᠡ ᠳᠤ ᠹᠧᠩ ᠢᠦᠶ ᠲᠣᠰᠬᠤᠨ ᠳᠤ ᠶᠠᠮᠠᠷ ᠶᠠᠮᠠᠷ ᠠᠵᠢᠯ ᠬᠢᠳᠡᠭ ᠪᠣᠶ︖ | ᠸᠠᠩ ᠵᠢᠶᠧ᠄ ᠣᠨᠣᠪᠴᠢᠲᠠᠶ ᠣᠶᠢᠯᠭᠠᠨ ᠵᠢᠭᠰᠠᠭᠠᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠭᠦᠨ᠎ᠡ᠃ | ᠨᠢᠭᠡ ᠳᠤ ᠰᠠᠭᠤᠷᠢ ᠲᠤᠭ᠎ᠠ ᠶᠢ ᠲᠣᠭᠲᠠᠭᠠᠵᠤ᠂ ᠲᠡᠳᠬᠦᠬᠦ ᠡᠲᠡᠭᠡᠳ ᠢ ᠣᠨᠣᠪᠴᠢᠲᠠᠶ ᠪᠠᠶᠢᠯᠭᠠᠨ᠎ᠠ᠃ ᠭᠠᠴᠠᠭᠠᠨ ᠤ | ᠠᠷᠠᠳ ᠤᠨ ᠵᠥᠪᠯᠡᠯ ᠤᠨ ︽ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ︾᠂ ︽ᠡᠷᠭᠢᠵᠦ ᠬᠠᠷᠠᠭᠰᠠᠨ︾ | ᠠᠵᠢᠯ ᠤᠨ ᠰᠠᠭᠤᠷᠢᠨ ᠳᠡᠭᠡᠷ᠎ᠡ ᠲᠦᠷᠦᠭᠦᠯᠡᠨ ᠳᠠᠬᠢᠨ ᠨᠢᠭᠡ ᠤᠳᠠᠭ᠎ᠠ ᠡᠷᠦᠬᠡ ᠳᠤ ᠬᠦᠷᠴᠦ ᠬᠠᠷᠭᠤᠭᠤᠯᠤᠨ | ᠪᠠᠶᠢᠴᠠᠭᠠᠵᠤ᠂ ᠬᠠᠮᠢᠶ᠎ᠠ ᠪᠦᠬᠦᠢ ᠪᠠᠶᠢᠳᠠᠯ ᠢ ᠣᠶᠢᠯᠭᠠᠨ᠂ ᠪᠤᠢ ᠪᠦᠬᠦᠢ ᠶᠠᠳᠠᠭᠤ ᠬᠦᠴᠢᠷᠳᠡᠯᠲᠡᠶ ᠡᠷᠦᠬᠡ ᠶᠢ ᠡᠷᠦᠬᠡ | ᠳᠠᠷᠠᠭᠠᠯᠠᠨ ᠰᠤᠷᠪᠤᠯᠵᠢᠯᠠᠨ ᠪᠠᠶᠢᠴᠠᠭᠠᠵᠤ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠤᠨ᠂ | ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠷᠭᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠦᠰᠡᠯ ᠰᠠᠨᠠᠭ᠎ᠠ ᠶᠢ | ᠤᠶᠢᠯᠠᠭᠠᠨ᠎ᠠ᠃ ᠭᠠᠳᠠᠭᠰᠢ ᠭᠠᠷᠴᠤ ᠪᠠᠶᠢᠭ᠎ᠠ ᠶᠠᠳᠠᠭᠤ ᠬᠦᠴᠢᠷᠳᠡᠯ ᠲᠠᠢ ᠡᠷᠦᠬᠡ ᠲᠠᠢ ᠤᠲᠠᠰᠤ ᠪᠠᠷ ᠬᠠᠷᠢᠯᠴᠠᠵᠤ᠂ ︽ | ᠳᠤᠲᠠᠭᠳᠠᠵᠤ ᠪᠣᠯᠤᠰᠢ ᠦᠭᠡᠢ᠂ ᠴᠥᠭᠡᠨ ᠪᠤᠰᠤ ᠬᠥᠮᠦᠨ︾ ᠢ ᠦᠨᠡᠨ ᠬᠦ ᠪᠠᠶᠢᠴᠠᠭᠠᠨ ᠤᠬᠠᠭᠤᠯᠬᠤ ᠬᠡᠷᠡᠭᠲᠡᠶ᠃ | ᠬᠤᠶᠠᠷ ᠲᠤ᠂ ᠦᠨᠳᠦᠰᠦ ᠰᠤᠷᠪᠤᠯᠵᠢ ᠶᠢ ᠡᠪᠳᠡᠵᠤ᠂ ᠶᠠᠳᠠᠭᠤ ᠠᠴᠠ ᠠᠩᠭᠢᠵᠢᠷᠠᠭᠤᠯᠬᠤ ᠠᠷᠭ᠎ᠠ ᠶᠢ ᠰᠤᠳᠤᠯᠤᠨ᠎ᠠ᠃ | ᠪᠠᠶᠢᠳᠠᠯ ᠢ ᠭᠦᠨᠵᠡᠭᠡᠶ ᠣᠶᠢᠯᠭᠠᠭᠰᠠᠨ ᠰᠠᠭᠤᠷᠢᠨ ᠳᠡᠭᠡᠷ᠎ᠡ᠂ ︽ᠲᠠᠪᠤᠨ ᠨᠢᠭᠡ ᠪᠦᠯᠦᠭ︾ ᠤᠨ ᠶᠠᠳᠠᠭᠤ ᠶᠢ ᠲᠡᠳᠬᠦᠬᠦ | ᠰᠢᠪᠲᠤᠯᠤᠯᠲᠠ ᠶᠢᠨ ᠬᠡᠷᠡᠭᠵᠢᠭᠦᠯᠬᠦ ᠲᠥᠰᠦᠯ ᠶᠣᠰᠣᠭᠠᠷ᠂ ᠹᠧᠩ ᠢᠦᠶ ᠭᠠᠴᠠᠭᠠᠨ ᠤ ᠠᠷᠠᠳ ᠤᠨ ᠵᠥᠪᠯᠡᠯ ᠤᠨ | ᠣᠶᠢᠯᠡᠳᠪᠤᠷᠢᠯᠡᠯ ᠠᠮᠢᠳᠤᠷᠠᠯ ᠤᠨ ᠣᠷᠴᠢᠨ ᠲᠣᠭᠤᠷᠢᠨ ᠤ ᠣᠨᠴᠠᠯᠢᠭ ᠲᠠᠢ ᠤᠶᠠᠯᠳᠤᠭᠤᠯᠤᠨ᠂ ᠰᠢᠶᠠᠩ ᠪᠠᠯᠭᠠᠰᠤ | ᠵᠢᠴᠢ ᠭᠠᠴᠠᠭᠠᠨ ᠤ ᠠᠷᠠᠳ ᠤᠨ ᠵᠥᠪᠯᠡᠯ ᠢ ᠬᠠᠮᠵᠢᠨ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠡᠷᠦᠬᠡ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠨᠢᠭᠡ ᠬᠤᠪᠢ ᠶᠠᠳᠠᠭᠤ ᠶᠢ ᠲᠡᠳᠬᠦᠬᠦ | ᠠᠷᠭ᠎ᠠ ᠬᠡᠮᠵᠢᠶᠡᠨ ᠤ ᠰᠠᠨᠠᠮᠵᠢ ᠪᠢᠴᠢᠭ ᠲᠣᠭᠲᠠᠭᠠᠵᠤ᠂ ᠳᠠᠷᠠᠭ᠎ᠠ ᠨᠢ ᠶᠠᠳᠠᠭᠤ ᠬᠦᠴᠢᠷᠳᠡᠯᠲᠡᠶ ᠡᠷᠦᠬᠡ ᠲᠠᠢ | ᠵᠣᠯᠭᠠᠯᠳᠤᠭᠤᠯᠤᠨ ᠰᠠᠨᠠᠯ ᠬᠤᠷᠢᠶᠠᠵᠤ᠂ ᠡᠴᠦᠰ ᠲᠡᠭᠡᠨ ᠲᠣᠰ ᠡᠷᠦᠬᠡ ᠶᠢᠨ ᠪᠣᠳᠠᠲᠠᠶ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠲᠣᠭᠲᠠᠭᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠯᠠᠪᠳᠠᠭᠤᠨ ᠢᠶᠠᠷ ᠠᠬᠢᠭᠤᠯᠪᠠ᠃ | ᠰᠤᠷᠪᠤᠯᠵᠢᠯᠠᠭᠴᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠮᠦᠨ ᠪᠣᠯ ᠵᠠᠩᠭᠢᠯᠠᠭ᠎ᠠ | ᠪᠣᠯᠤᠨ᠎ᠠ᠃ ᠹᠧᠩ ᠢᠦᠶ ᠲᠣᠰᠬᠤᠨ ︽ᠬᠥᠮᠦᠨ ᠢᠶᠠᠷ ᠦᠨᠳᠦᠰᠦ ᠪᠣᠯᠭᠠᠬᠤ︾ ᠡᠨᠡ ᠬᠦ ᠬᠢᠴᠢᠶᠡᠯ ᠢ ᠬᠡᠷᠬᠢᠨ ᠰᠠᠶᠢᠨ | ᠰᠣᠷᠣᠭᠰᠠᠨ ᠪᠣᠶ︖ | ᠸᠠᠩ ᠵᠢᠶᠧ᠄ ᠹᠧᠩ ᠢᠦᠶ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠡᠭᠦᠷᠭᠡ | ᠲᠣᠭᠲᠠᠭᠠᠵᠤ᠂ ᠬᠦᠢᠴᠡᠳᠭᠡᠬᠦ ᠲᠤᠭ᠎ᠠ ᠪᠠᠭᠤᠯᠭᠠᠵᠤ᠂ ᠣᠯᠠᠨ ᠵᠣᠶᠢᠯ ᠤᠨ ᠠᠷᠭ᠎ᠠ ᠬᠡᠯᠪᠡᠷᠢ ᠪᠠᠷ ᠭᠠᠳᠠᠭᠠᠳᠤ ᠳᠤ | ᠭᠠᠷᠴᠤ ᠪᠠᠶᠢᠭ᠎ᠠ ᠴᠢᠳᠠᠪᠤᠷᠢᠲᠠᠨ ᠳᠤ ᠬᠥᠭᠵᠢᠯᠲᠡ᠂ ᠬᠤᠪᠢᠷᠠᠯᠲᠠ ᠶᠢ ᠶᠠᠷᠢᠵᠤ᠂ ᠨᠥᠬᠦᠴᠡᠯ ᠳᠤᠷᠠᠳᠴᠤ᠂ ᠲᠡᠳᠡᠨ ᠢ | ᠲᠣᠰᠬᠤᠨ ᠳᠠᠭᠠᠨ ᠪᠤᠴᠠᠵᠤ ᠣᠶᠢᠯᠡᠰ ᠪᠣᠰᠬᠠᠬᠤ ᠪᠠᠷ ᠴᠢᠷᠮᠠᠶᠢᠨ᠎ᠠ᠃ ᠨᠠᠮ ᠤᠨ ᠡᠭᠦᠷ ᠪᠠ ᠭᠠᠴᠠᠭᠠᠨ ᠤ ᠠᠷᠠᠳ ᠤᠨ | ᠵᠥᠪᠯᠡᠯ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠡᠳᠡᠨ ᠳᠤ ᠠᠵᠢᠯ ᠣᠯᠭᠤᠬᠤ ᠠᠵᠢᠯ ᠤᠨ ᠪᠠᠶᠢᠷᠢ | ᠨᠡᠮᠡᠭᠳᠡᠭᠦᠯᠵᠦ᠂ ᠲᠡᠳᠡᠨ ᠤ ᠪᠡᠶ᠎ᠡ ᠶᠢ ᠨᠢ ᠦᠵᠡᠵᠦ ᠪᠠᠶᠢᠭᠠᠳ ᠠᠵᠢᠯ ᠣᠶᠢᠯᠡᠰ ᠴᠣᠭᠴᠠᠯᠠᠬᠤ ᠬᠥᠭᠵᠢᠯᠲᠡ ᠶᠢᠨ | ᠲᠥᠯᠥᠪᠯᠡᠭᠡ ᠲᠣᠭᠲᠠᠭᠠᠵᠤ ᠥᠭᠪᠡ᠃ | ᠣᠳᠣᠬᠠᠨ ᠤ ᠬᠥᠳᠡᠭᠡ ᠲᠣᠰᠬᠤᠨ ᠤ ᠬᠥᠳᠡᠭᠡ ᠲᠣᠰᠬᠤᠨ ᠤ ᠰᠤᠷᠲᠠᠯ ᠠᠷᠠᠳ ᠤᠨ ᠰᠤᠷᠲᠠᠯ ᠤᠨ ᠲᠠᠯ᠎ᠠ ᠪᠠᠷ | ᠣᠷᠣᠰᠢᠵᠤ ᠪᠠᠶ᠋ᠭ᠎ᠠ ᠮᠠᠭᠤ ᠦᠵᠡᠭᠳᠡᠯ᠂ ᠮᠠᠭᠤ ᠬᠡᠪ ᠰᠤᠷᠲᠠᠯ ᠪᠣᠯᠤᠨ ᠮᠠᠭᠤ ᠵᠠᠩ ᠳᠠᠳᠬᠠᠯ ᠳᠤ ᠴᠢᠭᠯᠡᠭᠦᠯᠦᠨ᠂ ᠨᠠᠮ | ᠪᠠ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ︽ᠳᠣᠬᠢᠭᠤᠷ︾ ᠢ ᠪᠠᠳᠠᠷᠠᠭᠤᠯᠵᠤ᠂ ᠣᠷᠤᠭ ᠬᠤᠷᠢᠮ | ᠪᠡᠯᠪᠡᠰᠦᠷᠡᠯ ᠤᠨ ᠶᠣᠰᠣ ᠵᠠᠩᠰᠢᠯ ᠢ ᠴᠡᠭᠴᠡᠯᠡᠨ ᠵᠠᠰᠠᠬᠤ᠂ ᠲᠡᠷᠢᠭᠦᠨ ᠤ ᠰᠣᠶᠣᠯ ᠢᠶᠠᠷ ᠠᠷᠠᠳ ᠢ ᠪᠠᠶᠠᠰᠬᠠᠬᠤ᠂ ᠰᠠᠶᠢᠨ | ᠳᠤᠷ᠎ᠠ ᠶᠢᠨ ᠣᠶᠢᠯᠡᠳᠤᠯᠬᠡ ᠶᠢ ᠲᠦᠭᠡᠮᠡᠯᠵᠢᠭᠦᠯᠬᠦ ᠵᠡᠷᠭᠡ ᠲᠠᠯ᠎ᠠ ᠪᠠᠷ ᠭᠠᠷᠳᠠᠨ ᠬᠢᠬᠦ ᠵᠣᠶᠢᠯ ᠪᠣᠯᠭᠠᠵᠤ᠂ ᠰᠢᠨᠵᠢᠯᠡᠬᠦ | ᠤᠬᠠᠭᠠᠨᠴᠢ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠣᠯᠤᠨ ᠦᠢᠯᠡ ᠠᠵᠢᠯᠯᠠᠭ᠎ᠠ ᠶᠢᠨ | ᠳᠠᠳᠬᠠᠯ ᠢ ᠢᠳᠡᠪᠬᠢᠲᠡᠶ ᠪᠠᠷ ᠰᠠᠨᠠᠭᠠᠴᠢᠯᠠᠵᠤ᠂ ᠪᠣᠯᠪᠠᠰᠤᠨ ᠵᠣᠯ ᠵᠢᠷᠭᠠᠯ ᠲᠠᠢ ᠰᠢᠨ᠎ᠡ ᠬᠥᠳᠡᠭᠡ ᠲᠣᠰᠬᠤᠨ ᠢ | ᠬᠦᠴᠦᠯᠡᠨ ᠪᠤᠢ ᠪᠣᠯᠭᠠᠬᠤ ᠬᠡᠷᠡᠭᠲᠡᠶ᠃ | ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ | ᠨᠠᠮ ᠤᠨ ᠭᠡᠰᠢᠭᠦᠨ ᠰᠠᠶᠢᠨ ᠳᠤᠷ᠎ᠠ ᠶᠢᠨ ᠣᠶᠢᠯᠡᠴᠢᠯᠡᠬᠡᠨ ᠤ ᠠᠩᠭᠢ ᠪᠠᠷ ᠲᠦᠷᠦᠭᠦᠯᠡᠭᠦᠯᠦᠨ᠂ ᠶᠠᠳᠠᠭᠤ ᠬᠦᠴᠢᠷᠳᠡᠯᠲᠡᠶ | ᠣᠯᠠᠨ ᠲᠦᠮᠡᠨ᠂ ᠭᠡᠷ ᠲᠡᠭᠡᠨ ᠬᠤᠴᠣᠷᠤᠭᠰᠠᠨ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠤᠬᠡᠳ᠂ ᠵᠡᠮᠳᠡᠭ ᠬᠥᠮᠦᠰ | ᠵᠡᠷᠭᠡ ᠪᠠᠷ ᠭᠤᠤᠯᠳᠠᠯᠭ᠎ᠠ ᠲᠠᠢ ᠣᠶᠢᠯᠡᠴᠢᠯᠡᠬᠦ ᠡᠲᠡᠭᠡᠳ ᠪᠣᠯᠭᠠᠵᠤ᠂ ᠠᠵᠢᠯ ᠤᠨ ᠪᠠᠶᠢᠷᠢ ᠲᠤᠬᠢᠷᠠᠭᠤᠯᠤᠨ | ᠬᠠᠷᠢᠭᠤᠴᠠᠯᠭ᠎ᠠ ᠲᠣᠭᠲᠠᠭᠠᠬᠤ᠂ ᠲᠥᠪᠯᠡᠷᠡᠭᠦᠯᠦᠨ ᠣᠶᠢᠯᠡᠴᠢᠯᠡᠬᠦ᠂ ᠬᠤᠤᠰᠯᠠᠵᠤ ᠬᠠᠪᠰᠤᠷᠤᠨ ᠲᠡᠳᠬᠦᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠪᠠᠶᠢᠩᠭᠤ ᠶᠢᠨ ᠴᠢᠨᠠᠷᠲᠠᠶ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠠᠶᠢᠨ ᠳᠤᠷ᠎ᠠ ᠶᠢᠨ ᠣᠶᠢᠯᠡᠴᠢᠯᠡᠬᠡᠨ ᠤ ᠰᠠᠶᠢᠨ ᠦᠷ᠎ᠡ ᠪᠦᠲᠦᠮᠵᠢ ᠪᠠᠷ ᠬᠥᠳᠡᠭᠡ ᠲᠣᠰᠬᠤᠨ ᠤ ᠵᠠᠩ | ᠰᠤᠷᠲᠠᠯ ᠤᠨ ᠪᠣᠯᠪᠠᠰᠤᠨ ᠢ ᠬᠥᠲᠥᠯᠥᠨ ᠳᠠᠭᠠᠭᠤᠯᠤᠨ᠎ᠠ᠃ | ︽ᠵᠣᠷᠢᠭᠲᠠᠶ ᠪᠠᠷ ᠥᠭᠡᠷᠡᠴᠢᠯᠡᠯᠲᠡ ᠬᠢᠵᠦ᠂ ᠵᠣᠷᠢᠭᠲᠠᠶ ᠪᠠᠷ ᠰᠢᠨ᠎ᠡ ᠶᠢ ᠡᠭᠦᠳᠴᠣ᠂ ᠠᠵᠤ ᠠᠬᠤᠢ ᠶᠢᠨ | ᠬᠥᠭᠵᠢᠯᠲᠡ ᠶᠢᠨ ᠥᠪᠡᠷᠮᠢᠴᠡ ᠵᠠᠮ ᠢᠨᠡᠭᠡᠭᠡᠪᠡ᠃ ︽ᠵᠢᠷᠭᠤᠭ᠎ᠠ ᠶᠢ ᠢᠮᠠᠭᠲᠠ ᠪᠠᠷᠢᠮᠲᠠᠯᠠᠵᠤ᠂ ᠲᠠᠪᠤᠨ ᠬᠠᠷᠢᠴᠠᠭ᠎ᠠ ᠶᠢ | ᠵᠥᠪ ᠣᠨᠣᠪᠴᠢᠲᠠᠶ ᠰᠢᠢᠳᠪᠤᠷᠢᠯᠡᠬᠦ ᠬᠡᠷᠡᠭᠲᠡᠶ᠃︾ ︽ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ | ᠬᠦᠴᠢᠷᠳᠡᠯᠲᠡᠶ ᠣᠯᠠᠨ ᠲᠦᠮᠡᠨ ᠢ ᠲᠡᠳᠬᠦᠬᠦ ᠁ | ︽ᠰᠡᠳᠬᠢᠯ ᠲᠣᠭᠲᠠᠭᠤᠨ︾ ᠠᠭᠤᠯᠠ ᠨᠢ ᠬᠠᠰ ᠪᠣᠯᠵᠤ ︽ᠲᠣᠭᠲᠠᠯ ᠬᠦᠴᠦᠨ︾ ᠨᠢ ᠬᠥᠷᠥᠰᠥ ᠬᠤᠪᠢᠷᠠᠨ | ᠠᠯᠲᠠ ᠪᠣᠯᠤᠨ᠎ᠠ᠃ ᠹᠧᠩ ᠢᠦᠶ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠤᠶᠢᠯᠡᠳᠤᠯᠬᠡ ᠨᠢ ᠴᠢᠷᠮᠠᠶᠢᠨ | ᠲᠡᠮᠡᠴᠡᠬᠦ ᠬᠦᠴᠦᠨ ᠴᠢᠳᠠᠯ ᠪᠣᠯᠤᠨ ᠡᠯᠪᠡᠭ ᠬᠤᠷᠢᠶᠠᠯᠲᠠ ᠶᠢ ᠭᠡᠷᠡᠴᠢᠯᠡᠪᠡ᠃ ᠹᠧᠩ ᠢᠦᠶ ᠲᠣᠰᠬᠤᠨ ᠤ ᠶᠠᠳᠠᠭᠤ ᠠᠴᠠ | ᠠᠩᠭᠢᠵᠢᠷᠠᠭᠰᠠᠨ ᠲᠡᠤᠬᠡᠨ ᠶᠠᠪᠤᠴᠠ ᠶᠢ ᠡᠷᠭᠢᠴᠡᠭᠦᠯᠬᠦᠶ᠎ᠡ᠂ ᠨᠠᠮ ᠤᠨ ᠪᠠᠢᠭᠤᠯᠤᠯᠲᠠ ᠬᠠᠮᠲᠤᠷᠠᠯ ᠬᠦᠴᠦᠨ ᠢ ᠬᠥᠳᠡᠯᠦᠨ | ᠳᠠᠭᠠᠭᠤᠯᠵᠤ᠂ ᠳᠤᠲᠠᠭᠤᠳᠠᠯ ᠢ ᠨᠥᠬᠦᠪᠥᠷᠢᠯᠡᠵᠦ᠂ ᠠᠵᠤ ᠣᠶᠢᠯᠡᠰ ᠢᠶᠠᠷ ᠶᠠᠳᠠᠭᠤ ᠶᠢ ᠲᠡᠳᠬᠦᠵᠦ ᠣᠷᠣᠯᠭ᠎ᠠ ᠪᠠᠨ | ᠨᠡᠮᠡᠭᠳᠡᠭᠦᠯᠬᠦ ᠶᠢ ᠪᠠᠲᠤᠯᠠᠵᠤ᠂ ︽ᠪᠠᠭᠤᠷᠠᠶ ᠠᠴᠠ ᠪᠠᠨ ᠬᠦᠴᠦᠷᠬᠡᠭᠵᠢᠬᠦ᠂ ᠠᠵᠢᠯ ᠬᠢᠬᠦ ᠶᠢ ᠬᠦᠯᠢᠶᠡᠵᠦ᠂ ᠶᠠᠳᠠᠭᠤ ᠠᠴᠠ | ᠴᠢᠨᠡᠭᠡᠯᠢᠭᠵᠢᠬᠦ︾ ᠳᠠᠪᠠᠯᠲᠠ ᠶᠢᠨ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃ | ᠣᠷᠴᠢᠭᠤᠯᠣᠭᠴᠢ᠄ ᠡᠷᠳᠡᠨᠢᠴᠢᠮᠡᠭ | |