ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 807 ᠲᠦᠮᠡᠨ ᠲᠥᠭᠦᠷᠢᠭ ᠤᠨ | ᠨᠥᠬᠦᠪᠥᠷᠢ ᠥᠭᠴᠦ ᠲᠥᠮᠥᠰᠥ ᠶᠢᠨ ᠬᠤᠤᠷ ᠦᠬᠡᠶᠢᠳᠡᠬᠦᠯᠤᠭ᠍ᠰᠡᠨ ᠦᠷ᠎ᠡ ᠶᠢᠨ ᠲᠥᠮᠥᠰᠥ | ᠲᠠᠷᠢᠬᠤ ᠶᠢ ᠬᠥᠭᠵᠢᠭᠦᠯᠪᠡ | | ᠬᠤᠲᠠ ᠶᠢᠨ ᠵᠠᠰᠠᠭ ᠤᠨ ᠣᠷᠳᠣᠨ ᠤ ᠪᠠᠭᠤᠯᠭᠠᠭᠰᠠᠨ ︽2019 ᠣᠨ ᠤ ᠲᠥᠮᠥᠰᠥᠨ ᠤ ᠬᠤᠣᠷ ᠢ ᠨᠢ | ᠠᠷᠢᠯᠭᠠᠭᠰᠠᠨ ᠦᠷ᠎ᠡ ᠶᠢᠨ ᠲᠥᠮᠥᠰᠥ ᠶᠢᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ︽ᠲᠥᠮᠥᠰᠥᠨ ᠤ | ᠦᠷ᠎ᠡ ᠶᠢᠨ ᠲᠥᠮᠥᠰᠥ ᠶᠢᠨ ᠨᠥᠬᠦᠪᠥᠷᠢ ᠶᠢᠨ ᠠᠵᠢᠯ ᠢ ᠰᠠᠶᠢᠲᠤᠷ ᠬᠢᠬᠦ ᠲᠤᠬᠠᠢ ᠰᠠᠨᠠᠯ ᠤᠨ ᠲᠤᠬᠠᠢ ᠮᠡᠳᠡᠭᠳᠡᠯ︾ ᠤᠨ | ᠵᠣᠷᠢᠭ ᠰᠠᠨᠠᠭ᠎ᠠ ᠶᠣᠰᠣᠭᠠᠷ᠂ ᠮᠠᠨ ᠤ ᠬᠤᠰᠢᠭᠤ ᠨᠠᠷᠢᠨ ᠬᠢᠨᠠᠮᠠᠭᠠᠶ ᠬᠠᠶᠢᠨ ᠪᠠᠶᠢᠴᠠᠭᠠᠵᠤ ᠬᠠᠷᠭᠤᠭᠤᠯᠬᠤ ᠪᠠᠷ ᠳᠠᠮᠵᠢᠨ᠂ | ᠲᠥᠮᠥᠰᠥᠨ ᠤ ᠦᠷ᠎ᠡ ᠶᠢᠨ ᠲᠥᠮᠥᠰᠥ ᠶᠢᠨ ᠲᠠᠷᠢᠮᠠᠯ ᠤᠨ ᠲᠠᠯᠠᠪᠠᠢ 49861.9 ᠮᠦ᠂ ᠤᠤᠯ ᠤᠨ ᠡᠭᠦᠯᠳᠡᠷ ᠢ | ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ 67.93 ᠲᠣᠨ᠂ ᠲᠠᠷᠢᠮᠠᠯ ᠤᠨ ᠲᠠᠯᠠᠪᠠᠢ 48301.9 ᠮᠦ᠂ | ᠨᠥᠬᠦᠪᠥᠷᠢ ᠶᠢᠨ ᠵᠣᠭᠤᠰ ᠤᠨ ᠲᠤᠭ᠎ᠠ 7771.128 ᠲᠥᠭᠦᠷᠢᠭ︔ ᠤᠤᠯ ᠤᠨ ᠲᠠᠷᠢᠭᠰᠠᠨ ᠲᠠᠯᠠᠪᠠᠢ 1560 ᠮᠦ᠂ | ᠨᠥᠬᠦᠪᠥᠷᠢ ᠮᠥᠩᠭᠦ ᠨᠢ 312000 ᠲᠥᠭᠦᠷᠢᠭ᠂ ᠤᠤᠯ ᠤᠨ ᠲᠠᠷᠢᠭᠰᠠᠨ ᠪᠠ ᠤᠤᠯ ᠤᠨ ᠲᠠᠷᠢᠭᠰᠠᠨ ᠨᠡᠶᠢᠲᠡ | ᠨᠥᠬᠦᠪᠥᠷᠢ ᠮᠥᠩᠭᠦ ᠨᠢ 8071128 ᠲᠥᠭᠦᠷᠢᠭ ᠪᠣᠯᠤᠨ᠎ᠠ᠃ ᠲᠣᠰ ᠲᠥᠷᠥᠯ ᠵᠣᠶᠢᠯ ᠨᠢ ᠪᠥᠬᠦ ᠬᠤᠰᠢᠭᠤᠨ ᠤ 8 | ᠰᠤᠮᠤ ᠰᠢᠶᠠᠩ ᠪᠠᠯᠭᠠᠰᠤ ᠶᠢᠨ 51 ᠵᠠᠰᠠᠭ ᠵᠠᠬᠢᠷᠭᠠᠨ ᠤ ᠲᠣᠰᠬᠤᠨ ᠤ 482 ᠲᠣᠯᠪᠤ ᠲᠠᠢ ᠬᠤᠯᠪᠣᠭᠳᠠᠵᠤ᠂ | ᠣᠳᠣ ᠶᠢᠨ ᠨᠥᠬᠦᠪᠥᠷᠢ ᠪᠠᠯᠠ ᠮᠥᠩᠭᠦ ᠶᠢ ᠶᠠᠭ ᠰᠠᠶᠢᠬᠠᠨ ᠪᠡᠶᠡᠯᠡᠭᠦᠯᠵᠦ ᠪᠠᠶᠢᠨ᠎ᠠ᠃ | ᠵᠣᠬᠢᠶᠠᠭᠴᠢ᠄ ᠰᠢᠩ ᠸᠧᠢ | ᠣᠷᠴᠢᠭᠤᠯᠣᠭᠴᠢ᠄ ᠡᠷᠳᠡᠨᠢᠴᠢᠮᠡᠭ |