2019 ᠣᠨ ᠤ ᠲᠥᠮᠥᠰᠥᠨ ᠤ ᠬᠤᠤᠷ ᠦᠬᠡᠶᠢᠳᠡᠬᠦᠯᠦᠭᠰᠡᠨ ᠦᠷ᠎ᠡ ᠶᠢᠨ ᠲᠥᠮᠥᠰᠥ | ᠶᠢᠨ ᠲᠠᠷᠢᠮᠠᠯ ᠵᠢᠴᠢ ᠨᠥᠬᠦᠪᠥᠷᠢ ᠶᠢᠨ ᠪᠠᠶᠢᠳᠠᠯ | | ᠬᠤᠲᠠ ᠶᠢᠨ ᠵᠠᠰᠠᠭ ᠤᠨ ᠣᠷᠳᠣᠨ ᠤ ᠪᠠᠭᠤᠯᠭᠠᠭᠰᠠᠨ ︽2019 ᠤᠨ ᠲᠥᠮᠥᠰᠥᠨ ᠤ ᠬᠤᠤᠷ | ᠦᠬᠡᠶᠢᠳᠡᠬᠦᠯᠦᠭᠰᠡᠨ ᠦᠷ᠎ᠡ ᠶᠢᠨ ᠲᠥᠮᠥᠰᠥ ᠶᠢᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ︽ᠲᠥᠮᠥᠰᠥᠨ ᠤ | ᠦᠷ᠎ᠡ ᠶᠢᠨ ᠲᠥᠮᠥᠰᠥ ᠶᠢᠨ ᠨᠥᠬᠦᠪᠥᠷᠢ ᠶᠢᠨ ᠠᠵᠢᠯ ᠢ ᠰᠠᠶᠢᠲᠤᠷ ᠬᠢᠬᠦ ᠰᠠᠨᠠᠯ ᠤᠨ ᠲᠤᠬᠠᠶ ᠮᠡᠳᠡᠭᠳᠡᠯ︾ ᠤᠨ ᠵᠣᠷᠢᠭ | ᠰᠠᠨᠠᠭ᠎ᠠ ᠶᠣᠰᠣᠭᠠᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠠᠷᠢᠨ ᠬᠢᠨᠠᠮᠠᠭᠠᠶ ᠬᠠᠶᠢᠨ ᠪᠠᠶᠢᠴᠠᠭᠠᠵᠤ | ᠬᠠᠷᠭᠤᠭᠤᠯᠬᠤ ᠪᠠᠷ ᠳᠠᠮᠵᠢᠨ᠂ ᠲᠥᠮᠥᠰᠥᠨ ᠤ ᠦᠷ᠎ᠡ ᠶᠢᠨ ᠲᠥᠮᠥᠰᠥ ᠶᠢᠨ ᠲᠠᠷᠢᠮᠠᠯ ᠤᠨ ᠲᠠᠯᠠᠪᠠᠢ ᠨᠢ 49861.9 | ᠮᠦ᠂ ᠲᠥᠷᠥᠯ ᠵᠣᠶᠢᠯ ᠨᠢ᠄ ᠾᠤᠪᠸᠢ ᠵᠠᠩ ᠲᠥᠮᠥᠰᠥ 12 ᠳ᠋ᠤᠭᠠᠷ ᠨᠣᠮᠧᠷ᠂ ᠬᠤᠶᠢᠲᠤ ᠬᠤᠰᠢᠭᠤᠨ ᠤ ᠬᠤᠩ᠂ ᠰᠢ | ᠰᠤᠨ 3 ᠳ᠋ᠤᠭᠠᠷ ᠨᠣᠮᠧᠷ᠂ ᠰᠢ ᠰᠤᠨ 6 ᠳ᠋ᠤᠭᠠᠷ ᠨᠣᠮᠧᠷ᠂ ᠰᠧ ᠹᠠᠨ ᠲᠧ᠂ ᠪᠦᠯᠪᠡᠺ᠂ ᠬᠤᠯᠠᠨᠳ᠋ 15 ᠳ᠋ᠤᠭᠠᠷ ᠨᠣᠮᠧᠷ | ᠵᠡᠷᠭᠡ ᠪᠣᠯᠤᠨ᠎ᠠ᠃ ᠡᠭᠦᠨ ᠳᠤ᠂ ᠬᠤᠳᠠᠯᠳᠤᠨ ᠠᠪᠤᠭᠰᠠᠨ ᠤᠤᠯᠤᠨ ᠲᠤᠭ᠎ᠠ ᠨᠢ 67.93 ᠲᠣᠨ ᠪᠠᠶᠢᠵᠤ᠂ ᠲᠠᠷᠢᠭᠰᠠᠨ | ᠲᠠᠯᠠᠪᠠᠢ ᠨᠢ 48301.9 ᠮᠦ ᠪᠠᠶᠢᠵᠤ᠂ ᠨᠥᠬᠦᠪᠥᠷᠢ ᠮᠥᠩᠭᠦ ᠨᠢ 772128 ᠲᠥᠭᠦᠷᠢᠭ ᠪᠣᠯᠤᠨ᠎ᠠ︔ ᠤᠤᠯ ᠤᠨ | ᠲᠠᠷᠢᠭᠰᠠᠨ ᠲᠠᠯᠠᠪᠠᠢ 1560 ᠮᠦ᠂ ᠨᠥᠬᠦᠪᠥᠷᠢ ᠮᠥᠩᠭᠦ ᠨᠢ 312000 ᠲᠥᠭᠦᠷᠢᠭ᠂ ᠤᠤᠯ ᠤᠨ ᠲᠠᠷᠢᠭᠰᠠᠨ ᠪᠠ | ᠤᠤᠯ ᠤᠨ ᠲᠠᠷᠢᠭᠰᠠᠨ ᠨᠡᠶᠢᠲᠡ ᠨᠥᠬᠦᠪᠥᠷᠢ ᠮᠥᠩᠭᠦ ᠨᠢ 8071128 ᠲᠥᠭᠦᠷᠢᠭ ᠪᠣᠯᠤᠨ᠎ᠠ᠃ ᠲᠣᠰ ᠲᠥᠷᠥᠯ | ᠵᠣᠶᠢᠯ ᠨᠢ ᠪᠥᠬᠦ ᠬᠤᠰᠢᠭᠤᠨ ᠤ 8 ᠰᠤᠮᠤ ᠰᠢᠶᠠᠩ ᠪᠠᠯᠭᠠᠰᠤ ᠶᠢᠨ 51 ᠵᠠᠰᠠᠭ ᠵᠠᠬᠢᠷᠭᠠᠨ ᠤ ᠲᠣᠰᠬᠤᠨ ᠤ 482 | ᠲᠣᠯᠪᠤ ᠲᠠᠢ ᠬᠤᠯᠪᠣᠭᠳᠠᠵᠤ᠂ ᠣᠳᠣ ᠶᠢᠨ ᠨᠥᠬᠦᠪᠥᠷᠢ ᠪᠠᠯᠠ ᠮᠥᠩᠭᠦ ᠶᠢ ᠶᠠᠭ ᠰᠠᠶᠢᠬᠠᠨ ᠪᠡᠶᠡᠯᠡᠭᠦᠯᠵᠦ ᠪᠠᠶᠢᠨ᠎ᠠ᠃ | ᠵᠣᠬᠢᠶᠠᠭᠴᠢ᠄ ᠯᠢ ᠶᠠᠨ | ᠣᠷᠴᠢᠭᠤᠯᠣᠭᠴᠢ᠄ ᠡᠷᠳᠡᠨᠢᠴᠢᠮᠡᠭ |