ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠬᠠᠰᠤᠵᠤ ᠬᠡᠯᠲᠦᠷᠢᠭᠦᠯᠬᠦ ᠰᠤᠶᠢᠳᠭᠡᠯ 72.05 ᠲᠦᠮᠡᠨ ᠲᠥᠭᠦᠷᠢᠭ
ᠨᠡᠶᠢᠲᠡᠯᠡᠭᠰᠡᠨ ᠴᠠᠭ᠄
2019-12-02
        ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠬᠠᠰᠤᠵᠤ ᠬᠡᠯᠲᠦᠷᠢᠭᠦᠯᠬᠦ ᠰᠤᠶᠢᠳᠭᠡᠯ         72.05 ᠲᠦᠮᠡᠨ ᠲᠥᠭᠦᠷᠢᠭ        ᠡᠨᠡ ᠵᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠥᠷᠥ ᠶᠢᠨ ᠶᠠᠪᠤᠳᠠᠯ ᠤᠨ ᠬᠤᠷᠢᠶᠠᠨ ᠤ ᠭᠠᠶᠢᠯᠢ ᠬᠥᠩᠭᠡᠯᠡᠬᠦ ᠵᠢᠷᠭᠤᠭᠠᠨ ᠵᠣᠶᠢᠯ ᠤᠨ ᠲᠥᠷᠥ ᠶᠢᠨ ᠪᠣᠳᠣᠯᠭ᠎ᠠ ᠪᠣᠯᠤᠨ ᠭᠠᠶᠢᠯᠢ ᠬᠥᠩᠭᠡᠯᠡᠬᠦ ᠳᠣᠯᠣᠭᠠᠨ ᠵᠣᠶᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠵᠢᠯ ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠠᠶᠢᠯᠢ ᠬᠥᠩᠭᠡᠯᠡᠬᠦ ᠶᠢ ᠨᠠᠶᠢᠳᠠᠪᠤᠷᠢᠵᠢᠭᠤᠯᠬᠤ ᠭᠤᠭᠴᠤᠭ᠎ᠠ ᠶᠢ ᠨᠡᠪᠲᠡᠷᠡᠭᠦᠯᠵᠦ᠂ ᠡᠯ᠎ᠡ ᠵᠣᠶᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ 10 ᠰᠠᠷ᠎ᠠ ᠶᠢᠨ ᠡᠴᠦᠰ ᠪᠣᠯᠲᠠᠯ᠎ᠠ᠂ ᠮᠠᠨ ᠤ ᠬᠤᠰᠢᠭᠤ ᠨᠢ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠂ ᠭᠠᠶᠢᠯᠢ ᠲᠤᠰᠢᠶᠠᠭᠴᠢ ᠠᠴᠠ ᠨᠡᠶᠢᠲᠡ 72.05 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠪᠡ᠃                                                              ᠵᠣᠬᠢᠶᠠᠭᠴᠢ᠄ ᠶᠠᠩ ᠵᠣᠣ ᠨᠢᠩ                                                              ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号