ᠭᠤᠶᠣ ᠰᠠᠶᠢᠬᠠᠨ ᠬᠤᠨᠢᠨ ᠳᠠᠯᠡᠢ ᠠᠮᠢ ᠠᠬᠤᠢ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2019-02-26
              ᠭᠤᠶᠤ ᠰᠠᠶᠢᠬᠠᠨ ᠬᠤᠨᠢᠨ ᠳᠠᠯᠠᠢ ᠠᠮᠢ ᠠᠬᠤᠢ ᠶᠢᠨ ᠬᠦᠷᠢᠶᠡᠯᠡᠩ    ᠬᠤᠨᠢᠨ ᠳᠠᠯᠠᠢ ᠠᠮᠢ ᠠᠬᠤᠢ ᠶᠢᠨ ᠬᠦᠷᠢᠶᠡᠯᠡᠩ ᠨᠢ ᠪᠠᠶᠠᠨᠴᠠᠭᠠᠨ ᠪᠠᠯᠭᠠᠰᠤᠨ ᠤ ᠵᠡᠬᠦᠨ ᠡᠮᠤᠨ᠎ᠡ ᠬᠡᠰᠡᠭ ᠲᠤ ᠪᠠᠶᠢᠷᠢᠰᠢᠵᠤ ᠪᠠᠶᠢᠨ᠎ᠠ᠃ ᠲᠦᠯᠦᠪᠵᠢᠭᠰᠡᠨ ᠲᠠᠯᠠᠪᠠᠢ ᠨᠢ 330 ᠲᠦᠮᠡ ᠺᠦᠸ᠋ᠳ᠋ ᠮᠧᠲᠷ᠂ ᠬᠦᠷᠢᠶᠡᠯᠡᠩ ᠤᠨ ᠵᠡᠬᠦᠨ ᠪᠠᠷᠠᠭᠤᠨ ᠵᠠᠬ᠎ᠠ ᠬᠦᠷᠬᠦ ᠰᠢᠯᠤᠭᠤᠨ ᠤ ᠵᠠᠢ ᠨᠢ 2 ᠺᠢᠯᠤᠮᠧᠲᠷ᠂ ᠡᠮᠤᠨ᠎ᠡ ᠵᠠᠬ᠎ᠠ ᠠᠴᠠ ᠬᠤᠶᠢᠲᠤ ᠵᠠᠬ᠎ᠠ ᠬᠦᠷᠬᠦ ᠰᠢᠯᠤᠭᠤᠨ ᠤ ᠵᠠᠢ ᠨᠢ 1 ᠺᠢᠯᠤᠮᠧᠲᠷ᠂ ᠭᠤᠤᠯ ᠦᠵᠡᠮᠵᠢ ᠶᠢᠨ ᠤᠷᠤᠨ᠂ ᠭᠤᠤᠯᠳᠠᠯᠭ᠎ᠠ ᠲᠠᠢ ᠨᠤᠭᠤᠭᠠᠷᠠᠭᠤᠯᠤᠯᠲᠠ  ᠶᠢᠨ ᠤᠷᠤᠨ᠂ ᠰᠡᠯᠡᠬᠦᠴᠡᠯ ᠠᠮᠠᠷᠠᠯᠲᠠ ᠶᠢᠨ ᠤᠷᠤᠨ᠂ ᠭᠠᠵᠠᠷ ᠨᠤᠭᠤᠭᠠᠷᠠᠭᠤᠯᠤᠯᠲᠠ ᠶᠢᠨ ᠤᠷᠤᠨ ᠬᠡᠵᠤ ᠳᠦᠷᠪᠡᠨ ᠶᠡᠭᠡ ᠦᠵᠡᠮᠵᠢ ᠶᠢᠨ ᠤᠷᠤᠨ ᠬᠤᠪᠢᠶᠠᠪᠠ᠂ ᠪᠦᠲᠦᠬᠡᠨ ᠪᠠᠶᠢᠭᠤᠯᠤᠯᠲᠠ ᠶᠢᠨ ᠤᠶᠢᠯᠠᠭᠠᠭᠳᠠᠬᠤᠨ ᠨᠢ ᠨᠤᠭᠤᠭᠠᠨ ᠪᠠᠷ ᠭᠤᠤᠯ ᠪᠤᠯᠭᠠᠨ᠂ ᠨᠤᠭᠤᠭᠠᠨ ᠢ ᠬᠤᠲᠠ ᠳᠠᠲᠠᠨ ᠤᠷᠤᠭᠤᠯᠤᠨ᠂ ᠪᠠᠶᠢᠭᠠᠯᠢ ᠶᠢᠨ ᠭᠠᠵᠠᠷ ᠤᠨ ᠪᠠᠶᠢᠴᠠ ᠢ ᠳᠦᠰᠢᠭᠯᠡᠵᠤ᠂ ᠤᠷᠤᠨ ᠨᠤᠲᠤᠭ ᠤᠨ ᠰᠤᠶᠤᠯ ᠤᠨ ᠤᠨᠴᠠᠯᠢᠭ ᠪᠦᠬᠦᠢ ᠰᠤᠶᠤᠯ ᠢᠷᠭᠡᠨᠰᠢᠯ ᠤᠨ ᠦᠵᠡᠮᠵᠢ ᠶᠢ ᠪᠦᠲᠦᠬᠡᠨ ᠪᠠᠶᠢᠭᠤᠯᠪᠠ᠃ ᠪᠠᠶᠢᠭᠠᠯᠢ ᠶᠢᠨ ᠠᠮᠢ ᠠᠬᠤᠢ ᠪᠤᠯᠤᠨ ᠪᠠᠶᠢᠭᠠᠯᠢ ᠶᠢᠨ ᠳᠦᠷᠰᠤ ᠪᠠᠶᠢᠳᠠᠯ ᠢ ᠪᠠᠷᠢᠮᠲᠠᠯᠠᠭᠰᠠᠨ  ᠪᠠᠷ ᠪᠠᠷᠠᠬᠤ ᠦᠬᠡᠢ ᠪᠠᠰᠠ ᠴᠠᠬᠠᠷ ᠤᠷᠤᠨ ᠤ ᠦᠨᠳᠦᠰᠦᠲᠡᠨ ᠤ ᠰᠤᠶᠤᠯ ᠤᠨ ᠤᠨᠴᠠᠯᠢᠭ ᠢ ᠳᠤᠪᠤᠶᠢᠯᠭᠠᠨ ᠢᠯᠡᠷᠡᠬᠦᠯᠵᠤ᠂ ᠴᠠᠬᠠᠷ ᠲᠠᠯᠠᠪᠠᠢ ᠠᠴᠠ ᠭᠠᠳᠠᠨ᠎ᠠ ᠪᠠᠰᠠ ᠨᠢᠬᠡᠨ ᠠᠮᠢ ᠠᠬᠤᠢ᠂ ᠵᠤᠭ᠎ᠠ ᠴᠡᠩᠭᠡᠯ᠂ ᠰᠤᠶᠤᠯ᠂ ᠳᠤᠷᠠᠰᠬᠠᠯ᠂ ᠤᠯᠤᠰ ᠢᠶᠠᠨ ᠬᠠᠶᠢᠷᠠᠯᠠᠬᠤ ᠬᠦᠮᠦᠵᠢᠯ ᠢ ᠨᠢᠬᠡ ᠴᠤᠭᠴᠠᠯᠠᠭᠰᠠᠨ ᠴᠢᠨᠠᠷᠲᠠᠢ ᠬᠦᠳᠡᠯᠭᠡᠭᠡᠨ ᠤ ᠲᠠᠯᠠᠪᠤᠷ ᠪᠤᠯᠤᠨ᠎ᠠ᠃                                                     ᠤᠷᠴᠢᠭᠤᠯᠤᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号