︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2019 ᠣᠨ ᠤ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠤᠨ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠳᠤ᠄ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2019 ᠣᠨ ᠤ ᠮᠠᠯᠵᠢᠬᠤ ᠲᠠᠷᠢᠶᠠᠯᠠᠬᠤ ᠣᠷᠣᠨ ᠤ | ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 3 ᠰᠠᠷ᠎ᠠ ᠶᠢᠨ 10 ᠤ ᠡᠳᠦᠷ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2019 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ | | ᠣᠷᠣᠨ ᠰᠠᠭᠤᠴᠠ ᠶᠢᠨ ᠬᠠᠮᠤᠭ ᠤᠨ ᠠᠶᠤᠯᠲᠠᠶ᠂ ᠠᠵᠤ ᠠᠬᠤᠢ ᠶᠢᠨ ᠬᠠᠮᠤᠭ ᠤᠨ ᠶᠠᠳᠠᠭᠤ ᠬᠦᠴᠢᠷᠳᠡᠯᠲᠡᠶ | ᠲᠠᠷᠢᠶᠠᠴᠢᠨ ᠡᠷᠦᠬᠡ ᠶᠢ ᠬᠠᠪᠰᠤᠷᠴᠤ ᠬᠠᠮᠤᠭ ᠤᠨ ᠦᠨᠳᠦᠰᠦᠨ ᠠᠮᠤᠷ ᠲᠦᠪᠰᠢᠨ ᠣᠷᠣᠨ ᠰᠠᠭᠤᠴᠠ ᠶᠢ ᠨᠢ | ᠰᠢᠢᠳᠪᠣᠷᠢᠯᠡᠵᠦ ᠥᠭᠬᠦ ᠪᠣᠯ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠳᠤ ᠢᠮᠠᠭᠲᠠ ᠪᠠᠷᠢᠮᠲᠠᠯᠠᠬᠤ ᠦᠨᠳᠦᠰᠦᠨ ᠵᠠᠷᠴᠢᠮ ᠮᠥᠨ᠃ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠬᠥᠳᠡᠭᠡ ᠲᠣᠰᠬᠤᠨ ᠤ ᠲᠠᠷᠠᠬᠠᠶ ᠠᠰᠠᠷᠠᠨ | ᠲᠡᠵᠢᠭᠡᠬᠦ ᠲᠠᠪᠤᠨ ᠪᠠᠲᠤᠯᠠᠭᠠᠲᠤ ᠡᠷᠦᠬᠡ ᠪᠠ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ ︵ᠳᠣᠷᠣᠭᠰᠢ 4 | ᠲᠥᠷᠥᠯ ᠤᠨ ᠭᠤᠤᠯᠳᠠᠯᠭ᠎ᠠ ᠲᠠᠢ ᠡᠲᠡᠭᠡᠳ ᠭᠡᠵᠦ ᠲᠣᠪᠴᠢᠯᠠᠨ᠎ᠠ︶ ᠪᠣᠯ ︽13 · 5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠢᠰᠢᠩ ᠢ | ᠥᠭᠡᠷᠡᠴᠢᠯᠡᠨ ᠰᠢᠨᠡᠳᠬᠡᠬᠦ ᠭᠤᠤᠯᠳᠠᠯᠭ᠎ᠠ ᠪᠠ ᠬᠦᠴᠢᠷᠳᠡᠯ ᠪᠣᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠡᠶᠢᠳᠡᠪᠣᠷᠢᠵᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠬᠤ ᠶᠢ ᠪᠡᠶᠡᠯᠡᠭᠦᠯᠬᠦ ᠶᠢᠨ ᠲᠤᠰᠠᠳᠠ᠂ | ᠡᠳᠦᠭᠡ ᠡᠨᠡ ᠵᠢᠯ ᠤᠨ ᠨᠤᠷᠠᠬᠤ ᠠᠶᠤᠯᠲᠠᠶ ᠬᠠᠭᠤᠴᠢᠨ ᠰᠢᠷᠣᠶ ᠶᠢᠨ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ | ᠴᠢᠩᠭᠠᠳᠬᠠᠬᠤ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠡᠷᠦᠬᠡ ᠶᠢᠨ ᠳᠣᠲᠣᠷ᠎ᠠ᠂ ︽ | ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ ᠦᠢᠯᠡᠳᠣᠭ᠍ᠰᠠᠨ ᠨᠤᠷᠠᠬᠤ ᠠᠶᠤᠯᠲᠠᠶ ᠭᠡᠷ ᠪᠠᠶᠢᠰᠢᠩ ᠤᠨ | ᠲᠤᠭ᠎ᠠ 130 ᠡᠷᠦᠬᠡ ︵ᠡᠭᠦᠨ ᠳᠤ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ | 37 ᠡᠷᠦᠬᠡ᠂ ᠣᠨᠳᠣᠤ ᠭᠠᠵᠠᠷ ᠲᠤ ᠨᠡᠭᠦᠬᠦ ᠶᠢ ᠬᠦᠷᠲᠡᠬᠦ ᠡᠷᠦᠬᠡ ᠪᠠᠭᠲᠠᠬᠤ ᠥᠬᠡᠶ᠂ ᠰᠤᠯᠠ ᠲᠡᠵᠢᠭᠡᠵᠦ ᠪᠠᠶᠢᠭ᠎ᠠ | ᠲᠠᠪᠤᠨ ᠪᠠᠲᠤᠯᠠᠭᠠᠲᠤ ᠡᠷᠦᠬᠡ 6 ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 86 ᠡᠷᠦᠬᠡ᠂ ᠶᠠᠳᠠᠭᠤ | ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ 1 ᠡᠷᠦᠬᠡ︶᠂ ︽ᠳᠥᠷᠪᠡᠨ ᠲᠥᠷᠥᠯ ᠤᠨ ᠪᠤᠰᠤ ᠭᠤᠤᠯᠳᠠᠯᠭ᠎ᠠ ᠲᠠᠢ | ᠡᠲᠡᠭᠡᠳ︾ 334 ᠡᠷᠦᠬᠡ ᠪᠠᠶᠢᠵᠤ᠂ ᠪᠦᠬᠦᠨ ᠢ ᠥᠭᠡᠷᠡᠴᠢᠯᠡᠵᠦ ᠳᠠᠭᠤᠰᠬᠠᠬᠤ ᠪᠠᠷ ᠲᠥᠯᠥᠪᠯᠡᠵᠦ ᠪᠤᠢ᠃ | ᠬᠤᠶᠠᠷ᠂ ᠭᠡᠷ ᠪᠠᠷᠢᠬᠤ ᠪᠠ ᠲᠥᠪᠬᠢᠨᠡᠭᠦᠯᠬᠦ ᠡᠲᠡᠭᠡᠳ | ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠲᠤ ᠮᠠᠯᠴᠢᠨ | ᠲᠠᠷᠢᠶᠠᠴᠢᠨ ᠢᠶᠠᠷ ᠭᠤᠣᠯ ᠴᠣᠭᠴᠠ ᠪᠣᠯᠭᠠᠨ᠂ ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠵᠢᠯᠣᠭᠤᠳᠤᠨ᠂ ᠮᠠᠯᠴᠢᠨ ᠲᠠᠷᠢᠶᠠᠴᠢᠳ ᠢ ᠥᠪᠡᠷ ᠲᠡᠭᠡᠨ ᠪᠠᠶᠢᠭᠤᠯᠬᠤ ᠪᠠᠷ ᠭᠤᠣᠯ ᠪᠣᠯᠭᠠᠵᠤ᠂ | ᠥᠪᠡᠷᠲᠡᠭᠡᠨ ᠪᠠᠶᠢᠭᠤᠯᠬᠤ ᠴᠢᠳᠠᠯ ᠥᠬᠡᠶ ᠲᠠᠷᠢᠶᠠᠴᠢᠨ ᠡᠷᠦᠬᠡ ᠨᠢ ᠪᠠᠷᠢᠯᠭ᠎ᠠ ᠪᠠᠷᠢᠬᠤ ᠠᠩᠭᠢ ᠲᠤ ᠨᠠᠶᠢᠳᠠᠵᠤ | ᠪᠦᠲᠦᠭᠡᠨ ᠪᠠᠶᠢᠭᠤᠯᠵᠤ ᠪᠣᠯᠤᠨ᠎ᠠ᠃ ᠠᠳᠠᠯᠢ ᠪᠤᠰᠤ ᠡᠲᠡᠭᠡᠳ ᠪᠣᠯᠤᠨ ᠣᠷᠣᠨ ᠰᠠᠭᠤᠴᠠ ᠶᠢᠨ ᠭᠡᠷ ᠪᠠᠶᠢᠰᠢᠩ ᠤᠨ | ᠲᠦᠭᠰᠢᠭᠦᠷᠢᠲᠦ ᠴᠢᠨᠠᠷ ᠤᠨ ᠬᠡᠮᠵᠢᠶ᠎ᠡ ᠶᠣᠰᠣᠭᠠᠷ ᠳᠣᠤᠷᠠᠬᠢ ᠮᠡᠲᠦ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ | ᠰᠣᠩᠭᠤᠬᠤ ᠬᠡᠷᠡᠭᠲᠡᠶ᠃ | 1. ᠭᠡᠷ ᠪᠠᠶᠢᠰᠢᠩ ᠢ ᠪᠠᠬᠢᠯᠡᠬᠦ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠥᠷᠲᠡᠭᠡ ᠳᠤ C ᠲᠡᠰ ᠤᠨ ᠨᠤᠷᠠᠬᠤ | ᠠᠶᠤᠯᠲᠠᠶ ᠭᠡᠷ ᠪᠠᠶᠢᠰᠢᠩ ᠢᠶᠠᠷ ᠬᠢᠨᠠᠨ ᠲᠣᠭᠲᠠᠭᠠᠭᠳᠠᠭᠰᠠᠨ ᠮᠠᠯᠵᠢᠬᠤ ᠲᠠᠷᠢᠶᠠᠯᠠᠬᠤ ᠡᠷᠦᠬᠡ᠂ ᠵᠠᠷᠴᠢᠮ ᠳᠡᠭᠡᠷ᠎ᠡ ᠪᠠᠨ | ᠡᠷᠬᠡᠪᠰᠢ ᠲᠣᠰ ᠥᠭᠡᠷᠡᠴᠢᠯᠡᠨ ᠵᠠᠰᠠᠬᠤ ᠠᠷᠭ᠎ᠠ ᠮᠠᠶ᠋ᠢᠭ ᠢ ᠰᠣᠩᠭᠤᠬᠤ ᠬᠡᠷᠡᠭᠲᠡᠶ᠂ ᠬᠤᠲᠠ ᠶᠢᠨ ᠣᠷᠣᠨ ᠰᠠᠭᠤᠴᠠ | ᠪᠠ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠭᠡᠷ | ᠪᠠᠶᠢᠰᠢᠩ ᠢ ᠪᠠᠬᠢᠵᠢᠭᠦᠯᠦᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠳᠦᠷᠢᠮ︾ ᠤᠨ ᠱᠠᠭᠠᠷᠳᠠᠯᠭ᠎ᠠ ᠶᠢ | ᠦᠨᠳᠦᠰᠦᠯᠡᠨ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠪᠠᠬᠢᠵᠢᠭᠦᠯᠦᠨ | ᠥᠭᠡᠷᠡᠴᠢᠯᠡᠬᠦ ᠰᠢᠨ᠎ᠡ ᠮᠡᠷᠭᠡᠵᠢᠯ ᠢ ᠰᠤᠷᠤᠯᠴᠠᠵᠤ᠂ ᠥᠭᠡᠷᠡᠴᠢᠯᠡᠨ ᠵᠠᠰᠠᠬᠤ ᠨᠥᠬᠦᠴᠡᠯ ᠳᠤ ᠨᠡᠶᠢᠴᠡᠬᠦ ᠭᠡᠷ ᠪᠠᠶᠢᠰᠢᠩ ᠢ | ᠪᠠᠬᠢᠵᠢᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ | ᠦᠨᠳᠦᠰᠦᠨ ᠠᠴᠠ ᠨᠢ ᠰᠢᠢᠳᠪᠣᠷᠢᠯᠡᠬᠦ ᠬᠡᠷᠡᠭᠲᠡᠶ᠃ | 2. ᠤᠭ ᠰᠠᠭᠤᠭ᠎ᠠ ᠭᠠᠵᠠᠷ ᠪᠤᠶᠤ ᠣᠨᠳᠣᠤ ᠭᠠᠵᠠᠷ ᠲᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠄ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠬᠤ ᠥᠷᠲᠡᠭᠡ ᠳᠤ D ᠲᠡᠰ ᠤᠨ ᠨᠤᠷᠠᠬᠤ ᠠᠶᠤᠯᠲᠠᠶ ᠭᠡᠷ ᠪᠠᠶᠢᠰᠢᠩ ᠢᠶᠠᠷ ᠬᠢᠨᠠᠨ | ᠲᠣᠭᠲᠠᠭᠠᠭᠳᠠᠭᠰᠠᠨ ᠮᠠᠯᠵᠢᠬᠤ ᠲᠠᠷᠢᠶᠠᠯᠠᠬᠤ ᠡᠷᠦᠬᠡ ᠪᠦᠬᠦᠨ ᠡᠨᠡ ᠬᠦ ᠥᠭᠡᠷᠡᠴᠢᠯᠡᠨ ᠵᠠᠰᠠᠬᠤ ᠠᠷᠭ᠎ᠠ ᠮᠠᠶ᠋ᠢᠭ ︵ | ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ D ᠲᠡᠰ ᠤᠨ ᠭᠡᠷ ᠪᠠᠶᠢᠰᠢᠩ ᠪᠠᠭᠲᠠᠬᠤ | ᠥᠬᠡᠶ︶ ᠢ ᠰᠣᠩᠭᠤᠬᠤ ᠮᠥᠷᠲᠡᠭᠡᠨ ᠰᠢᠨ᠎ᠡ ᠪᠠᠷ ᠪᠠᠶᠢᠭᠤᠯᠵᠤ ᠬᠠᠭᠤᠴᠢᠨ ᠢ ᠨᠤᠷᠠᠭᠠᠬᠤ ᠬᠡᠷᠡᠭᠲᠡᠶ᠃ | ︵1︶ ᠪᠦᠲᠦᠭᠡᠨ ᠪᠠᠶᠢᠭᠤᠯᠤᠯᠲᠠ ᠶᠢᠨ ᠲᠥᠰᠦᠯ ᠨᠢᠭᠡ᠄ ᠵᠣᠯ ᠵᠢᠷᠭᠠᠯ ᠤᠨ ᠬᠦᠷᠢᠶᠡᠯᠡᠩ ᠤᠨ ᠡᠷᠦᠬᠡ | ᠪᠦᠷᠢ ᠶᠢᠨ ᠪᠠᠷᠢᠮᠵᠢᠶᠠᠲᠤ ᠵᠢᠷᠤᠭ ᠢᠶᠠᠷ ᠪᠦᠲᠦᠭᠡᠨ ᠪᠠᠶᠢᠭᠤᠯᠤᠭᠰᠠᠨ ᠮᠥᠷᠲᠡᠭᠡᠨ ᠣᠷᠣᠵᠤ ᠰᠠᠭᠤᠬᠤ ᠨᠥᠬᠦᠴᠡᠯ ᠢ | ᠪᠦᠷᠢᠳᠦᠭᠦᠯᠵᠦ᠂ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠦᠬᠦᠨ ᠢ ᠲᠥᠷᠥᠯ ᠵᠣᠶᠢᠯ ᠤᠨ ᠪᠠᠯᠠ ᠮᠥᠩᠭᠦ ᠪᠠᠷ | ᠳᠠᠮᠵᠢᠭᠤᠯᠤᠨ ᠰᠢᠢᠳᠪᠣᠷᠢᠯᠡᠨ᠎ᠠ᠂ ᠲᠤᠰ ᠪᠦᠲᠦᠭᠡᠨ ᠪᠠᠶᠢᠭᠤᠯᠤᠯᠲᠠ ᠶᠢᠨ ᠲᠥᠰᠦᠯ ᠨᠢ 1 ᠬᠦᠮᠣᠨ ᠲᠠᠢ ᠮᠠᠯᠴᠢᠨ | ᠲᠠᠷᠢᠶᠠᠴᠢᠨ ᠡᠷᠦᠬᠡ ᠳᠤ ᠲᠣᠬᠢᠷᠠᠬᠤ ᠮᠥᠷᠲᠡᠭᠡᠨ ᠵᠣᠭᠤᠰ ᠴᠤᠭᠯᠠᠭᠤᠯᠬᠤ ᠴᠢᠳᠠᠪᠤᠷᠢ ᠥᠬᠡᠶ ᠣᠨᠴᠠ ᠬᠦᠴᠢᠷᠳᠡᠯᠲᠡᠶ | ᠬᠥᠮᠦᠰ ᠲᠤ ᠲᠣᠬᠢᠷᠠᠨ᠎ᠠ᠃ | ︵2︶ ᠪᠦᠲᠦᠭᠡᠨ ᠪᠠᠶᠢᠭᠤᠯᠤᠯᠲᠠ ᠶᠢᠨ ᠲᠥᠰᠦᠯ ᠬᠤᠶᠠᠷ᠄ ᠣᠷᠣᠨ ᠰᠠᠭᠤᠴᠠ ᠶᠢᠨ ᠪᠠᠷᠢᠯᠭ᠎ᠠ ᠶᠢᠨ | ᠲᠠᠯᠠᠪᠠᠢ ᠨᠢ 40 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠲᠤ ᠵᠢᠷᠤᠭ ᠢᠶᠠᠷ ᠪᠦᠲᠦᠭᠡᠨ ᠪᠠᠶᠢᠭᠤᠯᠵᠤ᠂ ᠲᠠᠷᠢᠶᠠᠴᠢᠨ | ᠡᠷᠦᠬᠡ ᠶᠢ ᠥᠪᠡᠰᠦᠪᠡᠨ ᠪᠠᠶᠢᠭᠤᠯᠬᠤ ᠪᠠᠷ ᠭᠤᠤᠯ ᠪᠣᠯᠭᠠᠵᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠳᠤ ᠬᠢᠷᠢ | ᠲᠡᠩᠴᠡᠭᠰᠡᠨ ᠤ ᠳᠠᠷᠠᠭ᠎ᠠ᠂ ︽ᠪᠦᠬᠦᠨ ᠳᠤ ᠲᠣᠬᠢᠷᠠᠬᠤ ᠺᠠᠷᠲ︾ ᠤᠨ ᠬᠡᠯᠪᠡᠷᠢ ᠪᠠᠷ ᠳᠠᠮᠵᠢᠭᠤᠯᠤᠨ ᠲᠤᠰᠠᠯᠠᠮᠵᠢ ᠶᠢᠨ | ᠪᠡᠯᠡ ᠮᠥᠩᠭᠦ ᠶᠢ ᠲᠠᠷᠢᠶᠠᠴᠢᠨ ᠡᠷᠦᠬᠡ ᠳᠤ ᠰᠢᠭᠤᠳ ᠥᠭᠭᠦᠨ᠎ᠡ᠂ ᠲᠣᠰ ᠥᠭᠡᠷᠡᠴᠢᠯᠡᠨ ᠵᠠᠰᠠᠬᠤ ᠠᠷᠭ᠎ᠠ ᠮᠠᠶ᠋ᠢᠭ ᠢ | 2 — 3 ᠬᠥᠮᠦᠨ ᠤ ᠡᠷᠦᠬᠡ ᠳᠤ ᠬᠡᠷᠡᠭᠯᠡᠬᠦ ᠮᠥᠷᠲᠡᠭᠡᠨ ᠥᠪᠡᠷ ᠢᠶᠠᠷ ᠴᠤᠭᠯᠠᠭᠤᠯᠬᠤ ᠴᠢᠳᠠᠪᠤᠷᠢ ᠲᠠᠢ | ᠲᠠᠷᠢᠶᠠᠯᠠᠬᠤ ᠮᠠᠯᠵᠢᠬᠤ ᠡᠷᠦᠬᠡ ᠳᠤ ᠬᠡᠷᠡᠭᠯᠡᠨ᠎ᠡ᠃ | 3. ᠭᠡᠷ ᠪᠠᠶᠢᠰᠢᠩ ᠬᠤᠳᠠᠯᠳᠤᠨ ᠠᠪᠴᠤ ᠰᠣᠯᠢᠬᠤ᠄ | ᠬᠠᠳᠠᠭᠠᠯᠠᠵᠤ ᠪᠠᠶᠢᠭ᠎ᠠ ᠰᠤᠯᠠ ᠪᠠᠶᠢᠯᠭᠠᠭᠰᠠᠨ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠮᠤᠷ ᠲᠦᠪᠰᠢᠨ | ᠲᠣᠭᠤᠰᠬ᠎ᠠ ᠮᠣᠳᠣ᠂ ᠲᠣᠭᠤᠰᠬ᠎ᠠ ᠬᠤᠯᠢᠬᠤ ᠪᠦᠲᠦᠴᠡ ᠲᠠᠢ ᠭᠡᠷ ᠪᠠᠶᠢᠰᠢᠩ ᠢ ᠬᠤᠳᠠᠯᠳᠤᠨ ᠠᠪᠴᠤ ᠠᠮᠤᠷ | ᠲᠦᠪᠰᠢᠨ ᠣᠷᠣᠨ ᠰᠠᠭᠤᠴᠠ ᠪᠣᠯᠭᠠᠬᠤ ᠮᠥᠷᠲᠡᠭᠡᠨ ᠰᠢᠨ᠎ᠡ ᠪᠠᠷ ᠰᠠᠭᠤᠵᠤ ᠬᠠᠭᠤᠴᠢᠨ ᠢᠶᠠᠨ ᠨᠤᠷᠠᠭᠠᠬᠤ ᠬᠡᠷᠡᠭᠲᠡᠶ᠃ | 4. ᠭᠡᠷ ᠪᠠᠶᠢᠰᠢᠩ ᠲᠦᠷᠢᠶᠡᠰᠦᠯᠡᠵᠦ ᠰᠣᠯᠢᠬᠤ᠄ | ᠲᠣᠰᠬᠤᠨ ᠤ ᠠᠷᠠᠳ ᠤᠨ ᠰᠠᠶᠢᠨ ᠳᠤᠷ᠎ᠠ ᠠᠴᠠ ᠪᠠᠨ ᠪᠠᠶᠢᠬᠤ ᠰᠠᠭᠤᠷᠢᠨ ᠳᠡᠭᠡᠷ᠎ᠡ ᠠᠶᠠᠨᠳᠠᠭᠠᠨ ᠪᠤᠶᠤ | ᠲᠣᠰᠬᠤᠨ ᠤ ᠠᠷᠠᠳ ᠤᠨ ᠵᠥᠪᠯᠡᠯ ᠢᠶᠠᠷ ᠳᠠᠮᠵᠢᠭᠤᠯᠤᠨ ᠲᠦᠷᠢᠶᠡᠰᠦᠯᠡᠭᠦᠯᠵᠦ ᠪᠠᠶᠢᠭ᠎ᠠ ᠦᠯᠡᠳᠡᠭᠡᠯ ᠰᠤᠯᠠ | ᠪᠠᠶᠢᠯᠭᠠᠭᠰᠠᠨ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠠᠶᠤᠯ ᠦᠭᠡᠢ ᠲᠣᠭᠤᠰᠬ᠎ᠠ | ᠮᠣᠳᠣ᠂ ᠲᠣᠭᠤᠰᠬ᠎ᠠ ᠬᠤᠯᠢᠬᠤ ᠪᠦᠲᠦᠴᠡ ᠲᠠᠢ ᠭᠡᠷ ᠪᠠᠶᠢᠰᠢᠩ ᠢᠶᠠᠷ ᠠᠶᠤᠯ ᠦᠭᠡᠢ ᠣᠷᠣᠨ ᠰᠠᠭᠤᠴᠠ ᠪᠣᠯᠭᠠᠬᠤ | ᠮᠥᠷᠲᠡᠭᠡᠨ ᠰᠢᠨ᠎ᠡ ᠪᠠᠷ ᠨᠤᠷᠠᠭᠠᠵᠤ ᠬᠠᠭᠤᠴᠢᠨ ᠢᠶᠠᠨ ᠨᠤᠷᠠᠭᠠᠬᠤ ᠶᠢ ᠵᠣᠷᠢᠭᠵᠢᠭᠤᠯᠬᠤ ᠬᠡᠷᠡᠭᠲᠡᠶ᠃ | 5. ᠤᠯᠤᠰ ᠠᠴᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠨ᠎ᠡ᠄ | ᠬᠥᠳᠡᠯᠮᠦᠷᠢᠯᠡᠬᠦ ᠴᠢᠳᠠᠪᠤᠷᠢ ᠲᠠᠢ ᠮᠠᠯᠴᠢᠨ ᠲᠠᠷᠢᠶᠠᠴᠢᠳ ᠤᠨ ᠬᠤᠲᠠ ᠳᠤ ᠣᠷᠣᠵᠤ ᠠᠵᠢᠯ ᠬᠢᠵᠦ | ᠣᠷᠣᠯᠭ᠎ᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠤᠯᠤᠰ ᠪᠤᠶᠤ ᠣᠷᠣᠨ ᠨᠤᠲᠤᠭ ᠤᠨ ᠣᠨᠳᠣᠤ ᠭᠠᠵᠠᠷ ᠨᠡᠭᠦᠯᠭᠡᠬᠦ | ᠲᠥᠷᠥ ᠶᠢᠨ ᠪᠣᠳᠣᠯᠭ᠎ᠠ ᠪᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ | ᠲᠥᠷᠥ ᠶᠢᠨ ᠪᠣᠳᠣᠯᠭ᠎ᠠᠶᠢ ᠬᠦᠷᠲᠡᠭᠰᠡᠨ ᠥᠬᠡᠶ ᠪᠠᠶᠢᠪᠡᠯ᠂ ᠤᠯᠤᠰ ᠠᠴᠠ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ ᠭᠤᠶᠤᠴᠢᠯᠠᠵᠤ ᠪᠣᠯᠤᠨ᠎ᠠ᠃ | ᠭᠤᠷᠪᠠ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠣᠬᠢᠷᠠᠮᠵᠢᠲᠠᠢ ᠥᠭᠡᠷᠡᠴᠢᠯᠡᠬᠦ ᠠᠷᠭ᠎ᠠ ᠮᠠᠶ᠋ᠢᠭ ᠢ | ᠲᠦᠯᠬᠢᠨ ᠠᠬᠢᠭᠤᠯᠬᠤ ᠬᠡᠷᠡᠭᠲᠡᠢ | ︵ᠨᠢᠭᠡ︶ ᠣᠨᠴᠠ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠦᠬᠦᠨ ᠢ | ᠪᠠᠲᠤᠯᠠᠨ᠎ᠠ᠃ ᠥᠪᠡᠷ ᠢᠶᠠᠷ ᠪᠠᠯᠠ ᠮᠥᠩᠭᠦ ᠴᠤᠭᠯᠠᠭᠤᠯᠬᠤ ᠪᠠ ᠪᠠᠯᠠ ᠣᠷᠣᠭᠤᠯᠬᠤ ᠮᠠᠲ᠋ᠧᠷᠢᠶᠠᠯ ᠣᠷᠣᠭᠤᠯᠬᠤ | ᠴᠢᠳᠠᠪᠤᠷᠢ ᠪᠠᠷ ᠲᠣᠶᠢᠯ ᠤᠨ ᠪᠠᠭᠤᠷᠠᠶ ᠣᠨᠴᠠ ᠬᠦᠴᠢᠷᠳᠡᠯᠲᠡᠶ ᠡᠷᠦᠬᠡ ᠳᠤ᠂ ᠬᠥᠳᠡᠭᠡ ᠲᠣᠰᠬᠤᠨ ᠤ ᠬᠠᠮᠲᠤ ᠶᠢᠨ | ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠪᠠᠶᠢᠭᠤᠯᠬᠤ᠂ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠠ | ᠬᠠᠮᠲᠤ ᠶᠢᠨ ᠨᠡᠶᠢᠲᠡ ᠶᠢᠨ ᠭᠡᠷ ᠪᠠᠶᠢᠰᠢᠩ ᠢ ᠠᠰᠢᠭᠯᠠ ᠰᠣᠯᠢᠬᠤ᠂ ᠨᠥᠬᠦᠪᠥᠷᠢ ᠪᠠᠯᠠ ᠮᠥᠩᠭᠦ ᠶᠢᠨ ᠲᠤᠭ᠎ᠠ | ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠴᠠ ᠬᠦᠴᠢᠷᠳᠡᠯᠲᠡᠶ ᠡᠷᠦᠬᠡ ᠶᠢᠨ | ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠣᠷᠢᠯᠡᠨ᠎ᠠ᠃ | ︵ᠬᠤᠶᠠᠷ︶ ᠦᠨ᠎ᠡ ᠨᠢ ᠳᠣᠤᠷ᠎ᠠ ᠲᠠᠷᠢᠶᠠᠯᠠᠩ ᠤᠨ ᠭᠡᠷ ᠪᠠᠶᠢᠰᠢᠩ ᠪᠠᠶᠢᠭᠤᠯᠬᠤ ᠮᠡᠷᠭᠡᠵᠢᠯ ᠢ ᠨᠡᠭᠡᠭᠡᠨ | ᠬᠥᠭᠵᠢᠭᠦᠯᠵᠦ ᠳᠡᠯᠭᠡᠷᠡᠭᠦᠯᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠨᠢ ᠬᠢᠮᠳᠠ ᠦᠨ᠎ᠡ ᠥᠷᠲᠡᠭ ᠲᠠᠢ᠂ | ᠴᠢᠳᠠᠮᠵᠢ ᠪᠠᠷ ᠰᠠᠶᠢᠨ᠂ ᠠᠮᠤᠷ ᠲᠦᠪᠰᠢᠨ᠂ ᠪᠣᠬᠢᠷᠲᠤᠯ ᠦᠭᠡᠢ ᠬᠥᠳᠡᠭᠡ ᠲᠣᠰᠬᠤᠨ ᠤ ᠭᠡᠷ ᠪᠠᠶᠢᠰᠢᠩ ᠪᠠᠷᠢᠬᠤ | ᠮᠡᠷᠭᠡᠵᠢᠯ ᠢ ᠳᠡᠯᠭᠡᠷᠡᠭᠦᠯᠵᠦ᠂ ᠲᠤᠬᠠᠶ ᠶᠢᠨ ᠭᠠᠵᠠᠷ ᠤᠨ ᠤᠯᠠᠮᠵᠢᠯᠠᠯᠲᠤ ᠭᠡᠷ ᠪᠠᠶᠢᠰᠢᠩ ᠢ ᠠᠰᠢᠭᠯᠠᠬᠤ ᠰᠤᠳᠤᠯᠤᠯ ᠢ | ᠴᠢᠩᠭᠠᠳᠬᠠᠨ᠂ ᠤᠯᠠᠮᠵᠢᠯᠠᠯᠲᠤ ᠪᠠᠷᠢᠯᠭ᠎ᠠ ᠶᠢᠨ ᠠᠵᠢᠯ ᠤᠨ ᠠᠷᠭ᠎ᠠ ᠶᠢ ᠤᠯᠠᠮᠵᠢᠯᠠᠨ ᠵᠠᠯᠭᠠᠮᠵᠢᠯᠠᠬᠤ ᠪᠠ | ᠰᠠᠶᠢᠵᠢᠷᠠᠭᠤᠯᠵᠤ᠂ ᠪᠠᠷᠢᠮᠵᠢᠶ᠎ᠠ ᠳᠤ ᠨᠡᠶᠢᠴᠡᠭᠰᠡᠨ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠴᠤ ᠭᠡᠷ ᠪᠠᠶᠢᠰᠢᠩ | ᠪᠠᠷᠢᠬᠤ ᠮᠡᠷᠭᠡᠵᠢᠯ ᠤᠨ ᠲᠥᠰᠦᠯ ᠢ ᠬᠠᠶᠢᠨ ᠰᠦᠪᠡᠭᠴᠢᠯᠡᠵᠦ᠂ ᠪᠡᠯᠡ ᠮᠥᠩᠭᠦ ᠶᠢ ᠠᠷᠪᠢᠯᠠᠨ ᠥᠭᠡᠷᠡᠴᠢᠯᠡᠵᠦ᠂ | ᠣᠷᠣᠰᠢᠨ ᠰᠠᠭᠤᠬᠤ ᠴᠢᠳᠠᠮᠵᠢ ᠶᠢ ᠨᠢ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠭᠡᠷ ᠪᠠᠷᠢᠬᠤ ᠲᠠᠯᠠᠪᠠᠢ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ 4 ᠲᠥᠷᠥᠯ ᠤᠨ | ᠭᠤᠣᠯᠳᠠᠯᠭ᠎ᠠ ᠲᠠᠢ ᠡᠲᠡᠭᠡᠳ ᠢ ᠰᠢᠨᠡᠳᠬᠡᠨ ᠵᠠᠰᠠᠬᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠶᠢ ᠵᠠᠷᠴᠢᠮ | ᠳᠡᠭᠡᠷ᠎ᠡ ᠪᠠᠨ 1 ᠠᠴᠠ 3 ᠬᠥᠮᠥᠨ ᠤ ᠡᠷᠦᠬᠡ ᠶᠢ 40 ᠠᠴᠠ 60 ᠲᠡᠭᠰᠢ ᠳᠥᠷᠪᠡᠯᠵᠢᠨ ᠺᠦᠸᠠᠳ᠋ ᠮᠧᠲᠷ ᠤᠨ | ᠳᠣᠲᠣᠷ᠎ᠠ ᠬᠢᠵᠠᠭᠠᠷᠯᠠᠬᠤ ᠶᠢᠨ ᠬᠠᠮᠲᠤ 1 ᠬᠥᠮᠥᠨ ᠤ ᠡᠷᠦᠬᠡ ᠶᠢ 20 ᠲᠡᠭᠰᠢ ᠳᠥᠷᠪᠡᠯᠵᠢᠨ ᠺᠦᠸᠠᠳ᠋ ᠮᠧᠲᠷ ᠠᠴᠠ | ᠳᠣᠣᠷ᠎ᠠ ᠪᠠᠶᠢᠯᠭᠠᠬᠤ ᠦᠭᠡᠢ᠂ 2 ᠬᠥᠮᠥᠨ ᠤ ᠡᠷᠦᠬᠡ ᠶᠢ 30 ᠲᠡᠭᠰᠢ ᠳᠥᠷᠪᠡᠯᠵᠢᠨ ᠺᠦᠸᠠᠳ᠋ ᠮᠧᠲᠷ ᠠᠴᠠ ᠳᠣᠣᠷ᠎ᠠ | ᠪᠠᠶᠢᠯᠭᠠᠬᠤ ᠦᠭᠡᠢ᠂ 3 ᠬᠥᠮᠥᠨ ᠤ ᠡᠷᠦᠬᠡ ᠶᠢ 40 ᠲᠡᠭᠰᠢ ᠳᠥᠷᠪᠡᠯᠵᠢᠨ ᠺᠦᠸᠠᠳ᠋ ᠮᠧᠲᠷ ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠬᠡᠷᠡᠭᠲᠡᠢ᠃ 3 ᠬᠥᠮᠦᠨ ᠠᠴᠠ ᠳᠡᠭᠡᠭᠰᠢ ᠡᠷᠦᠬᠡ ᠶᠢᠨ ᠬᠥᠮᠦᠨ ᠪᠦᠷᠢ ᠶᠢᠨ ᠳᠤᠮᠳᠠᠴᠢ | ᠪᠠᠷᠢᠯᠭ᠎ᠠ ᠶᠢᠨ ᠲᠠᠯᠠᠪᠠᠢ ᠨᠢ 18 ᠲᠡᠭᠰᠢ ᠳᠥᠷᠪᠡᠯᠵᠢᠨ ᠺᠦᠸᠠᠳ᠋ ᠮᠧᠲᠷ ᠠᠴᠠ ᠬᠡᠲᠦᠷᠡᠵᠦ ᠪᠣᠯᠬᠤ ᠦᠭᠡᠢ᠂ 13 | ᠲᠡᠭᠰᠢ ᠳᠥᠷᠪᠡᠯᠵᠢᠨ ᠺᠦᠸᠠᠳ᠋ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ ᠥᠪᠡᠷ ᠢᠶᠠᠷ ᠴᠤᠭᠯᠠᠭᠤᠯᠤᠭᠰᠠᠨ | ᠪᠠᠯᠠ ᠮᠥᠩᠭᠦ ᠪᠠ ᠪᠠᠯᠠ ᠣᠷᠣᠭᠤᠯᠬᠤ ᠮᠠᠲ᠋ᠧᠷᠢᠶᠠᠯ ᠣᠷᠣᠭᠤᠯᠬᠤ ᠴᠢᠳᠠᠪᠤᠷᠢ ᠲᠣᠶᠢᠯ ᠤᠨ ᠪᠠᠭᠤᠷᠠᠶ᠂ ᠨᠡᠶᠢᠭᠡᠮ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠦᠨᠳᠦᠰᠦᠨ ᠵᠣᠶᠢᠯ ᠢ ᠪᠠᠲᠤᠯᠠᠨ ᠶᠠᠳᠠᠭᠤ ᠠᠴᠠ ᠠᠩᠭᠢᠵᠢᠷᠠᠭᠤᠯᠬᠤ | ᠴᠢᠬᠤᠯᠠᠲᠠᠶ ᠣᠨᠴᠠ ᠬᠦᠴᠢᠷᠳᠡᠯᠲᠡᠶ ᠡᠷᠦᠬᠡ ᠶᠢᠨ ᠭᠡᠷ ᠪᠠᠶᠢᠰᠢᠩ ᠤᠨ ᠲᠠᠯᠠᠪᠠᠢ ᠶᠢ ᠥᠭᠡᠷᠡᠴᠢᠯᠡᠨ ᠵᠠᠰᠠᠬᠤ ᠠᠵᠢᠯ ᠢ | ᠳᠣᠣᠷᠠᠳᠤ ᠬᠢᠵᠠᠭᠠᠷ ᠤᠨ ᠪᠠᠷᠢᠮᠵᠢᠶ᠎ᠠ ᠪᠠᠷ ᠬᠢᠵᠠᠭᠠᠷᠯᠠᠨ᠎ᠠ᠃ | ︵ᠲᠦᠷᠪᠡ︶ ᠠᠶᠤᠯ ᠦᠭᠡᠢ ᠪᠠ ᠦᠨᠳᠦᠰᠦᠨ ᠡᠷᠡᠭᠦᠯ ᠬᠠᠮᠠᠭᠠᠯᠠᠯ ᠤᠨ ᠨᠥᠬᠦᠴᠡᠯ ᠢ ᠪᠠᠲᠤᠯᠠᠨ᠎ᠠ᠃ 4 | ᠲᠥᠷᠥᠯ ᠤᠨ ᠭᠤᠣᠯᠳᠠᠯᠭ᠎ᠠ ᠲᠠᠢ ᠡᠲᠡᠭᠡᠳ ᠤᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠬᠤ ᠲᠤ ᠨᠠᠭᠠᠳᠤ ᠵᠠᠬ᠎ᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠬᠡᠷᠡᠭᠵᠢᠭᠦᠯᠵᠦ᠂ | ᠡᠷᠬᠡᠪᠰᠢ ᠭᠤᠣᠯ ᠪᠣᠯᠬᠤ ᠤᠭᠰᠠᠷᠠᠭ᠎ᠠ ᠲᠣᠨᠤᠭ ᠤᠨ ᠬᠢᠷᠢ ᠲᠡᠩᠴᠡᠬᠦ᠂ ᠪᠦᠲᠦᠴᠡ ᠶᠢᠨ ᠠᠮᠤᠷ ᠲᠦᠪᠰᠢᠨ ᠲᠤ | ᠬᠦᠷᠦᠭᠦᠯᠵᠦ᠂ ᠲᠠᠷᠢᠶᠠᠯᠠᠩ ᠤᠨ ᠭᠡᠷ ᠪᠠᠶᠢᠰᠢᠩ ᠢ ᠰᠢᠨᠡᠳᠬᠡᠨ ᠵᠠᠰᠠᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ | ᠳᠣᠷᠭᠢᠯᠲᠠ ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠪᠠᠷᠢᠮᠵᠢᠶ᠎ᠠ ᠲᠤ ᠬᠦᠷᠦᠭᠦᠯᠬᠦ ᠬᠡᠷᠡᠭᠲᠡᠢ᠃ | ᠲᠦᠷᠪᠡ᠂ ᠨᠥᠬᠦᠪᠥᠷᠢ ᠶᠢᠨ ᠪᠠᠷᠢᠮᠵᠢᠶ᠎ᠠ | ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ 2019 ᠣᠨ ᠤ ᠡᠯ᠎ᠡ ᠱᠠᠲᠤᠨ ᠤ ᠵᠠᠰᠠᠭ ᠤᠨ | ᠣᠷᠳᠣᠨ ᠤ ᠨᠥᠬᠦᠪᠥᠷᠢ ᠶᠢᠨ ᠪᠠᠷᠢᠮᠵᠢᠶ᠎ᠠ ᠶᠢ ᠲᠥᠪ ᠠᠴᠠ ᠡᠷᠦᠬᠡ ᠪᠦᠷᠢ ᠳᠤ 14000 ᠲᠥᠭᠦᠷᠢᠭ ᠤᠨ ᠨᠥᠬᠦᠪᠥᠷᠢ | ᠥᠭᠴᠦ᠂ ᠥᠪᠡᠷᠲᠡᠭᠡᠨ ᠵᠠᠰᠠᠬᠤ ᠣᠷᠣᠨ ᠠᠴᠠ ᠡᠷᠦᠬᠡ ᠪᠦᠷᠢ ᠳᠤ 6000 ᠲᠥᠭᠦᠷᠢᠭ ᠤᠨ ᠨᠥᠬᠦᠪᠥᠷᠢ ᠥᠭᠴᠦ᠂ | ᠬᠤᠲᠠ᠂ ᠬᠤᠰᠢᠭᠤᠨ ᠤ ᠡᠷᠦᠬᠡ ᠪᠦᠷᠢ ᠳᠤ ᠲᠣᠰ ᠲᠣᠰ 2616 ᠲᠥᠭᠦᠷᠢᠭ ᠤᠨ ᠨᠥᠬᠦᠪᠥᠷᠢ ᠥᠭᠭᠦᠨ᠎ᠡ᠃ ᠰᠡᠯᠪᠢᠨ | ᠵᠠᠰᠠᠬᠤ᠂ ᠰᠢᠨ᠎ᠡ ᠪᠠᠷ ᠪᠠᠶᠢᠭᠤᠯᠬᠤ᠂ ᠡᠷᠦᠬᠡ ᠪᠦᠷᠢ ᠶᠢᠨ ᠨᠥᠬᠦᠪᠥᠷᠢ ᠶᠢ 25 ᠲᠥᠭᠦᠷᠢᠭ ᠢ ᠳᠠᠪᠠᠭᠤᠯᠬᠤ ᠥᠬᠡᠶ᠂ | ᠲᠦᠷᠢᠶᠡᠰᠦᠯᠡᠭᠦᠯᠬᠦ ᠨᠥᠬᠦᠪᠥᠷᠢ ᠶᠢ ᠡᠷᠦᠬᠡ ᠪᠦᠷᠢ ᠲᠤ ᠵᠢᠯ ᠪᠦᠷᠢ 1200 ᠲᠥᠭᠦᠷᠢᠭ ᠢ ᠳᠠᠪᠠᠭᠤᠯᠬᠤ ᠥᠬᠡᠶ᠂ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠬᠦᠷᠲᠡᠬᠦ ᠲᠤ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠭᠦᠢᠴᠡᠳᠬᠡᠬᠦ ᠬᠡᠷᠡᠭᠲᠡᠢ᠃ | ︽ᠳᠥᠷᠪᠡᠨ ᠲᠥᠷᠥᠯ ᠤᠨ ᠪᠤᠰᠤ ᠭᠤᠤᠯᠳᠠᠯᠭ᠎ᠠ ᠲᠠᠢ ᠡᠲᠡᠭᠡᠳ︾ ᠤᠨ ᠳᠣᠲᠣᠷᠠᠬᠢ ᠵᠠᠰᠠᠭ ᠤᠨ ᠣᠷᠳᠣᠨ ᠠᠴᠠ | ᠳᠠᠭᠠᠭᠠᠨ ᠰᠢᠢᠳᠪᠣᠷᠢᠯᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ ᠤᠨ ᠣᠷᠣᠨ ᠰᠠᠭᠤᠴᠠ ᠶᠢᠨ ᠨᠥᠬᠦᠪᠥᠷᠢ ᠶᠢ | 30000 ᠲᠥᠭᠦᠷᠢᠭ ᠠᠴᠠ ᠳᠠᠪᠠᠭᠤᠯᠬᠤ ᠦᠭᠡᠢ᠂ ᠪᠤᠰᠤᠳ ᠲᠠᠷᠢᠶᠠᠯᠠᠬᠤ ᠮᠠᠯᠵᠢᠬᠤ ᠡᠷᠦᠬᠡ ᠶᠢ ᠰᠡᠯᠪᠢᠨ ᠵᠠᠰᠠᠬᠤ᠂ | ᠰᠢᠨ᠎ᠡ ᠪᠠᠷ ᠪᠠᠶᠢᠭᠤᠯᠬᠤ᠂ ᠭᠡᠷ ᠪᠠᠶᠢᠰᠢᠩ ᠰᠣᠯᠢᠬᠤ ᠲᠠᠯ᠎ᠠ ᠪᠠᠷ ᠵᠠᠷᠴᠢᠮ ᠳᠡᠭᠡᠷ᠎ᠡ ᠪᠠᠨ 15000 ᠲᠥᠭᠦᠷᠢᠭ ᠠᠴᠠ | ᠳᠠᠪᠠᠭᠤᠯᠬᠤ ᠦᠭᠡᠢ᠂ ᠲᠦᠷᠢᠶᠡᠰᠦᠯᠡᠬᠦ ᠨᠥᠬᠦᠪᠥᠷᠢ ᠶᠢ ᠡᠷᠦᠬᠡ ᠪᠦᠷᠢ ᠳᠤ ᠵᠢᠯ ᠪᠦᠷᠢ 1200 ᠲᠥᠭᠦᠷᠢᠭ ᠠᠴᠠ | ᠳᠠᠪᠠᠭᠤᠯᠬᠤ ᠦᠭᠡᠢ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠡᠳ᠋ᠯᠡᠬᠦ ᠳᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠭᠦᠢᠴᠡᠳᠭᠡᠬᠦ ᠬᠡᠷᠡᠭᠲᠡᠶ᠃ | ᠲᠠᠪᠤ᠂ ᠳᠠᠩᠰᠠ ᠡᠪᠬᠡᠮᠡᠯ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠳᠤ ᠨᠢᠭᠡ ᠲᠡᠰ ᠤᠨ ᠲᠠᠷᠢᠶᠠᠴᠢᠨ ᠡᠷᠦᠬᠡ ᠶᠢᠨ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠳᠠᠩᠰᠠ ᠡᠪᠬᠡᠮᠡᠯ ᠪᠠᠶᠢᠭᠤᠯᠬᠤ ᠶᠢ | ᠵᠥᠪᠰᠢᠶᠡᠷᠡᠬᠦ ᠶᠢᠨ ᠬᠠᠮᠲᠤ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠬᠢᠴᠠ ᠯᠤᠭ᠎ᠠ ᠵᠡᠷᠭᠡ ᠳᠤᠨᠢ | ᠪᠠᠶᠢᠭᠤᠯᠬᠤ ᠬᠡᠷᠡᠭᠲᠡᠶ᠃ ᠲᠠᠷᠢᠶᠠᠴᠢᠨ ᠡᠷᠦᠬᠡ ᠶᠢᠨ ᠳᠠᠩᠰᠠ ᠡᠪᠬᠡᠮᠡᠯ ᠨᠢ ᠡᠯᠧᠺᠲᠷᠣᠨ ᠳᠠᠩᠰᠠ ᠡᠪᠬᠡᠮᠡᠯ ᠪᠠ | ᠴᠠᠭᠠᠰᠤᠨ ᠳᠠᠩᠰᠠ ᠡᠪᠬᠡᠮᠡᠯ ᠢᠶᠠᠷ ᠪᠦᠷᠢᠯᠳᠦᠨ᠎ᠡ᠃ ᠭᠤᠤᠯᠳᠠᠭᠤ ᠨᠤᠷᠠᠬᠤ ᠠᠶᠤᠯᠲᠠᠶ ᠭᠡᠷ ᠪᠠᠢᠰᠢᠩ ᠢ ᠥᠭᠡᠷᠡᠴᠢᠯᠡᠨ | ᠰᠢᠨᠡᠳᠬᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠲᠠᠷᠢᠶᠠᠴᠢᠨ ᠡᠷᠦᠬᠡ ᠶᠢᠨ ᠭᠤᠶᠤᠴᠢᠯᠠᠯ᠂ ᠬᠠᠭᠤᠯᠪᠤᠷᠢ ᠳᠡᠪᠲᠡᠷ᠂ | ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ | ᠮᠡᠳᠡᠭᠦᠯᠦᠯᠲᠡ᠂ ᠲᠠᠷᠢᠶᠠᠴᠢᠨ ᠡᠷᠦᠬᠡ ᠶᠢᠨ ᠰᠠᠭᠤᠷᠢ ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ᠂ ᠨᠤᠷᠠᠬᠤ | ᠠᠶᠤᠯᠲᠠᠶ ᠭᠡᠷ ᠪᠠᠢᠰᠢᠩ ᠢ ᠥᠭᠡᠷᠡᠴᠢᠯᠡᠨ ᠰᠢᠨᠡᠳᠬᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠬᠦᠰᠦᠨᠦᠭᠲᠦ᠂ ᠥᠭᠡᠷᠡᠴᠢᠯᠡᠨ ᠰᠢᠨᠡᠳᠬᠡᠬᠦ ᠠᠴᠠ ᠡᠮᠦᠨ᠎ᠡ ᠳᠤᠮᠳᠠ ᠬᠤᠶᠢᠨᠠᠬᠢ | ᠣᠷᠣᠨ ᠰᠠᠭᠤᠴᠠ ᠶᠢᠨ ᠭᠡᠷᠡᠯ ᠵᠢᠷᠤᠭ ᠵᠡᠷᠭᠡ ᠠᠭᠤᠯᠭ᠎ᠠ ᠪᠠᠭᠲᠠᠨ᠎ᠠ᠃ ᠴᠠᠭᠠᠰᠤᠨ ᠳᠠᠩᠰᠠ ᠡᠪᠬᠡᠮᠡᠯ ᠤᠨ ᠦᠰᠦᠭ | ᠪᠢᠴᠢᠭ ᠢ ᠵᠢᠷᠤᠮᠵᠢᠯ ᠲᠠᠢ ᠪᠢᠴᠢᠵᠦ᠂ ᠠᠭᠤᠯᠭ᠎ᠠ ᠶᠢ ᠪᠦᠷᠢᠨ ᠲᠠᠭᠯᠠᠨ᠎ᠠ᠂ ᠭᠠᠷ ᠤᠨ ᠦᠰᠦᠭ ᠵᠢᠷᠤᠬᠤ ᠪᠠ ᠲᠠᠮᠠᠭ᠎ᠠ | ᠳᠠᠷᠤᠵᠤ ᠪᠣᠯᠬᠤ ᠥᠬᠡᠶ᠃ ᠮᠠᠲ᠋ᠧᠷᠢᠶᠠᠯ ᠪᠠᠭᠤᠯᠭᠠᠬᠤ ᠳᠠᠭᠠᠨ ᠲᠣᠳᠣᠷᠬᠠᠶ ᠪᠠᠶᠢᠬᠤ ᠬᠡᠷᠡᠭᠲᠡᠶ᠃ ᠭᠡᠷᠡᠯ ᠵᠢᠷᠤᠭ ᠨᠢ | ᠲᠣᠳᠣ᠂ ᠵᠠᠶ ᠨᠢ ᠲᠣᠬᠢᠷᠠᠮᠵᠢᠲᠠᠶ ᠪᠠᠶᠢᠬᠤ ᠬᠡᠷᠡᠭᠲᠡᠶ᠃ ᠲᠠᠷᠢᠶᠠᠴᠢᠨ ᠡᠷᠦᠬᠡ ᠶᠢᠨ ᠴᠠᠭᠠᠰᠤᠨ ᠳᠠᠩᠰᠠ ᠡᠪᠬᠡᠮᠡᠯ ᠢ | ᠪᠠᠶᠢᠭᠤᠯᠤᠭᠰᠠᠨ ᠤ ᠳᠠᠷᠠᠭ᠎ᠠ᠂ ᠲᠠᠷᠢᠶᠠᠴᠢᠨ ᠡᠷᠦᠬᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ᠂ ᠪᠦᠬᠦ ᠲᠠᠯ᠎ᠠ ᠪᠠᠷ᠂ | ᠦᠨᠡᠨ ᠪᠣᠳᠠᠲᠠᠶ᠂ ᠣᠨᠣᠪᠴᠢᠲᠠᠶ ︽ᠪᠦᠬᠦ ᠤᠯᠤᠰ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ | ᠰᠢᠨᠡᠳᠬᠡᠨ ᠵᠠᠰᠠᠬᠤ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠰᠢᠰᠲ᠋ᠧᠮ︾ ᠳᠤ ᠣᠷᠣᠭᠤᠯᠬᠤ ᠶᠢᠨ ᠬᠠᠮᠲᠤ᠂ | ᠪᠠᠷᠢᠯᠭ᠎ᠠ ᠶᠢᠨ ᠠᠬᠢᠴᠠ ᠶᠣᠰᠣᠭᠠᠷ ᠴᠠᠭ ᠲᠤᠬᠠᠶ ᠳᠤᠨᠢ ᠰᠢᠨᠡᠳᠬᠡᠭᠰᠡᠨ ᠠᠬᠢᠯᠲᠠ ᠶᠢᠨ ᠪᠠᠶᠢᠳᠠᠯ ᠢ᠂ ᠴᠠᠭᠠᠰᠤᠨ | ᠳᠠᠩᠰᠠ ᠡᠪᠬᠡᠮᠡᠯ ᠬᠢᠭᠡᠳ ᠰᠢᠰᠲ᠋ᠧᠮ ᠤᠨ ᠡᠯᠧᠺᠲᠷᠣᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠪᠦᠷᠢᠮᠦᠰᠦᠨ | ᠨᠢᠭᠡᠳᠦᠯᠲᠡᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠵᠢᠷᠭᠤᠭ᠎ᠠ᠂ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ᠲᠠᠷᠢᠶᠠᠴᠢᠨ ᠮᠠᠯᠴᠢᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ | ᠪᠣᠳᠣᠯᠭ᠎ᠠ ᠶᠢ ᠮᠡᠳᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠰᠣᠨᠢᠨ ᠮᠡᠳᠡᠭᠡᠨ ᠤ | ᠵᠠᠭᠤᠴᠢᠯᠠᠭᠤᠷ᠂ ᠤᠬᠠᠭᠤᠯᠭ᠎ᠠ ᠶᠢᠨ ᠬᠠᠭᠤᠳᠠᠰᠤ᠂ ᠰᠢᠶᠠᠩ ᠪᠠᠯᠭᠠᠰᠤ ᠪᠣᠯᠤᠨ ᠲᠣᠰᠬᠤᠨ ᠤ ᠱᠠᠲᠤᠨ ᠤ | ᠤᠬᠠᠭᠤᠯᠭ᠎ᠠ ᠶᠢᠨ ᠪᠤᠯᠤᠩ᠂ ᠬᠤᠷᠠᠯ ᠵᠡᠷᠭᠡ ᠣᠯᠠᠨ ᠵᠣᠶᠢᠯ ᠤᠨ ᠠᠷᠭ᠎ᠠ ᠵᠠᠮ ᠢᠶᠠᠷ ᠳᠠᠮᠵᠢᠭᠤᠯᠤᠨ ᠨᠤᠷᠠᠬᠤ ᠠᠶᠤᠯᠲᠠᠶ | ᠭᠡᠷ ᠪᠠᠶᠢᠰᠢᠩ ᠢ ᠰᠢᠨᠡᠳᠬᠡᠨ ᠵᠠᠰᠠᠬᠤ ᠦᠨᠳᠦᠰᠦᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠦᠭᠡᠮᠡᠯᠵᠢᠭᠦᠯᠬᠦ | ᠠᠵᠢᠯ ᠢ ᠴᠢᠩᠭᠠᠳᠬᠠᠬᠤ ᠬᠡᠷᠡᠭᠲᠡᠶ᠃ ᠰᠤᠮᠤ ᠰᠢᠶᠠᠩ ᠪᠠᠯᠭᠠᠰᠤ ᠨᠤᠭᠤᠳ ᠲᠣᠭᠲᠠᠭᠠᠭᠰᠠᠨ ᠨᠤᠷᠠᠬᠤ ᠠᠶᠤᠯᠲᠠᠶ ᠭᠡᠷ | ᠪᠠᠶᠢᠰᠢᠩ ᠢ ᠰᠢᠨᠡᠳᠬᠡᠨ ᠵᠠᠰᠠᠬᠤ ᠬᠡᠷᠡᠭᠵᠢᠭᠦᠯᠬᠦ ᠲᠥᠰᠦᠯ ᠢ ᠦᠨᠳᠦᠰᠦᠯᠡᠨ ᠨᠤᠷᠠᠬᠤ ᠠᠶᠤᠯᠲᠠᠶ ᠭᠡᠷ ᠪᠠᠶᠢᠰᠢᠩ ᠢ | ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢᠨ ᠲᠣᠳᠣᠷᠬᠠᠶ ᠺᠠᠷᠲ ᠵᠣᠬᠢᠶᠠᠬᠤ ᠶᠢᠨ ᠬᠠᠮᠲᠤ ᠨᠤᠷᠠᠬᠤ ᠠᠶᠤᠯᠲᠠᠶ | ᠭᠡᠷ ᠪᠦᠯᠢ ᠨᠢᠭᠡᠪᠦᠷᠢ ᠳᠤ ᠰᠣᠶᠢᠳᠭᠡᠯ ᠬᠤᠷᠢᠶᠠᠬᠤ ᠦᠭᠡᠢ ᠪᠠᠷ ᠣᠯᠭᠤᠬᠤ ᠬᠡᠷᠡᠭᠲᠡᠶ᠃ ᠢᠯᠡ ᠺᠠᠷᠲ ᠤᠨ | ᠠᠭᠤᠯᠭ᠎ᠠ ᠲᠤ ᠲᠤᠰᠠᠯᠠᠮᠵᠢ ᠬᠦᠷᠲᠡᠬᠦ ᠡᠲᠡᠭᠡᠳ ᠤᠨ ᠨᠥᠬᠦᠴᠡᠯ᠂ ᠲᠤᠰᠠᠯᠠᠮᠵᠢ ᠣᠯᠭᠤᠬᠤ ᠪᠠᠷᠢᠮᠵᠢᠶ᠎ᠠ᠂ ᠭᠤᠶᠤᠴᠢᠯᠠᠬᠤ | ᠳᠡᠰ ᠳᠠᠷᠠᠭᠠᠯᠠᠯ᠂ ᠪᠡᠯᠡ ᠮᠥᠩᠭᠦ ᠣᠯᠭᠤᠬᠤ ᠵᠡᠷᠭᠡ ᠭᠤᠭᠴᠤᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ | ᠪᠠᠭᠲᠠᠭᠠᠵᠤ᠂ ᠢᠯᠡ ᠺᠠᠷᠲ ᠢ ᠳᠥᠭᠦᠮ ᠣᠶᠢᠯᠠᠭᠠᠮᠵᠢᠲᠠᠶ ᠪᠠᠶᠢᠯᠭᠠᠬᠤ ᠬᠡᠷᠡᠭᠲᠡᠢ᠃ | ᠳᠣᠯᠤᠭ᠎ᠠ᠂ ᠮᠡᠳᠡᠭᠡ ᠵᠠᠩᠭᠢ ᠮᠡᠳᠡᠭᠦᠯᠬᠦ ᠳᠦᠷᠢᠮ ᠢ ᠪᠦᠷᠢᠨᠰᠢᠭᠦᠯᠬᠦ ᠬᠡᠷᠡᠭᠲᠡᠶ᠃ | ᠬᠤᠰᠢᠭᠤ ᠰᠢᠶᠠᠩ ᠬᠤᠶᠠᠷ ᠱᠠᠲᠤᠨ ᠤ ᠬᠢᠨ ᠴᠥᠮ ᠲᠤᠰᠬᠠᠶ ᠬᠥᠮᠦᠨ ᠲᠣᠭᠲᠠᠭᠠᠨ ᠮᠡᠳᠡᠭᠡ ᠵᠠᠩᠭᠢ | ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠭᠤᠯᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ | ᠭᠡᠷ ᠪᠠᠶᠢᠰᠢᠩ ᠢ ᠰᠢᠨᠡᠳᠬᠡᠨ ᠵᠠᠰᠠᠬᠤ ᠰᠠᠷ᠎ᠠ ᠶᠢᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠦᠨ᠎ᠡ᠃ ᠰᠠᠷ᠎ᠠ | ᠪᠦᠷᠢ ᠶᠢᠨ ᠰᠡᠭᠦᠯᠴᠢ ᠠᠴᠠ ᠡᠮᠦᠨ᠎ᠡ᠂ ᠲᠣᠰ ᠭᠠᠵᠠᠷ ᠤᠨ ᠢᠶᠠᠨ ᠲᠠᠷᠢᠶᠠᠯᠠᠬᠤ ᠮᠠᠯᠵᠢᠬᠤ ᠣᠷᠣᠨ ᠢ ᠥᠭᠡᠷᠡᠴᠢᠯᠡᠬᠦ | ᠠᠬᠢᠴᠠ᠂ ᠪᠡᠯᠡ ᠮᠥᠩᠭᠦ ᠴᠤᠭᠯᠠᠭᠤᠯᠤᠭᠰᠠᠨ ᠪᠠ ᠬᠢᠨᠠᠨ ᠬᠠᠮᠢᠶᠠᠷᠤᠭᠰᠠᠨ ᠪᠠᠶᠢᠳᠠᠯ ᠢᠶᠠᠨ ᠲᠡᠭᠡᠳᠦ ᠱᠠᠲᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ᠠᠵᠢᠯ ᠤᠨ | ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ᠂ | ᠣᠷᠣᠰᠢᠵᠤ ᠪᠠᠶᠢᠭ᠎ᠠ ᠠᠰᠠᠭᠤᠳᠠᠯ ᠪᠠ ᠬᠠᠮᠢᠶ᠎ᠠ ᠪᠦᠬᠦᠢ ᠰᠠᠨᠠᠭᠤᠯᠭ᠎ᠠ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ | ᠬᠡᠷᠡᠭᠲᠡᠶ᠃ ᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠳᠠᠭᠤᠰᠤᠭᠰᠠᠨ ᠤ ᠲᠠᠷᠠᠭ᠎ᠠ᠂ | ᠥᠪᠡᠷ ᠲᠡᠭᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠂ ᠲᠤᠷᠰᠢᠯᠭ᠎ᠠ ᠪᠠᠨ ᠳ᠋ᠦᠩᠨᠡᠵᠦ᠂ ᠲᠡᠭᠡᠳᠦ ᠱᠠᠲᠤᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃ | ᠨᠠᠢᠮᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠨᠤᠭᠤᠳ ᠲᠠᠷᠢᠶᠠᠯᠠᠬᠤ ᠮᠠᠯᠵᠢᠬᠤ ᠣᠷᠣᠨ ᠤ | ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠵᠠᠰᠠᠭ ᠤᠨ ᠣᠷᠳᠣᠨ ᠤ ᠨᠢᠭᠡᠳᠦᠭᠡᠷ ᠭᠠᠷ ᠤᠨ ᠢᠨᠵᠧᠨᠧᠷᠢᠩ ᠪᠣᠯᠭᠠᠨ ᠵᠢᠭᠰᠠᠭᠠᠵᠤ᠂ ᠶᠠᠳᠠᠭᠤ ᠶᠢ ᠲᠡᠳᠬᠦᠬᠦ | ᠠᠵᠢᠯ ᠯᠤᠭ᠎ᠠ ᠨᠢᠭᠲᠠ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠤᠳᠤᠷᠢᠳᠤᠯᠭ᠎ᠠ ᠲᠣᠰᠬᠤᠨ ᠢ ᠳᠠᠭᠠᠭᠠᠴᠢᠯᠠᠬᠤ᠂ ᠺᠠᠳ᠋ᠷ | ᠲᠣᠰᠬᠤᠨ ᠢ ᠳᠠᠭᠠᠭᠠᠴᠢᠯᠠᠬᠤ ᠡᠷᠦᠬᠡ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠱᠠᠲᠤ | ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠲᠡᠭᠡᠳ ᠢ ᠦᠨᠡᠮᠰᠢᠬᠦ᠂ ᠬᠢᠨᠠᠨ | ᠬᠠᠷᠭᠤᠭᠤᠯᠬᠤ ᠪᠠᠷ ᠭᠤᠶᠤᠴᠢᠯᠠᠵᠤ ᠢᠯᠡ ᠨᠡᠶᠢᠲᠡᠯᠡᠬᠦ ᠳᠡᠰ ᠳᠠᠷᠠᠭᠠᠯᠠᠯ ᠢ ᠭᠦᠢᠴᠳᠭᠡᠵᠦ᠂ ᠰᠦᠯᠵᠢᠶᠡᠨ ᠳᠡᠭᠡᠷ᠎ᠡ | ᠪᠢᠴᠢᠵᠦ ᠣᠷᠣᠭᠤᠯᠬᠤ᠂ ᠴᠠᠭᠠᠰᠤᠨ ᠳᠠᠩᠰᠠ ᠡᠪᠬᠡᠮᠡᠯ ᠢ ᠪᠠᠶᠢᠭᠤᠯᠬᠤ ᠪᠠ ᠬᠠᠮᠢᠶᠠᠷᠴᠤ᠂ ᠪᠠᠷᠢᠯᠭ᠎ᠠ ᠶᠢᠨ ᠶᠠᠰᠤ | ᠴᠢᠨᠠᠷ ᠤᠨ ᠠᠮᠤᠷ ᠲᠦᠪᠰᠢᠨ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ᠂ ᠪᠡᠯᠡ ᠮᠥᠩᠭᠦ ᠰᠠᠯᠭᠠᠨ ᠥᠭᠴᠦ ᠬᠡᠷᠡᠭᠯᠡᠬᠦ | ᠵᠡᠷᠭᠡ ᠪᠦᠬᠦ ᠶᠠᠪᠤᠴᠠ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠤᠷᠠᠬᠤ ᠠᠶᠤᠯᠲᠠᠶ ᠭᠡᠷ | ᠪᠠᠶᠢᠰᠢᠩ ᠢ ᠰᠢᠨᠡᠳᠬᠡᠨ ᠵᠠᠰᠠᠬᠤ ᠳᠡᠰ ᠳᠠᠷᠠᠭᠠᠯᠠᠯᠢ ᠲᠣᠭᠲᠠᠭᠠᠯ ᠳᠤ ᠨᠡᠶᠢᠴᠡᠭᠦᠯᠦᠨ᠂ ᠰᠦᠯᠵᠢᠶᠡᠨ ᠳᠡᠭᠡᠷᠡᠬᠢ ᠮᠡᠳᠡᠭᠡ | ᠵᠠᠩᠭᠢ᠂ ᠴᠠᠭᠠᠰᠤᠨ ᠳᠠᠩᠰᠠ ᠡᠪᠬᠡᠮᠡᠯ᠂ ᠪᠣᠳᠠᠲᠤ ᠪᠣᠳᠠᠰ ᠤᠨ ᠪᠠᠶᠢᠳᠡᠯ ᠪᠦᠷᠢᠮᠦᠰᠦᠨ ᠨᠡᠶᠢᠴᠡᠵᠦ᠂ ᠪᠠᠷᠢᠯᠭ᠎ᠠ ᠶᠢᠨ ᠶᠠᠰᠤ | ᠴᠢᠨᠠᠷ᠂ ᠪᠠᠶᠢᠭᠤᠯᠤᠭᠰᠠᠨ ᠦᠨ᠎ᠡ᠂ ᠪᠡᠯᠡ ᠮᠥᠩᠭᠦ ᠶᠢᠨ ᠬᠠᠮᠢᠶᠠᠷᠤᠯᠲᠠ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠃ ᠡᠭᠦᠨ ᠤ ᠬᠠᠮᠲᠤ ᠴᠠᠭᠠᠰᠤᠨ ᠳᠠᠩᠰᠠ ᠡᠪᠬᠡᠮᠡᠯ ᠪᠠᠶᠢᠭᠤᠯᠬᠤ᠂ ᠰᠦᠯᠵᠢᠶᠡᠨ ᠳᠡᠭᠡᠷ᠎ᠡ ᠣᠷᠣᠭᠤᠯᠬᠤ ᠬᠢᠭᠡᠳ | ᠥᠭᠡᠷᠡᠴᠢᠯᠡᠬᠦ ᠠᠬᠢᠴᠠ ᠶᠢ ᠵᠡᠷᠭᠡ ᠳᠤᠨᠢ ᠪᠠᠶᠢᠯᠭᠠᠬᠤ ᠶᠢ ᠦᠨᠡᠨᠬᠦ ᠪᠠᠲᠤᠯᠠᠵᠤ᠂ ︽ᠲᠣᠩᠭᠤᠷᠤᠭᠤᠯᠤᠨ ᠬᠢᠬᠦ︾ | ᠬᠡᠷᠡᠭᠲᠡᠶ᠃ | ︵ᠬᠤᠶᠠᠷ︶ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ | ᠡᠯ᠎ᠡ ᠰᠤᠮᠤ ᠰᠢᠶᠠᠩ ᠪᠠᠯᠭᠠᠰᠤ ᠨᠢ ᠬᠤᠰᠢᠭᠤ ᠱᠠᠲᠤᠨ ᠤ ︽ᠲᠥᠰᠦᠯ︾ ᠤᠨ ᠶᠣᠰᠣᠭᠠᠷ᠂ ᠲᠤᠬᠠᠶ ᠶᠢᠨ | ᠭᠠᠵᠠᠷᠤᠨ ᠪᠣᠳᠠᠲᠤ ᠪᠠᠶᠢᠳᠡᠯ ᠲᠠᠢ ᠪᠠᠨ ᠤᠶᠠᠯᠳᠤᠭᠤᠯᠤᠨ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ | ᠨᠠᠷᠢᠨ ᠳᠦᠷᠢᠮ ᠢ ᠲᠣᠭᠲᠠᠭᠠᠬᠤ ᠬᠡᠷᠡᠭᠲᠡᠶ᠃ ᠨᠠᠷᠢᠨ ᠳᠦᠷᠢᠮ ᠳᠤ ᠥᠭᠡᠷᠡᠴᠢᠯᠡᠬᠦ ᠪᠠᠷᠢᠮᠵᠢᠶ᠎ᠠ᠂ ᠥᠭᠡᠷᠡᠴᠢᠯᠡᠬᠦ | ᠠᠭᠤᠯᠭ᠎ᠠ᠂ ᠪᠡᠯᠡ ᠮᠥᠩᠭᠦ ᠶᠢᠨ ᠬᠠᠮᠢᠶᠠᠷᠤᠯᠲᠠ᠂ ᠪᠡᠯᠡ ᠮᠥᠩᠭᠦ ᠶᠢᠨ ᠨᠥᠬᠦᠪᠥᠷᠢ ᠵᠡᠷᠭᠡ ᠪᠣᠳᠠᠲᠠᠶ ᠱᠠᠭᠠᠷᠳᠠᠯᠭ᠎ᠠ ᠶᠢ | ᠲᠣᠳᠣᠷᠬᠠᠶᠢᠯᠠᠬᠤ ᠬᠡᠷᠡᠭᠲᠡᠶ᠃ | ︵ᠭᠤᠷᠪᠠ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ | ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠢ ᠮᠠᠭᠠᠳᠯᠠᠨ ᠲᠣᠭᠲᠠᠭᠠᠬᠤ ᠠᠵᠢᠯ ᠢ | ᠬᠠᠷᠢᠭᠤᠴᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠡᠯ᠎ᠡ | ᠰᠤᠮᠤ ᠰᠢᠶᠠᠩ ᠪᠠᠯᠭᠠᠰᠤ ᠶᠢᠨ ᠨᠤᠷᠠᠬᠤ ᠠᠶᠤᠯᠲᠠᠶ ᠭᠡᠷ ᠪᠠᠢᠰᠢᠩ ᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠬᠦ | ᠮᠡᠷᠭᠡᠵᠢᠯ ᠤᠨ ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠪᠣᠭᠤᠮᠲᠠ ᠶᠢ ᠴᠢᠩᠭᠠᠳᠬᠠᠵᠤ᠂ ᠢᠯᠡ ᠨᠡᠶᠢᠲᠡᠯᠡᠬᠦ | ᠳᠡᠰ ᠳᠠᠷᠠᠭᠠᠯᠠᠯ ᠢ ᠭᠦᠢᠴᠡᠳᠭᠡᠬᠦ᠂ ᠰᠦᠯᠵᠢᠶᠡᠨ ᠳᠡᠭᠡᠷ᠎ᠡ ᠪᠢᠴᠢᠵᠦ ᠣᠷᠣᠭᠤᠯᠬᠤ ᠪᠠ ᠥᠭᠡᠷᠡᠴᠢᠯᠡᠬᠦ ᠳᠤᠮᠳᠠᠬᠢ | ᠪᠠᠷᠢᠯᠭ᠎ᠠ ᠶᠢᠨ ᠠᠬᠢᠴᠠ᠂ ᠶᠠᠰᠤ ᠴᠢᠨᠠᠷ᠂ ᠪᠠᠶᠢᠭᠤᠯᠤᠭᠰᠠᠨ ᠦᠨ᠎ᠡ ᠶᠢᠨ ᠨᠥᠬᠦᠪᠥᠷᠢ ᠶᠢᠨ ᠪᠠᠯᠠ ᠮᠥᠩᠭᠦ ᠶᠢᠨ | ᠬᠠᠮᠢᠶᠠᠷᠤᠯᠲᠠ ᠵᠢᠴᠢ ᠪᠠᠷᠢᠯᠭ᠎ᠠ ᠳᠠᠭᠤᠰᠴᠤ ᠰᠢᠯᠭᠠᠨ ᠠᠪᠬᠤ᠂ ᠳᠠᠩᠰᠠ ᠡᠪᠬᠡᠮᠡᠯ ᠪᠠᠶᠢᠭᠤᠯᠬᠤ ᠵᠡᠷᠭᠡ ᠳᠤ | ᠬᠡᠷᠡᠭᠵᠢᠭᠦᠯᠬᠦ ᠪᠥᠬᠦ ᠶᠠᠪᠤᠴᠠ ᠶᠢ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠬᠡᠷᠡᠭᠲᠡᠶ᠃ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠶ ᠳᠤᠨᠢ ᠵᠠᠯᠠᠷᠠᠭᠤᠯᠵᠤ᠂ ᠠᠰᠠᠭᠤᠳᠠᠯ ᠬᠦᠨᠳᠦ ᠨᠣᠴᠢᠲᠠᠶ ᠪᠠᠶᠢᠪᠡᠯ ᠬᠠᠷᠢᠭᠤᠴᠠᠯᠭ᠎ᠠ ᠨᠡᠬᠡᠮᠵᠢᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠣᠷᠢᠯᠡᠭᠦᠯᠭᠦ | ᠬᠡᠷᠡᠭᠲᠡᠶ᠃ | ︵ᠲᠦᠷᠪᠡ︶ ᠪᠠᠷᠢᠯᠭ᠎ᠠ ᠶᠢ ᠰᠢᠯᠭᠠᠨ ᠠᠪᠬᠤ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠬᠤ | ᠬᠡᠷᠡᠭᠲᠡᠢ | ᠨᠤᠷᠠᠬᠤ ᠠᠶᠤᠯᠲᠠᠶ ᠭᠡᠷ ᠪᠠᠶᠢᠰᠢᠩ ︵ᠰᠢᠷᠣᠶ ᠭᠡᠷ ᠪᠠᠶᠢᠰᠢᠩ︶ ᠢ ᠥᠭᠡᠷᠡᠴᠢᠯᠡᠨ ᠵᠠᠰᠠᠵᠤ ᠳᠠᠭᠤᠰᠤᠭᠰᠠᠨ ᠤ | ᠳᠠᠷᠠᠭ᠎ᠠ᠂ ᠰᠤᠮᠤ ᠰᠢᠶᠠᠩ ᠪᠠᠯᠭᠠᠰᠤ ᠠᠴᠠ ᠭᠤᠶᠤᠴᠢᠯᠠᠵᠤ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠢ | ᠵᠣᠬᠢᠶᠠᠨ ᠪᠠᠶᠢᠭᠤᠯᠣᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ | ᠪᠥᠭᠡᠳ ᠤᠤᠯ ᠤᠨ ᠨᠤᠷᠠᠬᠤ ᠠᠶᠤᠯᠲᠠᠶ ᠭᠡᠷ ᠪᠠᠶᠢᠰᠢᠩ ᠢ ᠨᠤᠷᠠᠭᠠᠭᠰᠠᠨ ᠪᠠᠶᠢᠪᠡᠯ᠂ ᠰᠠᠶ᠋ᠢ ᠨᠥᠬᠦᠪᠥᠷᠢ ᠪᠠᠯᠠ ᠮᠥᠩᠭᠦ | ᠣᠯᠭᠤᠵᠤ ᠪᠣᠯᠤᠨ᠎ᠠ᠃ ᠲᠤᠰᠠᠯᠠᠮᠵᠢ ᠶᠢᠨ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ ᠤᠨ ᠬᠡᠯᠪᠡᠷᠢ ᠪᠠᠷ | ᠲᠤᠰᠠᠯᠠᠮᠵᠢ ᠣᠯᠭᠤᠬᠤ ᠡᠲᠡᠭᠡᠳ ᠢ ᠰᠢᠭᠤᠳ ᠣᠯᠭᠤᠨ᠎ᠠ᠃ ᠵᠠᠰᠠᠭ ᠤᠨ ᠣᠷᠳᠣᠨ ᠤ ᠨᠢᠭᠡᠳᠦᠯᠲᠡᠶ ᠪᠠᠶᠢᠭᠤᠯᠤᠭᠰᠠᠨ | ᠵᠣᠯ ᠵᠢᠷᠭᠠᠯᠲᠤ ᠬᠦᠷᠢᠶᠡᠯᠡᠩ ᠵᠡᠷᠭᠡ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠪᠣᠯᠤᠨ ᠭᠡᠷ ᠪᠠᠶᠢᠰᠢᠩ ᠢ | ᠪᠠᠬᠢᠵᠢᠭᠦᠯᠦᠨ ᠥᠭᠡᠷᠡᠴᠢᠯᠡᠨ ᠰᠢᠨᠡᠳᠬᠡᠬᠦ ᠳᠤ᠂ ᠥᠭᠡᠷᠡᠴᠢᠯᠡᠨ ᠵᠠᠰᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠲᠠᠷᠢᠶᠠᠴᠢᠨ | ᠡᠷᠦᠬᠡ ᠶᠢᠨ ᠵᠥᠪᠰᠢᠶᠡᠷᠡᠯ ᠢ ᠣᠯᠬᠤ ᠶᠢᠨ ᠬᠠᠮᠲᠤ ᠵᠥᠪᠯᠡᠯᠴᠡᠭᠡᠷ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ | ᠲᠤᠰᠠᠯᠠᠮᠵᠢ ᠶᠢᠨ ᠪᠡᠯᠡ ᠮᠥᠩᠭᠦ ᠶᠢ ᠪᠠᠷᠢᠯᠭ᠎ᠠ ᠶᠢᠨ ᠨᠢᠭᠡᠴᠡ ᠳᠤ ᠰᠢᠭᠤᠳ ᠰᠠᠯᠭᠠᠨ ᠥᠭᠴᠦ ᠪᠣᠯᠤᠨ᠎ᠠ᠃ | ︵ᠲᠠᠪᠤ︶ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠢ | ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠴᠠᠭ ᠨᠢ ᠪᠠᠴᠢᠮ᠂ | ᠡᠭᠦᠷᠭᠡ ᠨᠢ ᠬᠦᠨᠳᠦ ᠪᠠᠶᠢᠪᠡᠯ᠂ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ᠂ ᠬᠢᠨᠠᠨ ᠵᠥᠪᠰᠢᠶᠡᠷᠡᠬᠦ᠂ | ᠬᠡᠯᠡᠯᠴᠡᠭᠡᠷ ᠲᠣᠭᠲᠠᠭᠠᠬᠤ᠂ ᠬᠡᠷᠡᠭᠵᠢᠭᠦᠯᠬᠦ᠂ ᠪᠠᠷᠢᠯᠭ᠎ᠠ ᠪᠠᠷᠢᠬᠤ ᠳᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠵᠢᠴᠢ ᠳᠠᠩᠰᠠ ᠡᠪᠬᠡᠮᠡᠯ ᠢ ᠣᠯᠠᠨ ᠤᠳᠠᠭ᠎ᠠ ᠲᠣᠰᠬᠤᠨ ᠡᠷᠦᠬᠡ ᠳᠤ ᠣᠷᠣᠭᠤᠯᠵᠤ᠂ ᠡᠯ᠎ᠡ ᠰᠤᠮᠤ | ᠰᠢᠶᠠᠩ ᠪᠠᠯᠭᠠᠰᠤ ᠨᠤᠭᠤᠳ ᠲᠤᠰᠬᠠᠶ ᠲᠤᠰᠢᠶᠠᠯ ᠤᠨ ᠠᠵᠢᠯᠲᠠᠨ ᠲᠣᠬᠢᠷᠠᠭᠤᠯᠵᠤ᠂ ᠴᠢᠬᠤᠯᠠ ᠪᠦᠬᠦᠢ ᠭᠡᠷᠡᠯ | ᠵᠢᠷᠤᠭ ᠤᠨ ᠪᠠᠭᠠᠵᠢ ᠬᠡᠷᠡᠭᠰᠡᠯ ᠺᠣᠮᠫᠢᠦ᠋ᠲ᠋ᠧᠷ ᠤᠨ ᠬᠠᠶᠢᠰᠠᠩ ᠵᠡᠷᠭᠡ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠃ | ᠬᠤᠰᠢᠭᠤᠨ ᠤ ᠡᠳ᠋ ᠤᠨ ᠵᠠᠰᠠᠭ ᠠᠴᠠ ᠨᠤᠷᠠᠬᠤ ᠠᠶᠤᠯᠲᠠᠶ ᠭᠡᠷ ᠪᠠᠢᠰᠢᠩ ᠢ ᠥᠭᠡᠷᠡᠴᠢᠯᠡᠨ ᠰᠢᠨᠡᠳᠬᠡᠬᠦ ᠤᠨ | ᠠᠵᠢᠯ ᠶᠢᠨ ᠵᠠᠷᠤᠳᠠᠯ ᠢ ᠲᠥᠰᠦᠪ ᠲᠤ ᠣᠷᠣᠭᠤᠯᠵᠤ᠂ ᠨᠤᠷᠠᠬᠤ ᠠᠶᠤᠯᠲᠠᠶ ᠭᠡᠷ ᠪᠠᠢᠰᠢᠩ ᠢ ᠥᠭᠡᠷᠡᠴᠢᠯᠡᠨ | ᠰᠠᠶᠢᠵᠢᠷᠠᠭᠤᠯᠬᠤ ᠠᠵᠢᠯ ᠶᠢᠨ ᠤᠷᠤᠭᠰᠢᠲᠠᠶ ᠶᠠᠪᠤᠭᠳᠠᠬᠤᠶᠢ ᠪᠠᠲᠤᠯᠠᠬᠤ ᠬᠡᠷᠡᠭᠲᠡᠶ᠃ | ᠣᠷᠴᠢᠭᠤᠯᠣᠭᠴᠢ᠄ ᠰᠡᠴᠡᠩᠭᠤᠸ᠎ᠠ | | |