ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠥᠷᠥ ᠶᠢᠨ ᠶᠠᠪᠤᠳᠠᠯ ᠤᠨ ᠬᠤᠷᠢᠶᠠᠨ ᠤ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠵᠤ ᠡᠷᠬᠡ ᠶᠢ | ᠳᠣᠷᠣᠭᠰᠢ ᠪᠠᠭᠤᠯᠭᠠᠬᠤ ᠶᠠᠪᠤᠳᠠᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ | ᠪᠠᠶᠢᠨ᠎ᠠ | | ᠨᠢᠭᠡ ᠳᠤ᠂ ᠳᠣᠷᠣᠭᠰᠢ ᠪᠠᠭᠤᠯᠭᠠᠭᠰᠠᠨ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠵᠠᠬᠢᠷᠭᠠᠨ ᠤ | ᠡᠷᠬᠡ ᠶᠢᠨ ᠵᠤᠶᠢᠯᠡᠰ ᠢ ᠪᠦᠬᠦ ᠲᠠᠯ᠎ᠠ ᠪᠠᠷ ᠡᠮᠬᠢᠯᠡᠵᠦ᠂ ᠲᠣᠰ ᠱᠠᠲᠤᠨ ᠤ ᠲᠠᠪᠤᠨ ᠵᠢᠯ ᠤᠨ ᠲᠤᠷᠰᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠬᠦᠴᠦᠨ ᠦᠭᠡᠢ ᠪᠣᠯᠭᠠᠭᠰᠠᠨ᠂ ᠳᠣᠷᠣᠭᠰᠢ ᠪᠠᠭᠤᠯᠭᠠᠭᠰᠠᠨ ᠪᠤᠶᠤ ᠲᠣᠬᠢᠷᠠᠭᠤᠯᠤᠯᠲᠠ | ᠬᠢᠭᠰᠡᠨ ᠵᠠᠰᠠᠭ ᠢ ᠴᠣᠮᠬᠠᠳᠬᠠᠨ ᠡᠷᠬᠡᠶᠢ ᠳᠣᠷᠣᠭᠰᠢ ᠪᠠᠭᠤᠯᠭᠠᠭᠰᠠᠨ ᠵᠣᠶᠢᠯᠡᠰ ᠢ ᠬᠢᠨᠠᠮᠠᠭᠠᠶ ᠬᠤᠷᠢᠶᠠᠩᠭᠤᠶᠢᠯᠠᠪᠠ᠃ | ᠨᠡᠶᠢᠲᠡ 25 ᠰᠠᠯᠠᠭ᠎ᠠ ᠮᠥᠴᠢᠷ ᠲᠤ ᠬᠤᠯᠪᠣᠭᠳᠠᠬᠤ ᠬᠤᠰᠢᠭᠤ ᠰᠢᠶᠠᠨ ᠤ ᠱᠠᠲᠤᠨ ᠳᠤ ᠨᠠᠶᠢᠳᠠᠪᠤᠷᠢᠵᠢᠭᠤᠯᠬᠤ | ᠵᠣᠶᠢᠯᠡᠰ 357 ᠪᠠᠶᠢᠵᠤ᠂ ᠬᠤᠰᠢᠭᠤ ᠰᠢᠶᠠᠨ ᠳᠤ ᠪᠠᠭᠤᠯᠭᠠᠬᠤ ᠵᠣᠶᠢᠯᠡᠰ᠂ ᠡᠭᠦᠨ ᠳᠤ᠂ ᠳᠠᠭᠠᠭᠠᠨ ᠠᠪᠬᠤ ᠵᠣᠶᠢᠯᠡᠰ | 71᠂ ᠬᠦᠴᠦᠨ ᠦᠭᠡᠢ ᠪᠣᠯᠭᠠᠬᠤ ᠵᠣᠶᠢᠯᠡᠰ 71᠂ ᠳᠠᠭᠠᠭᠠᠨ ᠠᠪᠬᠤ ᠵᠣᠶᠢᠯᠡᠰ 34᠂ ᠲᠣᠬᠢᠷᠠᠭᠤᠯᠤᠯᠲᠠ ᠬᠢᠭᠰᠡᠨ | ᠦᠭᠡᠢ ᠵᠣᠶᠢᠯᠡᠰ 45 ᠪᠣᠢ᠃ | ᠬᠤᠶᠠᠷ ᠲᠤ᠂ ᠡᠷᠬᠡ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠬᠦᠴᠦᠨ ᠦᠭᠡᠢ ᠪᠣᠯᠭᠠᠬᠤ᠂ ᠬᠦᠯᠢᠶᠡᠨ ᠠᠪᠬᠤ᠂ | ᠲᠣᠬᠢᠷᠠᠭᠤᠯᠬᠤ ᠴᠢᠬᠤᠯᠠᠲᠠᠶ ᠵᠠᠰᠠᠭ ᠵᠠᠬᠢᠷᠭᠠᠨ ᠤ ᠡᠷᠬᠡ ᠶᠢ ᠨᠠᠷᠢᠨ ᠬᠠᠷᠢᠴᠠᠭᠤᠯᠬᠤ ᠶᠢᠨ ᠬᠠᠮᠲᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠴᠢᠳᠠᠪᠬᠢ ᠶᠢ ᠲᠣᠬᠢᠷᠠᠭᠤᠯᠬᠤ ᠠᠵᠢᠯᠲ᠋ᠠᠢ ᠤᠶᠠᠯᠳᠤᠭᠤᠯᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ 11 | ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢ ᠡᠮᠬᠢᠯᠡᠨ ᠲᠣᠬᠢᠷᠠᠭᠤᠯᠤᠨ᠎ᠠ᠃ ᠨᠡᠶᠢᠲᠡ 11 ᠵᠦᠢᠯ ᠢ ᠬᠦᠴᠦᠨ | ᠦᠭᠡᠢ ᠪᠣᠯᠭᠠᠵᠤ᠂ 6 ᠵᠦᠢᠯ ᠢ ᠬᠦᠯᠢᠶᠡᠨ ᠠᠪᠤᠭᠰᠠᠨ ᠦᠭᠡᠢ᠂ 8 ᠵᠦᠢᠯ ᠢ ᠬᠦᠯᠢᠶᠡᠨ ᠠᠪᠤᠭᠰᠠᠨ ᠦᠭᠡᠢ᠂ 18 | ᠵᠦᠢᠯ ᠤᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠪᠠ᠃ | ᠵᠣᠬᠢᠶᠠᠭᠴᠢ᠄ ᠦ᠋ ᠳ᠋ᠦᠩ | ᠣᠷᠴᠢᠭᠤᠯᠣᠭᠴᠢ᠄ ᠡᠷᠳᠡᠨᠢᠴᠢᠮᠡᠭ | |