2019 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠠᠷᠤᠭᠰᠠᠨ ᠪᠠᠶᠢᠳᠠᠯ ᠤᠨ ᠳ᠋ᠦᠩᠨᠡᠯᠲᠡ
ᠨᠡᠶᠢᠲᠡᠯᠡᠭᠰᠡᠨ ᠴᠠᠭ᠄
2019-12-31
          2019 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ           ᠭᠠᠷᠤᠭᠰᠠᠨ ᠪᠠᠶᠢᠳᠠᠯ ᠤᠨ ᠳ᠋ᠦᠩᠨᠡᠯᠲᠡ       ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ ᠳᠠᠭᠠᠯᠳᠤᠨ᠂ ᠪᠥᠬᠦ ᠬᠤᠰᠢᠭᠤᠨ ᠤ ᠲᠠᠷᠢᠶᠠᠯᠠᠩ ᠤᠨ ᠤᠶᠢᠯᠡᠳᠪᠤᠷᠢᠯᠡᠯ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠤᠨ ᠲᠣᠭᠤᠷᠢᠨ ᠳᠤ ᠲᠠᠷᠢᠶ᠎ᠠ ᠲᠠᠷᠢᠬᠤ ᠵᠠᠮ ᠳᠤ ᠣᠷᠣᠵᠤ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ ᠲᠠᠷᠢᠮᠠᠯ ᠤᠨ ᠪᠠᠶᠢᠷᠢᠰᠢᠯ ᠢ ᠪᠡᠶᠡᠯᠡᠭᠦᠯᠵᠡᠶ᠃ ᠪᠦᠬᠦ ᠬᠤᠰᠢᠭᠤᠨ ᠳᠤ ᠲᠥᠮᠥᠰᠥ᠂ ᠡᠷᠳᠡᠨᠢ ᠰᠢᠰᠢ᠂ ᠲᠠᠷᠢᠮᠠᠯ ᠲᠠᠷᠢᠬᠤ ᠪᠠᠷ ᠭᠤᠤᠯ ᠪᠣᠯᠭᠠᠭᠰᠠᠨ ᠬᠤᠰᠢᠭᠤ ᠪᠣᠰᠬᠠᠬᠤ ᠣᠯᠠᠨ ᠵᠣᠶᠢᠯ ᠤᠨ ᠠᠵᠤ ᠣᠶᠢᠯᠡᠰ ᠢ ᠪᠦᠷᠢᠯᠳᠦᠭᠦᠯᠵᠦ᠂ ᠲᠠᠷᠢᠶᠠᠯᠠᠩ ᠤᠨ ᠣᠶᠢᠯᠡᠳᠬᠦᠨ ᠤ ᠥᠷᠲᠡᠭ᠂ ᠲᠠᠷᠢᠶᠠᠴᠢᠳ ᠤᠨ ᠣᠷᠣᠯᠭ᠎ᠠ ᠲᠡᠤᠬᠡ ᠶᠢᠨ ᠬᠠᠮᠤᠭ ᠥᠨᠳᠥᠷ ᠲᠦᠪᠰᠢᠨ ᠳᠤ ᠬᠦᠷᠪᠡ᠃ ᠭᠡᠪᠡᠴᠦ ᠴᠠᠭ ᠠᠭᠤᠷ ᠬᠡᠪ ᠤᠨ ᠪᠤᠰᠤ ᠪᠣᠯᠵᠤ᠂ ᠪᠠᠭ᠎ᠠ ᠬᠡᠪᠴᠢᠶᠡᠨ ᠤ ᠠᠮᠢ ᠠᠬᠤᠶ ᠲᠡᠩᠴᠡᠭᠦᠷᠢ ᠪᠠᠨ ᠠᠯᠳᠠᠵᠤ᠂ ᠣᠯᠠᠨ ᠵᠣᠶᠢᠯ ᠤᠨ ᠴᠠᠭ ᠠᠭᠤᠷ ᠢ ᠡᠭᠦᠰᠭᠡᠵᠦ᠂ ᠲᠠᠷᠢᠶᠠᠯᠠᠩ ᠤᠶᠢᠯᠡᠳᠪᠤᠷᠢᠯᠡᠯ ᠳᠤ ᠵᠣᠬᠢᠬᠤ ᠬᠤᠬᠢᠷᠠᠯ ᠤᠴᠠᠷᠠᠭᠤᠯᠬᠤ ᠶᠢ ᠤᠮᠳᠤᠭᠠᠶᠢᠯᠠᠵᠤ ᠪᠣᠯᠤᠰᠢ ᠦᠭᠡᠢ ᠶᠤᠮ᠃ ᠢᠯᠠᠩᠭᠤᠶ᠎ᠠ 6 ᠳ᠋ᠤᠭᠠᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ᠂ ᠨᠤᠲᠤᠭ ᠤᠨ ᠴᠠᠷᠴᠠᠬᠠᠶ᠂ ᠵᠢᠶᠠᠩ ᠢᠶᠠᠷ ᠭᠤᠤᠯ ᠪᠣᠯᠭᠠᠭᠰᠠᠨ ᠣᠯᠠᠨ ᠵᠣᠶᠢᠯ ᠤᠨ ᠴᠠᠷᠴᠠᠬᠠᠶ ᠵᠠᠯᠭᠠᠭ᠎ᠠ ᠪᠠᠷ ᠬᠤᠤᠷ ᠬᠥᠨᠥᠭᠡᠯ ᠳᠤ ᠤᠴᠠᠷᠠᠵᠤ᠂ ᠪᠥᠬᠦ ᠬᠤᠰᠢᠭᠤᠨ ᠳᠤ ᠡᠪᠡᠳᠴᠢᠨ ᠬᠤᠷᠣᠬᠠᠶ ᠡᠪᠡᠰᠦ ᠬᠤᠯᠤᠭᠠᠨ᠎ᠠ ᠶᠢᠨ ᠬᠥᠨᠥᠭᠡᠯ ᠨᠡᠶᠢᠲᠡ 145.79 ᠲᠦᠮᠡᠨ ᠮᠤ᠋ ᠡᠭᠦᠰᠴᠦ᠂ ᠰᠡᠷᠭᠡᠶᠢᠯᠡᠨ ᠵᠠᠰᠠᠬᠤ ᠲᠠᠯᠠᠪᠠᠢ ᠨᠢ 128.06 ᠲᠦᠮᠡᠨ ᠮᠤ᠋ ᠬᠦᠷᠴᠡᠶ︔ ᠡᠭᠦᠨ ᠳᠤ ᠬᠤᠷᠣᠬᠠᠶ ᠶᠢᠨ ᠬᠥᠨᠥᠭᠡᠯ 79.54 ᠲᠦᠮᠡᠨ ᠮᠤ᠋᠂ ᠨᠤᠲᠤᠭ ᠪᠡᠯᠴᠢᠭᠡᠷ ᠤᠨ ᠲᠠᠯᠠᠪᠠᠢ 65.5 ᠲᠦᠮᠡᠨ ᠮᠤ᠋᠂ ᠲᠠᠷᠢᠶᠠᠨ ᠭᠠᠵᠠᠷ ᠤᠨ ᠲᠠᠯᠠᠪᠠᠢ 14.04 ᠲᠦᠮᠡᠨ ᠮᠤ᠋᠂ ᠰᠡᠷᠭᠡᠶᠢᠯᠡᠨ ᠵᠠᠰᠠᠬᠤ ᠲᠠᠯᠠᠪᠠᠢ 22.53 ᠲᠦᠮᠡᠨ ᠮᠤ᠋ ︵8 ᠲᠦᠮᠡᠨ ᠮᠤ᠋ ᠬᠤᠯᠢᠭᠰᠠᠨ ᠦᠷ᠎ᠡ ᠪᠠᠭᠲᠠᠨ᠎ᠠ︶︔ ᠡᠪᠡᠳᠴᠢᠨ ᠤ ᠬᠥᠨᠥᠭᠡᠯ 24.85 ᠲᠦᠮᠡᠨ ᠮᠦ ᠡᠭᠦᠰᠴᠦ᠂ 62.53 ᠲᠦᠮᠡᠨ ᠮᠦ ︵17 ᠲᠦᠮᠡᠨ ᠮᠦ ᠬᠤᠯᠢᠭᠰᠠᠨ ᠦᠷ᠎ᠡ ᠪᠠᠭᠲᠠᠨ᠎ᠠ︶ ᠶᠢ ᠰᠡᠷᠭᠡᠶᠢᠯᠡᠨ ᠵᠠᠰᠠᠨ᠎ᠠ︔ ᠡᠪᠡᠰᠦᠨ ᠤ ᠭᠠᠮᠰᠢᠭ 40.5 ᠲᠦᠮᠡᠨ ᠮᠤ᠋ ᠭᠠᠷᠴᠤ᠂ ᠰᠡᠷᠭᠡᠶᠢᠯᠡᠨ ᠵᠠᠰᠠᠬᠤ ᠲᠠᠯᠠᠪᠠᠢ 41.5 ᠲᠦᠮᠡᠨ ᠮᠤ᠋ ᠬᠦᠷᠴᠡᠶ︔ ᠬᠤᠯᠤᠭᠠᠨ᠎ᠠ ᠶᠢᠨ ᠭᠠᠮᠰᠢᠭ 6.4 ᠲᠦᠮᠡᠨ ᠮᠤ᠋ ᠡᠭᠦᠰᠴᠦ᠂ ᠰᠡᠷᠭᠡᠶᠢᠯᠡᠨ ᠵᠠᠰᠠᠬᠤ ᠲᠠᠯᠠᠪᠠᠢ 1.5 ᠲᠦᠮᠡᠨ ᠮᠤ᠋ ᠬᠦᠷᠴᠡᠶ᠃ ᠪᠥᠬᠦ ᠬᠤᠰᠢᠭᠤᠨ ᠤ ᠲᠠᠷᠢᠮᠠᠯ ᠤᠨ ᠤᠶᠢᠯᠡᠰ ᠲᠤ ᠨᠡᠶᠢᠲᠡ 64.78 ᠲᠣᠨ ᠲᠠᠷᠢᠶᠠᠨ ᠡᠮ ᠤᠨ ᠪᠣᠳᠠᠰ ᠣᠷᠣᠭᠤᠯᠵᠤ᠂ ᠨᠢᠳᠤᠨᠤᠨ ᠤ ᠬᠢ ᠠᠴᠠ 18.24 ᠲᠣᠨ ᠪᠠᠭᠠᠰᠴᠠᠶ᠂ ᠡᠭᠦᠨ ᠳᠤ ᠬᠤᠷᠣᠬᠠᠶ ᠠᠯᠠᠬᠤ ᠡᠮ 8.51 ᠲᠣᠨ᠂ ᠪᠠᠺᠲ᠋ᠧᠷᠢ ᠠᠯᠠᠬᠤ ᠡᠮ 30.66 ᠲᠣᠨ᠂ ᠡᠪᠡᠰᠦ ᠠᠷᠢᠯᠭᠠᠬᠤ ᠡᠮ 25.31 ᠲᠣᠨ᠂ ᠬᠤᠯᠤᠭᠠᠨ᠎ᠠ ᠤᠰᠠᠳᠬᠠᠬᠤ ᠡᠮ 0.3 ᠲᠣᠨ ᠪᠠᠶᠢᠨ᠎ᠠ᠃ ᠮᠠᠰᠢᠨ ᠲᠥᠬᠦᠭᠡᠷᠦᠮᠵᠢ ᠶᠢ 280 ᠰᠠᠭᠤᠷᠢ ᠬᠡᠷᠡᠭᠯᠡᠵᠦ᠂ 1000 ᠰᠠᠭᠤᠷᠢ ᠭᠠᠷ ᠰᠦᠷᠴᠢᠭᠦᠷ ᠮᠠᠰᠢᠨ ᠬᠡᠷᠡᠭᠯᠡᠵᠦ᠂ 2.8 ᠲᠦᠮᠡᠨ ᠬᠥᠮᠦᠨ ᠤᠳᠠᠭ᠎ᠠ ᠬᠥᠳᠡᠯᠮᠦᠷᠢ ᠬᠦᠴᠦ ᠬᠡᠷᠡᠭᠯᠡᠪᠡ᠃                                                          ᠵᠣᠬᠢᠶᠠᠭᠴᠢ᠄ ᠯᠢ ᠶᠠᠨ                                                          ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠲᠠᠷᠢᠶᠠᠯᠡᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠳᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号