ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠳᠦᠬᠦᠭᠡᠷᠤᠮᠵᠢ ᠶᠢ ᠬᠤᠷᠢᠶᠠᠨ ᠪᠤᠯᠪᠠᠰᠤᠷᠠᠭᠤᠯᠬᠤ ᠤᠶᠢᠯᠡᠳᠪᠤᠷᠢ ︽ᠶᠡᠭᠡ ᠪᠤᠷᠤ ᠬᠡᠷ︾ ᠢ ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠲᠤᠰᠬᠠᠢ ᠭᠡᠷᠡᠭᠵᠢᠬᠦᠯᠦᠯᠲᠠ ᠶᠢᠨ ᠳᠦᠰᠦᠯ
ᠨᠡᠶᠢᠲᠡᠯᠡᠭᠰᠡᠨ ᠴᠠᠭ᠄
2019-03-18
           ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠳᠦᠬᠦᠭᠡᠷᠤᠮᠵᠢ ᠶᠢ            ᠬᠤᠷᠢᠶᠠᠨ ᠪᠤᠯᠪᠠᠰᠤᠷᠠᠭᠤᠯᠬᠤ ᠤᠶᠢᠯᠡᠳᠪᠤᠷᠢ ︽ᠶᠡᠭᠡ ᠪᠤᠷᠤ ᠬᠡᠷ︾ ᠢ            ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠲᠤᠰᠬᠠᠢ ᠭᠡᠷᠡᠭᠵᠢᠬᠦᠯᠦᠯᠲᠠ ᠶᠢᠨ ᠳᠦᠰᠦᠯᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤᠨ ᠬᠠᠷᠢᠶ᠎ᠠ ᠬᠤᠯᠪᠤᠭᠳᠠᠯ ᠪᠦᠬᠦᠢ ᠨᠢᠬᠡᠴᠡ᠄      ᠬᠠᠶᠠᠭᠳᠠᠮᠠᠯ ᠬᠠᠭᠤᠴᠢᠨ ᠲᠤᠰᠤᠯᠭᠠᠨ ᠤᠰᠤᠯᠠᠬᠤ ᠳᠦᠬᠦᠭᠡᠷᠤᠮᠵᠢ ᠶᠢ ᠬᠤᠷᠢᠶᠠᠨ ᠪᠤᠯᠪᠠᠰᠤᠷᠠᠭᠤᠯᠬᠤ ᠤᠶᠢᠯᠡᠳᠪᠤᠷᠢ ︽ᠶᠡᠭᠡ ᠪᠤᠷᠤ ᠬᠡᠷ︾ ᠢ ᠴᠡᠭᠴᠡᠯᠡᠨ ᠵᠠᠰᠠᠬᠤ ᠠᠵᠢᠯ ᠢ ᠳᠦᠯᠬᠢᠨ ᠠᠬᠢᠭᠤᠯᠵᠤ᠂ ᠪᠦᠬᠦ ᠲᠠᠯ᠎ᠠ ᠪᠠᠷ ᠳᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠦᠨᠡᠨ ᠬᠦ ᠲᠠᠷᠢᠶᠠᠨ ᠭᠠᠵᠠᠷ ᠢ ᠬᠠᠮᠠᠭᠠᠯᠠᠬᠤ ᠪᠠᠨ ᠴᠢᠩᠭᠠᠳᠬᠠᠵᠤ᠂ ᠲᠠᠷᠢᠶᠠᠯᠠᠩ ᠤᠨ ᠭᠠᠵᠠᠷ ᠢ ᠲᠠᠷᠢᠶᠠᠯᠠᠩ ᠤᠨ ᠪᠤᠰᠤ ᠭᠠᠵᠠᠷ ᠪᠤᠯᠭᠠᠬᠤ ᠡᠷᠤᠢ ᠬᠤᠷᠤᠢ ᠦᠬᠡᠢ ᠦᠵᠡᠭᠳᠡᠯ ᠢ ᠡᠷᠡᠰ ᠬᠤᠷᠢᠭᠯᠠᠨ ᠵᠤᠭᠰᠤᠭᠠᠬᠤ ᠶᠢᠨ ᠲᠦᠯᠦᠬᠡ᠂ ᠲᠤᠰᠠᠬᠠᠶᠢᠯᠠᠨ ᠲᠤᠰ ᠠᠵᠢᠯ ᠤᠨ ᠳᠦᠰᠦᠯ ᠢ ᠲᠤᠭᠲᠠᠭᠠᠵᠠᠢ᠃ ᠨᠢᠬᠡ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠬᠦᠷᠬᠡ      ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠳᠦᠬᠦᠭᠡᠷᠤᠮᠵᠢ ᠶᠢ ᠬᠤᠷᠢᠶᠠᠨ ᠪᠤᠯᠪᠠᠰᠤᠷᠠᠭᠤᠯᠬᠤ ︽ᠶᠡᠭᠡ ᠪᠤᠷᠤ ᠬᠡᠷ︾ ᠲᠤᠭᠲᠠᠭᠠᠯ ᠢ ᠵᠦᠷᠢᠴᠡᠨ ᠭᠠᠵᠠᠷ ᠡᠵᠡᠯᠡᠭᠰᠡᠨ ᠲᠠᠯᠠᠪᠠᠢ ᠨᠢ 4.2 ᠮᠤ᠋᠂ ᠡᠬᠦᠨ ᠳᠤ ᠲᠠᠷᠢᠶᠠᠯᠠᠬᠤ ᠭᠠᠵᠠᠷ 1.7 ᠮᠤ᠋᠃ ᠲᠤᠰ ᠭᠡᠰᠡᠭ ᠭᠠᠵᠠᠷ ᠢ ᠨᠢᠬᠡᠨᠳᠡ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠳᠠᠩᠰᠠᠯᠠᠪᠠ᠂ ᠤᠳᠤᠬᠠᠨ ᠳᠤ ᠲᠠᠷᠢᠶᠠᠯᠠᠩ ᠤᠨ ᠪᠤᠰᠤ ᠳᠦᠬᠦᠬᠡᠷᠤᠮᠵᠢ ᠪᠠᠶᠢᠭᠤᠯᠤᠭᠳᠠᠵᠤ ᠪᠠᠶᠢᠨ᠎ᠠ᠂ ᠡᠨᠡ ᠨᠢ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠤᠨ ᠨᠢᠬᠡᠳᠤᠭᠡᠷ ᠲᠦᠷᠦᠯ ᠤᠨ ᠠᠰᠠᠭᠤᠳᠠᠯ ᠳᠤ ᠬᠠᠨᠷᠢᠶᠠᠯᠠᠭᠳᠠᠨ᠎ᠠ ︵ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠡᠷ᠎ᠡ ᠪᠠᠷ ᠲᠠᠷᠢᠶᠠᠯᠠᠩ ᠤᠨ ᠭᠠᠵᠠᠷ ᠢ ᠡᠵᠡᠯᠡᠵᠤ ᠬᠠᠤᠯᠢ ᠪᠤᠰᠤ ᠪᠠᠷ ᠲᠠᠷᠢᠶᠠᠯᠠᠩ ᠤᠨ ᠪᠤᠰᠤ ᠳᠦᠬᠦᠬᠡᠷᠤᠮᠵᠢ ᠶᠢ ᠪᠠᠶᠢᠭᠤᠯᠬᠤ︶᠂ ᠬᠠᠤᠯᠢ ᠪᠤᠰᠤ ᠪᠠᠷ ᠲᠠᠷᠢᠶᠠᠯᠠᠩ ᠤᠨ ᠭᠠᠵᠠᠷ ᠢ ᠡᠵᠡᠯᠡᠨ ᠲᠠᠷᠢᠶᠠᠯᠠᠩ ᠪᠤᠰᠤ ᠳᠦᠬᠦᠬᠡᠷᠤᠮᠵᠢ ᠪᠠᠶᠢᠭᠤᠯᠤᠭᠰᠠᠨ ᠢ ᠴᠦᠮ ᠪᠦᠬᠦᠨ ᠢ ᠨᠤᠷᠠᠭᠠᠨ ᠠᠷᠢᠯᠭᠠᠨ᠎ᠠ᠃ ᠬᠤᠶᠠᠷ᠂ ᠴᠡᠭᠴᠡᠯᠡᠨ ᠵᠠᠰᠠᠬᠤ ᠴᠠᠭ      1 ᠰᠠᠷ᠎ᠠ ᠶᠢᠨ 23 ᠤ ᠡᠳᠤᠷ —— 2 ᠰᠠᠷ᠎ᠠ ᠶᠢᠨ 20 ᠤ ᠡᠳᠤᠷ ᠭᠤᠷᠪᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠪᠤᠯᠤᠨ ᠤᠯᠤᠰ ᠤᠨ ᠨᠤᠲᠤᠭ ᠳᠡᠪᠢᠰᠬᠡᠷ  ᠤᠨ ᠲᠤᠪᠴᠢᠶ᠎ᠠ ᠪᠠᠷ ᠲᠤᠯᠤᠭᠠᠶᠢᠯᠠᠨ᠂ ᠬᠦᠭᠵᠢᠬᠦᠯᠦᠯᠲᠠ ᠦᠭᠡᠷᠡᠴᠢᠯᠡᠯᠲᠠ᠂ ᠡᠳ᠋ ᠤᠨ ᠵᠠᠰᠠᠭ ᠪᠤᠯᠤᠨ ᠬᠤᠩᠭᠢᠯᠲᠤ ᠪᠠᠯᠭᠠᠰᠤ ᠢᠳᠡᠪᠬᠢᠲᠠᠢ ᠪᠠᠷ ᠬᠠᠮᠵᠢᠯᠴᠠᠵᠤ᠂ ᠦᠪᠡᠷ ᠦᠪᠡᠷ ᠤᠨ ᠠᠵᠢᠯ ᠤᠨ ᠡᠬᠦᠷᠬᠡ ᠴᠢᠳᠠᠪᠤᠷᠢ ᠪᠠᠨ ᠪᠠᠳᠠᠷᠠᠭᠤᠯᠤᠨ᠂ ᠬᠦᠴᠤ ᠪᠠᠨ ᠨᠢᠬᠡᠳᠬᠡᠨ᠂ ᠴᠡᠭᠴᠡᠯᠡᠨ ᠵᠠᠰᠠᠬᠤ ᠠᠷᠭ᠎ᠠ ᠠᠪᠴᠢᠯ᠂ ᠴᠡᠭᠴᠡᠯᠡᠨ ᠵᠠᠰᠠᠬᠤ ᠴᠠᠭ ᠬᠤᠭᠤᠴᠠᠭ᠎ᠠ ᠲᠤᠭᠲᠠᠭᠠᠵᠤ᠂ ᠲᠤᠭᠲᠠᠭᠰᠠᠨ ᠴᠠᠭ ᠬᠤᠭᠤᠴᠠᠭᠠᠨ ᠳᠤᠲᠤᠷ᠎ᠠ ᠪᠠᠨ ᠴᠡᠭᠴᠡᠯᠡᠨ ᠵᠠᠰᠠᠬᠤ ᠠᠵᠢᠯ ᠢᠶᠠᠨ ᠬᠦᠢᠴᠡᠳᠭᠡᠨ᠎ᠡ᠃ ᠳᠦᠷᠪᠡ᠂ ᠴᠡᠭᠴᠡᠯᠡᠨ ᠵᠠᠰᠠᠬᠤ ᠠᠵᠢᠯ ᠤᠨ ᠠᠯᠬᠤᠮ ᠳᠠᠷᠠᠭ᠎ᠠ     ︵1︶ ᠦᠪᠡᠷᠲᠡᠭᠡᠨ ᠴᠡᠪᠡᠷᠯᠡᠨ ᠵᠠᠰᠠᠬᠤ ᠱᠠᠲᠤ ᠦᠶ᠎ᠡ ︵1 ᠰᠠᠷ᠎ᠠ ᠶᠢᠨ 23 ᠤ ᠡᠳᠤᠷ ᠠᠴᠠ 2 ᠰᠠᠷ᠎ᠠ ᠶᠢᠨ 3 ᠤ ᠡᠳᠤᠷ︶᠂ ᠰᠢᠪᠳᠠᠨ ᠰᠢᠢᠳᠪᠤᠷᠢᠯᠡᠬᠦ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠬᠠᠤᠯᠢ ᠪᠤᠰᠤ ᠪᠠᠷ ᠭᠠᠵᠠᠷ ᠢ ᠡᠵᠡᠯᠡᠨ ᠪᠠᠷᠢᠯᠭ᠎ᠠ ᠪᠠᠷᠢᠭᠰᠠᠨ ᠰᠠᠭᠤᠷᠢ ᠳᠦᠬᠦᠬᠡᠷᠤᠮᠵᠢ ᠵᠡᠷᠭᠡ ᠳᠤ ᠦᠪᠡᠷᠲᠡᠭᠡᠨ ᠴᠡᠪᠡᠷᠯᠡᠨ ᠵᠠᠰᠠᠬᠤ ᠶᠢᠨ ᠬᠠᠮᠲᠤ ᠤᠤᠯ ᠤᠨ ᠪᠠᠶᠢᠳᠠᠯ ᠳᠤᠨᠢ ᠬᠤᠪᠢᠷᠠᠭᠤᠯᠤᠨ᠎ᠠ᠃     ︵2︶ ᠴᠡᠭᠴᠡᠯᠡᠨ ᠵᠠᠰᠠᠵᠤ ᠦᠬᠡᠷᠡᠴᠢᠯᠡᠬᠦ ᠱᠠᠲᠤ ᠦᠶ᠎ᠡ ︵2 ᠰᠠᠷ᠎ᠠ ᠶᠢᠨ 4 ᠤ ᠡᠳᠤᠷ ᠠᠴᠠ 2 ᠰᠠᠷ᠎ᠠ ᠶᠢᠨ 20 ᠤ ᠡᠳᠤᠷ︶᠃ ᠴᠠᠭ ᠳᠤᠬᠠᠢ ᠳᠤᠨᠢ ᠴᠡᠪᠡᠷᠯᠡᠨ ᠠᠷᠢᠯᠭᠠᠵᠤ ᠴᠢᠳᠠᠭᠰᠠᠨ ᠦᠬᠡᠢ ᠠᠰᠠᠷᠠᠨ ᠰᠤᠪᠢᠯᠠᠬᠤ ᠭᠡᠷ᠂ ᠪᠡᠯᠡᠳᠭᠡᠮᠵᠢ ᠳᠦᠬᠦᠭᠡᠷᠤᠮᠵᠢ ᠵᠡᠷᠭᠡ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠢᠴᠡᠳᠭᠡ ᠦᠬᠡᠢ ᠨᠢ ᠡᠷᠭᠡᠪᠰᠢ ᠴᠡᠭᠴᠡᠯᠡᠨ ᠵᠠᠰᠠᠬᠤ ᠠᠵᠢᠯ ᠤᠨ ᠠᠬᠢᠴᠠ ᠪᠠᠨ ᠳᠦᠷᠭᠡᠳᠭᠡᠨ᠂ ᠲᠤᠭᠲᠠᠭᠰᠠᠨ ᠴᠠᠭ ᠤᠨ ᠳᠤᠲᠤᠷ᠎ᠠ ᠪᠤᠢ ᠪᠦᠬᠦᠢ ᠴᠡᠭᠴᠡᠯᠡᠨ ᠵᠠᠰᠠᠯᠲᠠ ᠤᠨ ᠠᠵᠢᠯ ᠢᠶᠠᠨ ᠪᠡᠶᠡᠯᠡᠬᠦᠯᠵᠤ ᠴᠢᠳᠠᠬᠤ ᠶᠢ ᠪᠠᠲᠤᠯᠠᠨ᠎ᠠ᠃     ︵3︶ ᠡᠳᠤᠷ ᠪᠦᠷᠢ ᠮᠡᠳᠡᠬᠦᠯᠬᠦ ᠵᠢᠴᠢ ᠳ᠋ᠦᠩᠨᠡᠨ ᠳᠡᠭᠡᠭᠰᠢ ᠮᠡᠳᠡᠬᠦᠯᠬᠦ ᠱᠠᠲᠤ ᠦᠶ᠎ᠡ ︵2 ᠰᠠᠷ᠎ᠠ ᠶᠢᠨ 20 ᠤ ᠡᠳᠤᠷ ᠠᠴᠠ ᠡᠮᠤᠨ᠎ᠡ︶᠂ ᠴᠡᠭᠴᠡᠯᠡᠨ ᠵᠠᠰᠠᠯᠲᠠ ᠤᠨ ᠠᠵᠢᠯ ᠤᠨ ᠠᠬᠢᠴᠠ ᠶᠢᠨ ᠳᠤᠬᠠᠢ ᠡᠷᠭᠡᠪᠰᠢ ᠡᠳᠤᠷ ᠪᠦᠷᠢ ᠮᠡᠳᠡᠬᠦᠯᠬᠦ ᠲᠤᠭᠲᠠᠭᠠᠯ ᠢ ᠪᠠᠶᠢᠭᠤᠯᠵᠤ᠂ ᠴᠠᠭ ᠳᠤᠬᠠᠢ ᠳᠤᠨᠢ ᠡᠳᠤᠷ ᠪᠦᠷᠢ ᠶᠢᠨ ᠴᠡᠭᠴᠡᠯᠡᠨ ᠵᠠᠰᠠᠯᠲᠠ ᠶᠢᠨ ᠠᠬᠢᠴᠠ  ᠢ ︽ᠶᠡᠭᠡ ᠪᠤᠷᠤ ᠬᠡᠷ︾ ᠤᠨ ᠠᠰᠠᠭᠤᠳᠠᠯ ᠢ ᠰᠢᠢᠳᠪᠤᠷᠢᠯᠡᠨ ᠵᠠᠰᠠᠬᠤ ᠪᠠᠭ᠎ᠠ ᠳᠤᠭᠤᠶᠢᠯᠠᠩ ᠤᠨ ᠠᠯᠪᠠᠨ ᠬᠡᠷ ᠲᠤ ᠮᠡᠳᠡᠬᠦᠯᠦᠨ᠎ᠡ᠃ ᠴᠡᠭᠴᠡᠯᠡᠨ ᠵᠠᠰᠠᠯᠲᠠ ᠶᠢᠨ ᠠᠬᠢᠴᠠ ᠶᠢᠨ ᠶᠡᠷᠤᠩᠭᠡᠢ ᠪᠠᠶᠢᠳᠠᠯ ᠳᠤ ᠨᠠᠷᠢᠨ ᠬᠢᠨᠠᠮᠠᠭᠠᠢ ᠳ᠋ᠦᠩᠨᠡᠯᠲᠠ ᠬᠢᠵᠤ᠂ ᠲᠤᠰᠬᠠᠢ ᠴᠡᠭᠴᠡᠯᠡᠨ ᠵᠠᠰᠠᠯᠲᠠ ᠶᠢᠨ ᠪᠠᠶᠢᠳᠠᠯ ᠤᠨ ᠮᠡᠳᠡᠭᠳᠡᠯ ᠢ ᠪᠦᠷᠢᠯᠳᠦᠬᠦᠯᠬᠦ ᠶᠢᠨ ᠬᠠᠮᠲᠤ ᠳᠡᠭᠡᠭᠰᠢ ᠮᠡᠳᠡᠭᠳᠡᠨ᠎ᠡ᠃ ᠲᠠᠪᠤ᠂ ᠠᠵᠢᠯ ᠤᠨ ᠱᠠᠭᠠᠷᠳᠠᠯᠭ᠎ᠠ     ︵1︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠡᠷᠬᠡᠪᠰᠢ ᠦᠨᠳᠦᠷ ᠬᠡᠮᠵᠢᠶ᠎ᠠ ᠪᠠᠷ ᠬᠦᠨᠳᠦᠳᠭᠡᠵᠤ᠂ ︽ᠶᠡᠭᠡ ᠪᠤᠷᠤ ᠬᠡᠷ︾ ᠢ ᠠᠷᠢᠯᠭᠠᠨ ᠴᠡᠪᠡᠷᠯᠡᠬᠦ ᠠᠰᠠᠭᠤᠳᠠᠯ ᠤᠨ ᠴᠢᠬᠤᠯᠠ ᠴᠢᠨᠠᠷ᠂ ᠬᠦᠴᠢᠷᠳᠡᠯᠲᠤ ᠴᠢᠨᠠᠷ ᠢ ᠬᠦᠢᠴᠡᠳ ᠲᠠᠨᠢᠨ ᠤᠯᠵᠤ᠂ ᠬᠠᠷᠢᠶᠠᠳᠤ ᠤᠷᠤᠨ ᠤ ᠬᠠᠮᠢᠶᠠᠷᠤᠯᠲᠠ ᠪᠠᠨ ᠴᠢᠩᠭᠠᠳᠬᠠᠨ᠂ ᠡᠬᠦᠷᠬᠡ ᠪᠠᠨ ᠪᠤᠳᠠᠳᠠᠶᠢᠵᠢᠭᠤᠯᠬᠤ ᠬᠡᠷᠡᠭᠲᠠᠢ᠃ ᠤᠯᠠᠭᠠᠨᠴᠠᠪ ᠬᠤᠲᠠ ᠶᠢᠨ ︽ᠶᠡᠭᠡ ᠪᠤᠷᠤ ᠬᠡᠷ︾ ᠤᠨ ᠠᠰᠠᠭᠤᠳᠠᠯ ᠢ ᠴᠡᠪᠡᠷᠯᠡᠨ ᠠᠷᠢᠯᠭᠠᠬᠤ ᠤᠳᠤᠷᠢᠳᠤᠯᠭ᠎ᠠ ᠶᠢᠨ ᠳᠤᠭᠤᠶᠢᠯᠠᠩ ᠤᠨ ᠠᠯᠪᠠᠨ ᠬᠡᠷ  ᠤᠨ ᠨᠡᠶᠢᠲᠡᠯᠡᠭᠰᠡᠨ ︽︵ᠶᠡᠭᠡ ᠪᠤᠷᠤ ᠬᠡᠷ︶ ᠢ ᠴᠡᠪᠡᠷᠯᠡᠨ ᠠᠷᠢᠯᠭᠠᠬᠤ ᠰᠢᠪᠲᠡᠨ ᠰᠢᠢᠳᠪᠤᠷᠢᠯᠡᠬᠦ ᠮᠡᠳᠡᠭᠳᠡᠯ︾ ᠤᠨ ᠳᠤᠬᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠬᠢᠴᠠ ᠪᠤᠯᠤᠨ ᠡᠬᠦᠷᠬᠡ ᠶᠢᠨ ᠱᠠᠭᠠᠷᠳᠠᠯᠭ᠎ᠠ ᠪᠠᠷ ᠴᠡᠪᠡᠷᠯᠡᠨ ᠠᠷᠢᠯᠭᠠᠬᠤ ᠠᠵᠢᠯ ᠢ ᠪᠠᠲᠤ ᠪᠠᠬᠢ ᠶᠠᠪᠤᠭᠳᠠᠭᠤᠯᠤᠨ᠎ᠠ᠃     ︵2︶ ᠰᠠᠯᠠᠭ᠎ᠠ ᠮᠦᠴᠢᠷ ᠤᠨ ᠬᠠᠮᠵᠢᠯᠴᠠᠭ᠎ᠠ ᠪᠠᠨ ᠴᠢᠩᠭᠠᠳᠬᠠᠬᠤ᠂ ᠲᠤᠰ ᠤᠳᠠᠭᠠᠨ ᠤ ᠲᠤᠰᠬᠠᠢ ᠴᠡᠭᠴᠡᠯᠡᠨ ᠵᠠᠠᠰᠠᠯᠲᠠ ᠶᠢᠨ ᠠᠵᠢᠯᠯᠠᠭ᠎ᠠ ᠶᠢ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠲᠤᠪᠴᠢᠶ᠎ᠠ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠬᠠᠮᠲᠤᠪᠠᠷ ᠬᠠᠷᠢᠭᠤᠴᠠᠵᠤ᠂ ᠪᠤᠰᠤᠳ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠢᠳᠡᠪᠬᠢᠲᠠᠢ ᠪᠠᠷ ᠬᠠᠮᠵᠢᠯᠴᠠᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠵᠠᠪᠠᠯ ᠦᠪᠡᠷ ᠦᠪᠡᠷ ᠤᠨ ᠬᠠᠷᠢᠭᠤᠴᠠᠯᠭ᠎ᠠ ᠪᠠᠨ ᠬᠦᠢᠴᠡᠳᠬᠡᠨ᠂ ᠬᠠᠷᠢᠯᠴᠠᠨ ᠬᠠᠮᠵᠢᠯᠴᠠᠵᠤ᠂ ᠢᠳᠡᠪᠢᠬᠢᠲᠠᠢ ᠪᠠᠷ ᠲᠤᠰᠬᠠᠢ ᠴᠡᠭᠴᠡᠯᠡᠨ ᠵᠠᠰᠠᠯᠲᠠ  ᠶᠢᠨ ᠠᠵᠢᠯᠯᠠᠭ᠎ᠠ ᠳᠤ ᠤᠷᠤᠯᠴᠠᠵᠤ᠂ ᠬᠠᠮᠵᠢᠯᠴᠠᠭ᠎ᠠ ᠶᠢᠨ ᠠᠬᠢᠭᠤᠯᠬᠤ ᠲᠤᠭᠲᠠᠴᠠ ᠢ ᠪᠤᠢ ᠪᠤᠯᠭᠠᠵᠤ᠂ ᠱᠠᠲᠤ ᠳᠠᠷᠠᠭᠠᠯᠠᠨ᠂ ᠬᠠᠷᠢᠭᠤᠴᠠᠯᠭ᠎ᠠ ᠪᠠᠨ ᠬᠦᠢᠴᠡᠳᠭᠡᠵᠤ᠂ ᠴᠡᠭᠴᠡᠯᠡᠨ ᠵᠠᠰᠠᠯᠲᠠ ᠶᠢᠨ ᠠᠷᠭ᠎ᠠ ᠬᠢᠳᠡᠯ ᠢ ᠦᠨᠡᠨ ᠬᠦ ᠪᠤᠳᠠᠲᠠᠢ ᠪᠤᠯᠭᠠᠵᠤ᠂ ᠵᠢᠩᠭᠢᠨᠢ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃                                     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ                                     ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号