ᠦᠵᠡᠰᠬᠦᠯᠡᠩ ᠰᠠᠶᠢᠬᠠᠨ ᠪᠠᠶ᠋ᠬᠠᠠᠭᠤᠯᠠ ᠠᠮᠢ ᠠᠬᠤᠢ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2019-02-26
                ᠦᠵᠡᠰᠬᠦᠯᠡᠩ ᠰᠠᠶᠢᠬᠠᠨ ᠪᠠᠶ᠋ᠬᠠᠠᠭᠤᠯᠠ ᠠᠮᠢ ᠠᠬᠤᠢ ᠶᠢᠨ ᠬᠦᠷᠢᠶᠡᠯᠡᠩ      ᠪᠠᠶ᠋ᠬᠠᠠᠭᠤᠯᠠ ᠠᠮᠢ ᠠᠬᠤᠢ ᠶᠢᠨ ᠬᠦᠷᠢᠶᠡᠯᠡᠩ ᠪᠠᠶᠠᠨᠴᠠᠭᠠᠨ ᠪᠠᠯᠭᠠᠰᠤᠨ ᠤ ᠬᠤᠶᠢᠲᠤ ᠬᠡᠰᠡᠭ ᠪᠠᠷ ᠪᠠᠶᠢᠷᠢᠯᠠᠵᠤ ᠪᠠᠶᠢᠨ᠎ᠠ᠂ ᠶᠡᠷᠤᠩᠭᠡᠢ ᠲᠠᠯᠠᠪᠠᠢ ᠨᠢ 103 ᠲᠦᠮᠡᠨ ᠺᠦᠸ᠋ᠳ᠋ ᠮᠧᠲᠷ᠂ ᠭᠤᠤᠯ ᠨᠢ ︽ᠬᠤᠶᠠᠷ ᠨᠠᠭᠤᠷ ᠨᠢᠬᠡ ᠠᠭᠤᠯᠠ ︾ ᠬᠤᠲᠠ ᠪᠠᠯᠭᠠᠰᠤ ᠶᠢᠨ ᠬᠦᠮᠦᠨ ᠰᠤᠶᠤᠯ ᠤᠨ ᠦᠵᠡᠮᠵᠢ ᠶᠢ ᠪᠦᠲᠦᠬᠡᠨ ᠪᠠᠶᠢᠭᠤᠯᠪᠠ᠃ ︽ᠬᠤᠶᠠᠷ ᠨᠠᠭᠤᠷ︾ ᠬᠡᠳᠡᠭ ᠨᠢ ᠵᠡᠬᠦᠨ ᠨᠠᠭᠤᠷ ︵12 ᠲᠦᠮᠡᠨ ᠺᠦᠸ᠋ᠳ᠋ ᠮᠧᠲᠷ︶ ᠪᠤᠯᠤᠨ ᠪᠠᠷᠠᠭᠤᠨ ᠨᠠᠭᠤᠷ ︵4 ᠲᠦᠮᠡ ᠺᠦᠸ᠋ᠳ᠋ ᠮᠧᠲᠷ︶᠂ ︽ᠨᠢᠬᠡ ᠠᠭᠤᠯᠠ︾ ᠭᠡᠳᠡᠭ ᠨᠢ ᠪᠠᠶ᠋ᠬᠠᠠᠭᠤᠯᠠ ᠢ ᠵᠢᠭᠠᠵᠤ ᠪᠠᠶᠢᠨ᠎ᠠ᠂ ᠲᠡᠷᠡ ᠪᠤᠯ ᠤᠶᠢᠵᠢᠭᠤᠯᠣᠯᠲᠠ᠂ ᠭᠤᠶᠤᠯᠠᠯᠲᠠ᠂ ᠬᠤᠲᠠ ᠪᠠᠯᠭᠠᠰᠤᠨ ᠤ ᠳᠦᠬᠦᠮ ᠪᠦᠲᠦᠴᠡᠲᠤ ᠤᠷᠤᠨ ᠰᠠᠭᠤᠴᠠ ᠢ ᠦᠭᠡᠷᠡᠴᠢᠯᠡᠭᠰᠡᠨ᠂ ᠰᠢᠨ᠎ᠠ ᠬᠦᠳᠡᠭᠡ ᠲᠤᠰᠬᠤᠨ ᠤ ᠪᠦᠲᠦᠬᠡᠨ ᠪᠠᠶᠢᠭᠤᠯᠤᠯᠲᠠ᠂ ᠦᠶᠡᠷ ᠢ ᠰᠡᠷᠬᠡᠶᠢᠯᠡᠬᠦ᠂ ᠦᠶᠡᠷ ᠢ ᠰᠠᠳᠠᠷᠠᠭᠤᠯᠬᠤ ᠵᠡᠷᠭᠡ ᠶᠢ ᠨᠢᠬᠡ ᠪᠡᠶ᠎ᠡ ᠳᠤ ᠴᠤᠭᠴᠠᠯᠠᠭᠰᠠᠨ ᠶᠡᠷᠤᠩᠭᠡᠶᠢᠯᠡᠭᠰᠡᠨ ᠰᠢᠨᠵᠢ ᠶᠢᠨ ᠨᠡᠶᠢᠲᠡ ᠶᠢᠨ ᠠᠰᠠᠷᠠᠮᠵᠢ ᠶᠢᠨ ᠤᠶᠢᠯᠡᠰ ᠤᠨ ᠪᠠᠷᠢᠯᠭ᠎ᠠ᠂ ᠲᠡᠬᠦᠨ ᠢ ᠪᠠᠶᠢᠭᠤᠯᠤᠭᠰᠠᠨ ᠭᠤᠤᠯ ᠵᠤᠷᠢᠯᠭ᠎ᠠ ᠨᠢ ᠪᠤᠯ ᠪᠠᠶᠠᠨᠴᠠᠭᠠᠨ ᠪᠠᠯᠭᠠᠰᠤᠨ ᠤ ᠬᠠᠭᠤᠴᠢᠨ ᠵᠡᠬᠡᠯᠢ  ᠶᠢᠨ ᠰᠠᠭᠤᠭᠠᠯᠢ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠪᠠᠯᠭᠠᠰᠤᠨ ᠤ ᠵᠡᠭᠦᠨ ᠲᠠᠯ᠎ᠠ ᠶᠢᠨ ᠰᠢᠨ᠎ᠠ ᠲᠤᠭᠤᠷᠢᠭ ᠤᠨ ᠡᠩᠨᠡᠭᠡᠨ ᠬᠦᠭᠵᠢᠬᠦᠯᠦᠯᠲᠠ ᠲᠠᠢ ᠵᠠᠯᠭᠠᠯᠳᠤᠯᠬᠤ᠂ ᠠᠭᠤᠯᠠ ᠢ ᠳᠦᠰᠢᠨ ᠴᠡᠴᠡᠷᠯᠢᠭᠲᠦ ᠨᠤᠭᠤᠭᠠᠷᠠᠭᠤᠯᠤᠯᠲᠠ ᠶᠢᠨ ᠭᠠᠵᠠᠷ ᠢ ᠪᠦᠲᠦᠬᠡᠨ ᠪᠠᠶᠢᠭᠤᠯᠵᠤ᠂ ᠬᠤᠲᠠ ᠪᠠᠯᠭᠠᠰᠤᠨ ᠤ ᠨᠤᠭᠤᠭᠠᠷᠠᠭᠤᠯᠤᠯᠲᠠ ᠶᠢᠨ ᠡᠵᠡᠯᠡᠬᠦ ᠬᠠᠷᠢᠴᠠᠯ ᠢ ᠨᠡᠮᠡᠭᠳᠡᠬᠦᠯᠦᠨ᠂ ᠰᠠᠭᠤᠭᠠᠯᠢ ᠠᠷᠠᠳ ᠳᠤ ᠵᠤᠭ᠎ᠠ ᠴᠡᠩᠭᠡᠯ ᠤᠨ ᠲᠠᠯᠠᠪᠤᠷ ᠬᠠᠩᠭᠠᠵᠤ ᠦᠭᠬᠦ ᠶᠢᠨ ᠲᠦᠯᠦᠬᠡ ᠶᠤᠮ᠃                                                    ᠤᠷᠴᠢᠭᠤᠯᠤᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号