ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠠᠯᠪᠠᠨ ᠪᠢᠴᠢᠭ
ᠨᠡᠶᠢᠲᠡᠯᠡᠭᠰᠡᠨ ᠴᠠᠭ᠄
2019-05-16
           ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ            ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ            ᠭᠤᠷᠪᠠᠳᠤᠭᠠᠷ ᠬᠤᠷᠠᠯᠳᠤᠭᠠᠨ ᠤ ᠠᠯᠪᠠᠨ ᠪᠢᠴᠢᠭ ᠵᠠᠰᠠᠭ ᠤᠨ ᠤᠷᠳᠤᠨ ᠤ ᠢᠯᠡᠳᠭᠡᠯ—— 2019 ᠤᠨ ᠤ 4 ᠰᠠᠷ᠎ᠠ ᠶᠢᠨ 2 ᠤ ᠡᠳᠤᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠭᠤᠤ ᠶᠦᠩ ᠪᠢᠨ ᠡᠯ᠎ᠡ ᠲᠦᠯᠦᠭᠡᠯᠡᠭᠴᠢᠳ ᠠᠴᠠ᠄   ᠤᠳᠤ ᠪᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠶᠠᠷᠢᠯᠴᠠᠬᠤ ᠪᠤᠯᠪᠠᠤ︖ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ ᠪᠤᠯᠤᠨ ᠬᠤᠷᠠᠯ ᠳᠤ ᠤᠷᠤᠯᠴᠠᠭᠰᠠᠨ ᠡᠯ᠎ᠡ ᠭᠡᠰᠢᠬᠦᠳ ᠰᠠᠨᠠᠯ ᠳᠤᠷᠠᠳᠤᠭᠠᠷᠠᠢ᠃ ᠨᠢᠬᠡ᠂ 2018 ᠤᠨ ᠤ ᠠᠵᠢᠯ ᠤᠨ ᠡᠷᠬᠢᠴᠡᠬᠦᠯᠦᠯ  2018 ᠣᠨ ᠪᠤᠯ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ ᠡᠬᠢᠯᠡᠯᠲᠠ ᠶᠢᠨ ᠵᠢᠯ᠂ ᠮᠦᠨᠴᠤ ᠠᠩᠬᠠᠷᠤᠯ ᠢᠶᠠᠨ ᠲᠦᠪᠯᠡᠷᠡᠬᠦᠯᠵᠤ᠂ ᠶᠠᠳᠠᠭᠤ ᠠᠴᠠ ᠠᠩᠭᠢᠵᠢᠷᠠᠵᠤ᠂ ᠪᠦᠬᠦ ᠬᠦᠴᠦᠨ  ᠢᠶᠠᠷ ᠪᠡᠷᠭᠡ ᠶᠢ ᠳᠠᠪᠠᠨ ᠬᠦᠴᠢᠷ ᠢ ᠲᠤᠭᠤᠯᠬᠤ ᠨᠢᠬᠡ ᠵᠢᠯ ᠮᠦᠨ᠃ ᠨᠢᠬᠡ ᠵᠢᠯ ᠤᠨ ᠳᠤᠷᠰᠢ᠂ ᠪᠦᠬᠦ ᠬᠤᠰᠢᠭᠤᠨ ᠤ ᠡᠯ᠎ᠡ ᠦᠨᠳᠦᠰᠦᠲᠡᠨ ᠺᠠᠳᠠᠷ ᠤᠯᠠᠨ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠲᠤ ᠦᠵᠡᠯ ᠰᠠᠨᠠᠭ᠎ᠠ ᠪᠠᠷ ᠤᠳᠤᠷᠢᠳᠤᠮᠵᠢ ᠪᠤᠯᠭᠠᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠨᠢᠭᠲᠠᠷᠠᠨ ᠪᠦᠯᠬᠦᠮᠳᠡᠨ᠂ ᠬᠦᠴᠢᠷ ᠢ ᠳᠠᠪᠠᠨ ᠯᠠᠪᠳᠠᠭᠤᠨ ᠪᠠᠲᠤᠲᠠᠢ ᠠᠵᠢᠯᠯᠠᠵᠤ᠂ ᠠᠮᠵᠢᠯᠲᠠᠢ ᠪᠠᠷ ᠡᠯ᠎ᠡ ᠵᠤᠷᠪᠤᠰ ᠬᠠᠷᠠᠯᠲᠠ ᠡᠬᠦᠷᠬᠡ ᠪᠠᠨ ᠪᠡᠶᠡᠯᠡᠬᠦᠯᠪᠡ᠃ 2018 ᠤᠨ ᠳᠤ᠂ ᠪᠦᠬᠦ ᠬᠤᠰᠢᠭᠤᠨ ᠤ ᠤᠷᠤᠨ ᠨᠤᠲᠤᠭ ᠤᠨ ᠤᠶᠢᠯᠡᠳᠪᠤᠷᠢᠯᠡᠯ ᠤᠨ ᠦᠷᠲᠡᠭ ᠨᠢ 58.3 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ 5.3% ᠦᠰᠴᠠᠢ᠄ ᠡᠩ  ᠤᠨ ᠤᠯᠠᠨ ᠨᠡᠶᠢᠲᠠ ᠶᠢᠨ ᠳᠦᠰᠦᠪ ᠤᠨ ᠤᠷᠤᠯᠭ᠎ᠠ 1.85 ᠳ᠋ᠦᠩᠰᠢᠭᠤᠷ ᠲᠦᠬᠦᠷᠢᠭ᠂ 15.4% ᠦᠰᠴᠠᠢ᠄ ᠨᠡᠶᠢᠬᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠪᠦᠬᠦ ᠦᠷᠳᠡᠭ 30 ᠳ᠋ᠦᠩᠰᠢᠭᠤᠷ ᠲᠦᠬᠦᠷᠢᠭ 7.3% ᠦᠰᠴᠠᠢ᠄ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠨᠢ ᠲᠤᠰᠪᠤᠷᠢ 29684 ᠲᠦᠭᠦᠷᠢᠭ ᠪᠤᠯᠤᠨ 11266 ᠲᠦᠬᠦᠷᠢᠭ ᠬᠦᠷᠴᠤ᠂ 7.8% ᠪᠤᠯᠤᠨ 9.4% ᠪᠠᠷ ᠦᠰᠴᠠᠢ᠂ ᠠᠵᠤ ᠠᠬᠤᠢ ᠶᠢᠨ ᠬᠦᠢᠴᠡᠳᠭᠡᠯ ᠲᠤᠭ᠎ᠠ ᠨᠢ ᠵᠦᠢ ᠵᠤᠬᠢᠰᠲᠠᠢ ᠤᠷᠤᠨ ᠪᠠᠶᠢᠷᠢ ᠳᠤ ᠤᠷᠤᠰᠢᠵᠤ᠂ ᠴᠢᠨᠠᠷ ᠰᠠᠶᠢᠲᠠᠢ ᠬᠦᠭᠵᠢᠯᠲᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃  ︵ᠨᠢᠬᠡ︶ ᠪᠠᠭᠤᠷᠠᠢ ᠲᠠᠯ᠎ᠠ ᠶᠢ ᠬᠦᠴᠦᠷᠭᠡᠭᠵᠢᠬᠦᠯᠵᠤ ᠲᠤᠳᠠᠭᠳᠠᠯ ᠢ ᠨᠦᠬᠦᠪᠤᠷᠢᠯᠡᠨ᠂ ᠭᠤᠷᠪᠠᠨ ᠶᠡᠭᠡ ᠪᠠᠬᠢᠯᠡᠯᠲᠠ ᠡᠪᠳᠡᠬᠦ ᠪᠠᠶᠢᠯᠳᠤᠭᠠᠨ ᠳᠦᠰᠦᠯᠡᠭᠰᠡᠨ ᠦᠷ᠎ᠡ ᠪᠦᠲᠦᠬᠡᠯ ᠢᠶᠠᠨ ᠤᠯᠪᠠ᠃    ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠤᠪ ᠢ ᠰᠢᠢᠳᠪᠤᠷᠢᠯᠡᠬᠦ ᠠᠵᠢᠯ ᠢᠯᠡᠳᠳᠡ ᠤᠯᠵᠠᠢ᠃ ᠶᠠᠳᠠᠭᠤ  ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠬᠤ ᠠᠵᠢᠯ ᠢ ᠲᠡᠷᠢᠭᠦᠨ ᠴᠢᠬᠤᠯᠠ ᠤᠯᠤᠰ ᠲᠦᠷᠤ ᠶᠢᠨ ᠡᠬᠦᠷᠬᠡ ᠪᠤᠯᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢᠶᠠᠨ ᠪᠤᠯᠭᠠᠵᠤ᠂ ︽ᠬᠤᠶᠠᠷ ᠵᠤᠪᠠᠭ᠋ᠤ ᠦᠬᠡᠢ᠂ ᠭᠤᠷᠪᠠ ᠶᠢ ᠪᠠᠲᠤᠯᠠᠬᠤ︾ ᠶᠢᠨ ᠲᠤᠭᠤᠷᠢᠨ ᠳᠤ ᠤᠨᠢᠨ ᠳᠡᠭᠡᠷ᠎ᠡ ᠨᠢ ᠬᠦᠴᠦᠯᠡᠨ᠂ ᠪᠡᠯᠡ ᠮᠦᠩᠭᠦ ᠪᠠᠨ ᠡᠮᠬᠢᠯᠡᠨ ᠨᠡᠶᠢᠯᠡᠬᠦᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢᠶᠠᠨ ᠠᠰᠢᠭᠯᠠᠵᠤ ᠶᠠᠳᠠᠭᠤ ᠶᠢ ᠳᠡᠳᠬᠦᠬᠦ ᠰᠢᠨ᠎ᠡ ᠵᠠᠭᠪᠤᠷ ᠢ ᠡᠬᠦᠳᠪᠡ᠃ ᠠᠵᠤ ᠤᠶᠢᠯᠡᠰ ᠤᠨ ᠤᠷᠤᠯᠭ᠎ᠠ ᠨᠡᠮᠡᠭᠳᠡᠬᠦᠯᠬᠦ ᠶᠠᠪᠤᠳᠠᠯ ᠢ ᠦᠨᠳᠦᠰᠦᠨ ᠵᠠᠰᠠᠬᠤ ᠠᠷᠭ᠎ᠠ ᠪᠤᠳᠤᠯᠭ᠎ᠠ ᠪᠠᠨ ᠪᠤᠯᠭᠠᠬᠤ᠃ ᠪᠤᠢ ᠪᠦᠬᠦᠢ ᠭᠠᠴᠠᠭ᠎ᠠ ᠲᠤᠰᠬᠤᠨ ᠳᠤ ᠬᠠᠮᠲᠤ ᠶᠢᠨ ᠠᠵᠤ ᠠᠬᠤᠢ ᠨᠡᠶᠢᠳᠡᠮ ᠪᠦᠷᠬᠦᠬᠦ᠂ ︽ᠲᠤᠪᠶ᠋ᠢᠭ ᠮᠡᠳᠤ︾ ᠶᠠᠳᠠᠭᠤ  ᠶᠢ ᠳᠡᠳᠬᠦᠬᠦ᠂ ᠠᠵᠤ ᠠᠬᠤᠢ ᠪᠠᠷ ᠳᠠᠶᠢᠴᠢᠯᠠᠬᠤ᠂ ᠭᠡᠷᠡᠯ ᠴᠠᠬᠢᠯᠭᠠᠨ ᠢᠶᠠᠷ ᠶᠠᠳᠠᠭᠤ ᠶᠢ ᠳᠡᠳᠬᠦᠬᠦ᠂ ᠶᠠᠳᠠᠭᠤ ᠠᠴᠠ ᠠᠩᠭᠢᠵᠢᠷᠠᠭᠤᠯᠬᠤ ᠤᠶᠢᠯᠡᠳᠪᠤᠷᠢ ᠶᠢᠨ ᠳᠠᠰᠤᠭ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠤᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠤᠷᠤᠯᠭ᠎ᠠ ᠶᠢ ᠨᠡᠮᠡᠭᠳᠡᠬᠦᠯᠬᠦ ᠳᠤ ᠳᠤᠰᠠᠯᠠᠵᠤ᠂ 4600 ᠡᠷᠤᠬᠡ ᠮᠠᠯᠴᠢᠨ ᠲᠠᠷᠢᠶᠠᠴᠢᠨ ᠡᠷᠤᠬᠡ ᠲᠤᠯᠤᠭᠠᠶᠢᠯᠠᠬᠤ ᠠᠵᠤ ᠠᠬᠤᠶᠢᠯᠠᠯ ᠲᠠᠢ ᠠᠰᠢᠭ ᠲᠤᠰᠠ ᠶᠢᠨ ᠬᠤᠯᠪᠤᠯᠴᠠᠭ᠎ᠠ ᠶᠢᠨ ᠲᠤᠭᠲᠠᠴᠠ ᠪᠠᠶᠢᠭᠤᠯᠵᠤ᠂ 6315 ᠨᠡᠷᠡᠰ ᠶᠠᠳᠠᠭᠤ ᠬᠦᠴᠢᠷᠳᠡᠯᠲᠠᠢ ᠬᠦᠮᠦᠨ ᠠᠮᠠ ᠠᠵᠢᠯ ᠤᠯᠪᠠ᠃ ᠤᠷᠤᠨ ᠰᠠᠭᠤᠴᠠ ᠶᠢᠨ ᠠᠮᠤᠷ ᠳᠦᠪᠰᠢᠨ ᠢ ᠦᠨᠳᠦᠰᠦᠨ ᠪᠠᠲᠤᠯᠭ᠎ᠠ ᠪᠠᠨ ᠪᠤᠯᠭᠠᠬᠤ᠃ ᠨᠤᠷᠠᠬᠤ ᠠᠶᠤᠯᠲᠠᠢ ᠬᠡᠷ ᠪᠠᠶᠢᠰᠢᠩ  ᠢ ᠰᠢᠨᠡᠳᠭᠡᠨ ᠵᠠᠰᠠᠬᠤ ᠬᠢᠬᠡᠳ ᠨᠡᠬᠦᠯᠬᠡᠨ ᠳᠡᠳᠬᠦᠬᠦ ᠶᠢ ᠨᠢᠬᠡᠳᠤᠯᠲᠠᠢ ᠲᠦᠯᠦᠪᠯᠡᠨ ᠠᠬᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠪᠠᠶᠢᠩᠭᠤ ᠰᠠᠭᠤᠭ᠎ᠠ ᠡᠷᠤᠬᠡ ᠶᠢᠨ ᠨᠤᠷᠠᠬᠤ ᠠᠶᠤᠯᠲᠠᠢ᠂ ᠬᠠᠭᠤᠴᠢᠨ ᠬᠡᠷ ᠢ ᠨᠤᠷᠠᠭᠠᠵᠤ ᠳᠡᠭ ᠪᠤᠯᠭᠠᠵᠤ᠂ ᠰᠠᠭᠤᠬᠤ ᠨᠦᠬᠦᠴᠡᠯ ᠦᠨᠳᠦᠰᠦᠨ ᠴᠢᠨᠠᠷᠲᠠᠢ ᠰᠠᠶᠢᠵᠢᠷᠠᠯᠲᠠ ᠤᠯᠪᠠ᠃ ᠪᠦᠬᠦᠨ ᠢ ᠪᠠᠲᠤᠯᠠᠬᠤ ᠶᠢ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠭ᠎ᠠ ᠪᠤᠯᠭᠠᠬᠤ᠂ ᠬᠦᠨᠳᠤ ᠡᠪᠡᠳᠴᠢᠨ ᠢ ᠠᠪᠤᠷᠠᠨ ᠳᠤᠰᠠᠯᠠᠬᠤ᠂ ᠬᠠᠶᠢᠷ᠎ᠠ ᠬᠠᠯᠠᠮᠵᠢ ᠬᠦᠷᠭᠡᠬᠦ ᠰᠠᠭᠤᠷᠢ ᠮᠦᠩᠭᠦ ᠶᠢ ᠪᠦᠲᠦᠬᠡᠨ ᠪᠠᠶᠢᠭᠤᠯᠵᠤ᠂ ︽ᠨᠢᠬᠡ ᠦᠷᠲᠡᠭᠡ ᠶᠢᠨ ᠬᠡᠯᠪᠡᠷᠢ︾  ᠪᠠᠷ ᠵᠠᠷᠤᠳᠠᠯ ᠢᠶᠠᠨ ᠳᠠᠭᠠᠭᠠᠯᠭᠠᠬᠤ ᠤᠶᠢᠯᠡᠴᠢᠯᠡᠭᠡ ᠶᠢ ᠬᠡᠷᠡᠭᠵᠢᠬᠦᠯᠵᠤ᠂ ᠬᠦᠨᠳᠤ ᠡᠪᠡᠳᠴᠢᠨ᠂ ᠠᠷᠬᠠᠭ ᠡᠪᠡᠳᠴᠢᠨ  ᠤ ᠵᠠᠷᠤᠳᠠᠯ ᠢᠶᠠᠨ ᠳᠠᠭᠠᠭᠠᠯᠭᠠᠬᠤ ᠬᠠᠷᠢᠴᠠᠯ ᠨᠢ 90% ᠬᠦᠷᠪᠡ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ  ᠨᠢ ᠠᠯᠢᠪᠠ ᠰᠤᠷᠤᠯᠴᠠᠬᠤ ᠠᠴᠠ ᠪᠤᠯᠵᠤ ᠶᠠᠳᠠᠭᠤᠷᠠᠭᠰᠠᠨ ᠠᠶᠢᠯ ᠡᠷᠤᠬᠡ ᠶᠢ ᠪᠦᠷᠬᠦᠵᠤ᠂ ᠳᠤᠤᠷ᠎ᠠ ᠪᠠᠲᠤᠯᠭᠠᠲᠤ ᠲᠦᠷᠤ ᠶᠢᠨ ᠪᠤᠳᠤᠯᠭ᠎ᠠ ᠳᠤ ᠨᠡᠶᠢᠴᠡᠬᠦ ᠶᠠᠳᠠᠭᠤ ᠬᠦᠴᠢᠷᠳᠡᠯᠲᠠᠢ ᠬᠡᠷ ᠪᠦᠯᠢ ᠶᠢ ᠡᠷᠤᠬᠡ ᠪᠠᠷ ᠪᠠᠲᠤᠯᠠᠭ᠎ᠠ ᠤᠯᠭᠤᠵᠤ᠂ ᠪᠠᠲᠤᠯᠠᠭ᠎ᠠ ᠤᠯᠬᠤ ᠵᠤᠬᠢᠰᠲᠠᠢ ᠡᠷᠤᠬᠡ ᠳᠤ ᠬᠦᠢᠴᠡᠳ ᠪᠠᠲᠤᠯᠠᠭ᠎ᠠ ᠬᠠᠩᠭᠠᠪᠠ᠃ ︽ᠢᠲᠡᠭᠡᠯ ᠤᠶᠤᠨ ᠢᠶᠠᠷ ᠳᠡᠮᠵᠢᠬᠦ ︾ ᠶᠢ ᠬᠦᠴᠦᠨ ᠪᠦᠬᠦᠢ ᠠᠳᠬᠤᠵᠤ ᠴᠡᠭ ᠪᠤᠯᠭᠠᠬᠤ᠃ ︽ᠬᠦᠳᠡᠭᠡ ᠲᠤᠰᠬᠤᠨ ᠤ ᠰᠦᠨᠢ ᠶᠢᠨ ᠰᠤᠷᠭᠠᠭᠤᠯᠢ︾᠂ ︽ᠬᠠᠤᠯᠢ ᠪᠠᠷ ᠵᠠᠰᠠᠬᠤ ᠠᠴᠢᠯᠠᠯ ᠪᠤᠶᠠᠨ︾ ᠵᠡᠷᠭᠡ ᠬᠦᠳᠡᠯᠭᠡᠭᠡᠨ ᠢ ᠦᠷᠨᠢᠬᠦᠯᠵᠤ᠂ ᠮᠠᠯᠴᠢᠨ ᠲᠠᠷᠢᠶᠠᠴᠢᠨ ᠤ ᠪᠡᠶ᠎ᠡ  ᠪᠠᠨ ᠳᠠᠭᠠᠭᠠᠨ ᠬᠦᠴᠦᠷᠭᠡᠭᠵᠢᠬᠦ ᠶᠢ ᠤᠳᠤᠷᠢᠳᠤᠨ᠂ ︽ᠬᠦᠯᠢᠶᠡᠬᠦ ᠳᠦᠰᠢᠬᠦ ᠠᠪᠬᠤ︾ ᠦᠵᠡᠯ ᠰᠠᠨᠠᠭ᠎ᠠ ᠶᠢ ᠨᠢ ᠲᠠᠶᠠᠭᠳᠠᠭᠤᠯᠤᠨ᠂ ᠳᠤᠲᠤᠭᠠᠲᠤ ᠬᠦᠳᠡᠯᠭᠡᠭᠴᠢ ᠬᠦᠴᠦᠨ ᠢ ᠨᠢ ᠬᠦᠭᠵᠢᠬᠡᠵᠤ᠂ ᠬᠦᠭᠵᠢᠯᠲᠠ ᠶᠢᠨ ᠢᠲᠡᠭᠡᠯ ᠵᠤᠷᠢᠭ ᠢ  ᠨᠢ ᠬᠦᠪᠴᠢᠯᠡᠪᠡ᠃ ᠨᠢᠬᠡ ᠵᠢᠯ ᠤᠨ ᠴᠦᠬᠦᠷᠡᠰᠢ ᠦᠬᠡᠢ ᠲᠡᠮᠡᠴᠡᠨ ᠴᠢᠷᠮᠠᠶᠢᠬᠤ ᠪᠠᠷ ᠳᠠᠮᠵᠢᠨ᠂ ᠶᠠᠳᠠᠭᠤ ᠠᠴᠠ ᠠᠩᠭᠢᠵᠢᠷᠠᠵᠤ ᠪᠤᠭᠤᠮᠲᠠ ᠰᠢᠪᠲᠤᠯᠠᠬᠤ ᠬᠦᠴᠢᠷ ᠢ ᠢᠯᠡᠵᠤ ᠠᠮᠵᠢᠯᠲᠠ ᠤᠯᠪᠠ᠃ 37 ᠶᠠᠳᠠᠭᠤ ᠬᠦᠴᠢᠷᠳᠡᠯᠲᠠᠢ ᠭᠠᠴᠠᠭ᠎ᠠ ᠲᠤᠰᠬᠤᠨ ᠶᠠᠳᠠᠭᠤ ᠬᠦᠴᠢᠷᠳᠡᠯᠲᠠᠢ ᠲᠤᠰᠬᠤᠨ ᠤ ᠡᠩᠨᠡᠭᠡ ᠠᠴᠠ ᠤᠬᠤᠷᠢᠨ ᠭᠠᠷᠴᠤ᠂ 3838 ᠨᠡᠷᠡᠰ ᠬᠦᠴᠢᠷᠳᠡᠯᠲᠠᠢ ᠬᠦᠮᠦᠨ ᠠᠮᠠ ᠲᠤᠭᠲᠠᠭᠤᠨ ᠪᠠᠷ ᠶᠠᠳᠠᠭᠤ ᠠᠴᠠ ᠠᠩᠭᠢᠵᠢᠷᠠᠵᠤ᠂ ᠶᠠᠳᠠᠭᠤ ᠬᠦᠴᠢᠷᠳᠡᠯ ᠡᠬᠦᠰᠬᠦ ᠨᠤᠷᠮ᠎ᠠ ᠨᠢ 1.3% ᠬᠦᠷᠲᠡᠯ᠎ᠡ ᠪᠠᠭᠤᠷᠠᠵᠤ᠂ ᠠᠮᠵᠢᠯᠲᠠᠢ ᠪᠠᠷ ᠦᠪᠡᠷᠲᠡᠭᠡᠨ ᠵᠠᠰᠠᠬᠤ ᠤᠷᠤᠨ ᠤ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠬᠢᠬᠡᠳ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠬᠦᠯᠢᠶᠡᠨ ᠠᠪᠴᠤ᠂ ᠪᠦᠬᠦ ᠬᠤᠲᠠ ᠶᠢᠨ ᠳᠤᠲᠤᠷᠠᠬᠢ ᠠᠩᠬᠠᠳᠤᠭᠠᠷ ︽ᠶᠠᠳᠠᠭᠤ ᠶᠢᠨ ᠮᠠᠯᠠᠭᠠᠢ ᠪᠠᠨ ᠲᠠᠶᠠᠭᠳᠠᠭᠰᠠᠨ︾ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ ᠬᠤᠰᠢᠭᠤ ᠪᠤᠯᠪᠠ᠃   ᠪᠤᠬᠢᠷᠳᠤᠯ ᠢ ᠰᠡᠷᠭᠡᠶᠢᠯᠡᠨ ᠵᠠᠰᠠᠬᠤ ᠢᠯᠡᠳᠳᠡ ᠦᠷ᠎ᠡ ᠪᠦᠲᠦᠮᠵᠢ ᠤᠯᠵᠠᠢ᠃ ᠠᠭᠠᠷ ᠮᠠᠨᠳᠠᠯ᠂ ᠤᠰᠤ᠂ ᠬᠦᠷᠦᠰᠤ ᠰᠢᠷᠤᠢ ᠶᠢᠨ ᠪᠤᠬᠢᠷᠳᠤᠯ ᠢ ᠶᠡᠷᠤᠩᠭᠡᠶᠢᠯᠡᠨ ᠰᠡᠷᠭᠡᠶᠢᠯᠡᠨ ᠵᠠᠰᠠᠬᠤ ᠪᠠᠨ ᠴᠢᠩᠭᠠᠳᠬᠠᠵᠤ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠤᠷ ᠤᠨ ᠲᠤᠭ᠎ᠠ ᠨᠢ 297 ᠡᠳᠤᠷ ᠲᠤ ᠬᠦᠷᠴᠤ᠂ ᠭᠠᠵᠠᠷ ᠰᠢᠷᠤᠢ ᠶᠢᠨ ᠤᠯᠠᠨ ᠡᠬᠢᠲᠤ ᠪᠤᠬᠢᠷᠳᠤᠯ ᠢ ᠪᠦᠲᠦᠮᠵᠢᠲᠠᠢ ᠬᠢᠵᠠᠭᠠᠷᠯᠠᠪᠠ᠃ ᠭᠤᠤᠯ ︵ᠨᠠᠭᠤᠷ︶ ᠢ ᠲᠤᠭᠤᠷᠢᠨ ᠪᠠᠶᠢᠴᠠᠭᠠᠬᠤ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠭᠠᠵᠠᠷ ᠳᠤᠤᠷᠠᠬᠢ ᠤᠰᠤ ᠶᠢ ᠨᠡᠭᠡᠭᠡᠨ ᠮᠠᠯᠲᠠᠬᠤ ᠶᠢ ᠡᠷᠡᠰ ᠴᠢᠩᠭ᠎ᠠ ᠬᠢᠵᠠᠭᠠᠷᠯᠠᠪᠠ᠃ ᠤᠷᠴᠢᠨ ᠲᠤᠭᠤᠷᠢᠨ ᠤ ᠬᠠᠮᠠᠭᠠᠯᠠᠯᠲᠠ ᠠᠰᠠᠷᠠᠮᠵᠢ ᠶᠢᠨ ᠵᠠᠭᠠᠯᠳᠤᠯᠭ᠎ᠠ ᠭᠠᠷᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠦᠷᠦᠯ ᠤᠨ ᠤᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ 32 ᠶᠢ ᠪᠠᠶᠢᠴᠠᠭᠠᠨ ᠰᠢᠢᠳᠭᠡᠪᠡ᠃ ᠬᠦᠴᠤ ᠤᠷᠤᠭᠤᠯᠤᠨ ︽ᠶᠡᠭᠡ ᠪᠤᠷᠤ ᠭᠡᠷ︾ ᠢ ᠴᠡᠭᠴᠡᠯᠡᠨ ᠵᠠᠰᠠᠪᠠ᠂ ᠨᠢᠬᠡ ᠪᠦᠯᠦᠭ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠦᠨᠳᠦᠰᠦᠨ ᠴᠢᠨᠠᠷᠲᠠᠢ ᠵᠠᠰᠠᠯᠲᠠ ᠤᠯᠵᠤ᠂ ᠲᠠᠯ᠎ᠠ ᠨᠤᠲᠤᠭ ᠤᠨ ᠠᠮᠢ ᠠᠬᠤᠢ ᠶᠢ ᠪᠦᠬᠦ ᠲᠠᠯ᠎ᠠ ᠪᠠᠷ ᠴᠢᠩᠭᠠᠳᠬᠠᠵᠤ᠂ 115 ᠳ᠋ᠦᠩᠰᠢᠭᠤᠷ ᠮᠤ᠋ ᠨᠡᠶᠢᠲᠠ ᠶᠢᠨ ᠠᠰᠢᠭᠲᠤ ᠤᠢ ᠶᠢᠨ ᠨᠦᠬᠦᠪᠤᠷᠢᠯᠡᠬᠦ ᠶᠢ ᠬᠦᠢᠴᠡᠳᠭᠡᠨ᠂ 7000 ᠮᠤ᠋ ᠠᠵᠤ ᠠᠬᠤᠢ ᠶᠢᠨ ᠤᠢ ᠪᠦᠲᠦᠬᠡᠨ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ  ᠶᠢᠨ ᠤᠯᠠᠭᠠᠨ ᠱᠤᠭᠤᠮ ᠢ ᠬᠤᠪᠢᠶᠠᠷᠢᠯᠠᠨ ᠲᠤᠭᠲᠠᠭᠠᠬᠤ ᠠᠵᠢᠯ ᠢ ᠪᠡᠶᠡᠯᠡᠬᠦᠯᠪᠡ᠃   ᠬᠦᠨᠳᠤ ᠶᠡᠭᠡ ᠠᠶᠤᠯ ᠳᠦᠭᠰᠢᠬᠦᠷᠢ ᠦᠷ᠎ᠡ ᠪᠦᠲᠦᠮᠵᠢᠲᠠᠢ ᠰᠡᠷᠭᠡᠶᠢᠯᠡᠯ ᠡᠵᠡᠮᠳᠡᠯ ᠤᠯᠵᠠᠢ᠃ ᠵᠠᠰᠠᠭ ᠤᠨ ᠤᠷᠳᠤᠨ ᠤ ᠦᠷᠢ ᠦᠭᠴᠡᠭᠡ ᠶᠢ ᠪᠦᠬᠦ ᠲᠠᠯ᠎ᠠ ᠪᠠᠷ ᠡᠮᠬᠢᠯᠡᠨ ᠳᠢᠭᠯᠡᠵᠤ᠂ ᠲᠦᠷᠦᠯ ᠬᠤᠪᠢᠶᠠᠨ ᠲᠦᠯᠦᠵᠤ ᠳᠠᠭᠤᠰᠬᠠᠬᠤ ᠲᠦᠯᠦᠪᠯᠡᠭᠡ ᠲᠤᠭᠲᠠᠭᠠᠪᠠ᠂ ᠳᠡᠪᠴᠡᠭ ᠺᠤᠮᠫᠠᠨᠢ ᠶᠢ ᠪᠤᠳᠠᠲᠠᠢ ᠬᠢᠬᠦ᠂ ᠦᠯᠡᠳᠡᠵᠤ ᠪᠠᠶᠢᠬᠤ ᠦᠭᠴᠡᠭᠡ  ᠶᠢ ᠰᠤᠯᠢᠬᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠠᠮᠢᠳᠤ ᠪᠤᠯᠭᠠᠬᠤ᠂ ᠡᠩ ᠤᠨ ᠴᠢᠨᠠᠷᠲᠠᠢ ᠵᠠᠷᠤᠯᠭ᠎ᠠ  ᠶᠢ ᠪᠠᠭᠠᠰᠬᠠᠬᠤ᠂ ᠤᠯᠠᠨ ᠠᠷᠭ᠎ᠠ ᠵᠠᠮ ᠢᠶᠠᠷ ᠪᠡᠯᠡ ᠮᠦᠩᠭᠦ ᠴᠤᠭᠯᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠶᠡᠭᠡ ᠬᠦᠴᠦᠨ ᠪᠠᠷ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠤᠷᠢᠯᠡᠵᠤ ᠵᠢᠯ ᠤᠨ ᠦᠷᠢ ᠦᠭᠴᠡᠭᠡ ᠶᠢ ᠠᠷᠢᠯᠭᠠᠬᠤ ᠡᠬᠦᠷᠬᠡ ᠶᠢ ᠠᠮᠵᠢᠯᠲᠠᠢ ᠪᠠᠷ ᠪᠡᠶᠡᠯᠡᠬᠦᠯᠪᠡ᠃ ᠬᠠᠤᠯᠢ ᠪᠤᠰᠤ ᠪᠠᠷ ᠪᠡᠯᠡ ᠮᠦᠩᠭᠦ ᠴᠤᠭᠯᠠᠭᠤᠯᠬᠤ᠂ ᠮᠦᠩᠭᠦᠨ ᠬᠦᠢᠯᠭᠡᠭᠡᠨ ᠤ ᠬᠢᠬᠠᠨ ᠮᠡᠬᠡᠯᠡᠯ᠂ ᠲᠠᠷᠢᠶᠠᠯᠠᠬᠤ ᠮᠠᠯᠵᠢᠬᠤ ᠤᠷᠤᠨ ᠤ ᠶᠡᠭᠡ ᠬᠦᠤ ᠲᠠᠢ ᠵᠢᠬᠡᠯᠡᠯᠭᠡ ᠵᠡᠷᠭᠡ ᠬᠠᠤᠯᠢ ᠠᠴᠠ ᠵᠦᠷᠢᠴᠡᠭᠰᠡᠨ ᠤᠶᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠮᠦᠩᠭᠦᠨ ᠬᠦᠢᠯᠭᠡᠭᠡᠨ ᠤ ᠠᠶᠤᠯ ᠲᠦᠭᠰᠢᠬᠦᠷᠢ ᠶᠢ ᠴᠢᠩᠭ᠎ᠠ ᠬᠢᠵᠠᠭᠠᠷᠯᠠᠪᠠ᠃  ︵ᠬᠤᠶᠠᠷ︶ ᠳᠦᠰᠦᠯ ᠢ ᠠᠳᠬᠤᠨ ᠠᠵᠤ ᠤᠶᠢᠯᠡᠰ ᠢ ᠬᠦᠭᠵᠢᠬᠡᠵᠤ᠂ ᠬᠦᠭᠵᠢᠯᠲᠠ ᠶᠢᠨ ᠴᠢᠨᠠᠷ ᠴᠢᠨᠰᠠᠭ᠎ᠠ ᠮᠡᠳᠡᠭᠳᠡᠬᠦᠶᠢᠴᠡ ᠳᠡᠭᠡᠭᠰᠢᠯᠡᠪᠡ᠃   20 ᠵᠤᠷᠪᠤᠰ 3000 ᠲᠦᠮᠡᠨ ᠲᠦᠬᠦᠷᠢᠭ ᠠᠴᠠ ᠳᠡᠭᠡᠭᠰᠢᠬᠢ ᠭᠤᠤᠯᠳᠠᠯᠭᠠᠲᠤ ᠳᠦᠰᠦᠯ ᠡᠬᠢᠯᠡᠨ ᠪᠠᠶᠢᠭᠤᠯᠤᠭᠳᠠᠵᠤ᠂ 14.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠢ ᠪᠡᠶᠡᠯᠡᠬᠦᠯᠵᠠᠢ᠃ ᠠᠵᠤ ᠤᠶᠢᠯᠡᠳᠪᠤᠷᠢ ᠶᠢᠨ ᠠᠵᠤ ᠠᠬᠤᠢ ᠬᠡᠯᠪᠡᠷᠢ ᠪᠠᠨ ᠬᠤᠪᠢᠷᠠᠭᠤᠯᠤᠨ ᠴᠢᠨᠠᠷ ᠢᠶᠠᠨ ᠳᠡᠭᠡᠭᠰᠢᠯᠡᠬᠦᠯᠪᠡ᠃ ᡁᠢ ᠯᠢ ᠰᠢᠨᠵᠢᠯᠡᠭᠡ ᠲᠧᠭᠨᠢᠭ᠂ ᠪᠦᠮᠪᠦᠷᠴᠡᠭ ᠪᠠᠯ ᠴᠢᠯᠠᠭᠤ ᠵᠡᠷᠭᠡ 13 ᠰᠢᠨ᠎ᠡ ᠮᠠᠲ᠋ᠧᠷᠢᠶᠠᠯ ᠤᠨ ᠳᠦᠰᠦᠯ ᠪᠦᠲᠦᠬᠡᠨ ᠪᠠᠶᠢᠭᠤᠯᠤᠭᠳᠠᠵᠤ᠂ ᠬᠤᠩ ᠹᠧᠩ᠂ ᠹᠧᠩ ᠾᠦᠢ ᠵᠡᠷᠭᠡ 7 ᠳᠦᠰᠦᠯ ᠪᠠᠶᠢᠭᠤᠯᠤᠭᠳᠠᠵᠤ ᠳᠠᠭᠤᠰᠤᠭᠠᠳ ᠤᠶᠢᠯᠡᠳᠪᠤᠷᠢᠯᠡᠯ ᠳᠤ ᠤᠷᠤᠪᠡ᠂ ᠠᠩᠬᠠᠳᠤᠭᠠᠷ ︽ᠬᠤᠶᠢᠳᠤ ᠬᠤᠰᠢᠭᠤ ᠪᠦᠲᠦᠭᠡᠭᠰᠡᠨ︾ ᠴᠠᠬᠢᠯᠭᠠᠨ ᠬᠦᠳᠡᠯᠬᠡᠬᠦᠷᠢᠲᠤ ᠳᠡᠷᠭᠡ ᠵᠢᠩᠭᠢᠨᠢ ᠪᠠᠷ ᠤᠶᠢᠯᠡᠳᠪᠤᠷᠢᠯᠡᠯ ᠤᠨ ᠱᠤᠭᠤᠮ ᠠᠴᠠ ᠤᠬᠤᠷᠢᠨ ᠭᠠᠷᠴᠤ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠬᠦᠭᠵᠢᠯᠲᠠ ᠶᠢᠨ ᠪᠠᠶᠢᠳᠠᠯ ᠮᠠᠰᠢ ᠰᠠᠶᠢᠨ ᠪᠠᠶᠢᠪᠠ᠃ ᠺᠠᠢ ᠳ᠋ᠦ᠋᠂ ᠺᠧ ᠮᠠ ᠵᠡᠷᠭᠡ ᠴᠠᠬᠢᠯᠠᠭᠤᠷ ᠴᠢᠯᠠᠭᠤᠨ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠤᠨ ᠳᠦᠰᠦᠯ ᠪᠠᠶᠢᠭᠤᠯᠤᠭᠳᠠᠵᠤ ᠤᠶᠢᠯᠡᠳᠪᠤᠷᠢᠯᠡᠯ ᠳᠤ ᠤᠷᠤᠪᠡ᠂ ᠮᠧᠩ ᠸᠧᠢ᠂ ᠰᠢᠨ ᠶᠤᠸᠠᠨ᠂ ᠮᠧᠩ ᠵᠢᠢ ᠰᠢᠨ᠎ᠡ ᠨᠡᠭᠦᠷᠡᠰᠤᠳᠦ᠋ᠷᠤᠭ᠍ᠴᠢ ᠶᠢᠨ ᠮᠠᠲ᠋ᠧᠷᠢᠶᠠᠯ ᠵᠡᠷᠭᠡ 3 ᠠᠵᠤ ᠠᠬᠤᠶᠢᠯᠠᠯ ᠦᠪᠡᠷᠲᠡᠭᠡᠨ ᠵᠠᠰᠠᠬᠤ ᠤᠷᠤᠨ ᠤ ᠳᠡᠭᠡᠳᠤ ᠰᠢᠨ᠎ᠡ ᠮᠡᠷᠭᠡᠵᠢᠯ ᠤᠨ ᠠᠵᠤ ᠤᠶᠢᠯᠡᠰ ᠢᠶᠠᠷ ᠪᠠᠲᠤᠯᠠᠭᠳᠠᠪᠠ᠃ ᠪᠠᠢ ᠶᠠᠨ ᠬᠤ᠋ ᠺᠤᠮᠫᠠᠨᠢ ᠨᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠵᠡᠩᠨᠡᠭᠰᠡᠨ ᠵᠠᠭᠤᠨ ᠬᠦᠴᠦᠷᠭᠡᠭ ᠠᠵᠤ ᠠᠬᠤᠶᠢᠯᠠᠯ ᠤᠨ 50 ᠳ᠋ᠤᠭᠠᠷ ᠨᠡᠷᠡᠰ ᠲᠤ ᠤᠷᠤᠵᠤ ᠂ ᠴᠠᠬᠢᠯᠠᠭᠤᠷ ᠴᠢᠯᠠᠭᠤᠨ ᠤ ᠲᠤᠰ ᠭᠠᠵᠠᠷ ᠲᠤᠨᠢ ᠬᠤᠪᠢᠷᠠᠭᠤᠯᠬᠤ᠂ ᠬᠤᠪᠢᠷᠠᠮᠵᠢ ᠶᠢᠨ ᠨᠤᠷᠮ᠎ᠡ ᠨᠢ 25%᠂ ᠴᠠᠬᠢᠯᠠᠭᠤᠷ ᠴᠢᠯᠠᠭᠤᠨ ᠬᠢᠮᠢ ᠶᠢᠨ ᠠᠵᠤ ᠤᠶᠢᠯᠡᠰ ᠳᠡᠰ ᠳᠠᠪᠰᠢᠨ᠂ ᠤᠷᠴᠢᠯ ᠬᠦᠭᠵᠢᠯᠲᠠ ᠨᠢ ᠭᠤᠤᠯᠯᠠᠭᠴᠢ ᠪᠤᠯᠪᠠ ᠃ ᠴᠢᠯᠠᠭᠤᠨ ᠲᠤᠰᠤᠨ ᠤ ᠬᠠᠶᠢᠨ ᠰᠢᠨᠵᠢᠯᠡᠯᠲᠡ ᠳᠤᠷᠰᠢᠨ ᠨᠡᠭᠡᠭᠡᠨ ᠠᠰᠢᠭᠯᠠᠬᠤ ᠨᠢ ᠤᠷᠤᠭᠰᠢᠲᠠᠢ ᠶᠠᠪᠤᠭᠳᠠᠵᠤ᠂ ᠤᠯᠠᠨ ᠡᠰᠢᠲᠤ ᠬᠦᠭᠵᠢᠯᠲᠠ ᠶᠢᠨ ᠪᠠᠶᠢᠳᠠᠯ ᠨᠢᠬᠡᠨᠳᠡ ᠪᠦᠷᠢᠯᠳᠤᠪᠡ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠯ ᠤᠨ ᠬᠢᠷᠢ ᠳᠦᠪᠰᠢᠨ ᠢᠯᠡᠳᠳᠡ ᠳᠡᠭᠡᠭᠰᠢᠯᠡᠪᠡ᠃ ᠦᠪᠡᠷᠮᠢᠴᠡ ᠤᠨᠴᠠᠯᠢᠭ᠂ ᠨᠡᠷᠡᠳᠤ ᠤᠨᠴᠠᠯᠢᠭ ᠤᠨ ᠲᠤᠭᠤᠷᠢᠨ ᠳᠤ᠂ ᠲᠦᠮᠦᠰᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ ᠤᠨ ᠳᠦᠰᠦᠯ ᠢ ᠲᠦᠷᠬᠡᠳᠭᠡᠨ ᠳᠦᠯᠬᠢᠨ ᠠᠬᠢᠭᠤᠯᠵᠤ᠂ ᠲᠦᠮᠤᠰᠤ ᠶᠢᠨ ᠦᠨᠳᠦᠷ ᠦᠷ᠎ᠡ ᠪᠦᠲᠦᠮᠵᠢᠲᠤ ᠵᠢᠱᠢᠶ᠎ᠡ ᠦᠵᠡᠬᠦᠯᠬᠦ ᠤᠷᠤᠨ 15 ᠲᠦᠮᠡᠨ ᠮᠤ᠋ ᠵᠤᠬᠢᠶᠠᠨ ᠪᠠᠶᠢᠭᠤᠯᠪᠠ᠃ ᠦᠷᠬᠦᠯᠵᠢᠯᠡᠨ ᠬᠤᠶᠠᠷ ᠵᠢᠯ ᠠᠮᠵᠢᠯᠲᠠᠢ ᠪᠠᠷ ᠳᠤᠮᠳᠠᠲᠤ ᠤᠯᠤᠰ ᠤᠨ ᠲᠦᠮᠦᠰᠤ ᠶᠢᠨ ᠲᠠᠷᠢᠶᠠᠯᠠᠩ ᠤᠨ ᠲᠠᠯᠠᠪᠠᠢ ᠶᠢᠨ ᠡᠵᠡᠳ ᠤᠨ ᠬᠤᠷᠠᠯ ᠢ ᠳᠠᠭᠠᠭᠠᠨ ᠡᠷᠬᠢᠯᠡᠵᠤ ᠂ ︽ᠳᠤᠮᠳᠠᠲᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠦᠲᠦᠬᠡᠭᠳᠡᠬᠦᠨ ᠤ ᠳᠠᠪᠠᠭᠤᠯᠢᠭ ᠤᠷᠤᠨ︾ ᠳᠤ ᠠᠮᠵᠢᠯᠲᠠᠢ ᠪᠠᠷ ᠤᠷᠤᠵᠤ᠂ ︽ᠬᠤᠶᠢᠲᠤ ᠬᠤᠰᠢᠭᠤᠨ ᠤ ᠤᠯᠠᠭᠠᠨ︾ ᠲᠦᠮᠤᠰᠤ ᠨᠢ CCTV ᠤᠯᠤᠰ ᠤᠨ ᠨᠡᠷᠡᠳᠤ ᠳᠡᠮᠳᠡᠭ ᠤᠨ ᠲᠦᠯᠦᠪᠯᠡᠭᠡ ᠳᠤ ᠰᠤᠩᠭᠤᠭᠳᠠᠨ ᠤᠷᠤᠵᠤ᠂ ᠤᠯᠠᠨ ᠨᠡᠷᠡᠲᠤ ᠵᠠᠭᠤᠴᠢᠯᠠᠭᠤᠷ ᠮᠡᠳᠡᠭᠡᠯᠡᠯ ᠬᠢᠵᠤ ᠠᠯᠳᠠᠷᠰᠢᠯ ᠤᠨ ᠬᠡᠮᠵᠢᠶ᠎ᠡ ᠨᠢ ᠤᠯᠠᠮ ᠨᠢᠬᠡ ᠠᠯᠬᠤᠮ ᠳᠡᠭᠡᠭᠰᠢᠯᠡᠵᠤ᠂ ᠲᠦᠮᠤᠰᠤ ᠲᠠᠷᠢᠬᠤ ᠭᠤᠤᠯ ᠤᠷᠤᠨ ᠤ ᠪᠠᠶᠢᠷᠢ ᠰᠠᠭᠤᠷᠢ ᠨᠢ ᠤᠯᠠᠮ ᠳᠤᠪᠤᠶᠢᠮ᠎ᠠ ᠪᠤᠯᠪᠠ᠃ ︽ᠬᠤᠨᠢ ᠲᠡᠵᠢᠬᠡᠬᠦ ᠶᠢ ᠪᠠᠭᠠᠰᠬᠠᠵᠤ ᠦᠬᠡᠷ ᠲᠡᠵᠢᠬᠡᠬᠦ ᠶᠢ ᠨᠡᠮᠡᠭᠳᠡᠬᠦᠯᠦᠨ ᠭᠠᠭ᠋ᠠᠢ ᠲᠡᠵᠢᠬᠡᠬᠦ ᠶᠢ ᠬᠦᠭᠵᠢᠬᠦᠯᠬᠦ︾ ᠪᠠᠷ ᠳᠠᠮᠵᠢᠨ᠂ ᠲᠡᠵᠢᠬᠡᠪᠤᠷᠢ ᠶᠢᠨ ᠤᠶᠢᠯᠡᠰ ᠤᠨ ᠪᠦᠲᠦᠴᠡ ᠰᠢᠯᠢᠳᠡᠭᠵᠢᠵᠤ᠂ ᠦᠷ᠎ᠡ ᠠᠰᠢᠭ ᠮᠡᠳᠡᠭᠳᠡᠮ᠎ᠡ ᠳᠡᠭᠡᠭᠰᠢᠯᠡᠵᠠᠢ᠃ ᠭᠠᠯᠲᠤ ᠠᠭᠤᠯᠠ ᠶᠢᠨ ᠬᠡᠪᠴᠢᠶᠡᠨᠳᠤ ᠲᠡᠵᠢᠬᠡᠪᠤᠷᠢ  ᠶᠢᠨ ᠤᠶᠢᠯᠡᠰ ᠤᠨ ᠳᠦᠰᠦᠯ ᠤᠨ ᠪᠷᠢᠯᠭ᠎ᠠ ᠡᠬᠢᠯᠡᠵᠤ ᠪᠠᠷᠢᠵᠤ᠂ ᠬᠤᠩᠬᠢᠯᠲᠤ ᠶᠢᠨ ᠲᠠᠷᠢᠶᠠᠯᠠᠩ ᠳᠤᠰᠠᠯᠠᠬᠤ ᠠᠵᠤ ᠠᠬᠤᠢ᠂ ᠳ᠋ᠠ ᠯᠢᠤ ᠬᠤ᠋ ᠶᠢᠨ ᠬᠤᠩ ᠳ᠋ᠠ ᠲᠠᠷᠢᠶᠠᠯᠠᠩ ᠮᠠᠯ ᠠᠵᠤ ᠠᠬᠤᠢ ᠵᠡᠷᠭᠡ ᠨᠢᠬᠡ ᠪᠦᠯᠦᠭ ᠲᠤᠯᠤᠭᠠᠶᠢᠯᠠᠭᠴᠢ ᠠᠵᠤ ᠤᠶᠢᠯᠡᠰ ᠬᠦᠭᠵᠢᠯᠲᠠ ᠪᠠᠨ ᠲᠦᠷᠭᠡᠳᠭᠡᠵᠤ᠂ ᠲᠠᠷᠢᠶᠠᠯᠠᠩ ᠮᠠᠯ ᠠᠵᠤ ᠠᠬᠤᠢ ᠶᠢᠨ ᠴᠤᠭᠴᠠ ᠦᠷᠢᠰᠦᠯᠳᠤᠬᠦ ᠬᠦᠴᠦᠨ ᠨᠢ ᠳᠡᠭᠡᠭᠰᠢᠯᠡᠯᠲᠡ ᠤᠯᠵᠠᠢ᠃ ᠤᠳᠤ ᠦᠶ᠎ᠡ ᠶᠢᠨ ᠤᠶᠢᠯᠡᠴᠢᠯᠡᠭᠡᠨ ᠤ ᠤᠶᠢᠯᠡᠰ ᠤᠨ ᠳᠠᠯᠲᠠ ᠬᠦᠴᠦᠨ ᠨᠢ ᠨᠡᠮᠡᠭᠳᠡᠪᠡ᠃ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠳᠦᠰᠦᠯ ᠢ ᠳᠦᠯᠬᠢᠨ ᠠᠬᠢᠭᠤᠯᠬᠤ ᠪᠠᠨ ᠳᠦᠷᠭᠡᠳᠭᠡᠵᠤ᠂ ᠪᠦᠬᠦ ᠬᠤᠲᠠ ᠶᠢᠨ ᠱᠠᠲᠤᠨ ᠤ ᠬᠢᠨᠠᠨ ᠰᠢᠯᠭᠠᠯᠲᠠ ᠢ ᠦᠩᠭᠡᠷᠡᠬᠦᠯᠵᠤ᠂ ᠵᠢᠭᠤᠯᠴᠢᠯᠠᠯ ᠤᠨ ᠤᠷᠤᠨ  ᠤ ᠵᠠᠮ ᠢ ᠵᠠᠰᠠᠨ ᠳᠠᠭᠤᠰᠬᠠᠵᠤ ᠲᠡᠷᠭᠡ ᠨᠡᠪᠲᠡᠷᠡᠪᠡ᠃    ᠲᠠᠷᠢᠶᠠᠴᠢᠨ ᠠᠶᠢᠯ ᠤᠨ ᠪᠠᠶᠠᠰᠤᠯ ᠵᠤᠭᠠᠴᠠᠯ ᠤᠨ ᠤᠶᠢᠯᠡᠰ᠂ ᠮᠠᠯᠴᠢᠨ ᠠᠶᠢᠯ ᠤᠨ ᠵᠤᠭᠤᠭ ᠤᠨ ᠭᠠᠵᠠᠷ ᠤᠨ ᠤᠶᠢᠯᠡᠴᠢᠯᠡᠭᠡ ᠤᠨ ᠬᠢᠷᠢ ᠳᠦᠪᠰᠢᠨ ᠳᠠᠰᠤᠷᠠᠯᠲᠠ ᠦᠬᠡᠢ ᠳᠡᠭᠡᠭᠰᠢᠯᠡᠵᠤ᠂ ᠳ᠋ᠠ ᠯᠢᠤ ᠬᠤ᠋ ᠶᠢᠨ ᠰᠢᠶᠡᠩ ᠾᠦᠢ ᠤᠳᠤ ᠦᠶ᠎ᠡ ᠶᠢᠨ ᠲᠠᠷᠢᠶᠠᠯᠠᠩ ᠤᠨ ᠦᠵᠡᠮᠵᠢ ᠶᠢᠨ ᠬᠦᠷᠢᠶᠡᠯᠡᠩ ᠨᠢ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠡᠯ  ᠢᠶᠠᠷ ᠶᠠᠳᠠᠭᠤ ᠶᠢ ᠳᠡᠳᠬᠦᠬᠦ ᠵᠢᠱᠢᠶ᠎ᠡ ᠦᠵᠡᠬᠦᠯᠬᠦ ᠳᠦᠰᠦᠯ ᠢᠶᠠᠷ ᠰᠤᠩᠭᠤᠭᠳᠠᠨ ᠨᠡᠷᠡᠶᠢᠳᠤᠪᠡ᠃ ᠪᠦᠬᠦ ᠵᠢᠯ ᠤᠨ ᠬᠦᠯᠢᠶᠡᠨ ᠠᠪᠤᠭᠰᠠᠨ ᠵᠢᠭᠤᠯᠴᠢᠯᠠᠯ ᠤᠨ ᠬᠦᠮᠦᠨ ᠨᠢ 62 ᠲᠦᠮᠡᠨ ᠬᠦᠮᠦᠨ᠃ ᠵᠢᠩ ᠳ᠋ᠦᠩ᠂ ᠬᠡᠰᠢᠭᠦᠳ ᠤᠨ ᠰᠦᠯᠵᠢᠶ᠎ᠡ ᠵᠡᠷᠭᠡ ᠰᠦᠯᠵᠢᠶᠡᠨ ᠬᠤᠳᠠᠯᠳᠤᠭ᠎ᠠ ᠶᠢᠨ ᠳᠡᠪᠴᠡᠩ ᠶᠢ ᠤᠷᠤᠭᠤᠯᠤᠨ ᠠᠪᠴᠢᠷᠠᠵᠤ᠂ ᠤᠯᠤᠰ ᠤᠨ ᠳᠡᠰ  ᠤᠨ ᠴᠠᠬᠢᠮ ᠬᠤᠳᠠᠯᠳᠤᠭ᠎ᠠ ᠬᠦᠳᠡᠭᠡ ᠲᠤᠰᠬᠤᠨ ᠲᠤ ᠤᠷᠤᠬᠤ ᠶᠡᠷᠤᠩᠭᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ ᠰᠢᠶᠡᠨ ᠢ ᠠᠮᠵᠢᠯᠲᠠᠢ ᠪᠠᠷ ᠭᠤᠶᠤᠴᠢᠯᠠᠨ ᠤᠯᠪᠠ᠃  ︵ᠭᠤᠷᠪᠡ︶ ᠦᠭᠡᠷᠡᠴᠢᠯᠡᠯᠲᠠ ᠢ ᠠᠳᠬᠤᠨ ᠨᠡᠭᠡᠭᠡᠯᠲᠠ ᠢ ᠠᠬᠢᠭᠤᠯᠵᠤ᠂ ᠬᠦᠭᠵᠢᠯᠲᠠ ᠶᠢᠨ ᠠᠮᠢᠳᠤᠯᠢᠭ ᠬᠦᠴᠦᠨ ᠤᠯᠠᠮ ᠨᠢᠬᠡ ᠠᠯᠬᠤᠮ ᠳᠡᠭᠡᠭᠰᠢᠯᠡᠬᠦᠯᠪᠡ᠃    ᠡᠯ᠎ᠡ ᠵᠤᠶᠢᠯ ᠤᠨ ᠦᠬᠡᠷᠡᠴᠢᠯᠡᠯᠲᠠ ᠢ ᠯᠠᠪᠳᠠᠭᠤᠨ ᠪᠠᠲᠤᠲᠠᠢ ᠪᠠᠷ ᠠᠬᠢᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠠ᠂ ᠠᠵᠤ ᠠᠬᠤᠢ ᠬᠢᠬᠡᠳ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ  ᠶᠢᠨ ᠦᠬᠡᠷᠡᠴᠢᠯᠡᠯᠲᠠ ᠰᠢᠨ᠎ᠡ ᠠᠮᠵᠢᠯᠲᠠ ᠤᠯᠵᠤ᠂ ᠭᠠᠵᠠᠷ ᠰᠢᠷᠤᠢ ᠪᠡᠯᠴᠢᠭᠡᠷ ᠤᠨ ᠭᠠᠵᠠᠷ ᠤᠨ ᠦᠮᠴᠢᠯᠡᠬᠦ ᠡᠷᠬᠡ  ᠶᠢ ᠨᠤᠲᠠᠯᠠᠨ ᠵᠦᠪᠰᠢᠶᠡᠷᠡᠬᠦ ᠶᠢ ᠦᠨᠳᠦᠰᠦᠨ ᠳᠡᠭᠡᠨ ᠪᠡᠶᠡᠯᠡᠬᠦᠯᠵᠤ᠂ ᠲᠠᠷᠢᠶᠠᠯᠠᠬᠤ ᠮᠠᠯᠵᠢᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠤᠩᠭᠡᠶᠢᠯᠡᠨ ᠦᠬᠡᠷᠡᠴᠢᠯᠡᠯᠲᠠ  ᠨᠢ ᠰᠢᠨ᠎ᠡ ᠦᠷ᠎ᠡ ᠪᠦᠲᠦᠮᠵᠢ ᠤᠯᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠠ ᠡᠮᠬᠢ ᠵᠢᠷᠣᠮ ᠲᠠᠢ ᠪᠠᠷ ᠶᠠᠪᠤᠭᠳᠠᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠬᠡᠷᠡᠴᠢᠯᠡᠯᠲᠠ ᠱᠠᠲᠤᠴᠢ ᠴᠢᠨᠠᠷᠲᠠᠢ ᠦᠷ᠎ᠡ ᠪᠦᠲᠦᠭᠡᠯ ᠤᠯᠵᠤ᠂ 47 ᠰᠠᠯᠠᠭ᠎ᠠ ᠮᠦᠴᠢᠷ ᠤᠨ 368 ᠵᠤᠷᠪᠤᠰ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠨᠢ ᠰᠦᠯᠵᠢᠶᠡᠨ ᠳᠡᠭᠡᠷ᠎ᠡ ᠡᠷᠢᠵᠤ ᠯᠠᠪᠯᠠᠬᠤ᠂ ᠰᠦᠯᠵᠢᠶᠡᠨ ᠳᠡᠭᠡᠷ᠎ᠡ ᠮᠡᠳᠡᠬᠦᠯᠬᠦ ᠶᠢ ᠪᠡᠶᠡᠯᠡᠬᠦᠯᠵᠤ᠂ ᠭᠠᠴᠠᠭ᠎ᠠ ᠲᠤᠰᠬᠤᠨ ᠤ ᠠᠷᠠᠳ ᠲᠤ ᠳᠦᠬᠦᠮ ᠦᠵᠡᠬᠦᠯᠬᠦ ᠤᠶᠢᠯᠡᠴᠢᠯᠡᠭᠡᠨ ᠤ ᠤᠷᠤᠯᠠᠨ ᠬᠦᠢᠴᠡᠳᠭᠡᠬᠦ ᠭᠠᠵᠠᠷ ᠨᠡᠶᠢᠳᠡᠮ ᠪᠦᠷᠬᠦᠬᠦ ᠶᠢ ᠪᠡᠶᠡᠯᠡᠬᠦᠯᠪᠡ᠃ ︽ᠳᠠᠭᠠᠭᠠᠯᠲᠠ ᠳᠤ ᠳᠤᠰᠠᠯᠠᠬᠤ ᠵᠢᠬᠡᠯᠡᠯᠭᠡ︾ 1.2 ᠳ᠋ᠦᠩᠰᠢᠭᠤᠷ ᠲᠦᠬᠦᠷᠢᠭ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷᠲᠠᠢ ᠪᠠᠶᠢᠬᠤ ᠠᠰᠠᠭᠤᠳᠠᠯ ᠢ ᠪᠦᠲᠦᠮᠵᠢᠲᠠᠢ ᠪᠠᠷ ᠰᠢᠢᠳᠪᠤᠷᠢᠯᠡᠵᠠᠢ᠃ ᠨᠡᠭᠡᠭᠡᠯᠲᠤ ᠬᠠᠮᠳᠤᠷᠠᠯᠴᠠᠨ ᠬᠠᠮᠲᠤ ᠶᠢᠨ ᠲᠠᠨᠢᠯᠲᠠ ᠲᠠᠢ ᠪᠤᠯᠪᠠ᠃ ᠦᠪᠡᠷ ᠤᠨ ᠤᠬᠠᠮᠰᠠᠷ ᠠᠴᠠ ᠪᠠᠨ ᠪᠦᠬᠦ ᠤᠷᠤᠨ᠂ ᠪᠦᠬᠦ ᠬᠤᠲᠠ ᠶᠢᠨ ᠭᠠᠳᠠᠭᠰᠢ ᠨᠡᠭᠡᠭᠡᠬᠦ ᠪᠠᠶᠢᠷᠢᠰᠢᠯ  ᠳᠤ ᠠᠭᠤᠰᠤᠨ ᠤᠷᠤᠵᠤ᠂ ᠤᠷᠤᠨ ᠪᠦᠰᠡ ᠶᠢᠨ ᠬᠠᠮᠲᠤᠷᠠᠯᠴᠠᠭ᠎ᠠ ᠶᠢ ᠠᠰᠢᠭᠯᠠᠵᠤ᠂ ᠬᠤᠳᠠᠯᠳᠤᠭᠠᠨ ᠤᠷᠢᠵᠤ ᠪᠡᠯᠡ ᠤᠷᠤᠭᠤᠯᠬᠤ ᠪᠠ ᠭᠠᠳᠠᠭᠠᠲᠤ ᠲᠠᠢ ᠬᠠᠷᠢᠯᠴᠠᠬᠤ   ᠪᠠᠨ ᠬᠦᠨᠵᠡᠬᠡᠶᠢᠷᠡᠬᠦᠯᠪᠡ᠃ ᠪᠦᠬᠦ ᠵᠢᠯ ᠳᠤ 14 ᠪᠡᠯᠡ ᠤᠷᠤᠭᠤᠯᠬᠤ ᠳᠦᠰᠦᠯ ᠢ ᠨᠠᠶᠢᠳᠠᠪᠤᠷᠢᠵᠢᠭᠤᠯᠵᠤ᠂ ᠬᠡᠯᠡᠯᠴᠡᠭᠡᠷ ᠤᠨ ᠪᠡᠯᠡ ᠤᠷᠤᠭᠤᠯᠤᠯᠲᠠ ᠶᠢᠨ ᠮᠦᠩᠭᠦ 27 ᠳ᠋ᠦᠩᠰᠢᠭᠤᠷ ᠲᠦᠬᠦᠷᠢᠭ᠃ ᠠᠮᠵᠢᠯᠲᠠᠢ ᠪᠠᠷ ᠴᠠᠬᠠᠷ ᠠᠮᠲᠠᠲᠤ ᠢᠳᠡᠭᠡᠨ ᠤ ᠰᠤᠶᠤᠯ᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠬᠦᠯᠦᠯᠬᠡ ᠶᠢᠨ ᠲᠤᠭᠯᠠᠯᠲᠠ᠂ ᠳᠤᠮᠳᠠᠲᠤ ᠤᠯᠤᠰ ᠮᠤᠩᠭᠤᠯ ᠭᠤᠷᠪᠠᠨ ᠤᠯᠤᠰ ᠤᠨ ᠲᠠᠸᠠᠷ ᠤᠨ ᠦᠵᠡᠬᠦᠯᠦᠯᠬᠡ᠂ ᠠᠩᠬᠠᠳᠤᠭᠠᠷ ᠬᠡᠬᠡᠷᠯᠡᠬᠦ ᠨᠠᠭᠠᠳᠤᠮ ᠤᠨ ᠬᠤᠷᠠᠯ ᠵᠡᠷᠭᠡ ᠬᠦᠳᠡᠯᠭᠡᠭᠡᠨ ᠢ ᠦᠷᠨᠢᠬᠦᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠳᠠᠭᠰᠢ ᠨᠦᠯᠦᠬᠡᠯᠡᠬᠦ ᠬᠦᠴᠦᠨ ᠨᠢ ᠤᠯᠠᠮ ᠨᠢᠬᠡ ᠠᠯᠬᠤᠮ ᠳᠡᠭᠡᠭᠰᠢᠯᠡᠯᠲᠡ ᠤᠯᠪᠠ᠃  ︵ᠳᠦᠷᠪᠡ︶ ᠰᠠᠭᠤᠷᠢ ᠳᠠᠯᠪᠢᠨ ᠠᠯᠤᠰ ᠢᠷᠡᠬᠡᠳᠤᠢ ᠳᠤ ᠠᠰᠢᠭᠲᠠᠢ ᠪᠠᠶᠢᠵᠤ᠂ ᠬᠤᠲᠠ ᠬᠦᠳᠡᠭᠡ ᠶᠢᠨ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃    ︽ᠲᠠᠪᠤᠨ ᠬᠤᠲᠠ ᠨᠢᠬᠡ ᠲᠡᠷᠢᠬᠦᠨ︾ ᠤ ᠡᠬᠦᠳᠦᠨ ᠪᠠᠶᠢᠭᠤᠯᠤᠭᠰᠠᠨ ᠦᠷ᠎ᠡ ᠪᠦᠲᠦᠬᠡᠯ ᠢᠶᠠᠨ ᠪᠠᠬᠢᠵᠡᠬᠦᠯᠦᠨ ᠳᠡᠭᠡᠭᠰᠢᠯᠡᠬᠦᠯᠪᠡ᠃ ᠢᠯᠴᠢ ᠬᠠᠩᠭᠠᠬᠤ ᠬᠤᠭᠤᠯᠠᠢ ᠶᠢᠨ ᠲᠤᠤᠷ ᠢ ᠦᠬᠡᠷᠡᠴᠢᠯᠡᠬᠦ᠂ ᠬᠤᠲᠠ ᠪᠠᠯᠭᠠᠰᠤᠨ ᠤ ᠨᠤᠭᠤᠭᠠᠷᠠᠭᠤᠯᠤᠯᠲᠠ᠂ ᠵᠠᠮ ᠢ ᠬᠡᠷᠡᠯᠳᠦᠬᠦᠯᠬᠦ ᠶᠢ ᠳᠡᠭᠡᠭᠰᠢᠯᠡᠬᠦᠯᠬᠦ ᠢᠨᠵᠧᠨᠧᠷᠢᠩ ᠶᠢ ᠬᠡᠷᠡᠭᠵᠢᠬᠦᠯᠪᠡ᠃ ᠲᠦᠪ ᠬᠤᠲᠠ ᠲᠤᠭᠤᠷᠢᠭ ᠤᠨ ᠪᠤᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢ ᠦᠬᠡᠷᠡᠴᠢᠯᠡᠬᠦ ᠠᠬᠢᠴᠠ ᠢ ᠲᠦᠷᠭᠡᠳᠭᠡᠵᠤ᠂ 9 ᠵᠤᠷᠪᠤᠰ ᠪᠤᠬᠢᠷ ᠤᠰᠤᠨ ᠤ ᠬᠤᠭᠤᠯᠠᠢ ᠶᠢᠨ ᠲᠤᠤᠷ ᠦᠬᠡᠷᠡᠴᠢᠯᠡᠯᠲᠠ ᠵᠠᠰᠠᠯᠲᠠ ᠪᠠᠨ ᠬᠦᠢᠴᠡᠳᠭᠡᠵᠤ᠂ ᠰᠢᠨ᠎ᠡ  ᠪᠠᠷ ᠨᠡᠮᠡᠭᠰᠡᠨ ᠪᠠ ᠦᠬᠡᠷᠡᠴᠢᠯᠡᠨ ᠵᠠᠰᠠᠭᠰᠠᠨ ᠨᠤᠭᠤᠭᠠᠷᠠᠭᠤᠯᠤᠯᠲᠠ ᠶᠢᠨ ᠭᠠᠵᠠᠷ 4.8 ᠲᠦᠮᠡᠨ ᠺᠦᠸᠠᠳ᠋ ᠮᠧᠲᠷ᠃ ᠬᠤᠲᠠ ᠪᠠᠯᠭᠠᠰᠤᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠᠨ ᠦᠷᠬᠦᠯᠵᠢᠯᠡᠨ ᠴᠢᠩᠭᠠᠳᠬᠠᠵᠤ᠂ ᠬᠦᠮᠦᠨ  ᠤ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠤᠨ᠂ 224 ᠡᠷᠤᠬᠡ ᠲᠠᠢ ᠳᠦᠬᠦᠮ ᠪᠦᠳᠦᠬᠦᠯᠢᠭ ᠤᠷᠤᠨ ᠰᠠᠭᠤᠴᠠ ᠢ ᠰᠢᠢᠳᠪᠤᠷᠢᠯᠡᠬᠦ ᠬᠡᠯᠡᠯᠴᠡᠭᠡᠷ ᠲᠤᠭᠲᠠᠭᠠᠪᠠ᠂ ᠰᠠᠭᠤᠷᠢ ᠳᠦᠬᠦᠬᠡᠷᠤᠮᠵᠢ ᠶᠢ ᠳᠠᠰᠤᠷᠠᠯᠲᠠ ᠦᠬᠡᠢ ᠴᠢᠩᠭᠠᠳᠬᠠᠨ ᠰᠠᠶᠢᠵᠢᠷᠠᠭᠤᠯᠵᠤ᠃ ᠮᠧᠩ ᠸᠧᠢ ᠶᠢᠨ ᠳᠤᠮᠳᠠᠬᠢ ᠤᠰᠤ ᠶᠢ ᠡᠬᠢᠯᠡᠬᠦᠯᠤᠨ ᠬᠡᠷᠡᠭᠯᠡᠬᠦ ᠬᠤᠭᠤᠯᠠᠢ ᠪᠠᠶᠢᠭᠤᠯᠤᠭᠳᠠᠵᠤ ᠠᠰᠢᠭᠯᠠᠯᠲᠠ ᠳᠤ ᠤᠷᠤᠵᠤ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠤᠶᠢᠯᠡᠳᠪᠤᠷᠢ  ᠶᠢᠨ ᠬᠦᠷᠢᠶᠡᠯᠡᠩ ᠤᠨ ᠪᠤᠬᠢᠷᠳᠤᠯ ᠤᠰᠤ ᠶᠢ ᠰᠢᠢᠳᠪᠤᠷᠢᠯᠡᠬᠦ ᠤᠶᠢᠯᠡᠳᠪᠤᠷᠢ ᠶᠢᠨ ᠶᠠᠰᠤ ᠴᠢᠨᠠᠷ ᠳᠡᠭᠡᠭᠰᠢᠯᠡᠬᠦᠯᠬᠦ ᠢᠨᠵᠧᠨᠧᠷᠢᠩ ᠤᠷᠤᠭᠰᠢᠲᠠᠢ ᠪᠠᠶᠢᠭᠤᠯᠤᠭᠳᠠᠪᠠ᠃ ᠰᠢ ᠸᠠᠩ ᠵᠤ᠋ ᠲᠤᠰᠬᠤᠨ ᠤ 500 ᠺᠢᠯᠤᠸᠠᠲ ᠯᠤ᠋ ᠵᠢᠶᠠ ᠽᠦᠨ ᠲᠤᠰᠬᠤᠨ ᠤ 110 ᠺᠢᠯᠤᠸᠠᠲ ᠴᠠᠬᠢᠯᠭᠠᠨ ᠬᠦᠴᠦᠳᠡᠯ ᠦᠬᠡᠷᠡᠴᠢᠯᠡᠬᠦ ᠦᠷᠲᠡᠭᠡᠨ ᠤ ᠳᠦᠰᠦᠯ ᠢ ᠲᠦᠷᠭᠡᠳᠭᠡᠨ ᠳᠦᠯᠬᠢᠨ ᠠᠬᠢᠭᠤᠯᠪᠠ᠃ ᠲᠤᠰᠬᠤᠨ ᠳᠤ ᠨᠡᠪᠲᠡᠷᠡᠬᠦ ᠵᠠᠰᠠᠮᠠᠯ ᠵᠠᠮ 98 ᠺᠢᠯᠤᠮᠧᠲ᠋ᠧᠷ ᠵᠠᠰᠠᠵᠤ᠂ ᠭᠠᠴᠠᠭ᠎ᠠ ᠲᠤᠰᠬᠤᠨ  ᠳᠤ ᠴᠠᠬᠢᠯᠭᠠᠨ ᠬᠠᠩᠭᠠᠬᠤ᠂ ᠷᠠᠳᠢᠤ᠋ ᠲᠧᠯᠸᠢᠰ ᠨᠡᠪᠲᠡᠷᠡᠬᠦᠯᠬᠡ ᠬᠢᠬᠡᠳ ᠦᠷᠭᠡᠨ ᠪᠦᠰᠡᠲᠤ ᠰᠦᠯᠵᠢᠶ᠎ᠠ ᠨᠡᠶᠢᠳᠡᠮ ᠪᠦᠷᠬᠦᠴᠤ᠂ ᠤᠤᠭᠤᠬᠤ ᠤᠰᠤᠨ ᠤ ᠠᠮᠤᠷ ᠳᠦᠪᠰᠢᠨ ᠴᠦᠮ ᠪᠠᠷᠢᠮᠵᠢᠶᠠᠨ ᠳᠤ ᠬᠦᠷᠪᠡ᠃ ᠬᠤᠲᠠ ᠪᠠᠯᠭᠠᠰᠤᠨ ᠤ ᠰᠠᠭᠤᠷᠢ ᠳᠦᠬᠦᠬᠡᠷᠤᠮᠵᠢ ᠪᠤᠯᠤᠨ ᠨᠡᠶᠢᠲᠡ ᠶᠢᠨ ᠤᠶᠢᠯᠡᠴᠢᠯᠡᠭᠡ ᠤᠯᠠᠮ ᠨᠢᠬᠡ ᠠᠯᠬᠤᠮ ᠤᠨ ᠰᠠᠶᠢᠵᠢᠷᠠᠭᠤᠯᠤᠯᠲᠠ ᠤᠯᠵᠤ᠂ ᠦᠷᠬᠦᠯᠵᠢᠯᠡᠬᠦᠶᠢᠴᠡ ᠬᠦᠭᠵᠢᠯᠲᠠ ᠶᠢᠨ ᠴᠢᠳᠠᠪᠤᠷᠢ ᠨᠢ ᠳᠠᠰᠤᠷᠠᠯᠲᠠ ᠦᠬᠡᠢ ᠴᠢᠩᠭᠠᠷᠠᠪᠠ᠃  ︵ᠲᠠᠪᠤ︶ ᠪᠤᠳᠠᠲᠤ ᠶᠠᠪᠤᠳᠠᠯ ᠢᠯᠡᠬᠦᠤ ᠬᠢᠬᠦ ᠶᠢ ᠠᠳᠬᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠤ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠲᠠ ᠲᠤᠭ᠎ᠠ ᠳᠠᠰᠤᠷᠠᠯᠲᠠ ᠦᠬᠡᠢ ᠨᠡᠮᠡᠭᠳᠡᠪᠡ᠃     ᠨᠡᠶᠢᠬᠡᠮ ᠤᠨ ᠪᠠᠲᠤᠯᠠᠪᠤᠷᠢ ᠶᠢᠨ ᠬᠢᠷᠢ ᠳᠦᠪᠰᠢᠨ ᠳᠠᠰᠤᠷᠠᠯᠲᠠ ᠦᠬᠡᠢ ᠳᠡᠭᠡᠭᠰᠢᠯᠡᠪᠡ᠃ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠭᠤᠯᠲᠠ ᠶᠢᠨ ᠬᠦᠮᠦᠨ 1127 ᠬᠦᠮᠦᠨ᠂ ᠮᠠᠯᠴᠢᠨ ᠲᠠᠷᠢᠶᠠᠴᠢᠨ ᠰᠢᠯᠵᠢᠵᠤ ᠠᠵᠢᠯ ᠤᠯᠤᠭᠰᠠᠨ ᠬᠦᠮᠦᠨ 3.8 ᠲᠦᠮᠡᠨ ᠬᠦᠮᠦᠨ᠂ ᠴᠡᠷᠢᠭ ᠠᠴᠠ ᠬᠠᠯᠠᠭᠳᠠᠭᠰᠠᠨ ᠺᠠᠲᠠᠷ᠂ ᠴᠡᠷᠢᠭ  ᠤᠨ ᠠᠯᠪᠠᠨ ᠠᠴᠠ ᠪᠠᠭᠤᠭᠰᠠᠳ ᠢ ᠳᠤᠬᠢᠷᠠᠭᠤᠯᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠠᠢ᠃ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠭ᠎ᠠ ᠬᠢᠬᠡᠳ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠦᠲᠡᠯᠦᠨ ᠠᠮᠠᠷᠠᠬᠤ᠂ ᠡᠮ ᠡᠮᠨᠡᠯᠬᠡ᠂ ᠠᠵᠢᠯ ᠠᠯᠳᠠᠬᠤ᠂ ᠠᠵᠢᠯ ᠤᠨ ᠬᠡᠮᠳᠤᠯ ᠂ ᠲᠦᠷᠦᠬᠦ ᠵᠡᠷᠭᠡ ᠵᠤᠷᠪᠤᠰ ᠪᠠᠲᠤᠯᠭ᠎ᠠ ᠶᠢ ᠴᠦᠮ ᠪᠠᠲᠤᠯᠠᠪᠠ᠃ ᠨᠡᠶᠢᠬᠡᠮ ᠤᠨ ᠤᠶᠢᠯᠡᠰ ᠪᠦᠬᠦ ᠲᠠᠯ᠎ᠠ ᠪᠠᠷ ᠬᠦᠭᠵᠢᠪᠡ᠃ ᠬᠤᠭᠤᠴᠠᠭ᠎ᠠ ᠶᠤᠰᠤᠭᠠᠷ ︽ᠪᠦᠬᠦ ᠲᠠᠯ᠎ᠠ ᠪᠠᠷ ᠦᠬᠡᠷᠡᠴᠢᠯᠡᠨ ᠵᠠᠰᠠᠬᠤ︾ ᠡᠬᠦᠷᠭᠡ ᠶᠢ ᠪᠡᠶᠡᠯᠡᠬᠦᠯᠵᠤ᠂ 3 ᠬᠤᠲᠠ ᠶᠢᠨ ᠳᠡᠰ ᠤᠨ ᠵᠢᠱᠢᠶ᠎ᠡ ᠦᠵᠡᠬᠦᠯᠬᠦ ᠬᠡᠤᠬᠡᠳ ᠤᠨ ᠴᠡᠴᠡᠷᠯᠢᠭ᠂ 4 ᠲᠦᠬᠡᠮᠡᠯ ᠬᠠᠷᠠᠭᠠᠯᠵᠠᠯ ᠤᠨ ᠴᠢᠨᠠᠷᠲᠠᠢ ᠬᠡᠤᠬᠡᠳ ᠤᠨ ᠴᠡᠴᠡᠷᠯᠢᠭ ᠰᠢᠨ᠎ᠡ ᠪᠠᠷ ᠨᠡᠮᠡᠭᠳᠡᠵᠤ᠂ 40 ᠨᠡᠷᠡᠰ ᠰᠢᠨ᠎ᠡ ᠪᠠᠭᠰᠢ ᠡᠯᠰᠡᠵᠤ᠂ ᠹᠧᠩ ᠬᠤᠲᠠ ᠳᠤᠮᠳᠠᠲᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠲᠡᠭᠦᠰᠬᠦ ᠰᠢᠯᠭᠠᠯᠲᠠ ᠤᠨ ᠳᠡᠭᠰᠢᠳᠭᠡᠭᠰᠡᠨ ᠬᠢᠷᠢ ᠪᠦᠲᠦᠮᠵᠢ ᠨᠢ ᠦᠷᠬᠦᠯᠵᠢᠯᠡᠨ ᠭᠤᠷᠪᠠᠨ ᠵᠢᠯ ᠪᠦᠬᠦ ᠬᠤᠲᠠ ᠶᠢᠨ ᠨᠢᠬᠡᠳᠤᠭᠡᠷ ᠲᠤ ᠵᠢᠭᠰᠠᠭᠠᠭᠳᠠᠵᠤ᠂ ᠬᠤᠲᠠ ᠬᠦᠳᠡᠭᠡ ᠶᠢᠨ ᠨᠡᠶᠢᠬᠡᠮ ᠲᠤᠭᠤᠷᠢᠭ ᠤᠨ ᠳᠡᠭᠡᠲᠤ ᠰᠤᠷᠭᠠᠭᠤᠯᠢ ᠶᠢᠨ ᠫᠠᠶᠢᠰᠠ ᠡᠯᠬᠦᠨ ᠪᠠᠶᠢᠭᠤᠯᠤᠭᠳᠠᠪᠠ᠃ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ᠂ ᠡᠮᠡᠭᠳᠡᠶᠢᠴᠤᠳ ᠬᠡᠤᠬᠡᠳ ᠤᠨ ᠡᠷᠡᠬᠦᠯᠵᠡᠯ᠂ ᠵᠠᠮᠳᠡᠭᠴᠤᠳ ᠤᠨ ᠡᠷᠡᠬᠦᠯᠵᠡᠯ ᠤᠨ ᠶᠡᠷᠡᠤᠩᠭᠡᠶᠢᠯᠡᠭᠰᠡᠨ ᠶᠡᠭᠡ ᠠᠰᠠᠷ ᠡᠬᠢᠯᠡᠨ ᠪᠦᠲᠦᠬᠡᠨ ᠪᠠᠶᠢᠭᠤᠯᠤᠭᠳᠠᠵᠤ᠂ ᠬᠤᠰᠢᠭᠤᠨ ᠤ ᠡᠮᠨᠡᠯᠬᠡ ᠶᠢᠨ ᠬᠤᠷᠢᠶᠠᠨ ᠤ ᠡᠪᠡᠳᠬᠦ ᠡᠷᠡᠬᠦᠯᠵᠡᠯ ᠤᠨ ᠰᠠᠯᠠᠭᠠᠨ ᠤ ᠳᠦᠰᠦᠯ ᠪᠦᠲᠦᠬᠡᠨ ᠪᠠᠶᠢᠭᠤᠯᠤᠭᠳᠠᠨ ᠬᠡᠷᠡᠭᠯᠡᠯᠲᠠ ᠳᠤ ᠤᠷᠤᠵᠤ᠂ 85 ᠭᠠᠴᠠᠭ᠎ᠠ ᠲᠤᠰᠬᠤᠨ ᠤ ᠪᠠᠷᠢᠮᠵᠢᠶᠠᠲᠤ ᠡᠷᠡᠬᠦᠯ ᠬᠠᠮᠠᠭᠠᠯᠠᠯ ᠤᠨ ᠬᠤᠷᠢᠶ᠎ᠠ ᠪᠠᠶᠢᠭᠤᠯᠤᠭᠳᠠᠪᠠ᠃ ᠰᠤᠶᠤᠯ ᠤᠨ ᠦᠯᠡᠳᠡᠭᠳᠡᠯ ᠢ ᠬᠠᠮᠠᠭᠠᠯᠠᠬᠤ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠬᠤ ᠠᠵᠢᠯ ᠰᠢᠨ᠎ᠡ ᠠᠮᠵᠢᠯᠲᠠ ᠪᠦᠦᠲᠦᠬᠡᠯ ᠤᠯᠵᠤ᠂ ᠤᠯᠠᠭᠠᠨᠮᠦ᠋ᠴᠢᠷ ᠤᠨ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠤ ᠴᠡᠷᠢᠭ︾ ᠤᠨ ᠤᠶᠢᠯᠡᠳᠤᠯ ᠨᠢ ᠬᠦᠢᠴᠡᠳ ᠪᠠᠳᠠᠷᠠᠵᠤ᠂ ᠬᠤᠰᠢᠭᠤᠨ ᠤ ᠲᠤᠰᠬᠤᠨ ᠤ ᠭᠤᠷᠪᠠᠳᠤᠠᠭᠠᠷ ᠳᠡᠰ ᠤᠨ ᠰᠤᠶᠤᠯ ᠤᠨ ᠲᠠᠯᠠᠪᠠᠢ ᠲᠦᠯᠦᠪᠤᠷᠢ ᠦᠬᠡᠢ ᠪᠠᠷ ᠭᠠᠳᠠᠭᠰᠢ ᠨᠡᠬᠡᠬᠡᠵᠤ᠂ ᠤᠯᠠᠨ ᠲᠦᠮᠡᠨᠴᠢ ᠴᠢᠨᠠᠷᠲᠠᠢ ᠰᠤᠶᠤᠯ ᠤᠨ ᠬᠦᠳᠡᠯᠬᠡᠬᠡᠨ ᠨᠢ ᠤᠯᠠᠨ ᠬᠡᠯᠪᠡᠷᠢ ᠶᠠᠩᠵᠤ ᠲᠠᠢ ᠪᠤᠯᠪᠠ᠃ ᠨᠡᠶᠢᠬᠡᠮ ᠤᠨ ᠪᠦᠬᠦ ᠲᠠᠯ᠎ᠠ ᠡᠶ᠎ᠡ ᠵᠤᠬᠢᠴᠠᠩᠭᠤᠢ ᠲᠤᠭᠲᠠᠭᠤᠨ᠃ ᠦᠨᠳᠦᠰᠦᠲᠡᠨ ᠤ ᠠᠵᠢᠯ ᠳᠤᠪᠤᠶᠢᠮ᠎ᠠ ᠦᠷ᠎ᠡ ᠪᠦᠲᠦᠮᠵᠢ ᠤᠯᠵᠤ᠂ ᠪᠠᠶᠠᠨᠴᠭᠠᠨ ᠪᠠᠯᠭᠠᠰᠤ ᠵᠢᠷᠭᠤᠳᠤᠭᠠᠷ ᠪᠦᠯᠦᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠢ ᠡᠬᠦᠳᠦᠨ ᠪᠠᠶᠢᠭᠤᠯᠬᠤ ᠵᠢᠱᠢᠶ᠎ᠠ ᠦᠵᠡᠬᠦᠯᠬᠦ ᠨᠢᠬᠡᠴᠡ ᠪᠠᠷ ᠨᠡᠷᠢᠳᠤᠭᠳᠡᠪᠡ᠃ ᠠᠶᠤᠯᠬᠦᠢ ᠤᠶᠢᠯᠡᠳᠪᠤᠷᠢᠯᠡᠯ ᠤᠨ ᠪᠠᠶᠢᠳᠠᠯ ᠦᠷᠬᠦᠯᠵᠢᠯᠡᠨ ᠲᠤᠭᠲᠠᠭᠤᠨ ᠪᠠᠶᠢᠵᠤ᠂ ᠬᠢᠨᠠᠨ ᠬᠠᠮᠢᠶᠠᠷᠤᠬᠤ ᠬᠠᠨᠷᠢᠭᠤᠴᠠᠯᠭ᠎ᠠ᠂ ᠪᠦᠬᠦᠯᠢ ᠴᠤᠭᠴᠠ ᠶᠢᠨ ᠬᠠᠷᠢᠭᠤᠴᠠᠯᠭ᠎ᠠ ᠨᠢ ᠴᠢᠩᠭ᠎ᠠ ᠨᠠᠶᠢᠳᠠᠪᠤᠷᠢᠵᠠᠭᠤᠯᠤᠯᠲᠠ ᠤᠯᠪᠠ᠃ ︽ᠢᠳᠡᠭᠡᠨ ᠤ ᠠᠮᠤᠷ ᠳᠦᠪᠰᠢᠨ ᠤ ᠵᠢᠱᠢᠶ᠎ᠡ ᠦᠵᠡᠬᠦᠯᠬᠦ ᠰᠢᠶᠠᠨ ᠬᠤᠲᠠ︾ ᠢ ᠪᠦᠲᠦᠬᠡᠨ ᠪᠠᠶᠢᠭᠤᠯᠬᠤ ᠠᠵᠢᠯ ᠢ ᠯᠠᠪᠳᠠᠭᠤᠨ ᠪᠠᠷ ᠳᠦᠯᠬᠢᠨ ᠠᠬᠢᠭᠤᠯᠵᠤ᠂ 6 ᠰᠤᠮᠤ ᠪᠠᠯᠭᠠᠰᠤᠨ ᠤ ᠲᠠᠷᠢᠶᠠᠯᠠᠩ ᠮᠠᠯ ᠤᠨ ᠪᠦᠲᠦᠬᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠦᠷᠲᠡᠭᠡ ᠬᠤᠲᠠ ᠶᠢᠨ ᠳᠡᠰ ᠤᠨ ᠵᠢᠱᠢᠶ᠎ᠡ ᠦᠵᠡᠬᠦᠯᠬᠦ ᠦᠷᠲᠡᠭᠡ ᠪᠠᠷ ᠨᠡᠷᠡᠶᠢᠳᠤᠭ᠍ᠳᠡᠵᠤ᠂ ᠤᠷᠤᠨ ᠬᠡᠪᠴᠢᠶᠡᠨ ᠤ ᠴᠢᠨᠠᠷᠲᠠᠢ ᠢᠳᠡᠭᠡᠨ ᠤ ᠵᠤᠶᠢᠯ ᠡᠮ ᠤᠨ ᠵᠤᠶᠢᠯ ᠰᠢᠯᠭᠠᠨ ᠪᠠᠶᠢᠴᠠᠭᠠᠬᠤ ᠲᠦᠪ ᠪᠠᠶᠢᠭᠤᠯᠤᠭᠳᠠᠨ ᠠᠶᠢᠰᠢᠭᠯᠠᠯᠲᠠ ᠳᠤ ᠤᠷᠤᠪᠡ᠃ ᠠᠹᠷᠢᠺᠡ ᠲᠢᠪ ᠤᠨ ᠭᠠᠭ᠋ᠠᠢ ᠶᠢᠨ ᠬᠢᠵᠢᠭ ᠵᠡᠷᠬᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠪᠦᠬᠦ ᠵᠢᠯ ᠳᠤ ᠬᠦᠨᠳᠤ ᠶᠡᠭᠡ ᠠᠮᠢᠳᠠᠨ ᠤ ᠬᠢᠵᠢᠭ ᠡᠪᠡᠳᠴᠢᠨ ᠢᠯᠡᠷᠡᠭᠰᠡᠨ ᠦᠬᠡᠢ᠃ ᠨᠡᠶᠢᠬᠡᠮ ᠤᠨ ᠠᠮᠤᠷ ᠳᠦᠪᠰᠢᠨ ᠢ ᠶᠡᠷᠤᠩᠭᠡᠶᠢᠯᠡᠨ ᠵᠠᠰᠬᠠᠤ ᠰᠢᠰᠲ᠋ᠧᠮ ᠢ ᠤᠯᠠᠮ ᠲᠡᠬᠦᠯᠳᠡᠷᠵᠢᠬᠦᠯᠵᠤ᠂ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠤᠰᠠᠳᠬᠠᠬᠤ︾ ᠳᠤᠰᠬᠠᠢ ᠲᠡᠮᠡᠴᠡᠯ ᠢ ᠬᠦᠨᠵᠡᠭᠡᠢ ᠦᠷᠨᠢᠬᠦᠯᠤᠨ᠂ ᠨᠢᠬᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠬᠢᠭᠡᠳ ᠬᠦᠯᠦᠰᠤᠨ ᠠᠵᠢᠯᠴᠢᠨ ᠤ ᠴᠠᠯᠢᠩ ᠢ ᠦᠷᠢᠳᠦᠬᠦ ᠠᠰᠠᠭᠤᠳᠠᠯ ᠢ ᠲᠤᠶᠢᠯᠪᠤᠷᠢᠲᠠᠢ ᠵᠠᠰᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠬᠡᠮ ᠤᠨ ᠠᠮᠤᠷ ᠲᠤᠭᠲᠠᠭᠤᠨ ᠪᠠᠷ ᠬᠦᠭᠵᠢᠬᠦ ᠤᠷᠴᠢᠨ ᠲᠤᠭᠤᠷᠢᠨ ᠢ ᠤᠯᠠᠮ ᠨᠢᠬᠡ ᠠᠯᠬᠤᠮ ᠪᠠᠬᠢᠵᠢᠬᠦᠯᠪᠡ᠃ ᠪᠦᠷᠢᠳᠭᠡᠯ᠂ ᠬᠢᠨᠠᠨ ᠪᠤᠳᠤᠯᠲᠠ᠂ ᠠᠮᠤ ᠪᠤᠳᠠᠭ᠎ᠠ᠂ ᠴᠠᠭ ᠠᠭᠤᠷ᠂ ᠭᠠᠵᠠᠷ ᠬᠦᠳᠡᠯᠤᠯ᠂ ᠠᠷᠠᠳ ᠤᠨ ᠰᠡᠷᠭᠡᠶᠢᠯᠡᠯᠲᠡ ᠵᠡᠷᠭᠡ ᠠᠵᠢᠯ ᠢ ᠤᠯᠠᠮ ᠨᠢᠬᠡ ᠠᠯᠬᠤᠮ ᠴᠢᠩᠭᠠᠳᠬᠠᠵᠤ᠂  ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠳᠡᠶᠢᠴᠤᠳ᠂ ᠨᠠᠰᠤᠲᠠᠶᠢᠴᠤᠣᠯ᠂ ᠵᠡᠮᠳᠡᠭᠴᠤᠳ᠂ ᠤᠯᠠᠭᠠᠨ ᠵᠠᠭᠠᠯᠮᠠᠢ ᠵᠡᠷᠭᠡ ᠡᠯ᠎ᠡ ᠵᠤᠶᠢᠯ  ᠤᠨ ᠠᠵᠢᠯ ᠤᠶᠢᠯᠡᠰ ᠰᠢᠨ᠎ᠡ ᠠᠬᠢᠴᠠ ᠲᠠ ᠪᠤᠯᠪᠠ᠃    ᠦᠩᠭᠡᠷᠡᠭᠰᠡᠨ ᠨᠢᠬᠡ ᠵᠢᠯ ᠳᠤ᠂ ᠨᠠᠮ ᠤᠨ ᠪᠠᠶᠢᠭᠤᠯᠤᠯᠲᠠ ᠢ ᠵᠠᠰᠠᠭ ᠤᠨ ᠤᠷᠳᠤᠨ ᠤ ᠠᠵᠢᠯ ᠳᠤ ᠨᠡᠪᠳᠡᠷᠡᠨ ᠤᠷᠤᠬᠤ ᠶᠢ ᠪᠠᠷᠢᠮᠲᠠᠯᠠᠵᠤ᠂ ᠤᠯᠤᠰ ᠲᠦᠷᠤ ᠶᠢᠨ ᠪᠦᠲᠦᠬᠡᠨ ᠪᠠᠶᠢᠭᠤᠯᠤᠯᠲᠠ ᠶᠢᠨ ᠬᠦᠳᠦᠯᠦᠨ ᠳᠠᠶᠢᠴᠢᠯᠠᠬᠤ ᠤᠶᠢᠯᠡᠳᠤᠯ ᠢ ᠳᠤᠪᠤᠶᠢᠮ᠎ᠠ ᠪᠠᠳᠠᠷᠠᠭᠤᠯᠪᠠ᠃ ︽ᠬᠤᠶᠠᠷ ᠢ ᠰᠤᠷᠤᠯᠴᠠᠵᠤ ᠨᠢᠬᠡ ᠶᠢ ᠪᠠᠷᠢᠮᠲᠠᠯᠠᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠭᠰᠠᠨ ᠳᠦᠷᠢᠮᠴᠢᠯᠡᠬᠦ ᠶᠢ ᠦᠷᠬᠦᠯᠵᠢᠯᠡᠨ ᠳᠦᠯᠬᠢᠨ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠲᠤ ᠦᠵᠡᠯ ᠰᠠᠨᠠᠭ᠎ᠠ ᠶᠢ ᠬᠦᠨᠵᠡᠭᠡᠶᠢᠷᠡᠨ ᠰᠤᠷᠤᠯᠴᠠᠬᠤ ᠪᠠᠨ ᠦᠨᠡᠨ ᠬᠦ ᠴᠢᠩᠭᠠᠳᠬᠠᠵᠤ᠂ ︽ᠳᠦᠷᠪᠡᠨ ᠤᠬᠠᠮᠰᠠᠷ︾ ᠢ ᠪᠠᠲᠤ ᠪᠠᠬᠢ ᠪᠤᠢ ᠪᠤᠯᠭᠠᠨ᠂ ︽ᠳᠦᠷᠪᠡᠨ ᠢᠲᠡᠭᠡᠯ︾ ᠢ ᠵᠢᠷᠤᠮᠯᠠᠠ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠭᠡᠵᠤ᠂ ᠶᠡᠭᠡ ᠬᠦᠴᠦᠨ ᠪᠠᠷ ᠦᠨᠡᠨ ᠢ ᠪᠠᠷᠢᠮᠲᠠᠯᠠᠨ ᠪᠤᠳᠠᠲᠠᠢ ᠶᠢ ᠡᠷᠬᠢᠮᠯᠡᠬᠦ᠂ ᠬᠠᠷᠢᠭᠤᠴᠠᠯᠭ᠎ᠠ ᠡᠬᠦᠷᠬᠡᠯᠡᠯ ᠲᠠᠢ ᠰᠢᠯᠢᠳᠡᠭ ᠰᠤᠷᠲᠠᠯ  ᠢ ᠪᠠᠳᠠᠷᠠᠭᠤᠯᠪᠠ᠃ ᠰᠢᠨᠵᠢᠯᠡᠬᠦ ᠤᠬᠠᠭᠠᠨᠴᠢ᠂ ᠬᠠᠤᠯᠢ ᠶᠤᠰᠤᠭᠠᠷ᠂ ᠠᠷᠠᠳᠴᠢᠯᠠᠯᠲᠤ ᠰᠢᠢᠳᠪᠤᠷᠢ ᠶᠢ ᠦᠷᠬᠦᠯᠵᠢ ᠪᠠᠷᠢᠮᠲᠠᠯᠠᠨ᠂ ᠦᠪᠡᠷ ᠤᠨ ᠤᠬᠠᠮᠰᠠᠷ ᠠᠴᠠ ᠪᠠᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠳᠠᠯᠪᠢᠯᠲᠠ ᠬᠢᠬᠡᠳ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠦᠯᠢᠶᠡᠨ ᠠᠪᠴᠤ᠂ ᠨᠡᠶᠢᠬᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠦᠷᠭᠡᠨ ᠢᠶᠠᠷ ᠬᠤᠷᠢᠶᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠵᠦᠪᠯᠡᠯᠭᠡ᠂ ᠰᠠᠨᠠᠭᠤᠯᠭ᠎ᠠ ᠬᠢᠬᠡᠳ ᠤᠯᠤᠰ ᠲᠦᠷᠤ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠵᠦᠪᠯᠡᠯᠬᠡ ᠶᠢ ᠨᠠᠷᠢᠨ ᠬᠢᠨᠠᠮᠠᠭᠠᠢ ᠪᠡᠶᠡᠯᠡᠬᠦᠯᠦᠨ ᠰᠢᠢᠳᠪᠤᠷᠢᠯᠡᠪᠡ᠃ ᠵᠠᠰᠠᠭ ᠤᠨ ᠤᠷᠳᠤᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠢ ᠦᠨᠡᠨ ᠬᠦ ᠴᠢᠩᠭᠠᠳᠬᠠᠵᠤ᠂ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠬᠦᠯᠦᠨ᠂ ︽ᠭᠤᠷᠪᠠᠨ ᠴᠢᠬᠤᠯᠠ ᠨᠢᠬᠡ ᠲᠤᠮᠤ︾ ᠳᠦᠷᠢᠮ ᠢ ᠨᠠᠷᠢᠨ ᠬᠢᠨᠠᠮᠠᠭᠠᠢ ᠲᠤᠤᠱᠯᠠᠭᠤᠯᠵᠤ᠂ ᠵᠠᠰᠠᠭ ᠤᠨ ᠤᠷᠳᠤᠨ ᠤ ᠳᠦᠰᠦᠪ᠂ ᠰᠠᠯᠠᠭ᠎ᠠ ᠮᠦᠴᠢᠷ ᠤᠨ ᠳᠦᠰᠦᠪ ᠬᠢᠬᠡᠳ ᠭᠤᠷᠪᠠᠨ ᠠᠯᠪᠠᠨ ᠤ ᠵᠠᠷᠤᠳᠠᠯ ᠢ ᠢᠯᠠᠨ ᠪᠤᠯᠭᠠᠬᠤ ᠶᠢ ᠳᠦᠯᠬᠢᠨ ᠠᠬᠢᠭᠤᠯᠵᠤ᠂ ᠠᠯᠪᠠᠨ ᠶᠠᠪᠤᠳᠠᠯ ᠤᠨ ᠵᠤᠴᠢᠯᠠᠬᠤ᠂ ᠠᠯᠪᠠᠨ ᠳᠤ ᠬᠡᠷᠡᠭᠯᠡᠬᠦ ᠭᠡᠷ᠂ ᠠᠯᠪᠠᠨ ᠲᠡᠷᠭᠡ ᠶᠢ ᠬᠠᠮᠢᠶᠠᠷᠤᠬᠤ ᠪᠠᠨ ᠤᠯᠠᠮ ᠨᠢᠬᠡ ᠠᠯᠬᠤᠮ ᠳᠦᠷᠢᠮᠵᠢᠬᠦᠯᠵᠤ᠂ ᠰᠠᠶᠢᠨ ᠰᠠᠶᠢᠬᠠᠨ ᠤᠯᠤᠰ ᠲᠦᠷᠤ ᠶᠢᠨ ᠠᠮᠢ ᠠᠬᠤᠢ ᠶᠢ ᠪᠤᠢ ᠪᠤᠯᠭᠠᠪᠠ᠃    ᠡᠯ᠎ᠡ ᠲᠦᠯᠦᠬᠡᠯᠡᠭᠴᠢᠳ ᠡ᠂ ᠦᠩᠭᠡᠷᠡᠭᠰᠡᠨ ᠨᠢᠬᠡ ᠵᠢᠯ ᠪᠤᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ  ᠤ ᠬᠦᠴᠢᠷ ᠪᠡᠷᠬᠡ ᠶᠢ ᠲᠤᠭᠤᠯᠵᠤ᠂ ᠦᠷᠢᠰᠦᠯᠳᠦᠭᠡᠨ ᠪᠠᠷ ᠪᠢᠯᠬᠠᠭᠰᠠᠨ ᠨᠢᠬᠡ ᠵᠢᠯ ᠮᠦᠨᠴᠤ ᠡᠷᠴᠢ ᠴᠢᠷᠮᠠᠶᠢᠯᠭ᠎ᠠ  ᠲᠠᠢ᠂ ᠤᠯᠤᠯᠲᠠ ᠳᠦᠬᠦᠷᠡᠩ ᠲᠠᠢ ᠨᠢᠬᠡ ᠵᠢᠯ ᠮᠦᠨ᠃ ᠨᠢᠬᠡ ᠵᠢᠯ ᠤᠨ ᠳᠤᠷᠰᠢ᠂ ᠲᠦᠪ ᠬᠤᠷᠢᠶᠠᠨ ᠤ ᠤᠷᠴᠢᠨ ᠲᠤᠭᠤᠷᠢᠨ ᠤ ︽ᠡᠷᠬᠢᠨ ᠬᠠᠷᠠᠬᠤ︾ ᠪᠠᠶᠢᠴᠠᠭᠠᠯᠲᠠ᠂ ᠶᠠᠳᠠᠭᠤ ᠠᠴᠠ ᠠᠩᠭᠢᠵᠢᠷᠠᠭᠤᠯᠵᠤ ︽ᠶᠠᠳᠠᠭᠤ ᠶᠢᠨ ᠮᠠᠯᠠᠭᠠᠢ  ᠪᠠᠨ ᠲᠠᠶᠠᠭᠳᠠᠬᠤ︾ ᠭᠤᠷᠪᠠᠳᠤᠭᠠᠷ ᠡᠲᠡᠭᠡᠳ ᠤᠨ ᠬᠢᠨᠠᠨ ᠰᠢᠯᠭᠠᠨ ᠪᠠᠶᠢᠴᠠᠭᠠᠨ ᠠᠪᠬᠤ᠂ ᠦᠪᠡᠷᠲᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠬᠤ ᠵᠡᠷᠭᠡ ᠱᠠᠯᠠᠪᠳᠠᠨ ᠪᠠᠶᠢᠴᠠᠭᠠᠬᠤ ᠳᠤ ᠪᠢᠳᠡ ᠢᠳᠡᠪᠬᠢᠲᠠᠢ ᠪᠠᠷ ᠠᠵᠢᠯᠯᠠᠨ ᠢᠲᠡᠭᠡᠯ ᠵᠤᠷᠢᠭ ᠢᠶᠠᠨ ᠪᠠᠲᠤ ᠪᠤᠯᠭᠠᠨ ᠠᠰᠠᠭᠤᠳᠠᠯ ᠳᠤ ᠨᠢᠭᠤᠷᠳᠠᠨ ᠬᠠᠨᠳᠤᠵᠤ ᠨᠢᠬᠡ ᠤᠯᠠᠨ ᠰᠢᠷᠢᠰ ᠤᠯᠤᠰ ᠲᠦᠷᠤ ᠶᠢᠨ ᠰᠢᠯᠭᠠᠨ ᠪᠠᠶᠢᠴᠠᠭᠠᠯᠲᠠ ᠢ ᠳᠠᠭᠠᠭᠠᠵᠠᠢ᠄ ᠴᠢᠨᠠᠷ ᠰᠠᠶᠢᠲᠠᠢ ᠬᠦᠭᠵᠢᠯᠲᠠ ᠶᠢᠨ ᠰᠢᠨ᠎ᠡ ᠱᠠᠭᠠᠷᠳᠠᠯᠭ᠎ᠠ᠂ ︽ᠭᠤᠷᠪᠠᠨ ᠪᠤᠭᠤᠮᠲᠠ ᠰᠢᠪᠲᠤᠯᠠᠬᠤ ᠳᠠᠶᠢᠯᠠᠯᠳᠤᠭᠠᠨ︾ ᠤ ᠬᠦᠨᠳᠤ ᠡᠬᠦᠷᠬᠡ ᠳᠤ ᠬᠠᠨᠳᠤᠭᠤᠯᠤᠨ᠂ ᠪᠢᠳᠡ ᠳᠠᠯᠲᠠ ᠬᠦᠴᠦᠨ ᠢᠶᠠᠨ ᠠᠭᠤᠳᠠᠯᠤᠨ ᠵᠠᠪᠰᠢᠶᠠᠨ ᠢ ᠰᠠᠶᠢᠨ ᠠᠳᠬᠤᠨ ᠴᠢᠷᠮᠠᠶᠢᠨ ᠠᠵᠢᠯᠯᠠᠵᠤ ᠡᠯ᠎ᠡ ᠵᠤᠶᠢᠯ ᠤᠨ ᠠᠵᠢᠯ ᠨᠢ ᠬᠦᠴᠢᠷ ᠪᠡᠷᠭᠡᠰᠢᠶᠡᠯ ᠤᠨ ᠳᠤᠮᠳᠠ ᠰᠢᠨ᠎ᠡ ᠠᠮᠵᠢᠯᠲᠠ ᠤᠯᠵᠠᠢ᠃ ᠤᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠠᠬᠤ ᠠᠵᠢᠯ ᠤᠨ ᠳᠤᠮᠳᠠ ᠡᠯ᠎ᠡ ᠳᠡᠰ ᠤᠨ ᠤᠳᠤᠷᠢᠳᠤᠯᠭ᠎ᠠ ᠺᠠᠲᠠᠷ ᠨᠠᠷ ᠡᠳᠤᠷ ᠰᠦᠨᠦᠵᠢᠨ ᠠᠵᠢᠯ ᠤᠨ ᠪᠠᠶᠢᠷᠢᠨ ᠳᠡᠭᠡᠷ᠎ᠡ ᠪᠠᠨ ᠪᠠᠶᠢᠵᠤ ᠨᠢᠬᠡᠳᠤᠭᠡᠷ ᠹᠷᠤᠨᠲ ᠳᠡᠭᠡᠷ᠎ᠡ ᠢᠲᠡᠭᠡᠯ ᠵᠤᠷᠢᠭ ᠢᠶᠠᠨ ᠪᠤᠯᠪᠠᠰᠤᠷᠠᠵᠤ ᠴᠢᠳᠠᠪᠤᠷᠢ ᠪᠠᠨ ᠳᠡᠭᠡᠭᠰᠢᠯᠡᠬᠦᠯᠦᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ ᠦᠨᠳᠦᠰᠦᠲᠡᠨ ᠤ ᠬᠦᠪᠡᠬᠦᠳ ᠦᠬᠢᠳ ᠤᠨ ᠰᠢᠨ᠎ᠡ ᠶᠢ ᠡᠬᠦᠳᠴᠤ᠂ ᠵᠤᠷᠢᠭᠲᠠᠢ ᠪᠠᠷ ᠤᠷᠤᠭᠰᠢᠯᠠᠬᠤ ᠶᠢ ᠵᠤᠷᠢᠭᠵᠢᠭᠤᠯᠬᠤ ᠦᠵᠡᠯ ᠰᠠᠨᠠᠭᠠᠨ ᠤ ᠦᠪ ᠬᠦᠷᠦᠩᠭᠡ ᠬᠢᠬᠡᠳ ᠵᠤᠷᠢᠭ ᠰᠠᠨᠠᠭᠠᠨ ᠤ ᠬᠦᠳᠡᠯᠬᠡᠭᠴᠢ ᠬᠦᠴᠦᠨ ᠪᠤᠯᠵᠠᠢ᠃    ᠡᠳᠡᠭᠡᠷ ᠠᠮᠵᠢᠯᠲᠠ ᠢ ᠤᠯᠤᠭᠰᠠᠨ ᠨᠢ ᠪᠤᠯ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠶᠢᠯᠳᠤᠬᠤ ᠪᠤᠳᠤᠯᠭ᠎ᠠ ᠶᠢᠨ ᠦᠷ᠎ᠡ ᠳ᠋ᠦᠩ ᠮᠦᠨ᠂ ᠮᠦᠨᠴᠤ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠴᠢᠩᠭ᠎ᠠ ᠬᠢᠨᠠᠯᠲᠠ᠂ ᠪᠦᠬᠦ ᠬᠦᠴᠦᠨ ᠪᠠᠷ ᠳᠠᠮᠵᠢᠨ ᠳᠤᠰᠠᠯᠠᠭᠰᠠᠨ ᠤ ᠦᠷ᠎ᠡ ᠳ᠋ᠦᠩ᠂ ᠪᠠᠰᠴᠤ ᠪᠦᠬᠦ ᠬᠤᠰᠢᠭᠤᠨ ᠤ ᠡᠯ᠎ᠡ ᠦᠨᠳᠦᠰᠦᠲᠡᠨ  ᠤ ᠠᠷᠠᠳ ᠢᠷᠭᠡᠳ ᠤᠨ ᠬᠦᠴᠢᠷ ᠪᠡᠷᠭᠡᠰᠢᠶᠡᠯ ᠢ ᠬᠠᠮᠳᠤᠪᠠᠷ ᠲᠤᠭᠤᠯᠠᠵᠤ᠂ ᠨᠢᠭᠲᠠᠷᠠᠨ ᠪᠦᠯᠬᠦᠮᠳᠡᠵᠤ ᠱᠠᠯᠠᠮᠠᠭᠠᠶᠢᠯᠠᠨ ᠤᠷᠤᠭᠰᠢᠯᠠᠭᠰᠠᠨ ᠤ ᠦᠷ᠎ᠡ ᠳ᠋ᠦᠩ ᠮᠦᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠤᠯᠠᠨ ᠠᠷᠠᠳ ᠤᠨ ᠶᠡᠭᠡ ᠬᠤᠷᠠᠯ ᠤᠨ ᠲᠦᠯᠦᠬᠡᠯᠡᠭᠴᠢᠳ᠂ ᠤᠯᠤᠰ ᠲᠦᠷᠤ ᠶᠢᠨ ᠵᠦᠪᠯᠡᠯᠭᠡᠨ ᠤ ᠬᠡᠰᠢᠬᠦᠳ᠂ ᠠᠯᠢᠪᠠ ᠪᠤᠢ ᠪᠦᠬᠦᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠭᠵᠢᠯᠲᠠ ᠢ ᠬᠠᠯᠠᠮᠵᠢᠯᠠᠵᠤ ᠪᠠᠶᠢᠭ᠎ᠠ ᠨᠡᠶᠢᠬᠡᠮ ᠤᠨ ᠡᠯ᠎ᠡ ᠡᠲᠡᠭᠡᠳ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠲᠤ ᠬᠦᠨᠳᠦᠳᠭᠡᠯ ᠢᠶᠠᠨ ᠳᠡᠪᠰᠢᠬᠦᠯᠦᠶ᠎ᠡ︕    ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠪᠠᠰᠠ ᠲᠠᠨᠢᠵᠤ ᠤᠯᠤᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠬᠢᠴᠠ ᠳᠤᠮᠳᠠ ᠪᠠᠰᠠ ᠪᠠᠭ᠎ᠠ ᠪᠤᠰᠤ ᠠᠰᠠᠭᠤᠳᠠᠯ ᠬᠢᠬᠡᠳ ᠬᠦᠴᠢᠷᠳᠡᠯ ᠲᠤᠯᠭᠠᠷᠠᠵᠤ ᠪᠤᠢ᠄ ᠨᠢᠬᠡ ᠪᠤᠯ ᠵᠠᠰᠠᠭ ᠤᠨ ᠤᠷᠳᠤᠨ ᠤ ᠦᠷᠢ ᠦᠭᠴᠡᠭᠡ ᠢ ᠨᠠᠮᠳᠠᠭᠠᠨ ᠰᠢᠢᠳᠪᠤᠷᠢᠯᠡᠬᠦ ᠳᠠᠷᠤᠯᠲᠠ ᠶᠡᠭᠡ᠂ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠠᠬᠤ ᠨᠢ ᠦᠷᠬᠦᠯᠵᠢᠯᠡᠨ ᠬᠦᠴᠦᠯᠡᠬᠦ ᠬᠡᠷᠡᠭᠲᠠᠢ᠂ ᠠᠮᠢ ᠠᠬᠤᠢ ᠶᠢ ᠵᠠᠰᠠᠨ ᠰᠡᠷᠬᠦᠬᠡᠬᠦ ᠡᠬᠦᠷᠬᠡ ᠬᠦᠨᠳᠤ ᠵᠠᠮ ᠬᠤᠯᠠ ᠪᠠᠶᠢᠨ᠎ᠠ᠃ ᠬᠤᠶᠠᠷ ᠪᠤᠯ ᠠᠵᠤ ᠤᠶᠢᠯᠡᠰ ᠤᠨ ᠠᠭᠤᠰᠤᠯᠴᠠᠨ ᠬᠦᠭᠵᠢᠬᠦ ᠨᠢ ᠬᠦᠢᠴᠡᠳ ᠦᠬᠡᠢ᠂ ᠤᠨᠴᠠᠭᠠᠶᠢᠯᠠᠨ ᠨᠢᠬᠡᠳᠤᠭᠡᠷ᠂ ᠭᠤᠷᠪᠠᠳᠤᠭᠠᠷ ᠠᠵᠤ ᠤᠶᠢᠯᠡᠰ ᠤᠨ ᠬᠦᠭᠵᠢᠯᠲᠠ ᠨᠢ ᠬᠦᠢᠴᠡᠳ ᠦᠬᠡᠢ᠂ ᠠᠵᠤ ᠤᠶᠢᠯᠡᠰ ᠤᠨ ᠪᠦᠲᠦᠴᠡ ᠢ ᠳᠤᠬᠢᠷᠠᠭᠤᠯᠬᠤ᠂ ᠰᠢᠨ᠎ᠡ ᠬᠠᠭᠤᠴᠢᠨ ᠬᠦᠳᠡᠯᠭᠡᠭᠴᠢ ᠡᠨᠧᠷᠬᠢ ᠶᠢᠨ ᠰᠤᠯᠢᠭᠳᠠᠯ ᠢ ᠤᠯᠠᠮ ᠨᠢᠬᠡ ᠠᠯᠬᠤᠮ ᠲᠦᠷᠭᠡᠳᠭᠡᠬᠦ ᠴᠢᠬᠤᠯᠲᠠᠢ᠄ ᠭᠤᠷᠪᠡ ᠪᠤᠯ ᠳᠠᠪᠠᠭᠤᠯᠢᠭ ᠠᠵᠤ ᠤᠶᠢᠯᠡᠰ ᠤᠨ ᠭᠤᠤᠯᠯᠠᠬᠤ ᠦᠷᠢᠰᠤᠯᠳᠦᠬᠦ ᠬᠦᠴᠦᠨ ᠬᠢᠬᠡᠳ ᠰᠢᠨ᠎ᠡ ᠶᠢ ᠡᠬᠦᠳᠬᠦ ᠴᠢᠳᠠᠪᠤᠷᠢ ᠨᠢ ᠪᠠᠰᠠ ᠬᠦᠴᠦᠷᠭᠡᠭ ᠪᠢᠰᠢ᠂ ᠬᠦᠭᠵᠢᠯᠲᠠ ᠶᠢᠨ ᠴᠢᠨᠠᠷ ᠴᠢᠨᠰᠠᠭ᠎ᠠ ᠬᠢᠬᠡᠳ ᠦᠷ᠎ᠡ ᠠᠰᠢᠭ ᠨᠢ ᠪᠠᠰᠠ ᠨᠢᠬᠡ ᠠᠠᠯᠬᠤᠮ ᠳᠡᠭᠡᠭᠰᠢᠯᠡᠬᠦ ᠴᠢᠬᠤᠯᠲᠠᠢ᠄ ᠳᠦᠷᠪᠡ ᠪᠤᠯ ᠠᠷᠠᠳ ᠤᠨ ᠠᠮᠢᠳᠤᠷᠠᠯ ᠪᠤᠯᠤᠨ ᠨᠡᠶᠢᠬᠡᠮ ᠤᠨ ᠠᠵᠤ ᠤᠶᠢᠯᠡᠰ ᠤᠨ ᠬᠦᠭᠵᠢᠯᠲᠠ ᠪᠠ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡᠨ ᠤ ᠬᠤᠭᠤᠷᠤᠨᠳᠤ ᠪᠠᠰᠠ ᠪᠠᠭ᠎ᠠ ᠪᠤᠰᠤ ᠵᠦᠷᠢᠶ᠎ᠡ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠳᠤ ᠬᠠᠨᠳᠤᠭᠤᠯᠤᠨ᠂ ᠪᠢᠳᠡ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠢ ᠰᠢᠢᠳᠪᠤᠷᠢᠯᠡᠨ᠎ᠡ᠃ ᠬᠤᠶᠠᠷ᠂ 2019 ᠤᠨ ᠤ ᠠᠵᠢᠯ ᠤᠨ ᠳᠤᠬᠢᠷᠠᠭᠤᠯᠤᠯᠲᠠ     2019 ᠤᠨ ᠪᠤᠯ ᠳᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠦᠨᠴᠤ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠬᠡᠯ ᠢᠶᠠᠨ ᠪᠠᠬᠢᠵᠡᠬᠦᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠰᠢᠪᠲᠤᠯᠠᠯᠲᠠ ᠬᠢᠬᠦ ᠵᠠᠩᠭᠢᠯᠠᠭ᠎ᠠ ᠶᠢᠨ ᠵᠢᠯ ᠮᠦᠨ᠃ ᠤᠳᠤᠬᠠᠨ ᠳᠤ᠂ ᠮᠠᠨ ᠤ ᠬᠤᠰᠢᠭᠤ ᠶᠠᠭ ᠰᠠᠶᠢᠬᠠᠨ ᠬᠡᠯᠪᠡᠷᠢ ᠪᠠᠨ ᠬᠤᠪᠢᠷᠠᠭᠤᠯᠵᠤ ᠰᠢᠪᠲᠤᠯᠠᠯᠲᠠ ᠬᠢᠬᠦ ᠵᠠᠩᠭᠢᠯᠠᠭ᠎ᠠ ᠶᠢᠨ ᠬᠤᠭᠤᠴᠠᠭ᠎ᠠ ᠳᠤ ᠤᠷᠤᠰᠢᠵᠤ ᠪᠠᠶᠢᠨ᠎ᠠ᠃ ᠪᠦᠬᠦ ᠲᠠᠯ᠎ᠠ ᠠᠴᠠ ᠠᠪᠴᠤ ᠦᠵᠡᠪᠡᠯ᠂ ᠬᠡᠳᠤᠶᠢᠪᠡᠷ ᠨᠡᠯᠢᠶᠡᠳ ᠤᠯᠠᠨ ᠲᠤᠭᠳᠠᠭᠠᠯᠲᠤ ᠪᠤᠰᠤ ᠡᠯᠧᠮᠧᠨ᠋ᠲ ᠨᠢᠭᠤᠷᠯᠡᠵᠤ ᠪᠠᠶᠢᠭ᠎ᠠ ᠪᠤᠯᠪᠠᠴᠤ ᠠᠵᠠ ᠳᠤᠬᠢᠶᠠᠯ ᠨᠢ ᠦᠷᠢᠰᠦᠯᠳᠤᠬᠡᠨ ᠠᠴᠠ ᠶᠡᠭᠡ᠂ ᠠᠰᠢᠭ ᠨᠢ ᠬᠦᠴᠢᠷ ᠪᠡᠷᠭᠡᠰᠢᠶᠡᠯ ᠠᠴᠠ ᠪᠠᠨ ᠤᠯᠠᠨ᠃ ᠤᠨᠴᠠᠭᠠᠶᠢᠯᠠᠨ ᠬᠦᠮᠦᠨ ᠢ ᠵᠤᠷᠢᠭᠵᠢᠭᠤᠯᠤᠮ᠎ᠠ ᠨᠢ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠬᠢᠯᠢ ᠬᠢᠵᠠᠭᠠᠷ ᠤᠨ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠢ ᠳᠡᠮᠵᠢᠬᠦ ᠡᠷᠴᠢᠮ ᠳᠠᠰᠤᠷᠠᠯᠲᠠ ᠦᠬᠡᠢ ᠴᠢᠩᠭᠠᠷᠠᠵᠤ᠂ ᠲᠦᠪ ᠬᠤᠷᠢᠶᠠᠨ ᠠᠴᠠ ᠤᠷᠤᠨ ᠨᠤᠲᠤᠭ ᠳᠠᠬᠢ ᠲᠡᠩᠴᠡᠬᠦᠷᠢᠲᠤ ᠴᠢᠨᠠᠷᠲᠠᠢ ᠰᠢᠯᠵᠢᠬᠦᠯᠦᠨ ᠦᠭᠬᠦ ᠨᠦᠬᠦᠪᠤᠷᠢ ᠶᠢᠨ ᠬᠡᠮᠵᠢᠶ᠎ᠡ ᠨᠢ ᠳᠠᠰᠤᠷᠠᠯᠲᠠ ᠦᠬᠡᠢ ᠳᠡᠭᠡᠭᠰᠢᠯᠡᠵᠤ᠂ ᠶᠡᠷᠤᠩᠭᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠢ ᠬᠢᠨᠠᠬᠤ ᠦᠶᠡᠰ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠨᠢ ᠪᠢᠳᠡᠨ ᠤ ᠴᠢᠨᠠᠷ ᠴᠢᠨᠰᠠᠭ᠎ᠠ ᠰᠠᠶᠢᠲᠠᠢ ᠬᠦᠭᠵᠢᠯᠲᠠ ᠶᠢᠨ ᠴᠢᠭᠯᠡᠯ ᠢ ᠲᠤᠳᠤᠷᠬᠠᠢ ᠵᠢᠭᠠᠵᠤ ᠦᠭᠬᠦᠪᠡ᠄ ᠶᠡᠷᠤᠩᠭᠡᠢ ᠰᠠᠶᠢᠳ ᠯᠢ ᠺᠧ ᠴᠢᠶᠡᠩ ᠤᠨ ᠲᠦᠮᠦᠰᠤ ᠲᠠᠷᠢᠬᠤ ᠨᠦᠬᠦᠪᠤᠷᠢ ᠦᠭᠬᠦ ᠳᠤᠬᠠᠢ ᠤᠷᠢᠳᠠᠪᠠᠷ ᠬᠡᠷᠡᠭᠵᠢᠬᠦᠯᠦᠨ ᠤᠷᠢᠳᠠᠪᠠᠷ ᠳᠤᠷᠰᠢᠵᠤ ᠂ ᠤᠯᠠᠭᠠᠨᠴᠠᠪ ᠬᠤᠲᠠ ᠶᠢᠨ ᠪᠠᠷᠠᠭᠠᠨ ᠤ ᠬᠦᠢᠯᠬᠡᠬᠡᠨ ᠤ ᠠᠭᠤᠯᠵᠠᠪᠤᠷᠢ ᠶᠢ ᠪᠦᠲᠦᠬᠡᠨ ᠪᠠᠶᠢᠭᠤᠯᠬᠤ ᠪᠠᠨ ᠲᠦᠷᠭᠡᠳᠭᠡᠬᠦ ᠵᠡᠷᠭᠡ ᠲᠠᠯ᠎ᠠ ᠶᠢᠨ ᠴᠢᠬᠤᠯᠠ ᠵᠢᠭᠠᠪᠤᠷᠢ ᠨᠢ ᠪᠢᠳᠡᠨ ᠤ ᠴᠢᠨᠠᠷ ᠰᠠᠶᠢᠲᠠᠢ ᠬᠦᠭᠵᠢᠯᠲᠠ ᠳᠤ ᠬᠦᠴᠦᠲᠤ ᠶᠡᠭᠡ ᠬᠦᠳᠡᠯᠬᠡᠬᠦ ᠬᠦᠴᠦᠨ ᠤᠯᠭᠤᠪᠠ᠃ ᠪᠢᠳᠡ ᠠᠵᠠ ᠳᠤᠬᠢᠶᠠᠯ ᠢ ᠰᠠᠶᠢᠨ ᠠᠳᠬᠤᠵᠤ᠂ ᠰᠠᠨᠠᠭᠠᠴᠢᠯᠠᠭ᠎ᠠ ᠠᠴᠠ  ᠪᠠᠨ ᠰᠠᠶᠢᠳᠤᠷ ᠬᠢᠪᠡᠯ ᠯᠠᠪᠲᠠᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠢ ᠬᠦᠭᠵᠢᠯᠲᠠ  ᠶᠢᠨ ᠰᠢᠨ᠎ᠠ ᠪᠠᠶᠢᠳᠠᠯ ᠢ ᠨᠡᠭᠡᠭᠡᠵᠤ ᠴᠢᠳᠠᠨ᠎ᠠ᠃     ᠬᠤᠰᠢᠭᠤ ᠨᠠᠮ ᠤᠨ ᠬᠤᠷᠢᠶᠠᠨ ᠤ ᠠᠷᠪᠠᠨ ᠳᠦᠷᠪᠡᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠦᠨᠳᠦᠰᠦᠯᠡᠵᠤ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠭᠡᠢ ᠰᠡᠳᠬᠢᠴᠡ ᠨᠢ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠲᠤ ᠦᠵᠡᠯ ᠰᠠᠨᠠᠭ᠎ᠠ ᠪᠠᠷ ᠵᠢᠯᠤᠭᠤᠳᠤᠮᠵᠢ ᠪᠠᠨ ᠪᠤᠯᠭᠠᠨ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠪᠤᠯᠤᠨ ᠨᠠᠮ ᠤᠨ ᠠᠷᠪᠠ ᠶᠢᠰᠦᠳᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠬᠡᠢ ᠲᠤᠤᠱᠯᠠᠭᠤᠯᠵᠤ᠂ ᠠᠮᠢ ᠠᠬᠤᠢ ᠲᠡᠷᠢᠬᠦᠨ᠂ ᠪᠤᠬᠢᠷᠳᠤᠯ ᠦᠬᠡᠢ  ᠪᠠᠷ ᠬᠦᠭᠵᠢᠬᠦ ᠶᠢ ᠪᠠᠷᠢᠮᠲᠠᠯᠠᠨ᠂ ᠭᠤᠷᠪᠠᠨ ᠶᠡᠭᠡ ᠪᠤᠭᠤᠮᠲᠠ ᠰᠢᠪᠲᠤᠯᠠᠬᠤ ᠪᠠᠶᠢᠯᠳᠤᠭᠠᠨ ᠢ ᠰᠠᠶᠢᠳᠤᠷ ᠴᠤᠬᠢᠬᠤ ᠪᠠᠨ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠬᠦ ᠶᠢ ᠳᠦᠯᠬᠢᠨ ᠠᠬᠢᠭᠤᠯᠵᠤ᠂ ᠲᠤᠭᠲᠠᠭᠰᠠᠨ ᠬᠤᠭᠤᠴᠠᠭ᠎ᠠ ᠶᠤᠰᠤᠭᠠᠷ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃     ᠡᠯ᠎ᠡ ᠵᠤᠶᠢᠯ ᠤᠨ ᠬᠦᠴᠦᠨ ᠵᠤᠶᠢᠯ ᠢ ᠶᠡᠷᠤᠩᠭᠡᠶᠢᠯᠡᠨ ᠪᠤᠳᠤᠯᠬᠢᠯᠠᠪᠠᠯ᠂ ᠡᠨᠡ ᠵᠢᠯ ᠤᠨ ᠠᠵᠤ ᠠᠬᠤᠢ ᠨᠡᠶᠢᠬᠡᠮ  ᠶᠢᠨ ᠬᠦᠭᠵᠢᠯᠲᠠ ᠶᠢᠨ ᠵᠢᠱᠢᠭᠰᠡᠨ ᠬᠠᠷᠠᠯᠲᠠ ᠨᠢ ᠪᠤᠯ᠄ ᠤᠷᠤᠨ ᠨᠤᠲᠤᠭ ᠤᠨ ᠤᠶᠢᠯᠡᠳᠪᠤᠷᠢᠯᠡᠯ ᠤᠨ ᠶᠡᠷᠤᠩᠭᠡᠢ ᠦᠷᠲᠡᠭ 9% ᠦᠰᠬᠦ᠂ ᠲᠤᠭᠲᠠᠮᠠᠯ ᠬᠦᠷᠦᠩᠭᠡ ᠳᠤ ᠪᠡᠯᠡ ᠤᠷᠤᠭᠤᠯᠬᠤ ᠨᠢ 8% ᠦᠰᠬᠦ᠂ ᠨᠡᠶᠢᠬᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠬᠤ ᠶᠡᠷᠤᠩᠭᠡᠢ ᠦᠷᠲᠡᠭ 6.5% ᠦᠰᠬᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠨᠢ ᠲᠤᠰᠪᠤᠷᠢ 7.5% ᠪᠤᠯᠤᠨ 8% ᠦᠰᠬᠦ᠂ ᠵᠠᠰᠠᠭ ᠤᠨ ᠦᠷᠢ ᠦᠭᠴᠡᠭᠡ ᠢ ᠠᠷᠢᠯᠭᠠᠬᠤ ᠵᠢᠯ ᠤᠨ ᠬᠠᠷᠠᠯᠲᠠ ᠪᠠᠨ ᠬᠦᠢᠴᠡᠳᠭᠡᠵᠤ᠂ ᠵᠢᠯ ᠤᠨ ᠡᠨᠧᠷᠬᠢ ᠠᠷᠪᠢᠯᠠᠵᠤ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠤᠭᠤᠷᠢᠨ ᠳᠤ᠂ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠲᠠᠢ᠃  ︵ᠨᠢᠬᠡ︶ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠪᠠᠬᠢᠵᠢᠭᠦᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠬᠤ    ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ ᠤ ᠤᠷᠢᠳᠠᠪᠠᠷ ᠬᠦᠭᠵᠢᠬᠦ ᠶᠢ ᠭᠤᠶᠢᠪᠢᠰᠢ ᠦᠬᠡᠢ ᠪᠠᠷᠢᠮᠲᠠᠯᠠᠵᠤ᠂ ᠤᠳᠤ ᠶᠢᠨ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠳᠤᠤᠷᠠᠬᠢ ᠶᠠᠳᠠᠭᠤ ᠠᠴᠠ ᠠᠩᠭᠢᠵᠢᠷᠠᠭᠤᠯᠬᠤ  ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠪᠠᠬᠢᠵᠢᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠬᠡᠷᠡᠭᠵᠢᠬᠦᠯᠬᠦ᠃—— ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠬᠦ᠂   ︽ᠨᠠᠷᠢᠯᠢᠭ ᠤᠨᠤᠪᠴᠢᠲᠠᠢ ᠪᠠᠶᠢᠯᠭᠠᠬᠤ᠂ ᠦᠷᠬᠦᠯᠵᠢᠯᠡᠬᠦ᠂ ᠳᠤᠲᠤᠭᠠᠲᠤ ᠬᠦᠳᠡᠯᠭᠡᠭᠦ ᠬᠦᠴᠦᠨ ᠢ ᠬᠦᠭᠵᠢᠬᠡᠬᠦ︾ ᠭᠤᠷᠪᠠᠨ ᠵᠠᠩᠭᠢᠯᠠᠭ᠎ᠠ ᠶᠢ ᠨᠢᠭᠲᠠ ᠤᠶᠠᠯᠳᠤᠭᠤᠯᠤᠨ᠂ ᠯᠠᠪᠳᠠᠭᠤᠨ ᠪᠠᠲᠤᠲᠠᠢ ᠰᠠᠶᠢᠳᠤᠷ ᠬᠢᠵᠤ᠂ ᠲᠦᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠬᠤ ᠲᠤᠰᠬᠠᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠳᠤ ᠬᠦᠷᠬᠡᠵᠤ᠂ ᠲᠤᠰᠬᠠᠢ ᠠᠵᠢᠯᠯᠠᠭ᠎ᠠ ᠶᠢ ᠠᠬᠢᠭᠤᠯᠵᠤ᠂ ︽ᠳᠡᠭ ᠪᠤᠯᠭᠠᠬᠤ ᠪᠠ ᠶᠠᠳᠠᠭᠤ ᠠᠴᠠ ᠠᠩᠭᠢᠵᠢᠷᠠᠭᠤᠯᠬᠤ ᠲᠤᠪᠳᠤᠯᠤᠨ ᠪᠠᠲᠤ ᠪᠠᠬᠢ ᠵᠢᠯ︾ ᠤᠨ ᠠᠵᠢᠯᠯᠠᠭ᠎ᠠ ᠶᠢ ᠦᠨᠡᠨ ᠬᠦ ᠪᠠᠲᠤᠯᠠᠬᠤ ᠬᠡᠷᠡᠭᠲᠠᠢ᠂ ᠦᠯᠡᠳᠡᠵᠤ ᠪᠠᠶᠢᠭ᠎ᠠ ᠶᠠᠳᠠᠭᠤ ᠬᠦᠴᠢᠷᠳᠡᠯᠲᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ᠃    ᠬᠢᠵᠠᠭᠠᠷ ᠱᠤᠭᠤᠮ ᠢ ᠰᠠᠬᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ    ᠲᠦᠷᠤ ᠶᠢᠨ ᠪᠤᠳᠤᠯᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠦᠬᠡᠢ ᠶᠢ ᠦᠨᠡᠨ ᠬᠦ ᠬᠦᠳᠡᠯᠤᠩᠭᠦᠢ ᠬᠠᠮᠢᠶᠠᠷᠤᠯᠲᠠ ᠢ ᠴᠢᠩᠭᠠᠳᠬᠠᠨ᠎ᠠ᠃ ᠪᠦᠬᠦ ᠲᠠᠯ᠎ᠠ ᠪᠠᠷ ᠡᠬᠢᠯᠡᠬᠦᠯᠵᠤ᠂ ᠶᠠᠳᠠᠭᠤ ᠰᠡᠷᠭᠡᠶᠢᠯᠡᠬᠦ ᠳᠠᠭᠠᠳᠬᠠᠯ᠂ ᠡᠷᠡᠬᠦᠯ᠂ ᠳᠤᠤᠷ᠎ᠠ ᠪᠠᠲᠤᠯᠭ᠎ᠠ᠂ ᠠᠮᠢ ᠠᠬᠤᠢ ᠪᠠᠷ ᠶᠠᠳᠠᠭᠤ ᠶᠢ ᠳᠡᠳᠬᠦᠬᠦ ᠵᠡᠷᠬᠡ ᠲᠦᠷᠤ ᠶᠢᠨ ᠪᠤᠳᠤᠯᠭ᠎ᠠ᠂ ᠬᠦᠨᠳᠤ ᠡᠪᠡᠳᠴᠢᠨ᠂ ᠶᠡᠭᠡ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ᠂ ᠵᠡᠮᠳᠡᠭᠴᠤᠣᠯ᠂ ᠦᠳᠡᠯᠦᠬᠡ ᠨᠠᠰᠤᠲᠠᠨ᠂ ᠶᠠᠳᠠᠭᠤ ᠬᠦᠴᠢᠷᠳᠡᠯᠲᠠᠢ ᠰᠤᠷᠤᠭᠴᠢ ᠵᠡᠷᠬᠡ ᠶᠢ ᠭᠤᠤᠯᠳᠠᠯᠭ᠎ᠠ ᠲᠠᠢ ᠠᠩᠬᠠᠷᠴᠤ᠂ ᠡᠳᠡᠭᠡᠷ ᠤᠨᠴᠠᠭᠠᠢ ᠬᠠᠮᠲᠤᠯᠢᠭ ᠳᠡᠭᠡᠷ᠎ᠡ ᠲᠦᠪᠯᠡᠷᠡᠵᠣ᠂ ᠪᠠᠲᠤ ᠪᠠᠬᠢ ᠦᠨᠳᠦᠰᠦᠨ ᠵᠤᠶᠢᠯ ᠢ ᠪᠠᠲᠤᠯᠠᠬᠤ ᠪᠠᠲᠤᠯᠠᠪᠤᠷᠢ ᠶᠢᠨ ᠲᠤᠤᠷ ᠢ ᠪᠠᠶᠢᠭᠤᠯᠤᠭᠰᠠᠨ ᠪᠠᠶᠢᠨ᠎ᠠ᠃ ᠰᠠᠶᠢᠨ ᠮᠠᠯᠵᠢᠬᠤ ᠲᠠᠷᠢᠶᠠᠯᠠᠬᠤ ᠤᠷᠤᠨ ᠤ ᠰᠤᠯᠠ ᠪᠠᠶᠢᠭ᠎ᠠ ᠤᠷᠤᠨ ᠰᠠᠭᠤᠴᠠ  ᠢ ᠡᠭᠡᠬᠦᠯᠦᠨ ᠬᠤᠷᠢᠶᠠᠵᠤ ᠠᠰᠢᠭᠯᠠᠬᠤ᠂ ᠰᠠᠶᠢᠳᠤᠷ ᠠᠳᠬᠤᠵᠤ᠂ ᠤᠭ ᠤᠨ ᠪᠠᠶᠢᠭᠰᠠᠨ ᠭᠡᠷ ᠪᠠᠶᠢᠰᠢᠩ ᠢ ᠬᠦᠢᠯᠭᠡᠭᠡᠨ  ᠲᠠᠢ ᠪᠤᠯᠭᠠᠬᠠᠤ᠂ ᠬᠠᠮᠤᠭ ᠤᠨ ᠭᠡᠷᠡᠭᠯᠡᠬᠦ ᠴᠢᠬᠤᠯᠲᠠᠢ ᠬᠦᠮᠦᠰ ᠢ ᠠᠮᠤᠷ ᠳᠦᠪᠰᠢᠨ ᠪᠠᠶᠢᠰᠢᠩ ᠳᠤ ᠰᠠᠭᠤᠯᠭᠠᠬᠤ᠃ ᠠᠯᠤᠰ ᠢᠷᠡᠭᠡᠳᠤᠢ ᠶᠢ ᠰᠦᠪᠡᠭᠴᠢᠯᠡᠵᠤ᠂ ᠲᠤᠭᠲᠠᠭᠤᠨ ᠤᠷᠤᠯᠭ᠎ᠠ ᠶᠢᠨ ᠨᠡᠮᠡᠭᠳᠡᠯ ᠠᠵᠤ ᠤᠶᠢᠯᠡᠰ ᠢᠶᠠᠷ ᠶᠠᠳᠠᠭᠤ ᠶᠢ ᠳᠡᠳᠬᠦᠬᠦ ᠲᠦᠷᠤ ᠶᠢᠨ ᠪᠤᠳᠤᠯᠭ᠎ᠠ ᠶᠢ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠦᠷᠬᠦᠯᠵᠢᠯᠡᠨ ᠲᠦᠷᠦᠯ ᠵᠤᠶᠢᠯ ᠤᠨ ᠳᠤᠬᠢᠷᠠᠭᠤᠯᠤᠯᠲᠠ᠂ ᠮᠡᠷᠭᠡᠵᠢᠯ ᠤᠨ ᠪᠤᠯᠪᠠᠰᠤᠷᠠᠭᠤᠯᠤᠯ᠂ ᠪᠠᠭ᠎ᠠ ᠬᠡᠮᠵᠢᠶᠡᠨ ᠤ ᠢᠲᠡᠭᠡᠮᠵᠢᠲᠤ ᠵᠢᠭᠡᠯᠡᠯᠭᠡ ᠵᠡᠷᠭᠡ ᠲᠠᠯ᠎ᠠ ᠪᠠᠷ ᠳᠡᠳᠬᠦᠨ ᠳᠡᠮᠵᠢᠨ᠎ᠡ᠃ ᠢᠯᠠᠩᠭᠤᠶ᠎ᠠ ᠵᠠᠯᠭᠠᠮᠵᠢ ᠠᠵᠤ ᠤᠶᠢᠯᠡᠰ ᠢ ᠪᠤᠶᠢᠵᠢᠭᠤᠯᠵᠤ ᠪᠠᠶᠢᠬᠤ ᠶᠢ ᠤᠯᠵᠤ ᠮᠡᠳᠡᠨ᠂ ᠦᠵᠡᠬᠦᠯᠦᠯᠬᠡ ᠤᠨᠳᠤᠤ ᠭᠠᠵᠠᠷ ᠲᠤ ᠨᠡᠬᠦᠯᠬᠡᠨ ᠶᠠᠳᠠᠭᠤ ᠶᠢ ᠳᠡᠳᠬᠦᠬᠦ᠂ ᠬᠦᠳᠡᠯᠮᠤᠷᠢᠯᠡᠬᠦ ᠴᠢᠳᠠᠪᠤᠷᠢᠲᠠᠢ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠬᠦᠭᠵᠢᠯᠲᠠ ᠶᠢᠨ ᠠᠵᠤ ᠤᠶᠢᠯᠡᠰ ᠢ ᠪᠦᠬᠦᠨ ᠢ ᠬᠠᠮᠤᠷᠬᠤ ᠶᠢ ᠪᠡᠶᠡᠯᠡᠬᠦᠯᠦᠨ᠎ᠡ᠃ ᠵᠠᠬ᠎ᠠ ᠳᠡᠯᠭᠡᠬᠦᠷ ᠤᠨ ᠬᠡᠷᠡᠭᠴᠡᠭᠡ ᠶᠢ ᠨᠠᠷᠢᠨ ᠤᠨᠤᠪᠴᠢᠲᠠᠢ ᠵᠤᠯᠭᠠᠯᠳᠤᠯ ᠪᠤᠯᠭᠠᠨ᠂ ᠵᠠᠬᠢᠶᠠᠯᠭ᠎ᠠ ᠶᠢᠨ ᠮᠠᠶ᠋ᠢᠭ ᠤᠨ ᠤᠶᠢᠯᠡᠳᠪᠤᠷᠢᠯᠡᠯ᠂ ᠵᠠᠬ᠎ᠠ ᠳᠡᠯᠭᠡᠬᠦᠷ ᠤᠨ ᠲᠦᠭᠰᠢᠬᠦᠷᠢ ᠶᠢ ᠬᠤᠷᠢᠭᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠡᠷᠡᠯ ᠴᠠᠬᠢᠯᠭᠠᠨ ᠢᠶᠠᠷ ᠶᠠᠳᠠᠭᠤ ᠶᠢ ᠳᠡᠳᠬᠦᠬᠦ ᠲᠤᠰᠬᠤᠨ ᠤ ᠳᠡᠰ ᠤᠨ ᠴᠠᠬᠢᠯᠭᠠᠨ ᠦᠷᠲᠡᠭᠡ  ᠶᠢᠨ ᠪᠦᠲᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠦᠨᠡᠨ ᠬᠦ ᠪᠠᠲᠤᠯᠠᠵᠤ᠂ 5 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠤᠨ᠎ᠡ ᠪᠦᠷᠢᠨ ᠪᠠᠭᠲᠠᠭᠠᠮᠵᠢᠲᠤ ᠲᠤᠤᠷ ᠨᠡᠶᠢᠯᠡᠬᠦᠯᠦᠨ ᠴᠠᠬᠢᠯᠭᠠᠨ ᠭᠠᠷᠭᠠᠵᠤ ᠪᠤᠯᠤᠨ᠎ᠠ᠃ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠴᠦᠷᠭᠡᠭᠵᠢᠬᠦᠯᠦᠨ᠂ ᠵᠢᠯ ᠤᠨ ᠳᠤᠲᠤᠷ᠎ᠠ ᠪᠦᠬᠦ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠴᠦᠮ 5 ᠲᠦᠮᠡᠨ ᠲᠦᠭᠦᠷᠢᠭ ᠪᠤᠯᠤᠨ᠎ᠠ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠪᠠ ᠶᠠᠳᠠᠭᠤ ᠶᠢ ᠳᠡᠳᠬᠦᠬᠦ ᠲᠦᠷᠦᠯ ᠵᠤᠶᠢᠯ ᠤᠨ ᠬᠠᠮᠢᠶᠠᠷᠤᠯᠲᠠ ᠶᠢᠨ ᠵᠢᠷᠤᠮᠵᠢᠭᠰᠠᠨ᠂ ᠭᠤᠷᠪᠠᠳᠤᠭᠠᠷ ᠲᠡᠯ᠎ᠡ ᠶᠢ ᠳᠠᠲᠠᠨ ᠤᠷᠤᠭᠤᠯᠤᠭᠰᠠᠨ ᠨᠢ ᠬᠢᠨᠠᠯᠲᠠ ᠲᠠᠯᠪᠢᠵᠤ᠂ ᠶᠠᠳᠠᠭᠤ ᠶᠢ ᠳᠡᠳᠬᠦᠬᠦ ᠪᠡᠯᠡ ᠮᠦᠩᠭᠦ ᠶᠢᠨ ᠦᠷ᠎ᠡ ᠪᠦᠲᠦᠮᠵᠢ ᠤᠯᠲᠠᠯ᠎ᠠ ᠮᠦᠷᠳᠡᠨ ᠠᠰᠠᠭᠤᠬᠤ ᠪᠠᠨ ᠴᠢᠩᠭᠠᠳᠬᠠᠵᠤ ᠳᠡᠭᠦᠯᠳᠡᠷᠵᠢᠬᠦᠯᠵᠤ᠂ ᠶᠠᠳᠠᠭᠤ ᠬᠦᠴᠢᠷᠳᠡᠯᠲᠠᠢ ᠡᠷᠤᠬᠡ ᠪᠤᠯᠤᠨ ᠲᠤᠯᠤᠭᠠᠶᠢᠯᠠᠭᠴᠢ ᠠᠵᠤ ᠠᠬᠤᠶᠢᠯᠠᠯ᠂ ᠬᠤᠷᠰᠢᠶᠠᠨ ᠤ ᠠᠰᠢᠭ ᠲᠤᠰᠠ ᠬᠤᠯᠪᠤᠭᠳᠤᠭᠰᠠᠨ ᠲᠤᠭᠲᠠᠴᠠ ᠶᠢ ᠪᠠᠲᠤᠯᠠᠵᠤ᠂ ᠶᠠᠳᠠᠭᠤ ᠶᠢ ᠳᠡᠳᠬᠦᠬᠦ ᠤᠷᠤᠭᠤᠯᠤᠯᠲᠠ ᠶᠢ ᠨᠡᠮᠡᠭᠳᠡᠬᠦᠯᠵᠤ᠂ ᠦᠷᠬᠦᠯᠵᠢᠯᠡᠬᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠬᠦᠯᠵᠤ ᠴᠢᠳᠠᠨ᠎ᠠ᠃   ᠨᠡᠶᠢᠯᠡᠯ ᠬᠦᠴᠦᠨ ᠢ ᠪᠦᠷᠢᠳᠦᠬᠦᠯᠵᠤ ᠴᠢᠩᠭ᠎ᠠ ᠪᠠᠲᠤᠯᠠᠵᠤ   ᠶᠠᠳᠠᠭᠤ ᠠᠴᠠ ᠠᠩᠭᠢᠵᠢᠷᠠᠭᠤᠯᠬᠤ ᠦᠬᠡᠢ ᠶᠢ ᠪᠠᠷᠢᠮᠲᠠᠯᠠᠬᠤ ᠶᠢ ᠬᠠᠪᠰᠤᠷᠤᠨ ᠳᠡᠳᠬᠦᠬᠦ ᠡᠩᠨᠡᠭᠡ᠂ ᠳᠦᠷᠢᠮ ᠪᠤᠯᠤᠨ ᠰᠠᠬᠢᠯᠭ᠎ᠠ ᠪᠠᠲᠤ ᠶᠢ ᠪᠠᠲᠤᠯᠠᠵᠤ᠂ ᠦᠷᠬᠦᠯᠵᠢᠯᠡᠨ ᠪᠠᠬᠢᠵᠢᠬᠦᠯᠵᠤ᠂ ᠬᠠᠪᠰᠤᠷᠤᠨ ᠳᠡᠳᠬᠦᠬᠦ ᠦᠷ᠎ᠡ ᠪᠦᠲᠦᠮᠵᠢ ᠤᠯᠪᠠ᠃ ︽ᠬᠦᠳᠡᠭᠡ ᠲᠤᠰᠬᠤᠨ ᠤ ᠤᠷᠤᠢ ᠶᠢᠨ ᠰᠤᠷᠭᠠᠭᠤᠯᠢ︾᠂ ︽ᠬᠠᠤᠯᠢ ᠪᠠᠷ ᠵᠠᠰᠠᠬᠤ ᠰᠢᠶᠤᠤ ᠱᠠᠨ︾ ᠵᠡᠷᠭᠡ ᠨᠢ ︽ᠪᠢᠯᠢᠭ ᠬᠤᠶᠠᠷ ᠢ ᠳᠡᠳᠬᠦᠬᠦ︾ ᠠᠵᠢᠯᠯᠠᠭ᠎ᠠ ᠦᠷᠬᠡᠨ ᠳᠡᠯᠭᠡᠷ ᠦᠷᠨᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠳᠠᠭᠠᠭᠤᠯᠤᠭᠴᠢ᠂ ᠪᠠᠶᠠᠵᠢᠭᠰᠠᠨ ᠨᠡᠶᠢᠲᠡᠯᠢᠭ ᠵᠢᠱᠢᠶ᠎ᠡ ᠡᠷᠤᠬᠡ ᠰᠢᠯᠭᠠᠷᠠᠭᠤᠯᠤᠨ ᠬᠦᠬᠢᠬᠦᠯᠬᠦ ᠠᠵᠢᠯᠯᠠᠭ᠎ᠠ ᠶᠢ ᠶᠠᠳᠠᠭᠤ ᠬᠦᠴᠢᠷᠳᠡᠯᠲᠠᠢ ᠡᠷᠤᠬᠡ ᠶᠢᠨ ᠳᠤᠲᠤᠭᠠᠳᠤᠬᠢ ᠬᠦᠳᠡᠯᠬᠡᠬᠦ ᠬᠦᠴᠦᠨ ᠢ ᠬᠦᠭᠵᠢᠬᠡᠵᠤ᠂ ᠬᠦᠳᠦᠯᠦᠨ ᠵᠢᠯᠤᠭᠤᠳᠴᠤ ᠪᠠᠶᠢᠭᠠᠳ ᠶᠠᠳᠠᠭᠤ ᠬᠦᠴᠢᠷᠳᠡᠯ ᠲᠠᠢ ᠡᠷᠤᠬᠡ ᠶᠢᠨ ᠪᠡᠶ᠎ᠡ ᠪᠠᠨ ᠳᠠᠭᠠᠭᠠᠨ ᠡᠷᠡᠯᠭᠡᠭᠯᠡᠨ ᠴᠢᠷᠮᠠᠶᠢᠵᠤ᠂ ᠬᠦᠴᠤ ᠪᠠᠨ ᠳᠦᠰᠢᠵᠤ ᠬᠦᠳᠡᠯᠮᠤᠷᠢ ᠪᠠᠷ ᠢᠶᠠᠨ ᠪᠠᠶᠠᠵᠢᠬᠤ᠂ ᠵᠡᠬᠦᠨ ᠪᠠᠷᠠᠭᠤᠨ ᠤᠷᠤᠨ ᠤ ᠶᠠᠳᠠᠭᠤ ᠶᠢ ᠳᠡᠳᠬᠦᠬᠦ ᠬᠠᠮᠵᠢᠯᠴᠠᠭ᠎ᠠ ᠳᠡᠭᠡᠲᠤ ᠱᠠᠲᠤᠨ ᠤ ᠢᠳᠡᠪᠬᠢᠲᠠᠢ ᠵᠤᠯᠭᠠᠭᠤᠯᠵᠤ᠂ ᠴᠡᠭ ᠲᠤᠭᠲᠠᠨ ᠬᠠᠪᠰᠤᠷᠤᠨ ᠳᠡᠳᠬᠦᠬᠦ᠂ ᠰᠠᠶᠢᠳᠤᠷ ᠬᠡᠷᠡᠭᠵᠢᠬᠦᠯᠵᠤ᠂ ᠪᠡᠭᠡᠵᠢᠩ ᠦᠪᠤᠷ ᠮᠤᠩᠭᠤᠯ ᠢ ᠬᠠᠪᠰᠤᠷᠤᠨ ᠳᠡᠳᠬᠦᠬᠦ ᠬᠠᠮᠵᠢᠯᠴᠠᠭ᠎ᠠ ᠪᠠ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠬᠠᠪᠰᠤᠷᠬᠤ︾ ᠶᠢᠨ ᠲᠦᠷᠦᠯ ᠵᠤᠶᠢᠯ᠂ ᠦᠷᠬᠦᠯᠵᠢᠯᠡᠨ ᠴᠢᠳᠠᠪᠤᠷᠢᠲᠠᠨ ᠢ ᠳᠡᠮᠵᠢᠬᠦ᠂ ᠬᠦᠳᠡᠯᠮᠤᠷᠢ ᠣᠶᠢᠯᠡᠴᠢᠯᠡᠭᠡ ᠪᠠᠷ ᠬᠠᠮᠵᠢᠯᠴᠠᠬᠤ᠂ ᠡᠮᠴᠢᠯᠡᠵᠤ ᠠᠪᠤᠷᠠᠨ ᠳᠤᠰᠠᠯᠠᠬᠤ᠂ ᠰᠤᠷᠭᠠᠨ ᠬᠦᠮᠦᠵᠢᠯ  ᠤᠨ ᠳᠡᠳᠬᠦᠮᠵᠢ ᠦᠵᠡᠬᠦᠯᠬᠦ ᠬᠡᠷᠡᠭᠲᠠᠢ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠵᠡᠷᠭᠡ ᠲᠠᠯ᠎ᠠ ᠪᠠᠷ ᠬᠦᠨᠵᠡᠬᠡᠢ ᠬᠠᠮᠲᠤᠷᠠᠨ ᠠᠵᠢᠯᠯᠠᠬᠤ ᠬᠡᠷᠡᠭᠲᠠᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠬᠡᠷᠡᠭᠵᠢᠬᠦᠯᠬᠦ      ︽ᠠᠵᠤ ᠤᠶᠢᠯᠡᠰ ᠬᠦᠭᠵᠢᠭᠰᠡᠨ᠂ ᠠᠮᠢ ᠠᠬᠤᠢ ᠤᠷᠤᠰᠢᠨ ᠰᠠᠭᠤᠷᠢᠰᠢᠬᠤ ᠳᠤ ᠳᠤᠬᠢᠷᠠᠮᠵᠢᠲᠠᠢ᠂ ᠵᠠᠩ ᠰᠤᠷᠲᠠᠯ ᠪᠤᠯᠪᠠᠰᠤᠨ᠂ ᠵᠠᠰᠠᠯᠲᠠ ᠦᠷ᠎ᠡ ᠪᠦᠲᠦᠮᠵᠢᠲᠠᠢ᠂ ᠠᠮᠢᠳᠤᠷᠠᠯ ᠪᠠᠶᠠᠨ ᠴᠢᠨᠡᠭᠡᠯᠢᠭ︾ ᠶᠢᠨ ᠶᠡᠷᠤᠩᠭᠡᠢ ᠱᠠᠭᠠᠷᠳᠠᠯᠭ᠎ᠠ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠴᠢᠩᠭᠠᠳᠬᠠᠵᠤ ᠪᠤᠯᠤᠨ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠤᠪ ᠢ ᠰᠢᠢᠳᠪᠤᠷᠢᠯᠡᠬᠦ ᠰᠡᠳᠬᠢᠴᠡ᠂ ᠶᠠᠪᠤᠳᠠᠯ ᠲᠤᠭᠲᠠᠴᠠ ᠶᠢᠨ ᠲᠠᠯ᠎ᠠ ᠪᠠᠷ ᠬᠢ ᠪᠦᠲᠦᠮᠵᠢᠲᠠᠢ ᠵᠤᠯᠭᠠᠭᠤᠯᠬᠤ᠂ ᠬᠦᠴᠦᠯᠡᠨ ᠨᠦᠬᠦᠪᠤᠷᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠴᠢᠨᠠᠷ ᠰᠠᠶᠢᠲᠠᠢ ᠬᠦᠭᠵᠢᠯᠲᠠ ᠶᠢᠨ ᠲᠤᠭᠲᠠᠭᠠᠯ ᠢ ᠨᠦᠬᠦᠪᠤᠷᠢᠯᠡᠨ᠎ᠡ᠃ᠠᠵᠤ ᠤᠶᠢᠯᠡᠰ ᠤᠨ ᠰᠠᠭᠤᠷᠢ ᠪᠠᠨ ᠪᠠᠬᠢᠬᠦᠯᠵᠤ᠂ ᠬᠦᠴᠦᠷᠭᠡᠭᠵᠢᠭᠦᠯᠦᠨ᠂ ᠠᠵᠤ ᠤᠶᠢᠯᠡᠰ ᠢ ᠳᠠᠪᠠᠭᠤᠯᠢᠭᠵᠢᠭᠤᠯᠬᠤ   ᠶᠠᠷᠤᠩᠭᠡᠢ ᠰᠠᠶᠢᠳ ᠯᠢ ᠺᠧ ᠴᠢᠶᠠᠩ ᠤᠯᠠᠭᠠᠨᠴᠠᠪ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ  ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠵᠠ ᠳᠤᠬᠢᠶᠠᠯ ᠢ ᠠᠳᠬᠤᠨ ᠠᠪᠴᠤ᠂ ᠲᠦᠮᠤᠰᠤ ᠪᠠᠷ ᠭᠤᠤᠯ ᠠᠮᠤ ᠪᠤᠳᠠᠭ᠎ᠠ ᠪᠤᠯᠭᠠᠬᠤ᠂ ᠲᠦᠮᠦᠰᠤ ᠶᠢᠨ ᠤᠶᠢᠯᠡᠰ ᠤᠨ ᠪᠠᠶᠢᠯᠳᠤᠬᠤ ᠪᠤᠳᠤᠯᠭ᠎ᠠ  ᠶᠢᠨ ᠴᠢᠨᠠᠷᠲᠠᠢ ᠭᠤᠤᠯᠯᠠᠭᠴᠢ ᠠᠵᠤ ᠤᠶᠢᠯᠡᠰ ᠪᠤᠯᠭᠠᠨ ᠠᠳᠬᠤᠵᠤ᠂ ᠲᠦᠮᠦᠰᠤ ᠶᠢᠨ ᠦᠷ᠎ᠡ ᠪᠠᠷ ᠭᠤᠤᠯ ᠪᠤᠯᠭᠠᠭᠰᠠᠨ ᠪᠦᠬᠦ ᠠᠵᠤ ᠤᠶᠢᠯᠡᠰ ᠤᠨ ᠬᠡᠯᠬᠢᠶ᠎ᠡ ᠶᠢ ᠬᠦᠴᠦᠯᠡᠨ ᠪᠤᠢ ᠪᠤᠯᠭᠠᠨ᠎ᠠ᠃ ᠨᠦᠬᠦᠪᠤᠷᠢ ᠦᠭᠬᠦ ᠲᠦᠷᠤ ᠶᠢᠨ ᠪᠤᠳᠤᠯᠭ᠎ᠠ ᠶᠢ ᠬᠡᠷᠡᠭᠵᠢᠬᠦᠯᠵᠤ᠂ ᠲᠦᠮᠤᠰᠤ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠢ ᠰᠠᠶᠢᠳᠤᠷ ᠨᠠᠶᠢᠳᠠᠪᠤᠷᠢᠵᠢᠭᠤᠯᠵᠤ᠂ ᠲᠦᠮᠦᠰᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ᠂ ︽ᠬᠤᠶᠢᠲᠤ ᠬᠤᠰᠢᠭᠤ ᠤᠯᠠᠭᠠᠨ︾ ᠲᠠᠸᠠᠷ ᠤᠨ ᠲᠦᠮᠤᠰᠤ ᠲᠠᠷᠢᠬᠤ ᠰᠠᠭᠤᠷᠢᠨ ᠭᠠᠵᠠᠷ᠂ ᠲᠦᠮᠦᠰᠤ ᠶᠢᠨ ᠦᠷ᠎ᠡ ᠶᠢᠨ ᠲᠠᠯ᠎ᠠ ᠪᠠᠷ ᠨᠠᠶᠢᠳᠠᠮᠠᠳᠠᠭᠠᠢ ᠪᠤᠯᠤᠭᠰᠠᠭᠠᠷ ᠬᠤᠤᠷ ᠠᠴᠠ ᠦᠷᠡᠵᠢᠬᠦᠯᠦᠨ ᠪᠤᠶᠢᠵᠢᠭᠤᠯᠬᠤ ᠠᠵᠤ ᠤᠶᠢᠯᠡᠰ ᠤᠨ ᠲᠤᠰᠬᠤᠨ ᠪᠠᠶᠢᠭᠤᠯᠬᠤ᠂ ᠲᠦᠮᠤᠰᠤ ᠲᠠᠷᠢᠬᠤ ᠲᠠᠯᠠᠪᠠᠢ ᠶᠢ 3 ᠲᠦᠮᠡᠨ ᠮᠤ᠋ ᠪᠠᠷ ᠲᠤᠭᠳᠠᠭᠠᠭᠰᠠᠨ ᠪᠠᠶᠢᠨ᠎ᠠ᠃ ᠲᠠᠷᠢᠵᠤ ᠲᠡᠵᠢᠬᠡᠬᠦ ᠪᠦᠲᠦᠴᠡ  ᠪᠠᠨ ᠳᠤᠬᠢᠷᠠᠭᠤᠯᠤᠨ ᠰᠢᠯᠢᠳᠡᠭᠵᠢᠬᠦᠯᠬᠦ᠂ ᠠᠵᠤ ᠤᠶᠢᠯᠡᠰ ᠤᠨ ᠪᠠᠶᠢᠷᠢᠰᠢᠭᠤᠯᠤᠯ ᠪᠤᠯᠤᠨ ᠵᠠᠬ᠎ᠠ ᠳᠡᠯᠬᠡᠬᠦᠷ ᠤᠨ ᠬᠡᠷᠡᠭᠴᠡᠭᠡ ᠶᠢ ᠵᠤᠬᠢᠬᠤ ᠬᠡᠮᠵᠢᠶ᠎ᠡ ᠪᠠᠷ ᠦᠷᠭᠡᠳᠭᠡᠨ᠂ ᠡᠯᠳᠡᠪ ᠠᠮᠤ᠂ ᠬᠤᠯᠢᠮᠠᠭ ᠪᠤᠷᠴᠠᠭ᠂ ᠬᠦᠢᠳᠡᠨ ᠰᠡᠷᠢᠬᠦᠨ ᠢᠳᠡᠰᠢᠨ ᠨᠤᠭᠤᠭ᠎ᠠ ᠵᠡᠷᠭᠡ ᠲᠧᠭᠨᠢᠭ ᠤᠨ ᠲᠠᠷᠢᠮᠠᠯ ᠲᠠᠷᠢᠬᠤ ᠲᠠᠯᠠᠪᠠᠢ ᠶᠢ ᠶᠡᠬᠡᠰᠬᠡᠨ᠂ ᠨᠠᠷᠠᠨᠬᠤᠸᠠᠷ ᠤᠨ ᠲᠠᠯᠠᠪᠠᠢ ᠶᠢ ᠪᠠᠭᠠᠰᠬᠠᠬᠤ᠂ ︽ᠬᠤᠨᠢ ᠶᠢ ᠴᠦᠬᠡᠯᠡᠨ᠂ ᠦᠬᠡᠷ ᠢ ᠨᠡᠮᠡᠭᠳᠡᠬᠦᠯᠦᠨ᠂ ᠭᠠᠭ᠋ᠠᠢ ᠶᠢ ᠬᠦᠭᠵᠢᠬᠦᠯᠬᠦ︾ ᠶᠢ ᠪᠠᠷᠢᠮᠲᠠᠯᠠᠨ᠂ ᠦᠬᠡᠷ ᠬᠤᠨᠢᠨ ᠮᠢᠬ᠎ᠠ᠂ ᠠᠯᠠᠰᠢᠨ ᠦᠬᠡᠷ ᠠᠮᠢᠳᠤ ᠭᠠᠭ᠋ᠠᠢ ᠶᠢᠨ ᠢᠨᠵᠧᠨᠧᠷᠢᠩ ᠢ ᠬᠦᠭᠵᠢᠬᠦᠯᠬᠦ᠃ ᠠᠳᠤᠭᠤᠰᠤ ᠵᠢᠬᠦᠷᠲᠡᠨ ᠢ ᠲᠡᠵᠢᠬᠡᠨ ᠦᠷᠡᠵᠢᠬᠦᠯᠬᠦ ᠪᠠᠷᠢᠮᠵᠢᠶᠠᠭᠤᠯᠤᠯᠲᠠ ᠶᠢᠨ ᠵᠢᠱᠢᠶ᠎ᠡ ᠦᠵᠡᠬᠦᠯᠬᠦ ᠡᠬᠦᠳᠤᠨ ᠪᠠᠶᠢᠭᠤᠯᠬᠤ ᠠᠵᠢᠯᠯᠠᠭ᠎ᠠ ᠶᠢ ᠰᠠᠶᠢᠳᠤᠷ ᠦᠷᠨᠢᠬᠦᠯᠵᠤ᠂ ᠢᠳᠡᠪᠬᠢᠲᠠᠢ ᠲᠡᠮᠡᠴᠡᠨ ᠤᠯᠵᠤ᠂ ᠤᠯᠤᠰ ᠤᠨ ᠠᠯᠠᠰᠢᠨ ᠬᠤᠨᠢ᠂ ᠢᠳᠡᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠬᠡᠨ ᠦᠷᠡᠵᠢᠬᠦᠯᠬᠦ ᠲᠠᠯᠠᠪᠠᠢ ᠶᠢᠨ ᠲᠦᠷᠦᠯ ᠵᠤᠶᠢᠯ ᠢ ᠪᠠᠶᠢᠭᠤᠯᠬᠤ᠃    ᠲᠤᠯᠤᠭᠠᠶᠢᠯᠠᠨ ᠳᠠᠭᠠᠭᠤᠯᠬᠤ ᠶᠢ ᠴᠢᠩᠭᠠᠷᠠᠭᠤᠯᠬᠤ    ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠤ ᠬᠦᠨ ᠨᠠᠷᠢᠯᠢᠭ ᠡᠳ᠋ᠰᠢᠬᠦᠯᠬᠦ ᠬᠦᠳᠦᠴᠢ ᠠᠵᠤ ᠠᠬᠤᠶᠢᠯᠠᠯ ᠢ ᠶᠠᠬᠡᠪᠡᠷ ᠤᠷᠤᠭᠤᠯᠤᠨ ᠠᠪᠴᠢᠷᠠᠵᠤ᠂ ᠰᠠᠶᠢᠳᠤᠷ ᠬᠡᠷᠡᠭᠵᠢᠬᠦᠯᠵᠤ᠂ ᠠᠷᠠᠳ ᠢ ᠪᠠᠶᠠᠵᠢᠭᠤᠯᠬᠤ᠂ ᠲᠦᠮᠤᠰᠤ ᠶᠢ ᠨᠠᠷᠢᠯᠢᠭ ᠬᠦᠨᠵᠡᠬᠡᠢ ᠰᠢᠬᠦᠯᠬᠦ ᠲᠦᠷᠦᠯ ᠵᠤᠶᠢᠯ ᠢ ᠪᠠᠶᠢᠭᠤᠯᠬᠤ᠂ ᠮᠤᠩᠭᠤᠯ ᠳ᠋ᠤᠤ ᠯᠢ ᠮᠢᠬᠠᠨ ᠬᠤᠨᠢ  ᠶᠢ ᠳᠠᠮᠵᠢᠨ᠂ ᠭᠠᠯᠲᠤ ᠠᠭᠤᠯᠠ ᠶᠢᠨ ᠠᠯᠠᠰᠢᠨ ᠦᠬᠡᠷ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ ᠬᠦᠭᠵᠢᠯᠲᠠ  ᠢ ᠬᠠᠪᠰᠤᠷᠴᠤ᠂ ᠪᠦᠯᠦᠭᠯᠡᠯ ᠤᠨ ᠬᠦᠴᠢᠷᠳᠡᠯ ᠠᠴᠠ ᠮᠤᠯᠲᠤᠷᠠᠬᠤ ᠬᠡᠪᠡᠯ᠂ ᠤᠶᠢᠯᠡᠳᠪᠤᠷᠢᠯᠡᠯ ᠢᠶᠠᠨ ᠰᠡᠷᠬᠦᠬᠡᠬᠦ᠂ ᠲᠠᠷᠢᠶᠠᠯᠠᠩ ᠮᠠᠯ ᠠᠵᠤ ᠠᠬᠤᠢ ᠶᠢᠨ ᠤᠶᠢᠯᠡᠰᠵᠢᠭᠰᠡᠨ ᠵᠢᠱᠢᠶ᠎ᠡ ᠦᠵᠡᠬᠦᠯᠬᠦ ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠰᠠᠶᠢᠳᠤᠷ ᠪᠤᠶᠢᠵᠢᠭᠤᠯᠤᠨ᠂ ᠬᠡᠷ ᠪᠦᠯᠢ ᠶᠢᠨ ᠲᠠᠷᠢᠶᠠᠯᠠᠩ ᠮᠠᠯᠵᠢᠯ  ᠤᠨ ᠲᠠᠯᠠᠪᠠᠢ ᠪᠠ ᠵᠢᠱᠢᠶ᠎ᠡ ᠦᠵᠡᠬᠦᠯᠬᠦ ᠬᠤᠷᠰᠢᠶ᠎ᠡ ᠶᠢ ᠪᠠᠶᠢᠭᠤᠯᠬᠤ᠃ ᠬᠦᠢᠳᠡᠨ ᠬᠡᠯᠬᠢᠶᠡᠲᠤ ᠬᠦᠢᠯᠬᠡᠬᠡᠨ ᠤ ᠰᠢᠰᠲ᠋ᠧᠮ ᠢ ᠲᠡᠬᠦᠯᠳᠡᠷᠵᠢᠬᠦᠯᠦᠨ᠂ ᠲᠤᠭᠲᠠᠩᠭᠤᠢ ᠲᠤᠯᠠᠭᠠᠨ ᠬᠦᠮᠦᠷᠭᠡ ᠶᠢᠨ ᠪᠠ ᠪᠦᠬᠡᠮ ᠢᠶᠠᠷ ᠬᠤᠳᠠᠯᠳᠤᠬᠤ ᠵᠠᠬ᠎ᠠ ᠳᠡᠯᠭᠡᠬᠦᠷ ᠢ ᠲᠡᠬᠦᠯᠳᠡᠷᠵᠢᠬᠦᠯᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠬᠤ ᠶᠡᠷᠤᠩᠭᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ ᠰᠢᠶᠡᠨ ᠤ ᠲᠦᠷᠦᠯ ᠵᠤᠶᠢᠯ ᠢ ᠰᠠᠶᠢᠳᠤᠷ ᠬᠡᠷᠡᠭᠵᠢᠬᠦᠯᠵᠤ᠂ ᠬᠤᠰᠢᠭᠤᠨ ᠳᠡᠰ ᠤᠨ ᠡᠯᠧᠺᠲᠷᠤᠨ ᠬᠤᠳᠠᠯᠳᠤᠭᠠᠨ ᠤ ᠤᠯᠠᠨ ᠨᠡᠶᠢᠳᠡ ᠶᠢᠨ ᠤᠶᠢᠯᠡᠴᠢᠯᠡᠭᠡᠨ ᠤ ᠲᠦᠪ᠂ ᠬᠤᠰᠢᠭᠤ ᠰᠢᠶᠡᠨ ᠤ ᠱᠠᠲᠤᠨ ᠤ ᠪᠠᠷᠠᠭ᠎ᠠ ᠶᠢᠨ ᠬᠦᠢᠯᠬᠡᠬᠡᠨ ᠤ ᠳᠤᠬᠢᠷᠠᠭᠤᠯᠤᠯᠲᠠ ᠬᠦᠷᠬᠡᠬᠦ ᠲᠦᠪ ᠤᠨ ᠳᠡᠰ ᠢ ᠳᠡᠪᠰᠢᠬᠦᠯᠵᠤ ᠦᠬᠡᠷᠡᠴᠢᠯᠡᠨ ᠪᠠᠶᠢᠭᠤᠯᠬᠤ᠂ 50 ᠴᠢᠳᠠᠮᠵᠢ ᠨᠢ ᠪᠦᠷᠢᠨ ᠲᠡᠬᠦᠯᠳᠡᠷ᠂ ᠰᠤᠮᠤ ᠰᠢᠶᠡᠩ ᠪᠠᠯᠭᠠᠰᠤ ᠶᠢᠨ ᠡᠯᠧᠺᠲᠷᠤᠨ ᠬᠤᠳᠠᠯᠳᠤᠭᠠᠨ ᠤ ᠤᠶᠢᠯᠡᠴᠢᠯᠡᠭᠡᠨ ᠤ ᠦᠷᠲᠡᠭᠡ ᠪᠦᠬᠦᠨ ᠢ ᠬᠠᠮᠤᠷᠬᠤ᠂ ᠪᠤᠷᠤᠯᠠᠭᠤᠯᠬᠤ ᠠᠷᠭ᠎ᠠ ᠵᠠᠮ ᠢ ᠰᠠᠭᠠᠳ ᠦᠬᠡᠢ ᠨᠡᠪᠲᠡᠷᠡᠬᠦᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠂ ᠲᠤᠰᠬᠤᠨ ᠤ ᠱᠠᠲᠤᠨ ᠤ ᠡᠯᠧᠺᠲᠷᠤᠨ ᠬᠤᠳᠠᠯᠳᠤᠭᠠᠨ ᠤ ᠤᠶᠢᠯᠡᠴᠢᠯᠡᠭᠡᠨ ᠤ ᠦᠷᠲᠡᠭᠡ ᠪᠠᠶᠢᠭᠤᠯᠤᠨ᠎ᠠ᠃ ᠨᠡᠷᠡᠲᠤ ᠲᠦᠷᠦᠯ ᠳᠡᠮᠳᠡᠭᠲᠤ ᠶᠢᠨ ᠬᠦᠴᠦᠨ ᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠢ ︽ᠭᠤᠷᠪᠠᠨ ᠪᠦᠲᠦᠬᠡᠭᠳᠡᠬᠦᠨ ᠨᠢᠬᠡ ᠳᠡᠮᠳᠡᠭ︾ ᠪᠠᠶᠢᠬᠤ ᠶᠢᠨ ᠦᠨᠡᠯᠡᠨ ᠬᠡᠷᠡᠴᠢᠯᠡᠬᠦ ᠠᠷᠭ᠎ᠠ ᠠᠪᠴᠤ᠂ ᠨᠡᠶᠢᠲᠡᠯᠡᠨ ᠬᠡᠷᠡᠭᠵᠢᠬᠦᠯᠦᠨ᠂ ︽ᠭᠤᠷᠪᠠᠨ ᠪᠦᠲᠦᠬᠡᠭᠳᠡᠬᠦᠨ ᠨᠢᠬᠡ ᠲᠡᠮᠳᠡᠭ︾᠂ ︽ᠨᠢᠬᠡ ᠭᠠᠴᠠᠭ᠎ᠠ ᠨᠢᠬᠡ ᠤᠶᠢᠯᠡᠳᠬᠦᠨ︾ ᠤ ᠰᠠᠭᠤᠷᠢ ᠳ᠋ᠠᠶᠢᠲ᠋ᠠ ᠬᠦᠮᠦᠷᠬᠡ ᠶᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠤ ᠶᠠᠰᠤ ᠴᠢᠨᠠᠷ ᠢ ᠮᠦᠷᠳᠡᠨ ᠤᠬᠤᠴᠢᠯᠠᠬᠤ ᠰᠢᠰᠲ᠋ᠧᠮᠵᠢ  ᠶᠢ ᠲᠡᠬᠦᠯᠳᠡᠷᠵᠢᠬᠦᠯᠦᠨ ᠪᠦᠷᠢᠨᠰᠢᠬᠦᠯᠬᠦ᠂ ᠤᠯᠤᠰ ᠤᠨ ᠲᠦᠮᠤᠰᠤ ᠶᠢᠨ ᠤᠷᠭᠠᠨᠢᠭ ᠪᠦᠲᠦᠬᠡᠭᠳᠡᠬᠦᠨ ᠢ ᠬᠡᠷᠡᠴᠢᠯᠡᠬᠦ ᠶᠢ ᠡᠬᠦᠳᠤᠨ ᠪᠦᠲᠦᠬᠡᠬᠦ ᠵᠢᠱᠢᠶ᠎ᠡ ᠦᠵᠡᠬᠦᠯᠬᠦ ᠤᠷᠤᠨ ᠪᠤᠯᠭᠠᠬᠤ᠃ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠠᠢ    ᠲᠤᠭᠲᠠᠴᠠ ᠶᠢ ᠲᠡᠬᠦᠯᠳᠡᠷᠵᠢᠬᠦᠯᠤᠨ ᠤᠷᠮᠠᠰᠢᠭᠤᠯᠬᠤ᠂ ᠰᠢᠨᠵᠢᠯᠡᠬᠦ ᠤᠬᠠᠭᠠᠨ ᠮᠡᠷᠬᠡᠵᠢᠯ ᠤᠨ ᠤᠨᠴᠠ ᠢᠳᠡᠪᠬᠢᠵᠢᠯ ᠢ ᠬᠦᠢᠴᠡᠳ ᠳᠠᠶᠢᠴᠢᠯᠠᠨ᠂ ᠲᠤᠮᠢᠯᠠᠭᠳᠠᠭᠰᠠᠳ ᠤᠨ ᠮᠠᠯ ᠠᠵᠤ ᠠᠬᠤᠢ ᠲᠠᠷᠢᠶᠠᠯᠠᠩ ᠢ ᠳᠡᠮᠵᠢᠬᠦ᠃ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠨᠤᠲᠤᠭ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠰᠢᠨ᠎ᠡ ᠶᠢ ᠡᠬᠦᠳᠤᠨ ᠠᠳᠠᠯ ᠤᠶᠢᠯᠡᠰ ᠪᠠ ᠭᠠᠴᠠᠭᠠᠨ ᠤ ᠺᠠᠲᠠᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠢ ᠪᠦᠬᠦ ᠲᠠᠯ᠎ᠠ ᠪᠠᠷ ᠴᠢᠩᠭᠠᠳᠬᠠᠵᠤ᠂ ᠳᠡᠭᠡᠲᠤ ᠳᠡᠰ ᠤᠨ ᠳᠠᠪᠬᠤᠷᠭ᠎ᠠ ᠶᠢᠨ ᠴᠢᠳᠠᠪᠤᠷᠢᠲᠠᠨ ᠢ ᠢᠳᠡᠪᠬᠢᠲᠠᠢ ᠪᠠᠷ ᠤᠷᠤᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠦᠯᠤᠨ ᠵᠢᠯᠤᠭᠤᠳᠴᠤ ᠪᠠᠶᠢᠭᠠᠳ᠂ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠤᠳᠤ ᠦᠶ᠎ᠡ ᠶᠢᠨ ᠤᠶᠢᠯᠡᠳᠪᠤᠷᠢᠯᠡᠯ ᠤᠨ ᠬᠦᠴᠦᠨ ᠵᠤᠶᠢᠯ ᠮᠠᠯᠵᠢᠬᠤ ᠲᠠᠷᠢᠶᠠᠯᠠᠬᠤ ᠤᠷᠤᠨ ᠳᠡᠶᠢᠰᠢ ᠬᠤᠷᠠᠨ ᠴᠤᠭᠯᠠᠷᠠᠭᠤᠯᠬᠤ᠂ ᠨᠤᠲᠤᠭ ᠲᠠᠭᠠᠨ ᠪᠤᠴᠠᠵᠤ ᠠᠳᠠᠯ ᠤᠶᠢᠯᠡᠰ ᠴᠤᠭᠴᠠᠯᠠᠬᠤ ᠶᠢ ᠳᠡᠮᠵᠢᠬᠦ᠂ ᠪᠡᠯᠡ ᠤᠷᠤᠭᠤᠯᠤᠨ ᠤᠶᠢᠯᠡᠰ ᠢᠶᠠᠨ ᠬᠦᠭᠵᠢᠬᠦᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠳᠠᠲᠠᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠠᠢ᠃ ᠬᠦᠳᠡᠭᠡ ᠲᠤᠰᠬᠤᠨ ᠤ ᠤᠷᠴᠢᠨ ᠲᠤᠭᠤᠷᠢᠨ ᠢ ᠰᠢᠯᠢᠳᠡᠭᠵᠢᠬᠦᠯᠬᠦ   ᠰᠠᠶᠢᠬᠠᠨ ᠬᠦᠳᠡᠭᠡ ᠲᠤᠰᠬᠤᠨ ᠤ ᠪᠦᠲᠦᠬᠡᠨ ᠪᠠᠶᠢᠭᠤᠯᠤᠯᠲᠠ ᠪᠠᠷ ᠭᠠᠷᠳᠠᠴᠠ ᠪᠤᠯᠭᠠᠵᠤ᠂ ᠰᠤᠷᠤᠯᠴᠠᠨ᠂ ᠲᠡᠬᠦᠨ  ᠪᠠᠷ ᠲᠤᠯᠢ ᠪᠤᠯᠭᠠᠵᠤ᠂ ᠵᠧᠵᠢᠶᠠᠩ ᠮᠤᠵᠢ ᠶᠢᠨ ︽ᠮᠢᠩᠭᠠᠨ ᠲᠤᠰᠬᠤᠨ ᠢᠶᠠᠷ ᠵᠢᠱᠢᠶ᠎ᠡ ᠦᠵᠡᠬᠦᠯᠵᠤ᠂ ᠲᠦᠮᠡᠨ ᠲᠤᠰᠬᠤᠨ ᠢ ᠴᠡᠭᠴᠡᠯᠡᠨ ᠵᠠᠰᠠᠬᠤ︾ ᠳᠤᠷᠰᠢᠯᠭ᠎ᠠ ᠪᠤᠯᠭᠠᠨ᠎ᠠ᠃ ᠯᠠᠪᠳᠠᠭᠤᠨ ᠪᠠᠲᠤᠲᠠᠢ ᠦᠷᠨᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠤᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠵᠤᠷᠯᠤᠩ ᠤᠨ ᠬᠤᠪᠢᠰᠬᠠᠯ ᠢ ᠠᠬᠢᠭᠤᠯᠵᠤ᠂ ᠬᠤᠭ ᠨᠤᠪᠰᠢ ᠪᠤᠬᠢᠷ ᠤᠰᠤ ᠶᠢ ᠰᠢᠢᠳᠪᠤᠷᠢᠯᠡᠬᠦ ᠪᠠ ᠲᠤᠰᠬᠤᠨ ᠤ ᠳᠦᠷᠰᠤ ᠪᠠᠶᠢᠳᠠᠯ ᠢ ᠳᠡᠭᠡᠭᠰᠢᠯᠡᠬᠦᠯᠦᠨ ᠴᠡᠭᠴᠡᠯᠡᠨ ᠵᠠᠰᠠᠬᠤ ᠵᠡᠷᠬᠡ ᠶᠢ ᠰᠠᠶᠢᠳᠤᠷ ᠠᠳᠬᠤᠨ᠂ ᠳ᠋ᠠ ᠯᠢᠤ ᠬᠤ᠋ ᠪᠠᠯᠭᠠᠰᠤ ᠶᠢᠨ ᠤᠷᠴᠢᠨ ᠲᠤᠭᠤᠷᠢᠨ ᠤ ᠴᠡᠭᠴᠡᠯᠡᠯᠲᠠ ᠶᠢ ᠠᠬᠢᠭᠤᠯᠵᠤ᠂ ᠪᠦᠬᠦᠨ ᠢ ᠬᠠᠮᠤᠷᠬᠤ᠂ ᠪᠤᠰᠤᠳ ᠰᠤᠮᠤ ᠰᠢᠶᠠᠩ ᠪᠠᠯᠭᠠᠰᠤ ᠪᠦᠷᠢ ᠨᠠᠭᠠᠲᠤ ᠵᠠᠬ᠎ᠠ ᠳᠠᠭᠠᠨ ᠨᠢᠬᠡ ᠳᠤᠷᠰᠢᠯᠲᠠ ᠬᠢᠵᠤ ᠪᠡᠶᠡᠯᠡᠬᠦᠯᠬᠦ ᠲᠤᠰᠬᠤᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠭᠠᠴᠠᠭ᠎ᠠ ᠲᠤᠰᠬᠤᠨ ᠤ ᠴᠡᠪᠡᠷᠯᠡᠭᠴᠢ᠂ ᠰᠢᠭᠤᠢ ᠬᠠᠮᠠᠭᠠᠯᠠᠭᠴᠢ᠂ ᠨᠤᠲᠤᠭ ᠪᠡᠯᠴᠢᠬᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠬᠡᠷᠡᠭᠵᠢᠬᠦᠯᠵᠤ᠂ ᠮᠠᠯᠴᠢᠨ ᠲᠠᠷᠢᠶᠠᠴᠢᠳ ᠢ ᠬᠦᠲᠦᠯᠤᠨ ᠵᠢᠯᠤᠭᠤᠳᠴᠤ ᠪᠠᠶᠢᠭᠠᠳ ᠪᠤᠢ ᠪᠤᠯᠭᠠᠵᠤ᠂ ᠤᠷᠴᠢᠨ ᠠᠬᠤᠢ  ᠶᠢ ᠬᠠᠮᠠᠭᠠᠯᠠᠬᠤ᠂ ᠡᠷᠡᠬᠦᠯ ᠬᠠᠮᠠᠭᠠᠯᠠᠯ ᠢ ᠡᠷᠬᠢᠮᠯᠡᠬᠦ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠢ ᠪᠤᠢ ᠪᠤᠯᠭᠠᠨ᠎ᠠ᠃ ᠵᠠᠰᠠᠯᠲᠠ ᠶᠢᠨ ᠲᠤᠭᠲᠠᠴᠠ ᠶᠢ ᠲᠡᠬᠦᠯᠳᠡᠷᠵᠢᠬᠦᠯᠤᠨ᠎ᠠ    ︽ᠶᠤᠸᠠᠢ ᠳᠤᠷᠰᠢᠯᠭ᠎ᠠ︾ ᠪᠠᠷ ᠯᠠᠪᠯᠠᠯᠲᠠ ᠪᠤᠯᠭᠠᠵᠤ᠂ ᠨᠠᠮ ᠤᠨ ᠵᠤᠬᠢᠶᠠᠨ ᠪᠠᠶᠢᠭᠤᠯᠤᠯᠲᠠ ᠢ ᠬᠦᠲᠦᠯᠤᠨ ᠳᠠᠭᠠᠭᠤᠯᠬᠤ ᠶᠢᠨ ᠬᠠᠮᠲᠤ ᠠᠵᠤ ᠠᠬᠤᠢ ᠶᠢ ᠳᠠᠶᠢᠴᠢᠯᠠᠬᠤ᠂ ︽ᠭᠠᠴᠠᠭᠠᠨ ᠤ ᠲᠤᠭᠲᠠᠭᠠᠯ᠂ ᠠᠷᠠᠳ ᠤᠨ ᠬᠡᠷ᠎ᠡ︾ ᠰᠢᠨ᠎ᠡ ᠶᠢ ᠡᠬᠦᠳᠬᠦ ᠤᠯᠠᠨ ᠲᠦᠮᠡᠨ ᠤ ᠦᠪᠡᠷᠲᠡᠭᠡᠨ ᠵᠠᠰᠠᠬᠤ ᠲᠤᠭᠲᠠᠴᠠ ᠶᠢ ᠳᠡᠬᠦᠯᠳᠡᠷᠵᠢᠬᠦᠯᠵᠤ᠂ ᠬᠠᠶᠢᠨ ᠰᠦᠪᠡᠭᠴᠢᠯᠡᠵᠤ᠂ ᠭᠠᠴᠠᠭ᠎ᠠ ᠲᠤᠰᠬᠤᠨ ᠤ ᠪᠠᠶᠠᠵᠢᠭᠰᠠᠨ ᠴᠢᠳᠠᠪᠤᠷᠢᠲᠠᠨ᠂ ᠭᠠᠳᠠᠭᠰᠢ ᠭᠠᠷᠴᠤ ᠨᠤᠲᠤᠭ ᠲᠤ ᠪᠠᠨ ᠪᠤᠴᠠᠬᠤ ᠬᠦᠮᠦᠰ ᠤᠨ ᠲᠤᠰ ᠭᠠᠵᠠᠷ ᠤᠷᠤᠨ ᠤ ᠶᠡᠭᠡ ᠰᠤᠷᠭᠠᠭᠤᠯᠢ ᠲᠡᠬᠦᠰᠤᠭ᠍ᠰᠡᠨ ᠤᠶᠤᠲᠠᠳ᠂ ᠨᠠᠰᠤᠨ ᠤ ᠠᠮᠠᠷᠠᠯᠲᠠ ᠠᠪᠤᠭᠰᠠᠨ ᠺᠠᠲᠠᠷ ᠢ ᠬᠦᠮᠦᠵᠢᠬᠦᠯᠬᠦ ᠲᠤᠰᠬᠤᠨ ᠤ ᠵᠤᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠬᠦᠢᠴᠡᠳ ᠪᠠᠳᠠᠷᠠᠭᠤᠯᠵᠤ᠂ ︽ᠲᠦᠷᠦᠬᠦᠴᠢ ᠭᠠᠯᠠᠭᠤ ᠶᠢᠨ ᠨᠦᠯᠦᠬᠡ ᠶᠢ ᠢᠯᠡᠷᠡᠬᠦᠯᠦᠨ᠎ᠠ︾᠃ ᠮᠠᠯᠴᠢᠨ ᠲᠠᠷᠢᠶᠠᠴᠢᠳ ᠢ ᠬᠦᠲᠦᠯᠤᠨ ᠵᠢᠯᠤᠭᠤᠳᠴᠤ ᠪᠠᠶᠢᠭᠠᠳ ᠢᠳᠡᠪᠬᠢᠲᠠᠢ ᠤᠷᠤᠯᠴᠠᠵᠤ᠂ ᠡᠯ᠎ᠡ ᠵᠤᠶᠢᠯ ᠤᠨ ᠦᠭᠡᠷᠡᠴᠢᠯᠡᠯᠲᠠ ᠪᠠ ᠭᠠᠴᠠᠭᠠᠨ ᠤ ᠳᠡᠰ ᠤᠨ ᠬᠡᠷᠡᠭ ᠶᠠᠪᠤᠳᠠᠯ ᠳᠤ᠂ ︽ᠭᠤᠷᠪᠠᠨ ᠶᠠᠪᠤᠳᠠᠯ︾ ᠤᠨ ᠢᠯᠡ ᠪᠤᠯᠭᠠᠬᠤ  ᠶᠢ ᠴᠢᠩᠭᠠᠳᠬᠠᠵᠤ᠂ ᠤᠯᠠᠨ ᠲᠦᠮᠡᠨ ᠤ ᠤᠷᠤᠯᠴᠠᠬᠤ ᠡᠷᠬᠡ᠂ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ᠂ ᠭᠠᠴᠠᠭᠠᠨ ᠤ ᠠᠷᠠᠳ ᠤᠨ ᠦᠪᠡᠷᠲᠡᠭᠡᠨ ᠵᠠᠰᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠠᠢ᠃ ᠮᠠᠯᠵᠢᠬᠤ ᠲᠠᠷᠠᠶᠢᠶᠠᠯᠠᠬᠤ ᠤᠷᠤᠨ ᠤ ᠦᠬᠡᠷᠡᠴᠢᠯᠡᠯᠲᠠ ᠶᠢ ᠬᠦᠨᠵᠡᠬᠡᠶᠢᠷᠡᠬᠦᠯᠦᠨ᠎ᠠ    ᠭᠠᠵᠠᠷ ᠲᠠᠷᠢᠶ᠎ᠠ᠂ ᠨᠤᠲᠤᠭ ᠪᠡᠯᠴᠢᠭᠡᠷ ᠤᠨ ᠡᠷᠬᠡ ᠶᠢ ᠲᠤᠳᠤᠯᠠᠨ ᠬᠡᠷ᠎ᠡ ᠲᠤᠭᠲᠠᠬᠤ᠂ ᠦᠨᠡᠮᠯᠡᠯ ᠤᠯᠭᠤᠬᠤ ᠠᠵᠢᠯ ᠢ ᠤᠯᠠᠮ ᠨᠢᠬᠡ ᠠᠯᠬᠤᠮ ᠲᠡᠬᠦᠯᠳᠡᠷᠵᠢᠬᠦᠯᠤᠨ᠂ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ︽ᠭᠤᠷᠪᠠᠨ ᠡᠷᠬᠡ ᠰᠠᠯᠭᠠᠬᠤ︾ ᠳᠦᠷᠢᠮ ᠳᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠤᠭᠲᠠᠪᠤᠷᠢᠵᠢᠭᠤᠯᠬᠤ ᠬᠡᠷᠡᠭᠲᠠᠢ᠃ ᠬᠠᠮᠲᠤ ᠶᠢᠨ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠠ ᠶᠢ ᠪᠡᠶᠡᠯᠡᠬᠦᠯᠵᠤ᠂ ᠬᠤᠰᠢᠭᠤᠨ ᠱᠠᠲᠤᠨ ᠤ ᠮᠠᠯᠵᠢᠬᠤ ᠲᠠᠷᠢᠶᠠᠯᠠᠬᠤ ᠤᠷᠤᠨ ᠤᠨ ᠦᠮᠴᠢᠯᠡᠯ ᠤᠨ ᠡᠷᠬᠡ ᠶᠢᠨ ᠰᠤᠯᠢᠯᠴᠠᠭᠠᠨ ᠤ ᠲᠦᠪ ᠢ ᠪᠠᠶᠢᠭᠤᠯᠤᠨ᠎ᠠ᠃ ︽ᠤᠯᠤᠰ ᠲᠦᠷᠤ ᠶᠢᠨ ᠶᠡᠭᠡ ᠰᠠᠷᠠᠪᠴᠢᠨ ᠭᠡᠷ︾ ᠢ ᠦᠷᠬᠦᠯᠵᠢᠯᠠᠨ ᠰᠠᠶᠢᠳᠤᠷ ᠠᠳᠬᠤᠵᠤ᠂ ᠴᠡᠭᠴᠡᠯᠡᠨ ᠴᠡᠪᠡᠷᠯᠡᠬᠦ᠂ ᠬᠤᠲᠠ ᠬᠦᠳᠡᠭᠡ ᠶᠢᠨ ᠪᠦᠲᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ ᠳᠡᠮᠵᠢᠬᠦ ᠲᠦᠷᠤ ᠶᠢᠨ ᠪᠤᠳᠤᠯᠭ᠎ᠠ ᠶᠢ ᠰᠠᠶᠢᠳᠤᠷ ᠬᠡᠷᠡᠭᠯᠡᠵᠤ᠂ ᠨᠤᠷᠠᠭᠠᠵᠤ ᠳᠠᠬᠢᠨ ᠬᠠᠭᠠᠯᠪᠤᠷᠢᠯᠠᠬᠤ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ ᠂ ᠡᠷᠡᠰ ᠬᠤᠷᠢᠭᠯᠠᠵᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠤᠯᠭᠠᠬᠤ ᠬᠡᠷᠡᠭᠲᠠᠢ᠃ ᠮᠠᠯᠴᠢᠨ ᠲᠠᠷᠢᠶᠠᠴᠢᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ᠂ ᠤᠢ ᠮᠤᠲᠤᠨ ᠤ ᠡᠷᠬᠡ᠂ ᠤᠢ ᠮᠤᠳᠤᠨ ᠤ ᠡᠷᠬᠡ᠂ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠪᠠᠷᠢᠴᠠᠭᠠᠯᠠᠨ ᠵᠢᠭᠡᠯᠡᠯᠬᠡ ᠠᠪᠬᠤ ᠳᠤᠷᠰᠢᠯᠲᠠ ᠶᠢᠨ ᠠᠵᠢᠯ ᠢ ᠢᠳᠡᠪᠬᠢᠲᠠᠢ ᠳᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠳᠡᠮᠵᠢᠯᠬᠡ ᠬᠠᠮᠠᠭᠠᠯᠠᠯᠲᠠ ᠶᠢᠨ ᠲᠦᠷᠤ  ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠰᠢᠯᠢᠳᠡᠭᠵᠢᠬᠦᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠦᠷᠢᠮ ᠤᠨ ᠤᠷᠴᠢᠨ ᠨᠦᠬᠦᠴᠡᠯ ᠢ ᠪᠤᠢ ᠪᠤᠯᠭᠠᠨ᠎ᠠ᠃  ︵ᠬᠤᠶᠠᠷ︶ ᠠᠮᠢ ᠠᠬᠤᠢ ᠶᠢ ᠲᠡᠷᠢᠬᠦᠨ ᠳᠤ ᠳᠠᠯᠪᠢᠬᠤ ᠶᠢ ᠪᠠᠷᠢᠮᠲᠠᠯᠠᠨ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠠᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠬᠦ᠃    ᠪᠤᠬᠢᠷᠳᠤᠯ ᠦᠬᠡᠢ ᠬᠦᠭᠵᠢᠯᠲᠠ ᠶᠢᠨ ᠤᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠭᠤᠶᠢᠪᠢᠰᠢ ᠦᠬᠡᠢ ᠪᠠᠷ ᠰᠠᠶᠢᠳᠤᠷ ᠠᠳᠬᠤᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠲᠠ ᠰᠢᠪᠲᠤᠯᠠᠬᠤ ᠠᠵᠢᠯ ᠢ ᠴᠢᠨᠠᠭᠰᠢᠲᠠ ᠬᠦᠨᠵᠡᠬᠡᠶᠢᠷᠡᠬᠦᠯᠬᠦ ᠬᠡᠷᠡᠭᠲᠠᠢ᠃ ᠠᠭᠠᠷ ᠮᠠᠨᠳᠤᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠰᠠᠶᠢᠳᠤᠷ ᠠᠳᠬᠤᠬᠤ   ᠪᠠᠷᠢᠮᠵᠢᠶ᠎ᠠ ᠳᠤ ᠬᠦᠷᠬᠡᠵᠤ ᠭᠠᠳᠠᠭᠰᠢᠯᠠᠭᠤᠯᠬᠤ ᠪᠠ ᠭᠠᠳᠠᠭᠰᠢᠯᠠᠭᠤᠯᠬᠤ ᠶᠡᠷᠤᠩᠭᠡᠢ ᠬᠡᠮᠵᠢᠶ᠎ᠡ ᠶᠢ ᠬᠡᠷᠡᠭᠵᠢᠬᠦᠯᠬᠦ ᠵᠦᠪᠰᠢᠶᠡᠷᠡᠯ ᠨᠢ ᠬᠤᠪᠢᠶᠠᠷᠢᠯᠠᠵᠤ ᠳᠠᠪᠬᠤᠷᠯᠠᠨ ᠬᠠᠮᠢᠶᠠᠷᠬᠤ᠂ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠠᠭᠠᠷ ᠮᠠᠨᠳᠠᠯ ᠤᠨ ᠪᠤᠬᠢᠷᠳᠤᠯ ᠪᠤᠳᠠᠰ ᠢ ᠭᠠᠳᠠᠭᠰᠢᠯᠠᠭᠤᠯᠬᠤ᠂ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠶᠢ ᠪᠦᠬᠦ ᠲᠠᠯ᠎ᠠ ᠪᠠᠷ ᠪᠡᠶᠡᠯᠡᠬᠦᠯᠵᠤ᠂ ᠲᠤᠭᠲᠠᠭᠤᠨ ᠢᠶᠠᠷ ᠪᠠᠷᠢᠮᠵᠢᠶ᠎ᠠ ᠳᠤ ᠬᠦᠷᠦᠬᠦᠯᠤᠨ᠎ᠡ᠃ ᠬᠤᠲᠠ ᠪᠠᠯᠭᠠᠰᠤ ᠶᠢᠨ ᠪᠠᠶᠢᠭᠤᠯᠤᠭᠰᠠᠨ ᠤᠷᠤᠨ 10 ᠲᠤᠨ ᠵᠢᠴᠢ ᠲᠡᠬᠦᠨ ᠠᠴᠠ ᠳᠤᠷᠤᠭᠰᠢᠬᠢ ᠨᠡᠬᠦᠷᠡᠰᠤ ᠰᠢᠲᠠᠭᠠᠬᠤ ᠲᠤᠭᠤᠭᠠᠲᠤ ᠵᠤᠤᠬ᠎ᠠ ᠶᠢ ᠴᠠᠭᠠᠵᠠᠯᠠᠬᠤ᠂ ᠠᠷᠢᠭᠤᠨ ᠴᠡᠪᠡᠷ ᠤᠨ ᠵᠤᠤᠬ᠎ᠠ ᠰᠤᠯᠢᠬᠤ᠂ ᠶᠡᠬᠡᠪᠡᠷ ᠤᠯᠤᠰ ᠲᠦᠷᠤ ᠶᠢᠨ ᠰᠢᠲᠠᠭᠠᠯᠭ᠎ᠠ  ᠶᠢᠨ ᠨᠡᠬᠦᠷᠡᠰᠤ ᠶᠢ ᠰᠤᠯᠠ ᠰᠢᠲᠠᠭᠠᠬᠤ᠂ ᠪᠠᠷᠢᠯᠭ᠎ᠠ ᠶᠢᠨ ᠭᠠᠵᠠᠷ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠳᠡᠭᠳᠡᠮᠡᠯ ᠲᠤᠭᠤᠰᠤ ᠰᠢᠷᠤᠢ ᠶᠢᠨ ᠪᠤᠬᠢᠷᠳᠤᠯ ᠢ ᠰᠡᠷᠬᠡᠶᠢᠯᠡᠨ᠎ᠡ᠃ ᠤᠰᠤᠨ ᠤ ᠡᠬᠢ ᠪᠠᠶᠠᠯᠢᠭ ᠢ ᠰᠠᠶᠢᠳᠤᠷ ᠠᠳᠬᠤᠵᠤ᠂ ᠪᠤᠬᠢᠷᠳᠤᠯ ᠢ ᠰᠡᠷᠬᠡᠶᠢᠯᠡᠨ ᠵᠠᠰᠠᠬᠤ     ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠵᠤ᠂ ︽ᠦᠬᠡᠷᠡᠴᠢᠯᠡᠯᠲᠠ ᠶᠢᠨ ᠳᠦᠰᠦᠯ︾ ᠤᠨ ᠤᠰᠤ ᠠᠷᠪᠢᠯᠠᠬᠤ ᠤᠰᠤᠯᠠᠯᠲᠠ ᠰᠦᠷᠴᠢᠬᠦ 4 ᠲᠦᠮᠡᠨ ᠮᠤ᠋᠂ ᠶᠠᠭᠠᠬᠢᠭᠰᠠᠨ ᠴᠤ ᠰᠢᠨ᠎ᠡ ᠪᠠᠷ ᠨᠡᠮᠡᠭᠳᠡᠬᠦᠯᠬᠦ ᠤᠰᠤᠯᠠᠯᠲᠠ ᠶᠢᠨ ᠴᠠᠬᠢᠯᠭᠠᠨ ᠮᠠᠰᠢᠨ ᠬᠤᠳᠳᠤᠭ ᠢ ᠨᠡᠮᠡᠭᠳᠡᠬᠦᠯᠬᠦ ᠦᠬᠡᠢ᠃ ᠭᠠᠵᠠᠷ ᠳᠤᠤᠷᠠᠬᠢ ᠪᠠᠶᠢᠴᠠᠭᠠᠨ ᠰᠢᠯᠭᠠᠬᠤ ᠪᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠬᠠᠮᠠᠭᠠᠯᠠᠯᠲᠠ ᠶᠢᠨ ᠤᠷᠤᠨ ᠪᠤᠯᠭᠠᠨ ᠵᠠᠭᠠᠭᠯᠠᠨ ᠲᠤᠭᠲᠠᠭᠠᠵᠤ᠂ ᠳᠠᠩᠰᠠ ᠡᠪᠬᠡᠮᠡᠯ ᠪᠠᠶᠢᠭᠤᠯᠤᠨ ᠺᠷᠲᠯᠠᠬᠤ᠂ ᠲᠦᠷᠦᠯ ᠬᠤᠪᠢᠶᠠᠨ ᠬᠢᠨᠠᠵᠤ᠂ ᠶᠡᠷᠤᠩᠭᠡᠢ ᠬᠠᠮᠢᠶᠠᠷᠬᠤ᠃ ᠭᠤᠤᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠦᠷᠡᠨ ᠨᠠᠭᠤᠷ᠂ ︽ᠴᠢᠩ ᠤᠯᠤᠰ ᠤᠨ ᠳᠦᠷᠪᠡᠨ ᠡᠮᠬᠢ ᠵᠠᠪᠠᠷᠠᠭ᠎ᠠ ᠦᠬᠡᠢ︾ ᠲᠤᠰᠬᠠᠢ ᠵᠤᠶᠢᠯ ᠢᠶᠠᠷ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠯᠭᠠᠰᠤᠨ ᠤ ᠦᠶᠡᠷ ᠢ ᠰᠡᠷᠭᠡᠶᠢᠯᠡᠬᠦ ᠪᠠᠷᠢᠯᠭ᠎ᠠ ᠶᠢ ᠡᠬᠢᠯᠡᠬᠦᠯᠤᠨ ᠰᠠᠶᠢᠳᠤᠷ ᠬᠡᠷᠡᠭᠵᠢᠬᠦᠯᠵᠤ᠂ ᠳᠤᠮᠳᠠ ᠵᠢᠵᠢᠭ ᠭᠤᠤᠯ ᠤᠷᠤᠰᠬᠠᠯ ᠢ ᠵᠠᠰᠠᠬᠤ ᠲᠦᠷᠦᠯ ᠵᠤᠶᠢᠯ ᠪᠤᠯᠤᠨ᠎ᠠ᠃ ᠬᠦᠷᠦᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠰᠡᠷᠬᠦᠬᠡᠬᠦ ᠶᠢ ᠰᠠᠶᠢᠳᠤᠷ ᠠᠳᠬᠤᠨ᠎ᠠ     ᠨᠤᠲᠤᠭ ᠪᠡᠯᠴᠢᠭᠡᠷ ᠢ ᠡᠪᠳᠡᠬᠦ᠂ ᠤᠢ᠂ ᠲᠠᠷᠢᠶᠠᠯᠠᠩ᠂ ᠠᠭᠤᠷᠬᠠᠢ᠂ ᠨᠠᠭᠤᠷ᠂ ᠭᠤᠤᠯ ᠤᠨ ᠤᠶᠢᠯᠡ ᠠᠵᠢᠯᠯᠠᠭ᠎ᠠ ᠶᠢ ᠴᠢᠩᠭ᠎ᠠ ᠡᠵᠡᠮᠰᠢᠨ᠂ ᠦᠷᠬᠦᠯᠵᠢᠯᠡᠨ ᠰᠠᠶᠢᠳᠤᠷ ᠠᠳᠬᠤᠵᠤ᠂ ᠴᠢᠯᠠᠭᠤ ᠪᠤᠯᠪᠠᠰᠤᠷᠠᠭᠤᠯᠬᠤ ᠬᠦᠷᠢᠶᠡᠯᠡᠩ ᠬᠢᠷᠤᠬᠡ ᠬᠡᠷ ᠪᠠᠶᠢᠰᠢᠩ ᠨᠤᠷᠠᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠳᠤᠲᠤᠷᠠᠬᠢ ᠠᠭᠤᠷᠬᠠᠢ ᠶᠢᠨ ᠭᠠᠵᠠᠷ ᠤᠨ ᠤᠷᠴᠢᠨ ᠲᠤᠭᠤᠷᠢᠨ ᠢ ᠵᠠᠰᠠᠬᠤ᠂ ᠳᠠᠰᠤᠷᠠᠯᠲᠠ ᠦᠬᠡᠢ ᠴᠢᠩᠭᠠᠳᠬᠠᠨ᠂ ᠭᠠᠯᠲᠤ ᠠᠭᠤᠯᠠ᠂ ᠭᠠᠵᠠᠷ ᠰᠢᠨᠵᠢᠯᠡᠬᠡᠨ ᠤ ᠴᠡᠴᠡᠷᠯᠢᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠠᠢ᠃ ᠪᠡᠬᠡᠵᠢᠩ ᠲᠢᠶᠠᠨᠵᠢᠨ ᠤ ᠰᠠᠯᠬᠢ ᠲᠤᠭᠤᠰᠤᠨ ᠤ ᠡᠬᠢ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠶᠢ ᠰᠡᠷᠬᠦᠬᠡᠬᠦ ᠢᠨᠵᠧᠨᠧᠷᠢᠩ ᠢ ᠰᠠᠶᠢᠳᠤᠷ ᠠᠳᠬᠤᠵᠤ᠂ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠲᠠ ᠢ ᠠᠷᠠᠴᠢᠯᠠᠨ ᠬᠠᠮᠠᠭᠠᠯᠠᠬᠤ ᠶᠢ ᠰᠠᠶᠢᠳᠤᠷ ᠬᠡᠷᠡᠭᠵᠢᠬᠦᠯᠵᠤ᠂ ᠪᠡᠯᠴᠢᠬᠡᠷᠯᠡᠬᠦ ᠶᠢ ᠴᠠᠭᠠᠵᠠᠯᠠᠬᠤ ᠪᠠ ᠪᠡᠯᠴᠢᠬᠡᠷ ᠮᠠᠯ ᠢ ᠲᠡᠩᠴᠡᠬᠦᠷᠢ ᠲᠠᠢ ᠪᠠᠶᠢᠯᠭᠠᠬᠤ ᠳᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠯᠲᠠ ᠳᠤ ᠴᠢᠩᠭ᠎ᠠ ᠴᠤᠬᠢᠯᠲᠠ ᠦᠭᠴᠤ᠂ ᠳᠠᠯᠳᠠᠭᠤᠷ ᠮᠠᠯᠲᠠᠨ ᠳᠤᠷ᠎ᠠ ᠪᠠᠷ ᠮᠠᠯᠲᠠᠬᠤ ᠵᠡᠷᠭᠡ ᠬᠠᠤᠯᠢ  ᠠᠴᠠ ᠵᠦᠷᠢᠴᠡᠭᠰᠡᠨ ᠠᠵᠢᠯᠯᠠᠭ᠎ᠠ ᠪᠤᠯᠤᠨ᠎ᠠ᠃ ᠬᠠᠲᠠᠭᠤ ᠪᠡᠶᠡᠲᠤ ᠬᠠᠶᠠᠭᠳᠠᠮᠠᠯ ᠪᠤᠳᠠᠰ ᠢ ᠴᠢᠩᠭᠠᠷᠠᠭᠤᠯᠵᠤ᠂ ᠡᠰᠢ ᠰᠦᠷᠡᠯ ᠢ ᠶᠡᠷᠤᠩᠭᠡᠶᠢᠯᠡᠨ ᠠᠰᠢᠭᠯᠠᠬᠤ ᠪᠠ ᠲᠠᠷᠢᠶᠠᠯᠠᠩ ᠤᠨ ᠤᠯᠠᠨ ᠡᠬᠢᠲᠤ ᠪᠤᠬᠢᠷᠳᠤᠯ ᠢ ᠰᠡᠷᠭᠡᠶᠢᠯᠡᠨ ᠵᠠᠰᠠᠬᠤ ᠬᠡᠷᠡᠭᠲᠠᠢ᠃ ᠪᠦᠬᠦ ᠠᠷᠠᠳ ᠤᠨ ᠠᠯᠪᠠᠨ ᠵᠢᠷᠤᠮ ᠤᠨ ᠮᠤᠲᠤ ᠲᠠᠷᠢᠬᠤ᠂ ᠵᠢᠯ ᠤᠨ ᠳᠤᠲᠤᠷ᠎ᠠ ᠢᠳᠡᠪᠬᠢᠲᠠᠢ ᠪᠡᠶᠡᠯᠡᠬᠦᠯᠵᠤ᠂ 1 ᠲᠦᠮᠡᠨ ᠮᠤ᠋ ᠬᠦᠮᠦᠨ ᠤ ᠬᠦᠴᠤ ᠪᠠᠷ ᠪᠤᠳᠠ ᠮᠤᠲᠤ ᠤᠶᠢᠵᠢᠭᠤᠯᠵᠤ᠂ ᠤᠢ ᠰᠢᠭᠤᠢ ᠶᠢᠨ ᠪᠦᠲᠦᠬᠡᠨ ᠪᠠᠶᠢᠭᠤᠯᠤᠯᠲᠠ᠂ 1.3 ᠲᠦᠮᠡᠨ ᠮᠤ᠋ ᠪᠡᠶᠡᠯᠡᠬᠦᠯᠵᠤ᠂ ᠠᠵᠤ ᠠᠬᠤᠢ ᠶᠢ ᠲᠤᠰᠠᠯᠠᠨ᠎ᠠ᠃ ᠡᠯ᠎ᠡ ᠲᠦᠯᠦᠭᠡᠯᠡᠭᠴᠢᠳ ᠡ᠂ ᠪᠤᠬᠢᠷᠳᠤᠯ ᠦᠬᠡᠢ ᠪᠠᠶᠢᠬᠤ ᠪᠤᠯ ᠬᠠᠮᠤᠭ ᠤᠨ ᠰᠠᠶᠢᠨ ᠡᠬᠢ ᠪᠠᠶᠠᠯᠢᠭ᠂ ᠠᠮᠢ ᠠᠬᠤᠢ  ᠶᠢᠨ ᠤᠷᠴᠢᠨ ᠲᠤᠭᠤᠷᠢᠨ ᠪᠤᠯ ᠬᠠᠮᠤᠭ ᠤᠨ ᠶᠡᠭᠡ ᠳᠠᠪᠠᠭᠤᠯᠢᠭ ᠮᠦᠨ᠂ ᠪᠢᠳᠡ ᠢᠮᠠᠭᠲᠠ ᠪᠠᠷᠢᠮᠲᠠᠯᠠᠵᠤ᠂ ᠤᠷᠴᠢᠨ ᠠᠬᠤᠢ ᠶᠢ ᠬᠠᠮᠠᠭᠠᠯᠠᠬᠠᠤ ᠬᠡᠳᠡᠷᠬᠦ ᠰᠢᠬᠠᠮᠳᠠᠭᠤᠯᠬᠤ ᠬᠡᠯᠪᠡᠷᠢ ᠶᠢ ᠬᠤᠪᠢᠷᠠᠭᠤᠯᠵᠤ᠂ ᠪᠤᠬᠢᠷᠳᠤᠯ ᠦᠬᠡᠢ ᠬᠦᠭᠵᠢᠯᠲᠠ  ᠶᠢ ᠠᠬᠢᠭᠤᠯᠵᠤ᠂ ᠠᠵᠤ ᠠᠬᠤᠢ ᠪᠠᠨ ᠬᠦᠭᠵᠢᠬᠦᠯᠬᠦ ᠪᠠ ᠤᠷᠴᠢᠨ ᠠᠬᠤᠢ ᠶᠢᠨ ᠬᠠᠮᠠᠭᠠᠯᠠᠯᠲᠠ ᠪᠠᠨ ᠬᠦᠭᠵᠢᠬᠦᠯᠦᠨ᠎ᠠ᠃ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠬᠦᠷᠲᠡᠬᠦ ᠶᠢ ᠡᠷᠡᠰ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠤ ᠰᠠᠶᠢᠬᠠᠨ ᠦᠵᠡᠮᠵᠢ ᠶᠢᠨ ᠤᠷᠤᠨ ᠢ ᠪᠦᠲᠦᠬᠡᠨ ᠪᠠᠶᠢᠭᠤᠯᠬᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠭᠠᠷ ᠲᠡᠭᠷᠢ ᠶᠢ ᠴᠡᠯᠮᠡᠭ ᠢᠶᠠᠷ ᠢᠶᠠᠨ ᠪᠠᠶᠢᠯᠭᠠᠵᠤ᠂ ᠬᠦᠬᠡᠮᠳᠤᠭ᠌ ᠤᠰᠤ ᠮᠦᠩᠭᠡ ᠤᠷᠤᠰᠤᠭᠰᠠᠨ᠂ ᠠᠭᠤᠯᠠ ᠤᠰᠤ ᠡᠬᠦᠷᠢᠳᠡ ᠪᠠᠶᠢᠯᠭᠠᠨ᠎ᠠ᠃  ︵ᠭᠤᠷᠪᠡ︶ ᠬᠤᠷᠢᠶ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠰᠢᠢᠳᠪᠤᠷᠢᠯᠡᠬᠦ ᠳᠤ ᠬᠦᠴᠤ ᠨᠡᠮᠡᠬᠦ     ︽ᠬᠤᠷᠢᠶ᠎ᠠ ᠱᠤᠭᠤᠮ ᠢ ᠪᠠᠲᠤ ᠰᠠᠬᠢᠵᠤ᠂ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ︾ ᠶᠢ ᠴᠢᠩᠭᠠᠳᠬᠠᠵᠤ ᠂ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ ᠶᠢ ᠬᠠᠮᠢᠶᠠᠷᠤᠨ ᠡᠵᠡᠮᠳᠡᠵᠤ᠂ ᠨᠡᠮᠡᠭᠳᠡᠯ ᠢ ᠲᠤᠭᠲᠠᠪᠤᠷᠢᠵᠢᠭᠤᠯᠬᠤ ᠪᠠ ᠠᠶᠤᠯ ᠲᠦᠭᠰᠢᠬᠦᠷᠢ ᠶᠢ ᠰᠡᠷᠭᠡᠶᠢᠯᠡᠬᠦ ᠬᠠᠷᠢᠴᠠᠭ᠎ᠠ ᠶᠢ ᠳᠤᠬᠢᠲᠠᠢ ᠰᠢᠢᠳᠪᠤᠷᠢᠯᠡᠬᠦ ᠬᠡᠷᠡᠭᠲᠠᠢ᠃   ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ    ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠷᠢᠶ᠎ᠠ ᠱᠤᠭᠤᠮ ᠢ ᠰᠠᠬᠢᠬᠤ᠂ ᠲᠦᠯᠦᠪᠤᠷᠢ ᠬᠢᠵᠠᠭᠠᠷᠯᠠᠬᠤ ᠠᠵᠢᠯ ᠢ ᠵᠡᠷᠭᠡ ᠪᠠᠷ ᠬᠦᠭᠵᠢᠬᠦᠯᠤᠨ᠂ ᠵᠤᠬᠢᠰᠲᠠᠢ ᠪᠦᠬᠡᠳ ᠡᠮᠬᠢ ᠵᠢᠷᠤᠮ ᠲᠠᠢ ᠪᠠᠷ︾ ᠵᠠᠷᠴᠢᠮ ᠤᠨ ᠶᠤᠰᠤᠭᠠᠷ᠂ ᠶᠡᠷᠤᠩᠭᠡᠶᠢᠯᠡᠨ ᠬᠡᠷᠡᠭᠯᠡᠵᠤ᠂ ᠳᠦᠰᠦᠪ ᠤᠨ ᠳᠤᠬᠢᠷᠠᠭᠤᠯᠤᠯᠲᠠ᠂ ᠠᠪᠴᠠᠭᠠᠨ ᠤ ᠡᠷᠬᠡ ᠪᠠᠨ ᠰᠤᠯᠢᠬᠤ᠂ ᠡᠳ᠋ ᠬᠦᠷᠦᠩᠭᠡ ᠡᠬᠢ ᠪᠠᠶᠠᠯᠢᠭ ᠢ ᠠᠮᠢᠳᠤᠯᠢᠭ ᠪᠤᠯᠭᠠᠬᠤ᠂ ᠰᠢᠨ᠎ᠡ ᠨᠡᠮᠡᠭᠳᠡᠭᠰᠡᠨ ᠲᠤᠰᠬᠠᠢ ᠵᠤᠶᠢᠯ ᠤᠨ ᠵᠢᠬᠡᠯᠡᠯᠭᠡ ᠶᠢᠨ ᠲᠡᠮᠳᠡᠭᠲᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠤᠷᠳᠤᠨ ᠤ ᠳᠠᠷᠤᠭᠳᠠᠵᠤ ᠪᠠᠶᠢᠭ᠎ᠠ ᠦᠷᠢ ᠦᠭᠴᠡᠭᠡ ᠶᠢᠨ ᠠᠰᠠᠭᠤᠳᠠᠯ ᠢ ᠯᠠᠪᠳᠠᠭᠤᠨ ᠪᠦᠭᠡᠳ ᠡᠮᠬᠢ ᠵᠢᠷᠤᠮ ᠲᠠᠢ ᠠᠷᠢᠯᠭᠠᠵᠤ᠂ ᠵᠢᠯ ᠤᠨ ᠦᠷᠢ ᠦᠭᠴᠡᠭᠡ ᠠᠷᠢᠯᠭᠠᠬᠤ ᠬᠠᠷᠠᠯᠲᠠ ᠶᠢ ᠴᠠᠭ ᠳᠤᠬᠠᠢ ᠳᠤᠨᠢ ᠪᠡᠶᠡᠯᠡᠬᠦᠯᠬᠦ ᠬᠡᠷᠡᠭᠲᠠᠢ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠤᠶᠢᠯ ᠤᠨ ᠦᠭᠴᠡᠭᠡ ᠶᠢᠨ ᠠᠶᠤᠯ ᠲᠦᠭᠰᠢᠬᠦᠷᠢ ᠶᠢ ᠦᠨᠡᠯᠡᠨ ᠵᠢᠱᠢᠬᠦ ᠪᠠ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠨ᠂ ᠴᠢᠩᠭ᠎ᠠ ᠬᠡᠷᠡᠭᠵᠢᠬᠦᠯᠵᠤ᠂ ᠵᠢᠷᠤᠮᠵᠢᠭᠤᠯᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠤᠶᠢᠯ ᠤᠨ ᠪᠡᠯᠡ ᠳᠤᠬᠢᠷᠠᠭᠤᠯᠬᠤ ᠪᠠ ᠤᠯᠠᠨ ᠨᠡᠶᠢᠲᠠ ᠶᠢᠨ ᠤᠶᠢᠯᠡᠴᠢᠯᠡᠭᠡ ᠶᠢ ᠬᠤᠳᠠᠯᠳᠤᠨ ᠠᠪᠬᠤ ᠠᠵᠢᠯᠯᠭ᠎ᠠ ᠵᠢᠴᠢ ᠳᠠᠯᠳᠠ ᠦᠷᠢ ᠦᠭᠴᠡᠭᠡ ᠶᠢᠨ ᠬᠡᠮᠵᠢᠶ᠎ᠡ ᠶᠢ ᠡᠷᠡᠰ ᠬᠤᠷᠢᠭᠯᠠᠵᠤ᠂ ᠬᠢᠵᠠᠭᠠᠷᠲᠤ ᠲᠤᠭ᠎ᠠ ᠶᠢᠨ ᠳᠤᠲᠤᠷ᠎ᠠ ᠦᠭᠴᠡᠭᠡᠨ ᠤ ᠬᠡᠪᠴᠢᠶ᠎ᠡ ᠶᠢ ᠤᠯᠬᠤ ᠪᠠᠷ ᠢᠳᠡᠪᠬᠢᠲᠠᠢ ᠴᠢᠷᠮᠠᠶᠢᠵᠤ᠂ ᠲᠦᠪ  ᠤᠨ᠂ ᠤᠷᠤᠯᠭ᠎ᠠ ᠡᠬᠦᠳᠬᠦ ᠳᠡᠪᠴᠡᠩ ᠤᠨ ᠺᠤᠮᠫᠠᠨᠢ ᠶᠢᠨ ᠬᠡᠯᠪᠡᠷᠢ ᠶᠢᠨ ᠬᠤᠪᠢᠷᠠᠭᠤᠯᠤᠲᠠ ᠶᠢ ᠳᠡᠮᠵᠢᠬᠦ᠂ ᠰᠢᠨ᠎ᠡ ᠶᠢ ᠡᠬᠦᠳᠬᠦ ᠲᠦᠷᠦᠯ ᠵᠤᠶᠢᠯ ᠢ ᠪᠡᠯᠡ ᠤᠷᠤᠭᠤᠯᠤᠯᠲᠠ ᠪᠡᠯᠡ ᠳᠤᠬᠢᠷᠠᠭᠤᠯᠤᠯᠭ᠎ᠠ ᠶᠢᠨ ᠵᠠᠭᠪᠤᠷ ᠢ ᠭᠤᠤᠯᠳᠠᠯᠭ᠎ᠠ ᠲᠠᠢ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠲᠠ ᠶᠢᠨ ᠪᠡᠯᠡ ᠮᠦᠩᠭᠦ ᠢ ᠪᠠᠲᠤᠯᠭ᠎ᠠ ᠬᠠᠩᠭᠠᠪᠠ᠃   ᠮᠦᠩᠭᠦᠨ ᠬᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠵᠤ᠂ ᠡᠷᠡᠬᠦᠯ ᠪᠤᠰᠤ ᠵᠢᠭᠡᠯᠡᠯᠭᠡ ᠶᠢ ᠴᠢᠩᠭᠠᠷᠠᠭᠤᠯᠵᠤ᠂ ᠰᠦᠯᠵᠢᠶᠡᠨ ᠤ ᠵᠢᠬᠡᠯᠡᠯᠬᠡ᠂ ᠠᠵᠤ ᠠᠬᠤᠶᠢᠯᠠᠯ ᠤᠨ ᠢᠲᠡᠬᠡᠮᠵᠢ ᠶᠢᠨ ᠵᠢᠬᠡᠯᠡᠯᠬᠡ  ᠶᠢᠨ ᠬᠡᠷ᠎ᠡ ᠶᠢ ᠵᠦᠷᠢᠴᠡᠭᠰᠡᠨ ᠵᠡᠷᠬᠡ ᠲᠦᠭᠰᠢᠬᠦᠷᠢᠲᠤ ᠴᠡᠭ ᠢ ᠤᠯᠤᠰ ᠲᠦᠷᠤ᠂ ᠦᠷᠬᠦᠯᠵᠢᠯᠡᠨ ᠳᠦᠯᠬᠢᠨ ᠠᠬᠢᠭᠤᠯᠵᠤ᠂ ᠬᠠᠤᠯᠢ ᠪᠤᠰᠤ ᠪᠡᠯᠡ ᠮᠦᠩᠭᠦ ᠴᠤᠭᠯᠠᠭᠤᠯᠤᠭᠰᠠᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠤ  ᠲᠠᠢ ᠵᠢᠬᠡᠯᠡᠯᠬᠡ ᠶᠢᠨ ᠶᠡᠷᠤᠩᠭᠡᠶᠢᠯᠡᠨ ᠵᠠᠰᠠᠬᠤ ᠠᠵᠢᠯ ᠢ ᠦᠯᠤ ᠲᠠᠷᠬᠠᠭᠠᠬᠤ᠂ ᠤᠷᠤᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠬᠦᠷᠢ ᠶᠢᠨ ᠬᠢᠵᠠᠭᠠᠷ ᠱᠤᠭᠤᠮ ᠢ ᠪᠠᠲᠤ ᠰᠠᠬᠢᠨ᠎ᠠ᠃  ︵ᠳᠦᠷᠪᠡ︶ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠤᠨ᠎ᠠ᠂ ᠰᠢᠨ᠎ᠡ ᠬᠠᠭᠤᠴᠢᠨ ᠬᠦᠳᠡᠯᠭᠡᠭᠴᠢ ᠡᠨᠧᠷᠬᠢ ᠶᠢᠨ ᠰᠤᠯᠢᠭᠳᠠᠯ ᠬᠢᠬᠦ᠂ ᠤᠯᠠᠮᠵᠢᠯᠠᠯᠲᠤ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠳᠬᠤᠵᠤ᠂ ᠰᠢᠨ᠎ᠡ ᠪᠠᠷ ᠮᠠᠨᠳᠤᠭᠰᠠᠨ ᠠᠵᠤ ᠤᠶᠢᠯᠡᠰ ᠲᠦᠪᠯᠡᠷᠡᠨ ᠠᠳᠬᠤᠬᠤ᠂ ᠬᠦᠴᠤ ᠪᠠᠨ ᠬᠠᠮᠳᠤᠳᠬᠠᠨ ᠪᠤᠭᠤᠮᠲᠠ ᠰᠢᠪᠲᠤᠯᠵᠤ᠃ ᠴᠢᠬᠤᠯᠠ ᠶᠡᠭᠡ ᠲᠦᠷᠦᠯ ᠵᠤᠶᠢᠯ᠂ ᠵᠢᠯ ᠤᠨ ᠳᠤᠲᠤᠷ᠎ᠠ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠦᠷᠦᠯ ᠵᠤᠶᠢᠯ 12 ᠪᠤᠢ᠃    ᠤᠯᠠᠮᠵᠢᠯᠠᠯᠲᠤ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠨᠡᠮᠡᠭᠳᠡᠬᠦᠯᠵᠤ᠂ ᠡᠬᠢ ᠪᠠᠶᠠᠯᠢᠭ ᠤᠨ ᠳᠤᠬᠢᠷᠠᠭᠤᠯᠤᠯᠲᠠ ᠶᠢ ᠰᠢᠯᠢᠳᠡᠭᠵᠢᠬᠦᠯᠬᠦ᠂ ᠪᠤᠬᠢᠷᠳᠤᠯ ᠦᠬᠡᠢ ᠬᠦᠭᠵᠢᠯᠲᠠ ᠶᠢ ᠪᠠᠷᠢᠮᠲᠠᠯᠠᠵᠤ᠂ ᠦᠷᠢᠰᠦᠯᠳᠦᠬᠡᠨ ᠤ ᠤᠷᠤᠨ ᠵᠠᠢ ᠤᠯᠵᠤ᠂ ᠪᠠᠬᠢᠵᠢᠬᠦᠯᠤᠨ ᠳᠡᠭᠡᠭᠰᠢᠯᠡᠬᠦᠯᠵᠤ᠂ ᠴᠠᠬᠢᠯᠠᠭᠤᠷ ᠴᠢᠯᠠᠭᠤ᠂ ᠬᠢᠮᠢ ᠶᠢᠨ ᠠᠵᠤ ᠤᠶᠢᠯᠡᠳᠪᠤᠷᠢ  ᠶᠢᠨ ᠲᠡᠷᠢᠬᠦᠨ ᠤ ᠤᠷᠤᠨ ᠤ ᠠᠵᠤ ᠤᠶᠢᠯᠡᠰ ᠤᠨ ᠪᠠᠶᠢᠷᠢ ᠲᠤᠭᠲᠠᠭᠠᠯᠲᠠ ᠪᠤᠯᠤᠨ᠎ᠠ᠃ ᠪᠠᠢ ᠶᠠᠨ ᠬᠤ᠋᠂ ᠬᠤᠸᠠ ᠰᠦᠨ᠂ ᠭᠠᠩ ᠶᠤᠸᠠᠨ ᠤᠨ ᠤᠤᠯ ᠤᠨ ᠵᠡᠷᠭᠡ ᠴᠠᠬᠢᠯᠠᠭᠤᠷ ᠴᠢᠯᠠᠭᠤ ᠬᠢᠮᠢ ᠶᠢᠨ ᠠᠵᠤ ᠤᠶᠢᠯᠡᠳᠪᠤᠷᠢ ᠶᠢ ᠬᠦᠳᠤᠯᠤᠨ ᠵᠢᠯᠤᠭᠤᠳᠴᠤ᠂ ᠠᠵᠤ ᠠᠬᠤᠶᠢᠯᠠᠯ ᠬᠠᠶᠠᠭᠳᠠᠮᠠᠯ ᠬᠡᠢ ᠬᠠᠶᠠᠭᠳᠠᠮᠠᠯ ᠰᠢᠭᠠᠷᠤ ᠶᠢ ᠪᠦᠬᠦ ᠲᠠᠯ᠎ᠠ ᠪᠠᠷ ᠠᠰᠢᠭᠯᠠᠬᠤ᠂ ᠮᠡᠷᠭᠡᠵᠢᠯ ᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠬᠦᠳᠬᠦ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠰᠦᠪᠡᠭᠴᠢᠯᠡᠵᠤ᠂ ᠴᠠᠬᠢᠯᠠᠭᠠᠤᠷ ᠴᠢᠯᠠᠭᠤᠨ ᠤ ᠰᠢᠭᠠᠷᠤ᠂ ᠤᠶᠢᠯᠡᠳᠪᠤᠷᠢᠯᠡᠯ ᠤᠨ ᠤᠷᠴᠢᠨ ᠲᠤᠭᠤᠷᠢᠨ  ᠤ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ᠂ ᠬᠠᠲᠠᠭᠤ ᠪᠡᠶᠡᠲᠤ ᠬᠠᠶᠠᠭᠳᠠᠮᠠᠯ ᠪᠤᠳᠠᠰ ᠤᠶᠢᠯᠡᠳᠬᠦᠨ ᠤ ᠶᠡᠷᠤᠩᠭᠡᠶᠢᠯᠡᠨ ᠠᠰᠢᠭᠯᠠᠬᠤ ᠨᠤᠷᠮ᠎ᠠ ᠶᠢ ᠨᠡᠮᠡᠭᠳᠡᠬᠦᠯᠬᠦ᠂ ᠴᠠᠬᠢᠯᠠᠭᠤᠷ ᠴᠢᠯᠠᠭᠤ᠂ ᠬᠢᠮᠢ ᠶᠢᠨ ᠠᠵᠤ ᠤᠶᠢᠯᠡᠳᠪᠤᠷᠢ ᠶᠢᠨ ᠳᠤᠮᠳᠠ ᠳᠡᠭᠡᠲᠤ ᠳᠡᠰ ᠤᠨ ᠤᠶᠢᠯᠡᠳᠪᠤᠷᠢᠯᠡᠬᠦ ᠴᠢᠳᠠᠪᠤᠷᠢ ᠶᠢ ᠦᠷᠭᠡᠳᠭᠡᠵᠤ᠂ ᠮᠧᠩ ᠸᠧᠢ ᠤᠯᠠᠮ ᠨᠢᠬᠡ ᠠᠯᠬᠤᠮ ᠳᠡᠮᠵᠢᠬᠦ ᠬᠡᠯᠬᠢᠶ᠎ᠡ ᠶᠢ ᠤᠷᠳᠤᠳᠬᠠᠬᠤ᠂ ᠰᠢᠨ᠎ᠡ ᠶᠢ ᠡᠬᠦᠳᠤᠭ᠍ᠰᠡᠨ ᠤᠶᠢᠯᠡᠳᠬᠦᠨ᠂ ᠬᠦᠭᠵᠢᠯᠲᠠ ᠶᠢᠨ ᠳᠤᠶᠢᠯᠰᠢᠷᠠᠭ᠎ᠠ ᠬᠡᠷᠡᠯᠳᠤ ᠬᠠᠯᠢᠰᠤ᠂ ᠤᠨᠴᠠ ᠲᠦᠷᠦᠯ ᠤᠨ ᠰᠢᠷᠭᠡᠭ ᠵᠡᠷᠭᠡ ᠦᠨᠳᠦᠷ ᠨᠡᠮᠡᠯᠲᠠ ᠦᠷᠳᠡᠭ ᠪᠦᠬᠦᠢ ᠤᠶᠢᠯᠳᠬᠦᠨ ᠢ ᠵᠢᠭᠠᠵᠤ ᠪᠠᠶᠢᠨ᠎ᠠ᠃ ᠺᠧ ᠮᠠ ᠶᠢᠨ ᠰᠢᠨ᠎ᠡ ᠮᠠᠲ᠋ᠧᠷᠢᠶᠠᠯ ᠢ ᠳᠦᠯᠬᠢᠨ ᠠᠬᠢᠭᠤᠯᠵᠤ᠂  ᠰᠢᠨ ᠳ᠋ᠧ ᠮᠠ ᠶᠢᠨ ᠴᠢᠨᠠᠷ PVA ᠳᠠᠪᠠᠷᠬᠠᠢ ᠶᠢᠨ ᠲᠦᠷᠦᠯ ᠵᠤᠶᠢᠯ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠪᠠ᠃ ᠵᠢᠭᠠᠬᠤ ᠮᠠᠲ᠋ᠧᠷᠢᠶᠠᠯ ᠤᠨ ᠠᠵᠤ ᠤᠶᠢᠯᠡᠰ ᠤᠨ ᠦᠯᠡᠬᠦᠤ ᠤᠶᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ ᠦᠷ᠎ᠡ ᠪᠦᠲᠦᠬᠡᠯ  ᠢ ᠪᠠᠬᠢᠵᠢᠬᠦᠯᠤᠨ᠂ ᠱᠤᠶᠢᠨᠢ᠂ ᠡᠷᠡᠰ ᠬᠤᠴᠤᠷᠤᠩᠭᠤᠢ ᠤᠶᠢᠯᠡᠳᠪᠤᠷᠢᠯᠡᠬᠦ ᠴᠢᠳᠠᠪᠤᠷᠢ ᠶᠢ ᠭᠡᠭᠡᠭᠳᠡᠬᠦᠯᠬᠦ᠂ ᠲᠤᠤᠷᠠᠳᠤ ᠳᠡᠰ᠂ ᠪᠦᠲᠦᠮᠵᠢ ᠦᠬᠡᠢ᠂ ᠬᠠᠩᠭᠠᠯᠭ᠎ᠠ ᠶᠢ ᠵᠦᠩ ᠯᠢᠶᠡᠨ ᠱᠤᠶᠢᠨᠢ ᠳᠡᠰ ᠳᠡᠪᠰᠢᠬᠦ ᠶᠢ ᠠᠬᠢᠭᠤᠯᠬᠤ ᠤᠶᠢᠯᠡᠳᠬᠦᠨ᠂ ᠦᠪᠡᠷ ᠤᠨ ᠦᠷᠳᠡᠭ ᠢ ᠪᠠᠭᠤᠷᠠᠭᠤᠯᠬᠤ᠂ ᠦᠷᠢᠰᠤᠯᠳᠤᠬᠦ ᠬᠦᠴᠦᠨ ᠢᠶᠠᠨ ᠳᠡᠭᠡᠭᠰᠢᠯᠡᠬᠦᠯᠦᠨ᠎ᠡ᠃    ᠰᠢᠨ᠎ᠡ ᠪᠠᠷ ᠪᠤᠢ ᠪᠤᠯᠤᠭᠰᠠᠨ ᠠᠵᠤ ᠤᠶᠢᠯᠡᠰ ᠤᠨ ᠲᠦᠪᠯᠡᠷᠡᠨ ᠬᠦᠭᠵᠢᠬᠦ ᠶᠢ ᠳᠦᠯᠬᠢᠨ ᠠᠬᠢᠭᠤᠯᠵᠤ᠂ ᠪᠠᠯ ᠴᠢᠯᠠᠭᠤᠨ ᠰᠢᠨ᠎ᠡ ᠮᠠᠲ᠋ᠧᠷᠢᠶᠠᠯ ᠢ ᠤᠶᠢᠯᠡᠳᠪᠤᠷᠢᠯᠡᠬᠦ ᠶᠢ ᠠᠰᠢᠭᠯᠠᠨ ᠠᠵᠤ ᠤᠶᠢᠯᠡᠰ ᠦᠳᠳᠤᠷ ᠲᠦᠷᠬᠡᠨ ᠬᠦᠭᠵᠢᠬᠦ ᠰᠠᠶᠢᠨ ᠰᠠᠶᠢᠬᠠᠨ ᠪᠠᠶᠢᠳᠠᠯ ᠢᠯᠡᠷᠡᠪᠡ᠃ ᠰᠢᠨ᠎ᠡ ᠪᠠᠷ ᠬᠦᠭᠵᠢᠭᠰᠡᠨ ᠠᠵᠤ ᠤᠶᠢᠯᠡᠰ ᠤᠨ ᠪᠦᠬᠡᠮᠨᠡᠷᠡᠯ ᠢ ᠲᠦᠷᠭᠡᠪᠴᠢᠯᠡᠨ ᠪᠤᠶᠢᠵᠢᠭᠤᠯᠵᠤ᠂ 30 ᠲᠦᠮᠡᠨ ᠲᠤᠨ ᠪᠠᠯ ᠪᠤᠯᠭᠠᠨ᠂ ᠬᠤᠯᠪᠤᠭᠳᠠᠯ ᠪᠦᠬᠦᠢ ᠮᠠᠲ᠋ᠧᠷᠢᠶᠠᠯ ᠢ ᠤᠶᠢᠯᠡᠳᠪᠤᠷᠢᠯᠡᠬᠦ ᠴᠢᠳᠠᠪᠤᠷᠢ ᠪᠤᠯᠤᠨ᠎ᠠ᠃ ᠯᠢᠲ᠋ᠢ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠪᠦᠸᠧ ᠯᠤ᠋ ᠲᠢᠶᠠᠨ ᠴᠧᠩ᠂ ᠤᠳᠤᠨ ᠭᠠᠷᠠᠭ ᠪᠠᠯ ᠴᠢᠯᠠᠭᠤ ᠵᠡᠷᠭᠡ ᠰᠢᠨ᠎ᠡ ᠮᠠᠲ᠋ᠧᠷᠢᠶᠠᠯ ᠤᠨ ᠲᠦᠷᠦᠯ ᠵᠤᠶᠢᠯ ᠢ ᠪᠦᠲᠦᠬᠡᠨ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠬᠤᠩ ᠶᠤᠸᠠᠨ ᠪᠠᠯ ᠴᠢᠯᠠᠭᠤᠵᠢᠭᠰᠠᠨ᠂ ᠢᠤᠢ ᠰᠢᠶᠡᠩ ᠪᠠᠯ ᠴᠢᠯᠠᠭᠤᠨ ᠴᠠᠬᠢᠯᠭᠠᠨ ᠲᠤᠶᠢᠯ ᠵᠡᠷᠭᠡ ᠰᠢᠨ᠎ᠡ ᠮᠠᠲ᠋ᠧᠷᠢᠶᠠᠯ ᠤᠨ ᠲᠦᠷᠦᠯ ᠵᠤᠶᠢᠯ ᠢ ᠪᠦᠲᠦᠬᠡᠨ ᠪᠠᠶᠢᠭᠤᠯᠬᠤ ᠬᠡᠷᠡᠭᠲᠠᠢ᠃ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠲᠦᠯᠤᠪᠵᠢᠬᠦᠯᠵᠤ᠂ ᠠᠵᠤ ᠤᠶᠢᠯᠡᠰ ᠤᠨ ᠪᠠᠶᠢᠷᠢᠰᠢᠯᠠᠭᠤᠯᠤᠯ ᠢ ᠠᠬᠢᠭᠤᠯᠵᠤ᠂ ᠵᠢᠩ ᠬᠤᠢ ᠮᠠᠰᠢᠨ ᠲᠡᠷᠭᠡᠨ ᠤ ᠠᠰᠢᠭᠯᠠᠯᠲᠠ ᠳᠤ ᠤᠷᠤᠭᠤᠯᠤᠭᠰᠠᠨ ᠲᠤᠨᠤᠭ ᠤᠶᠢᠯᠡᠳᠪᠤᠷᠢᠯᠡᠬᠦ ᠲᠦᠷᠦᠯ ᠵᠤᠶᠢᠯ ᠪᠤᠯᠭᠠᠨ᠂ ᠵᠢᠶᠤ ᠰᠢᠨ ᠴᠠᠬᠢᠯᠭᠠᠨ ᠬᠦᠳᠡᠯᠬᠡᠬᠦᠷᠲᠤ ᠮᠠᠰᠢᠨ ᠲᠡᠷᠭᠡᠨ ᠤ ᠬᠦᠭᠵᠢᠯᠲᠠ ᠢ ᠲᠦᠷᠭᠡᠳᠭᠡᠬᠦ ᠬᠡᠷᠡᠭᠲᠠᠢ᠂ ᠨᠢᠶᠤ ᠯᠠᠨᠳᠧᠷ ᠡᠮ ᠤᠨ ᠤᠶᠢᠯᠡᠰ ᠢ ᠲᠦᠷᠬᠡᠳᠬᠡᠵᠤ᠂ ᠬᠦᠬᠦᠯ ᠴᠢᠯᠠᠭᠤᠨ ᠲᠤᠰᠤᠨ ᠤ ᠬᠡᠤᠷᠡᠰᠤ᠂ ᠪᠦᠸᠧ ᠶᠢᠨ ᠮᠦᠩᠭᠦᠨ ᠪᠠᠬᠢᠯᠡᠯᠲᠡ ᠰᠢᠯᠡᠨ ᠤ ᠰᠢᠷᠬᠢᠭ ᠵᠡᠷᠭᠡ ᠲᠦᠷᠦᠯ ᠵᠤᠶᠢᠯ ᠤᠨ ᠠᠬᠢᠴᠠ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ᠂ ᠤᠯᠠᠨ ᠡᠰᠢᠲᠤ ᠬᠦᠭᠵᠢᠯᠲᠠ ᠶᠢᠨ ᠪᠠᠶᠢᠷᠢᠰᠢᠯ ᠢ ᠪᠤᠢ ᠪᠤᠯᠭᠠᠨ᠎ᠠ᠃    ᠤᠳᠤᠬᠢᠴᠢᠯᠠᠯᠲᠠ ᠶᠢ ᠳᠦᠯᠬᠢᠨ ᠠᠬᠢᠭᠤᠯᠵᠤ᠂ ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠵᠤ ᠦᠷ᠎ᠡ ᠪᠦᠲᠦᠮᠵᠢ ᠶᠢ ᠨᠡᠮᠡᠭᠳᠡᠬᠦᠯᠬᠦ᠂ ᠤᠷᠤᠨ ᠪᠠᠶᠢᠷᠢ᠂ ᠵᠠᠮ ᠬᠠᠷᠢᠯᠴᠠᠭ᠎ᠠ᠂ ᠪᠠᠶᠢᠭᠠᠯᠢ ᠶᠢᠨ ᠠᠭᠤᠷ ᠠᠮᠢᠰᠬᠤᠯ᠂ ᠤᠨᠴᠠᠯᠢᠭᠲᠤ ᠰᠤᠶᠤᠯ ᠤᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠤᠯᠠᠭᠠᠨᠴᠠᠪ ᠠᠭᠠᠷ ᠠᠶᠠᠯᠠᠯ᠂ ᠳᠡᠭᠡᠲᠤ ᠬᠤᠷᠳᠤᠴᠠᠲᠤ ᠲᠡᠮᠤᠷ ᠵᠠᠮ ᠤᠨ ᠲᠦᠷᠭᠡᠨ ᠬᠦᠭᠵᠢᠵᠤ᠂ ᠵᠤᠭᠠᠴᠠᠯ ᠤᠨ ᠤᠶᠢᠯᠡᠰ ᠢ ᠲᠦᠷᠭᠡᠪᠴᠢᠯᠡᠨ ᠪᠤᠶᠢᠵᠢᠭᠤᠯᠵᠤ᠂ ᠡᠳ᠋ ᠪᠠᠷᠠᠭᠠᠨ ᠤ ᠬᠦᠢᠯᠬᠡᠬᠡ ᠶᠢᠨ ᠤᠶᠢᠯᠡᠰ ᠤᠨ ᠭᠤᠤᠯᠳᠠᠯᠭ᠎ᠠ ᠪᠤᠯᠭᠠᠵᠤ᠂ ᠤᠳᠤᠬᠢᠴᠢᠯᠠᠯᠲᠠ ᠶᠢᠨ ᠤᠶᠢᠯᠡᠴᠢᠯᠡᠭᠡᠨ  ᠤ ᠤᠶᠢᠯᠡᠰ ᠢ ᠰᠢᠯᠢᠳᠡᠭᠵᠢᠬᠦᠯᠦᠨ᠎ᠠ᠃ ︽ᠰᠢᠳᠢᠲᠤ ᠴᠠᠬᠠᠷ᠂ ᠭᠠᠯᠲᠤ ᠠᠭᠤᠯᠠ ᠶᠢᠨ ᠲᠠᠯ᠎ᠠ ᠨᠤᠲᠤᠭ︾ ᠢ ᠴᠤᠭᠴᠠᠯᠠᠨ ᠪᠠᠶᠢᠭᠤᠯᠬᠤ   ᠪᠠᠷ ᠬᠦᠴᠦᠨ ᠲᠡᠮᠡᠴᠡᠵᠤ᠂ ᠵᠤᠭᠠᠴᠠᠯ ᠤᠨ ᠨᠠᠷᠡᠲᠤ ᠳᠡᠮᠳᠡᠭ ᠢ ᠪᠠᠶᠢᠭᠤᠯᠤᠨ᠎ᠠ᠃ ᠪᠦᠬᠦ ᠤᠷᠤᠨ ᠪᠦᠰᠡ ᠪᠤᠶᠤ ᠵᠢᠭᠤᠯᠴᠢᠯᠠᠯ᠂ ᠬᠦᠳᠡᠭᠡ ᠲᠤᠰᠬᠤᠨ ᠤ ᠵᠤᠭᠠᠴᠠᠯ ᠤᠨ ᠲᠦᠯᠦᠪᠵᠢᠬᠦᠯᠬᠡ ᠶᠢ ᠪᠡᠶᠡᠯᠡᠬᠦᠯᠵᠤ᠂ ᠵᠦᠪᠰᠢᠶᠡᠷᠡᠨ ᠤᠷᠤᠭᠤᠯᠬᠤ᠂ ᠪᠤᠴᠠᠭᠠᠵᠤ ᠭᠠᠷᠭᠠᠬᠤ ᠲᠤᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠯ  ᠤᠨ ᠤᠶᠢᠯᠡᠰ ᠢ ᠨᠡᠭᠡᠭᠡᠨ ᠬᠦᠭᠵᠢᠬᠦᠯᠬᠦ ᠬᠡᠷᠡᠭᠲᠠᠢ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠤᠭᠠᠴᠠᠯ ᠤᠨ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠨ ᠳᠡᠬᠦᠯᠳᠡᠷᠵᠢᠬᠦᠯᠵᠤ᠂ ᠦᠵᠡᠮᠵᠢ ᠶᠢᠨ ᠤᠷᠤᠨ ᠤ ᠰᠠᠭᠤᠷᠢ ᠳᠦᠬᠦᠬᠡᠷᠤᠮᠵᠢ ᠪᠠ ᠤᠯᠠᠨ ᠨᠡᠶᠢᠲᠡ ᠶᠢᠨ ᠤᠶᠢᠯᠡᠴᠢᠯᠡᠭᠡ ᠶᠢᠨ ᠢᠵᠢ ᠪᠦᠷᠢᠳᠦᠭᠰᠡᠨ᠂ ᠡᠨᠡ ᠵᠢᠯ ᠴᠢᠷᠮᠠᠶᠢᠨ ᠵᠢᠷᠤᠮᠵᠢᠭᠤᠯᠵᠤ᠂ ᠴᠢᠷᠮᠠᠶᠢᠨ ᠡᠬᠦᠳᠴᠤ᠂ ᠤᠯᠤᠰ ᠤᠨ ᠳᠡᠰ ᠤᠨ ᠭᠠᠯᠲᠤ ᠠᠭᠤᠯᠠ ᠶᠢᠨ ᠭᠠᠵᠠᠷ ᠰᠢᠨᠵᠢᠯᠡᠬᠡᠨ ᠤ ᠴᠡᠴᠡᠷᠯᠢᠭ ᠪᠤᠯᠭᠠᠨ᠎ᠠ᠃ ᠴᠠᠬᠠᠷ ᠰᠤᠶᠤᠯ ᠢ ᠠᠭᠤᠳᠠᠯᠯᠠᠨ ᠡᠬᠢᠮᠯᠡᠨ ᠨᠡᠶᠢᠯᠡᠬᠦᠯᠵᠤ᠂ ᠬᠤᠩᠭᠢᠯᠲᠤ ᠬᠤᠪᠢᠰᠬᠠᠯ ᠤᠨ ᠰᠤᠶᠤᠯ ᠤᠨ ᠡᠬᠢ ᠪᠠᠶᠠᠯᠢᠭ᠂ ᠦᠪᠡᠷᠮᠢᠴᠡ ᠤᠨᠴᠠᠯᠢᠭ ᠪᠦᠬᠦᠢ ᠰᠤᠶᠤᠯ ᠤᠨ ᠵᠤᠭᠠᠴᠠᠯ ᠤᠨ ᠨᠡᠷᠡᠲᠤ ᠳᠡᠮᠳᠡᠭᠲᠤ ᠶᠢ ᠪᠠᠶᠢᠭᠤᠯᠤᠨ᠎ᠠ᠃ ᠮᠠᠯᠴᠢᠨ ᠲᠠᠷᠢᠶᠠᠴᠢᠨ ᠤ ᠤᠢ ᠶᠢᠨ ᠠᠮᠢ ᠠᠬᠤᠢ ᠶᠢᠨ ᠲᠤᠰᠬᠤᠨ᠂ ᠮᠠᠯᠴᠢᠨ ᠠᠶᠢᠯ ᠤᠨ ᠵᠢᠭᠤᠯᠴᠢᠯᠡᠯ ᠢ ᠳᠠᠮᠵᠢᠨ᠂ ᠤᠨᠴᠠᠯᠢᠭ ᠪᠦᠬᠦᠢ ᠤᠷᠤᠨ ᠰᠠᠭᠤᠴᠠ ᠵᠡᠷᠭᠡ ᠬᠦᠳᠡᠭᠡ ᠲᠤᠰᠬᠤᠨ ᠤ ᠵᠢᠭᠤᠯᠴᠢᠯᠠᠯ᠂ ᠰᠢᠨ᠎ᠡ ᠡᠵᠡᠩᠨᠡᠯᠲᠠ ᠶᠢᠨ ᠬᠡᠯᠪᠡᠷᠢ ᠪᠠᠶᠢᠳᠠᠯ ᠢ ᠪᠤᠢ ᠪᠤᠯᠭᠠᠵᠤ᠂ ᠬᠦᠳᠡᠭᠡ ᠠᠶᠢᠯ ᠤᠨ ᠵᠤᠭᠠᠴᠠᠯ ᠢᠶᠠᠷ ᠶᠠᠳᠠᠭᠤ ᠶᠢ ᠳᠡᠳᠬᠦᠬᠦ ᠵᠢᠱᠢᠶ᠎ᠡ ᠦᠵᠡᠬᠦᠯᠬᠦ ᠤᠷᠤᠨ ᠪᠤᠯᠭᠠᠨ᠎ᠠ᠃ ᠬᠦᠪᠡᠭᠡᠲᠤ ᠤᠯᠠᠭᠠᠨ ᠬᠤᠰᠢᠭᠤᠨ ᠤ ᠰᠦᠮ᠎ᠡ᠂ ᠠᠭᠤᠢ ᠶᠢᠨ ᠰᠦᠮ᠎ᠡ᠂ ᠡᠷᠲᠡᠨ ᠤ ᠤᠷᠲᠤ ᠴᠠᠭᠠᠨ ᠬᠡᠷᠡᠮ ᠵᠡᠷᠭᠡ ᠲᠡᠤᠬᠡ ᠶᠢᠨ ᠬᠦᠮᠦᠨ ᠰᠤᠶᠤᠯ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠤ᠂ ᠡᠯᠪᠡᠭ ᠪᠠᠶᠠᠯᠢᠭ ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠲᠦᠯᠦᠪᠵᠢᠬᠦᠯᠵᠤ᠂ ᠤᠬᠢ ᠵᠠᠮ ᠱᠤᠭᠤᠮ᠂ ᠡᠷᠬᠢᠨ ᠲᠤᠭᠤᠷᠢᠨ ᠤ ᠭᠠᠵᠠᠷ ᠤᠷᠤᠨ ᠤ ᠵᠢᠭᠤᠯᠴᠢᠯᠠᠯ ᠤᠨ ᠤᠶᠢᠯᠡᠰ ᠤᠨ ᠠᠭᠤᠰᠤᠯᠴᠠᠨ ᠬᠦᠭᠵᠢᠬᠦ ᠶᠢ ᠪᠡᠭᠡᠵᠢᠩ ᠲᠢᠶᠠᠨᠵᠢᠨ ᠳᠤ ᠬᠠᠨᠳᠤᠭᠤᠯᠤᠭᠰᠠᠨ ᠪᠦᠬᠦ ᠴᠠᠷᠠᠭᠠᠨ ᠤ ᠵᠢᠭᠤᠯᠴᠢᠯᠠᠯ ᠤᠨ ᠵᠤᠷᠢᠭᠰᠠᠨ ᠭᠠᠵᠠᠷ ᠪᠤᠯᠵᠠᠢ᠃ ᠢᠳᠡᠭᠡᠨ ᠤ ᠰᠤᠶᠤᠯ ᠤᠨ ᠨᠠᠶᠢᠷ ᠢ ᠰᠠᠶᠢᠳᠤᠷ ᠬᠢᠵᠤ᠂ ᠦᠨᠳᠦᠰᠦᠲᠡᠨ ᠤ ᠬᠤᠪᠴᠠᠰᠤ ᠬᠤᠨᠠᠷ᠂ ᠵᠠᠰᠠᠯ ᠤᠨ ᠦᠵᠡᠬᠦᠯᠦᠯᠬᠡ ᠶᠢᠨ ᠲᠤᠭᠯᠠᠯᠲᠠ ᠪᠤᠯᠤᠨ ᠲᠠᠯ᠎ᠠ ᠨᠤᠲᠤᠭ ᠤᠨ ᠬᠤᠷᠠᠯ ᠵᠡᠷᠭᠡ ᠠᠵᠢᠯᠯᠠᠭ᠎ᠠ ᠶᠢ ᠦᠷᠬᠦᠯᠵᠢᠯᠡᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠭᠠᠳᠠᠨᠠᠬᠢ ᠤᠷᠤᠨ ᠢ ᠨᠦᠯᠦᠬᠡᠯᠡᠬᠦ ᠬᠦᠴᠦᠨ ᠢ ᠳᠡᠭᠡᠭᠰᠢᠯᠡᠬᠦᠯᠬᠦ ᠬᠡᠷᠡᠭᠲᠠᠢ᠃ ᠤᠳᠤ ᠦᠶ᠎ᠡ ᠶᠢᠨ ᠡᠳ᠋ ᠪᠠᠷᠠᠭᠠᠨ ᠤ ᠬᠦᠢᠯᠬᠡᠬᠡᠨ ᠤ ᠤᠶᠢᠯᠡᠰ ᠢ ᠦᠷᠭᠡᠳᠭᠡᠨ ᠳᠡᠭᠡᠭᠰᠢᠯᠡᠬᠦᠯᠵᠤ᠂ ᠶᠡᠭᠡ ᠵᠠᠮ ᠢ ᠰᠠᠭᠠᠳ ᠦᠬᠡᠢ ᠨᠡᠪᠲᠡᠷᠡᠬᠦᠯᠵᠤ᠂ ᠭᠠᠳᠠᠭᠰᠢ ᠨᠡᠭᠡᠭᠡᠯᠲᠠ ᠬᠢᠬᠦ᠂ ᠬᠠᠮᠵᠢᠯᠴᠠᠨ ᠰᠠᠶᠢᠳᠤᠷ ᠬᠢᠵᠤ᠂ ᠵᠢᠨᠢᠩ ᠠᠴᠠ ᠡᠷᠢᠶᠡᠨ᠂ ᠵᠢᠨᠢᠩ ᠲᠦᠩᠯᠢᠶᠤᠤ ᠶᠢᠨ ᠲᠡᠮᠤᠷ ᠵᠠᠮ ᠤᠨ ᠴᠠᠬᠢᠯᠭᠠᠵᠢᠭᠤᠯᠤᠨ ᠦᠬᠡᠷᠡᠴᠢᠯᠡᠬᠦ ᠪᠠ ᠳᠦᠬᠦᠷᠡᠩ ᠬᠡᠮᠡᠨ ᠳᠠᠭᠤᠳᠠᠭᠴᠢ ᠶᠡᠭᠡ ᠵᠠᠮ ᠢ ᠦᠷᠡᠭᠡᠳᠭᠡᠨ ᠪᠠᠶᠢᠭᠤᠯᠵᠤ᠂ ᠳᠡᠰ ᠳᠡᠪᠰᠢᠬᠦᠯᠬᠦ᠂ ᠪᠠᠢ ᠶᠦᠩ ᠳᠡᠭᠡᠲᠤ ᠬᠤᠷᠳᠤᠴᠠᠲᠤ ᠠᠵᠢᠯ ᠰᠡᠷᠬᠦᠬᠡᠬᠦ ᠵᠡᠷᠬᠡ ᠠᠵᠢᠯ ᠢ ᠳᠡᠭᠡᠭᠰᠢᠯᠡᠬᠦᠯᠦᠨ᠎ᠡ᠃ ᠭᠠᠳᠠᠭᠠᠲᠤ ᠲᠠᠢ ᠴᠢᠯᠤᠭᠡᠲᠠᠢ ᠶᠠᠪᠤᠯᠴᠠᠬᠤ᠂ ᠭᠠᠳᠠᠭᠠᠲᠤ  ᠲᠠᠢ ᠬᠠᠮᠲᠤᠷᠠᠯᠴᠠᠬᠤ ᠵᠠᠮ ᠢ ᠡᠷᠢᠯᠬᠢᠯᠡᠵᠤ᠂ ᠡᠮᠤᠨᠡᠰᠢ ᠬᠤᠯᠪᠤᠭᠠᠯᠠᠵᠤ᠂ ᠤᠮᠠᠷᠠᠰᠢ ᠨᠡᠬᠡᠬᠡᠬᠦ᠂ ᠤᠯᠠᠨ ᠬᠡᠯᠪᠡᠷᠢ ᠶᠢᠨ ᠬᠤᠯᠪᠤᠭᠠᠯᠠᠭᠰᠠᠨ ᠳᠡᠭᠡᠭᠡᠪᠤᠷᠢ ᠳᠤ ᠡᠳ᠋ ᠪᠠᠷᠠᠭᠠᠨ ᠤ ᠬᠦᠢᠯᠬᠡᠬᠡᠨ ᠤ ᠤᠶᠢᠯᠡᠰ ᠤᠨ ᠬᠦᠭᠵᠢᠯᠲᠠ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠠᠢ᠃ ᠤᠯᠠᠭᠠᠨᠴᠠᠪ ᠪᠠᠶᠢᠭᠤᠯᠤᠯᠲᠠ ᠶᠢ ᠠᠰᠢᠭᠯᠠᠨ ᠡᠬᠡ ᠬᠠᠭᠤᠷᠠᠢ ᠶᠢᠨ ᠭᠠᠷᠠᠮ  ᠤᠨ ᠬᠡᠯᠪᠡᠷᠢ ᠶᠢᠨ ᠪᠠᠷᠠᠭᠠᠨ ᠤ ᠬᠦᠢᠯᠭᠡᠭᠡᠨ ᠤ ᠵᠠᠩᠭᠢᠯᠠᠭ᠎ᠠ ᠶᠢᠨ ᠠᠴᠢᠶᠠᠯᠠᠪᠤᠷᠢ ᠬᠤᠲᠠ᠂ ᠡᠷᠢᠶᠡᠨ ᠬᠤᠳᠠ ᠶᠢᠨ ᠨᠡᠬᠡᠬᠡᠨ ᠬᠦᠭᠵᠢᠬᠦᠯᠵᠤ ᠨᠡᠭᠡᠭᠡᠯᠲᠠ ᠬᠢᠬᠦ ᠳᠤᠷᠰᠢᠯᠲᠠ ᠶᠢᠨ ᠤᠷᠤᠨ ᠤ ᠠᠵᠠ ᠳᠤᠬᠢᠶᠠᠯ ᠢ ᠠᠮᠵᠢᠵᠤ᠂ ᠦᠬᠡᠷᠡᠴᠢᠯᠡᠨ ᠳᠡᠰ ᠳᠡᠪᠰᠢᠬᠦᠯᠬᠦ ᠶᠢ ᠪᠤᠩᠬᠤᠨ ᠨᠡᠬᠦᠷᠡᠰᠤᠨ ᠤ ᠪᠠᠷᠠᠭᠠᠨ ᠤ ᠬᠦᠢᠯᠭᠡᠭᠡᠨ ᠤ ᠬᠦᠷᠢᠶᠡᠯᠡᠩ ᠵᠦᠩ ᠬᠠᠨ᠂ ᠪᠠᠷᠠᠭᠠᠨ ᠤ ᠬᠦᠢᠯᠬᠡᠬᠡ ᠶᠢᠨ ᠲᠦᠷᠦᠯ ᠵᠤᠶᠢᠯ ᠢ ᠲᠦᠷᠭᠡᠳᠭᠡᠨ ᠠᠬᠢᠭᠤᠯᠵᠤ᠂ ᠨᠡᠬᠦᠷᠡᠰᠤ ᠶᠢᠨ ᠪᠠᠷᠠᠭᠠᠨ ᠤ ᠬᠦᠢᠯᠬᠡᠬᠡᠨ ᠤ ᠳᠦᠰᠢᠭ ᠲᠤᠯᠭᠠᠭᠤᠷᠢ ᠪᠤᠯᠭᠠᠨ ᠪᠠᠶᠢᠭᠤᠯᠤᠨ᠎ᠠ᠃ ᠬᠠᠮ ᠠᠵᠤ ᠤᠶᠢᠯᠡᠳᠪᠤᠷᠢ ᠶᠢᠨ ᠳᠦᠬᠦᠬᠡᠢ ᠮᠠᠲ᠋ᠧᠷᠢᠶᠠᠯ᠂ ᠪᠦᠲᠦᠬᠡᠭᠳᠡᠬᠦᠨ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠤ ᠵᠦᠬᠡᠬᠡᠪᠤᠷᠢ ᠵᠡᠷᠬᠡ ᠶᠢ ᠨᠢᠬᠡ ᠴᠤᠭᠴᠠᠵᠢᠭᠤᠯᠤᠭᠰᠠᠨ ᠴᠢᠬᠤᠯᠠ ᠡᠳ᠋ ᠪᠠᠷᠠᠭᠠᠨ ᠤ ᠬᠦᠢᠯᠬᠡᠬᠡ ᠶᠢᠨ ᠠᠭᠤᠯᠵᠠᠷ᠂ ᠵᠠᠮ ᠠᠵᠤ ᠠᠬᠤᠢ ᠶᠢᠨ ᠭᠠᠵᠠᠷ ᠪᠤᠯᠭᠠᠭᠰᠠᠨ᠂ ᠪᠡᠶ᠎ᠡ ᠰᠤᠪᠢᠯᠠᠬᠤ᠂ ᠨᠠᠰᠤᠵᠢᠯ ᠤᠨ ᠠᠰᠠᠷᠠᠮᠵᠢ ᠵᠡᠷᠭᠡ ᠠᠮᠢᠳᠤᠷᠠᠯ ᠤᠨ ᠴᠢᠨᠠᠷ ᠢ ᠶᠡᠬᠡᠪᠡᠷ ᠬᠦᠭᠵᠢᠬᠦᠯᠵᠤ᠂ ᠤᠶᠢᠯᠡᠴᠢᠯᠡᠭᠡᠨ ᠤ ᠤᠶᠢᠯᠡᠰ ᠢ ᠳᠡᠮᠵᠢᠵᠤ᠂ ᠵᠠᠬᠢᠶᠠᠯᠠᠭ᠎ᠠ ᠶᠢᠨ ᠬᠤᠭᠤᠯᠠ᠂ ᠲᠦᠷᠬᠡᠨ ᠬᠦᠷᠭᠡᠯᠲᠡ ᠵᠡᠷᠭᠡ ᠰᠢᠨ᠎ᠡ ᠬᠡᠯᠪᠡᠷᠢ ᠶᠢᠨ ᠤᠶᠢᠯᠡᠴᠢᠯᠡᠭᠡᠨ ᠤ ᠤᠶᠢᠯᠡᠰ ᠢ ᠡᠷᠡᠬᠦᠯ ᠢᠶᠠᠷ ᠬᠦᠭᠵᠢᠬᠦᠯᠬᠦ ᠬᠡᠷᠡᠭᠲᠠᠢ᠃  ︵ᠲᠠᠪᠤ︶ ᠬᠦᠭᠵᠢᠯᠲᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠤ᠂ ᠬᠤᠰᠢᠭᠤ ᠤᠷᠤᠨ ᠤ ᠪᠦᠬᠦ ᠲᠠᠯ᠎ᠠ  ᠶᠢᠨ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠬᠦᠭᠵᠢᠬᠡᠨ᠎ᠡ    ᠬᠤᠰᠢᠭᠤ ᠤᠷᠤᠨ ᠢ ᠦᠷᠬᠦᠯᠵᠢᠯᠡᠨ ᠰᠢᠯᠢᠳᠡᠭᠵᠢᠬᠦᠯᠵᠤ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠬᠦᠴᠦᠯᠡᠨ ᠳᠡᠮᠵᠢᠵᠤ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠠ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠬᠦᠭᠵᠢᠯᠲᠠ ᠶᠢᠨ ᠰᠡᠯᠬᠦᠬᠦ ᠬᠦᠴᠦᠨ ᠢ ᠴᠢᠩᠭᠠᠷᠠᠭᠤᠯᠬᠤ᠃    ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ᠂ ︽ᠲᠤᠳᠤᠨᠤᠴᠢᠯᠠᠬᠤ᠂ ᠳᠤᠰᠠᠯᠠᠬᠤ ᠠᠵᠤ ᠠᠬᠤᠶᠢᠯᠠᠯ ᠢ ᠳᠡᠭᠡᠭᠰᠢᠯᠡᠬᠦᠯᠬᠦ ᠵᠢᠯ︾ ᠯᠠᠪᠳᠠᠭᠤᠨ ᠪᠠᠲᠤᠲᠠᠢ ᠳᠦᠯᠬᠢᠨ ᠠᠬᠢᠭᠤᠯᠵᠤ᠂ ᠤᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠭᠵᠢᠯᠲᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠬᠡᠷᠡᠭᠲᠠᠢ᠃ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠤᠩᠭᠡᠢ ᠱᠦᠵᠢ ᠰᠢ ᠶᠢᠨ ᠫᠢᠩ ᠪᠦᠬᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ᠂ ᠰᠠᠶᠢᠳᠤᠷ ᠨᠠᠶᠢᠳᠠᠪᠤᠷᠢᠵᠢᠭᠤᠯᠵᠤ᠂ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠠ ᠶᠢ ᠳᠡᠮᠵᠢᠬᠦ ᠡᠯ᠎ᠡ ᠵᠤᠶᠢᠯ ᠤᠨ ᠠᠷᠭ᠎ᠠ ᠬᠡᠮᠵᠢᠶ᠎ᠡ᠂ ᠠᠷᠠᠳ ᠤᠨ ᠡᠵᠩᠨᠡᠯᠲᠠ ᠶᠢᠨ ᠠᠵᠤ ᠠᠬᠤᠶᠢᠯᠠᠯ ᠬᠦᠭᠵᠢᠬᠦᠯᠤᠨ ᠪᠤᠵᠠᠭᠠᠶᠢᠷᠠᠭᠤᠯᠬᠤ ᠬᠡᠷᠡᠭᠲᠠᠢ᠃ ᠬᠠᠮᠲᠤᠷᠠᠯᠴᠠᠭᠠᠨ ᠤ ᠳᠡᠪᠴᠡᠩ ᠢ ᠢᠳᠡᠪᠬᠢᠲᠠᠢ ᠪᠠᠶᠢᠭᠤᠯᠵᠤ᠂ ᠪᠠᠩᠭᠢ ᠠᠵᠤ ᠠᠬᠤᠶᠢᠯᠠᠯ᠂ ᠵᠠᠬ᠎ᠠ ᠳᠡᠯᠭᠡᠬᠦᠷᠴᠢᠯᠡᠨ ᠠᠵᠢᠯᠯᠠᠭᠤᠯᠬᠤ ᠪᠡᠯᠡ ᠳᠤᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠤ᠂ ᠰᠢᠭᠤᠳ ᠪᠡᠯᠡ ᠳᠤᠬᠢᠷᠠᠭᠤᠯᠬᠤ ᠠᠷᠭ᠎ᠠ ᠵᠠᠮ ᠢ ᠦᠷᠭᠡᠳᠭᠡᠨ᠎ᠡ᠃ ︽ᠳᠠᠭᠠᠭᠠᠯᠲᠠ ᠳᠤ ᠳᠤᠰᠠᠯᠠᠬᠤ ᠵᠢᠬᠡᠯᠡᠯᠭᠡ︾ ᠳᠡᠪᠴᠡᠩ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠳᠤᠬᠢᠷᠠᠭᠤᠯᠬᠤ ᠳᠤ ᠬᠦᠴᠢᠷᠲᠠᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠤᠷᠢᠯᠡᠬᠦ ᠬᠡᠷᠡᠭᠲᠠᠢ᠃ ᠪᠦᠬᠦ ᠲᠠᠯ᠎ᠠ  ᠪᠠᠷ ᠳᠦᠯᠬᠢᠨ ᠠᠬᠢᠭᠤᠯᠵᠤ᠂ ︽ᠨᠢᠬᠡ ᠠᠵᠤ ᠠᠬᠤᠶᠢᠯᠠᠯ᠂ ᠪᠠᠭ᠎ᠠ ᠠᠴᠠ ᠳᠡᠪᠰᠢᠭᠰᠡᠨ ᠠᠵᠤ ᠠᠬᠤᠶᠢᠯᠠᠯ ᠪᠤᠯᠵᠤ︾᠂ ᠺᠠᠯᠢ ᠪᠤᠷᠳᠤᠭᠤᠷ ᠤᠨ ᠪᠤᠶᠢᠵᠢᠭᠤᠯᠤᠨ᠂ ᠬᠦᠢᠯᠬᠡᠬᠡᠨ ᠤ ᠭᠤᠪᠢᠭᠤᠯᠭ᠎ᠠ᠂ ᠰᠢᠨ ᠶᠤᠸᠠᠨ ᠪᠠᠯ ᠴᠢᠯᠠᠭᠤᠨ ᠠᠯᠺᠧᠨ ᠵᠡᠷᠬᠡ ᠠᠵᠤ ᠠᠬᠤᠶᠢᠯᠠᠯ ᠤᠨ ᠲᠤᠭᠲᠠᠭᠠᠯ ᠳᠤ ᠤᠷᠤᠭᠤᠯᠬᠤ ᠬᠡᠷᠡᠭᠲᠠᠢ᠃ ᠵᠠᠰᠠᠭ ᠤᠨ ᠤᠷᠳᠤᠨ ᠤ ᠡᠬᠦᠷᠬᠡ ᠴᠢᠳᠠᠪᠤᠷᠢ ᠶᠢ ᠦᠨᠡᠨ ᠬᠦ ᠬᠤᠪᠢᠷᠠᠭᠤᠯᠵᠤ᠂ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠦᠬᠡᠷᠡᠴᠢᠯᠡᠯᠲᠠ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠪᠦᠬᠦᠢ ᠳᠢᠩᠭᠢᠮ ᠤᠨ ᠴᠢᠳᠠᠮᠵᠢ ᠶᠢ ᠲᠡᠬᠦᠯᠳᠡᠷᠵᠢᠬᠦᠯᠵᠤ᠂ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ︽ᠨᠢᠬᠡ ᠰᠦᠯᠵᠢᠶ᠎ᠡ ᠪᠠᠷ ᠰᠢᠢᠳᠪᠤᠷᠢᠯᠡᠬᠦ︾᠂ ︽ᠨᠢᠬᠡ ᠯᠡ ᠡᠬᠦᠳᠡ ᠪᠠᠷ ᠣᠷᠣᠬᠤ︾᠂ ᠬᠢᠨᠠᠨ ᠵᠦᠪᠰᠢᠶᠡᠷᠡᠬᠦ ᠴᠠᠭ ᠢ ᠶᠡᠭᠡ ᠪᠠᠷ ᠪᠠᠭᠠᠰᠬᠠᠵᠤ᠂ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠲᠤᠭᠲᠠᠴᠠ ᠶᠢ ᠦᠬᠡᠷᠡᠴᠢᠯᠡᠯᠲᠠ ᠬᠢᠵᠤ᠂ ᠬᠦᠷᠢᠶᠡᠯᠡᠩ ᠲᠤᠭᠤᠷᠢᠭ ᠤᠨ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠬᠦᠭᠵᠢᠬᠡᠵᠤ᠂ ︽ᠳᠤᠲᠤᠨᠤ︾᠂ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠠᠷᠢᠴᠠᠭ᠎ᠠ  ᠶᠢ ᠠᠵᠤ ᠠᠬᠤᠶᠢᠯᠠᠯᠲᠠᠨ ᠤ ᠬᠤᠪᠢ ᠪᠡᠶ᠎ᠡ ᠶᠢᠨ ᠠᠮᠤᠷ ᠳᠦᠪᠰᠢᠨ ᠪᠠ ᠡᠳ᠋ ᠬᠦᠷᠦᠩᠭᠡ ᠶᠢᠨ ᠠᠮᠤᠷ ᠳᠦᠪᠰᠢᠨ ᠢ ᠬᠠᠮᠠᠭᠠᠯᠠᠬᠤ᠂ ᠠᠵᠤ ᠠᠬᠤᠶᠢᠯᠠᠯᠲᠠᠨ ᠨᠢᠬᠡ ᠰᠡᠳᠬᠢᠯ ᠢᠶᠠᠷ ᠠᠳᠠᠯ ᠤᠶᠢᠯᠡᠰ ᠴᠤᠭᠴᠠᠯᠠᠬᠤ᠂ ᠰᠡᠳᠬᠢᠯ ᠳᠠᠶᠢᠪᠤᠭᠤ ᠪᠡᠯᠡ ᠤᠷᠤᠭᠤᠯᠤᠯᠲᠠ᠂ ᠰᠠᠨᠠᠭ᠎ᠠ ᠠᠮᠤᠷ ᠡᠵᠡᠩᠨᠡᠯᠲᠠ ᠬᠢᠯᠬᠡᠵᠤ ᠪᠠᠶᠢᠨ᠎ᠠ᠃    ᠬᠤᠳᠠᠯᠳᠤᠭᠠᠴᠢᠨ ᠤᠷᠢᠬᠤ ᠡᠷᠴᠢᠮ ᠢ ᠴᠢᠩᠭᠠᠳᠬᠠᠵᠤ᠂ ᠪᠡᠬᠡᠵᠢᠩ ᠦᠪᠤᠷ ᠮᠤᠩᠭᠤᠯ ᠤᠨ ᠠᠵᠢᠯ ᠲᠦᠷᠦᠯ  ᠢᠶᠠᠷ ᠢᠶᠠᠨ ᠬᠠᠪᠰᠤᠷᠤᠨ ᠳᠡᠳᠬᠦᠬᠦ ᠪᠠ ᠤᠷᠤᠨ ᠪᠦᠰᠡ ᠶᠢᠨ ᠬᠠᠮᠳᠤᠷᠠᠯᠴᠠᠭ᠎ᠠ ᠳᠤ᠂ ᠪᠡᠬᠡᠵᠢᠩ ᠳᠢᠶᠡᠨᠵᠢᠨ ᠾᠧᠪᠸᠢ᠂ ᠬᠠᠮᠲᠤᠷᠠᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠶᠢ ᠳᠦᠷᠭᠡᠳᠭᠡᠵᠤ᠂ ᠳᠤᠮᠳᠠᠲᠤ᠂ ᠤᠷᠤᠰ᠂ ᠮᠤᠩᠭᠤᠯ ᠤᠨ ᠠᠵᠤ ᠠᠬᠤᠢ ᠶᠢᠨ ᠬᠤᠩᠭᠢᠯ ᠤᠨ ᠪᠦᠲᠦᠬᠡᠨ ᠪᠠᠶᠢᠭᠤᠯᠤᠯᠲᠠ᠂ ᠰᠠᠨᠠᠭᠠᠴᠢᠯᠠᠭ᠎ᠠ ᠠᠴᠠ ᠪᠠᠨ ᠵᠢᠭᠤᠯᠴᠢᠯᠠᠯ ᠤᠨ ᠰᠠᠶᠢᠳ ᠤᠨ ᠬᠤᠷᠠᠯ᠂ ᠳᠤᠮᠳᠠᠲᠤ᠂ ᠮᠤᠩᠭᠤᠯ ᠤᠨ ᠦᠵᠡᠰᠬᠦᠯᠡᠩ ᠵᠡᠷᠭᠡ ᠪᠦᠬᠦ ᠤᠷᠤᠨ᠂ ᠪᠦᠬᠦ ᠬᠤᠲᠠ ᠶᠢᠨ ᠲᠤᠮᠤ ᠬᠡᠯᠪᠡᠷᠢ ᠶᠢᠨ ᠠᠵᠤ ᠠᠬᠤᠢ ᠠᠷᠠᠯᠵᠢᠶᠠᠴᠢᠨ ᠤ ᠰᠤᠯᠢᠯᠴᠠᠭ᠎ᠠ ᠬᠢᠬᠦ ᠠᠵᠢᠯᠯᠠᠭ᠎ᠠ᠂ ᠲᠦᠷᠤ ᠶᠢᠨ ᠪᠤᠳᠤᠯᠭ᠎ᠠ᠂ ᠰᠤᠷᠪᠤᠯᠵᠢ᠂ ᠬᠦᠮᠦᠨ ᠬᠠᠷᠢᠴᠠᠭ᠎ᠠ ᠶᠢ ᠶᠡᠷᠤᠩᠭᠡᠶᠢᠯᠡᠭᠰᠡᠨ ᠳᠠᠪᠠᠭᠤᠯᠢᠭ ᠢ ᠳᠡᠮᠵᠢᠵᠤ᠂ ᠳᠤᠬᠠᠢ ᠶᠢᠨ ᠭᠠᠵᠠᠷ ᠤᠨ ᠠᠵᠤ ᠠᠬᠤᠶᠢᠯᠠᠯ ᠪᠠ ᠭᠠᠳᠠᠭᠠᠲᠤ ᠳᠤ ᠠᠮᠵᠢᠯᠲᠠ ᠪᠦᠲᠦᠮᠵᠢᠲᠠᠢ ᠵᠠᠷᠢᠮ ᠬᠤᠯᠪᠤᠭᠠᠰᠤ ᠬᠦᠬᠦᠷᠬᠡ ᠪᠠᠶᠢᠭᠤᠯᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠤᠨᠴᠠᠭᠠᠶᠢᠯᠠᠨ ᠳᠡᠭᠡᠳᠤ ᠳᠡᠰ ᠤᠨ ᠬᠢᠮᠢ ᠶᠢᠨ ᠠᠵᠤ ᠤᠶᠢᠯᠡᠳᠪᠤᠷᠢ᠂ ᠪᠡᠯ ᠴᠢᠯᠠᠭᠤ ᠶᠢᠨ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠢ ᠨᠠᠷᠢᠯᠢᠭ ᠪᠤᠯᠪᠠᠰᠤᠷᠠᠭᠤᠯᠵᠤ᠂ ᠰᠤᠶᠤᠯ ᠤᠨ ᠵᠤᠭᠠᠴᠠᠯ᠂ ᠰᠢᠨ᠎ᠡ ᠪᠠᠷ ᠬᠦᠭᠵᠢᠭᠰᠡᠨ ᠤᠶᠢᠯᠡᠴᠢᠯᠡᠭᠡᠨ ᠤ ᠣᠶᠢᠯᠡᠰ᠂ ᠤᠯᠠᠨ ᠲᠠᠯ᠎ᠠ ᠪᠠᠷ ᠭᠠᠷᠤᠯ᠎ᠠ᠂ ᠨᠠᠷᠢᠯᠢᠭ ᠤᠨᠤᠪᠴᠢᠲᠠᠢ ᠪᠠᠷ ᠬᠤᠳᠠᠯᠳᠤᠭᠠᠴᠢᠨ ᠤᠷᠢᠪᠠᠯ᠂ ᠲᠤᠭᠲᠠᠮᠠᠯ ᠬᠤᠭᠤᠴᠠᠭ᠎ᠠ ᠲᠠᠢ ᠡᠷᠬᠢᠯᠡᠬᠦ ᠠᠷᠠᠯᠵᠢᠶᠠᠴᠢᠨ ᠤᠷᠢᠬᠤ ᠲᠠᠨᠢᠯᠴᠠᠭᠤᠯᠬᠤ ᠪᠠ ᠲᠦᠷᠦᠯ ᠵᠤᠶᠢᠯ ᠢ ᠲᠦᠪᠯᠡᠷᠡᠬᠦᠯᠦᠨ ᠬᠡᠷ᠎ᠡ ᠲᠤᠭᠳᠠᠭᠰᠠᠨ᠂ ᠠᠵᠢᠯ ᠡᠬᠢᠯᠡᠬᠦᠯᠬᠦ ᠵᠡᠷᠭᠡ ᠠᠵᠢᠯᠯᠠᠭ᠎ᠠ᠂ ᠪᠦᠬᠦ ᠲᠠᠯ᠎ᠠ ᠪᠠᠷ ᠠᠷᠠᠯᠵᠢᠶᠠᠴᠢᠨ ᠤᠷᠢᠬᠤ᠂ ᠪᠦᠬᠦ ᠴᠠᠷᠠᠭᠠᠨ ᠤ ᠬᠤᠳᠠᠯᠳᠤᠭᠠᠴᠢᠨ ᠤᠷᠢᠬᠤ ᠪᠠᠶᠢᠷᠢᠰᠢᠯ ᠢ ᠪᠤᠢ ᠪᠤᠯᠭᠠᠬᠤ ᠬᠡᠷᠡᠭᠲᠠᠢ᠃ᠡᠯᠧᠮᠧᠨ᠋ᠲ ᠶᠢᠨ ᠪᠠᠳᠣᠯᠠᠭ᠎ᠠ ᠶᠢ ᠴᠢᠩᠭᠠᠷᠠᠭᠤᠯᠬᠤ ᠳᠡᠭᠡᠳᠦ ᠱᠠᠳᠣᠨ ᠤ ᠪᠡᠯᠡ ᠣᠷᠣᠭᠤᠯᠣᠯᠲᠠ ᠶᠢᠨ ᠲᠦᠷᠦ ᠶᠢᠨ ᠪᠣᠳᠣᠯᠭ᠎ᠠ ᠶᠢ ᠨᠠᠷᠢᠯᠢᠭ ᠵᠣᠬᠢᠴᠠᠯᠳᠣᠭᠤᠯᠵᠤ᠂ ᠳᠦᠰᠣᠪ ᠤᠨ ᠪᠡᠯᠡᠳᠭᠡᠯ ᠪᠠ ᠠᠵᠢᠯ ᠤᠨ ᠡᠮᠣᠨᠡᠬᠢ ᠪᠡᠯᠡᠳᠭᠡᠯ ᠢ ᠰᠠᠶᠢᠨ ᠬᠢᠵᠤ᠂ ᠳᠦᠰᠦᠪ ᠤᠨ ᠪᠡᠯᠡ ᠣᠷᠣᠭᠤᠯᠣᠯᠲᠠ ᠢ ᠲᠡᠮᠡᠴᠡᠨ  ᠣᠯᠬᠤ ᠬᠡᠷᠡᠭᠲᠡᠢ᠃ ᠨᠡᠶᠢᠬᠡᠮ ᠤᠨ ᠪᠡᠯᠡ ᠣᠷᠣᠭᠤᠯᠣᠯᠲᠡ ᠨᠢ ᠲᠣᠭᠤᠷᠢᠭ ᠤᠨ ᠦᠨᠳᠣᠰᠣᠨ‌‍ᠪᠦ᠋ᠲᠦᠭᠡᠨ  ᠪᠠᠶᠢᠭᠤᠯᠣᠯᠲᠡ ᠲᠠᠢ ᠬᠠᠮᠳᠣᠷᠠᠯᠴᠠᠬᠤ ᠶᠢ ᠳᠠᠶᠢᠴᠢᠯᠡᠵᠤ᠂ ᠺᠣᠮᠫᠠᠨᠢ ᠶᠢᠨ ᠵᠠᠯᠭᠠᠨ ᠬᠠᠮᠢᠶᠠᠷᠬᠤ  ᠶᠢ ᠳᠦᠯᠬᠢᠨ ᠠᠬᠢᠭᠤᠯᠵᠤ ᠪᠣᠵᠡᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ ᠦᠨᠳᠦᠰᠦᠨ ᠳᠦᠬᠦᠭᠡᠷᠦᠮᠵᠢ ᠪᠠ ᠣᠯᠡᠨ ᠨᠡᠶᠢᠳᠡ ᠶᠢᠨ ᠦᠢᠯᠡᠴᠢᠯᠡᠭᠡᠨ ᠢ ᠬᠠᠮᠳᠣᠪᠡᠷ ᠬᠤᠪᠢᠶᠠᠯᠴᠠᠬᠤ ᠶᠢ ᠠᠬᠢᠭᠤᠯᠣᠨ᠎ᠠ᠃ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠦᠢᠯᠡᠳᠪᠦᠷᠢ ᠶᠢᠨ ᠲᠣᠭᠤᠷᠢᠭ᠂ ᠪᠣᠵᠡᠷ ᠣᠰᠣᠨ ᠤ ᠦᠢᠯᠡᠳᠪᠦᠷᠢ᠂ ᠭᠠᠯ ᠣᠨᠳᠠᠷᠭᠠᠬᠤ ᠦᠷᠳᠡᠭᠡ ᠪᠠ ᠰᠢᠭᠠᠷᠣ ᠶᠢᠨ ᠲᠠᠯᠠᠪᠡᠢ ᠵᠡᠷᠭᠡ ᠶᠢᠨ ᠳᠦᠰᠦᠪ ᠢ ᠦᠢᠯᠡᠳᠦᠯᠭᠡᠵᠢᠭᠦᠯᠦᠨ᠎ᠡ᠃ ᠵᠢᠨᠢᠩ  ᠠᠴᠠ ᠬᠤᠶᠢᠳᠦ ᠬᠤᠰᠢᠭᠤ ᠬᠦᠷᠬᠦ ᠳᠣᠮᠳᠡᠬᠢ ᠣᠰᠣ ᠶᠢ ᠡᠬᠡᠭᠦᠯᠦᠨ ᠬᠡᠷᠡᠭᠯᠡᠬᠦ ᠬᠤᠭᠤᠯᠡᠢ ᠶᠢᠨ ᠲᠣᠣᠷ ᠢ ᠲᠡᠭᠦᠯᠳᠡᠷᠵᠢᠭᠦᠯᠵᠤ᠂ ᠦᠪᠡᠷᠳᠡᠭᠡᠨ ᠵᠠᠰᠡᠬᠤ ᠣᠷᠣᠨ ᠤ ᠳᠡᠰ ᠤᠨ ᠲᠣᠭᠤᠷᠢᠭ ᠪᠣᠯᠭᠠᠨ᠎ᠡ᠃ ᠲᠡᠮᠦᠷᠲᠡᠢ ᠲᠣᠭᠤᠷᠢᠭ  ᠤᠨ ᠪᠣᠵᠡᠷ ᠣᠰᠣᠨ ᠤ ᠦᠢᠯᠡᠳᠪᠦᠷᠢ ᠶᠢᠨ ᠦᠭᠡᠷᠡᠴᠢᠯᠡᠯᠲᠡ ᠶᠢᠨ ᠬᠤᠷᠳᠣᠴᠠ ᠶᠢ ᠳᠦᠯᠬᠢᠨ ᠠᠬᠢᠭᠤᠯᠵᠤ᠂ ᠰᠢ ᠸᠠᠩ ᠵᠣ᠋ ᠤᠨ 500kmᠴᠠᠬᠢᠯᠭᠠᠨ ᠬᠤᠪᠢᠰᠭᠠᠭᠤᠷ ᠤᠨ ᠪᠦᠳᠦᠬᠡᠨ ᠪᠠᠶᠢᠭᠤᠯᠣᠯᠲᠠ ᠶᠢᠨ ᠬᠤᠷᠳᠣᠴᠠ ᠶᠢ ᠲᠦᠷᠬᠡᠳᠭᠡᠨ᠎ᠡ᠃  ᠭᠤᠣ ᠮᠣᠣ220km᠂ ᠢᠦᠢ ᠱᠠᠨ110km ᠤᠨ ᠴᠠᠬᠢᠯᠭᠠᠨᠬᠤᠪᠢᠰᠭᠠᠭᠤᠷ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠭᠤᠷᠪᠠᠳᠣᠭᠠᠷ ᠣᠳᠠᠭᠠᠨ ᠤ ᠪᠦᠬᠦ ᠣᠯᠣᠰ ᠤᠨ ᠣᠯᠣᠰ  ᠤᠨ ᠭᠠᠵᠡᠷ ᠰᠢᠷᠤᠢ ᠶᠢᠨ ᠪᠠᠶᠢᠴᠠᠭᠠᠯᠲᠡ ᠶᠢ ᠬᠦᠨᠵᠡᠬᠡᠢ ᠬᠦᠭᠵᠢᠭᠦᠯᠵᠤ᠂ ᠬᠤᠲᠡ ᠪᠠᠯᠭᠠᠰᠣ ᠶᠢᠨ ᠡᠯ᠎ᠡ ᠲᠦᠷᠦᠯ ᠤᠨ ᠬᠡᠷᠡᠭᠯᠡᠬᠦ ᠭᠠᠵᠡᠷ ᠪᠠ ᠬᠠᠷᠢᠶᠠᠯᠠᠭᠳᠠᠬᠤ ᠡᠷᠬᠡ ᠶᠢ ᠳᠣᠬᠢᠷᠠᠮᠵᠢᠲᠡᠢ ᠢᠯᠭᠠᠨ ᠳᠣᠭᠳᠠᠭᠠᠨ᠎ᠠ᠂ ᠬᠡᠷᠡᠭᠯᠡᠬᠦ ᠭᠠᠵᠡᠷ ᠢ ᠠᠷᠢᠯᠭᠠᠨ ᠳᠣᠳᠣᠮᠳᠠᠵᠣ᠂ ᠴᠢᠬᠤᠯᠠ ᠲᠣᠮᠣ ᠳᠦᠰᠦᠪ ᠪᠠ ᠠᠷᠡᠳ ᠤᠨ ᠠᠮᠢᠳᠣᠷᠡᠯ ᠤᠨ ᠢᠨᠵᠧᠨᠧᠷᠢᠩ ᠤᠨ ᠱᠠᠭᠠᠷᠳᠡᠯᠭ᠎ᠠ ᠶᠢ ᠪᠠᠳᠣᠯᠠᠨ᠎ᠡ᠃ ᠲᠣᠰ ᠭᠠᠵᠡᠷ ᠲᠤ ᠨᠢ ᠠᠵᠢᠯᠯᠠᠬᠤ ᠪᠠ ᠳᠣᠭᠳᠠᠮᠡᠯ ᠬᠤᠭᠤᠴᠠᠭ᠎ᠠ ᠲᠠᠢ ᠳᠣᠬᠢᠷᠠᠭᠤᠯᠬᠤ ᠪᠠᠷ ᠳᠠᠮᠵᠢᠨ ᠺᠣᠮᠫᠠᠨᠢ ᠶᠢᠨ ᠪᠡᠯᠡ ᠮᠦᠩᠭᠦ ᠪᠠ ᠠᠵᠢᠯᠴᠢᠨ ᠬᠡᠷᠡᠭᠯᠡᠬᠦ ᠵᠡᠷᠭᠡ ᠬᠦᠴᠢᠷᠲᠡᠢ ᠠᠰᠠᠭᠤᠳᠡᠯ  ᠢ ᠪᠣᠳᠠᠳᠡᠢ ᠪᠠᠷ  ᠰᠢᠢᠳᠪᠦᠷᠢᠯᠡᠨ᠎ᠡ᠃  ︵ᠵᠢᠷᠭᠤᠭ᠎ᠠ︶  ᠦᠨᠳᠣᠰᠣᠨ ᠴᠢᠳᠡᠪᠬᠢ ᠶᠢ ᠰᠠᠶᠢᠵᠢᠷᠠᠭᠤᠯᠵᠤ᠂ ᠬᠤᠳᠡ ᠪᠠᠯᠭᠠᠰᠣ ᠶᠢᠨ ᠪᠦᠳᠦᠭᠡᠨ ᠪᠠᠶᠢᠭᠤᠯᠣᠯᠲᠡ ᠶᠢᠨ ᠬᠠᠮᠢᠶᠠᠷᠣᠯᠲᠡ ᠶᠢᠨ ᠳᠦᠪᠰᠢᠨ ᠢ ᠳᠡᠭᠡᠭᠰᠢᠯᠡᠭᠦᠯᠦᠨ᠎ᠡ    ︽ᠲᠠᠪᠣᠨ ᠬᠤᠲᠡ ᠨᠢᠬᠡ ᠬᠤᠰᠢᠭᠤᠴᠢ︾ ᠶᠢ ᠪᠠᠶᠢᠭᠤᠯᠬᠤ ᠬᠤᠯᠪᠣᠭᠠᠨ ᠤ ᠪᠦᠲᠦᠭᠡᠨ ᠪᠠᠶᠢᠭᠤᠯᠣᠯᠲᠡ ᠶᠢ ᠬᠦᠨᠵᠡᠬᠡᠢ ᠳᠦᠯᠬᠢᠨ ᠠᠬᠢᠭᠤᠯᠵᠤ᠂ ᠣᠷᠣᠨ ᠵᠡᠢ ᠶᠢᠨ ᠪᠠᠶᠢᠷᠢᠯᠠᠭᠤᠯᠣᠯᠲᠡ ᠶᠢ ᠰᠢᠯᠢᠳᠡᠭᠵᠢᠭᠦᠯᠵᠤ᠂ ᠴᠢᠳᠡᠮᠵᠢ ᠶᠢᠨ ᠪᠦᠷᠢᠯᠳᠦᠬᠦᠨ ᠢ ᠰᠠᠶᠢᠵᠢᠷᠠᠭᠤᠯᠵᠤ᠂ ᠠᠮᠢᠳᠣᠷᠠᠬᠤ ᠳᠤ ᠳᠣᠬᠢᠲᠡᠢ  ᠠᠵᠢᠯᠯᠠᠬᠤ ᠳᠤ ᠳᠦᠭᠦᠮ᠂ ᠵᠣᠭᠠᠴᠠᠬᠤ ᠳᠤ  ᠲᠠᠭᠠᠲᠡᠢ ᠭᠤᠶᠣ ᠬᠤᠳᠡ ᠶᠢ ᠪᠠᠶᠢᠭᠤᠯᠣᠨ᠎ᠠ᠃ ᠬᠤᠲᠡ ᠪᠠᠯᠭᠠᠰᠣ ᠶᠢᠨ ᠴᠢᠨᠡᠷ ᠴᠢᠨᠰᠠᠭ᠎ᠠ ᠶᠢ ᠳᠡᠭᠡᠭᠰᠢᠯᠡᠭᠦᠯᠬᠦ ᠴᠢᠳᠠᠮᠵᠢ ᠶᠢᠨ ᠴᠢᠨᠡᠷ ᠪᠠ ᠭᠤᠸ᠎ᠠ ᠰᠠᠶᠢᠬᠠᠨ ᠤ ᠬᠡᠮᠵᠢᠶ᠎ᠡ ᠶᠢ ᠣᠶᠠᠯᠳᠣᠭᠤᠯᠬᠤ ᠶᠢ ᠪᠠᠳᠣᠯᠠᠵᠤ᠂ ᠨᠢᠭᠡ ᠬᠠᠭᠤᠳᠠᠰᠦ ᠵᠢᠷᠤᠭ ᠲᠦᠯᠦᠪᠯᠡᠭᠡ ᠶᠢᠨ ᠠᠵᠢᠯ ᠢ ᠳᠠᠭᠤᠰᠬᠠᠨ᠂ ᠬᠤᠳᠡ ᠪᠠᠯᠭᠠᠰᠦ ᠶᠢᠨ ᠵᠣᠬᠢᠶᠠᠨ ᠪᠠᠶᠢᠭᠤᠯᠣᠯᠲᠡ᠂ ᠲᠦᠯᠦᠪᠯᠡᠭᠡ  ᠶᠢᠨ ᠲᠦᠪ ᠭᠤᠣᠯᠴᠢ ᠴᠢᠨᠡᠷ ᠰᠦᠷ ᠬᠦᠴᠦᠳᠦ ᠴᠢᠨᠡᠷ ᠢ ᠬᠠᠮᠠᠭᠠᠯᠠᠬᠤ ᠬᠡᠷᠡᠭᠲᠡᠢ᠃ ᠲᠦᠪ ᠤᠨ ᠬᠤᠳᠡ ᠪᠠᠯᠭᠠᠰᠣ ᠰᠣᠶᠣᠯ ᠤᠨ ᠣᠯᠡᠮᠵᠢᠯᠡᠯ ᠪᠠ ᠠᠵᠣ ᠠᠬᠤᠢ ᠶᠢᠨ ᠪᠣᠯᠪᠠᠰᠣᠨ ᠤ ᠵᠣᠬᠢᠶᠠᠨ ᠪᠠᠶᠢᠭᠤᠯᠣᠯᠲᠡ ᠶᠢ ᠴᠢᠬᠤᠯᠠᠴᠢᠯᠠᠵᠤ᠂ ᠰᠢᠨ᠎ᠡ ᠪᠠᠷ ᠪᠠᠶᠢᠭᠤᠯᠣᠭᠰᠡᠨ ᠲᠣᠭᠤᠷᠢᠭ ᠨᠢ ᠡᠵᠡᠯᠡᠭᠦᠨ ᠤ ᠨᠣᠷᠮ᠎ᠠ ᠪᠠᠨ ᠳᠣᠬᠢᠷᠠᠮᠵᠢᠲᠡᠢ ᠳᠣᠭᠳᠠᠭᠠᠬᠤ᠂ ᠬᠠᠭᠤᠴᠢᠨ ᠲᠣᠭᠤᠷᠢᠭ ᠤᠨ ᠶᠡᠷᠣᠩᠬᠡᠶᠢᠯᠡᠨ ᠵᠠᠰᠡᠯᠲᠡ ᠪᠠ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠳᠦᠯᠬᠢᠨ ᠠᠬᠢᠭᠤᠯᠵᠤ᠂ ᠬᠦᠮᠦᠨ ᠨᠡᠶᠢᠭᠡᠮ ᠤᠨ ᠬᠠᠯᠡᠮᠵᠢᠯᠡᠯ ᠢ ᠢᠯᠡᠷᠡᠭᠦᠯᠵᠤ᠂ ᠠᠮᠢ ᠠᠬᠤᠢ ᠶᠢᠨ ᠣᠷᠣᠨ ᠵᠡᠢ ᠶᠢ ᠦᠯᠡᠳᠡᠬᠡᠵᠤ᠂ ᠣᠯᠡᠨ‌‍ᠲ᠋ᠦ᠋ᠮᠡᠨ ᠤ ᠠᠮᠢᠳᠣᠷᠡᠯ ᠰᠡᠯᠡᠭᠦᠴᠡᠯ᠂ ᠵᠣᠭᠠᠴᠡᠯ ᠤᠨ ᠱᠠᠭᠠᠷᠳᠡᠯᠭ᠎ᠠ ᠶᠢ ᠨᠡᠩ ᠰᠠᠶᠢᠨ ᠬᠠᠩᠭᠠᠨ᠎ᠠ᠃ ᠪᠣᠰᠣᠳ ᠪᠠᠶᠢᠭᠤᠯᠵᠤ ᠪᠠᠶᠢᠭ᠎ᠠ ᠪᠠᠯᠭᠠᠰᠣ ᠨᠢ ᠳᠣᠬᠠᠢ ᠶᠢᠨ ᠭᠠᠵᠡᠷ ᠤᠨ ᠨᠦᠬᠦᠴᠡᠯ ᠲᠠᠢ ᠬᠦᠢᠴᠡᠳ ᠣᠶᠠᠯᠳᠣᠵᠤ᠂ ᠬᠦᠮᠦᠨ ᠠᠮᠡ ᠶᠢᠨ ᠪᠦᠳᠦᠴᠡ ᠪᠠ ᠠᠵᠤ ᠦᠢᠯᠡᠰ ᠤᠨ ᠳᠠᠯᠳᠡ ᠬᠦᠴᠦᠨ᠂ ᠦᠪᠡᠷᠮᠢᠴᠡ ᠬᠤᠳᠡ ᠪᠠᠯᠭᠠᠰᠣ ᠶᠢᠨ ᠵᠣᠬᠢᠶᠠᠨ ᠪᠠᠶᠢᠭᠤᠯᠣᠯᠳᠡ ᠶᠢ ᠬᠤᠪᠢᠶᠠᠷᠢᠯᠡᠨ ᠲᠦᠯᠦᠪᠯᠡᠵᠤ ᠡᠮᠦᠨᠡᠬᠢ ᠨᠢ ᠶᠡᠭᠡ ᠵᠢᠷᠭᠤᠭᠠᠨ ᠨᠣᠮᠧᠷᠳᠦ ᠪᠠᠯᠭᠠᠰᠣ ᠪᠠᠷ ᠭᠤᠣᠯ ᠪᠣᠯᠭᠠᠵᠤ᠂ ᠬᠤᠶᠢᠨᠡᠬᠢ ᠨᠢ ᠲᠡᠮᠣᠷᠲᠡᠢ ᠪᠠᠯᠭᠠᠰᠣ ᠪᠠᠷ ᠬᠦᠳᠡᠯᠬᠡᠬᠦ ᠬᠦᠴᠦᠨ ᠪᠣᠯᠭᠠᠵᠤ᠂ ᠴᠡᠭ ᠢᠶᠠᠷ ᠨᠠᠶᠢᠳᠡ ᠶᠢ ᠳᠠᠶᠢᠴᠢᠯᠡᠵᠤ᠂ ᠠᠯᠬᠤᠮ ᠠᠯᠬᠤᠮ ᠢᠶᠠᠷ ᠣᠷᠣᠭᠰᠢᠯᠡᠵᠤ᠂ ᠳᠠᠯᠳᠡ ᠬᠦᠴᠦᠨ ᠲᠠᠢ᠂ ᠥᠪᠡᠷᠮᠢᠴᠡ ᠣᠨᠴᠠᠯᠢᠭ ᠲᠠᠢ ᠪᠢᠴᠢᠬᠠᠨ ᠪᠠᠯᠭᠠᠰᠣ ᠶᠢ ᠪᠦᠳᠦᠭᠡᠨ ᠪᠠᠶᠢᠭᠤᠯᠣᠨ᠎ᠠ᠃ ᠬᠤᠳᠡ ᠪᠠᠯᠭᠠᠰᠣ ᠶᠢᠨ ᠴᠢᠳᠡᠮᠵᠢ ᠶᠢ ᠲᠡᠭᠦᠯᠳᠡᠷᠵᠢᠬᠦᠯᠦᠶ᠎ᠡ  ᠢᠳᠡᠪᠬᠢᠲᠡᠢ ᠪᠠᠷ ᠬᠡᠷ ᠬᠤᠷᠢᠶᠡᠯᠡᠯ ᠤᠨ ᠥᠭᠡᠷᠡᠴᠢᠯᠡᠯᠲᠡ ᠶᠢᠨ ᠬᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠬᠡᠷ ᠬᠤᠷᠢᠶᠡᠯᠡᠯ ᠤᠨ ᠦᠬᠡᠷᠡᠴᠢᠯᠡᠯᠲᠡ‌‍ᠶᠢᠨ ᠲᠦᠯᠦᠪᠦᠷᠢ ᠶᠢ ᠪᠣᠳᠠᠳᠠᠶᠢᠵᠢᠭᠤᠯᠣᠨ᠎ᠠ᠂ ᠨᠢᠬᠡ ᠵᠢᠯ ᠤᠨ ᠳᠣᠳᠣᠷ᠎ᠠ1113 ᠭᠡᠷ ᠬᠤᠷᠢᠶᠠᠯᠡᠯ ᠤᠨ ᠦᠭᠡᠷᠡᠴᠢᠯᠡᠯᠲᠡ ᠶᠢᠨ ᠡᠭᠦᠷᠭᠡ ᠶᠢ ᠪᠡᠶᠡᠯᠡᠬᠦᠯᠦᠨ᠎ᠡ᠃ ᠬᠤᠷᠢᠶᠠᠯᠡᠯ ᠤᠨ ᠦᠭᠡᠷᠡᠴᠢᠯᠡᠯᠲᠡ ᠶᠢᠨ ᠣᠷᠴᠢᠨ ᠲᠣᠭᠤᠷᠢᠨ ᠤ ᠵᠠᠰᠡᠯᠲᠡ ᠪᠠ ᠵᠡᠬᠡᠯᠢ ᠭᠤᠳᠣᠮᠵᠢ ᠶᠢᠨ ᠥᠭᠡᠷᠡᠴᠢᠯᠡᠯᠲᠡ ᠶᠢ ᠨᠡᠮᠡᠭᠳᠡᠭᠦᠯᠵᠤ᠂ ᠠᠷᠡᠳ ᠤᠨ ᠠᠮᠢᠳᠣᠷᠡᠯ ᠤᠨ ᠣᠷᠴᠢᠨ ᠢ ᠳᠠᠰᠣᠷᠡᠯᠲᠡ ᠦᠬᠡᠢ ᠰᠠᠶᠢᠵᠢᠷᠠᠭᠤᠯᠣᠨ᠎ᠠ᠃ ᠢᠯᠴᠢ ᠶᠢᠨ ᠬᠠᠩᠭᠠᠯᠭ᠎ᠠ ᠪᠣᠬᠢᠷᠳᠣᠯ ᠢ ᠭᠠᠳᠡᠭ᠌ᠰᠢᠯᠠᠭᠤᠯᠣᠨ ᠵᠠᠮ ᠬᠠᠷᠢᠯᠴᠠᠭ᠎ᠠ ᠵᠡᠷᠬᠡ ᠶᠢᠨ ᠦᠨᠳᠦᠰᠦᠨ ᠳᠦᠬᠦᠭᠡᠷᠦᠮᠵᠢ ᠶᠢ ᠨᠢᠬᠡᠳᠦᠯᠲᠡᠢ ᠳᠦᠯᠬᠢᠨ ᠠᠬᠢᠭᠤᠯᠵᠤ᠂ ᠣᠰᠣ ᠰᠦᠷᠴᠢᠬᠦ ᠵᠣᠷᠯᠣᠩ6 ᠰᠠᠭᠤᠷᠢ᠂ ᠬᠤᠲᠡ ᠪᠠᠯᠭᠠᠰᠣ ᠶᠢᠨ ᠴᠠᠬᠢᠯᠭᠠᠨ ᠲᠣᠣᠷ ᠦᠭᠡᠷᠡᠴᠢᠯᠡᠯᠲᠡ  ᠶᠢᠨ ᠢᠨᠵᠧᠨᠧᠷᠢᠩ ᠢ ᠦᠢᠯᠡᠳᠣᠯᠭᠡᠵᠢᠭᠦᠯᠵᠤ᠂ ᠨᠠᠶᠢᠲᠡ ᠶᠢᠨ ᠦᠢᠯᠡᠴᠢᠯᠡᠭᠡ ᠪᠠ ᠦᠨᠳᠦᠰᠦᠨ ᠳᠦᠬᠦᠭᠡᠷᠦᠮᠵᠢ ᠶᠢ ᠬᠠᠮᠠᠭᠠᠯᠠᠬᠤ ᠠᠵᠢᠯ ᠢ ᠰᠠᠶᠢᠳᠦᠷ ᠬᠢᠨ᠎ᠡ᠃ ᠵᠠᠰᠠᠭ ᠤᠨ ᠣᠷᠳᠣᠨ ᠤ ᠰᠠᠯᠠᠭ᠎ᠠ ᠮᠦᠴᠢᠷ᠂ ᠢᠯᠴᠢ ᠬᠠᠩᠭᠠᠬᠤ ᠺᠣᠮᠫᠠᠨᠢ ᠂ ᠰᠠᠭᠤᠭᠠᠯᠢ ᠠᠷᠡᠳ ᠤᠨ ᠲᠣᠭᠤᠷᠢᠭ ᠭᠤᠷᠪᠡᠨ ᠲᠠᠯ᠎ᠠ ᠪᠠᠷ ᠬᠠᠮᠳᠣᠷᠠᠭᠰᠡᠨ ᠬᠢᠨᠡᠨ ᠬᠠᠮᠠᠭᠠᠯᠡᠯᠲᠠ ᠶᠢᠨ ᠪᠠᠶᠢᠭᠤᠯᠣᠮᠵᠢ ᠶᠢ ᠪᠠᠶᠢᠭᠤᠯᠣᠨ᠎ᠠ᠃ ᠢᠯᠴᠢ ᠴᠠᠬᠢᠯᠭᠠᠨ ᠤ ᠬᠤᠯᠪᠣᠭᠠᠯᠡᠯ ᠤᠨ ᠳᠦᠰᠦᠪ ᠤᠨ ᠪᠣᠳᠠᠳᠠᠶᠢᠵᠢᠯᠡᠯ ᠢ ᠲᠣᠣᠱᠠᠯᠠᠭᠤᠯᠵᠤ᠂ ᠬᠤᠲᠡ ᠪᠠᠯᠭᠠᠰᠣ ᠶᠢᠨ ᠢᠯᠴᠢ ᠬᠠᠩᠭᠠᠬᠤ ᠰᠢᠰᠲ᠋ᠧᠮ ᠪᠠ ᠳᠣᠭᠳᠠᠯᠴᠠᠭ᠎ᠠ ᠶᠢ ᠰᠠᠶᠢᠵᠢᠷᠠᠭᠤᠯᠣᠨ᠎ᠠ ᠃ ᠪᠠᠶᠠᠨᠴᠠᠭᠠᠨ ᠪᠠᠯᠭᠠᠰᠣ ᠶᠢᠨ ᠪᠣᠬᠢᠷᠳᠣᠯ ᠣᠰᠣ ᠶᠢ ᠰᠢᠢᠳᠪᠦᠷᠢᠯᠡᠬᠦ᠂ ᠦᠭᠡᠷᠡᠴᠢᠯᠡᠯᠲᠡ ᠶᠢ ᠬᠤᠷᠳᠣᠳᠬᠠᠵᠤ᠂ ᠪᠣᠬᠢᠷᠳᠣᠯ ᠣᠰᠣᠨ ᠤ ᠬᠤᠭᠤᠯᠡᠢ ᠶᠢᠨ ᠰᠢᠰᠲ᠋ᠧᠮ ᠢ ᠳᠡᠭᠦᠯᠳᠡᠷᠵᠢᠬᠦᠯᠦᠨ᠎ᠡ᠃ ᠬᠤᠶᠠᠳᠣᠭᠠᠷ ᠭᠤᠯᠳᠣ ᠵᠠᠮ  ︵ᠱᠣᠭᠤᠮ︶ ᠲᠠᠪᠣᠳᠣᠭᠠᠷ ᠭᠤᠯᠳᠦ ᠵᠠᠮ ︵ᠱᠣᠭᠤᠮ︶ ᠢ ᠪᠠᠶᠢᠭᠤᠯᠬᠤ ᠳᠦᠰᠦᠪ ᠢ ᠬᠡᠷᠡᠭᠵᠢᠭᠦᠯᠬᠦ ᠪᠠᠷ ᠴᠢᠷᠮᠠᠶᠢᠵᠤ ᠪᠣᠢ᠃   ᠬᠠᠮᠢᠶᠠᠷᠣᠯᠲᠡ ᠶᠢᠨ ᠳᠦᠪᠰᠢᠨ ᠢ ᠳᠡᠭᠡᠭᠰᠢᠯᠡᠬᠦᠯᠬᠦ  ᠬᠤᠲᠡ ᠪᠠᠯᠭᠠᠰᠣ ᠶᠢᠨ ᠬᠠᠦᠯᠢ ᠶᠢ ᠬᠡᠷᠡᠭᠵᠢᠬᠦᠯᠬᠦ ᠳᠦᠷᠢᠮ ᠳᠣᠭᠳᠠᠭᠠᠯ ᠤᠨ ᠦᠭᠡᠷᠡᠴᠢᠯᠡᠯᠲᠡ ᠶᠢ ᠢᠳᠡᠪᠬᠢᠲᠡᠢ ᠳᠦᠯᠬᠢᠨ ᠠᠬᠢᠭᠤᠯᠵᠤ᠂ ᠡᠷᠬᠡ ᠳᠣᠰᠢᠶᠠᠯ ᠤᠨ ᠬᠠᠮᠢᠶᠠᠷᠣᠯᠲᠡ ᠶᠢ ᠵᠣᠬᠢᠴᠠᠭᠤᠯᠵᠤ᠂ ᠣᠶᠣᠨᠴᠢ ᠬᠤᠲᠡ ᠶᠢᠨ ᠬᠠᠮᠢᠶᠠᠷᠣᠯᠲᠡ ᠶᠢᠨ ᠰᠢᠰᠲ᠋ᠧᠮ ᠢ ᠪᠦᠲᠦᠭᠡᠨ ᠪᠠᠶᠢᠭᠤᠯᠣᠨ᠎ᠠ᠃ ᠵᠡᠭᠡᠯᠢ ᠭᠤᠳᠣᠮᠵᠢ᠂ ᠠᠭᠤᠳᠡᠮ ᠲᠠᠯᠡᠪᠡᠢ᠂ ᠲᠠᠷᠢᠶᠠᠯᠡᠩ ᠠᠷᠡᠯᠵᠢᠶᠠᠨ ᠤ ᠵᠠᠬ᠎ᠠ ᠳᠡᠯᠭᠡᠭᠦᠷ᠂ ᠬᠤᠲᠡ ᠪᠠᠯᠭᠠᠰᠣ ᠶᠢᠨ ᠣᠶᠠᠯᠳᠣᠯ ᠵᠡᠷᠭᠡ ᠶᠢ ᠴᠢᠩᠭᠠᠳᠬᠠᠨ᠎ᠠ᠃ ᠵᠠᠮ  ᠢ ᠡᠵᠡᠯᠡᠨ ᠡᠵᠡᠩᠨᠡᠬᠦ᠂ ᠳᠣᠷ᠎ᠡ ᠪᠠᠷ ᠠᠰᠬᠠᠨ᠂ ᠳᠣᠷ᠎ᠡ ᠪᠠᠷ ᠬᠠᠶᠠᠬᠤ᠂ ᠳᠣᠷ᠎ᠡ ᠪᠠᠷ ᠵᠣᠭᠰᠣᠬᠤ ᠵᠡᠷᠭᠡ ᠠᠵᠢᠯᠯᠠᠭᠠᠨ  ᠢ ᠶᠡᠬᠡᠪᠡᠷ ᠵᠠᠰᠡᠨ᠎ᠡ᠃ ᠣᠷᠣᠰᠢᠭᠤᠯᠭ᠎ᠠ ᠶᠢᠨ ᠶᠠᠪᠣᠳᠡᠯ ᠤᠨ ᠪᠣᠯᠪᠠᠰᠣᠨ ᠢ ᠡᠷᠬᠢᠮᠯᠡᠵᠤ᠂ ᠬᠡᠳᠣᠷᠬᠡᠢ ᠪᠦᠷᠢᠯᠭᠡᠬᠦ ᠶᠢ ᠠᠷᠢᠯᠭᠠᠨ᠂ ᠬᠤᠰᠢᠭᠤᠨ ᠤ ᠣᠷᠣᠰᠢᠭᠤᠯᠭ᠎ᠠ ᠵᠢᠨ‌‍ᠲ᠋ᠦ᠋ᠰᠦᠪ ᠢ ᠪᠦᠳᠦᠭᠡᠨ ᠪᠠᠶᠢᠭᠤᠯᠣᠨ᠎ᠠ᠃ ᠠᠳᠡᠯ ᠠᠬᠤᠢ ᠶᠢᠨ ᠬᠠᠮᠢᠶᠠᠷᠣᠯᠲᠡ ᠶᠢᠨ ᠠᠷᠭ᠎ᠠ ᠶᠢ ᠪᠣᠢ ᠪᠣᠯᠭᠠᠨ᠂ ᠠᠳᠡᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠳᠣᠭᠳᠠᠯᠴᠠᠭ᠎ᠠ ᠶᠢ ᠳᠡᠭᠦᠯᠳᠡᠷᠵᠢᠭᠦᠯᠵᠤ᠂ ᠠᠳᠡᠯ ᠠᠬᠤᠢ ᠶᠢᠨ ᠦᠢᠯᠡᠴᠢᠯᠡᠬᠡᠨ ᠤ ᠴᠢᠨᠡᠷ ᠪᠠ ᠬᠡᠮᠵᠢᠶ᠎ᠡ ᠶᠢ ᠳᠡᠭᠡᠭᠰᠢᠯᠡᠭᠦᠯᠦᠨ᠎ᠡ᠃ᠳᠣᠯᠤᠭ᠎ᠠ᠂ ᠣᠯᠡᠨ ᠨᠠᠶᠢᠲᠡ ᠶᠢᠨ  ᠦᠢᠯᠡᠴᠢᠯᠡᠭᠡ ᠪᠠ ᠨᠡᠶᠢᠬᠡᠮ ᠤᠨ ᠪᠠᠳᠣᠯᠠᠭ᠎ᠠ ᠶᠢ ᠴᠢᠩᠭᠠᠳᠬᠠᠨ᠂ ᠠᠷᠡᠳ ᠤᠨ ᠠᠮᠢᠳᠣᠷᠡᠯ ᠢ  ᠪᠠᠶᠠᠯᠢᠭᠵᠢᠭᠤᠯᠬᠤ ᠠᠷᠡᠳ ᠤᠨ ᠠᠮᠢᠳᠣᠷᠡᠯ ᠢ ᠪᠠᠳᠣᠯᠠᠬᠤ ᠨᠢ ᠵᠠᠰᠠᠭ ᠤᠨ ᠣᠷᠳᠣᠨ ᠤ ᠦᠨᠳᠦᠰᠣᠨ ᠬᠠᠷᠢᠭᠤᠴᠠᠯᠭ᠎ᠠ᠂ ᠠᠷᠡᠳ ᠲᠦᠮᠡᠨ  ᠢᠶᠠᠷ ᠦᠨᠳᠣᠰᠦ ᠪᠣᠯᠭᠠᠬᠤ ᠬᠦᠭᠵᠢᠯᠲᠡ ᠶᠢᠨ ᠦᠢᠯᠠᠭᠠᠭᠳᠠᠬᠤᠨ ᠢ ᠪᠠᠷᠢᠮᠳᠠᠯᠡᠵᠤ᠂ ᠠᠷᠡᠳ ᠣᠯᠡᠨ ᠤ ᠰᠠᠶᠢᠨ ᠰᠠᠶᠢᠬᠠᠨ ᠠᠮᠢᠳᠣᠷᠡᠯ ᠤᠨ ᠬᠠᠨᠳᠣᠰᠢ ᠪᠠᠷ ᠭᠤᠣᠯᠯᠠᠵᠤ᠂ ᠡᠯ᠎ᠡ ᠲᠦᠷᠦᠯ ᠤᠨ ᠠᠷᠡᠳ ᠤᠨ ᠠᠮᠢᠳᠣᠷᠡᠯ ᠪᠠ ᠨᠠᠶᠢᠬᠡᠮ  ᠤᠨ ᠦᠢᠯᠡᠰ ᠢ ᠬᠦᠭᠵᠢᠭᠡᠨ᠎ᠡ᠃ᠠᠵᠢᠯ ᠣᠯᠭᠤᠬᠤ ᠠᠷᠭ᠎ᠠ ᠵᠠᠮ ᠢ ᠦᠷᠭᠦᠯᠵᠢᠯᠡᠨ ᠦᠷᠬᠡᠳᠬᠡᠨ᠎ᠡ᠃ᠳᠣᠭᠳᠠᠪᠦᠷᠢᠲᠡᠢ ᠠᠵᠢᠯ ᠣᠯᠭᠤᠬᠤ ᠶᠢ ᠨᠡᠩ ᠳᠣᠪᠣᠶᠢᠯᠭᠠᠨ᠂ ᠢᠳᠡᠪᠬᠢᠲᠡᠢ ᠪᠠᠷ ᠡᠭᠦᠳᠦᠨ ᠪᠦᠲᠦᠬᠡᠬᠦ᠂ ᠠᠵᠢᠯ ᠣᠯᠭᠤᠬᠤ ᠲᠦᠷᠦ ᠶᠢᠨ ᠪᠣᠳᠣᠯᠭ᠎ᠠ ᠶᠢ  ᠬᠡᠷᠡᠭᠵᠢᠭᠦᠯᠦᠨ᠎ᠡ᠂ ᠳᠡᠭᠡᠳᠦ ᠰᠣᠷᠭᠠᠭᠤᠯᠢ ᠶᠢᠨ ᠲᠡᠭᠦᠰᠦᠭᠰᠡᠨ ᠰᠣᠷᠣᠭᠴᠢ᠂ ᠴᠡᠷᠢᠭ ᠠᠴᠠ ᠪᠠᠭᠤᠭᠰᠡᠳ᠂ ᠬᠤᠲᠡ ᠪᠠᠯᠭᠠᠰᠣᠨ ᠤ ᠠᠵᠢᠯ ᠦᠬᠡᠢ ᠡᠷᠦᠬᠡ ᠶᠢᠨ ᠠᠵᠢᠯ ᠣᠯᠭᠤᠬᠤ ᠶᠢ ᠨᠢᠬᠡᠳᠬᠡᠨ᠎ᠡ ᠃ ᠯᠦᠩ ᠲᠧᠦ ᠺᠣᠮᠫᠠᠨᠢ᠂ ᠳᠣᠰᠬᠤᠨ ᠤ ᠪᠦᠯᠬᠦᠮ ᠤᠨ ᠠᠵᠤ ᠠᠬᠤᠢ ᠡᠯ᠎ᠡ ᠬᠤᠷᠰᠢᠶᠠᠵᠢᠯ ᠤᠨ ᠠᠵᠢᠯ ᠣᠯᠭᠤᠬᠤ ᠠᠷᠭ᠎ᠠ ᠪᠠᠷᠢᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠡᠭᠦᠳᠦᠨ ᠪᠦᠲᠦᠭᠡᠨ ᠠᠵᠢᠯ ᠣᠯᠭᠤᠬᠤ ᠶᠢ ᠳᠠᠶᠢᠴᠢᠯᠠᠨ᠎ᠠ᠃ ᠠᠵᠢᠯ ᠮᠡᠷᠭᠡᠵᠢᠯ ᠤᠨ ᠰᠣᠷᠢᠯᠲᠠ ᠶᠢᠨ ᠰᠠᠭᠤᠷᠢᠨ ᠭᠠᠵᠡᠷ ᠤᠨ ᠵᠣᠬᠢᠶᠠᠨ ᠪᠠᠶᠢᠭᠤᠯᠣᠯᠲᠠ ᠶᠢ ᠲᠦᠷᠬᠡᠳᠭᠡᠵᠤ᠂ ᠠᠵᠢᠯ ᠮᠡᠷᠭᠡᠵᠢᠯ ᠤᠨ ᠵᠢᠭᠠᠨ ᠰᠣᠷᠭᠠᠬᠤ ᠬᠡᠪ ᠵᠠᠭᠪᠣᠷ ᠢ ᠡᠭᠦᠳᠦᠨ ᠪᠦᠲᠦᠭᠡᠵᠤ᠂ ᠬᠤᠰᠢᠭᠤᠨ ᠤ ᠺᠣᠮᠫᠠᠨᠢ ᠶᠢᠨ ᠬᠡᠷᠡᠭᠯᠡᠭᠡᠨ ᠤ ᠱᠠᠭᠠᠷᠳᠠᠯᠭ᠎ᠠ ᠳᠤ ᠬᠠᠨᠳᠣᠭᠤᠯᠵᠤ᠂ ᠮᠡᠷᠭᠡᠵᠢᠯ ᠤᠨ ᠪᠣᠯᠪᠠᠰᠣᠷᠡᠯ ᠢ ᠣᠨᠣᠪᠴᠢᠲᠡᠢ ᠬᠦᠭᠵᠢᠭᠦᠯᠦᠨ᠎ᠡ᠃ ᠪᠡᠭᠡᠵᠢᠩ᠂ ᠬᠦᠬᠡᠬᠤᠲᠡ᠂ ᠪᠣᠭᠤᠲᠦ ᠵᠡᠷᠭᠡ ᠶᠢᠨ ᠲᠠᠷᠢᠶᠠᠴᠢᠨ ᠤ ᠦᠢᠯᠡᠴᠢᠯᠡᠭᠡᠨ ᠤ ᠪᠠᠶᠢᠭᠤᠯᠣᠮᠵᠢ ᠶᠢᠨ ᠠᠵᠢᠯ ᠢ ᠴᠢᠩᠭᠠᠳᠬᠠᠵᠤ᠂ ᠵᠠᠬᠢᠶᠠᠯᠭ᠎ᠠ ᠶᠢᠨ ᠮᠠᠶ᠋ᠢᠭ ᠤᠨ ᠪᠣᠯᠪᠠᠰᠣᠷᠡᠯ ᠢ ᠰᠦᠪᠡᠭᠴᠢᠯᠡᠨ ᠪᠠᠶᠢᠭᠤᠯᠵᠤ᠂ ᠳᠣᠭᠳᠠᠪᠦᠷᠢᠲᠡᠢ ᠠᠵᠢᠯ ᠣᠯᠭᠤᠬᠤ ᠠᠷᠭ᠎ᠠ ᠮᠠᠶ᠋ᠢᠭ ᠢ ᠪᠦᠲᠦᠭᠡᠨ ᠪᠠᠶᠢᠭᠤᠯᠣᠨ᠎ᠠ᠃ᠨᠡᠩ ᠦᠨᠳᠦᠷ ᠬᠢᠷᠢ ᠳᠦᠪᠰᠢᠨ ᠤ ᠰᠣᠷᠭᠠᠨ ᠬᠦᠮᠦᠵᠢᠯ ᠢ ᠬᠦᠭᠵᠢᠭᠦᠯᠦᠨ᠎ᠡ ᠰᠣᠷᠭᠠᠨ ᠬᠦᠮᠦᠵᠢᠯ ᠣᠷᠢᠳᠠᠪᠡᠷ ᠬᠦᠭᠵᠢᠯᠲᠡ ᠶᠢᠨ ᠬᠠᠷᠡᠯᠲᠡ ᠶᠢ ᠦᠨᠢᠲᠡ ᠪᠠᠷᠢᠮᠳᠠᠯᠠᠵᠤ᠂ ᠨᠡᠷᠡᠲᠦ ᠰᠣᠷᠭᠠᠭᠤᠯᠢ᠂ ᠨᠡᠷᠡᠲᠦ ᠪᠠᠭᠰᠢ ᠶᠢᠨ ᠲᠣᠭᠤᠷᠢᠨ ᠳᠤ ᠴᠣᠭᠴᠠᠯᠡᠵᠤ᠂ ᠰᠣᠷᠭᠠᠭᠤᠯᠢ ᠶᠢᠨ ᠵᠠᠬᠢᠷᠣᠯ ᠪᠠᠭᠰᠢ ᠶᠢᠨ ᠡᠩᠨᠡᠭᠡᠨ ᠤ ᠵᠣᠷᠢᠭᠵᠢᠭᠤᠯᠣᠯ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠵᠤ᠂ ᠳᠣᠮᠳᠠ  ᠪᠠᠭ᠎ᠠ‌‍ᠰᠣᠷᠭᠠᠭᠤᠯᠢ ᠶᠢᠨ ᠦᠷ᠎ᠡ ᠪᠦᠲᠦᠮᠵᠢ  ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠠᠭᠰᠢ ᠶᠢᠨ ᠠᠵᠢᠯ ᠳᠠᠬᠢ ᠬᠠᠯᠠᠭᠤᠨ ᠰᠡᠳᠬᠢᠯᠭᠡ ᠪᠠ ᠪᠠᠭᠰᠢᠯᠠᠬᠤ ᠣᠷᠮ᠎ᠠ ᠶᠢ ᠣᠷᠮᠠᠰᠢᠭᠤᠯᠣᠨ᠎ᠠ᠂ ᠪᠠᠭᠰᠢ ᠶᠢᠨ ᠭᠠᠳᠠᠭᠠᠳᠦ ᠲᠠᠢ ᠬᠠᠷᠢᠯᠴᠠᠬᠤ ᠶᠢ ᠴᠢᠩᠭᠠᠳᠬᠠᠵᠤ ᠰᠢᠯᠢᠳᠡᠭ ᠰᠠᠶᠢᠨ ᠰᠣᠷᠭᠠᠨ ᠬᠦᠮᠦᠵᠢᠯ ᠤᠨ ᠡᠬᠢ ᠰᠣᠷᠪᠣᠯᠵᠢ ᠶᠢ ᠣᠷᠢᠨ ᠣᠷᠣᠭᠤᠯᠣᠨ᠎ᠠ᠃ ᠰᠣᠷᠬᠤ ᠠᠴᠠ  ᠡᠮᠦᠨᠡᠬᠢ ᠰᠣᠷᠭᠠᠨ ᠬᠦᠮᠦᠵᠢᠯ ᠤᠨ ᠳᠦᠬᠡᠮᠡᠯ ᠬᠦᠭᠵᠢᠯᠲᠡ ᠶᠢ ᠲᠦᠷᠬᠡᠳᠬᠡᠵᠤ᠂ ᠬᠤᠰᠢᠭᠤᠨ ᠤ ᠬᠤᠶᠠᠳᠣᠭᠠᠷ ᠴᠡᠴᠡᠷᠯᠢᠭ ᠨᠢ ᠬᠠᠷᠠᠭᠠᠯᠵᠡᠯ ᠤᠨ ᠴᠢᠨᠠᠷᠲᠡᠢ ᠵᠢᠯ ᠤᠨ ᠳᠣᠳᠣᠷ᠎ᠠ ᠣᠷᠣᠭᠤᠯᠣᠨ ᠬᠡᠷᠡᠭᠯᠡᠨ᠎ᠡ᠃ ᠬᠤᠲᠠ ᠪᠠᠯᠭᠠᠰᠣᠨ ᠤ ᠠᠯᠪᠡᠨ ᠵᠢᠷᠣᠮ ᠤᠨ ᠰᠣᠷᠭᠠᠨ ᠬᠦᠮᠦᠵᠢᠯ   ᠤᠨ ᠲᠡᠩᠴᠡᠭᠦᠷᠢᠲᠡᠢ ᠬᠦᠭᠵᠢᠯᠲᠡ ᠶᠢ ᠳᠦᠯᠬᠢᠨ ᠠᠬᠢᠭᠤᠯᠵᠤ᠂ ᠬᠤᠲᠠ ᠪᠠᠯᠭᠠᠰᠣᠨ ᠤ ᠪᠠᠶᠢᠷᠢᠯᠡᠨ ᠬᠤᠨᠣᠭᠯᠠᠬᠤ᠂ ᠰᠣᠷᠭᠠᠭᠤᠯᠢ ᠶᠢᠨ ᠬᠢᠷᠢ ᠳᠦᠪᠰᠢᠨ ᠢ ᠳᠡᠭᠡᠭᠰᠢᠯᠡᠬᠦᠯᠬᠦ᠂ ᠦᠨᠳᠦᠰᠦᠲᠡᠨ  ᠤ ᠰᠣᠷᠭᠠᠨ ᠬᠦᠮᠦᠵᠢᠯ ᠢ ᠣᠷᠢᠳᠠᠪᠡᠷ ᠬᠦᠭᠵᠢᠭᠦᠯᠵᠤ᠂ ᠢᠷᠭᠡᠨ ᠤ ᠡᠷᠬᠢᠯᠡᠭᠰᠡᠨ ᠰᠣᠷᠭᠠᠨ ᠬᠦᠮᠦᠵᠢᠯ᠂ ᠦᠷᠬᠦᠯᠵᠢᠯᠡᠭᠰᠡᠨ ᠰᠣᠷᠭᠠᠨ ᠬᠦᠮᠦᠵᠢᠯ ᠪᠠ ᠣᠨᠴᠠᠭᠠᠢ ᠰᠣᠷᠭᠠᠨ ᠬᠦᠮᠦᠵᠢᠯ ᠢ ᠨᠢᠬᠡᠳᠬᠡᠨ ᠬᠦᠮᠦᠵᠢᠬᠦᠯᠦᠨ᠎ᠡ᠃   ︽ᠬᠦᠮᠦᠨ ᠢ ᠬᠦᠮᠦᠵᠢᠭᠦᠯᠬᠦ ᠪᠠᠷ ᠦᠨᠳᠦᠰᠦ ᠪᠣᠯᠭᠠᠨ᠂ ᠶᠣᠰᠣ ᠮᠣᠷᠡᠯ ᠤᠨ ᠬᠦᠮᠦᠵᠢᠯ ᠢ ᠲᠡᠷᠢᠭᠦᠨ ᠳᠤ ᠲᠠᠯᠪᠢᠬᠤ︾  ᠪᠠᠷ ᠣᠳᠣᠷᠢᠳᠣᠯᠭ᠎ᠠ ᠪᠣᠯᠭᠠᠵᠤ᠂ ᠪᠠᠭᠰᠢ ᠶᠢᠨ ᠶᠣᠰᠣ ᠰᠣᠷᠳᠠᠬᠤᠨ᠂ ᠪᠠᠭᠰᠢ ᠶᠢᠨ ᠬᠡᠪ ᠨᠠᠮᠪᠠ ᠶᠢ ᠪᠦᠲᠦᠭᠡᠨ ᠪᠠᠶᠢᠭᠤᠯᠵᠤ᠂ ᠪᠠᠭᠰᠢ ᠶᠢᠨ ᠠᠵᠢᠯ ᠤᠨ ᠠᠵᠢᠯᠯᠠᠭᠠᠨ ᠢ ᠳᠦᠷᠢᠮᠵᠢᠬᠦᠯᠬᠦ ᠬᠡᠷᠡᠭᠲᠡᠢ᠃ ᠰᠣᠷᠭᠠᠭᠤᠯᠢ ᠶᠢᠨ ᠬᠦᠷᠢᠶᠡᠨ ᠤ ᠠᠮᠣᠷ ᠢ ᠬᠠᠮᠠᠭᠠᠯᠠᠬᠤ ᠠᠵᠢᠯᠲᠡᠨ ᠢ ᠳᠣᠬᠢᠷᠠᠭᠤᠯᠵᠤ ᠰᠣᠷᠭᠠᠭᠤᠯᠢ ᠶᠢᠨ ᠠᠮᠣᠷ ᠳᠦᠪᠰᠢᠨ ᠤ ᠬᠠᠷᠢᠭᠤᠴᠠᠯᠭ᠎ᠠ ᠶᠢ ᠪᠠᠳᠣᠯᠠᠬᠤ ᠬᠡᠷᠡᠭᠲᠡᠢ᠃ᠡᠷᠡᠭᠦᠯ ᠰᠠᠶᠢᠬᠠᠨ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤ ᠪᠠᠨ ᠪᠦᠲᠦᠭᠡᠨ ᠪᠠᠶᠢᠭᠤᠯᠣᠨ᠎ᠠᠡᠮ ᠡᠮᠨᠡᠯᠭᠡ ᠶᠢᠨ ᠪᠡᠶ᠎ᠡ ᠮᠠᠬᠠᠪᠣᠳ ᠢ ᠴᠢᠬᠢᠷᠠᠭᠵᠢᠭᠤᠯᠬᠤ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠠᠯᠪᠡᠨ ᠠᠴᠠ ᠪᠠᠶᠢᠭᠤᠯᠣᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠮᠣᠩᠭᠤᠯ ᠬᠢᠲᠡᠳ ᠡᠮ ᠡᠮᠨᠡᠯᠬᠡ ᠶᠢᠨ ᠦᠢᠯᠡᠰ ᠢ ᠬᠦᠭᠵᠢᠬᠦᠯᠬᠦ ᠶᠢ ᠳᠡᠮᠵᠢᠵᠤ᠂ ᠡᠮ ᠡᠮᠨᠡᠯᠬᠡ ᠶᠢᠨ ᠬᠤᠯᠪᠣᠭᠠᠳᠦ ᠴᠣᠭᠴᠠ ᠶᠢ ᠲᠡᠭᠦᠯᠳᠡᠷᠵᠢᠭᠦᠯᠵᠤ᠂ ᠡᠮᠴᠢᠯᠡᠬᠡᠨ ᠤ ᠬᠠᠮᠳᠦ ᠶᠢᠨ ᠴᠣᠭᠴᠠ ᠴᠢᠳᠠᠪᠦᠷᠢ ᠪᠠ ᠱᠠᠳᠦ ᠬᠤᠪᠢᠶᠠᠵᠤ ᠣᠨᠣᠰᠢᠯᠡᠨ ᠡᠮᠨᠡᠬᠦ ᠳᠦᠷᠢᠮ᠂ ᠠᠯᠣᠰ ᠠᠴᠠ ᠬᠠᠮᠳᠣᠷᠡᠨ ᠣᠨᠣᠰᠢᠯᠠᠬᠤ ᠳᠠᠪᠴᠡᠩ ᠢ ᠰᠠᠶᠢᠳᠦᠷ ᠠᠰᠢᠭᠯᠠᠵᠤ᠂ ᠡᠮᠴᠢᠯᠡᠭᠡᠨ ᠤ ᠡᠬᠢ ᠪᠠᠶᠠᠯᠢᠭ ᠤᠨ ᠳᠣᠬᠢᠷᠠᠭᠤᠯᠣᠯᠲᠡ ᠶᠢ ᠰᠢᠯᠢᠳᠡᠭᠵᠢᠬᠦᠯᠬᠦ᠂ ᠦᠷᠭᠡᠨ ᠣᠯᠡᠨ ᠠᠷᠡᠳ ᠲᠦᠮᠡᠨ ᠢ ᠭᠡᠷ ᠲᠡᠭᠡᠨ ᠰᠠᠭᠤᠵᠤ ᠪᠠᠶᠢᠭᠠᠳ ᠰᠢᠯᠢᠳᠡᠭ ᠡᠮ ᠡᠮᠨᠡᠯᠭᠡ ᠶᠢᠨ ᠦᠢᠯᠡᠴᠢᠯᠡᠭᠡ ᠶᠢ ᠡᠳᠡᠯᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠭᠡᠢ ᠰᠠᠯᠠᠭᠠᠨ ᠤ ᠡᠮᠴᠢ ᠬᠦᠮᠦᠵᠢᠬᠦᠯᠬᠦ ᠶᠢ ᠲᠠᠳᠡᠨ ᠣᠷᠣᠭᠤᠯᠬᠤ ᠡᠷᠴᠢᠮ ᠢᠶᠠᠨ ᠴᠢᠩᠭᠠᠷᠠᠭᠤᠯᠣᠨ᠎ᠠ᠃ ᠰᠣᠮᠣ ᠰᠢᠶᠠᠩ ᠪᠠᠯᠭᠠᠰᠣᠨ ᠳᠤ ᠮᠣᠩᠭᠤᠯ ᠬᠢᠲᠡᠳ ᠡᠷᠡᠭᠦᠯ ᠬᠠᠮᠠᠭᠠᠯᠡᠯ ᠤᠨ ᠬᠤᠷᠢᠶ᠎ᠠ ᠪᠠᠶᠢᠭᠤᠯᠬᠤ ᠵᠢᠴᠢ ᠡᠷᠡᠭᠦᠯᠵᠢᠯ ᠤᠨ ᠰᠠᠯᠠᠭ᠎ᠠ ᠴᠣᠭᠴᠠᠯᠡᠨ ᠪᠠᠶᠢᠭᠤᠯᠣᠨ᠎ᠠ᠃  ᠭᠠᠴᠠᠭ᠎ᠠ‌‍ᠲ᠋ᠣᠰᠬᠤᠨ   ᠤ ᠡᠷᠡᠭᠦᠯ ᠬᠠᠮᠠᠭᠠᠯᠡᠯ ᠤᠨ ᠳᠠᠰᠤᠭ ᠤᠨ ᠦᠢᠯᠡᠳᠣᠯ  ᠢ ᠰᠠᠶᠢᠳᠣᠷ ᠪᠠᠳᠠᠷᠡᠭᠤᠯᠬᠤ ᠬᠡᠷᠡᠭᠲᠡᠢ᠃ ᠣᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠡᠯ ᠤᠨ ᠬᠦᠳᠡᠯᠭᠡᠭᠡᠨ ᠢ ᠬᠦᠨᠵᠡᠭᠡᠢ ᠦᠷᠨᠢᠬᠦᠯᠦᠨ᠂ ᠬᠠᠯᠳᠠᠪᠦᠷᠢᠲᠦ ᠡᠪᠡᠳᠴᠢᠨ ᠢ ᠰᠠᠶᠢᠳᠣᠷ ᠬᠢᠵᠤ᠂ ᠭᠠᠵᠡᠷ ᠣᠷᠣᠨ ᠤ ᠡᠪᠡᠳᠴᠢᠨ ᠢ ᠶᠡᠷᠦᠩᠭᠡᠶᠢᠯᠡᠨ ᠰᠡᠷᠬᠡᠶᠢᠯᠡᠬᠦ ᠶᠢ ᠡᠵᠡᠮᠳᠡᠬᠦ ᠬᠡᠷᠡᠭᠲᠡᠢ᠃ ᠥᠪᠡᠷᠳᠡᠭᠡᠨ ᠵᠠᠰᠡᠬᠤ ᠣᠷᠣᠨ ᠤ ᠡᠷᠡᠬᠦᠯ ᠡᠩᠬᠡ ᠪᠠᠷ ᠬᠤᠰᠢᠭᠤ ᠰᠢᠶᠠᠨ ᠪᠠ ᠣᠳᠠᠭᠠᠨ ᠴᠢᠨᠡᠷᠲᠡᠢ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠠ ᠦᠵᠡᠬᠦᠯᠬᠦ ᠲᠣᠭᠤᠷᠢᠭ ᠢ ᠡᠬᠦᠳᠦᠨ ᠪᠠᠶᠢᠭᠤᠯᠬᠤ ᠡᠭᠦᠷᠭᠡ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠡᠮᠡᠭᠳᠠᠶᠢᠴᠣᠳ ᠬᠡᠣᠬᠡᠳ ᠤᠨ ᠡᠷᠡᠬᠦᠯᠵᠢᠯ᠂ ᠵᠡᠮᠳᠡᠭᠴᠣᠳ ᠤᠨ ᠡᠷᠡᠭᠦᠯᠵᠢᠯ ᠤᠨ ᠶᠡᠷᠦᠩᠬᠡᠶᠢᠯᠡᠭᠰᠡᠨ ᠶᠡᠭᠡ ᠠᠰᠡᠷ ᠤᠨ ᠪᠦᠳᠦᠬᠡᠨ‌ᠠᠰᠢᠭᠯᠡᠯᠲᠡ ᠳᠤ ᠣᠷᠣᠭᠤᠯᠪᠠ᠃ ᠬᠦᠮᠦᠨ ᠠᠮᠠ ᠶᠢᠨ ᠨᠠᠰᠣᠵᠢᠯᠲᠡ ᠶᠢ ᠢᠳᠡᠪᠬᠢᠲᠡᠢ ᠠᠷᠭᠠᠴᠠᠨ᠎ᠠ᠃ ᠨᠠᠰᠣᠵᠢᠯ ᠤᠨ ᠠᠰᠡᠷᠡᠮᠵᠢ ᠶᠢᠨ ᠦᠢᠯᠡᠴᠢᠯᠡᠬᠡᠨ ᠤ ᠵᠠᠬ᠎ᠠ ᠳᠡᠯᠭᠡᠷᠴᠢᠬᠦᠯᠬᠦ᠂ ᠡᠮᠴᠢᠯᠡᠭᠡ ᠨᠠᠰᠣᠵᠢᠯ ᠢ ᠣᠶᠠᠯᠳᠣᠭᠤᠯᠣᠨ ᠲᠡᠮᠡᠴᠡᠨ ᠣᠯᠬᠤ ᠵᠣᠶᠢᠯᠡᠰ ᠢ ᠬᠡᠷᠡᠭᠵᠢᠬᠦᠯᠦᠨ᠎ᠡ᠃ ᠰᠣᠶᠣᠯ ᠤᠨ ᠡᠷᠡᠭᠦᠯ ᠮᠡᠨᠳᠦ ᠶᠢ ᠪᠠᠳᠠᠷᠠᠭᠤᠯᠵᠤ᠂ ᠪᠦᠬᠦ ᠠᠷᠡᠳ  ᠤᠨ ᠪᠡᠶ᠎ᠡ ᠴᠢᠬᠢᠷᠠᠭᠵᠢᠭᠤᠯᠬᠤ ᠶᠢ ᠳᠠᠭᠤᠯᠡᠨ ᠳᠠᠶᠢᠴᠢᠯᠠᠨ᠎ᠠ᠃  ᠡᠷᠡᠭᠦᠯ ᠰᠠᠶᠢᠬᠠᠨ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠪᠠᠶᠢᠭᠤᠯᠣᠯᠲᠠ ᠶᠢ ᠠᠬᠢᠭᠤᠯᠣᠨ᠎ᠠ᠃ᠰᠣᠶᠣᠯ ᠤᠨ ᠠᠵᠢᠯ ᠦᠢᠯᠡᠰ ᠴᠡᠴᠡᠭᠯᠡᠨ ᠬᠦᠭᠵᠢᠬᠦ ᠶᠢ ᠳᠦᠯᠬᠢᠨ ᠠᠬᠢᠭᠤᠯᠣᠨ᠎ᠠ᠃   ᠰᠣᠶᠣᠯ ᠤᠨ ᠢᠳᠡᠭᠡᠯ ᠢᠶᠠᠨ ᠪᠠᠳᠣᠳᠬᠠᠵᠣ᠂ ᠰᠢᠯᠢᠳᠡᠭ ᠣᠯᠡᠮᠵᠢᠯᠡᠯᠳᠦ ᠰᠣᠶᠣᠯ ᠢᠶᠠᠨ ᠪᠠᠳᠠᠷᠠᠭᠤᠯᠵᠤ᠂ ᠨᠡᠶᠢᠭᠡᠮ ᠵᠢᠷᠦᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠬᠤ ᠪᠠ ᠦᠢᠯᠡᠳᠦᠯᠬᠡᠵᠢᠬᠦᠯᠦᠶ᠎ᠡ᠃  ᠣᠯᠠᠭᠠᠨᠮᠦ᠋ᠴᠢᠷ ᠤᠨ ᠰᠢᠨ᠎ᠡ ᠶᠢ ᠡᠭᠦᠳᠬᠦ ᠬᠦᠭᠵᠢᠯᠲᠡ ᠶᠢ ᠳᠦᠯᠬᠢᠨ ᠠᠬᠢᠭᠤᠯᠵᠤ᠂ ᠬᠤᠪᠢᠰᠬᠠᠯ ᠤᠨ ᠭᠧᠨ ᠢ ᠢᠮᠠᠭᠲᠠ ᠪᠠᠷᠢᠮᠳᠠᠯᠠᠵᠤ᠂ ᠠᠷᠡᠳ ᠣᠯᠡᠨ ᠤ ᠳᠣᠮᠳᠡ ᠦᠨᠳᠣᠰᠦᠯᠡᠵᠤ᠂ ᠴᠠᠭ ᠦᠶ᠎ᠡ ᠶᠢᠨ ᠵᠣᠷᠢᠭ ᠰᠠᠨᠠᠭ᠎ᠠ ᠪᠠᠨ ᠪᠠᠳᠠᠷᠠᠭᠤᠯᠣᠨ᠎ᠠ᠃ ᠣᠳᠬ᠎ᠠ ᠣᠷᠠᠯᠢᠭ ᠤᠨ ᠵᠣᠬᠢᠶᠠᠨ ᠪᠦᠳᠦᠬᠡᠬᠦ ᠳᠣᠰᠬᠠᠢ ᠰᠠᠭᠤᠷᠢ ᠮᠦᠩᠭᠦ ᠪᠠᠶᠢᠭᠤᠯᠣᠭᠰᠡᠨ᠂ ᠣᠳᠬ᠎ᠠ ᠣᠷᠠᠯᠢᠭ ᠤᠨ ᠵᠣᠬᠢᠶᠠᠨ ᠪᠦᠳᠦᠬᠡᠬᠦ ᠢᠳᠡᠪᠬᠢᠵᠢᠯ ᠢ ᠬᠦᠢᠴᠡᠳ ᠳᠠᠶᠢᠴᠢᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠵᠣᠷᠢᠭ ᠰᠠᠨᠠᠭ᠎ᠠ ᠶᠢ ᠳᠣᠰᠬᠠᠭᠰᠡᠨ ᠨᠢᠭᠡ ᠪᠦᠯᠦᠭ ᠢ ᠵᠣᠬᠢᠶᠠᠨ ᠪᠦᠳᠦᠬᠡᠬᠦ᠂ ᠨᠠᠶᠢᠭᠡᠮ ᠤᠨ ᠢᠳᠡᠪᠬᠢ ᠬᠦᠴᠦᠨ᠂ ᠰᠢᠯᠢᠳᠡᠭ ᠪᠦᠳᠦᠭᠡᠯ ᠢ ᠳᠠᠮᠵᠢᠭᠤᠯᠣᠨ᠎ᠠ᠃ ︽ᠰᠢᠳᠣᠷᠭᠤ ᠪᠠᠭᠠᠳᠣᠷᠯᠢᠭ ᠴᠠᠬᠠᠷ︾ ︽ᠴᠠᠬᠠᠷ ᠬᠤᠷᠢᠮ ᠤᠨ ᠶᠣᠰᠣᠯᠡᠯ︾ ᠵᠡᠷᠭᠡ ᠵᠦᠴᠦᠭᠡ   ᠶᠢᠨ ᠭᠠᠷᠴᠠᠭ ᠢᠶᠠᠷ ᠱᠦᠷᠭᠦᠨ ᠴᠡᠪᠡᠷᠯᠡᠵᠤ  ᠳᠡᠭᠡᠭᠰᠢᠯᠡᠬᠦᠯᠦᠨ᠎ᠡ᠃ ︽ ᠬᠤᠩᠬᠢᠯᠲᠦ ᠶᠢᠨ ᠪᠠᠶᠢᠯᠳᠣᠭᠠᠨ︾ ᠬᠡᠬᠦ ᠲᠧᠯᠸᠢᠰ ᠵᠦᠴᠦᠬᠡ ᠰᠡᠭᠦᠳᠡᠷᠯᠡᠵᠤ ᠡᠬᠢᠯᠡᠬᠦ ᠪᠠᠷ ᠴᠢᠷᠮᠠᠶᠢᠨ᠎ᠠ ᠬᠤᠰᠢᠭᠤᠨ ᠤ ᠰᠣᠶᠣᠯ ᠤᠨ ᠣᠷᠳᠣᠨ  ᠂ ᠣᠷᠡᠨ ᠵᠢᠷᠤᠭ ᠤᠨ ᠣᠷᠳᠣᠨ᠂ ᠨᠣᠮ ᠤᠨ ᠰᠠᠩ᠂ ᠬᠤᠩᠬᠢᠯᠲᠦ ᠳᠠᠶᠢᠯᠠᠯᠳᠣᠭᠠᠨ ᠤ ᠳᠣᠷᠡᠰᠬᠠᠯ ᠤᠨ ᠣᠷᠳᠣᠨ᠂ ᠦᠨᠳᠦᠰᠦᠲᠡᠨ ᠤ ᠵᠦᠴᠦᠭᠡ ᠶᠢᠨ ᠬᠦᠷᠢᠶᠡᠯᠡᠩ᠂ ᠴᠠᠬᠠᠷ ᠰᠣᠶᠣᠯ ᠤᠨ ᠦᠢᠯᠡᠰ ᠤᠨ ᠬᠦᠷᠢᠶᠡᠯᠡᠩ ᠵᠡᠷᠭᠡ ᠶᠢ ᠨᠢᠭᠡᠳᠦᠯᠲᠡᠢ ᠲᠦᠯᠦᠪᠯᠡᠨ᠂ ᠨᠠᠶᠢᠬᠡᠮ ᠤᠨ ᠰᠣᠶᠣᠯ ᠤᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠬᠦᠯᠦᠨ᠎ᠡ᠃ ︽ᠭᠤᠷᠪᠡᠨ ᠣᠷᠳᠣᠨ ᠨᠢᠬᠡ ᠦᠷᠳᠡᠭᠡ ᠨᠢᠬᠡ ᠬᠡᠷ︾ ᠤᠨ ᠦᠢᠯᠡᠳᠦᠯ ᠢ ᠬᠦᠢᠴᠡᠳ ᠪᠠᠳᠠᠷᠠᠭᠤᠯᠣᠨ᠎ᠠ᠃ ᠰᠣᠶᠣᠯ ᠢᠶᠠᠷ ᠠᠷᠡᠳ ᠲᠤ ᠠᠰᠢᠭ ᠬᠦᠷᠳᠡᠭᠡᠬᠦ ᠲᠣᠭᠯᠠᠯᠲᠠ ᠶᠢ ᠰᠠᠶᠢᠳᠣᠷ ᠦᠷᠨᠢᠬᠦᠯᠦᠨ᠎ᠡ᠃ ᠰᠣᠶᠣᠯ ᠤᠨ ᠦᠪ ᠢ ᠣᠯᠡᠮᠵᠢᠯᠡᠨ ᠵᠠᠯᠭᠠᠮᠵᠢᠯᠠᠬᠤ ᠪᠠ ᠬᠠᠮᠠᠭᠠᠯᠠᠬᠤ ᠶᠢ  ᠴᠢᠩᠭᠠᠳᠬᠠᠵᠤ᠂ ᠭᠠᠳᠠᠭᠠᠳᠦ ᠳᠤ ᠬᠠᠨᠳᠣᠭᠤᠯᠣᠭᠰᠡᠨ ᠰᠣᠶᠣᠯ ᠤᠨ ᠰᠣᠯᠢᠯᠴᠠᠭ᠎ᠠ ᠶᠢ ᠦᠷᠭᠡᠳᠬᠡᠨ᠎ᠡ᠃ ᠬᠤᠰᠢᠭᠤᠨ ᠤ ᠰᠣᠶᠣᠯ ᠤᠨ ᠣᠯᠡᠮᠵᠢᠯᠡᠨ ᠲᠠᠷᠬᠠᠭᠠᠬᠤ ᠴᠢᠳᠠᠪᠦᠷᠢ᠂ ᠨᠦᠯᠦᠬᠡᠯᠡᠬᠦ ᠴᠢᠳᠠᠪᠦᠷᠢ ᠶᠢ ᠳᠡᠭᠡᠭᠰᠢᠯᠡᠬᠦᠯᠦᠨ᠎ᠡ᠃ ᠦᠵᠡᠯ ᠣᠬᠠᠮᠰᠡᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠰᠣᠨᠢᠨ ᠮᠡᠳᠡᠬᠡᠨ ᠤ ᠣᠬᠠᠭᠤᠯᠬᠤ ᠠᠵᠢᠯ ᠢ ᠶᠡᠭᠡ ᠪᠠᠷ ᠳᠡᠮᠵᠢᠵᠤ᠂ ᠵᠠᠭᠤᠴᠢᠯᠠᠭᠤᠷ  ᠤᠨ ᠠᠭᠤᠰᠣᠯᠴᠡᠨ  ᠬᠦᠭᠵᠢᠬᠦ ᠶᠢ ᠠᠬᠢᠭᠤᠯᠣᠨ᠎ᠠ᠃ ᠬᠤᠶᠢᠳᠦ ᠬᠤᠰᠢᠭᠤᠨ ᠤ ᠦᠯᠢᠬᠡᠷ ᠢ ᠲᠣᠣᠱᠲᠡᠢ ᠶᠠᠷᠢᠵᠤ ᠦᠭᠡᠷᠡᠴᠢᠯᠡᠯᠲᠡ ᠬᠦᠭᠵᠢᠯᠲᠡ᠂ ᠬᠠᠮᠳᠦ ᠶᠢᠨ ᠲᠠᠨᠢᠯᠲᠠ ᠶᠢ  ᠨᠢᠭᠳᠠᠷᠠᠭᠤᠯᠵᠤ᠂ ᠨᠠᠶᠢᠯᠡᠮᠡᠯ ᠬᠦᠴᠦᠨ ᠢ ᠨᠢᠭᠳᠠᠷᠠᠭᠤᠯᠵᠤ᠂ ᠰᠠᠶᠢᠨ ᠰᠠᠶᠢᠬᠠᠨ ᠪᠠᠶᠢᠳᠡᠯ ᠢ ᠪᠣᠢ ᠪᠣᠯᠭᠠᠨ᠎ᠠ᠃ᠨᠡᠶᠢᠭᠡᠮ ᠤᠨ ᠪᠠᠳᠣᠯᠠᠭ᠎ᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃   ᠪᠦᠬᠦ ᠠᠷᠡᠳ ᠢᠶᠠᠷ ᠢᠶᠠᠨ ᠳᠠᠭᠠᠳᠬᠠᠯ  ᠳᠤ ᠣᠷᠣᠯᠴᠠᠬᠤ ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠵᠤ᠂ ᠬᠦᠴᠢᠷᠳᠡᠯᠲᠡᠢ ᠣᠯᠡᠨ ᠲᠦᠮᠡᠨ ᠤ ᠳᠠᠭᠠᠳᠬᠠᠯ ᠳᠤ ᠣᠷᠣᠯᠴᠠᠭᠰᠡᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠳᠡ ᠪᠠᠯᠭᠠᠰᠣᠨ ᠤ ᠳᠦᠭᠦᠮ ᠪᠦᠳᠦᠴᠡᠳᠦ ᠣᠷᠣᠨ ᠪᠠ ᠮᠠᠯᠵᠢᠬᠤ ᠲᠠᠷᠢᠶᠠᠯᠠᠬᠤ ᠣᠷᠣᠨ ᠤ  ᠭᠠᠳᠡᠭ᠌ᠰᠢ ᠶᠠᠪᠣᠬᠤ ᠬᠦᠮᠦᠨ ᠠᠮᠠ ᠪᠠᠷ ᠭᠤᠣᠯᠳᠠᠯᠭ᠎ᠠ ᠪᠣᠯᠭᠠᠨ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠬᠤ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠮᠢᠳᠣᠷᠡᠯ ᠤᠨ ᠨᠠᠭᠠᠳᠦ ᠵᠠᠬ᠎ᠠ ᠶᠢᠨ ᠪᠠᠳᠣᠯᠠᠭ᠎ᠠ ᠶᠢ ᠡᠳᠡᠯᠬᠦ ᠪᠠᠶᠢᠳᠡᠯ  ᠂ ᠲᠦᠷᠦᠯ ᠬᠤᠪᠢᠶᠠᠨ ᠰᠢᠢᠳᠪᠦᠷᠢᠯᠡᠬᠦ ᠠᠷᠭ᠎ᠠ ᠭᠠᠷᠭᠠᠨ᠂ ᠪᠠᠳᠣᠯᠠᠬᠤ ᠶᠣᠰᠣᠲᠡᠢ ᠪᠦᠬᠦᠨ ᠢ ᠪᠠᠨ ᠦᠨᠡᠨ ᠬᠦ ᠪᠠᠳᠣᠯᠠᠬᠤ ᠬᠡᠷᠡᠭᠲᠡᠢ᠃ ᠬᠤᠳᠡ ᠬᠦᠳᠡᠭᠡ ᠶᠢᠨ ᠨᠠᠭᠠᠳᠦ ᠵᠠᠬ᠎ᠠ ᠶᠢᠨ ᠪᠠᠳᠣᠯᠠᠭ᠎ᠠ᠂ ᠲᠦᠷ ᠴᠠᠭ ᠤᠨ ᠠᠪᠣᠷᠡᠨ ᠳᠣᠰᠡᠯᠡᠬᠤ᠂ ᠠᠰᠡᠷᠡᠮᠵᠢ ᠬᠠᠷᠠᠭᠠᠯᠵᠡᠯ ᠵᠡᠷᠭᠡ ᠳᠦᠷᠢᠮ ᠢ ᠳᠠᠰᠣᠷᠡᠯᠲᠡ ᠦᠭᠡᠢ ᠲᠡᠭᠦᠯᠳᠡᠷᠵᠢᠬᠦᠯᠦᠨ᠎ᠡ᠃ ᠠᠯᠪᠡᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠣᠵᠢᠯ ᠤᠨ ᠠᠰᠡᠷᠡᠮᠵᠢ   ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ  ᠶᠢ ᠲᠦᠷᠬᠡᠳᠭᠡᠨ ᠠᠬᠢᠭᠤᠯᠵᠤ᠂ ᠨᠠᠰᠣᠨ ᠤ ᠠᠮᠠᠷᠡᠯᠲᠡ ᠪᠠᠨ ᠠᠪᠣᠭᠰᠡᠨ ᠬᠦᠮᠦᠰ ᠤᠨ ᠨᠠᠰᠣᠵᠢᠯ ᠤᠨ ᠠᠰᠡᠷᠡᠮᠵᠢ  ᠶᠢᠨ ᠳᠠᠭᠠᠳᠬᠠᠯ ᠤᠨ ᠬᠠᠷᠠᠭᠠᠯᠵᠡᠯ ᠢ ᠳᠡᠭᠡᠭᠰᠢᠯᠡᠭᠦᠯᠬᠦ ᠬᠠᠷᠡᠯᠲᠡ ᠪᠠᠨ ᠰᠠᠶᠢᠳᠣᠷ ᠨᠠᠶᠢᠳᠠᠪᠦᠷᠢᠵᠢᠭᠤᠯᠣᠨ᠎ᠠ᠃ ᠬᠤᠪᠢ ᠬᠦᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠣᠰᠬᠠᠢ ᠨᠡᠮᠡᠯᠲᠡ ᠬᠠᠰᠣᠬᠤ ᠵᠡᠷᠭᠡ ᠲᠦᠷᠦ ᠶᠢᠨ ᠪᠣᠳᠣᠯᠭ᠎ᠠ ᠶᠢ ᠦᠳᠳᠡᠷ ᠲᠦᠷᠭᠡᠨ ᠪᠠᠷ ᠳᠦᠯᠬᠢᠨ ᠠᠬᠢᠭᠤᠯᠣᠨ᠎ᠠ᠃ ᠪᠠᠷᠢᠯᠭ᠎ᠠ ᠪᠠᠷᠢᠬᠤ ᠨᠢᠭᠡᠴᠡ ᠶᠢᠨ ᠢᠳᠡᠭᠡᠮᠵᠢ ᠶᠢᠨ ᠬᠠᠮᠢᠶᠠᠷᠣᠯᠲᠡ ᠶᠢ ᠴᠢᠩᠭᠠᠳᠬᠠᠵᠤ᠂ ᠬᠦᠯᠦᠰᠣᠨ ᠠᠵᠢᠯᠴᠢᠨ ᠤ ᠴᠠᠯᠢᠩ ᠢ ᠲᠦᠪ ᠴᠢᠩᠭ᠎ᠠ ᠨᠠᠶᠢᠳᠠᠪᠦᠷᠢᠵᠢᠭᠤᠯᠣᠨ᠎ᠠ᠃ ︽ᠬᠤᠶᠠᠷ ᠠᠯᠳᠠ᠂ ᠭᠤᠷᠪᠡᠨ ᠪᠠᠶᠢᠭᠤᠯᠣᠯ︾ ᠤᠨ ᠳᠦᠷᠢᠮ ᠳᠣᠭᠳᠠᠭᠠᠯ᠂ ᠬᠦᠯᠦᠰᠣᠨ ᠠᠵᠢᠯᠴᠢᠨ ᠤ ᠬᠠᠣᠯᠢ ᠶᠣᠰᠣᠨ ᠤ ᠡᠷᠬᠡ ᠠᠰᠢᠭ ᠢ ᠰᠠᠶᠢᠳᠣᠷ ᠪᠠᠳᠣᠯᠠᠨ᠎ᠠ᠃ᠨᠡᠶᠢᠭᠡᠮ ᠤᠨ ᠵᠠᠰᠡᠯᠲᠡ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃  ᠠᠮᠣᠷ ᠲᠠᠶᠢᠪᠣᠩ ᠬᠤᠲᠡ ᠶᠢᠨ ᠪᠦᠳᠦᠭᠡᠨ ᠪᠠᠶᠢᠭᠤᠯᠣᠯᠲᠡ ᠶᠢ ᠲᠦᠷᠬᠡᠳᠭᠡᠨ ᠠᠬᠢᠭᠤᠯᠣᠨ᠎ᠠ᠃ ᠡᠯ᠎ᠡ ᠲᠦᠷᠦᠯ ᠤᠨ ᠬᠠᠣᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠣᠬᠢᠯᠲᠡ ᠦᠭᠭᠦᠨ᠎ᠡ᠃ ︽ᠮᠠᠭᠤ ᠮᠠᠭᠤᠬᠠᠢ ᠶᠢ ᠳᠠᠷᠣᠨ᠂ ᠬᠠᠷᠬᠢᠰ ᠬᠦᠴᠦᠨ ᠢ ᠣᠰᠡᠳᠬᠠᠬᠤ︾ ᠳᠣᠰᠬᠠᠢ ᠲᠡᠮᠡᠴᠡᠯ ᠢ ᠬᠦᠨᠵᠡᠭᠡᠢ ᠦᠷᠨᠢᠬᠦᠯᠦᠨ᠂ ᠬᠠᠷ᠎ᠡ ᠨᠡᠶᠢᠭᠡᠮ ᠬᠠᠷᠬᠢᠰ ᠬᠦᠴᠦᠨ ᠪᠣᠯᠣᠨ ︽ᠬᠠᠯᠬᠠᠪᠴᠢ︾ ᠢ ᠬᠠᠣᠯᠢ ᠶᠣᠰᠦ ᠪᠠᠷ ᠴᠢᠩᠭ᠎ᠠ ᠰᠢᠢᠳᠬᠡᠨ᠎ᠡ᠃ ᠬᠢᠨᠳᠡᠨ ᠤ ᠬᠠᠮᠢᠶᠠᠷᠣᠯᠲᠡ ᠪᠣᠯᠣᠨ ᠪᠠᠴᠢᠮ ᠪᠠᠶᠢᠳᠡᠯ  ᠢ ᠠᠷᠭᠠᠴᠠᠬᠤ ᠬᠠᠮᠢᠶᠠᠷᠣᠯᠲᠡ ᠶᠢ ᠴᠢᠩᠭᠠᠳᠬᠠᠨ᠎ᠠ᠃ ᠰᠢᠨ᠎ᠡ ᠶᠢ ᠡᠭᠦᠳᠬᠦ ᠬᠦᠭᠵᠢᠯᠲᠡ ᠶᠢᠨ ᠰᠢᠨ᠎ᠡ ᠴᠠᠭ ᠦᠶ᠎ᠡ ︽ᠹᠧᠩ ᠴᠢᠶᠣᠣ ᠶᠢᠨ ᠳᠣᠷᠰᠢᠯᠭ᠎ᠠ︾ ᠨᠡᠶᠢᠬᠡᠮ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠬᠤ ᠨᠠᠮᠳᠠᠭᠤᠯᠬᠤ ᠢ ᠪᠠᠶᠢᠩᠭᠤ ᠦᠷᠨᠢᠬᠦᠯᠵᠤ᠂ ᠬᠠᠮᠤᠭ ᠶᠡᠭᠡ ᠬᠡᠮᠵᠢᠶ᠎ᠡ ᠪᠠᠷ ᠵᠦᠷᠢᠴᠡᠯ ᠵᠢᠭᠤᠷᠠᠯᠳᠣᠭᠠᠨ ᠢ ᠳᠣᠬᠠᠢ ᠶᠢᠨ ᠭᠠᠵᠡᠷ ᠲᠤ ᠨᠢ  ᠰᠢᠢᠳᠪᠦᠷᠢᠯᠡᠨ᠎ᠡ᠃ ᠳᠣᠯᠣᠳᠣᠭᠠᠷ ᠲᠠᠪᠣᠨ ᠵᠢᠯ ᠤᠨ ᠬᠠᠣᠯᠢ ᠴᠠᠭᠠᠵᠠ ᠶᠢ ᠳᠦᠬᠡᠮᠡᠯᠵᠢᠬᠦᠯᠬᠦ ᠶᠢ ᠬᠦᠨᠵᠡᠭᠡᠢ ᠦᠷᠨᠢᠬᠦᠯᠵᠤ᠂ ᠣᠯᠡᠨ ᠨᠡᠶᠢᠳᠡ ᠶᠢᠨ ᠬᠠᠣᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠢ ᠳᠡᠭᠦᠯᠳᠡᠷᠵᠢᠬᠦᠯᠵᠤ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠢ. ᠳᠡᠭᠦᠯᠳᠡᠷᠵᠢᠬᠦᠯᠦᠨ᠎ᠡ᠃ ᠴᠠᠭ ᠢᠮᠠᠭᠲᠠ ᠠᠶᠣᠯ ᠦᠬᠡᠢ ᠦᠢᠯᠡᠳᠪᠦᠷᠢᠯᠡᠯ ᠢᠶᠠᠨ ᠲᠡᠷᠢᠬᠦᠨ ᠪᠠᠶᠢᠷᠢᠨ ᠳᠤ ᠲᠠᠯᠪᠢᠵᠤ᠂ ᠠᠶᠣᠯᠬᠦᠢ ᠦᠢᠯᠡᠳᠪᠦᠷᠢᠯᠡᠯ ᠤᠨ ᠡᠨᠡᠬᠦ ᠬᠦᠪᠴᠢ ᠶᠢ ᠴᠠᠭ ᠢᠮᠠᠭᠲᠡ ᠴᠢᠩᠭᠠᠯᠡᠨ ᠬᠦᠪᠴᠢᠯᠡᠵᠤ᠂ ᠠᠭᠤᠷᠬᠠᠢ ᠬᠦᠨᠵᠡᠭᠡᠶᠢᠷᠡᠬᠦᠯᠬᠦ᠂ ᠠᠶᠣᠯ ᠲᠠᠢ ᠬᠢᠮᠢ ᠶᠢᠨ ᠠᠵᠤ ᠠᠬᠤᠶᠢᠯᠡᠯ᠂ ᠢᠳᠡᠭᠡᠨ ᠤ ᠵᠣᠶᠢᠯ᠂ ᠡᠮ ᠤᠨ ᠵᠣᠶᠢᠯ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ  ᠤᠨ ᠬᠦᠷᠢᠶᠡᠨ ᠤ ᠳᠣᠰᠬᠠᠢ ᠵᠣᠶᠢᠯᠡᠰ ᠤᠨ ᠴᠡᠭᠴᠡᠯᠡᠨ ᠵᠠᠰᠡᠬᠤ ᠪᠠ ᠳᠠᠯᠲᠡ ᠬᠡᠮ ᠢ ᠵᠢᠭᠰᠠᠭᠠᠨ ᠪᠠᠶᠢᠴᠠᠭᠠᠵᠤ᠂ ᠠᠮᠢᠲᠡᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠳᠣᠷ ᠬᠢᠵᠤ᠂ ᠬᠦᠨᠳᠦ ᠠᠳᠡᠯ ᠭᠠᠷᠬᠤ ᠶᠢ ᠡᠷᠡᠰ ᠬᠤᠷᠢᠭᠯᠠᠨ᠎ᠠ᠃ ᠦᠨᠳᠦᠰᠣᠲᠡᠨ ᠤ ᠪᠦᠯᠬᠦᠮᠳᠡᠯ ᠳᠠᠪᠰᠢᠯᠲᠡ ᠶᠢ ᠡᠭᠦᠳᠦᠨ ᠪᠠᠶᠢᠭᠤᠯᠬᠤ ᠠᠵᠢᠯ ᠢ ᠬᠦᠨᠵᠡᠬᠡᠢ ᠦᠷᠨᠢᠬᠦᠯᠵᠤ᠂ ᠱᠠᠰᠢᠨ ᠰᠣᠷᠳᠠᠬᠤᠨ ᠤ ᠬᠡᠷᠡᠭ ᠶᠠᠪᠣᠳᠡᠯ ᠤᠨ ᠬᠠᠮᠢᠶᠠᠷᠣᠯᠲᠡ ᠶᠢ ᠴᠢᠩᠭᠠᠳᠬᠠᠵᠤ᠂, ᠮᠣᠩᠭᠤᠯ ᠦᠬᠡ ᠬᠡᠯᠡ ᠦᠰᠦᠭ ᠪᠢᠴᠢᠭ  ᠤᠨ ᠬᠡᠷᠡᠭᠯᠡᠬᠡᠨ ᠢ ᠳᠦᠷᠢᠮᠵᠢᠭᠦᠯᠵᠤ᠂ ᠪᠦᠬᠦ ᠣᠯᠣᠰ   ᠤᠨ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠵᠢᠱᠢᠶ᠎ᠡ ᠦᠵᠡᠬᠦᠯᠬᠦ ᠬᠤᠰᠢᠭᠤ ᠪᠣᠯᠭᠠᠨ ᠪᠦᠳᠦᠭᠡᠨ ᠪᠠᠶᠢᠭᠤᠯᠣᠨ᠎ᠠ᠃ ᠴᠡᠷᠢᠭ   ᠤᠨ ᠶᠠᠪᠣᠳᠡᠯ ᠪᠠ ᠣᠯᠣᠰ ᠤᠨ ᠪᠠᠳᠣᠯᠡᠨ ᠬᠠᠮᠠᠭᠠᠯᠡᠯᠲᠡ ᠶᠢᠨ ᠪᠦᠳᠦᠭᠡᠨ ᠪᠠᠶᠢᠭᠤᠯᠣᠯᠲᠡ ᠶᠢ ᠳᠡᠮᠵᠢᠵᠤ᠂ ᠴᠡᠷᠢᠭ ᠤᠨ ᠠᠯᠪᠡᠨ ᠠᠴᠠ ᠪᠠᠭᠤᠭᠰᠡᠳ ᠤᠨ ᠦᠢᠯᠡᠴᠢᠯᠡᠭᠡ ᠬᠠᠮᠢᠶᠠᠷᠣᠯᠲᠡ ᠶᠢᠨ ᠠᠵᠢᠯ ᠢ ᠴᠢᠩᠭᠠᠳᠬᠠᠨ᠎ᠠ᠃ ᠪᠦᠬᠦ ᠣᠯᠣᠰ ᠤᠨ ᠳᠦᠷᠪᠡᠳᠣᠬᠡᠷ ᠣᠳᠠᠭᠠᠨ ᠤ ᠠᠵᠤ ᠠᠬᠤᠢ ᠶᠢᠨ ᠨᠠᠶᠢᠳᠡᠮ ᠪᠠᠶᠢᠴᠠᠭᠠᠯᠲᠡ ᠶᠢ ᠯᠠᠪᠳᠠᠭᠤᠨ ᠪᠠᠳᠣᠲᠡᠢ ᠦᠷᠨᠢᠬᠦᠯᠦᠨ᠎ᠡ᠃ ᠠᠮᠣ ᠪᠣᠳᠠᠭᠠᠨ ᠤ ᠠᠶᠣᠯᠬᠦᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠣᠨ᠎ᠠ᠃ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠣᠳ ᠤᠨ ᠡᠪᠯᠡᠯ᠂ ᠡᠮᠡᠭᠳᠠᠶᠢᠴᠣᠳ ᠤᠨ ᠬᠤᠯᠪᠣᠭ᠎ᠠ᠂ ᠦᠢᠯᠡᠳᠪᠦᠷᠢ ᠬᠤᠳᠠᠯᠳᠣᠭᠠᠴᠢᠳ ᠤᠨ ᠬᠤᠯᠪᠣᠭ᠎ᠠ᠂ ᠵᠣᠬᠢᠶᠠᠯᠴᠢ ᠣᠷᠠᠯᠢᠭᠴᠢ ᠶᠢᠨ ᠬᠤᠯᠪᠣᠭ᠎ᠠ᠂ ᠲᠧᠭᠨᠢᠭ ᠤᠨ ᠡᠪᠯᠡᠯ᠂ ᠣᠯᠠᠭᠠᠨ ᠵᠠᠭᠠᠯᠮᠠᠶᠢᠳᠡᠨ ᠤ ᠡᠪᠯᠡᠯ ᠵᠡᠷᠭᠡ ᠣᠯᠡᠨ ᠲᠦᠮᠡᠨ ᠤ ᠵᠣᠬᠢᠶᠠᠨ ᠪᠠᠶᠢᠭᠤᠯᠬᠤ ᠠᠵᠢᠯ ᠢ ᠢᠳᠡᠪᠬᠢᠲᠡᠢ ᠳᠡᠮᠵᠢᠨ᠂  ᠭᠠᠳᠠᠭᠠᠳᠦ ᠶᠠᠪᠣᠳᠡᠯ᠂ ᠴᠠᠭ ᠠᠭᠤᠷ ᠤᠨ ᠪᠠᠶᠢᠳᠡᠯ ᠳᠠᠩᠰᠡ ᠡᠪᠬᠡᠮᠡᠯ ᠲᠡᠣᠬᠡ ᠦᠢᠯᠡᠯᠭ᠎ᠠ᠂ ᠭᠠᠵᠡᠷ ᠬᠦᠳᠡᠯᠦᠯᠲᠡ ᠠᠴᠠ ᠰᠡᠷᠭᠡᠶᠢᠯᠡᠵᠤ᠂ ᠭᠠᠮᠰᠢᠭ  ᠢ ᠪᠠᠭᠠᠰᠬᠠᠬᠤ ᠵᠡᠷᠬᠡ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠦᠯᠦᠪᠯᠡᠨ ᠠᠬᠢᠭᠤᠯᠣᠨ᠎ᠠ᠃ ᠲᠦᠯᠦᠭᠡᠯᠡᠭᠴᠢᠳ᠂  ᠠᠷᠡᠳᠴᠢᠯᠡᠯ ᠢ ᠪᠠᠳᠠᠷᠠᠭᠤᠯᠬᠤ᠂ ᠠᠷᠡᠳ ᠤᠨ ᠰᠠᠨᠠᠭ᠎ᠠ ᠶᠢ ᠢᠯᠡᠷᠡᠭᠦᠯᠦᠨ᠂ ᠠᠷᠡᠳ ᠤᠨ ᠣᠶᠣᠨ ᠢ ᠬᠤᠷᠠᠮᠳᠣᠭᠤᠯᠬᠤ ᠨᠢ ᠵᠠᠰᠠᠭ ᠤᠨ ᠣᠷᠳᠣᠨ ᠤ ᠠᠵᠢᠯ ᠢ ᠰᠠᠶᠢᠳᠣᠷ ᠬᠢᠬᠦ ᠦᠨᠳᠦᠰᠦᠨ ᠱᠠᠭᠠᠷᠳᠠᠯᠭ᠎ᠠ ᠪᠣᠯᠣᠨ ᠦᠨᠢᠲᠡ ᠶᠢᠨ ᠬᠦᠳᠡᠯᠭᠡᠭᠴᠢ ᠬᠦᠴᠦᠨ ᠪᠣᠯᠣᠨ᠎ᠠ᠃ ᠠᠷᠡᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ᠂ ᠣᠯᠡᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠪᠦᠬᠦᠨ ᠢ ᠦᠨᠡᠨ ᠬᠦ ᠰᠢᠢᠳᠪᠦᠷᠢᠯᠡᠵᠤ᠂ ᠨᠡᠶᠢᠬᠡᠮ ᠤᠨ ᠠᠩᠬᠠᠷᠴᠣ ᠪᠠᠶᠢᠭ᠎ᠠ ᠠᠷᠡᠳ ᠤᠨ ᠠᠮᠢᠳᠣᠷᠡᠯ ᠤᠨ ᠠᠰᠠᠭᠤᠳᠡᠯ᠂ ᠠᠷᠡᠳ ᠤᠨ ᠠᠮᠢᠳᠣᠷᠡᠯ ᠢ ᠳᠦᠯᠬᠢᠨ ᠠᠬᠢᠭᠤᠯᠵᠤ ᠰᠢᠢᠳᠪᠦᠷᠢᠲᠦ ᠪᠣᠳᠣᠯᠭ᠎ᠠ ᠳᠣᠭᠳᠠᠭᠠᠬᠤ ᠶᠠᠪᠣᠳᠡᠯ ᠢ ᠠᠷᠡᠳᠴᠢᠯᠠᠬᠤ᠂ ᠰᠢᠨᠵᠢᠯᠡᠬᠦ ᠣᠬᠠᠭᠠᠨᠴᠢᠯᠠᠬᠤ᠂ ᠬᠠᠣᠯᠢ ᠪᠠᠷ ᠳᠦᠷᠢᠮᠵᠢᠬᠦᠯᠬᠦ᠂ ᠠᠷᠡᠳ ᠤᠨ ᠠᠮᠢᠳᠣᠷᠡᠯ ᠤᠨ ᠪᠣᠳᠠᠳᠦ ᠶᠠᠪᠣᠳᠡᠯ ᠢ ᠣᠯᠡᠨ ᠲᠦᠮᠡᠨ ᠳᠤ ᠣᠯᠡᠮ ᠣᠶᠢᠷᠠᠳᠣᠭᠤᠯᠵᠤ ᠦᠭᠬᠦ᠂ ᠦᠨᠦ ᠵᠢᠯ ᠮᠠᠨ ᠤ ᠬᠤᠰᠢᠭᠤ ᠠᠩᠬ᠎ᠠ ᠣᠳᠠᠭ᠎ᠠ ᠠᠷᠡᠳ ᠤᠨ ᠠᠮᠢᠳᠣᠷᠡᠯ ᠤᠨ ᠪᠣᠳᠠᠳᠦ ᠬᠡᠷᠡᠭ ᠤᠨ ᠵᠣᠶᠢᠯᠡᠰ ᠲᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠲᠦᠯᠦᠭᠡᠯᠡᠭᠴᠢᠳ ᠫᠢᠶᠣᠣ ᠦᠭᠴᠣ ᠳᠣᠭᠳᠠᠭᠠᠬᠤ ᠳᠦᠷᠢᠮ ᠤᠨ ᠳᠣᠷᠰᠢᠯᠲᠠ ᠶᠢᠨ ᠴᠡᠭ ᠤᠨ ᠠᠵᠢᠯ ᠪᠣᠯᠭᠠᠨ᠎ᠠ᠃ ᠬᠤᠰᠢᠭᠤᠨ ᠤ ᠵᠠᠰᠠᠭ ᠤᠨ ᠣᠷᠳᠣᠨ ᠦᠷᠭᠡᠨ ᠣᠯᠡᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠲᠦᠯᠦᠭᠡᠯᠡᠭᠴᠢ ᠶᠢ ᠦᠷᠭᠡᠨ ᠢᠶᠠᠷ ᠬᠤᠷᠢᠶᠠᠵᠤ᠂ ᠣᠯᠣᠰ ᠲᠦᠷᠦ ᠶᠢᠨ ᠵᠦᠪᠯᠡᠯᠭᠡᠨ ᠤ ᠭᠡᠰᠢᠬᠦᠨ᠂ ᠨᠡᠶᠢᠬᠡᠮ ᠤᠨ ᠡᠯ᠎ᠡ ᠡᠳᠡᠭᠡᠳ ᠤᠨ ᠰᠠᠭᠤᠷᠢᠨ ᠳᠡᠭᠡᠷ᠎ᠡ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠳᠣᠯᠬᠤ᠂ ᠰᠣᠷᠭᠠᠨ ᠬᠦᠮᠦᠵᠢᠯ ᠡᠮ ᠡᠮᠨᠡᠯᠬᠡ᠂ ᠨᠡᠶᠢᠭᠡᠮ  ᠤᠨ ᠪᠠᠳᠣᠯᠠᠭ᠎ᠠ᠂ ᠬᠤᠳᠡ ᠶᠢᠨ ᠪᠠᠶᠢᠭᠤᠯᠣᠯᠲᠠ ᠵᠡᠷᠭᠡ ᠲᠠᠯ᠎ᠠ ᠪᠠᠷ8 ᠵᠣᠶᠢᠯ ᠤᠨ ᠠᠷᠡᠳ ᠤᠨ ᠠᠮᠢᠳᠣᠷᠡᠯ ᠤᠨ ᠪᠣᠳᠠᠳᠦ ᠶᠠᠪᠣᠳᠡᠯ ᠢ ᠰᠠᠶᠢᠳᠣᠷ ᠬᠢᠨ᠎ᠡ᠃ ᠲᠣᠰ ᠣᠳᠠᠭᠠᠨ ᠤ ᠶᠡᠭᠡ ᠬᠤᠷᠡᠯ ᠳᠤ ᠫᠢᠶᠣᠣ ᠦᠭᠴᠣ ᠰᠣᠩᠭᠤᠵᠤ ᠳᠣᠭᠳᠠᠭᠠᠬᠤ ᠶᠢ ᠳᠡᠪᠰᠢᠬᠦᠯᠦᠨ᠂ ᠬᠤᠰᠢᠭᠤᠨ ᠤ ᠵᠠᠰᠠᠭ ᠤᠨ ᠣᠷᠳᠣᠨ ᠵᠣᠭᠤᠰ ᠮᠦᠩᠭᠦ ᠲᠦᠪᠯᠡᠷᠡᠭᠦᠯᠦᠨ᠂ ᠬᠦᠴᠦᠨ ᠴᠢᠳᠡᠯ ᠢᠶᠠᠨ  ᠨᠢᠭᠳᠠᠷᠠᠭᠤᠯᠵᠤ᠂ ᠨᠢᠬᠡ ᠨᠢᠬᠡ ᠪᠠᠷ ᠨᠠᠶᠢᠳᠠᠪᠦᠷᠢᠵᠢᠭᠤᠯᠬᠤ ᠶᠢ ᠰᠠᠶᠢᠳᠣᠷ ᠠᠳᠬᠤᠵᠤ᠂ ᠪᠦᠬᠦ ᠬᠤᠰᠢᠭᠤᠨ ᠤ ᠠᠷᠡᠳ ᠲᠦᠮᠡᠨ ᠳᠤ ᠦᠭᠡᠷᠡᠴᠢᠯᠡᠯᠲᠠ ᠬᠦᠭᠵᠢᠯᠲᠠ ᠶᠢᠨ ᠦᠷ᠎ᠡ ᠪᠦᠳᠦᠭᠡᠯ ᠢ ᠡᠳᠡᠯᠡᠬᠦᠯᠵᠤ᠂ ᠭᠠᠷ ᠬᠦᠲᠡᠯᠦᠯᠴᠡᠨ ᠬᠠᠮᠳᠦ ᠪᠠᠷ ᠵᠣᠯ ᠵᠢᠷᠭᠠᠯᠳᠦ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤ ᠪᠣᠯᠭᠠᠨ ᠴᠡᠭᠴᠡᠯᠡᠨ ᠪᠠᠶᠢᠭᠤᠯᠣᠨ᠎ᠠ᠃ᠠᠷᠡᠳ ᠲᠦᠮᠡᠨ ᠤ ᠰᠡᠳᠬᠢᠯ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠬᠦᠴᠦᠯᠡᠨ  ᠪᠠᠶᠢᠭᠤᠯᠣᠨ᠎ᠠ᠃     ᠰᠢᠨ᠎ᠡ ᠴᠠᠭ ᠦᠶ᠎ᠡ ᠳᠤ ᠰᠠᠭᠤᠷᠢᠯᠡᠨ᠂ ᠰᠢᠨ᠎ᠡ ᠦᠵᠡᠯ ᠰᠠᠨᠠᠭ᠎ᠠ ᠪᠠᠷ ᠦᠢᠯᠡᠳᠣᠯᠭᠡᠵᠢᠬᠦᠯᠵᠤ᠂ ᠬᠤᠰᠢᠭᠤᠨ ᠤ ᠵᠠᠰᠠᠭ  ᠤᠨ ᠣᠷᠳᠣᠨ ᠨᠡᠩ ᠶᠡᠭᠡ ᠬᠦᠰᠡᠯ  ᠡᠷᠡᠮᠡᠯᠵᠡᠯ ᠢ ᠠᠴᠢᠶᠠᠯᠠᠵᠤ᠂ ᠨᠡᠩ ᠶᠡᠭᠡ ᠬᠠᠷᠢᠭᠤᠴᠠᠯᠭ᠎ᠠ ᠶᠢ ᠡᠭᠦᠷᠬᠡᠯᠡᠵᠤ ᠪᠠᠶᠢᠨ᠎ᠠ᠃ ᠬᠤᠰᠢᠭᠤᠨ ᠤ ᠵᠠᠰᠠᠭ ᠤᠨ ᠣᠷᠳᠣᠨ ᠣᠳᠣᠷᠢᠳᠬᠤ ᠪᠠᠭ ᠢ ᠨᠠᠷᠢᠨ ᠬᠢᠨᠠᠮᠠᠭᠠᠢ ᠲᠣᠣᠱᠠᠯᠠᠭᠤᠯᠣᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠤ᠂  ᠪᠠᠶᠢᠭᠤᠯᠣᠮᠵᠢ ᠶᠢᠨ ᠦᠭᠡᠷᠡᠴᠢᠯᠡᠯᠲᠠ ᠪᠠᠷ ᠠᠵᠠ ᠳᠣᠬᠢᠶᠠᠯ ᠪᠣᠯᠭᠠᠵᠤ᠂  ᠵᠠᠰᠠᠭ ᠤᠨ  ᠣᠷᠳᠣᠨ ᠤ ᠡᠭᠦᠷᠭᠡ ᠴᠢᠳᠡᠯ ᠪᠣᠯᠭᠠᠨ ᠬᠤᠪᠢᠷᠭᠠᠨ᠎ᠠ᠃ ᠵᠠᠰᠠᠭ ᠵᠠᠬᠢᠷᠭᠠᠨ ᠤ ᠠᠵᠢᠯᠯᠠᠭ᠎ᠠ ᠶᠢ ᠳᠦᠷᠢᠮᠵᠢᠭᠦᠯᠦᠨ᠂ ᠦᠢᠯᠡᠴᠢᠯᠡᠬᠡᠨ ᠤ ᠬᠦᠴᠦᠨ ᠢ ᠰᠢᠯᠢᠳᠡᠭᠵᠢᠬᠦᠯᠦᠨ᠂ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠵᠤ᠂ ᠨᠠᠮ ᠳᠠᠭᠠᠨ  ᠴᠡᠪᠡᠷ ᠦᠨᠡᠨᠴᠢ ᠬᠠᠷᠢᠭᠤᠴᠠᠯᠭ᠎ᠠ ᠲᠠᠢ ᠪᠠᠶᠢᠵᠤ᠂ ᠠᠷᠡᠳ ᠤᠨ ᠲᠦᠯᠦᠭᠡ ᠪᠣᠳᠠᠳᠦ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠺᠠᠳᠡᠷ ᠤᠨ ᠡᠩᠨᠡᠭᠡ ᠶᠢ ᠪᠣᠢ ᠪᠣᠯᠭᠠᠵᠤ᠂ ᠠᠷᠡᠳ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃ᠣᠯᠣᠰ ᠲᠦᠷᠦ ᠶᠢᠨ ᠪᠠᠶᠢᠭᠤᠯᠣᠯᠲᠠ ᠶᠢ ᠴᠢᠩᠭᠠᠳᠬᠠᠵᠤ᠂ ᠭᠤᠣᠯ ᠪᠣᠯᠬᠤ ᠶᠢ ᠡᠷᠡᠰ ᠬᠠᠮᠠᠭᠠᠯᠠᠨ᠎ᠠ᠃  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ  ᠪᠠᠷ ᠲᠠᠷᠢᠬᠢ  ᠲᠣᠯᠣᠭᠠᠢ ᠪᠠᠨ ᠵᠡᠪᠰᠡᠭᠯᠡᠬᠦ ᠶᠢ ᠪᠠᠷᠢᠮᠳᠠᠯᠠᠵᠤ᠂ ᠠᠵᠢᠯ ᠢ ᠵᠢᠯᠣᠭᠤᠳᠴᠣ᠂ ︽ ᠳᠦᠷᠪᠡᠨ ᠦᠵᠡᠯ︾ ᠢ ᠴᠢᠩᠭᠠᠷᠠᠭᠤᠯᠵᠤ᠂ ︽ᠳᠦᠷᠪᠡᠨ ᠢᠳᠡᠬᠡᠯ  ︾   ᠢ ᠪᠠᠷᠢᠮᠳᠠᠯᠠᠵᠤ᠂ ︽ᠬᠤᠶᠠᠷ ᠬᠠᠮᠠᠭᠠᠯᠡᠯᠲᠡ︾ ᠶᠢ ᠬᠦᠢᠴᠡᠳᠭᠡᠨ᠎ᠡ᠃ ᠨᠠᠮ ᠤᠨ ᠲᠦᠪ ᠬᠤᠷᠢᠶ᠎ᠠ ᠶᠢ ᠡᠷᠡᠰ ᠲᠣᠣᠱᠠᠯᠠᠭᠤᠯᠣᠨ ᠨᠠᠶᠢᠳᠠᠪᠦᠷᠢᠵᠢᠭᠤᠯᠬᠤ᠂ ᠲᠦᠷᠦ ᠶᠢᠨ ᠶᠠᠪᠣᠳᠡᠯ ᠤᠨ ᠬᠤᠷᠢᠶᠠᠨ ᠤ ᠡᠯ᠎ᠡ ᠵᠣᠶᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠲᠠ᠂ ᠴᠠᠭ ᠢᠮᠠᠭᠲᠠ ᠬᠦᠭᠵᠢᠯᠲᠠ  ᠶᠢᠨ ᠶᠡᠭᠡ ᠲᠠᠯ᠎ᠠ ᠶᠢᠨ ᠳᠣᠮᠲᠠ ᠪᠠᠶᠢᠷᠢ ᠪᠠᠨ ᠳᠣᠭᠳᠠᠭᠠᠬᠤ ᠠᠵᠢᠯ ᠢᠶᠠᠨ ᠶᠡᠭᠡ ᠲᠠᠯ᠎ᠠ ᠳᠤ ᠠᠬᠢᠭᠤᠯᠣᠯᠲᠠ ᠬᠢᠨ᠎ᠡ᠃ ︽ᠬᠤᠶᠠᠷ ᠢ ᠰᠣᠷᠣᠯᠴᠠᠵᠤ᠂ ᠨᠢᠭᠡ ᠳᠤ ᠲᠡᠩᠴᠡᠭᠦᠯᠬᠦ︾ ᠶᠢ ᠬᠦᠨᠵᠡᠭᠡᠢ ᠠᠬᠢᠭᠤᠯᠵᠤ᠂ ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ᠂ ︽ ᠣᠭ ᠰᠠᠨᠠᠭ᠎ᠠ ᠪᠠᠨ ᠦᠯᠦ ᠮᠠᠷᠳᠡᠵᠤ᠂ ᠡᠭᠦᠷᠭᠡ ᠬᠠᠷᠢᠭᠤᠴᠠᠯᠭ᠎ᠠ ᠪᠠᠨ ᠪᠠᠳᠦ ᠴᠡᠬᠡᠵᠢᠯᠡᠬᠦ︾ ᠭᠤᠣᠯ ᠰᠡᠳᠦᠪᠳᠦ ᠬᠦᠮᠦᠵᠢᠯ ᠢ ᠯᠠᠪᠳᠠᠭᠤᠨ ᠪᠠᠳᠣᠲᠡᠢ ᠦᠷᠨᠢᠭᠦᠯᠦᠨ᠂ ᠰᠣᠷᠣᠯᠴᠠᠬᠤ   ᠶᠢᠨ ᠳᠠᠭᠠᠣ ᠰᠡᠳᠬᠢᠵᠤ  ᠦᠢᠯᠡᠳᠦᠯᠭᠡᠵᠢᠭᠦᠯᠬᠦ ᠵᠢᠨ‌‍ᠲ᠋ᠠᠭᠠᠣ ᠪᠠᠷᠢᠮᠳᠠᠯᠠᠵᠤ᠂ ᠬᠢᠬᠦᠢ ᠮᠡᠳᠡᠬᠦᠢ ᠶᠢᠨ ᠨᠢᠭᠡᠳᠦᠯ᠂ ᠰᠣᠷᠣᠯᠴᠠᠯᠭ᠎ᠠ ᠬᠦᠮᠦᠵᠢᠯ ᠤᠨ ᠳᠣᠮᠲᠠ ᠳᠠᠰᠣᠷᠡᠯᠲᠠ ᠦᠭᠡᠢ ᠴᠢᠩᠭᠠᠳᠬᠠᠵᠤ᠂ ᠬᠦᠭᠵᠢᠯᠲᠠ ᠶᠢ ᠠᠬᠢᠭᠤᠯᠬᠤ᠂ ᠣᠯᠡᠨ ᠲᠦᠮᠡᠨ   ᠳᠤ ᠦᠢᠯᠡᠴᠢᠯᠡᠬᠦ ᠴᠢᠳᠠᠪᠦᠷᠢ ᠪᠣᠯᠣᠨ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠎ᠡ᠃ᠬᠠᠣᠯᠢ ᠪᠠᠷ ᠵᠠᠰᠡᠬᠤ ᠪᠠᠶᠢᠭᠤᠯᠣᠯᠲᠠ ᠶᠢ ᠴᠢᠩᠭᠠᠳᠬᠠᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ ︽ᠬᠠᠣᠯᠢ ᠪᠠᠷ ᠵᠠᠰᠡᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢᠨ ᠬᠡᠷᠡᠭᠵᠢᠬᠦᠯᠬᠦ ᠬᠦᠲᠦᠯᠪᠦᠷᠢ︾ ᠶᠢ ᠪᠦᠬᠦ ᠲᠠᠯ᠎ᠠ ᠪᠠᠷ ᠲᠣᠣᠱᠠᠯᠠᠭᠤᠯᠣᠨ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠳᠦᠷᠢᠮ ᠤᠨ ᠦᠭᠡᠷᠡᠴᠢᠯᠡᠯᠲᠠ ᠶᠢ ᠲᠦᠷᠭᠡᠳᠬᠡᠵᠤ᠂ ᠴᠢᠩᠭ᠎ᠠ ᠳᠣᠭᠳᠠᠭᠠᠭᠰᠡᠨ ᠡᠷᠬᠡ ᠶᠢᠨ ᠬᠡᠪᠴᠢᠶ᠎ᠠ ᠪᠠ ᠵᠢᠷᠦᠮ ᠤᠨ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠪᠣᠯᠣᠨ᠎ᠠ᠃ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠪᠠ ︽ᠭᠤᠷᠪᠡᠨ ᠴᠢᠬᠤᠯᠠ ᠨᠢᠭᠡ ᠶᠡᠭᠡ︾ ᠳᠦᠷᠢᠮ ᠳᠣᠭᠳᠠᠭᠠᠯ ᠢ ᠲᠡᠭᠦᠯᠳᠡᠷᠵᠢᠬᠦᠯᠵᠤ᠂ ᠰᠢᠨᠵᠢᠯᠡᠬᠦ ᠣᠬᠠᠭᠠᠨᠴᠢ ᠪᠠᠷ ᠠᠷᠡᠳᠴᠢᠯᠡᠯ ᠢᠶᠠᠷ ᠰᠢᠢᠳᠪᠦᠷᠢᠲᠦ ᠪᠣᠳᠣᠯᠭ᠎ᠠ ᠳᠣᠭᠳᠠᠭᠠᠬᠤ ᠶᠢ ᠠᠬᠢᠭᠤᠯᠣᠨ᠎ᠠ᠃ ᠵᠠᠰᠠᠭ ᠤᠨ ᠶᠠᠪᠣᠳᠡᠯ ᠢ ᠢᠯᠠ ᠪᠣᠯᠭᠠᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠣᠯᠢ ᠴᠠᠭᠠᠵᠠ ᠶᠢᠨ ᠬᠢᠨᠡᠯᠲᠡ ᠲᠠᠯᠪᠢᠬᠤ ᠪᠠ ᠠᠵᠢᠯ   ᠤᠨ ᠬᠢᠨᠡᠯᠲᠠ ᠲᠠᠯᠪᠢᠬᠤ ᠶᠢ ᠣᠬᠠᠮᠰᠡᠷ ᠠᠴᠠ ᠪᠠᠨ ᠬᠦᠯᠢᠶᠡᠨ ᠠᠪᠬᠤ᠂ ᠣᠯᠣᠰ ᠲᠦᠷᠦ ᠶᠢᠨ ᠵᠦᠪᠯᠡᠯᠬᠡᠨ ᠤ ᠠᠷᠡᠳᠴᠢᠯᠡᠯ ᠤᠨ ᠬᠢᠨᠡᠯᠲᠠ᠂ ᠠᠷᠡᠳᠴᠢᠯᠠᠭᠰᠡᠨ ᠨᠠᠮ ᠪᠦᠯᠦᠭ ᠢ ᠨᠠᠷᠢᠨ ᠬᠢᠨᠠᠮᠠᠭᠠᠢ ᠰᠣᠨᠣᠰᠴᠣ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠶᠢᠬᠡᠮ ᠤᠨ ᠡᠯ᠎ᠡ ᠡᠳᠡᠭᠡᠳ ᠤᠨ ᠰᠠᠨᠡᠯ ᠰᠠᠨᠠᠭᠤᠯᠭ᠎ᠠ᠂ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠲᠦᠯᠦᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ ᠲᠦᠷᠦ   ᠶᠢᠨ ᠵᠦᠪᠯᠡᠯᠭᠡᠨ ᠤ ᠭᠡᠰᠢᠭᠦᠳ ᠤᠨ ᠰᠠᠨᠡᠯ ᠵᠦᠪᠯᠡᠯᠭᠡ ᠶᠢ ᠰᠢᠢᠳᠪᠦᠷᠢᠯᠡᠬᠦ ᠶᠠᠰᠣ ᠴᠢᠨᠠᠷ ᠢ ᠳᠠᠰᠣᠷᠡᠯᠲᠠ ᠦᠭᠡᠢ ᠳᠡᠭᠡᠭᠰᠢᠯᠡᠭᠦᠯᠦᠨ᠎ᠡ᠃ᠰᠣᠷᠳᠡᠯ ᠤᠨ ᠪᠠᠶᠢᠭᠤᠯᠣᠯᠲᠠ ᠶᠢ ᠴᠢᠩᠭᠠᠳᠬᠠᠵᠤ᠂ ᠵᠣᠷᠢᠭᠲᠡᠢ ᠪᠠᠷ ᠬᠠᠷᠢᠭᠤᠴᠠᠯᠭ᠎ᠠ ᠡᠭᠦᠷᠭᠡᠯᠡᠨ᠎ᠡ᠃ ᠢᠮᠠᠭᠲᠠ ᠠᠷᠡᠳ ᠤᠨ ᠠᠮᠢᠳᠣᠷᠡᠯ ᠳᠤ ᠠᠩᠬᠠᠷᠣᠯ ᠢᠶᠠᠨ ᠲᠦᠪᠯᠡᠷᠡᠭᠦᠯᠦᠨ᠂ ᠠᠮᠠᠯᠡᠯᠲᠠ ᠪᠠᠨ ᠦᠢᠯᠡᠳᠣᠯᠭᠡᠵᠢᠭᠦᠯᠦᠨ᠎ᠡ᠂ ᠪᠠᠶᠢᠴᠠᠭᠠᠨ ᠰᠣᠳᠣᠯᠣᠯᠲᠠ ᠬᠢᠬᠦ ᠰᠣᠷᠳᠡᠯ ᠢ ᠶᠡᠬᠡᠪᠡᠷ ᠪᠠᠳᠠᠷᠠᠭᠤᠯᠵᠤ᠂ ᠠᠷᠡᠳ ᠲᠤ ᠠᠰᠢᠭᠲᠡᠢ ᠠᠷᠭ᠎ᠠ ᠪᠣᠳᠣᠯᠭ᠎ᠠ  ᠪᠠᠷ ᠠᠷᠡᠳ ᠲᠦᠮᠡᠨ ᠳᠤ ᠠᠰᠢᠭ ᠳᠣᠰᠡ ᠣᠯᠭᠤᠬᠤ ᠶᠢ ᠢᠯᠡᠭᠦᠬᠡᠨ ᠪᠣᠳᠣᠯᠬᠢᠯᠠᠨ᠎ᠠ᠃ ︽ᠪᠣᠳᠠᠳᠡᠢ︾ ᠭᠡᠳᠡᠭ ᠢ ᠲᠡᠷᠢᠭᠦᠨ ᠳᠤ ᠲᠠᠯᠪᠢᠨ ᠪᠠᠷᠢᠮᠳᠠᠯᠠᠵᠤ᠂ ︽ᠬᠢᠬᠦ︾ ᠪᠠᠷ ᠭᠤᠣᠯ ᠪᠣᠯᠭᠠᠵᠤ᠂ ᠭᠤᠣᠯᠳᠠᠯᠭ᠎ᠠ ᠲᠠᠢ ᠠᠵᠢᠯ ᠤᠨ ᠡᠬᠡ ᠳᠠᠩᠰᠡ ᠶᠢᠨ ᠮᠠᠶ᠋ᠢᠭ ᠤᠨ ᠬᠠᠮᠢᠶᠠᠷᠣᠯᠲᠠ ᠶᠢ ᠨᠠᠶᠢᠳᠠᠪᠦᠷᠢᠵᠢᠭᠤᠯᠵᠤ᠂ ᠳᠣᠭᠳᠠᠮᠡᠯ ᠬᠤᠭᠤᠴᠠᠭ᠎ᠠ ᠲᠠᠢ ᠪᠠᠷ ᠳᠣᠬᠢᠷᠠᠭᠤᠯᠣᠯᠲᠠ ᠬᠢᠬᠦ ᠳᠦᠷᠢᠮ ᠢ ᠬᠡᠷᠡᠭᠵᠢᠬᠦᠯᠦᠨ᠂  ︽ᠪᠢᠴᠢᠭ ᠤᠨ ᠣᠪᠣᠭ᠎ᠠ᠂ ᠬᠤᠷᠡᠯ ᠤᠨ ᠳᠠᠯᠡᠢ︾ ᠶᠢ ᠬᠠᠮᠤᠭ ᠤᠨ ᠶᠡᠭᠡ‌‍ᠬᠡᠮᠵᠢᠶ᠎ᠡ ᠪᠠᠷ ᠪᠠᠭᠠᠰᠬᠠᠵᠤ᠂ ᠺᠠᠳᠡᠷ ᠢ ᠬᠡᠷᠡᠭ ᠪᠣᠯᠭᠠᠨ ᠠᠵᠢᠯ ᠶᠠᠪᠣᠳᠡᠯ ᠲᠠᠢ ᠵᠢᠭᠤᠷᠠᠯᠳᠣᠬᠤ ᠪᠠᠨ ᠪᠣᠯᠢᠭᠠᠳ᠂ ᠰᠡᠳᠬᠢᠯ ᠲᠠᠯᠪᠢᠨ᠂ ᠵᠣᠷᠢᠭ ᠰᠢᠭᠤᠳᠴᠣ᠂ ᠨᠡᠩ ᠣᠯᠡᠨ ᠴᠠᠭ ᠪᠣᠯᠣᠨ ᠣᠶᠣᠨ ᠴᠢᠳᠡᠯ ᠢᠶᠠᠨ ᠠᠳᠬᠤᠬᠤ ᠳᠡᠭᠡᠷ᠎ᠡ ᠨᠠᠶᠢᠳᠠᠪᠦᠷᠢᠵᠢᠭᠤᠯᠣᠨ᠂ ᠴᠢᠩᠭ᠎ᠠ ᠬᠠᠮᠢᠶᠠᠷᠬᠤ ᠪᠠ ᠵᠣᠵᠠᠭᠠᠨ ᠬᠠᠶᠢᠷᠠᠯᠠᠬᠤ ᠶᠢ ᠣᠶᠠᠯᠳᠣᠭᠤᠯᠵᠤ᠂ ᠵᠣᠷᠢᠭᠵᠢᠭᠤᠯᠬᠤ ᠪᠠ‌‍ᠬᠢᠵᠠᠭᠠᠷᠯᠠᠬᠤ ᠶᠢ ᠵᠡᠷᠬᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ ᠠᠯᠳᠠᠭ᠎ᠠ ᠪᠣᠷᠣᠭᠤ ᠶᠢ ᠠᠭᠤᠴᠢᠯᠠᠬᠤ ᠳᠣᠭᠳᠠᠴᠠ ᠶᠢ ᠰᠦᠪᠡᠭᠴᠢᠯᠡᠨ ᠪᠠᠶᠢᠭᠤᠯᠵᠤ᠂ ᠬᠠᠷᠢᠭᠤᠴᠠᠯᠭ᠎ᠠ ᠡᠭᠦᠷᠬᠡᠯᠡᠯ ᠢ ᠡᠷᠬᠢᠮᠯᠡᠬᠦ᠂ ᠴᠢᠳᠠᠮᠠᠭᠠᠢ ᠰᠠᠶᠢᠨ ᠠᠵᠢᠯᠯᠠᠵᠤ᠂ ᠪᠣᠳᠠᠲᠡᠢ ᠠᠵᠢᠯᠯᠠᠬᠤ ᠶᠢ ᠴᠢᠬᠤᠯᠠᠴᠢᠯᠠᠬᠤ ᠰᠠᠶᠢᠨ ᠰᠠᠶᠢᠬᠠᠨ ᠵᠠᠰᠠᠭ ᠤᠨ ᠣᠷᠳᠣᠨ ᠢ ᠪᠣᠢ ᠪᠣᠯᠭᠠᠨ᠎ᠠ᠃ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠣᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦᠬᠤᠰᠢᠭᠤᠨ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠬᠡᠪ᠂ ᠳᠡᠭᠡᠷ᠎ᠡ ᠱᠠᠳᠦ ᠨᠢ ᠨᠣᠷᠮ᠎ᠠ ᠳᠣᠣᠷ᠎ᠠ᠂ ᠨᠠᠮ  ᠤᠨ ᠰᠣᠷᠳᠡᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠣᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠣᠳᠣᠷᠢᠳᠬᠤ ᠺᠠᠳᠡᠷᠴᠣᠳ ᠲᠤ ︽ᠨᠢᠬᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠣᠯ ᠳᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠦᠷᠢᠮ ᠢ ᠪᠦᠷᠢᠨᠰᠢᠬᠦᠯᠵᠤ᠂ ᠭᠤᠣᠯᠳᠠᠯᠭ᠎ᠠ ᠲᠠᠢ ᠬᠡᠪᠴᠢᠶ᠎ᠡ᠂  ᠵᠠᠩᠭᠢᠯᠠᠭ᠎ᠠ ᠶᠢᠨ ᠭᠡᠰᠡᠭ᠂ ᠴᠢᠬᠤᠯᠠ ᠠᠵᠢᠯ ᠤᠨ ᠪᠠᠶᠢᠷᠢ ᠶᠢᠨ ᠡᠷᠬᠡ ᠶᠠᠪᠣᠭᠤᠯᠬᠤ ᠶᠢ ᠬᠢᠨᠠᠵᠤ ᠬᠢᠵᠠᠭᠠᠷᠯᠠᠬᠤ ᠶᠢ ᠴᠢᠩᠭᠠᠳᠬᠠᠵᠤ᠂ ᠬᠢᠨᠠᠨ ᠪᠣᠳᠣᠬᠤ ᠶᠢᠨ ᠬᠢᠨᠠᠯᠲᠠ ᠶᠢ ᠴᠢᠩᠭᠠᠳᠬᠠᠵᠤ᠂ ᠣᠯᠣᠰ ᠲᠦᠷᠦ ᠶᠢᠨ ᠡᠯ᠎ᠡ ᠵᠣᠶᠢᠯ ᠤᠨ ᠢᠯᠵᠡᠷᠡᠮᠡᠯ ᠦᠢᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠲᠦᠪ ᠬᠤᠷᠢᠶᠠᠨ ᠤ ᠨᠠᠶᠢᠮᠡᠨ ᠵᠣᠷᠪᠣᠰ ᠳᠣᠭᠳᠠᠭᠠᠯ ᠵᠢᠴᠢ ᠲᠡᠭᠦᠨ ᠢ ᠬᠡᠷᠡᠭᠵᠢᠬᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠬᠦᠯᠵᠤ᠂ ︽ᠳᠦᠷᠪᠡᠨ ᠰᠣᠷᠳᠡᠯ︾ ᠢ ᠡᠷᠡᠰ ᠵᠠᠯᠠᠷᠠᠭᠤᠯᠵᠤ᠂ ᠰᠣᠷᠳᠡᠯ ᠤᠨ ᠪᠠᠶᠢᠭᠤᠯᠣᠯᠲᠠ ᠶᠢᠨ ᠣᠳᠠᠭᠠᠨ ᠳᠠᠭᠠᠭᠠᠮᠠᠭᠠᠢ ᠳᠠᠶᠢᠨ ᠢ ᠰᠠᠶᠢᠳᠣᠷ ᠬᠢᠬᠦ ᠬᠡᠷᠡᠭᠲᠡᠢ᠃ ︽ᠬᠢᠮᠠᠭᠠᠯᠠᠬᠤ︾ ᠦᠵᠡᠯ ᠰᠠᠨᠠᠭ᠎ᠠ ᠶᠢ ᠪᠠᠳᠣ ᠪᠠᠬᠢ ᠪᠣᠯᠭᠠᠵᠤ᠂ ᠳᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠣᠯᠲᠠ ᠶᠢ ᠴᠢᠩᠭᠠᠳᠬᠠᠵᠤ᠂ ︽ᠭᠤᠷᠪᠡᠨ ᠵᠣᠶᠢᠯ ᠤᠨ ᠠᠯᠪᠡᠨ ᠤ ᠵᠠᠷᠣᠳᠡᠯ︾ ᠪᠠ ᠡᠩ ᠤᠨ ᠴᠢᠨᠠᠷᠲᠡᠢ ᠵᠠᠷᠣᠯᠭ᠎ᠠ ᠶᠢ ᠴᠢᠩᠭ᠎ᠠ ᠬᠢᠵᠠᠭᠠᠷᠯᠠᠵᠤ᠂ ᠣᠯᠡᠨ ᠨᠠᠶᠢᠳᠡ ᠶᠢᠨ ᠡᠬᠢ ᠪᠠᠶᠠᠯᠢᠭ ‍ᠤᠨ‌ᠠᠷᠡᠯᠵᠢᠶ᠎ᠠ ᠪᠠ ᠣᠯᠣᠰ ᠤᠨ ᠦᠮᠴᠢᠯᠡᠯ ᠤᠨ ᠬᠦᠷᠦᠩᠭᠡ ᠶᠢ ᠲᠦᠷᠦᠯ ᠵᠣᠶᠢᠯ ᠬᠤᠯᠪᠣᠭᠠᠯᠡᠨ ᠬᠢᠨᠠᠬᠤ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠦᠨᠡᠨᠴᠢ ᠢᠳᠡᠭᠡᠮᠵᠢ ᠶᠢᠨ ᠪᠡᠯᠡ ᠮᠦᠩᠭᠦ ᠶᠢᠨ ᠣᠴᠢᠷ ᠢᠶᠠᠨ ᠢᠯᠡᠷᠡᠭᠦᠯᠬᠦ᠂ ᠵᠠᠬ᠎ᠠ ᠳᠡᠯᠭᠡᠭᠦᠷ ᠲᠤ ᠣᠷᠣᠬᠤ ᠶᠢ ᠵᠦᠪᠰᠢᠶᠡᠷᠡᠬᠦ ᠨᠠᠵᠠᠭᠠᠢ ᠲᠠᠯ᠎ᠠ  ᠶᠢᠨ ᠨᠠᠷᠢᠨ ᠳᠠᠩᠰᠡ ᠵᠡᠷᠭᠡ ᠳᠦᠷᠢᠮ ᠢ ᠴᠢᠩᠭ᠎ᠠ ᠬᠠᠮᠢᠶᠠᠷᠣᠨ᠎ᠠ᠃ ᠬᠢᠵᠠᠭᠠᠷ ᠲᠠᠢ ᠡᠬᠢ ᠪᠠᠶᠠᠯᠢᠭ᠂ ᠡᠳ᠋ ᠶᠢᠨ ᠬᠦᠴᠦᠨ ᠢ ᠠᠵᠤ ᠠᠬᠤᠢ ᠶᠢ ᠬᠦᠭᠵᠢᠬᠦᠯᠬᠦ ᠳᠡᠭᠡᠷ᠎ᠡ ᠬᠡᠷᠡᠭᠯᠡᠵᠤ᠂ ᠠᠷᠡᠳ ᠤᠨ ᠠᠮᠢᠳᠣᠷᠡᠯ ᠢ ᠰᠠᠶᠢᠵᠢᠷᠠᠭᠤᠯᠣᠨ᠎ᠠ᠃ ᠣᠯᠡᠨ ᠲᠦᠮᠡᠨ ᠤ ᠬᠦᠰᠡᠯ ᠡᠷᠮᠡᠯᠵᠡᠯ ᠢ ᠴᠠᠭ ᠢᠮᠠᠭᠳᠠ ᠪᠣᠳᠣᠯᠬᠢᠯᠠᠵᠤ᠂ ᠣᠯᠡᠨ ᠲᠦᠮᠡᠨ ᠤ ᠳᠣᠰᠬᠠᠯ ᠶᠡᠬᠡᠲᠡᠢ ᠠᠰᠠᠭᠤᠳᠡᠯ ᠳᠤ ᠨᠠᠷᠢᠨ ᠬᠢᠨᠠᠮᠠᠭᠠᠢ ᠬᠠᠨᠳᠣᠵᠤ᠂ ᠣᠯᠡᠨ ᠲᠦᠮᠡᠨ ᠤ ᠠᠰᠢᠭ ᠳᠣᠰᠡ ᠶᠢ ᠬᠤᠭᠢᠷᠠᠭᠤᠯᠣᠭᠰᠡᠨ ᠠᠵᠢᠯᠯᠠᠭ᠎ᠠ ᠪᠦᠬᠦᠨ ᠢ ᠡᠷᠡᠰ ᠵᠠᠯᠠᠷᠠᠭᠤᠯᠵᠤ᠂ ᠵᠠᠰᠠᠭ ᠤᠨ ᠣᠷᠳᠣᠨ ᠤ ︽ᠠᠷᠢᠭᠤᠨ ᠴᠢᠬᠡᠴᠢ ᠶᠢᠨ ᠵᠢᠭᠠᠯᠲᠠ ᠲᠤᠭ᠎ᠠ︾ ᠪᠠᠷ ᠠᠷᠡᠳ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ  ᠳᠡᠭᠡᠭᠰᠢᠯᠡᠭᠦᠯᠦᠨ᠂ ᠠᠷᠢᠭᠤᠨ ᠴᠢᠬᠡᠴᠢ ᠰᠣᠷᠳᠡᠯ ᠢ ᠡᠷᠬᠢᠮᠯᠡᠬᠦ ᠣᠯᠣᠰ ᠲᠦᠷᠦ ᠶᠢᠨ ᠠᠮᠢ ᠠᠬᠤᠢ ᠶᠢ ᠪᠠᠶᠢᠭᠤᠯᠬᠤ ᠪᠠᠷ ᠴᠢᠷᠮᠠᠶᠢᠨ᠎ᠠ᠃   ᠲᠦᠯᠦᠭᠡᠯᠡᠭᠴᠢᠳ ᠡ᠂ ᠵᠠᠮ ᠭᠡᠳᠦᠢ  ᠬᠤᠯᠠ ᠪᠣᠯᠪᠠᠴᠣ ᠶᠠᠪᠣᠵᠤ ᠪᠠᠶᠢᠵᠤ ᠬᠦᠷᠳᠡᠭ᠂ ᠲᠦᠮᠡᠨ ᠬᠡᠷᠡᠭ ᠤᠨ ᠲᠦᠷᠦᠭᠦᠦ ᠠᠯᠬᠤᠮ ᠬᠦᠴᠢᠷ ᠭᠡᠳᠡᠭ᠂ ᠪᠦᠬᠦ ᠬᠤᠰᠢᠭᠤᠨ ᠤ ᠠᠷᠡᠳ ᠲᠦᠮᠡᠨ ᠤ ᠰᠠᠶᠢᠨ ᠰᠠᠶᠢᠬᠠᠨ ᠠᠮᠢᠳᠣᠷᠡᠯ ᠢ ᠴᠣᠭᠴᠠᠯᠡᠨ ᠪᠠᠶᠢᠭᠤᠯᠬᠤ ᠴᠢᠩᠭ᠎ᠠ ᠬᠦᠰᠡᠯ ᠡᠷᠮᠡᠯᠵᠡᠯ ᠢ ᠶᠠᠮᠡᠷ ᠴᠦ ᠬᠦᠴᠢᠷ ᠪᠡᠷᠬᠡᠰᠢᠶᠡᠯ ᠴᠦᠮ ᠬᠤᠪᠢᠷᠠᠭᠤᠯᠵᠤ ᠴᠢᠳᠠᠬᠤ ᠦᠬᠡᠢ᠂ ᠪᠦᠬᠦ ᠬᠤᠰᠢᠭᠤᠨ ᠤ ᠠᠷᠡᠳ ᠲᠦᠮᠡᠨ ᠤ ᠴᠢᠨᠠᠷ ᠰᠠᠶᠢᠲᠡᠢ ᠬᠦᠭᠵᠢᠯᠲᠡ ᠶᠢ ᠠᠬᠢᠭᠤᠯᠬᠤ ᠡᠷᠡᠰ ᠪᠠᠳᠦ ᠵᠣᠷᠢᠭ ᠢ ᠶᠠᠮᠡᠷᠪᠡ ᠦᠷᠢᠰᠣᠯᠳᠣᠬᠡᠨ ᠴᠦ ᠬᠤᠷᠢᠭᠯᠠᠵᠤ ᠴᠢᠳᠠᠬᠤ ᠦᠬᠡᠢ᠃ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠡᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠪᠢᠳᠡ ᠨᠡᠩ ᠨᠢᠭᠳᠠᠷᠡᠨ ᠪᠦᠯᠬᠦᠮᠳᠡᠵᠤ᠂ ᠦᠨᠢ ᠡᠭᠦᠷᠢᠲᠡ ᠠᠯᠵᠠᠭᠤᠷᠠᠬᠤ ᠦᠬᠡᠢ ᠣᠶᠣᠨ ᠰᠠᠨᠠᠭᠠᠨ ᠤ ᠳᠦᠷᠰᠦ ᠪᠠᠶᠢᠳᠡᠯ ᠪᠣᠯᠣᠨ ᠴᠣᠴᠡᠯᠲᠠ ᠦᠬᠡᠢ ᠣᠷᠣᠭᠰᠢᠯᠠᠬᠤ ᠲᠡᠮᠡᠴᠡᠯ ᠤᠨ ᠳᠦᠷᠰᠦ ᠪᠠᠶᠢᠳᠡᠯ ᠢᠶᠠᠷ ᠴᠢᠷᠮᠠᠶᠢᠨ ᠣᠷᠣᠭᠰᠢᠯᠠᠨ᠎ᠠ᠂ ᠳᠣᠬᠢᠶᠠᠯ ᠢ ᠠᠳᠬᠤᠵᠤ᠂ ᠬᠦᠴᠦᠯᠡᠨ ᠲᠡᠮᠡᠴᠡᠵᠤ ᠂ ᠰᠢᠯᠢᠳᠡᠭ ᠬᠢᠷᠢ ᠪᠦᠳᠦᠮᠵᠢ ᠪᠠᠷ ᠪᠦᠬᠦᠳᠡ ᠨᠠᠶᠢᠷᠡᠮᠳᠠᠬᠤ ᠳᠣᠮᠳᠠᠳᠦ ᠠᠷᠡᠳ ᠣᠯᠣᠰ   ᠤᠨ ᠪᠠᠶᠢᠭᠤᠯᠣᠭᠳᠠᠭᠰᠡᠨ70 ᠵᠢᠯ ᠤᠨ ᠣᠢ ᠶᠢ ᠣᠭᠳᠣᠵᠤ᠂ ᠦᠵᠡᠰᠭᠦᠯᠡᠩᠳᠦ ᠦᠪᠦᠷ ᠮᠣᠩᠭᠤᠯ ᠢᠶᠠᠨ ᠪᠦᠳᠦᠭᠡᠨ  ᠪᠠᠶᠢᠭᠤᠯᠵᠤ᠂ ᠠᠭᠤᠣ ᠶᠡᠭᠡ ᠳᠣᠮᠳᠠᠳᠦ ᠶᠢᠨ ᠵᠡᠭᠦᠳᠦ ᠶᠢ ᠲᠡᠷᠬᠡᠯᠰᠢᠬᠦᠯᠬᠦ ᠶᠢᠨ ᠲᠦᠯᠦᠬᠡ ᠴᠦᠬᠦᠷᠡᠰᠢ ᠦᠬᠡᠢ ᠲᠡᠮᠡᠴᠡᠶ᠎ᠡ︕                                              ᠵᠣᠬᠢᠶᠠᠭᠴᠢ᠄ ᠭᠤᠣ ᠶᠦᠩ ᠪᠢᠨ                                              ᠣᠷᠴᠢᠭᠤᠯᠣᠭᠴᠢ᠄ ᠣᠶᠣᠨᠰᠡᠴᠡᠨ                                                              ᠰᠡᠴᠡᠩᠭᠤᠸ᠎ᠠ                                                              ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号