ᠮᠠᠨ ᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠦᠭᠰᠢᠭᠦᠷᠢ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠠᠪᠤᠭᠤᠯᠬᠤ ᠲᠤᠬᠠᠶ
ᠨᠡᠶᠢᠲᠡᠯᠡᠭᠰᠡᠨ ᠴᠠᠭ᠄
2019-12-20
      ᠮᠠᠨ ᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠦᠭᠰᠢᠭᠦᠷᠢ ᠶᠡᠬᠡᠲᠡᠶ ᠣᠷᠣᠨ ᠳᠤ       ᠴᠢᠩᠭ᠎ᠠ ᠰᠡᠷᠭᠡᠶᠢᠯᠡᠯᠲᠡ ᠶᠠᠪᠤᠭᠤᠯᠬᠤ ᠲᠤᠬᠠᠶ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄    ᠮᠠᠨ ᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠣᠢ ᠰᠢᠭᠤᠶ ᠨᠤᠲᠤᠭ ᠪᠡᠯᠴᠢᠭᠡᠷ ᠤᠨ ᠴᠢᠩᠭ᠎ᠠ ᠰᠡᠷᠭᠡᠶᠢᠯᠡᠯᠲᠡ ᠶᠢᠨ ᠭᠠᠯ ᠰᠡᠷᠭᠡᠶᠢᠯᠡᠬᠦ ᠵᠠᠷᠯᠢᠭ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠭᠠᠯ ᠰᠡᠷᠭᠡᠶᠢᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠪᠡ᠂ ᠣᠨᠴᠣᠭᠤᠶᠢᠯᠠᠨ ᠳᠣᠤᠷᠠᠬᠢ ᠮᠡᠲᠦ ᠵᠠᠷᠯᠢᠭ ᠨᠡᠶᠢᠲᠡᠯᠡᠪᠡ᠄     ᠨᠢᠭᠡ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃ 9 ᠰᠠᠷ᠎ᠠ ᠶᠢᠨ 15 ᠤ ᠡᠳᠦᠷ ᠠᠴᠠ 3 ᠰᠠᠷ᠎ᠠ ᠶᠢᠨ 15 ᠤ ᠡᠳᠦᠷ ᠪᠣᠯᠲᠠᠯ᠎ᠠ᠃     ᠬᠤᠶᠠᠷ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ᠄ ᠬᠤᠨᠢᠨ ᠲᠠᠯᠠᠢ ᠠᠮᠢ ᠠᠬᠤᠢ ᠶᠢᠨ ᠬᠦᠷᠢᠶᠡᠯᠡᠩ᠂ ᠪᠡᠶᠠᠨ ᠠᠭᠤᠯᠠᠨ ᠠᠮᠢ ᠠᠬᠤᠢ ᠶᠢᠨ ᠬᠦᠷᠢᠶᠡᠯᠡᠩ᠂ ᠣᠪᠣᠭ᠎ᠠ ᠶᠢᠨ ᠰᠠᠪᠠ ᠭᠠᠵᠠᠷ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠣᠷᠢ ᠶᠢᠨ ᠬᠦᠷᠢᠶᠡᠯᠡᠩ ᠲᠣᠭᠤᠷᠢᠭ᠂ ᠠᠷᠠᠰᠤ ᠨᠣᠤᠰᠣ ᠨᠣᠯᠤᠤᠷ ᠤᠨ ᠮᠢᠬᠠᠨ ᠤ ᠬᠦᠷᠢᠶᠡᠯᠡᠩ ᠲᠣᠭᠤᠷᠢᠭ᠂ ᠠᠯᠲᠠᠨ ᠨᠡᠷᠡᠨ ᠤ ᠠᠮᠢ ᠠᠬᠤᠢ ᠶᠢᠨ ᠣᠷᠣᠨ ᠪᠦᠰᠡ᠂ ᠠᠭᠤᠢ ᠰᠦᠮ᠎ᠡ ᠶᠢᠨ ᠣᠷᠴᠢᠮ᠂ ᠰᠢ ᠱᠠᠨ ᠤ ᠣᠩᠭᠤᠨ ᠤ ᠭᠠᠵᠠᠷ᠂ ᠲᠡᠮᠣᠷᠳᠡᠢ ᠣᠢ ᠰᠢᠭᠤᠶ ᠶᠢᠨ ᠲᠠᠯᠠᠪᠠᠢ᠂ ᠳ᠋ᠠ ᠯᠢᠦ ᠬᠤᠤ ᠴᠢᠬᠢ ᠮᠣᠳᠣᠨ ᠤ ᠬᠦᠷᠢᠶᠡᠯᠡᠩ᠂ 208 ᠣᠯᠣᠰ ᠤᠨ ᠵᠠᠰᠠᠮᠡᠯ ᠵᠠᠮ ᠳᠠᠭᠠᠤ ᠨᠣᠭᠤᠭᠠᠷᠠᠭᠤᠯᠤᠯᠲᠠ ᠶᠢᠨ ᠪᠦᠰᠡ᠂ ᠲᠡᠮᠦᠷ ᠵᠠᠮ ᠳᠠᠭᠠᠤ ᠵᠡᠷᠭᠡ ᠭᠤᠤᠯᠳᠠᠯᠭ᠎ᠠ‌‍ᠲ᠋ᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠬᠤᠪᠢᠶᠠᠷᠢᠯᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠡᠯ ᠢ ᠦᠨᠳᠦᠰᠦᠯᠡᠨ ᠡᠯ᠎ᠡ ᠬᠠᠷᠢᠶ᠎ᠠ ᠨᠢᠭᠡᠴᠡ ᠨᠢ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠲᠤ ᠤᠷᠢᠳᠴᠢᠯᠠᠨ ᠣᠷᠣᠬᠤ ᠪᠤᠶᠤ ᠬᠤᠶᠢᠰᠢᠯᠠᠭᠤᠯᠤᠨ ᠳᠠᠭᠤᠰᠬᠠᠵᠤ ᠪᠣᠯᠤᠨ᠎ᠠ᠃     ᠭᠤᠷᠪᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠠᠬᠢ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠳᠠᠲᠠᠶ ᠠᠷᠭ᠎ᠠ ᠬᠡᠮᠵᠢᠶ᠎ᠡ᠄     1. ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠳᠤ ᠠᠲᠠᠷ ᠰᠢᠲᠠᠭᠠᠬᠤ᠂ ᠭᠤᠤᠷᠰᠤ ᠰᠢᠲᠠᠭᠠᠬᠤ᠂ ᠣᠩᠭᠤᠨ ᠳᠤ ᠭᠠᠷᠴᠤ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠤᠨ ᠲᠦᠭᠰᠢᠭᠦᠷᠢ ᠶᠡᠬᠡᠲᠡᠶ ᠣᠷᠣᠨ ᠤ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠳᠤ ᠭᠠᠯ ᠬᠡᠷᠡᠭᠯᠡᠬᠦ ᠵᠢᠴᠢ ᠠᠵᠤ ᠦᠢᠯᠡᠳᠪᠣᠷᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠭᠠᠯ ᠬᠡᠷᠡᠭᠯᠡᠬᠦ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠳᠡᠭᠡᠳᠦᠰ ᠤᠨ ᠲᠠᠬᠢᠯᠭ᠎ᠠ ᠨᠢ ᠮᠣᠳᠣ ᠲᠠᠷᠢᠬᠤ᠂ ᠴᠡᠴᠡᠭ ᠬᠦᠷᠭᠡᠬᠦ ᠵᠡᠷᠭᠡ ᠪᠣᠯᠪᠠᠰᠤᠨ ᠬᠡᠯᠪᠡᠷᠢ ᠪᠠᠷ ᠲᠠᠬᠢᠯᠭ᠎ᠠ ᠬᠢᠵᠦ᠂ ᠤᠯᠠᠮᠵᠢᠯᠠᠯᠲᠤ ᠳᠠᠬᠢᠯᠭ᠎ᠠ ᠶᠢᠨ ᠪᠣᠯᠬᠢ ᠳᠠᠳᠬᠠᠯ ᠢᠶᠠᠨ ᠲᠠᠶᠠᠭᠳᠠᠭᠰᠠᠨ ᠪᠠᠶᠢᠨ᠎ᠠ᠃     2. ᠤᠬᠠᠭᠤᠯᠬᠤ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ᠂ ᠰᠢᠯᠵᠢᠮᠡᠯ ᠮᠡᠳᠡᠭᠡ ᠬᠤᠯᠪᠣᠭᠠᠨ ᠤ ᠬᠠᠮᠲᠤᠷᠠᠭᠰᠠᠨ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠤᠰᠬᠠᠶ ᠰᠡᠳᠦᠪᠲᠦ ᠫᠷᠤᠭ᠍ᠷᠠᠮ ᠡᠷᠬᠢᠯᠡᠬᠦ᠂ ᠤᠬᠠᠭᠤᠯᠬᠤ ᠲᠤᠰᠬᠠᠶ ᠪᠤᠯᠤᠩ ᠭᠠᠷᠭᠠᠬᠤ᠂ ᠰᠡᠷᠡᠮᠵᠢᠯᠡᠭᠦᠯᠬᠦ ᠬᠠᠭᠤᠳᠠᠰᠤ ᠨᠠᠭᠠᠬᠤ᠂ ᠤᠬᠠᠭᠤᠯᠬᠤ ᠮᠠᠲ᠋ᠧᠷᠢᠶᠠᠯ ᠲᠠᠷᠬᠠᠭᠠᠬᠤ ᠪᠠ ᠳᠡᠭᠡᠷ᠎ᠡ ᠨᠢᠭᠡ ᠤᠳᠠᠭᠠᠨ ᠤ ᠭᠠᠯ ᠰᠡᠷᠭᠡᠶᠢᠯᠡᠬᠦ ᠬᠢᠴᠢᠶᠡᠯ ᠵᠡᠷᠭᠡ ᠣᠯᠠᠨ ᠵᠣᠶᠢᠯ ᠤᠨ ᠬᠡᠯᠪᠡᠷᠢ ᠪᠦᠬᠦᠢ ᠤᠬᠠᠭᠤᠯᠤᠯ ᠲᠦᠭᠡᠮᠡᠯᠵᠢᠭᠦᠯᠦᠯ ︽ᠵᠠᠷᠭᠤ︾᠂ ︽ᠣᠢ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠰᠢᠨ᠎ᠡ ᠬᠡᠪᠯᠡᠯ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢ ᠵᠣᠬᠢᠶᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠰᠤᠯᠠᠷᠠᠭᠤᠯᠤᠯ ᠥᠬᠡᠶ ᠪᠠᠶᠢᠩᠭᠤ ᠠᠳᠬᠤᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠬᠡᠷᠡᠭᠲᠡᠶ᠃ ᠡᠭᠦᠨ ᠤ ᠬᠠᠮᠲᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠬᠡᠯᠡᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠶ᠃     3. ᠤᠬᠠᠭᠤᠯᠭ᠎ᠠ ᠬᠥᠮᠦᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠡᠶᠢᠳᠡᠪᠣᠷᠢᠵᠢᠭᠤᠯᠬᠤ᠂ ᠨᠢᠭᠡᠴᠡ᠂ ᠠᠵᠢᠯ ᠤᠨ ᠪᠠᠶᠢᠷᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠵᠢᠯᠲᠠᠨ ᠢ ᠬᠠᠷᠢᠭᠤᠴᠠᠵᠤ᠂ ᠰᠤᠷᠭᠠᠭᠤᠯᠢ ᠠᠴᠠ ᠰᠤᠷᠤᠭᠴᠢ ᠶᠢ ᠬᠠᠷᠢᠭᠤᠴᠠᠵᠤ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠤᠭᠤᠳ ᠲᠣᠰᠬᠤᠨ ᠤ ᠠᠷᠠᠳ‌ᠢ ᠬᠠᠷᠢᠭᠤᠴᠠᠵᠤ᠂ ᠭᠠᠯ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢ ᠨᠢᠭᠡᠴᠡ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ ᠳᠤ᠂ ᠠᠵᠢᠯ ᠤᠨ ᠪᠠᠶᠢᠷᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠣᠷᠣᠭᠤᠯᠵᠤ᠂ ᠠᠷᠠᠳ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃     4. ᠨᠠᠰᠤᠨ ᠳᠤ ᠥᠯᠥ ᠬᠦᠷᠦᠭᠰᠡᠳ ᠪᠠ ᠮᠠᠩᠬᠤᠤ ᠲᠡᠨᠡᠭ ᠬᠥᠮᠦᠰ ᠲᠤ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠡᠶᠢᠳᠡᠪᠣᠷᠢᠵᠢᠭᠤᠯᠬᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠪᠣᠯᠵᠤ᠂ ᠲᠡᠭᠦᠨ ᠤ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃     5. ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠤ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠤᠯᠤᠰ ᠤᠨ ᠥᠮᠴᠢᠯᠡᠯᠲᠡ ᠣᠢ ᠰᠢᠭᠤᠶ ᠶᠢᠨ ᠲᠠᠯᠠᠪᠠᠢ᠂ ᠵᠤᠯᠵᠠᠭ᠎ᠠ ᠮᠣᠳᠣᠨ ᠤ ᠬᠦᠷᠢᠶᠡᠯᠡᠩ᠂ ᠪᠠᠷᠢᠯᠭ᠎ᠠ ᠶᠢᠨ ᠭᠠᠵᠠᠷ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠳᠤ ︽ᠬᠡᠨ ᠬᠠᠮᠢᠶᠠᠷᠴᠤ ᠪᠠᠶᠢᠪᠡᠯ ᠲᠡᠷᠡ ᠬᠠᠷᠢᠭᠤᠴᠠᠬᠤ︾ ᠵᠠᠷᠴᠢᠮ ᠢ ᠬᠡᠷᠡᠭᠵᠢᠭᠦᠯᠦᠨ᠎ᠡ᠃ ᠴᠢᠬᠤᠯᠠ ᠲᠠᠢ ᠦᠶ᠎ᠡ ᠳᠤ ᠡᠯ᠎ᠡ ᠭᠤᠤᠯ ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠤᠨ ᠠᠭᠤᠯᠠ ᠶᠢ ᠪᠢᠲᠡᠭᠦᠮᠵᠢᠯᠡᠨ ᠭᠠᠯ ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠣᠯᠤᠨ ᠲᠡᠷᠭᠡ ᠬᠥᠰᠬᠡ ᠶᠢ ᠴᠢᠩᠭ᠎ᠠ ᠪᠠᠶᠢᠴᠠᠭᠠᠨ ᠳᠠᠩᠰᠠᠯᠠᠵᠤ᠂ ᠭᠠᠯ ᠤᠨ ᠦᠷ᠎ᠡ ᠶᠢ ᠠᠪᠴᠤ ᠰᠢᠭᠤᠶᠢᠲᠤ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠳᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠶ ᠰᠠᠨᠠᠭᠤᠯᠤᠮᠵᠢ ᠶᠢᠨ ᠫᠠᠶᠢᠰᠠ᠂ ᠰᠡᠷᠡᠮᠵᠢ ᠶᠢᠨ ᠫᠠᠶᠢᠰᠠ ᠭᠠᠷᠭᠠᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ ᠰᠤᠪᠠᠭ ᠢ ᠴᠡᠪᠡᠷᠯᠡᠬᠦ᠂ ᠣᠢ ᠰᠢᠭᠤᠶ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠠᠯᠢᠪᠠ ᠳᠠᠯᠳᠠ ᠭᠡᠮ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠭᠠᠯ ᠲᠦᠢᠮᠡᠷ ᠭᠠᠷᠪᠠᠯ᠂ ᠡᠯ᠎ᠡ ᠬᠠᠷᠢᠶ᠎ᠠ᠂ ᠡᠵᠡᠩᠨᠡᠯᠲᠡ ᠶᠢᠨ ᠨᠢᠭᠡᠴᠡ ᠶᠢᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠶ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠬᠤ ᠶᠢ ᠵᠢᠯᠣᠭᠤᠳᠬᠤ ᠬᠡᠷᠡᠭᠲᠡᠶ᠃ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠯᠡᠬᠦ ᠪᠠ ᠨᠠᠰᠤᠨ ᠳᠤ ᠦᠯᠦ ᠬᠦᠷᠦᠭᠰᠡᠳ ᠢ ᠳᠠᠶᠢᠴᠢᠯᠠᠨ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠣᠢ ᠰᠢᠭᠤᠶ ᠶᠢᠨ ᠲᠠᠯᠠᠪᠠᠢ᠂ ᠵᠤᠯᠵᠠᠭ᠎ᠠ ᠮᠣᠳᠣᠨ ᠤ ᠬᠦᠷᠢᠶᠡᠯᠡᠩ᠂ ᠠᠵᠤ ᠦᠢᠯᠡᠳᠪᠣᠷᠢ ᠶᠢᠨ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯ ᠤᠨ ᠪᠤᠶᠤ ᠬᠠᠭᠠᠰ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃     ᠭᠠᠯ ᠤᠨ ᠠᠶᠤᠯ ᠶᠡᠬᠡᠲᠡᠶ ᠣᠷᠣᠨ ᠳᠤ ᠤᠷᠤᠭᠰᠠᠨ ᠨᠢᠭᠡᠴᠡ ᠪᠠ ᠬᠤᠪᠢ ᠬᠥᠮᠦᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠵᠥᠪᠰᠢᠶᠡᠷᠡᠭᠰᠡᠨ ᠴᠠᠭ᠂ ᠭᠠᠵᠠᠷ᠂ ᠬᠦᠷᠢᠶ᠎ᠡ ᠬᠡᠪᠴᠢᠶ᠎ᠡ ᠶᠢᠨ ᠶᠣᠰᠣᠭᠠᠷ ᠠᠵᠢᠯᠯᠠᠭ᠎ᠠ ᠬᠢᠬᠦ ᠶᠢᠨ ᠬᠠᠮᠲᠤ ᠬᠤᠰᠢᠭᠤᠨ ᠤ ᠣᠢ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠴᠢᠬᠤᠯᠠ ᠪᠦᠬᠦᠢ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠮᠠᠰᠢᠨ ᠲᠡᠷᠭᠡ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠢᠵᠢ ᠪᠦᠷᠢᠳᠦᠭᠦᠯᠬᠦ ᠬᠡᠷᠡᠭᠲᠡᠶ᠃ ᠭᠠᠯ ᠰᠡᠷᠭᠡᠶᠢᠯᠡᠬᠦ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠡᠷᠬᠡᠪᠰᠢ ᠨᠥᠬᠦᠴᠡᠯ ᠦᠭᠡᠢ ᠪᠠᠷ ᠬᠦᠯᠢᠶᠡᠬᠦ ᠬᠡᠷᠡᠭᠲᠡᠶ᠃     6. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠵᠢᠭᠤᠯᠴᠢᠯᠠᠯ ᠤᠨ ᠲᠡᠷᠭᠡ ᠬᠥᠰᠬᠡ ᠪᠣᠯᠤᠨ ᠵᠢᠭᠤᠯᠴᠢᠯᠠᠭᠴᠢᠳ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠣᠷᠣᠵᠤ ᠵᠢᠭᠤᠯᠴᠢᠯᠠᠬᠤ᠂ ᠨᠣᠭᠤᠭᠠᠨ ᠳᠡᠭᠡᠷ᠎ᠡ ᠭᠢᠰᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃     7. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠣᠢ ᠰᠢᠭᠤᠶ ᠶᠢᠨ ᠲᠠᠯᠠᠪᠠᠢ᠂ ᠵᠤᠯᠵᠠᠭ᠎ᠠ ᠮᠣᠳᠣᠨ ᠤ ᠬᠦᠷᠢᠶᠡᠯᠡᠩ᠂ ᠪᠠᠷᠢᠯᠭ᠎ᠠ ᠶᠢᠨ  ᠭᠠᠵᠡᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠭᠠᠯ ᠰᠡᠷᠭᠡᠶᠢᠯᠡᠬᠦ ᠰᠠᠯᠠᠭ᠎ᠠ ᠮᠥᠴᠢᠷ ᠤᠳ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠪᠠ ᠠᠵᠢᠯᠲᠠᠨ ᠠᠵᠢᠯᠴᠢᠨ ᠤ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃     8. ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠣᠯᠵᠤ ᠮᠡᠳᠡᠪᠡᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠡᠮᠵᠢ ᠶᠢᠨ ᠳᠣᠬᠢᠶ᠎ᠠ ᠥᠭᠬᠦ ᠤᠲᠠᠰᠤ᠄ 12119᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠳᠥᠭᠦᠮ ᠦᠵᠡᠭᠦᠯᠬᠦ ᠬᠡᠷᠡᠭᠲᠡᠶ᠃     ᠲᠦᠷᠪᠡ᠂ ᠵᠥᠪᠰᠢᠶᠡᠷᠡᠯ ᠦᠭᠡᠢ ᠪᠠᠷ ᠣᠢ ᠰᠢᠭᠤᠶ ᠶᠢᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠳᠤᠷ᠎ᠠ ᠪᠠᠷ ᠢᠶᠠᠨ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃    ︽ᠣᠢ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ᠤᠨ ᠲᠠᠪᠢᠳᠤᠭᠠᠷ ᠵᠣᠶᠢᠯ ᠤᠨ ᠲᠣᠭᠲᠠᠭᠠᠯ ᠢ ᠦᠨᠳᠦᠰᠦᠯᠡᠪᠡᠯ᠂ ᠣᠢ ᠰᠢᠭᠤᠶ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠵᠥᠪᠰᠢᠶᠡᠷᠡᠭᠦᠯᠦᠭᠡᠳᠦᠶ ᠪᠠᠷ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠣᠯ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠰᠡᠷᠡᠮᠵᠢ ᠥᠭᠬᠦ ᠶᠢᠨ ᠬᠠᠮᠲᠤ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠡᠯ᠂ ᠰᠢᠶᠠᠨ ︵ᠬᠤᠰᠢᠭᠤ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ᠂ ᠨᠢᠭᠡᠴᠢ ᠶᠢ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠄     1. ᠣᠢ ᠰᠢᠭᠤᠶ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠣᠢ ᠰᠢᠭᠤᠶ᠂ ᠣᠢ ᠮᠣᠳᠣ᠂ ᠰᠢᠭᠤᠶᠢᠲᠤ ᠭᠠᠵᠠᠷ ᠢ ᠡᠵᠡᠩᠨᠡᠵᠦ ᠪᠠᠶᠢᠭ᠎ᠠ ᠨᠢᠭᠡᠴᠡ ᠨᠦᠭᠦᠳ ᠣᠢ ᠰᠢᠭᠤᠶ ᠶᠢᠨ ᠭᠠᠯ ᠰᠡᠷᠭᠡᠶᠢᠯᠡᠬᠦ ᠰᠡᠷᠡᠮᠵᠢ ᠶᠢᠨ ᠤᠬᠠᠭᠤᠯᠭ᠎ᠠ ᠶᠢᠨ ᠲᠡᠮᠳᠡᠭ ᠲᠠᠯᠪᠢᠭᠰᠠᠨ ᠥᠬᠡᠶ᠃     2. ᠣᠢ ᠰᠢᠭᠤᠶ ᠶᠢᠨ ᠭᠠᠯ ᠰᠡᠷᠭᠡᠶᠢᠯᠡᠬᠦ ᠬᠤᠭᠤᠴᠠᠭᠠᠨ ᠳᠤ᠂ ᠣᠢ ᠰᠢᠭᠤᠶ ᠶᠢᠨ ᠭᠠᠯ ᠰᠡᠷᠭᠡᠶᠢᠯᠡᠬᠦ ᠣᠷᠣᠨ ᠳᠤ ᠣᠷᠣᠬᠤ ᠮᠠᠰᠢᠨᠲᠤ ᠲᠡᠷᠭᠡᠨ ᠳᠤ ᠣᠢ ᠰᠢᠭᠤᠶ ᠶᠢᠨ ᠭᠠᠯ ᠰᠡᠷᠭᠡᠶᠢᠯᠡᠬᠦ ᠲᠣᠨᠣᠭᠯᠠᠯ ᠤᠭᠰᠠᠷᠠᠭᠰᠠᠨ ᠥᠬᠡᠶ᠃     3.ᠣᠢ ᠰᠢᠭᠤᠶ ᠶᠢᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠬᠤᠭᠤᠴᠠᠭᠠᠨ ᠳᠤ ᠵᠥᠪᠰᠢᠶᠡᠷᠡᠭᠦᠯᠦᠭᠡᠳᠦᠶ ᠪᠠᠷ ᠣᠢ ᠰᠢᠭᠤᠶ ᠶᠢᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠳᠤ ᠳᠤᠷ᠎ᠠ ᠪᠠᠷ ᠢᠶᠠᠨ ᠣᠷᠣᠵᠤ ᠠᠵᠢᠯᠯᠠᠭ᠎ᠠ ᠬᠢᠭᠰᠡᠨ᠃                                                2019 ᠣᠨ ᠤ 3 ᠰᠠᠷ᠎ᠠ ᠶᠢᠨ 11 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号