ᠭᠤᠤᠯ ᠰᠡᠳᠤᠪ᠄ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ | | ᠡᠷᠬᠢᠮ ᠵᠤᠴᠢᠨ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠤ ᠶᠦᠩ ᠵᠦᠩ | ᠰᠤᠷᠪᠤᠯᠵᠢᠯᠠᠭᠴᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠦᠪ ᠬᠤᠷᠢᠶ᠎ᠠ ᠤᠷᠢᠳ | ᠬᠤᠵᠢᠳ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠤᠶᠢᠯᠡᠳᠤᠯᠬᠡ ᠶᠢᠨ ᠠᠵᠢᠯᠯᠠᠭ᠎ᠠ᠂ ︽ᠭᠤᠷᠪᠠᠨ | ᠴᠢᠩᠭ᠎ᠠ ᠭᠤᠷᠪᠠᠨ ᠪᠤᠳᠠᠲᠠᠢ ᠪᠠᠶᠢᠬᠤ︾ ᠲᠤᠰᠬᠠᠢ ᠰᠡᠳᠤᠪᠲᠤ ᠬᠦᠮᠦᠵᠢᠯ ᠢ ᠦᠷᠨᠢᠬᠦᠯᠪᠠ᠂ ᠤᠳᠤ ᠪᠠᠰᠠ ︽ᠬᠤᠶᠠᠷ | ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠢ ᠵᠤᠬᠢᠶᠠᠨ ᠪᠠᠶᠢᠭᠤᠯᠪᠠ᠂ ᠲᠠᠨ ᠤ ᠦᠵᠡᠬᠦ ᠪᠠᠷ | ᠶᠠᠮᠠᠷ ᠶᠠᠮᠠᠷ ᠴᠢᠬᠤᠯᠠ ᠤᠳᠬ᠎ᠠ ᠠᠭᠤᠯᠭ᠎ᠠ ᠲᠠᠢ ᠪᠤᠢ︖ | ᠯᠢᠤ ᠶᠦᠩ ᠵᠦᠩ᠄ ᠬᠦᠮᠦᠵᠢᠯ ᠤᠶᠢᠯᠡᠳᠤᠯᠬᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠲᠠᠢ | ᠪᠠᠶᠢᠬᠤ︾ ᠲᠤᠰᠬᠠᠢ ᠰᠡᠳᠤᠪᠲᠤ ᠬᠦᠮᠦᠵᠢᠯ ᠢᠶᠠᠷ ᠳᠠᠮᠵᠢᠨ᠂ ᠨᠠᠮ ᠤᠨ ᠰᠤᠷᠲᠠᠯ ᠤᠨ ᠪᠠᠶᠢᠭᠤᠯᠤᠯᠲᠠ | ᠮᠡᠳᠡᠭᠳᠡᠬᠦᠶᠢᠴᠡ ᠰᠠᠶᠢᠵᠢᠷᠠᠪᠠ᠂ ᠭᠡᠪᠡᠴᠤ ᠪᠠᠰᠠ ᠴᠦᠬᠡᠨ ᠪᠤᠰᠤ ᠠᠰᠠᠭᠤᠳᠠᠯ ᠤᠷᠤᠰᠢᠵᠤ ᠪᠤᠢ᠂ ᠡᠶᠢᠮᠤ ᠠᠴᠠ | ᠡᠷᠬᠡᠪᠰᠢ ᠤᠯᠠᠮ ᠨᠢᠬᠡ ᠠᠯᠬᠤᠮ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠢ | ᠦᠷᠨᠢᠬᠦᠯᠦᠨ᠂ ᠰᠢᠨᠲᠠᠷᠠᠰᠢ ᠦᠬᠡᠢ ᠪᠠᠷ ᠰᠤᠷᠲᠠᠯ ᠤᠨ ᠪᠢᠠᠭᠤᠯᠤᠯᠲᠠ ᠢ ᠪᠠᠶᠢᠯᠳᠤᠬᠤ ᠪᠤᠳᠤᠯᠭ᠎ᠠ ᠶᠢᠨ ᠮᠠᠭᠠᠳᠯᠠᠯᠲᠠ | ᠪᠤᠯᠬᠤ ᠪᠠᠷ ᠪᠠᠷᠠᠬᠤ ᠦᠬᠡᠢ ᠪᠠᠰᠠ ᠴᠤ ᠠᠷᠠᠳ ᠢᠷᠭᠡᠨ ᠤ ᠨᠢᠬᠡ ᠬᠦᠰᠡᠯ ᠡᠷᠡᠮᠡᠯᠵᠡᠯ ᠪᠤᠯᠤᠨ᠎ᠠ᠃ ᠦᠩᠭᠡᠷᠡᠭᠰᠡᠨ ᠳᠤ | ᠰᠤᠷᠲᠠᠯ ᠤᠨ ᠪᠠᠶᠢᠭᠤᠯᠤᠯᠲᠠ ᠢ ᠶᠠᠷᠢᠬᠤ ᠳᠤ ᠴᠦᠬᠡᠨ ᠲᠤᠭᠠᠨ ᠤ ᠤᠳᠤᠷᠢᠳᠤᠯᠭ᠎ᠠ ᠪᠠᠷ ᠭᠤᠤᠯ ᠪᠤᠯᠭᠠᠳᠠᠭ᠂ ᠲᠤᠰ | ᠣᠳᠠᠭᠠᠨ ᠤ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠨᠢ ᠪᠦᠬᠦᠳᠡ ᠨᠠᠮ ᠤᠨ | ᠬᠡᠰᠢᠬᠦᠨ ᠬᠦᠷ ᠪᠦᠷᠬᠦᠵᠤ᠂ ᠠᠯᠢᠪᠠ ᠨᠠᠮ ᠤᠨ ᠬᠡᠰᠢᠬᠦᠳ ᠡᠷᠬᠡᠪᠰᠢ ᠨᠠᠮ ᠤᠨ ᠰᠤᠷᠲᠠᠯ ᠤᠨ ᠪᠠᠶᠢᠭᠤᠯᠤᠯᠲᠠ ᠢ | ᠰᠠᠶᠢᠳᠤᠷ ᠬᠢᠨ᠎ᠠ᠂ ᠢᠩᠭᠢᠪᠡᠯ ᠨᠠᠮ ᠤᠨ ᠰᠤᠷᠲᠠᠯ ᠰᠠᠶ᠋ᠢ ᠵᠢᠩᠭᠢᠨᠢ ᠪᠠᠷ ᠰᠠᠶᠢᠵᠢᠷᠠᠵᠤ ᠴᠢᠳᠠᠨ᠎ᠠ᠃ ᠨᠠᠮ ᠤᠨ | ᠪᠠᠶᠢᠭᠤᠯᠤᠯᠲᠠ ᠳᠤ ᠨᠠᠮ ᠤᠨ ᠬᠡᠰᠢᠬᠦᠨ ᠨᠢᠬᠡᠪᠤᠷᠢ ᠴᠦᠮ ᠡᠬᠦᠷᠭᠡ ᠬᠠᠷᠢᠭᠤᠴᠠᠯᠭ᠎ᠠ ᠲᠠᠢ᠃ | ᠰᠤᠷᠪᠤᠯᠵᠢᠯᠠᠭᠴᠢ᠄ ᠲᠠ ᠮᠠᠨ ᠤ ᠬᠤᠰᠢᠭᠤᠨ ᠤ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ | ᠰᠤᠷᠤᠯᠴᠠᠯᠭ᠎ᠠ ᠬᠦᠮᠦᠵᠢᠯ ᠤᠨ ᠶᠠᠪᠤᠣᠭᠳᠠᠵᠣ ᠪᠠᠶᠢᠬᠤ ᠠᠬᠢᠴᠠ ᠶᠢᠨ ᠪᠠᠶᠢᠳᠠᠯ ᠢ ᠳᠦᠬᠦᠮᠬᠡᠨ ᠶᠠᠷᠢᠬᠤ ᠤᠤ︖ | ᠯᠢᠤ ᠶᠦᠩ ᠵᠦᠩ᠄ ᠤᠳᠤᠬᠠᠨ ᠳᠤ᠂ ᠪᠦᠬᠦ ᠬᠤᠰᠢᠭᠤᠨ ᠤ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ | ᠰᠤᠷᠤᠯᠴᠠᠯᠭ᠎ᠠ ᠬᠦᠮᠦᠵᠢᠯ ᠮᠠᠰᠢ ᠤᠷᠤᠭᠰᠢᠲᠠᠢ ᠶᠠᠪᠤᠭᠳᠠᠵᠤ ᠪᠠᠢ᠂ ᠨᠠᠮ ᠤᠨ ᠬᠡᠰᠢᠬᠦᠳ ᠤᠨ ᠰᠤᠷᠤᠯᠴᠠᠬᠤ ᠤᠪᠤᠷ | ᠨᠢ ᠡᠳᠤᠷ ᠳᠤᠲᠤᠮ ᠠᠴᠠ ᠨᠡᠮᠡᠭᠳᠡᠨ᠂ ᠨᠠᠮᠴᠢ ᠴᠢᠨᠠᠷ ᠤᠨ ᠦᠵᠡᠯ ᠤᠬᠠᠮᠰᠠᠷ ᠨᠢ ᠳᠠᠰᠤᠷᠠᠯᠲᠠ ᠦᠬᠡᠢ ᠴᠢᠩᠭᠠᠷᠠᠵᠤ | ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ ᠤᠷᠢᠳ ᠬᠤᠵᠢᠳ 8 ᠤᠳᠠᠭ᠎ᠠ ᠬᠤᠷᠠᠯ ᠬᠢᠵᠤ᠂ ᠪᠦᠬᠦ ᠬᠤᠰᠢᠭᠤᠨ | ᠤ ︽ᠬᠤᠶᠠᠷ ᠢ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠳᠤ ᠬᠠᠨᠳᠤᠭᠤᠯᠤᠨ ᠲᠤᠰᠬᠠᠢ ᠰᠡᠳᠤᠪᠲᠤ | ᠰᠤᠳᠤᠯᠠᠨ ᠪᠠᠶᠢᠷᠢᠯᠠᠭᠤᠯᠤᠯᠲᠠ ᠬᠢᠬᠦ ᠶᠢᠨ ᠬᠠᠮᠲᠤ ᠪᠠᠰᠠ ᠰᠤᠷᠤᠯᠴᠠᠯᠭ᠎ᠠ ᠬᠦᠮᠦᠵᠢᠯ ᠢ ᠪᠦᠬᠦ ᠵᠢᠯ ᠤᠨ ᠦᠨᠳᠦᠰᠦᠨ | ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠬᠦᠢᠴᠡᠳᠬᠡᠭᠰᠡᠨ ᠨᠢᠬᠡᠨ ᠴᠢᠬᠤᠯᠠ ᠰᠢᠯᠭᠠᠨ ᠦᠨᠡᠯᠡᠬᠦ ᠠᠭᠤᠯᠭ᠎ᠠ ᠳᠤᠲᠤᠷ᠎ᠠ ᠤᠷᠤᠭᠤᠯᠪᠠ᠃ ︽ | ᠬᠤᠶᠠᠷ ᠢ ᠰᠤᠷᠤᠯᠴᠠᠵᠤ ᠨᠢᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠤᠨ ᠵᠤᠬᠢᠴᠠᠭᠤᠯᠬᠤ ᠳᠤᠭᠤᠶᠢᠯᠠᠩ | ᠪᠤᠯᠤᠨ 10 ᠪᠠᠶᠢᠴᠠᠭᠠᠨ ᠰᠤᠳᠤᠯᠠᠬᠤ ᠵᠢᠭᠠᠨ ᠵᠢᠯᠤᠭᠤᠳᠬᠤ ᠤᠳᠤᠷᠢᠳᠤᠯᠭ᠎ᠠ ᠶᠢᠨ ᠳᠤᠭᠤᠶᠢᠯᠠᠩ ᠢ ᠵᠤᠬᠢᠶᠠᠨ | ᠪᠠᠶᠢᠭᠤᠯᠪᠠ᠂ ᠪᠠᠶᠢᠴᠠᠭᠠᠨ ᠰᠤᠳᠤᠯᠠᠬᠤ ᠵᠢᠭᠠᠨ ᠵᠢᠯᠤᠭᠤᠳᠬᠤ ᠡᠬᠡᠯᠵᠢᠲᠤ ᠬᠤᠷᠠᠯ ᠤᠨ ᠳᠦᠷᠢᠮ ᠢ ᠵᠤᠬᠢᠶᠠᠨ | ᠪᠠᠶᠢᠭᠤᠯᠵᠤ᠂ ᠰᠠᠷ᠎ᠠ ᠪᠦᠷᠢ ᠨᠢᠬᠡ ᠤᠳᠠᠭ᠎ᠠ ᠪᠠᠶᠢᠴᠠᠭᠠᠨ ᠰᠤᠳᠤᠯᠬᠤ ᠵᠢᠭᠠᠨ ᠵᠢᠯᠤᠭᠤᠳᠬᠤ ᠮᠡᠳᠡᠬᠦᠯᠦᠯᠲᠠ ᠢ | ᠰᠤᠨᠤᠰᠤᠨ᠎ᠠ᠃ ᠰᠢᠶᠠᠨ ᠭᠠᠵᠠᠷ ᠤᠨ ᠳᠡᠰ ᠤᠨ ᠺᠠᠳ᠋ᠷ ᠤᠳᠤᠷᠢᠳᠤᠯᠭ᠎ᠠ ᠪᠤᠯᠤᠨ ᠪᠦᠬᠦ ᠬᠤᠰᠢᠭᠤᠨ ᠤ ᠨᠠᠮ ᠤᠨ | ᠬᠡᠰᠢᠬᠦᠳ ᠬᠤᠤᠰ ᠳᠠᠪᠬᠤᠷᠭ᠎ᠠ ᠶᠢᠨ ᠰᠤᠷᠤᠯᠴᠠᠯᠭ᠎ᠠ ᠬᠦᠮᠦᠵᠢᠯ ᠢ ᠬᠡᠷᠡᠭᠵᠢᠬᠦᠯᠬᠦ ᠳᠦᠰᠦᠯ ᠢ ᠲᠤᠭᠲᠠᠭᠠᠪᠠ᠃ | ᠲᠦᠷᠦᠯ ᠬᠤᠪᠢᠶᠠᠨ ᠵᠢᠯᠤᠭᠤᠳᠬᠤ᠂ ᠬᠦᠷᠢᠶ᠎ᠡ ᠬᠡᠪᠴᠢᠶ᠎ᠠ ᠬᠤᠪᠢᠶᠠᠨ ᠳᠦᠯᠬᠢᠨ ᠠᠬᠢᠭᠤᠯᠬᠤ ᠵᠠᠷᠴᠢᠮ ᠢ ᠪᠠᠷᠢᠮᠲᠠᠯᠠᠨ᠂ | ᠪᠦᠬᠦ ᠬᠤᠲᠠ ᠶᠢᠨ ︽1 +10︾ ᠶᠡᠷᠤᠩᠭᠡᠢ ᠪᠠᠶᠢᠷᠢᠯᠠᠭᠤᠯᠤᠯᠲᠠ ᠢ ᠦᠨᠳᠦᠰᠦᠯᠡᠨ᠂ 8 ᠠᠳᠠᠯᠢ ᠪᠤᠰᠤ ᠬᠦᠷᠢᠶ᠎ᠠ | ᠬᠡᠪᠴᠢᠶᠡᠨ ᠤ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠤᠨ ᠤᠳᠤᠷᠢᠳᠤᠨ | ᠵᠢᠯᠤᠭᠤᠳᠬᠤ ᠰᠠᠨᠠᠯ ᠢ ᠲᠠᠷᠬᠠᠨ ᠨᠡᠶᠢᠲᠡᠯᠡᠵᠠᠢ᠃ ᠪᠦᠬᠦ ᠬᠤᠰᠢᠭᠤᠨ ᠤ ᠡᠯ᠎ᠡ ᠳᠡᠰ ᠤᠨ ᠨᠠᠮ ᠤᠨ ᠵᠤᠬᠢᠶᠠᠨ | ᠪᠠᠶᠢᠭᠤᠯᠤᠯᠲᠠ 87 ᠨᠡᠷᠡᠰ ᠬᠠᠷᠢᠯᠴᠠᠭᠴᠢ ᠰᠤᠩᠭᠤᠨ ᠲᠤᠭᠲᠠᠭᠠᠨ᠂ QQ ᠰᠤᠯᠢᠯᠴᠠᠭ᠎ᠠ ᠰᠦᠷᠦᠭ ᠪᠠᠶᠢᠭᠤᠯᠵᠤ᠂ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠪᠠᠶᠢᠭᠤᠯᠤᠯᠲᠠ︾ ᠤᠨ ᠸᠢᠴᠠᠲ ᠳᠡᠪᠴᠡᠩ | ᠨᠡᠪᠲᠡᠷᠡᠬᠦᠯᠵᠤ᠂ ᠪᠦᠬᠦ ᠲᠠᠯ᠎ᠠ ᠪᠠᠷ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠢ | ᠳᠦᠯᠬᠢᠨ ᠠᠬᠢᠭᠤᠯᠪᠠ᠃ | ᠰᠤᠷᠪᠤᠯᠵᠢᠯᠠᠭᠴᠢ᠄ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠭᠤᠤᠯ ᠨᠢ | ᠨᠠᠮ ᠤᠨ ᠳᠦᠷᠢᠮ ᠲᠤᠭᠲᠠᠭᠠᠯ ᠢ ᠰᠤᠷᠤᠯᠴᠠᠬᠤ᠂ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ | ᠶᠢ ᠰᠤᠷᠤᠯᠴᠠᠬᠤ ᠳᠡᠭᠡᠷ᠎ᠡ ᠪᠠᠶᠢᠨ᠎ᠠ᠂ ᠲᠡᠭᠡᠪᠡᠯ ᠨᠠᠮ ᠤᠨ ᠳᠦᠷᠢᠮ ᠲᠤᠭᠲᠠᠭᠠᠯ ᠠᠴᠠ ᠠᠪᠴᠤ ᠬᠡᠯᠡᠪᠡᠯ᠂ ᠲᠠᠨ ᠤ | ᠦᠵᠡᠬᠦ ᠪᠠᠷ ᠪᠢᠳᠡ ᠭᠤᠤᠯ ᠨᠢ ᠶᠠᠭᠤ ᠶᠢ ᠰᠤᠷᠤᠯᠴᠠᠵᠤ ᠪᠤᠢ᠂ ᠶᠠᠭᠠᠬᠢᠵᠤ ᠰᠤᠷᠤᠯᠴᠠᠬᠤ ᠪᠤᠢ︖ | ᠯᠢᠤ ᠶᠦᠩ ᠵᠦᠩ᠄ ︽ᠨᠠᠮ ᠤᠨ ᠳᠦᠷᠢᠮ ᠨᠠᠮ ᠤᠨ ᠲᠤᠭᠲᠠᠭᠠᠯ ᠢ ᠰᠤᠷᠤᠯᠴᠠᠬᠤ︾ ᠶᠢᠨ ᠭᠤᠤᠯ ᠴᠦᠮ᠎ᠡ ᠨᠢ | ᠪᠤᠯ ︽ᠰᠤᠷᠤᠯᠴᠠᠬᠤ︾᠃ ᠨᠠᠮ ᠤᠨ ᠬᠡᠰᠢᠬᠦᠨ ᠨᠢᠬᠡᠪᠤᠷᠢ ᠵᠠᠪᠠᠯ ᠤᠪᠤᠷ ᠢᠶᠠᠨ ᠲᠦᠪ ᠪᠤᠯᠭᠠᠨ᠂ ᠰᠡᠳᠬᠢᠯ ᠢᠶᠠᠨ | ᠲᠦᠪᠯᠡᠷᠡᠬᠦᠯᠦᠨ ᠰᠤᠳᠤᠯᠠᠵᠤ᠂ ᠬᠦᠨᠵᠡᠭᠡᠢ᠂ ᠰᠢᠰᠲ᠋ᠧᠮ ᠲᠠᠢ᠂ ᠪᠦᠬᠦ ᠲᠠᠯ᠎ᠠ ᠪᠠᠷ ᠨᠠᠮ ᠤᠨ ᠳᠦᠷᠢᠮ ᠨᠠᠮ ᠤᠨ | ᠲᠤᠭᠲᠠᠭᠠᠯ ᠢ ᠰᠤᠷᠤᠯᠴᠠᠨ᠎ᠠ᠃ ᠭᠤᠤᠯᠳᠠᠯᠭ᠎ᠠ ᠲᠠᠢ ᠪᠠᠶᠢᠬᠤ ᠬᠡᠷᠡᠭᠲᠠᠢ᠃ ᠨᠠᠮ ᠤᠨ ᠳᠦᠷᠢᠮ ᠢᠶᠠᠷ ᠠᠪᠴᠤ ᠬᠡᠯᠡᠪᠡᠯ᠂ | ᠨᠢᠬᠡ ᠶᠡᠷᠤᠩᠭᠡᠢ ᠬᠦᠲᠦᠯᠪᠤᠷᠢ ᠨᠡᠶᠢᠲᠠ 11 ᠪᠦᠯᠦᠭ᠂ ᠨᠠᠮ ᠤᠨ ᠳᠦᠷᠢᠮ ᠢ ᠰᠠᠶᠢᠳᠤᠷ ᠰᠤᠷᠬᠤ ᠶᠢᠨ ᠵᠠᠩᠭᠢᠯᠭ᠎ᠠ | ᠨᠢ ᠪᠤᠯ ᠨᠠᠮ ᠤᠨ ᠬᠦᠲᠦᠯᠪᠤᠷᠢ ᠶᠢ ᠰᠠᠶᠢᠳᠤᠷ ᠰᠤᠷᠬᠤ᠃ ᠨᠠᠮ ᠤᠨ ᠬᠦᠳᠦᠯᠪᠤᠷᠢ ᠨᠢ ᠨᠠᠮ ᠤᠨ ᠬᠦᠨᠳᠤ ᠴᠢᠬᠤᠯᠠ | ᠠᠰᠠᠭᠤᠳᠠᠯ᠂ ᠵᠢᠱᠢᠶᠡᠯᠡᠪᠡᠯ ᠨᠠᠮ ᠤᠨ ᠰᠢᠨᠵᠢ ᠴᠢᠨᠠᠷ᠂ ᠬᠦᠲᠦᠯᠪᠤᠷᠢ᠂ ᠦᠨᠳᠦᠰᠦᠨ ᠵᠠᠮ ᠱᠤᠭᠤᠮ᠂ ᠵᠤᠷᠢᠯᠲᠠ | ᠵᠡᠷᠭᠡ ᠶᠢ ᠴᠦᠮ ᠪᠦᠬᠦᠨ ᠢ ᠨᠢ ᠲᠤᠳᠤᠷᠬᠠᠢ ᠳᠠᠶᠢᠯᠪᠤᠷᠢᠯᠠᠯᠲᠠ ᠬᠢᠪᠡ᠃ ᠡᠶᠢᠮᠤ ᠠᠴᠠ ᠬᠠᠮᠤᠭ ᠤᠨ ᠲᠡᠷᠢᠬᠦᠨ ᠳᠤ | ᠡᠷᠬᠡᠪᠰᠢ ᠶᠡᠷᠤᠩᠭᠡᠢ ᠬᠦᠳᠦᠯᠪᠤᠷᠢ ᠶᠢ ᠰᠠᠶᠢᠨ ᠰᠤᠷᠬᠤ ᠬᠡᠷᠡᠭᠲᠠᠢ᠂ ᠶᠡᠷᠤᠩᠭᠡᠢ ᠬᠦᠲᠦᠯᠪᠤᠷᠢ ᠶᠢ ᠰᠠᠶᠢᠨ ᠰᠤᠷᠤᠭᠰᠠᠨ | ᠤ ᠰᠠᠭᠤᠷᠢᠨ ᠳᠡᠭᠡᠷ᠎ᠡ ᠨᠠᠮ ᠤᠨ ᠳᠦᠷᠢᠮ ᠳᠤᠮᠳᠠᠬᠢ ᠨᠠᠮ ᠤᠨ ᠺᠠᠳ᠋ᠷ ᠬᠡᠰᠢᠬᠦᠳ ᠤᠨ ᠡᠬᠦᠷᠬᠡ ᠬᠠᠷᠢᠭᠤᠴᠠᠯᠭ᠎ᠠ ᠶᠢ | ᠰᠠᠶᠢᠳᠤᠷ ᠰᠤᠷᠤᠨ᠎ᠠ᠂ ᠡᠬᠦᠷᠬᠡ ᠪᠤᠯᠤᠨ ᠬᠠᠷᠢᠠᠭᠤᠴᠠᠯᠭᠠ ᠨᠢ ᠬᠤᠭᠤᠷᠤᠨᠳᠤ ᠪᠠᠨ ᠬᠠᠷᠢᠯᠴᠠᠨ ᠬᠤᠯᠪᠤᠯᠳᠤᠵᠤ | ᠪᠠᠶᠢᠨ᠎ᠠ᠂ ᠨᠠᠮ ᠤᠨ ᠪᠠᠶᠢᠭᠤᠯᠤᠯᠲᠠ ᠠᠴᠠ ᠠᠪᠴᠤ ᠬᠡᠯᠡᠪᠡᠯ᠂ ᠪᠠᠰᠠ ᠲᠤᠩ ᠤᠯᠠᠨ ᠱᠠᠭᠠᠷᠳᠠᠯᠭ᠎ᠠ ᠲᠠᠢ᠂ | ᠵᠢᠱᠢᠶᠡᠯᠡᠪᠡᠯ ᠨᠠᠮ ᠤᠨ ᠰᠠᠬᠢᠯᠭ᠎ᠠ ᠪᠠᠲᠤ ᠵᠡᠷᠭᠡ᠂ ᠡᠨᠡ ᠪᠤᠯ ᠲᠤᠰ ᠤᠳᠠᠭᠠᠨ ᠤ ︽ᠬᠤᠶᠠᠷ ᠢ ᠰᠤᠷᠤᠯᠴᠠᠵᠤ ᠨᠢᠬᠡ | ᠳᠤ ᠲᠡᠩᠴᠡᠬᠦ︾ ᠳᠤ ᠡᠷᠬᠡᠪᠰᠢ ᠴᠢᠬᠤᠯᠠ ᠰᠤᠷᠤᠯᠴᠠᠪᠠᠰᠤ ᠠᠭᠤᠯᠭ᠎ᠠ ᠮᠦᠨ᠃ ᠨᠠᠮ ᠤᠨ ᠳᠦᠷᠢᠮ ᠢ ᠰᠠᠶᠢᠳᠤᠷ | ᠰᠤᠷᠤᠯᠴᠠᠬᠤ ᠳᠤ ᠪᠠᠰᠠ ᠨᠢᠬᠡ ᠲᠤᠶᠢᠯ ᠤᠨ ᠴᠢᠬᠤᠯᠠ ᠲᠠᠯ᠎ᠠ ᠲᠠᠢ᠂ ᠳᠠᠷᠤᠢ ᠵᠠᠪᠠᠯ ᠤᠨᠤᠯ ᠢ ᠪᠤᠳᠠᠲᠠᠢ ᠲᠠᠢ | ᠬᠠᠷᠢᠯᠴᠠᠨ ᠤᠶᠠᠯᠳᠤᠭᠤᠯᠬᠤ᠂ ᠦᠪᠡᠷ ᠤᠨ ᠲᠤᠰ ᠪᠡᠶᠡᠨ ᠤ ᠪᠤᠳᠠᠲᠠᠢ ᠠᠵᠢᠯ ᠲᠠᠢ ᠪᠠᠨ ᠬᠤᠯᠪᠤᠯᠳᠤᠭᠤᠯᠠᠨ | ᠰᠤᠷᠤᠯᠴᠠᠨ᠂ ᠦᠨᠡᠨ ᠬᠦ ᠵᠢᠩᠭᠢᠨᠢ ᠰᠤᠷᠴᠤ ᠵᠢᠩᠭᠢᠨᠢ ᠤᠶᠢᠯᠠᠭᠠᠵᠤ ᠵᠢᠩᠭᠢᠨᠢ ᠢᠲᠡᠭᠡᠵᠤ ᠵᠢᠩᠭᠢᠨᠢ ᠬᠡᠷᠡᠭᠯᠡᠬᠦ ᠶᠢ ᠬᠢᠵᠤ | ᠴᠢᠳᠠᠨ᠎ᠠ᠃ | ᠰᠤᠷᠪᠤᠯᠵᠢᠯᠠᠭᠴᠢ᠄ ᠲᠠᠨ ᠤ ᠦᠵᠡᠬᠦ ᠪᠠᠷ ᠨᠠᠮ ᠤᠨ ᠳᠦᠷᠢᠮ᠂ ᠨᠠᠮ ᠤᠨ ᠲᠤᠭᠲᠠᠭᠠᠯ᠂ ᠰᠢᠷᠢᠰ ᠴᠢᠬᠤᠯᠠ ᠶᠠᠷᠢᠶᠠᠨ | ᠤ ᠳᠤᠬᠠᠢ ᠶᠠᠮᠠᠷᠬᠤ ᠰᠤᠷᠤᠯᠴᠠᠬᠤ ᠠᠷᠭ᠎ᠠ ᠮᠠᠶ᠋ᠢᠭ ᠢ ᠠᠪᠤᠪᠠᠯ᠂ ᠤᠯᠠᠨ ᠤ ᠢᠳᠡᠪᠬᠢᠲᠤ ᠴᠢᠨᠠᠷ ᠢ ᠳᠡᠭᠡᠭᠰᠢᠯᠡᠬᠦᠯᠬᠦ | ᠪᠤᠢ︖ | ᠯᠢᠤ ᠶᠦᠩ ᠵᠦᠩ᠄ ᠤᠯᠠᠨ ᠤ ᠰᠤᠷᠤᠯᠴᠠᠬᠤ ᠢᠳᠡᠪᠬᠢᠵᠢᠯ ᠤᠨ ᠰᠢᠨᠵᠢ ᠶᠢ ᠳᠡᠭᠡᠭᠰᠢᠯᠡᠬᠦᠯᠬᠦ ᠶᠢᠨ ᠵᠠᠩᠭᠢᠯᠭ᠎ᠠ ᠨᠢ | ᠪᠤᠯ ᠪᠤᠳᠠᠲᠠᠢ ᠪᠠᠶᠢᠳᠠᠯ ᠳᠤᠨᠢ ᠳᠤᠬᠢᠷᠠᠭᠤᠯᠤᠨ᠂ ᠰᠤᠷᠤᠯᠴᠠᠬᠤ ᠠᠷᠭ᠎ᠠ ᠬᠡᠯᠪᠡᠷᠢ ᠶᠢ ᠦᠬᠡᠷᠡᠴᠢᠯᠡᠨ ᠰᠢᠨᠡᠳᠬᠡᠨ᠎ᠡ᠃ | ᠵᠢᠱᠢᠶᠡᠯᠡᠪᠡᠯ ᠮᠠᠨ ᠤ ᠬᠤᠰᠢᠭᠤᠨ ᠤ ᠡᠯ᠎ᠡ ᠳᠡᠰ ᠤᠨ ᠨᠠᠮ ᠤᠨ ᠺᠠᠳ᠋ᠷ ᠬᠡᠰᠢᠬᠦᠳ ᠤᠯᠠᠩᠭᠢ ᠲᠤᠭᠠᠨ ᠤ ᠬᠢᠨᠢ | ᠦᠨᠳᠦᠰᠦᠨ ᠱᠠᠲᠤᠨ ᠤ ᠨᠢᠭᠡᠳᠤᠬᠡᠷ ᠹᠷᠤᠨᠲ ᠲᠤ ᠠᠵᠢᠯᠯᠠᠵᠤ ᠪᠠᠶᠢᠬᠤ ᠡᠨᠡᠬᠦ ᠪᠤᠳᠠᠲᠤ ᠪᠠᠶᠢᠳᠠᠯ ᠳᠤ ᠬᠠᠨᠳᠤᠭᠤᠯᠤᠨ᠂ | ᠰᠤᠷᠤᠯᠴᠠᠬᠤ ᠠᠷᠭ᠎ᠠ ᠬᠡᠯᠪᠡᠷᠢ ᠪᠤᠯᠤᠨ ᠰᠤᠷᠤᠯᠴᠠᠬᠤ ᠠᠭᠤᠯᠭ᠎ᠠ ᠪᠠᠨ ᠰᠢᠨᠡᠳᠬᠡᠨ ᠦᠬᠡᠷᠡᠴᠢᠯᠡᠨ᠎ᠡ᠃ ᠡᠯ᠎ᠡ | ᠪᠠᠶᠢᠭᠤᠯᠭ᠎ᠠ ᠶᠢᠨ ᠨᠠᠮ ᠤᠨ ᠡᠬᠦᠷ ᠪᠤᠯᠤᠨ ᠳᠠᠭᠠᠭᠠᠴᠢᠯᠠᠨ ᠳᠡᠳᠬᠦᠬᠦ ᠲᠤᠰᠬᠤᠨ ᠤ ᠨᠠᠮ ᠤᠨ ᠡᠬᠦᠷ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠵᠤ᠂ ᠰᠠᠷ᠎ᠠ ᠪᠦᠷᠢ ᠳᠤ ᠨᠢᠬᠡ ᠤᠳᠠᠭᠠᠨ ᠤ ᠰᠤᠷᠤᠯᠴᠠᠯᠭ᠎ᠠ ᠬᠦᠮᠦᠵᠢᠯ ᠤᠨ ᠰᠠᠭᠤᠳᠠᠯ | ᠤᠨ ᠬᠤᠷᠠᠯ ᠤᠨ ᠲᠤᠭᠲᠠᠭᠠᠯ ᠢ ᠪᠠᠶᠢᠭᠤᠯᠵᠤ᠂ ᠰᠤᠷᠤᠯᠴᠠᠯᠭ᠎ᠠ ᠬᠦᠮᠦᠵᠢᠯ ᠤᠨ ᠬᠤᠷᠠᠯ ᠢ ᠠᠵᠢᠯ ᠤᠨ ᠲᠤᠬᠠᠢ ᠶᠢᠨ | ᠲᠠᠯᠠᠪᠤᠷ ᠪᠤᠯᠤᠨ ᠤᠯᠠᠨ ᠤ ᠳᠤᠮᠳᠠ ᠠᠪᠴᠢᠷᠠᠪᠠ᠂ ᠡᠨᠡ ᠨᠢ ᠤᠯᠠᠨ ᠤ ᠰᠤᠷᠤᠯᠴᠠᠬᠤ ᠢᠳᠡᠪᠬᠢᠵᠡᠯ ᠢ ᠳᠠᠶᠢᠴᠢᠯᠠᠨ | ᠨᠡᠮᠡᠭᠳᠡᠬᠦᠯᠦᠭᠰᠡᠨ ᠪᠠᠷ ᠪᠠᠷᠠᠬᠤ ᠦᠬᠡᠢ ᠪᠠᠰᠠ ᠰᠤᠷᠤᠯᠴᠠᠬᠤ ᠦᠷ᠎ᠡ ᠪᠦᠲᠦᠮᠵᠢ ᠶᠢ ᠪᠠᠲᠤᠯᠠᠨ ᠪᠤᠳᠠᠲᠠᠢ ᠠᠵᠢᠯ ᠢ | ᠳᠦᠯᠬᠢᠨ ᠠᠬᠢᠭᠤᠯᠵᠠᠢ᠃ ᠪᠢᠳᠡ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠮᠡᠳᠡᠯᠬᠡ ᠶᠢᠨ ᠤᠷᠤᠯᠳᠤᠭᠠᠨ | ᠶᠠᠪᠤᠭᠳᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠠᠮ ᠤᠨ ᠬᠡᠰᠢᠬᠦᠳ ᠤᠨ ᠰᠤᠷᠤᠯᠴᠠᠬᠤ ᠳᠤ ᠤᠷᠤᠯᠴᠠᠬᠤ | ᠬᠠᠯᠠᠭᠤᠨ ᠰᠡᠳᠬᠢᠯᠡᠭᠡ ᠶᠢ ᠪᠠᠳᠠᠷᠠᠭᠤᠯᠵᠤ ᠰᠤᠷᠤᠯᠴᠠᠬᠤ ᠦᠷ᠎ᠡ ᠪᠦᠲᠦᠮᠵᠢ ᠶᠢ ᠴᠢᠩᠭᠠᠳᠬᠠᠵᠠᠢ᠃ | ᠰᠤᠷᠪᠤᠯᠵᠢᠯᠠᠭᠴᠢ᠄ ᠮᠠᠨ ᠤ ᠬᠤᠰᠢᠭᠤᠨ ᠠᠴᠠ ︽ᠬᠠᠷᠮᠠᠨ︾ ᠨᠠᠮ ᠤᠨ ᠬᠡᠰᠢᠬᠦᠨ᠂ ︽ᠬᠤᠯᠪᠤᠭ᠎ᠠ ᠳᠠᠰᠤᠷᠠᠭᠰᠠᠨ︾ | ᠨᠠᠮ ᠤᠨ ᠬᠡᠰᠢᠬᠦᠨ ᠪᠤᠯᠤᠨ ᠨᠡᠬᠦᠳᠡᠯ ᠤᠨ ᠨᠠᠮ ᠤᠨ ᠬᠡᠰᠢᠬᠦᠨ᠂ ᠠᠵᠢᠯ ᠠᠴᠠ ᠪᠠᠨ ᠠᠮᠠᠷᠠᠭᠰᠠᠨ ᠨᠠᠮ ᠤᠨ | ᠬᠡᠰᠢᠬᠦᠨ ᠵᠡᠷᠭᠡ ᠬᠠᠮᠲᠤᠯᠢᠭ ᠲᠤ, ᠶᠠᠮᠠᠷᠬᠤ ᠠᠷᠭ᠎ᠠ ᠬᠡᠯᠪᠡᠷᠢ ᠠᠪᠴᠤ ︽ᠬᠤᠶᠠᠷ ᠢ ᠰᠤᠷᠤᠯᠴᠠᠵᠤ ᠨᠢᠬᠡ ᠳᠤ | ᠲᠡᠩᠴᠡᠬᠦ︾ ᠰᠤᠷᠤᠯᠴᠠᠯᠭ᠎ᠠ ᠬᠦᠮᠦᠵᠢᠯ ᠢᠶᠠᠨ ᠦᠷᠨᠢᠬᠦᠯᠦᠭᠰᠡᠨ ᠪᠤᠢ︖ | ᠯᠢᠤ ᠶᠦᠩ ᠵᠦᠩ᠄ ᠰᠤᠷᠤᠯᠴᠠᠬᠤ ᠳᠤ ᠤᠷᠤᠯᠴᠠᠬᠤ ᠨᠤᠷᠮ᠎ᠠ ᠶᠢ ᠪᠠᠲᠤᠯᠠᠬᠤ ᠶᠢᠨ ᠲᠦᠯᠦᠬᠡ᠂ ᠮᠠᠨ ᠤ ᠬᠤᠰᠢᠭᠤ | ᠨᠠᠮ ᠤᠨ ᠬᠡᠰᠢᠬᠦᠳ ᠤᠨ ᠪᠠᠶᠢᠳᠠᠯ ᠢ ᠤᠶᠢᠯᠠᠭᠠᠵᠤ ᠬᠢᠨᠠᠨ ᠪᠠᠶᠢᠴᠠᠭᠠᠯᠲᠠ ᠬᠢᠪᠡ᠂ ᠨᠡᠶᠢᠲᠠ 22 ᠨᠡᠷᠡᠰ ︽ᠬᠠᠷᠮᠠᠨ︾ | ᠨᠠᠮ ᠤᠨ ᠬᠡᠰᠢᠬᠦᠨ᠂ 43 ᠨᠡᠷᠡᠰ ︽ᠬᠤᠯᠪᠤᠭ᠎ᠠ ᠳᠠᠰᠤᠷᠠᠭᠰᠠᠨ︾ ᠨᠠᠮ ᠤᠨ ᠬᠡᠰᠢᠬᠦᠳ ᠢ ᠪᠠᠶᠢᠴᠠᠭᠠᠨ ᠤᠯᠵᠠᠢ᠂ | ᠴᠠᠭ ᠳᠤᠬᠠᠢ ᠳᠤᠨᠢ ︽ᠬᠠᠷᠮᠠᠨ︾ ᠨᠠᠮ ᠤᠨ ᠬᠡᠰᠢᠬᠦᠳ ᠢ ᠬᠠᠷᠢᠶᠠᠯᠠᠬᠤ ᠬᠠᠷᠢᠴᠠᠭ᠎ᠠ ᠶᠢ ᠨᠢ ᠦᠨᠳᠦᠰᠦᠯᠡᠨ | ᠬᠠᠷᠢᠶᠠᠯᠠᠭᠳᠠᠵᠤ ᠪᠠᠶᠢᠬᠤ ᠨᠠᠮ ᠤᠨ ᠪᠠᠶᠢᠭᠤᠯᠤᠯᠲᠠ ᠳᠤᠨᠢ ᠤᠷᠤᠭᠤᠯᠤᠨ ᠰᠤᠷᠤᠯᠴᠠᠯᠭ᠎ᠠ ᠬᠦᠮᠦᠵᠢᠯ ᠳᠤ | ᠤᠷᠤᠯᠴᠠᠭᠤᠯᠪᠠ᠃ ︽ᠬᠤᠯᠪᠤᠭ᠎ᠠ ᠳᠠᠰᠤᠷᠠᠭᠰᠠᠨ︾ ᠨᠠᠮ ᠤᠨ ᠬᠡᠰᠢᠬᠦᠳ ᠢ ᠮᠠᠨᠤᠰ ᠶᠠᠭ ᠪᠠᠶᠢᠳᠠᠯ ᠢ ᠤᠶᠢᠯᠠᠭᠠᠵᠤ | ᠬᠢᠨᠠᠨ ᠪᠠᠶᠢᠴᠠᠭᠠᠨ ᠡᠷᠢᠵᠤ ᠪᠠᠶᠢᠨ᠎ᠠ᠂ ᠵᠠᠷᠢᠮ ᠤᠯᠠᠨ ᠠᠷᠭ᠎ᠠ ᠵᠠᠮ ᠢᠶᠠᠷ ᠡᠷᠢᠬᠡᠳ ᠡᠷᠢᠵᠤ ᠤᠯᠤᠭᠰᠠᠨ ᠦᠬᠡᠢ᠂ | ᠬᠠᠷᠢᠴᠠᠭ᠎ᠠ ᠠᠪᠴᠤ ᠴᠢᠳᠠᠭᠰᠠᠨ ᠦᠬᠡᠢ ᠨᠠᠮ ᠤᠨ ᠬᠡᠰᠢᠬᠦᠳ ᠢ ᠳᠠᠷᠠᠭᠠᠴᠢ ᠶᠢᠨ ᠠᠯᠬᠤᠮ ᠳᠤ ᠨᠠᠮ ᠤᠨ ᠳᠦᠷᠢᠮ | ᠪᠤᠯᠤᠨ ᠨᠠᠮ ᠤᠨ ᠲᠤᠭᠲᠠᠭᠠᠯ ᠤᠨ ᠬᠠᠮᠢᠶ᠎ᠠ ᠪᠦᠬᠦᠢ ᠲᠤᠭᠲᠠᠭᠠᠯ ᠶᠤᠰᠤᠭᠠᠷ ᠰᠢᠢᠳᠬᠡᠯ ᠦᠭᠬᠦᠨ᠎ᠡ᠂ ᠨᠡᠬᠦᠳᠡᠯ ᠨᠠᠮ | ᠤᠨ ᠬᠡᠰᠢᠬᠦᠳ ᠢ ᠰᠢᠯᠵᠢᠵᠤ ᠤᠷᠤᠭᠰᠠᠨ ᠭᠠᠵᠠᠷ ᠤᠨ ᠨᠠᠮ ᠤᠨ ᠵᠤᠬᠢᠶᠠᠨ ᠪᠠᠶᠢᠭᠤᠯᠤᠯᠲᠠ ᠵᠤᠬᠢᠶᠠᠨ ᠪᠠᠶᠢᠭᠤᠯᠵᠤ | ᠰᠤᠷᠤᠯᠴᠠᠯᠭ᠎ᠠ ᠬᠦᠮᠦᠵᠢᠯ ᠬᠢᠨ᠎ᠠ᠂ ᠠᠵᠢᠯ ᠠᠴᠠ ᠪᠠᠨ ᠠᠮᠠᠷᠠᠭᠰᠠᠨ ᠨᠠᠮ ᠤᠨ ᠬᠡᠰᠢᠬᠦᠳ ᠢ ᠠᠬᠠᠮᠠᠳ ᠺᠠᠳ᠋ᠷ ᠤᠨ | ᠲᠤᠪᠴᠢᠶᠠᠨ ᠠᠴᠠ ᠵᠤᠬᠢᠶᠠᠨ ᠪᠠᠶᠢᠭᠤᠯᠤᠨ ᠰᠤᠷᠤᠯᠴᠠᠯᠭ᠎ᠠ ᠬᠦᠮᠦᠵᠢᠯ ᠬᠢᠨ᠎ᠠ᠃ | ᠰᠤᠷᠪᠤᠯᠵᠢᠯᠠᠭᠴᠢ᠄ ᠲᠤᠰ ᠤᠳᠠᠭᠠᠨ ᠤ ᠰᠤᠷᠤᠯᠴᠠᠯᠭ᠎ᠠ ᠬᠦᠮᠦᠵᠢᠯ ᠨᠢ ᠨᠠᠮ ᠤᠨ ᠤᠳᠤᠷᠢᠳᠤᠯᠭ᠎ᠠ ᠨᠠᠷ ᠢ ᠤᠷᠢᠳ | ᠢᠶᠠᠷ ᠡᠬᠢᠯᠡᠨ ᠰᠤᠷᠴᠤ ᠲᠦᠷᠦᠬᠦᠯᠡᠨ ᠦᠯᠢᠭᠡᠷ ᠳᠠᠭᠤᠷᠢᠶᠠᠯ ᠪᠤᠯᠬᠤ ᠬᠡᠷᠡᠭᠲᠠᠢ ᠬᠡᠵᠤ ᠱᠠᠭᠠᠷᠳᠠᠪᠠ᠂ ᠮᠠᠨ ᠤ | ᠬᠤᠰᠢᠭᠤᠨ ᠤ ᠡᠯ᠎ᠡ ᠳᠡᠰ ᠤᠨ ᠤᠳᠤᠷᠢᠳᠤᠯᠭ᠎ᠠ ᠨᠠᠷ ᠬᠡᠷᠬᠢᠨ ᠲᠤᠯᠤᠭᠠᠶᠢᠯᠠᠭᠴᠢ ᠪᠤᠯᠬᠤ ᠤᠶᠢᠯᠡᠳᠤᠯ ᠢᠶᠠᠨ | ᠪᠠᠳᠠᠷᠠᠭᠤᠯᠤᠭᠰᠠᠨ ᠪᠤᠢ︖ | ᠯᠢᠤ ᠶᠦᠩ ᠵᠦᠩ᠄ ᠪᠦᠬᠦ ᠬᠤᠰᠢᠭᠤᠨ ᠤ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ | ᠬᠦᠮᠦᠵᠢᠯ ᠡᠬᠢᠯᠡᠨ ᠬᠢᠭᠰᠡᠨ ᠤ ᠰᠡᠬᠦᠯᠡᠷ᠂ ᠮᠠᠨ ᠤ ᠬᠤᠰᠢᠭᠤ ᠢᠮᠠᠭᠲᠠ ᠤᠳᠤᠷᠢᠳᠤᠯᠭ᠎ᠠ ᠪᠠᠷ ᠲᠤᠯᠤᠭᠠᠶᠢᠯᠠᠬᠤ ᠶᠢ | ᠪᠠᠷᠢᠮᠲᠠᠯᠠᠨ᠂ ᠳᠡᠭᠡᠷ᠎ᠡ ᠱᠠᠲᠤ ᠨᠢ ᠲᠤᠤᠷ᠎ᠠ ᠱᠠᠲᠤ ᠪᠠᠨ ᠳᠠᠭᠠᠭᠤᠯᠤᠨ᠂ ᠨᠢᠬᠡ ᠳᠡᠰ ᠨᠢ ᠨᠢᠬᠡ ᠲᠡᠰ ᠲᠤ ᠪᠠᠨ | ᠲᠠᠭᠤᠷᠢᠶᠠᠯ ᠪᠤᠯᠵᠤ᠂ ᠨᠠᠮ ᠤᠨ ᠤᠳᠤᠷᠢᠳᠤᠯᠭ᠎ᠠ ᠶᠢᠨ ᠦᠯᠢᠭᠡᠷ ᠲᠠᠭᠤᠷᠢᠶᠠᠯ ᠪᠤᠯᠵᠤ ᠲᠤᠯᠤᠭᠠᠶᠢᠯᠠᠬᠤ ᠤᠶᠢᠯᠡᠳᠤᠯ ᠢ | ᠬᠦᠢᠴᠡᠳ ᠪᠠᠳᠠᠷᠠᠭᠤᠯᠵᠤ᠂ ᠰᠤᠷᠤᠯᠴᠠᠯᠭ᠎ᠠ ᠬᠦᠮᠦᠵᠢᠯ ᠤᠨ ᠤᠷᠤᠭᠰᠢᠲᠠᠢ ᠶᠠᠪᠤᠭᠳᠠᠬᠤ ᠶᠢ ᠳᠦᠯᠬᠢᠨ ᠠᠬᠢᠭᠤᠯᠵᠠᠢ᠃ | ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠬᠡᠰᠢᠬᠦᠨ ᠪᠤᠯᠤᠨ ᠪᠤᠰᠤᠳ ᠬᠤᠰᠢᠭᠤᠨ ᠤ ᠳᠡᠰ ᠤᠨ | ᠤᠳᠤᠷᠢᠳᠤᠯᠭ᠎ᠠ ᠨᠠᠷ ᠡᠩ ᠤᠨ ᠨᠠᠮ ᠤᠨ ᠬᠡᠰᠢᠬᠦᠳ ᠤᠨ ᠪᠡᠶ᠎ᠡ ᠶᠢᠨ ᠭᠠᠷᠤᠯ ᠢᠶᠠᠷ ᠦᠪᠡᠷ ᠤᠨ ᠪᠠᠶᠢᠭ᠎ᠠ ᠨᠠᠮ ᠤᠨ | ᠡᠬᠦᠷ ᠪᠤᠯᠤᠨ ᠬᠠᠷᠢᠯᠴᠠᠵᠤ ᠪᠠᠶᠢᠭ᠎ᠠ ᠭᠠᠴᠤᠭᠠ ᠲᠤᠰᠬᠤᠨ ᠤ ᠨᠠᠮ ᠤᠨ ᠡᠬᠦᠷ ᠲᠤ ᠴᠤᠭᠯᠠᠷᠠᠨ ᠰᠤᠷᠤᠯᠴᠠᠯᠭ᠎ᠠ ᠶᠢᠨ | ᠬᠤᠷᠠᠯ ᠳᠤ ᠤᠷᠤᠯᠴᠠᠵᠤ᠂ ᠲᠤᠯᠤᠭᠠᠶᠢᠯᠠᠨ ᠨᠠᠮ ᠤᠨ ᠬᠡᠰᠢᠬᠦᠳ ᠲᠠᠢ ᠬᠠᠷᠢᠯᠴᠠᠨ ᠰᠤᠷᠤᠯᠴᠠᠵᠤ᠂ ᠰᠤᠷᠤᠯᠴᠠᠯᠭ᠎ᠠ | ᠬᠦᠮᠦᠵᠢᠯ ᠤᠨ ᠵᠢᠯᠤᠭᠤᠳᠤᠯᠭ᠎ᠠ ᠶᠢ ᠦᠷᠨᠢᠬᠦᠯᠪᠠ᠃ ᠲᠤᠰᠬᠤᠨ ᠳᠤ ᠰᠠᠭᠤᠵᠤ ᠠᠵᠢᠯᠯᠠᠬᠤ ᠱᠦᠵᠢ ᠤᠳᠤᠷᠢᠳᠤᠨ | ᠳᠠᠭᠠᠭᠤᠯᠬᠤ ᠤᠶᠢᠯᠡᠳᠤᠯ ᠢᠶᠠᠨ ᠬᠦᠢᠴᠡᠳ ᠪᠠᠳᠠᠷᠠᠭᠤᠯᠤᠨ᠂ ︽ᠰᠤᠷᠬᠤ︾ ᠪᠤᠯᠤᠨ ︽ᠬᠢᠬᠦ︾ ᠶᠢᠨ ᠳᠤᠮᠲᠠ | ᠲᠤᠯᠤᠭᠠᠶᠢᠯᠠᠬᠤ ᠤᠶᠢᠯᠡᠳᠤᠯ ᠦᠵᠡᠬᠦᠯᠵᠤ ᠭᠠᠴᠤᠭᠠ ᠲᠤᠰᠬᠤᠨ ᠤ ᠰᠤᠷᠤᠯᠴᠠᠯᠭ᠎ᠠ ᠬᠦᠮᠦᠵᠢᠯ ᠢ ᠦᠷ᠎ᠠ ᠪᠦᠲᠦᠮᠵᠢ | ᠲᠠᠢ ᠪᠠᠷ ᠳᠠᠲᠠᠨ ᠬᠦᠳᠡᠯᠬᠡᠪᠡ᠃ ᠪᠠᠶᠢᠭᠤᠯᠭ᠎ᠠ ᠶᠢᠨ ᠨᠠᠮ ᠤᠨ ᠬᠡᠰᠢᠬᠦᠳ ᠪᠤᠯᠤᠨ ᠨᠠᠮ ᠤᠨ ᠬᠡᠰᠢᠬᠦᠨ ᠪᠢᠰᠢ | ᠤᠳᠤᠷᠢᠳᠤᠯᠭ᠎ᠠ ᠠᠵᠢᠯᠲᠠᠨ ᠨᠠᠷ ᠬᠠᠨᠷᠢᠯᠴᠠᠨ ᠬᠠᠪᠰᠤᠷᠤᠨ ᠰᠤᠷᠤᠯᠴᠠᠬᠤ ᠲᠤᠭᠲᠠᠴᠠ ᠢ ᠪᠠᠶᠢᠭᠤᠯᠵᠤ ᠬᠦᠮᠦᠨ | ᠪᠦᠬᠦᠨ ᠰᠤᠷᠭᠠᠨ ᠬᠦᠮᠦᠵᠢᠯ ᠬᠦᠷᠲᠡᠵᠤ ᠳᠡᠶᠢᠯᠬᠦ᠂ ᠪᠦᠬᠦᠳᠡᠭᠡᠷ ᠢᠶᠠᠨ ᠳᠡᠭᠡᠭᠰᠢᠯᠡᠯᠲᠡ ᠲᠠᠢ ᠪᠠᠶᠢᠬᠤ ᠶᠢ | ᠪᠡᠶᠡᠯᠡᠬᠦᠯᠦᠨ᠎ᠠ᠃ | ᠰᠤᠷᠪᠤᠯᠵᠢᠯᠠᠭᠴᠢ᠄ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦ︾ ᠰᠤᠷᠤᠯᠴᠠᠯᠭ᠎ᠠ ᠬᠦᠮᠦᠵᠢᠯ ᠢ ᠦᠷᠨᠢᠬᠦᠯᠬᠦ | ᠶᠢᠨ ᠰᠠᠭᠤᠷᠢ ᠨᠢ ᠰᠤᠷᠬᠤ ᠳᠡᠭᠡᠷ᠎ᠡ᠂ ᠵᠠᠩᠭᠢᠯᠠᠭ᠎ᠠ ᠨᠢ ᠬᠢᠬᠦ ᠳᠡᠭᠡᠷ᠎ᠡ ᠪᠠᠶᠢᠨ᠎ᠠ᠃ ᠲᠡᠭᠡᠪᠡᠯ ᠮᠠᠨ ᠤ ᠬᠤᠰᠢᠭᠤ ᠬᠢᠷᠢ | ᠲᠡᠩᠴᠡᠭᠰᠡᠨ ᠨᠠᠮ ᠤᠨ ᠬᠡᠰᠢᠬᠦᠨ ᠪᠤᠯᠬᠤ ᠲᠠᠯ᠎ᠠ ᠪᠠᠷ ᠨᠠᠮ ᠤᠨ ᠬᠡᠰᠢᠬᠦᠳ ᠳᠤ ᠶᠠᠮᠠᠷ ᠱᠠᠭᠠᠷᠳᠠᠯᠭ᠎ᠠ ᠪᠠᠶᠢᠬᠤ ᠪᠤᠢ︖ | | ᠯᠢᠤ ᠶᠦᠩ ᠵᠦᠩ᠄ ᠬᠢᠷᠬᠢᠨ ᠨᠢᠬᠡᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠬᠦᠨ ᠪᠤᠯᠬᠤ ᠶᠢ ᠲᠦᠪ | ᠬᠤᠷᠢᠶᠠᠨ ᠠᠴᠠ ᠲᠤᠳᠤᠷᠬᠠᠢ ᠱᠠᠭᠠᠷᠳᠠᠯᠭ᠎ᠠ ᠲᠠᠢ᠂ ᠳᠠᠷᠤᠢ ᠤᠯᠤᠰ ᠲᠦᠷᠤ ᠶᠢ ᠡᠷᠬᠢᠮᠯᠡᠬᠦ᠂ ᠢᠲᠡᠭᠡᠯ ᠵᠤᠷᠢᠭ ᠲᠠᠢ᠂ | ᠶᠤᠰᠤ ᠵᠢᠷᠤᠮ ᠢ ᠡᠷᠬᠢᠮᠯᠡᠳᠡᠭ᠂ ᠮᠤᠷᠠᠯ ᠲᠠᠢ᠂ ᠬᠡᠪ ᠰᠤᠷᠲᠠᠯ ᠲᠠᠢ᠂ ᠭᠤᠶᠠᠴᠢ ᠦᠬᠡᠢ ᠵᠢᠳᠬᠦᠬᠦ ᠤᠶᠢᠯᠡᠳᠤᠯᠭᠡ ᠲᠠᠢ | ᠶᠢ ᠬᠡᠯᠡᠵᠤ ᠪᠠᠶᠢᠨ᠎ᠠ᠃ | ᠬᠠᠮᠤᠭ ᠤᠨ ᠲᠡᠷᠢᠬᠦᠨ ᠳᠤ ᠤᠯᠤᠰ ᠲᠦᠷᠤ ᠶᠢ ᠡᠷᠬᠢᠮᠯᠡᠵᠤ᠂ ᠢᠲᠡᠭᠡᠯ ᠵᠤᠷᠢᠭ ᠲᠠᠢ᠂ ᠵᠠᠪᠠᠯ ᠤᠯᠤᠰ ᠲᠦᠷᠤ ᠶᠢᠨ | ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠲᠠᠢ ᠤᠬᠠᠮᠰᠠᠷ ᠪᠠᠶᠢᠬᠤ ᠬᠡᠷᠡᠭᠲᠠᠢ᠃ | ᠡᠨᠡ ᠨᠢ ᠲᠤᠶᠢᠯ ᠤᠨ ᠬᠡᠶᠢᠰᠪᠤᠷᠢ ᠬᠡᠵᠤ ᠰᠠᠨᠠᠳᠠᠭ᠂ ᠦᠨᠡᠨ ᠳᠤ ᠪᠠᠨ ᠲᠡᠷᠡ ᠨᠢ ᠲᠤᠶᠢᠯ ᠤᠨ ᠪᠤᠳᠠᠲᠠᠢ᠂ ᠤᠯᠤᠰ | ᠲᠦᠷᠤ ᠶᠢᠨ ᠢᠲᠡᠭᠡᠯ ᠭᠡᠳᠡᠭ ᠨᠢ ᠪᠤᠯ ᠳᠠᠷᠤᠢ ᠪᠢᠳᠡᠨ ᠤ ᠰᠦᠰᠦᠭ ᠪᠢᠰᠢᠷᠡᠯ ᠮᠦᠨ᠂ ᠨᠢᠬᠡ ᠬᠦᠮᠦᠨ ᠬᠡᠷᠪᠡ | ᠰᠦᠰᠦᠭ ᠪᠢᠰᠢᠷᠡᠯ ᠪᠠᠶᠢᠬᠤ ᠦᠬᠡᠢ ᠪᠤᠯ ᠤᠴᠢᠷ ᠪᠦᠲᠦᠬᠡᠵᠤ ᠴᠢᠳᠠᠬᠤ ᠦᠬᠡᠢ᠂ ᠡᠶᠢᠮᠤ ᠠᠴᠠ ᠤᠯᠤᠰ ᠲᠦᠷᠤ ᠶᠢᠨ | ᠰᠦᠰᠦᠭ ᠪᠢᠰᠢᠷᠡᠯ ᠲᠤᠩ ᠴᠢᠬᠤᠯᠠ᠃ | ᠳᠠᠷᠠᠭ᠎ᠠ ᠨᠢ ᠪᠤᠯ ᠶᠤᠰᠤ ᠵᠢᠷᠤᠮ ᠢ ᠡᠷᠬᠢᠮᠯᠡᠵᠤ᠂ ᠰᠠᠬᠢᠯᠭ᠎ᠠ ᠪᠠᠲᠤ ᠲᠠᠢ᠂ ᠪᠢᠳᠡ ᠡᠷᠬᠡᠪᠰᠢ ᠨᠠᠮ ᠤᠨ ᠱᠠᠭᠠᠷᠳᠠᠯᠭ᠎ᠠ | ᠶᠢ ᠦᠨᠳᠦᠰᠦᠯᠡᠨ᠂ ᠨᠠᠮ ᠤᠨ ᠰᠤᠶᠢᠳᠭᠡᠯ ᠢ ᠳᠤᠰᠢᠶᠠᠵᠤ᠂ ᠨᠠᠮ ᠤᠨ ᠤᠨᠤᠯ ᠤᠨ ᠰᠤᠷᠤᠯᠴᠠᠯᠭ᠎ᠠ ᠳᠤ ᠤᠷᠤᠯᠴᠠᠨ᠎ᠠ | ᠂ ᠬᠡᠷᠪᠡ ᠨᠢᠬᠡᠨ ᠡᠪ ᠬᠠᠮᠲᠤ ᠨᠠᠮ ᠤᠨ ᠭᠡᠰᠢᠬᠦᠨ ᠬᠠᠮᠤᠭ ᠨᠠᠭᠠᠲᠤ ᠵᠠᠬ᠎ᠠ ᠶᠢᠨ ᠵᠤᠬᠢᠶᠠᠨ ᠪᠠᠶᠢᠭᠤᠯᠤᠯᠲᠠ ᠶᠢᠨ ᠶᠤᠰᠤ | ᠵᠢᠷᠤᠮ ᠢ ᠬᠦᠷᠲᠡᠯ᠎ᠡ ᠰᠠᠬᠢᠨ ᠵᠢᠷᠤᠮᠯᠠᠬᠤ ᠦᠬᠡᠢ ᠪᠤᠯ᠂ ᠨᠢᠬᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠤᠨ᠎ᠠ | ᠬᠡᠰᠡᠨ ᠢ ᠶᠠᠭᠠᠬᠢᠵᠤ ᠶᠠᠷᠢᠬᠤ ᠪᠤᠢ︖ | ᠭᠤᠷᠪᠠᠳᠤᠭᠠᠷ ᠨᠢ ᠪᠤᠯ ᠮᠤᠷᠠᠯ ᠲᠠᠢ᠂ ᠬᠡᠪ ᠰᠤᠷᠲᠠᠯ ᠲᠠᠢ᠂ ᠨᠢᠬᠡ ᠬᠢᠷᠢ ᠲᠡᠩᠴᠡᠭᠰᠡᠨ ᠨᠠᠮ ᠤᠨ ᠬᠡᠰᠢᠬᠦᠨ | ᠡᠷᠬᠡᠪᠰᠢ ᠨᠠᠮᠴᠢ ᠴᠢᠨᠠᠷ ᠤᠨ ᠪᠤᠯᠪᠠᠰᠤᠷᠠᠯ ᠢᠶᠠᠨ ᠴᠢᠩᠭᠠᠳᠬᠠᠨ᠂ ᠨᠢᠬᠡᠨ ᠮᠤᠷᠠᠯ ᠲᠠᠢ᠂ ᠬᠡᠪ ᠰᠤᠷᠲᠠᠯ ᠲᠠᠢ ᠨᠠᠮ ᠤᠨ | ᠭᠡᠰᠢᠬᠦᠨ ᠪᠤᠯᠤᠨ᠎ᠠ᠃ | ᠳᠦᠷᠪᠡᠳᠦᠬᠡᠷ ᠨᠢ ᠪᠤᠯ ᠭᠤᠶᠠᠴᠢ ᠦᠬᠡᠢ ᠵᠢᠳᠬᠦᠵᠤ᠂ ᠤᠶᠢᠯᠡᠳᠤᠯᠭᠡ ᠲᠠᠢ᠂ ᠵᠠᠪᠠᠯ ᠵᠤᠷᠢᠯᠲᠠ ᠶᠢᠨ ᠤᠬᠠᠮᠰᠠᠷ | ᠪᠣᠯᠣᠨ ᠬᠠᠷᠢᠭᠤᠴᠠᠯᠭᠠᠲᠤ ᠤᠬᠠᠮᠰᠠᠷ ᠪᠠᠶᠢᠬᠤ ᠬᠡᠷᠡᠭᠲᠠᠢ᠃ ᠵᠤᠷᠢᠯᠲᠠ ᠶᠢᠨ ᠤᠬᠠᠮᠰᠠᠷ ᠬᠡᠳᠡᠭ ᠨᠢ ᠳᠠᠷᠤᠢ ᠡᠪ | ᠬᠠᠮᠲᠤ ᠨᠠᠮ ᠤᠨ ᠬᠡᠰᠢᠬᠦᠨ ᠵᠠᠪᠠᠯ ᠪᠦᠬᠦ ᠬᠦᠴᠦᠨ ᠪᠦᠬᠦ ᠰᠡᠳᠬᠢᠯ ᠢᠶᠠᠷ ᠢᠶᠠᠨ ᠠᠷᠠᠳ ᠳᠤ ᠤᠶᠢᠯᠡᠴᠢᠯᠡᠬᠦ ᠶᠢ | ᠬᠡᠯᠡᠵᠤ ᠪᠠᠶᠢᠨ᠎ᠠ᠂ ᠪᠠᠰᠠ ᠨᠢᠬᠡ ᠨᠢ ᠬᠠᠷᠢᠭᠤᠴᠠᠯᠭᠠᠲᠤ ᠤᠬᠠᠮᠰᠠᠷ᠂ ᠵᠠᠷᠢᠮ ᠨᠠᠮ ᠤᠨ ᠬᠡᠰᠢᠬᠦᠳ ᠵᠠᠯᠬᠠᠭᠤ ᠵᠠᠰᠠᠭ | ᠬᠤᠶᠢᠷᠭᠤ ᠵᠠᠰᠠᠭ ᠤᠨ ᠦᠵᠡᠭᠲᠡᠯ ᠤᠷᠤᠰᠢᠵᠤ ᠪᠤᠢ᠂ ᠠᠵᠢᠯ ᠤᠨ ᠳᠤᠮᠲᠠ ᠤᠶᠢᠯᠡᠳᠤᠯᠬᠡ ᠦᠬᠡᠢ᠂ ᠪᠤᠷᠤᠭᠤ | ᠭᠠᠷᠭᠠᠬᠤ ᠠᠴᠠ ᠠᠶᠤᠬᠤ᠂ ᠡᠨᠡ ᠨᠢ ᠪᠤᠯ ᠳᠠᠷᠤᠢ ᠬᠠᠮᠤᠭ ᠤᠨ ᠶᠡᠭᠡ ᠠᠰᠠᠭᠤᠳᠠᠯ᠃ ᠬᠢᠷᠢ ᠲᠡᠩᠴᠡᠭᠰᠡᠨ ᠨᠠᠮ ᠤᠨ | ᠬᠡᠰᠢᠬᠦᠨ ᠵᠠᠪᠠᠯ ᠬᠠᠷᠢᠭᠤᠴᠠᠯᠭᠠᠲᠤ ᠤᠬᠠᠮᠰᠠᠷ ᠲᠠᠢ ᠪᠠᠶᠢᠵᠤ᠂ ᠵᠤᠷᠢᠭᠲᠠᠢ ᠪᠠᠷ ᠠᠵᠢᠯᠯᠠᠬᠤ ᠬᠡᠷᠡᠭᠲᠠᠢ᠃ | ᠰᠤᠷᠪᠤᠯᠵᠢᠯᠠᠭᠴᠢ᠄ ᠳᠠᠷᠠᠭᠠᠴᠢ ᠶᠢᠨ ᠠᠯᠬᠤᠮ᠂ ᠮᠠᠨ ᠤ ᠬᠤᠰᠢᠭᠤ ᠰᠤᠷᠤᠯᠴᠠᠯᠭ᠎ᠠ ᠬᠦᠮᠦᠵᠢᠯ ᠢ ᠬᠦᠨᠵᠡᠭᠡᠶᠢᠷᠡᠬᠦᠯᠬᠦ | ᠶᠢᠨ ᠲᠠᠯ᠎ᠠ ᠪᠠᠷ ᠶᠠᠮᠠᠷ ᠲᠦᠯᠦᠪᠯᠡᠭᠡ ᠲᠠᠢ ᠪᠤᠢ︖ | ᠯᠢᠤ ᠶᠦᠩ ᠵᠦᠩ᠄ ᠳᠠᠷᠠᠭᠠᠴᠢ ᠶᠢᠨ ᠠᠯᠬᠤᠮ ᠳᠤ ᠮᠠᠨ ᠤ ᠬᠤᠰᠢᠭᠤ ︽ᠬᠤᠶᠠᠷ ᠢ ᠰᠤᠷᠤᠯᠴᠠᠵᠤ ᠨᠢᠬᠡ ᠳᠤ | ᠲᠡᠩᠴᠡᠬᠦ︾ ᠰᠤᠷᠤᠯᠴᠠᠯᠭ᠎ᠠ ᠬᠦᠮᠦᠵᠢᠯ ᠢ ᠰᠠᠶᠢᠳᠤᠷ ᠴᠢᠩᠭ᠎ᠠ ᠠᠳᠬᠤᠵᠤ᠂ ᠦᠷᠬᠦᠯᠵᠢᠯᠡᠨ ᠳᠡᠭᠡᠲᠤ ᠱᠠᠲᠤ ᠨᠢ | ᠳᠤᠤᠷ᠎ᠠ ᠱᠠᠲᠤ ᠪᠠᠨ ᠳᠠᠭᠠᠭᠤᠯᠤᠨ᠂ ᠳᠡᠰ ᠳᠡᠰ ᠲᠠᠭᠤᠷᠢᠶᠠᠯ ᠪᠤᠯᠬᠤ ᠪᠠᠨ ᠪᠠᠷᠢᠮᠲᠠᠯᠠᠵᠤ᠂ ᠡᠯ᠎ᠡ ᠬᠦᠷᠢᠶ᠎ᠡ ᠴᠡᠷᠢᠶᠡ | ᠶᠢᠨ ᠰᠤᠷᠤᠯᠴᠠᠯᠭ᠎ᠠ ᠬᠦᠮᠦᠵᠢᠯ ᠤᠨ ᠡᠮᠤᠨ᠎ᠡ ᠡᠩᠨᠡᠭᠡᠨ ᠳᠤ ᠶᠠᠪᠤᠬᠤ ᠶᠢ ᠳᠦᠯᠬᠢᠨ ᠠᠬᠢᠭᠤᠯᠵᠤ᠂ ᠪᠦᠬᠦ ᠬᠤᠰᠢᠭᠤᠨ | ᠤ ᠰᠤᠷᠤᠯᠴᠠᠯᠭ᠎ᠠ ᠬᠦᠮᠦᠵᠢᠯ ᠨᠢᠬᠡᠨ ᠰᠢᠨ᠎ᠠ ᠳᠡᠪᠴᠡᠩ ᠳᠡᠭᠡᠷ᠎ᠡ ᠭᠠᠷᠬᠤ ᠶᠢ ᠴᠢᠷᠮᠠᠶᠢᠨ ᠳᠦᠯᠬᠢᠨ ᠠᠬᠢᠭᠤᠯᠤᠨ᠎ᠠ᠂ | ᠲᠦᠪ ᠢ ᠬᠦᠷᠢᠶᠡᠯᠡᠨ ᠶᠡᠭᠡ ᠲᠠᠯ᠎ᠠ ᠳᠤ ᠤᠶᠢᠯᠡᠴᠢᠯᠡᠬᠦ ᠶᠢ ᠦᠷᠬᠦᠯᠵᠢᠯᠡᠨ ᠪᠠᠷᠢᠮᠲᠠᠯᠠᠵᠤ᠂ ᠰᠤᠷᠤᠯᠴᠠᠯᠭ᠎ᠠ ᠬᠦᠮᠦᠵᠢᠯ ᠢ | ᠠᠵᠢᠯ ᠤᠨ ᠪᠠᠶᠢᠷᠢ ᠶᠢᠨ ᠡᠬᠦᠷᠬᠡ ᠳᠤᠰᠢᠶᠠᠯ ᠳᠤ ᠰᠢᠩᠭᠡᠭᠡᠨ ᠤᠷᠤᠭᠤᠯᠤᠨ᠎ᠠ᠂ ᠴᠠᠭ ᠳᠤᠬᠠᠢ ᠳᠤ ᠲᠦᠪ ᠤᠷᠤᠨ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠨ᠎ᠠ ᠵᠤᠷᠢᠭ ᠰᠠᠨᠠᠭ᠎ᠠ | ᠂ ᠰᠢᠨ᠎ᠠ ᠱᠠᠭᠠᠷᠳᠠᠯᠭ᠎ᠠ ᠶᠢ ᠠᠳᠬᠠᠨ ᠪᠠᠷᠢᠵᠤ᠂ ᠤᠨᠢᠨ ᠳᠡᠭᠡᠷ᠎ᠡ ᠨᠢ ᠳᠦᠯᠬᠢᠨ ᠠᠬᠢᠭᠤᠯᠵᠤ ᠲᠤᠣᠱᠯᠠᠭᠤᠯᠤᠨ | ᠨᠠᠶᠢᠳᠠᠪᠤᠷᠢᠵᠢᠭᠤᠯᠤᠨ᠎ᠠ᠃ ᠰᠤᠨᠢᠨ ᠮᠡᠳᠡᠭᠡᠨ ᠤ ᠵᠠᠭᠤᠴᠢᠯᠠᠭᠤᠷ ᠢ ᠬᠦᠢᠴᠡᠳ ᠬᠡᠷᠡᠭᠯᠡᠨ᠂ ᠰᠤᠷᠤᠯᠴᠠᠯᠭ᠎ᠠ ᠬᠦᠮᠦᠵᠢᠯ | ᠤᠨ ᠤᠬᠠᠭᠤᠯᠭ᠎ᠠ ᠮᠡᠳᠡᠭᠡᠯᠡᠯ ᠤᠨ ᠠᠵᠢᠯ ᠢ ᠰᠠᠶᠢᠳᠤᠷ ᠬᠢᠨ᠎ᠠ᠃ ᠲᠡᠷᠢᠬᠦᠨ ᠤ ᠨᠡᠶᠢᠲᠡᠯᠢᠭ ᠵᠢᠱᠢᠶ᠎ᠡ ᠶᠢ ᠠᠭᠤᠳᠠᠯᠤᠨ | ᠢᠯᠡᠷᠡᠬᠦᠯᠬᠦ ᠪᠠ ᠳ᠋ᠦᠩᠨᠡᠬᠦ ᠶᠢ ᠴᠢᠬᠤᠯᠴᠢᠯᠠᠨ᠂ ᠰᠤᠷᠤᠯᠴᠠᠯᠭ᠎ᠠ ᠬᠦᠮᠦᠵᠢᠯ ᠤᠨ ᠤᠨᠴᠠᠯᠢᠭ ᠲᠠᠢ᠂ ᠡᠬᠦᠳᠦᠯᠲᠡ ᠲᠠᠢ᠂ | ᠬᠢᠯᠡᠰ ᠴᠡᠭ ᠲᠠᠢ ᠪᠠᠶᠢᠬᠤ ᠶᠢ ᠪᠠᠲᠤᠯᠠᠨ᠎ᠠ᠃ | ᠤᠷᠴᠢᠭᠤᠯᠤᠭᠴᠢ᠄ ᠰᠡᠴᠡᠩᠭᠤᠸ᠎ᠠ |