ᠭᠤᠤᠯ ᠰᠡᠳᠤᠪ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠵᠡᠮᠳᠡᠭᠴᠤᠳ ᠤᠨ ᠬᠤᠯᠪᠤᠭ᠎ᠠ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠬᠦᠯᠢᠶᠡᠪᠡ | | ᠡᠷᠬᠢᠮ ᠵᠤᠴᠢᠨ᠄ ᠵᠡᠮᠳᠡᠭᠴᠤᠳ ᠤᠨ ᠬᠤᠯᠪᠤᠭᠠᠨ ᠤ ᠨᠠᠮ ᠤᠨ ᠡᠬᠦᠷ ᠤᠨ ᠱᠦᠵᠢ᠂ ᠭᠡᠷᠡᠭ ᠡᠷᠬᠢᠯᠡᠭᠴᠢᠳ | ᠤᠨ ᠳᠠᠷᠤᠭ᠎ᠠ᠂ ᠵᠤᠤ ᠵᠢᠶᠡᠨ ᠯᠢᠨ᠃ | ᠬᠦᠲᠦᠯᠦᠭᠴᠢ᠄ ᠦᠨᠦᠳᠦᠷ ᠮᠠᠨ ᠤ ᠵᠠᠯᠠᠵᠤ ᠠᠪᠴᠢᠷᠠᠭᠰᠠᠨ ᠡᠷᠬᠢᠮ ᠵᠤᠴᠢᠨ ᠪᠤᠯ ᠬᠤᠰᠢᠭᠤᠨ ᠤ ᠵᠡᠮᠳᠡᠭᠴᠤᠳ | ᠤᠨ ᠬᠤᠯᠪᠤᠭᠠᠨ ᠤ ᠨᠠᠮ ᠤᠨ ᠡᠬᠦᠷ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠵᠤᠤ ᠵᠢᠶᠡᠨ ᠯᠢᠨ ᠨᠦᠬᠦᠷ | ᠪᠤᠯᠤᠨ᠎ᠠ᠃ ᠬᠠᠮᠤᠭ ᠤᠨ ᠲᠡᠷᠢᠬᠦᠨ ᠲᠤ᠂ ᠮᠠᠨᠤᠰ ᠬᠤᠰᠢᠭᠤᠨ ᠤ ᠵᠡᠮᠳᠡᠭᠴᠤᠳ ᠤᠨ ᠬᠤᠯᠪᠤᠭᠠᠨ ᠤ ᠵᠤᠤ ᠵᠢᠶᠠᠨ | ᠯᠢᠨ ᠬᠡᠷᠡᠭ ᠡᠷᠬᠢᠯᠡᠭᠴᠢᠳ ᠤᠨ ᠳᠠᠷᠤᠭ᠎ᠠ ᠠᠴᠠ ᠪᠢᠳᠡᠨ ᠳᠤ ᠮᠠᠨ ᠤ ᠬᠤᠰᠢᠭᠤᠨ ᠤ ᠵᠡᠮᠳᠡᠭᠴᠤᠳ ᠤᠨ ᠬᠤᠯᠪᠤᠭᠠᠨ | ᠤ ᠵᠠᠷᠢᠮ ᠦᠨᠳᠦᠰᠦᠨ ᠪᠠᠶᠢᠳᠠᠯ ᠢ ᠲᠠᠨᠢᠯᠴᠠᠭᠤᠯᠵᠤ ᠦᠭᠬᠦ ᠶᠢ ᠬᠦᠰᠡᠶ᠎ᠡ᠃ | ᠵᠤᠤ ᠵᠢᠶᠠᠨ ᠯᠢᠨ᠄ ᠲᠠᠶᠠᠭᠠᠷ ᠰᠠᠶᠢᠨ ᠪᠠᠶᠢᠪᠠᠤ︖ ᠤᠷᠴᠢᠮ ᠤᠨ ᠵᠢᠯ ᠳᠤ᠂ ᠮᠠᠨ ᠤ ᠬᠤᠰᠢᠭᠤᠨ ᠤ | ᠵᠡᠮᠳᠡᠭᠴᠤᠳ ᠤᠨ ᠠᠵᠢᠯ ᠨᠢ ︽ᠡᠷᠬᠡ ᠳᠡᠭᠰᠢ᠂ ᠲᠦᠭᠡᠮᠡᠯ ᠬᠠᠶᠢᠷ᠎ᠠ ᠲᠦᠪ ᠴᠢᠩᠭ᠎ᠠ︾ ᠠᠵᠢᠯ ᠤᠨ | ᠤᠶᠢᠯᠠᠭᠠᠭᠳᠠᠬᠤᠨ ᠢ ᠪᠠᠷᠢᠮᠲᠠᠯᠠᠨ᠂ ᠨᠠᠷᠢᠨ ᠬᠢᠨᠠᠮᠠᠭᠠᠢ ᠪᠠᠷ ︽ᠲᠦᠯᠦᠬᠡᠯᠡᠬᠦ᠂ ᠤᠶᠢᠯᠡᠴᠢᠯᠡᠬᠦ᠂ ᠬᠠᠮᠢᠶᠠᠷᠤᠬᠤ︾ | ᠴᠢᠳᠠᠮᠵᠢ ᠶᠢ ᠬᠦᠢᠴᠡᠳᠭᠡᠨ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠡᠮᠳᠡᠭᠴᠤᠳ ᠤᠨ ᠠᠵᠢᠯ | ᠤᠶᠢᠯᠡᠰ ᠤᠨ ᠬᠦᠭᠵᠢᠯᠲᠠ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ︾ ᠵᠡᠷᠭᠡ ᠨᠢᠬᠡ | ᠰᠢᠷᠢᠰ ᠵᠡᠮᠳᠡᠭᠴᠤᠳ ᠢ ᠬᠠᠪᠰᠤᠷᠬᠤ ᠵᠡᠮᠳᠡᠭᠴᠤᠳ ᠲᠤ ᠠᠰᠢᠭ ᠬᠦᠷᠲᠡᠭᠡᠬᠦ ᠲᠦᠷᠤ ᠶᠢᠨ ᠪᠤᠳᠤᠯᠭ᠎ᠠ ᠶᠢ ᠨᠡᠶᠢᠲᠡᠯᠡᠵᠤ | ᠂ ᠵᠡᠮᠳᠡᠭᠴᠤᠳ ᠤᠨ ᠡᠷᠡᠬᠦᠯᠵᠡᠯ᠂ ᠰᠤᠷᠭᠠᠨ ᠬᠦᠮᠦᠵᠢᠯ᠂ ᠠᠵᠢᠯ ᠤᠯᠭᠤᠬᠤ᠂ ᠶᠠᠳᠠᠭᠤ ᠶᠢ ᠳᠡᠳᠬᠦᠬᠦ᠂ ᠨᠡᠶᠢᠬᠡᠮ | ᠤᠨ ᠪᠠᠲᠤᠯᠭ᠎ᠠ ᠵᠡᠷᠭᠡ ᠠᠵᠢᠯ ᠳᠤ ᠵᠦᠭ ᠴᠢᠭᠯᠡᠯ ᠢ ᠨᠢ ᠵᠢᠭᠠᠵᠤ ᠦᠭᠴᠤ᠂ ᠳᠠᠰᠤᠷᠠᠯᠲᠠ ᠦᠬᠡᠢ ᠵᠡᠮᠳᠡᠭᠴᠤᠳ ᠤᠨ | ᠦᠪᠡᠷᠮᠢᠴᠡ ᠴᠢᠨᠠᠷ᠂ ᠤᠯᠠᠨ ᠶᠠᠩᠵᠠᠲᠤ ᠴᠢᠨᠠᠷ᠂ ᠤᠯᠠᠨ ᠳᠠᠪᠬᠤᠷᠭᠠᠲᠤ ᠬᠦᠭᠵᠢᠯᠲᠠ ᠶᠢᠨ ᠱᠠᠭᠠᠷᠳᠠᠯᠭ᠎ᠠ ᠶᠢ ᠨᠢ | ᠬᠠᠩᠭᠠᠵᠤ᠂ ᠵᠡᠮᠳᠡᠭᠴᠤᠳ ᠤᠨ ᠦᠨᠳᠦᠰᠦᠨ ᠡᠷᠬᠡ ᠶᠢ ᠦᠨᠡᠨ ᠬᠦ ᠪᠠᠲᠤᠯᠠᠵᠤ᠂ ᠵᠡᠮᠳᠡᠭᠴᠤᠳ ᠤᠨ ᠠᠮᠢᠳᠤᠷᠠᠯ ᠢ | ᠠᠯᠬᠤᠮ ᠠᠯᠬᠤᠮ ᠢᠶᠠᠷ ᠰᠠᠶᠢᠵᠢᠷᠠᠭᠤᠯᠤᠨ ᠦᠷᠭᠡᠨ ᠤᠯᠠᠨ ᠵᠡᠮᠳᠡᠭᠴᠤᠳ ᠳᠤ ᠨᠡᠩ ᠤᠯᠠᠨ ᠠᠰᠢᠭ ᠬᠦᠷᠲᠡᠭᠡᠪᠡ᠃ | ᠪᠦᠬᠦ ᠬᠤᠰᠢᠭᠤᠨ ᠤ ᠵᠡᠮᠳᠡᠭᠴᠤᠳ ᠤᠨ ᠠᠵᠢᠯ ᠤᠶᠢᠯᠡᠰ ᠯᠠᠪᠳᠠᠭᠤᠨ᠂ ᠦᠳᠲᠤᠷ ᠲᠦᠷᠬᠡᠨ᠂ ᠡᠷᠡᠬᠦᠯ ᠴᠢᠬᠢᠷᠠᠭ | ᠢᠶᠠᠷ ᠬᠦᠭᠵᠢᠵᠤ ᠪᠠᠶᠢᠨ᠎ᠠ᠃ ᠵᠡᠮᠳᠡᠭᠴᠤᠳ ᠤᠨᠴᠠᠭᠠᠢ ᠨᠡᠶᠢᠬᠡᠮ ᠤᠨ ᠪᠦᠯᠦᠭᠯᠡᠯ ᠪᠤᠯᠤᠭᠰᠠᠨ ᠤ ᠬᠤᠪᠢ ᠳᠤ᠂ ᠶᠡᠷᠤ | ᠠᠴᠠ ᠪᠠᠨ ᠨᠡᠶᠢᠬᠡᠮ ᠤᠨ ᠡᠯ᠎ᠡ ᠡᠲᠡᠭᠡᠳ ᠤᠨ ᠠᠩᠬᠠᠷᠤᠯ ᠢ ᠳᠠᠲᠠᠳᠠᠭ᠃ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠨᠡᠩ ᠴᠤ ᠦᠨᠳᠦᠷ ᠬᠡᠮᠵᠢᠶ᠎ᠡ ᠪᠠᠷ ᠵᠡᠮᠳᠡᠭᠴᠤᠳ ᠤᠨ ᠠᠵᠢᠯ ᠤᠶᠢᠯᠡᠰ ᠢ ᠴᠢᠬᠤᠯᠴᠢᠯᠠᠳᠠᠭ᠂ | ᠵᠡᠮᠳᠡᠭᠴᠤᠳ ᠤᠨ ᠠᠵᠢᠯ ᠤᠶᠢᠯᠡᠰ ᠢ ᠡᠳᠤᠷ ᠳᠤᠲᠤᠮ ᠤᠨ ᠴᠢᠬᠤᠯᠠ ᠵᠦᠪᠯᠡᠬᠦ ᠵᠤᠶᠢᠯ ᠳᠡᠭᠡᠨ ᠤᠷᠤᠭᠤᠯᠪᠠ᠃ | ᠤᠳᠤᠬᠠᠨ ᠳᠤ᠂ ᠮᠠᠨ ᠤ ᠬᠤᠰᠢᠭᠤ ᠡᠯ᠎ᠡ ᠲᠦᠷᠦᠯ ᠤᠨ ᠵᠡᠮᠳᠡᠭ ᠬᠦᠮᠦᠨ ᠤ ᠦᠨᠡᠮᠯᠡᠯ ᠲᠠᠢ ᠬᠦᠮᠦᠨ ᠨᠡᠶᠢᠲᠠ | 7311 ᠨᠡᠷᠡᠰ᠂ ᠬᠤᠲᠠ ᠪᠠᠯᠭᠠᠰᠤᠨ ᠤ 871 ᠨᠡᠷᠡᠰ᠂ ᠬᠦᠳᠡᠭᠡ ᠲᠤᠰᠬᠤᠨ ᠤ 6440 ᠨᠡᠷᠡᠰ ᠪᠠᠶᠢᠨ᠎ᠠ᠃ | ᠳᠤᠮᠳᠠᠲᠤ ᠤᠯᠤᠰ ᠤᠨ ᠵᠡᠮᠳᠡᠭᠴᠣᠳ ᠤᠨ ᠬᠤᠯᠪᠤᠭᠠᠨ ᠤ ︽2018 ᠤᠨ ᠤ ᠵᠡᠮᠳᠡᠭᠴᠤᠳ ᠤᠨ ᠦᠨᠳᠦᠰᠦᠨ | ᠤᠶᠢᠯᠡᠴᠢᠯᠡᠭᠡ ᠶᠢᠨ ᠪᠠᠶᠢᠳᠠᠯ ᠪᠤᠯᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ | ᠬᠦᠳᠡᠯᠤᠩᠭᠦᠢ ᠰᠢᠨᠡᠳᠭᠡᠯ ᠤᠨ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ︾ ᠢ ᠦᠨᠳᠦᠰᠦᠯᠡᠨ᠂ ᠵᠡᠮᠳᠡᠭᠴᠤᠳ ᠤᠨ | ᠦᠨᠳᠦᠰᠦᠨ ᠤᠶᠢᠯᠡᠴᠢᠯᠡᠭᠡ ᠶᠢᠨ ᠪᠠᠶᠢᠳᠠᠯ ᠪᠤᠯᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢᠨ ᠬᠦᠳᠡᠯᠦᠩᠭᠦᠢ ᠰᠢᠨᠡᠳᠭᠡᠯ ᠤᠨ ᠠᠵᠢᠯ ᠢ ᠪᠠᠲᠤᠲᠠᠢ ᠰᠠᠶᠢᠳᠤᠷ ᠬᠢᠬᠦ ᠶᠢᠨ ᠲᠦᠯᠦᠬᠡ᠂ ᠡᠷᠤᠬᠡ ᠳᠤ | ᠬᠦᠷᠴᠤ ᠪᠠᠶᠢᠴᠠᠭᠠᠯᠲᠠ ᠬᠢᠬᠦ᠂ ᠲᠤᠭ᠎ᠠ ᠪᠦᠷᠢᠳᠭᠡᠯ ᠴᠤᠭᠯᠠᠭᠤᠯᠬᠤ ᠵᠡᠷᠭᠡ ᠠᠷᠭ᠎ᠠ ᠪᠠᠷ ᠳᠠᠮᠵᠢᠨ᠂ ᠤᠯᠠᠮ ᠨᠢᠬᠡ | ᠠᠯᠬᠤᠮ ᠪᠦᠬᠦ ᠬᠤᠰᠢᠭᠤᠨ ᠤ ᠵᠡᠮᠳᠡᠭᠴᠤᠳ ᠤᠨ ᠦᠨᠳᠦᠰᠦᠨ ᠪᠠᠶᠢᠳᠠᠯ ᠢ ᠤᠶᠢᠯᠠᠭᠠᠵᠤ ᠠᠪᠤᠪᠠ᠂ ᠡᠨᠡ ᠨᠢ ᠤᠯᠠᠮ | ᠨᠢᠬᠡ ᠠᠯᠬᠤᠮ ᠵᠡᠮᠳᠡᠭᠴᠤᠳ ᠤᠨ ᠴᠡᠨᠡᠭᠯᠡᠬᠦ ᠠᠬᠢᠴᠠ ᠢ ᠲᠦᠷᠭᠡᠳᠭᠡᠨ ᠠᠬᠢᠭᠤᠯᠬᠤ᠂ ᠲᠦᠷᠤ ᠶᠢᠨ ᠪᠤᠳᠤᠯᠭ᠎ᠠ ᠶᠢ | ᠵᠢᠷᠤᠭᠯᠠᠨ ᠲᠦᠯᠦᠪᠯᠡᠬᠦ ᠶᠢ ᠠᠬᠢᠭᠤᠯᠬᠤ᠂ ᠵᠡᠮᠳᠡᠭᠴᠤᠳ ᠤᠨ ᠵᠤᠬᠢᠶᠠᠨ ᠪᠠᠶᠢᠭᠤᠯᠤᠯᠲᠠ ᠶᠢᠨ ᠰᠠᠭᠤᠷᠢ ᠶᠢ | ᠪᠠᠬᠢᠵᠡᠬᠦᠯᠬᠦ ᠬᠢᠷᠢ ᠬᠡᠮᠵᠢᠶ᠎ᠡ ᠶᠢ ᠳᠡᠭᠡᠭᠰᠢᠯᠡᠬᠦᠯᠭᠦ᠂ ᠴᠠᠭ ᠳᠤᠬᠠᠢ ᠳᠤᠨᠢ ᠵᠡᠮᠳᠡᠭᠴᠤᠳ ᠤᠨ ᠱᠠᠭᠠᠷᠳᠠᠯᠭ᠎ᠠ ᠶᠢ | ᠲᠤᠰᠬᠠᠬᠤ ᠳᠤ ᠴᠦᠮ ᠪᠠᠲᠤ ᠪᠠᠬᠢ ᠰᠠᠭᠤᠷᠢ ᠲᠠᠯᠪᠢᠵᠠᠢ᠃ | ᠭᠦᠲᠡᠯᠦᠭᠴᠢ᠄ ᠵᠤᠤ ᠳᠠᠷᠤᠭ᠎ᠠ᠂ ᠮᠠᠨ ᠤ ᠬᠤᠰᠢᠭᠤᠨ ᠤ ᠠᠮᠢᠳᠤᠷᠠᠯ ᠢᠶᠠᠨ ᠦᠪᠡᠷ ᠢᠶᠠᠨ ᠠᠷᠭᠠᠴᠠᠵᠤ ᠳᠡᠶᠢᠯᠬᠦ | ᠦᠬᠡᠢ ᠵᠡᠮᠳᠡᠭᠴᠤᠳ ᠲᠤ ᠠᠰᠠᠷᠠᠨ ᠰᠤᠪᠢᠯᠠᠬᠤ ᠨᠦᠬᠦᠪᠤᠷᠢ ᠪᠤᠯᠤᠨ ᠠᠮᠢᠳᠤᠷᠠᠯ ᠤᠨ ᠨᠦᠬᠦᠪᠤᠷᠢ ᠪᠠᠶᠢᠨ᠎ᠠ ᠤᠤ︖ | ᠵᠤᠤ ᠵᠢᠶᠠᠨ ᠯᠢᠨ ᠨᠦᠬᠦᠷ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ﹇ | 2018﹈ 66 ᠳ᠋ᠤᠭᠠᠷ ︽ᠬᠦᠴᠢᠷᠳᠡᠯᠲᠠᠢ ᠵᠡᠮᠳᠡᠭᠴᠤᠳ ᠤᠨ ᠠᠮᠢᠳᠤᠷᠠᠯ ᠤᠨ ᠨᠦᠬᠦᠪᠤᠷᠢ ᠪᠠ ᠬᠦᠨᠳᠤ ᠳᠡᠰ ᠤᠨ | ᠵᠡᠮᠳᠡᠭ ᠬᠦᠮᠦᠨ ᠢ ᠠᠰᠠᠷᠠᠨ ᠰᠤᠪᠢᠯᠠᠬᠤ ᠨᠦᠬᠦᠷᠢ ᠤᠯᠭᠤᠬᠤ ᠳᠦᠷᠢᠮ ᠢ ᠬᠡᠷᠡᠭᠵᠢᠬᠦᠯᠬᠦ ᠵᠢᠷᠤᠮᠵᠢᠭᠰᠠᠨ ᠮᠡᠳᠡᠭᠳᠡᠯ︾ | ᠢ ᠦᠨᠳᠦᠰᠦᠯᠡᠵᠤ᠂ ᠠᠯᠢᠪᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠤᠬᠡ ᠠᠮᠠ ᠲᠠᠢ ᠬᠦᠨᠳᠤ ᠳᠡᠰ | ᠤᠨ ᠵᠡᠮᠳᠡᠭᠴᠤᠳ ︵ᠦᠶ᠎ᠡ ᠮᠦᠴᠢ᠂ ᠤᠢ ᠤᠬᠠᠭᠠᠨ᠂ ᠤᠶᠤᠨ ᠮᠡᠳᠡᠷᠡᠯ᠂ ᠨᠢᠳᠤᠨ ᠤ ᠬᠠᠷᠠᠭ᠎ᠠ᠂ ᠰᠤᠨᠤᠰᠬᠤ | ᠮᠡᠳᠡᠷᠡᠯ᠂ ᠦᠬᠡ ᠬᠡᠯᠡ ᠤᠯᠠᠨ ᠳᠠᠪᠬᠤᠷᠳᠠᠵᠤ ᠪᠠᠶᠢᠭ᠎ᠠ ᠨᠢᠬᠡᠳᠤᠬᠡᠷ ᠳᠡᠰ᠂ ᠬᠤᠶᠠᠳᠤᠭᠠᠷ ᠳᠡᠰ ᠤᠨ ᠵᠡᠮᠳᠡᠭ ᠬᠦᠮᠦᠨ | ︶᠂ ︽ᠵᠡᠮᠳᠡᠭᠴᠤᠳ ᠤᠨ ︽ᠬᠤᠶᠠᠷ ᠲᠦᠷᠦᠯ︾ ᠤᠨ ᠨᠦᠬᠦᠪᠤᠷᠢ ᠶᠢ ᠭᠤᠶᠤᠴᠢᠯᠠᠬᠤ ᠵᠦᠪᠰᠢᠶᠡᠷᠡᠯ ᠤᠨ | ᠬᠦᠰᠦᠨᠤᠭ᠍ᠲᠤ︾ ᠶᠢ ᠲᠠᠭᠯᠠᠵᠤ ᠪᠡᠶ᠎ᠡ ᠶᠢᠨ ᠦᠨᠡᠮᠯᠡᠯ ᠪᠤᠯᠤᠨ ᠡᠷᠤᠬᠡ ᠠᠮᠠ ᠶᠢᠨ ᠳᠡᠪᠲᠡᠷ᠂ ᠬᠤᠶᠠᠳᠤᠭᠠᠷ ᠦᠶ᠎ᠡ | ᠶᠢᠨ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠤᠨ ᠬᠠᠭᠤᠯᠪᠤᠷᠢ | ᠮᠠᠲ᠋ᠧᠷᠢᠶᠠᠯ ᠬᠤᠶᠠᠷ ᠬᠤᠪᠢ ᠳᠤᠰᠢᠶᠠᠨ᠎ᠠ᠂ ᠭᠠᠴᠠᠭᠠᠨ ᠤ ᠵᠦᠪᠯᠡᠯ ᠭᠤᠶᠤᠴᠢᠯᠠᠬᠤ ᠬᠦᠮᠦᠨ ᠤ ᠪᠤᠳᠠᠲᠠᠢ ᠪᠠᠶᠢᠳᠠᠯ | ᠳᠤ ᠬᠢᠨᠠᠨ ᠮᠠᠭᠠᠳᠯᠠᠯᠲᠠ ᠬᠢᠵᠤ᠂ ᠬᠢᠷᠢ ᠳᠡᠩᠴᠡᠭᠰᠡᠨ ᠭᠤᠶᠤᠴᠢᠯᠠᠬᠤ ᠬᠦᠮᠦᠨ ᠤ ᠬᠠᠮᠢᠶ᠎ᠠ ᠪᠦᠬᠦᠢ ᠮᠠᠲ᠋ᠧᠷᠢᠶᠠᠯ ᠢ | ᠰᠤᠮᠤ᠂ ᠰᠢᠶᠡᠩ ᠪᠠᠯᠭᠠᠰᠤᠨ ᠳᠤ ᠬᠦᠷᠭᠡᠵᠣ ᠠᠩᠬᠠᠨ ᠤ ᠬᠢᠨᠠᠯᠲᠠ ᠬᠢᠨ᠎ᠠ᠃ ᠰᠤᠮᠤ ᠰᠢᠶᠡᠩ ᠪᠠᠯᠭᠠᠰᠤ ᠠᠩᠬᠠᠨ ᠤ | ᠬᠢᠨᠠᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠬᠤᠰᠢᠭᠤᠨ ᠤ ᠵᠡᠮᠳᠡᠭᠴᠤᠳ ᠤᠨ ᠬᠤᠯᠪᠤᠭᠠᠨ ᠳᠤ ᠬᠦᠷᠭᠡᠨ᠎ᠡ᠂ | ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠭᠤᠶᠤᠴᠢᠯᠠᠬᠤ ᠬᠦᠮᠦᠨ ᠤ ᠮᠠᠲ᠋ᠧᠷᠢᠶᠠᠯ ᠢ ᠬᠢᠨᠠᠨ ᠲᠤᠭᠲᠠᠭᠠᠭᠰᠠᠨ ᠤ | ᠰᠡᠬᠦᠯᠡᠷ ᠢᠷᠬᠡᠨ ᠤ ᠬᠡᠷᠡᠭ ᠤᠨ ᠲᠤᠪᠴᠢᠶᠠᠨ ᠳᠤ ᠬᠦᠷᠭᠡᠵᠤ᠂ ᠢᠷᠭᠡᠨ ᠤ ᠭᠡᠷᠡᠭ ᠤᠨ ᠲᠤᠪᠴᠢᠶ᠎ᠠ ᠲᠦᠷᠤ ᠶᠢᠨ | ᠪᠤᠳᠤᠯᠭ᠎ᠠ ᠶᠢ ᠦᠨᠳᠦᠰᠦᠯᠡᠨ ᠨᠦᠬᠦᠪᠤᠷᠢ ᠦᠭᠬᠦ ᠪᠠᠶᠢᠳᠠᠯ ᠳᠤ ᠲᠡᠩᠴᠡᠬᠦ ᠵᠡᠮᠳᠡᠭᠴᠤᠳ ᠳᠤ ᠬᠢᠨ᠎ᠠ ᠬᠠᠷᠭᠤᠯᠲᠠ | ᠬᠢᠭᠰᠡᠨ ᠤ ᠰᠡᠬᠦᠯᠡᠷ ᠨᠦᠬᠦᠪᠤᠷᠢ ᠲᠠᠷᠬᠠᠨ᠎ᠠ᠃ ᠪᠠᠷᠢᠮᠵᠢᠶ᠎ᠠ ᠨᠢ᠄ ᠠᠮᠢᠳᠤᠷᠠᠯ ᠤᠨ ᠨᠦᠬᠦᠪᠤᠷᠢ ᠨᠢᠬᠡ ᠬᠦᠮᠦᠨ ᠨᠢᠬᠡ | ᠵᠢᠯ ᠳᠤ 960 ᠲᠦᠬᠦᠷᠢᠭ᠂ ᠠᠰᠠᠷᠠᠨ ᠰᠤᠪᠢᠯᠠᠬᠤ ᠨᠦᠬᠦᠪᠤᠷᠢ ᠨᠢ ᠨᠢᠬᠡ ᠬᠦᠮᠦᠨ ᠨᠢᠬᠡ ᠵᠢᠯ ᠳᠤ 960 | ᠲᠦᠬᠦᠷᠢᠭ᠃ | ᠬᠦᠲᠦᠯᠦᠭᠴᠢ᠄ ᠵᠤᠤ ᠳᠠᠷᠤᠭ᠎ᠠ ᠡ᠂ ᠵᠡᠮᠳᠡᠭᠴᠤᠳ ᠬᠡᠷᠡᠭᠯᠡᠬᠡᠨ ᠤ ᠮᠡᠷᠬᠡᠵᠢᠯ ᠰᠤᠷᠤᠯᠴᠠᠬᠤ ᠳᠤ ᠦᠨ᠎ᠡ | ᠲᠦᠯᠦᠪᠤᠷᠢ ᠦᠬᠡᠢ ᠪᠠᠷ ᠰᠤᠷᠤᠯᠴᠠᠵᠤ ᠪᠤᠯᠤᠨ᠎ᠠ ᠤᠤ︖ ᠬᠤᠶᠢᠲᠤ ᠬᠤᠰᠢᠭᠤᠨ ᠤ ᠬᠠᠮᠢᠭ᠎ᠠ ᠬᠡᠷᠡᠭᠯᠡᠬᠡᠨ ᠤ | ᠮᠡᠷᠭᠡᠵᠢᠯ ᠴᠢᠳᠠᠪᠤᠷᠢ ᠰᠤᠷᠴᠤ ᠪᠤᠯᠬᠤ ᠪᠤᠢ︖ | ᠵᠤᠤ ᠵᠢᠶᠠᠨ ᠯᠢᠨ ᠨᠦᠬᠦᠷ᠄ ᠬᠤᠶᠢᠲᠤ ᠬᠤᠰᠢᠭᠤᠨ ᠤ ᠡᠷᠤᠬᠡ ᠠᠮᠠ ᠲᠠᠢ᠂ ᠬᠤᠶᠠᠳᠤᠭᠠᠷ ᠦᠶ᠎ᠡ ᠶᠢᠨ ︽ | ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠲᠠᠢ ᠵᠡᠮᠳᠡᠭᠴᠤᠳ ᠵᠡᠮᠳᠡᠭ | ᠬᠦᠮᠦᠨ ᠤ ᠦᠨᠡᠮᠯᠡᠯ ᠢᠶᠠᠨ ᠠᠪᠴᠤ ᠬᠤᠰᠢᠭᠤᠨ ᠤ ᠵᠡᠮᠳᠡᠭᠴᠤᠳ ᠤᠨ ᠬᠤᠯᠪᠤᠭᠠᠨ ᠠᠴᠠ ᠭᠤᠶᠤᠴᠢᠯᠠᠨ᠎ᠠ᠂ | ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠳᠡᠭᠡᠲᠤ ᠱᠠᠲᠤᠨ ᠤ ᠲᠤᠷᠤᠭᠰᠢ ᠲᠠᠷᠬᠠᠭᠰᠠᠨ ᠬᠠᠷᠢᠭᠤᠴᠠᠯᠭ᠎ᠠ ᠶᠢᠨ | ᠲᠤᠭ᠎ᠠ ᠪᠠᠷ ᠱᠠᠭᠠᠷᠳᠠᠯᠭ᠎ᠠ ᠲᠠᠢ ᠵᠡᠮᠳᠡᠭᠴᠤᠳ ᠳᠤ ᠦᠨ᠎ᠡ ᠲᠦᠯᠦᠪᠤᠷᠢ ᠦᠬᠡᠢ ᠪᠠᠷ ᠬᠡᠷᠡᠭᠯᠡᠭᠡᠨ ᠤ ᠮᠡᠷᠭᠡᠵᠢᠯ | ᠴᠢᠳᠠᠪᠤᠷᠢ ᠶᠢᠨ ᠪᠤᠯᠪᠠᠰᠤᠷᠠᠯ ᠬᠢᠨ᠎ᠡ᠂ ︵ᠲᠠᠷᠢᠬᠤ ᠤᠶᠢᠯᠡᠰ᠂ ᠮᠠᠯᠵᠢᠬᠤ ᠤᠶᠢᠯᠡᠰ᠂ ᠭᠠᠷ ᠤᠷᠠᠯᠠᠯ᠂ ᠤᠶᠤᠳᠠᠯ | ᠵᠡᠷᠭᠡ ᠪᠠᠭᠲᠠᠨ᠎ᠠ︶᠃ | ᠬᠦᠲᠦᠯᠦᠭᠴᠢ᠄ ᠵᠡᠮᠳᠡᠭᠴᠤᠳ ᠤᠨ ᠤᠶᠤᠲᠠᠨ ᠤ ᠨᠦᠬᠦᠪᠤᠷᠢ ᠶᠢ ᠬᠡᠷᠬᠢᠨ ᠭᠤᠶᠤᠴᠢᠯᠠᠬᠤ ᠪᠤᠢ︖ | ᠵᠤᠤ ᠵᠢᠶᠠᠨ ᠯᠢᠨ ᠨᠦᠬᠦᠷ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠤᠬᠡ ᠠᠮᠠ ᠲᠠᠢ ᠵᠡᠮᠳᠡᠭ | ᠤᠶᠤᠲᠠᠨ᠂ ᠡᠯᠰᠡᠭᠳᠡᠭᠰᠡᠨ ᠮᠡᠳᠡᠭᠳᠡᠯ ᠤᠨ ᠪᠢᠴᠢᠭ ᠢᠶᠠᠨ ᠤᠯᠤᠭᠰᠠᠨ ᠤ ᠰᠡᠬᠦᠯᠡᠷ᠂ ᠡᠯᠰᠡᠭᠳᠡᠭᠰᠡᠨ ᠮᠡᠳᠡᠭᠳᠡᠯ ᠤᠨ | ᠪᠢᠴᠢᠭ᠂ ᠬᠤᠪᠢ ᠬᠦᠮᠦᠨ ᠤ ᠭᠤᠶᠤᠴᠢᠯᠠᠬᠤ ᠪᠢᠴᠢᠭ᠂ ᠵᠡᠮᠳᠡᠭ ᠬᠦᠮᠦᠨ ᠤ ᠦᠨᠡᠮᠯᠡᠯ᠂ ᠪᠡᠶ᠎ᠡ ᠶᠢᠨ ᠦᠨᠡᠮᠯᠡᠯ | ᠪᠤᠯᠤᠨ ᠡᠷᠤᠬᠡ ᠠᠮᠠ ᠶᠢᠨ ᠳᠠᠩᠰᠠ ᠪᠤᠯᠤᠨ ᠬᠠᠭᠤᠯᠪᠤᠷᠢ ᠪᠢᠴᠢᠭ ᠢᠶᠠᠨ ᠠᠪᠴᠤ ᠬᠤᠰᠢᠭᠤᠨ ᠤ ᠵᠡᠮᠳᠡᠭᠴᠤᠳ ᠤᠨ | ᠬᠤᠯᠪᠤᠭᠠᠨ ᠳᠤ ᠬᠦᠷᠴᠤ ᠭᠤᠶᠤᠴᠢᠯᠠᠨ᠎ᠠ᠃ ᠨᠢᠬᠡ ᠤᠳᠠᠭ᠎ᠠ ᠶᠢᠨ ᠴᠢᠨᠠᠷᠲᠠᠢ ᠪᠠᠷ ᠠᠪᠤᠷᠠᠨ ᠳᠤᠰᠠᠯᠠᠨ᠎ᠠ᠃ ᠵᠢᠩᠭᠢᠨᠢ | ᠠᠩᠭᠢ 2000 ᠲᠦᠬᠦᠷᠢᠭ᠃ | ᠬᠦᠲᠦᠯᠦᠭᠴᠢ᠄ ᠵᠡᠮᠳᠡᠭᠴᠤᠳ ᠪᠡᠶ᠎ᠡ ᠪᠠᠨ ᠳᠠᠭᠠᠭᠠᠨ ᠤᠶᠢᠯᠡᠰ ᠪᠤᠰᠬᠠᠬᠤ ᠳᠤ ᠨᠦᠬᠦᠪᠤᠷᠢ ᠪᠠᠶᠢᠨ᠎ᠠ ᠤᠤ︖ | ᠵᠤᠤ ᠵᠢᠶᠡᠨ ᠯᠢᠨ᠄ ᠲᠤᠰ ᠬᠦᠮᠦᠨ ᠬᠠᠷᠢᠶᠠᠲᠤ ᠤᠷᠤᠨ ᠤ ᠪᠠᠨ ᠵᠡᠮᠳᠡᠭᠴᠤᠳ ᠤᠨ ᠬᠤᠯᠪᠤᠭᠠᠨ ᠳᠤ | ᠭᠤᠶᠤᠴᠢᠯᠠᠨ ᠮᠡᠳᠡᠭᠦᠯᠦᠨ᠎ᠡ᠂ ᠭᠤᠶᠤᠴᠢᠯᠠᠨ ᠮᠡᠳᠡᠬᠦᠯᠬᠦ ᠬᠦᠰᠦᠨᠤᠭ᠍ᠲᠤ ᠶᠢ ᠲᠠᠭᠯᠠᠵᠤ᠂ ᠵᠡᠮᠳᠡᠭ ᠬᠦᠮᠦᠨ ᠤ ᠦᠨᠡᠮᠯᠡᠯ | ᠂ ᠡᠵᠡᠩᠨᠡᠯᠲᠠ ᠶᠢᠨ ᠦᠨᠡᠮᠯᠡᠯ ᠵᠢᠴᠢ ᠡᠵᠡᠩᠨᠡᠵᠤ ᠪᠠᠶᠢᠭ᠎ᠠ ᠵᠤᠶᠢᠯᠡᠰ᠂ ᠡᠵᠡᠩᠨᠡᠯᠲᠠ ᠶᠢᠨ ᠭᠠᠵᠠᠷ ᠤᠨ ᠨᠢᠬᠡ | ᠬᠠᠭᠤᠳᠠᠰᠤ ᠰᠡᠬᠦᠳᠡᠷ ᠪᠠᠨ ᠠᠪᠴᠤ ᠬᠠᠷᠢᠶᠠᠲᠤ ᠤᠷᠤᠨ ᠤ ᠵᠡᠮᠳᠡᠭᠴᠤᠳ ᠤᠨ ᠬᠤᠯᠪᠤᠭᠠᠨ ᠳᠤ ᠪᠠᠨ ᠤᠴᠢᠵᠤ | ᠳᠤᠰᠢᠶᠠᠨ᠎ᠠ᠂ ᠬᠠᠷᠢᠶᠠᠲᠤ ᠤᠷᠤᠨ ᠤ ᠵᠡᠮᠳᠡᠭᠴᠤᠳ ᠤᠨ ᠬᠤᠯᠪᠤᠭ᠎ᠠ ᠬᠢᠨᠠᠨ ᠮᠠᠭᠠᠳᠯᠠᠭᠰᠠᠨ ᠤ ᠰᠡᠬᠦᠯᠡᠷ ᠬᠤᠲᠠ ᠶᠢᠨ | ᠵᠡᠮᠳᠡᠭᠴᠤᠳ ᠤᠨ ᠠᠵᠢᠯ ᠤᠯᠭᠤᠬᠤ ᠤᠶᠢᠯᠡᠴᠢᠯᠡᠭᠡᠨ ᠤ ᠲᠦᠪ ᠲᠤ ᠮᠡᠳᠡᠬᠦᠯᠦᠨ᠎ᠡ᠂ ᠲᠦᠷᠤ ᠶᠢᠨ ᠪᠤᠳᠤᠯᠭ᠎ᠠ ᠪᠤᠯᠤᠨ | ᠠᠵᠢᠯ ᠤᠯᠭᠤᠬᠤ ᠵᠡᠮᠳᠡᠭᠴᠤᠳ ᠤᠨ ᠬᠦᠮᠦᠨ ᠤ ᠲᠤᠭ᠎ᠠ ᠶᠢ ᠦᠨᠳᠦᠰᠦᠯᠡᠵᠤ ᠨᠦᠬᠦᠪᠤᠷᠢ ᠦᠭᠬᠦᠨ᠎ᠡ᠃ | ᠬᠦᠲᠦᠯᠦᠭᠴᠢ᠄ ᠵᠤᠤ ᠳᠠᠷᠤᠭ᠎ᠠ ᠡ᠂ ᠵᠡᠮᠳᠡᠭᠴᠤᠳ ᠳᠤ ᠤᠨᠢᠨ ᠳᠡᠭᠡᠷ᠎ᠡ ᠨᠢ ᠡᠷᠡᠬᠦᠯᠵᠢᠬᠦᠯᠬᠦ ᠤᠶᠢᠯᠡᠴᠢᠯᠡᠬᠡᠨ ᠤ | ᠲᠠᠯ᠎ᠠ ᠪᠠᠷ ᠶᠠᠮᠠᠷ ᠤᠶᠢᠯᠡᠴᠢᠯᠡᠭᠡ ᠪᠠᠶᠢᠬᠤ ᠪᠤᠢ︖ | ᠵᠤᠤ ᠵᠢᠶᠡᠨ ᠯᠢᠨ ᠨᠦᠬᠦᠷ᠄ 1. ᠳᠤᠰᠠᠯᠠᠬᠤ ᠪᠠᠭᠠᠵᠢ ᠬᠡᠷᠡᠭᠰᠡᠯ ᠢ ᠵᠤᠬᠢᠰᠲᠠᠢ ᠳᠤᠬᠢᠷᠠᠭᠤᠯᠤᠨ ᠳᠠᠷᠬᠠᠬᠤ᠂ ︵1︶ | ᠰᠤᠮᠤ ᠰᠢᠶᠡᠩ ᠪᠠᠯᠭᠠᠰᠤᠨ ᠤ ᠵᠡᠮᠳᠡᠭᠴᠤᠳ ᠤᠨ ᠬᠤᠯᠪᠤᠭ᠎ᠠ ᠵᠡᠮᠳᠡᠭ ᠬᠦᠮᠦᠨ ᠤ ᠱᠠᠭᠠᠷᠳᠠᠯᠭ᠎ᠠ ᠶᠢ ᠦᠨᠳᠦᠰᠦᠯᠡᠨ | ᠳᠤᠰᠠᠯᠠᠬᠤ ᠪᠠᠭᠠᠵᠢ ᠬᠡᠷᠡᠭᠰᠡᠯ ᠤᠨ ᠲᠤᠭ᠎ᠠ ᠶᠢ ᠪᠦᠷᠢᠳᠭᠡᠨ ᠳᠡᠭᠡᠭᠰᠢ ᠮᠡᠳᠡᠭᠦᠯᠦᠨ᠎ᠡ᠃ ︵2︶ ᠬᠤᠰᠢᠭᠤᠨ ᠤ | ᠵᠡᠮᠳᠡᠭᠴᠤᠳ ᠤᠨ ᠬᠤᠯᠪᠤᠭ᠎ᠠ ᠮᠡᠳᠡᠬᠦᠯᠵᠤ ᠢᠷᠡᠭᠰᠡᠨ ᠳᠤᠰᠠᠯᠠᠬᠤ ᠪᠠᠭᠠᠵᠢ ᠬᠡᠷᠡᠭᠰᠡᠯ ᠤᠨ ᠭᠠᠷᠴᠠᠭ ᠢ ᠦᠨᠳᠦᠰᠦᠯᠡᠵᠤ | ᠨᠢᠬᠡᠳᠤᠯᠲᠠᠢ ᠬᠤᠳᠠᠯᠳᠤᠨ ᠠᠪᠬᠤ ᠶᠢᠨ ᠬᠠᠮᠲᠤ ᠰᠣᠮᠣ ᠰᠢᠶᠡᠩ ᠪᠠᠯᠭᠠᠰᠤᠨ ᠤ ᠵᠡᠮᠳᠡᠭᠴᠤᠳ ᠤᠨ ᠬᠤᠯᠪᠤᠭᠠᠨ ᠳᠤ | ᠲᠠᠷᠬᠠᠨ ᠦᠭᠭᠦᠨ᠎ᠡ᠂ ᠰᠤᠮᠤ ᠰᠢᠶᠡᠩ ᠪᠠᠯᠭᠠᠰᠤᠨ ᠤ ᠵᠡᠮᠳᠡᠭᠴᠤᠳ ᠤᠨ ᠬᠤᠯᠪᠤᠭ᠎ᠠ ᠳᠠᠬᠢᠨ ᠵᠡᠮᠳᠡᠭᠴᠤᠳ ᠤᠨ ᠭᠠᠷ | ᠲᠤ ᠲᠠᠷᠬᠠᠵᠤ ᠦᠭᠬᠦᠨ᠎ᠡ᠃ ︵3︶ ᠵᠡᠮᠳᠡᠭᠴᠤᠳ ᠲᠤᠰᠠᠯᠠᠬᠤ ᠪᠠᠭᠠᠵᠢ ᠬᠡᠷᠡᠭᠰᠡᠯ ᠢ ᠭᠤᠶᠤᠴᠢᠯᠠᠨ ᠠᠪᠬᠤ ᠳᠤ ᠵᠡᠮᠳᠡᠭ | ᠬᠦᠮᠦᠨ ᠤ ᠦᠨᠡᠮᠯᠡᠯ᠂ ᠪᠡᠶ᠎ᠡ ᠶᠢᠨ ᠦᠨᠡᠮᠯᠡᠯ᠂ ᠬᠤᠪᠢ ᠬᠦᠮᠦᠨ ᠤ ᠭᠤᠶᠤᠴᠢᠯᠡᠯ ᠤᠨ ᠪᠢᠴᠢᠭ ᠢᠶᠠᠨ ᠠᠪᠬᠤ | ᠬᠡᠷᠡᠭᠲᠠᠢ᠃ 2. ᠬᠢᠮᠡᠯ ᠮᠦᠴᠢ ᠤᠭᠰᠠᠷᠠᠬᠤ᠂ ︵1︶ ᠰᠤᠮᠤ ᠰᠢᠶᠡᠩ ᠪᠠᠯᠭᠠᠰᠤᠨ ᠤ ᠵᠡᠮᠳᠡᠭᠴᠤᠳ ᠤᠨ ᠬᠤᠯᠪᠤᠭᠠᠨ | ᠠᠴᠠ ᠬᠢᠮᠡᠯ ᠮᠦᠴᠢ ᠶᠢᠨ ᠱᠠᠭᠠᠷᠳᠠᠬᠤ ᠲᠤᠭ᠎ᠠ ᠶᠢ ᠪᠦᠷᠢᠳᠭᠡᠨ ᠳᠡᠭᠡᠭᠰᠢ ᠮᠡᠳᠡᠬᠦᠯᠦᠨ᠎ᠡ᠃ ︵2︶ ᠬᠤᠰᠢᠭᠤᠨ ᠤ | ᠵᠡᠮᠳᠡᠭᠴᠤᠳ ᠤᠨ ᠬᠤᠯᠪᠤᠭᠠᠨ ᠠᠴᠠ ᠪᠦᠷᠢᠳᠭᠡᠨ ᠪᠠᠷᠠᠭᠰᠠᠨ ᠤ ᠰᠡᠬᠦᠯᠡᠷ ᠬᠤᠲᠠ ᠶᠢᠨ ᠵᠡᠮᠳᠡᠭᠴᠤᠳ ᠤᠨ | ᠬᠤᠯᠪᠤᠭᠠᠨ ᠤ ᠲᠤᠰᠠᠯᠠᠬᠤ ᠪᠠᠭᠠᠵᠢ ᠬᠡᠷᠡᠭᠰᠡᠯ ᠤᠨ ᠲᠦᠪ ᠳᠤ ᠮᠡᠳᠡᠬᠦᠯᠵᠤ᠂ ᠬᠤᠲᠠ ᠶᠢᠨ ᠵᠡᠮᠳᠡᠭᠴᠤᠳ ᠤᠨ | ᠬᠤᠯᠪᠤᠭᠠᠨ ᠤ ᠲᠤᠰᠠᠯᠠᠬᠤ ᠪᠠᠭᠠᠵᠢ ᠬᠡᠷᠡᠭᠰᠡᠯ ᠤᠨ ᠲᠦᠪ ᠬᠢᠨᠠᠨ ᠮᠠᠭᠠᠳᠯᠠᠭᠰᠠᠨ ᠤ ᠰᠡᠬᠦᠯᠡᠷ ᠨᠢᠬᠡᠳᠤᠯᠲᠠᠢ ᠬᠢᠮᠡᠯ | ᠮᠦᠴᠢ ᠤᠭᠰᠠᠷᠠᠨ ᠬᠤᠳᠠᠯᠳᠤᠬᠤ ᠲᠦᠪ ᠳᠤ ᠬᠦᠷᠴᠤ ᠬᠤᠳᠠᠯᠳᠤᠨ ᠠᠪᠴᠤ ᠤᠭᠰᠠᠷᠠᠨ᠎ᠠ᠃ 3. 0 — 8 ᠨᠠᠰᠤᠨ | ᠤ ᠳᠠᠷᠢᠬᠢᠨ ᠤ ᠰᠠ᠂ ᠤᠬᠠᠭᠠᠨ ᠮᠠᠭᠤᠲᠠᠢ ᠬᠡᠤᠬᠡᠳ ᠤᠨ ᠡᠷᠡᠬᠦᠯᠵᠢᠯ ᠤᠨ ᠤᠶᠢᠯᠡᠴᠢᠯᠡᠭᠡ᠃ ︵1︶ ᠰᠤᠮᠤ ᠰᠢᠶᠡᠩ | ᠪᠠᠯᠭᠠᠰᠤᠨ ᠤ ᠵᠡᠮᠳᠡᠭᠴᠤᠳ ᠤᠨ ᠬᠤᠯᠪᠤᠭᠠᠨ ᠠᠴᠠ ᠰᠢᠨᠰᠢᠵᠤ ᠪᠠᠶᠢᠴᠠᠭᠠᠭᠰᠠᠨ ᠤ ᠰᠡᠬᠦᠯᠡᠷ ᠬᠤᠰᠢᠭᠤᠨ ᠤ | ᠵᠡᠮᠳᠡᠭᠴᠤᠳ ᠤᠨ ᠬᠤᠯᠪᠤᠭᠠᠨ ᠳᠤ ᠮᠡᠳᠡᠬᠦᠯᠦᠨ᠎ᠡ᠃ ︵2︶ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠬᠢᠨᠠᠨ | ᠪᠠᠶᠢᠴᠠᠭᠠᠭᠰᠠᠨ ᠤ ᠰᠡᠬᠦᠯᠡᠷ᠂ ᠱᠠᠭᠠᠷᠳᠠᠯᠭ᠎ᠠ ᠳᠤ ᠨᠡᠶᠢᠴᠡᠭᠰᠡᠨ ᠵᠡᠮᠳᠡᠭ ᠬᠡᠤᠬᠡᠳ ᠢ ᠲᠤᠭᠲᠠᠭᠰᠠᠨ ᠡᠷᠡᠬᠦᠯᠵᠢᠯ ᠤᠨ | ᠭᠠᠵᠠᠷ ᠲᠤ ᠠᠪᠠᠴᠢᠵᠤ ᠡᠷᠡᠬᠦᠯᠵᠢᠯ ᠤᠨ ᠡᠮᠴᠢᠯᠡᠭᠡ ᠬᠢᠨ᠎ᠡ᠃ 4. 0 —14 ᠨᠠᠤᠰᠨ ᠤ ᠬᠢᠮᠡᠯ ᠴᠢᠬᠢᠨ ᠤ | ᠳᠦᠰᠦᠯ᠃ ︵1︶ ᠰᠤᠮᠤ ᠰᠢᠶᠡᠩ ᠪᠠᠯᠭᠠᠰᠤᠨ ᠤ ᠵᠡᠮᠳᠡᠭᠴᠤᠳ ᠤᠨ ᠬᠤᠯᠪᠤᠭᠠᠨ ᠠᠴᠠ ᠰᠢᠨᠰᠢᠵᠤ ᠪᠠᠶᠢᠴᠠᠭᠠᠭᠰᠠᠨ ᠤ | ᠰᠡᠬᠦᠯᠡᠷ ᠬᠤᠰᠢᠭᠤᠨ ᠤ ᠵᠡᠮᠳᠡᠭᠴᠤᠳ ᠤᠨ ᠬᠤᠯᠪᠤᠭᠠᠨ ᠳᠤ ᠮᠡᠳᠡᠬᠦᠯᠦᠨ᠎ᠡ᠃ ︵2︶ ᠬᠤᠰᠢᠭᠤᠨ ᠤ ᠵᠡᠮᠳᠡᠭᠴᠤᠳ | ᠤᠨ ᠬᠤᠯᠪᠤᠭ᠎ᠠ ᠬᠢᠨᠠᠨ ᠮᠠᠭᠠᠳᠯᠠᠭᠰᠠᠨ ᠤ ᠰᠡᠬᠦᠯᠡᠷ ᠬᠤᠲᠠ ᠶᠢᠨ ᠵᠡᠮᠳᠡᠭᠴᠤᠳ ᠤᠨ ᠬᠤᠯᠪᠤᠭᠠᠨ ᠳᠤ ᠮᠡᠳᠡᠬᠦᠯᠦᠨ᠎ᠡ᠂ | ᠬᠤᠲᠠ ᠶᠢᠨ ᠵᠡᠮᠳᠡᠭᠴᠤᠳ ᠤᠨ ᠬᠤᠯᠪᠤᠭ᠎ᠠ ᠪᠠᠶᠢᠴᠠᠭᠠᠭᠰᠠᠨ ᠤ ᠰᠡᠬᠦᠯᠡᠷ ᠮᠡᠰᠡ ᠵᠠᠰᠠᠯ ᠳᠤᠬᠢᠷᠠᠭᠤᠯᠤᠨ᠎ᠠ᠂ ᠮᠡᠰᠡ | ᠵᠠᠰᠠᠯ ᠬᠢᠬᠦ ᠵᠠᠷᠤᠳᠠᠯ ᠰᠤᠶᠢᠳᠭᠡᠯ ᠢ ᠴᠦᠮ ᠳᠡᠭᠡᠲᠤ ᠱᠠᠲᠤᠨ ᠤ ᠵᠡᠮᠳᠡᠭᠴᠤᠳ ᠤᠨ ᠬᠤᠯᠪᠤᠭᠠᠨ ᠠᠴᠠ ᠨᠦᠬᠦᠪᠤᠷᠢ | ᠦᠭᠬᠦᠨ᠎ᠡ᠃ | ᠬᠦᠲᠦᠯᠦᠭᠴᠢ᠄ ᠵᠤᠤ ᠳᠠᠷᠤᠭ᠎ᠠ ᠡ᠂ ᠮᠠᠨ ᠤ ᠬᠤᠰᠢᠭᠤᠨ ᠤ ᠵᠡᠮᠳᠡᠭ ᠬᠦᠮᠦᠨ ᠶᠠᠭᠠᠬᠢᠵᠤ ᠵᠡᠮᠳᠡᠭ ᠬᠦᠮᠦᠨ ᠤ | ᠦᠨᠡᠮᠯᠡᠯ ᠢ ᠤᠯᠬᠤ ᠪᠤᠢ︖ | ᠵᠤᠤ ᠵᠢᠶᠡᠨ ᠯᠢᠨ ᠨᠦᠬᠦᠷ᠄ ᠦᠨ᠎ᠡ ᠲᠦᠯᠦᠪᠤᠷᠢ ᠦᠭᠡᠢ ᠪᠠᠷ ᠵᠡᠮᠳᠡᠭ ᠬᠦᠮᠦᠨ ᠤ ᠦᠨᠡᠮᠯᠡᠯ ᠢ ᠤᠯᠬᠤ ᠴᠤᠪᠤᠷᠠᠯ | ᠄ 1. ᠭᠤᠶᠤᠴᠢᠯᠠᠬᠤ᠄ ᠵᠡᠮᠳᠡᠭ ᠬᠦᠮᠦᠨ ᠤ ᠦᠨᠡᠮᠯᠡᠯ ᠭᠤᠶᠤᠴᠢᠯᠠᠬᠤ ᠬᠦᠮᠦᠨ ᠲᠤᠰ ᠬᠦᠮᠦᠨ ᠤ ᠪᠡᠶ᠎ᠡ ᠶᠢᠨ | ᠦᠨᠡᠮᠯᠡᠯ᠂ ᠡᠷᠤᠬᠡ ᠠᠮᠠ ᠶᠢᠨ ᠳᠡᠪᠲᠡᠷ ᠪᠤᠯᠤᠨ 4 ᠬᠠᠭᠤᠳᠠᠰᠤ 2 ᠢᠮᠠᠬᠤ ᠶᠢᠨ ᠭᠡᠷᠡᠯ ᠵᠢᠷᠤᠭ ᠢ ᠵᠡᠮᠳᠡᠭᠴᠤᠳ ᠤᠨ | ᠬᠤᠯᠪᠤᠭᠠᠨ ᠳᠤ ᠳᠤᠰᠢᠶᠡᠵᠤ ᠭᠤᠶᠤᠴᠢᠯᠠᠯ ᠬᠢᠨ᠎ᠡ᠂ ᠭᠤᠶᠤᠴᠢᠯᠠᠯ ᠤᠨ ᠬᠦᠰᠤᠨᠤᠭ᠍ᠲᠤ᠂ ᠮᠠᠭᠠᠳᠯᠠᠨ ᠲᠤᠭᠲᠠᠭᠠᠬᠤ | ᠬᠦᠰᠦᠨᠤᠭ᠍ᠲᠤ ᠶᠢ ᠲᠤᠰᠪᠤᠷᠢ ᠨᠢᠬᠡ ᠬᠤᠪᠢ ᠲᠠᠭᠯᠠᠨ᠎ᠠ᠂ ᠦᠨᠡᠨ ᠪᠤᠳᠠᠲᠠᠢ ᠪᠠᠷ ᠬᠠᠮᠢᠶ᠎ᠠ ᠪᠦᠬᠦᠢ ᠰᠤᠷᠠᠭ ᠵᠠᠩᠭᠢ ᠪᠠᠨ | ᠲᠠᠭᠯᠠᠬᠤ ᠬᠡᠷᠡᠭᠲᠠᠢ᠃ 2. ᠬᠢᠨᠠᠨ ᠲᠤᠭᠲᠠᠭᠠᠬᠤ᠂ ᠮᠡᠳᠡᠭᠡ ᠵᠠᠩᠭᠢ ᠶᠢ ᠰᠢᠩᠭᠡᠭᠡᠨ ᠤᠷᠤᠭᠤᠯᠬᠤ᠃ ᠵᠡᠮᠳᠡᠭᠴᠤᠳ | ᠤᠨ ᠬᠤᠯᠪᠤᠭ᠎ᠠ ᠭᠤᠶᠤᠴᠢᠯᠠᠭᠰᠠᠨ ᠡᠲᠡᠭᠡᠳ ᠤᠨ ᠬᠠᠮᠢᠶ᠎ᠠ ᠪᠦᠬᠦᠢ ᠮᠠᠲ᠋ᠧᠷᠢᠶᠠᠯ ᠪᠤᠯᠤᠨ ᠲᠤᠭᠲᠠᠭᠰᠠᠨ ᠡᠮᠨᠡᠯᠬᠡ ᠶᠢᠨ | ᠬᠤᠷᠢᠶ᠎ᠠ ᠪᠤᠶᠤ ᠲᠤᠰᠬᠠᠢ ᠡᠮᠴᠢᠯᠡᠬᠡᠨ ᠤ ᠪᠠᠶᠢᠭᠤᠯᠤᠮᠵᠢ ᠠᠴᠠ ᠭᠠᠷᠭᠠᠭᠰᠠᠨ ᠵᠡᠮᠳᠡᠭ ᠢ ᠰᠢᠯᠭᠠᠨ ᠲᠤᠭᠲᠠᠭᠠᠭᠰᠠᠨ | ᠦᠷ᠎ᠡ ᠳ᠋ᠦᠩ ᠢ ᠦᠨᠳᠦᠰᠦᠯᠡᠵᠤ ᠦᠨᠡᠯᠡᠨ ᠲᠤᠭᠲᠠᠭᠠᠨ᠎ᠠ᠂ ᠦᠨᠡᠯᠡᠨ ᠲᠤᠭᠲᠠᠭᠠᠬᠤ ᠬᠦᠰᠦᠨᠦᠭ ᠢᠶᠠᠨ ᠵᠡᠮᠳᠡᠭᠴᠤᠳ | ᠤᠨ ᠬᠤᠯᠪᠤᠭᠠᠨ ᠳᠤ ᠬᠦᠷᠬᠡᠵᠤ ᠬᠢᠨᠠᠨ ᠬᠠᠷᠭᠤᠭᠤᠯᠤᠨ᠂ ᠵᠦᠪᠰᠢᠶᠡᠷᠡᠨ ᠬᠡᠷᠡᠭ ᠳᠠᠩᠰᠠᠯᠠᠨ᠎ᠠ᠃ 3. ᠭᠤᠶᠤᠴᠢᠯᠠᠬᠤ | ᠡᠲᠡᠭᠡᠳ ᠤᠨ ᠪᠠᠶᠢᠭ᠎ᠠ ᠰᠤᠮᠤ ᠰᠢᠶᠡᠩ ᠪᠠᠯᠭᠠᠰᠤ ᠳᠤ ᠵᠠᠷ ᠮᠡᠳᠡᠭᠡ ᠲᠠᠯᠪᠢᠨ᠎ᠠ᠂ ᠲᠠᠪᠤᠨ ᠡᠳᠤᠷ ᠤᠨ ᠳᠤᠲᠤᠷ᠎ᠠ | ᠶᠠᠮᠠᠷᠴᠤ ᠪᠠᠶᠢᠳᠠᠯ ᠲᠤᠰᠬᠠᠭᠳᠠᠬᠤ ᠦᠬᠡᠢ ᠪᠤᠯ᠂ ᠵᠡᠮᠳᠡᠭᠴᠤᠳ ᠤᠨ ᠬᠤᠯᠪᠤᠭ᠎ᠠ ᠠᠷᠪᠠᠨ ᠲᠠᠪᠤᠨ ᠠᠵᠢᠯ ᠤᠨ ᠡᠳᠤᠷ | ᠳᠤᠲᠤᠷ᠎ᠠ ᠭᠤᠶᠤᠴᠢᠯᠠᠭᠰᠠᠨ ᠬᠦᠮᠦᠨ ᠳᠤ ᠵᠡᠮᠳᠡᠭ ᠬᠦᠮᠦᠨ ᠤ ᠦᠨᠡᠮᠯᠡᠯ ᠢ ᠬᠦᠢᠴᠡᠳᠭᠡᠵᠤ ᠬᠢᠵᠤ ᠦᠭᠬᠦᠨ᠎ᠡ᠃ | ᠬᠦᠲᠦᠯᠦᠭᠴᠢ᠄ ᠨᠡᠪᠲᠡᠷᠡᠬᠦᠯᠭᠡ ᠶᠢᠨ ᠬᠠᠮᠤᠭ ᠡᠴᠤᠰ ᠲᠤ ᠪᠢᠳᠡ ᠵᠤᠤ ᠵᠢᠶᠠᠨ ᠯᠢᠨ ᠨᠦᠬᠦᠷ ᠢ ᠤᠷᠢᠨ ᠳᠠᠬᠢᠨᠲᠠ | ᠦᠵᠡᠭᠴᠢᠳ ᠤᠯᠠᠨ ᠳᠤ ᠨᠢᠬᠡ ᠠᠮᠯᠠᠯᠲᠠ ᠬᠢᠬᠡᠷᠠᠢ᠃ | ᠵᠤᠤ ᠵᠢᠶᠡᠨ ᠯᠢᠨ ᠨᠦᠬᠦᠷ᠄ ᠡᠯ᠎ᠡ ᠵᠡᠮᠳᠡᠭ ᠨᠠᠶᠢᠵᠠ ᠨᠠᠷ ᠡ᠂ ᠦᠨᠦᠳᠦᠷ ᠤᠨ ᠨᠡᠪᠲᠡᠷᠡᠬᠦᠯᠦᠯᠬᠡ ᠳᠤ ᠭᠡᠰᠡᠭ | ᠪᠦᠯᠦᠭ ᠦᠵᠡᠭᠴᠢᠳ ᠨᠡᠯᠢᠶᠡᠳ ᠬᠡᠳᠤᠨ ᠠᠰᠠᠭᠤᠳᠠᠯ ᠳᠤᠷᠠᠳᠤᠭᠰᠠᠨ ᠪᠠᠶᠢᠨ᠎ᠠ᠃ ᠵᠠᠷᠢᠮ ᠠᠰᠠᠭᠤᠳᠠᠯ ᠢ ᠪᠢᠳᠡ | ᠨᠢᠬᠡᠨᠲᠡ ᠲᠤᠳᠤᠷᠬᠠᠢ ᠬᠠᠷᠢᠭᠤᠯᠲᠠ ᠦᠭᠬᠦᠪᠡ᠂ ᠵᠠᠷᠢᠮ ᠠᠰᠠᠭᠤᠳᠠᠯ ᠢ ᠨᠡᠪᠲᠡᠷᠡᠬᠦᠯᠦᠯᠬᠡ ᠶᠢᠨ ᠳᠠᠷᠠᠭ᠎ᠠ ᠪᠤᠳᠠᠲᠠᠢ | ᠨᠠᠶᠢᠳᠠᠪᠤᠷᠢᠵᠢᠭᠤᠯᠤᠨ ᠰᠢᠢᠳᠪᠤᠷᠢᠯᠡᠨ᠎ᠡ᠃ ᠬᠡᠷᠪᠡ ᠶᠠᠮᠠᠷ ᠠᠰᠠᠭᠤᠳᠠᠯ ᠪᠤᠯᠤᠨ ᠱᠠᠭᠠᠷᠳᠠᠯᠭ᠎ᠠ ᠲᠠᠢ ᠬᠤᠰᠢᠭᠤᠨ ᠤ | ᠵᠡᠮᠳᠡᠭᠴᠤᠳ ᠤᠨ ᠬᠤᠯᠪᠤᠭ᠎ᠠ ᠪᠠᠷ ᠰᠢᠢᠳᠪᠤᠷᠢᠯᠡᠬᠦ ᠬᠡᠪᠡᠯ᠂ ᠪᠢᠳᠡ ᠵᠠᠬᠢᠳᠠᠯ ᠢᠷᠡᠬᠦᠯᠬᠦ ᠪᠤᠶᠤ ᠪᠢᠳᠡᠨ ᠤ ᠠᠯᠪᠠᠨ ᠭᠡᠷ | ᠤᠨ ᠤᠲᠠᠰᠤ 4894252 ᠶᠢ ᠤᠳᠠᠰᠤᠳᠠᠬᠤ ᠶᠢ ᠪᠠᠶᠠᠷᠯᠠᠨ ᠤᠭᠲᠤᠨ᠎ᠠ᠃ ᠮᠠᠨ ᠤ ᠬᠤᠰᠢᠭᠤᠨ ᠤ ᠵᠡᠮᠳᠡᠭᠴᠤᠳ | ᠤᠨ ᠬᠤᠯᠪᠤᠭ᠎ᠠ ᠪᠤᠯ ᠪᠦᠬᠦ ᠬᠤᠰᠢᠭᠤᠨ ᠤ ᠵᠡᠮᠳᠡᠭᠴᠤᠳ ᠤᠨ ᠳᠦᠷᠬᠦᠮ ᠮᠦᠨ᠂ ᠪᠢᠳᠡ ᠬᠠᠮᠤᠭ ᠤᠨ ᠶᠡᠭᠡ | ᠬᠦᠴᠦᠨ ᠪᠠᠷ ᠴᠢᠷᠮᠠᠶᠢᠵᠤ ᠵᠡᠮᠳᠡᠭᠴᠤᠳ ᠳᠤ ᠰᠠᠶᠢᠳᠤᠷ ᠤᠶᠢᠯᠡᠴᠢᠯᠡᠵᠤ᠂ ᠦᠷᠬᠡᠨ ᠤᠯᠠᠨ ᠵᠡᠮᠳᠡᠭᠴᠤᠳ ᠢ ᠨᠠᠮ | ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠬᠦᠯᠵᠤ᠂ ᠦᠷᠭᠡᠨ ᠤᠯᠠᠨ ᠵᠡᠮᠳᠡᠭᠴᠤᠳ ᠢ ᠨᠡᠶᠢᠬᠡᠮ ᠤᠨ ᠠᠮᠢᠳᠤᠷᠠᠯ ᠳᠤ | ᠡᠷᠭᠡ ᠳᠡᠭᠰᠢ ᠪᠠᠷ ᠤᠷᠤᠯᠴᠠᠭᠤᠯᠤᠨ᠂ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠦᠷ᠎ᠡ ᠪᠦᠲᠦᠬᠡᠯ ᠢ | ᠬᠠᠮᠲᠤᠪᠠᠷ ᠡᠳ᠋ᠯᠡᠨ᠎ᠡ᠃ | ᠤᠷᠴᠢᠭᠤᠯᠤᠭᠴᠢ᠄ ᠰᠡᠴᠡᠩᠭᠤᠸ᠎ᠠ | |