ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠶᠡᠷᠦᠩᠬᠡᠶ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠶᠠᠷᠢᠶᠠᠨ‌‍ᠤ ᠵᠣᠷᠢᠭ ᠰᠠᠨᠠᠭ᠎ᠠ ᠶᠢ ᠰᠤᠷᠤᠯᠴᠠᠬᠤ ᠵᠢᠴᠢ ᠤᠳᠤᠷᠢᠳᠬᠤ ᠺᠠᠳ᠋ᠷᠴᠤᠳ ᠤᠨ ᠨᠠᠮ ᠤᠨ ᠬᠢᠴᠢᠶᠡᠯ ᠣᠷᠣᠵᠤ ᠰᠤᠷᠤᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2019-12-02
        ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ         ᠶᠡᠭᠡ ᠬᠤᠷᠠᠯ ᠶᠡᠷᠦᠩᠬᠡᠶ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠶᠠᠷᠢᠶᠠᠨ ᠤ         ᠵᠣᠷᠢᠭ ᠰᠠᠨᠠᠭ᠎ᠠ ᠶᠢ ᠰᠤᠷᠤᠯᠴᠠᠬᠤ ᠵᠢᠴᠢ ᠤᠳᠤᠷᠢᠳᠬᠤ ᠺᠠᠳ᠋ᠷᠴᠤᠳ ᠤᠨ ᠨᠠᠮ ᠤᠨ         ᠬᠢᠴᠢᠶᠡᠯ ᠣᠷᠣᠵᠤ ᠰᠤᠷᠤᠯᠴᠠᠬᠤ ᠬᠤᠷᠠᠯ ᠬᠢᠪᠡ        2019 ᠣᠨ ᠤ 11 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠶᠡᠷᠦᠩᠬᠡᠶ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠵᠢᠴᠢ ᠤᠳᠤᠷᠢᠳᠬᠤ ᠺᠠᠳ᠋ᠷᠴᠤᠳ ᠤᠨ ᠨᠠᠮ ᠤᠨ ᠬᠢᠴᠢᠶᠡᠯ ᠣᠷᠣᠵᠤ ᠰᠤᠷᠤᠯᠴᠠᠬᠤ ᠬᠤᠷᠠᠯ ᠬᠢᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠪᠦᠬᠦ ᠺᠠᠳ᠋ᠷ ᠰᠤᠷᠤᠯᠴᠠᠯᠭ᠎ᠠ ᠳᠤ ᠣᠷᠣᠯᠴᠠᠪᠠ᠃     ᠬᠤᠷᠠᠯ ᠤᠨ ᠡᠩ ᠲᠡᠷᠢᠭᠦᠨ ᠳᠤ ᠠᠯᠪᠠᠨ ᠭᠡᠷ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ︿ᠬᠤᠤᠰ ᠵᠠᠭᠤᠨ ᠵᠢᠯ﹀ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠶ︾᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ᠢᠲᠡᠭᠡᠯ ᠵᠣᠷᠢᠭ ᠢᠶᠠᠨ ᠬᠥᠪᠴᠢᠯᠡᠨ ᠦᠷᠭᠦᠯᠵᠢᠯᠡᠨ ᠰᠢᠨ᠎ᠡ ᠳᠤᠮᠳᠠᠳᠤ ᠤᠯᠤᠰ ᠢ ᠰᠠᠶᠢᠲᠤᠷ ᠪᠠᠬᠢᠵᠢᠭᠦᠯᠦᠨ ᠬᠥᠭᠵᠢᠭᠦᠯᠦᠶ᠎ᠡ︾᠂ ︽ᠢᠲᠡᠭᠡᠯ ᠵᠣᠷᠢᠭ ᠢᠶᠠᠨ ᠪᠠᠲᠤᠳᠬᠠᠵᠤ ᠰᠢᠨ᠎ᠡ ᠴᠠᠭ ᠦᠶ᠎ᠡ ᠶᠢᠨ ᠵᠦᠩᠶᠤᠸᠠᠨ ᠣᠷᠣᠨ ᠤ ᠨᠠᠩ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠭᠡᠷᠡᠯ ᠰᠠᠴᠤᠷᠠᠩᠭᠤᠶ ᠬᠠᠭᠤᠳᠠᠰᠤ ᠶᠢ ᠪᠢᠴᠢᠭᠯᠡᠶ᠎ᠡ︾ ᠵᠡᠷᠭᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠭᠤᠤᠯ ᠰᠡᠳᠦᠪᠲᠦ ᠬᠥᠮᠦᠵᠢᠯ ᠤᠨ ᠳᠤᠮᠳᠠ ᠬᠤᠸᠠᠩ ᠰᠢᠤ ᠸᠧᠨ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠶ ᠰᠤᠷᠤᠯᠴᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠯᠲᠠᠨᠬᠤᠸᠠᠷ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤᠮᠳᠠ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠵᠣᠷᠢᠭ ᠰᠠᠨᠠᠭ᠎ᠠ ᠶᠢ ᠬᠡᠷᠬᠢᠨ ᠦᠢᠯᠡᠳᠣᠯᠭᠡᠵᠢᠭᠦᠯᠭᠦ ᠪᠣᠶ︾ ᠭᠡᠬᠦ ᠨᠠᠮ ᠤᠨ ᠬᠢᠴᠢᠶᠡᠯ ᠢ ᠵᠢᠭᠠᠵᠤ ᠥᠭᠪᠡ᠃ ᠳᠡᠳ᠋ ᠡᠷᠬᠢᠯᠡᠭᠴᠢ ᠠᠯᠲᠠᠨᠬᠤᠸᠠᠷ ︽ᠤᠯᠤᠰ ᠲᠥᠷᠥ ᠶᠢᠨ ᠢᠲᠡᠭᠡᠯ ᠪᠠ ᠡᠭᠦᠷᠭᠡᠯᠡᠯ ᠢᠶᠠᠨ ᠴᠢᠩᠭᠠᠳᠬᠠᠬᠤ᠂ ᠡᠭᠦᠷᠭᠡ ᠬᠠᠷᠢᠭᠤᠴᠠᠯᠭ᠎ᠠ ᠶᠢᠨ ᠢᠲᠡᠭᠡᠯ ᠪᠠ ᠡᠭᠦᠷᠭᠡᠯᠡᠯ ᠢᠶᠠᠨ ᠴᠢᠩᠭᠠᠳᠬᠠᠬᠤ᠂ ᠴᠢᠳᠠᠪᠤᠷᠢ ᠶᠢᠨ ᠢᠲᠡᠭᠡᠯ ᠪᠠ ᠡᠭᠦᠷᠭᠡᠯᠡᠯ ᠢᠶᠠᠨ ᠴᠢᠩᠭᠠᠳᠬᠠᠬᠤ︾ ᠭᠤᠷᠪᠠᠨ ᠲᠠᠯ᠎ᠠ ᠶᠢᠨ ᠲᠣᠭᠤᠷᠢᠨ ᠳᠤ ᠲᠠᠶᠢᠯᠪᠤᠷᠢᠯᠠᠨ ᠶᠠᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠩᠨᠡᠭᠡ ᠶᠢ ᠴᠣᠭᠴᠠᠯᠠᠨ ᠪᠠᠶᠢᠭᠤᠯᠬᠤ ᠳᠤ ᠰᠠᠨᠠᠭᠤᠯᠭ᠎ᠠ ᠲᠣᠷᠠᠳᠪᠡ᠃                                                 ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号