ᠲᠠᠩᠰᠤᠭ ᠰᠠᠶᠢᠬᠠᠨ ᠴᠠᠬᠠᠷ ᠲᠠᠯᠠᠪᠡᠢ
ᠨᠡᠶᠢᠲᠡᠯᠡᠭᠰᠡᠨ ᠴᠠᠭ᠄
2019-02-27
                        ᠲᠠᠩᠰᠤᠭ ᠰᠠᠶᠢᠬᠠᠨ ᠴᠠᠬᠠᠷ ᠲᠠᠯᠠᠪᠠᠢ      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠠᠷ ᠲᠠᠯᠠᠪᠠᠢ ᠨᠢ ᠪᠠᠶᠠᠨᠴᠠᠭᠠᠨ ᠪᠠᠯᠭᠠᠰᠤᠨ ᠤ ᠰᠢᠨ᠎ᠠ ᠬᠠᠭᠤᠴᠢᠨ ᠵᠡᠬᠡᠯᠢ ᠶᠢᠨ ᠠᠭᠤᠯᠵᠠᠷ ᠭᠡᠰᠡᠭ ᠲᠤ ᠪᠠᠶᠢᠷᠢᠰᠢᠵᠤ ᠪᠠᠶᠢᠨ᠎ᠠ᠂ ᠪᠠᠯᠭᠠᠰᠤᠨ ᠤ ᠬᠡᠳᠤᠨ ᠭᠤᠤᠯ ᠵᠡᠬᠡᠯᠢ ᠨᠢ ᠠᠳᠡ ᠨᠠᠶᠢᠯᠡᠨ ᠴᠤᠭᠯᠠᠷᠠᠨ᠎ᠠ᠂ ᠴᠠᠬᠠᠷ ᠲᠠᠯᠠᠪᠠᠢ ᠨᠢ ᠠᠭᠤᠳᠠᠮ᠂ ᠰᠦᠷ ᠵᠢᠪᠬᠤᠭ᠎ᠠ ᠲᠠᠢ᠂ ᠬᠦᠨ ᠵᠤᠵᠠᠭᠠᠨ ᠮᠤᠩᠭᠤᠯ ᠭᠠᠵᠠᠷ ᠤᠷᠤᠨ ᠤ ᠵᠠᠩ ᠤᠶᠢᠯᠡ ᠶᠢᠨ ᠤᠨᠴᠠᠯᠢᠭ ᠲᠠᠢ ᠴᠠᠬᠠᠷ ᠦᠨᠳᠦᠰᠦᠲᠡᠨ ᠤ ᠰᠤᠶᠤᠯ ᠤᠨ ᠡᠯᠧᠮᠧᠨ᠋ᠲ ᠳᠤᠪᠤᠶᠢᠮ᠎ᠠ ᠲᠠᠯᠠᠪᠠᠢ ᠮᠦᠨ᠃ ᠶᠡᠷᠤᠩᠭᠡᠢ ᠲᠠᠯᠠᠪᠠᠢ ᠨᠢ 10 ᠲᠦᠮᠡ ᠺᠦᠸ᠋ᠳ᠋ ᠮᠧᠲᠷ ᠡᠵᠡᠯᠡᠨ᠎ᠡ᠂ ᠡᠬᠦᠨ ᠤ ᠳᠤᠮᠳᠠ ᠄ ᠬᠠᠲᠠᠭᠤᠷᠠᠭᠤᠯᠤᠭᠰᠠᠨ ᠲᠠᠯᠠᠪᠠᠢ 4 ᠲᠦᠮᠡ ᠺᠦᠸ᠋ᠳ᠋ ᠮᠧᠲᠷ᠂ ᠨᠤᠭᠤᠭᠠᠷᠠᠭᠤᠯᠤᠯᠲᠠ ᠶᠢᠨ ᠲᠠᠯᠠᠪᠠᠢ ᠨᠢ 6 ᠲᠦᠮᠡ ᠺᠦᠸ᠋ᠳ᠋ ᠮᠧᠲᠷ᠂ ᠡᠯ᠎ᠡ ᠵᠤᠶᠢᠯ ᠤᠨ ᠮᠤᠳᠤ 50 ᠰᠠᠭᠤᠷᠢ ᠢᠯᠡᠬᠦᠤ ᠵᠤᠶᠢᠯ ᠲᠠᠷᠢᠪᠠ᠃ ᠲᠠᠯᠠᠪᠠᠢ ᠨᠢ ᠰᠤᠶᠤᠯ᠂ ᠨᠠᠭᠠᠳᠤᠮ᠂ ᠴᠤᠭᠯᠠᠭ᠎ᠠ᠂ ᠪᠡᠶ᠎ᠡ ᠪᠤᠯᠪᠠᠰᠤᠷᠠᠭᠤᠯᠤᠯᠲᠠ ᠵᠡᠷᠭᠡ ᠴᠢᠳᠠᠮᠵᠢ ᠶᠢ ᠨᠢᠬᠡ ᠴᠤᠭᠴᠠᠵᠢᠭᠤᠯᠵᠤ᠂ ᠬᠤᠶᠢᠲᠤ ᠬᠤᠰᠢᠭᠤᠨ ᠤ ᠤᠳᠤᠬᠠᠨ ᠪᠤᠯᠳᠠᠬᠢ ᠬᠠᠮᠤᠭ ᠤᠨ ᠶᠡᠭᠡ ᠪᠤᠯᠬᠤ ᠤᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠮᠦᠨ᠃     ᠬᠤᠲᠠ ᠨᠢᠬᠡᠪᠤᠷᠢ ᠴᠦᠮ ᠦᠪᠡᠷ ᠤᠨ ᠠᠭᠤᠯᠤᠭᠳᠠᠬᠤᠨ ᠪᠠ ᠰᠦᠭ ᠰᠦᠨᠡᠰᠤ ᠪᠠᠶᠢᠳᠠᠭ᠂ ᠴᠠᠬᠠᠷ ᠲᠠᠯᠠᠪᠠᠢ ᠪᠤᠯ ᠪᠠᠶᠠᠨᠴᠠᠭᠠᠨ ᠪᠠᠯᠭᠠᠰᠤᠨ ᠤ ᠦᠨᠳᠦᠰᠦᠲᠡᠨ ᠤ ᠰᠤᠶᠤᠯ ᠤᠨ ᠡᠯᠧᠮᠧᠨ᠋ᠲ ᠢ ᠬᠠᠮᠤᠭ ᠳᠤᠪᠤᠶᠢᠮ᠎ᠠ ᠢᠯᠡᠷᠡᠬᠦᠯᠦᠭᠰᠡᠨ ᠪᠠᠰᠠ ᠴᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ  ᠶᠢᠨ ᠰᠦᠭ ᠰᠦᠨᠡᠰᠤ ᠨᠡᠩ ᠴᠤ ᠨᠢᠬᠡ ᠬᠠᠭᠤᠳᠠᠰᠤ ᠭᠠᠶᠢᠬᠠᠮᠰᠢᠭᠲᠤ ᠰᠠᠶᠢᠬᠠᠨ ᠨᠡᠷ᠎ᠡ ᠶᠢᠨ ᠬᠠᠭᠤᠳᠠᠰᠤ ᠮᠦᠨ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠢᠪᠠ ᠠᠷᠠᠳ ᠢᠷᠭᠡᠳ ᠴᠦᠮ ᠲᠡᠬᠦᠨ ᠢ ᠡᠷᠬᠢᠮᠯᠡᠨ ᠬᠠᠶᠢᠷᠠᠯᠠᠨ᠎ᠠ᠂ ᠭᠠᠳᠠᠨ᠎ᠠ ᠤᠷᠤᠨ ᠠᠴᠠ ᠢᠷᠡᠭᠰᠡᠨ ᠵᠤᠴᠢᠨ ᠪᠦᠬᠦᠨ ᠴᠦᠮ ᠲᠡᠬᠦᠨ ᠢ ᠮᠠᠭᠲᠠᠨ ᠪᠠᠭ᠋ᠠᠷᠬᠠᠨ᠎ᠠ᠃                                                    ᠤᠷᠴᠢᠭᠤᠯᠤᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号