ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠶᠠᠳᠠᠭᠤ ᠶᠢ ᠳᠡᠳᠬᠦᠵᠤ ᠰᠤᠷᠤᠯᠭ᠎ᠠ ᠶᠢ ᠳᠡᠮᠵᠢᠬᠦ ᠬᠠᠨᠳᠢᠪᠯᠠᠬᠤ ᠶᠤᠰᠤᠯᠠᠯ ᠲᠡᠮᠤᠷᠲᠠᠢ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2019-06-17
           ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠶᠠᠳᠠᠭᠤ ᠶᠢ            ᠳᠡᠳᠬᠦᠵᠤ ᠰᠤᠷᠤᠯᠭ᠎ᠠ ᠶᠢ ᠳᠡᠮᠵᠢᠬᠦ ᠬᠠᠨᠳᠢᠪᠯᠠᠬᠤ ᠶᠤᠰᠤᠯᠠᠯ ᠲᠡᠮᠤᠷᠲᠠᠢ ᠪᠠᠭ᠎ᠠ            ᠰᠤᠷᠭᠠᠭᠤᠯᠢ ᠳᠤ ᠶᠠᠪᠤᠭᠳᠠᠪᠠ      6 ᠰᠠᠷ᠎ᠠ ᠶᠢᠨ 4 ᠤ ᠡᠳᠤᠷ᠂ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠶᠠᠳᠠᠭᠤ ᠶᠢ ᠳᠡᠳᠬᠦᠵᠤ ᠰᠤᠷᠤᠯᠭ᠎ᠠ ᠶᠢ ᠳᠡᠮᠵᠢᠬᠦ ᠬᠠᠨᠳᠢᠪᠯᠠᠬᠤ ᠶᠤᠰᠤᠯᠠᠯ ᠲᠡᠮᠤᠷᠲᠠᠢ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠠᠴᠠ ᠲᠡᠮᠤᠷᠲᠠᠢ ᠪᠠᠯᠭᠠᠰᠤᠨ ᠳᠤ ᠲᠤᠮᠢᠯᠠᠵᠤ ᠰᠠᠭᠤᠷᠢᠰᠢᠬᠤ ᠪᠠᠶᠢᠭ᠎ᠠ ᠬᠢᠨᠠᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ᠂ ᠤᠯᠠᠭᠠᠨᠴᠠᠪ ᠬᠤᠲᠠ ᠵᠢᠨ‌ᠠᠷᠠᠳ ᠤᠨ ᠶᠠᠪᠤᠳᠠᠯ ᠤᠨ ᠲᠤᠪᠴᠢᠶᠠᠨ ᠤ ᠬᠠᠨᠳᠢᠪᠯᠠᠬᠤ ᠦᠷᠲᠡᠬᠡᠨ ᠤ ᠲᠡᠮᠤᠷᠲᠠᠢ ᠪᠠᠯᠭᠠᠰᠤᠨ ᠳᠤ ᠰᠠᠭᠤᠷᠢᠰᠢᠵᠤ ᠪᠠᠶᠢᠭ᠎ᠠ ᠠᠵᠢᠯ  ᠤᠨ ᠳᠤᠭᠤᠶᠢᠯᠠᠩ ᠤᠨ ᠬᠠᠷᠢᠭᠤᠴᠠᠯᠭᠠᠲᠠᠨ᠂ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠤᠳᠤᠷᠢᠳᠤᠯᠭ᠎ᠠ᠂ ᠲᠡᠮᠤᠷᠲᠠᠢ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠬᠤᠶᠠᠳᠤᠭᠠᠷ ᠳᠤᠮᠳᠠᠲᠤ ᠰᠤᠷᠭᠠᠭᠤᠯᠢ᠂ ᠲᠡᠮᠤᠷᠲᠠᠢ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠲᠡᠮᠤᠷᠲᠠᠢ ᠪᠠᠭ᠎ᠠ ᠰᠤᠷᠭᠠᠭᠤᠯᠢ  ᠶᠢᠨ ᠪᠦᠯᠦᠭ ᠪᠠᠭᠰᠢ ᠰᠤᠷᠤᠭᠴᠢ ᠨᠠᠷ ᠬᠠᠨᠳᠢᠪᠯᠠᠬᠤ ᠶᠤᠰᠤᠯᠠᠯ ᠳᠤ ᠤᠷᠤᠯᠴᠠᠪᠠ᠃      ᠲᠤᠰ ᠤᠳᠠᠭᠠᠨ ᠤ ᠬᠠᠨᠳᠢᠪᠯᠠᠬᠤ ᠬᠦᠳᠡᠯᠬᠡᠬᠡᠨ ᠳᠤ᠂ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠬᠤᠰᠢᠭᠤᠨ ᠤ ᠬᠤᠶᠠᠳᠤᠭᠠᠷ ᠳᠤᠮᠳᠠᠲᠤ ᠰᠤᠷᠭᠠᠭᠤᠯᠢ ᠳᠤ ᠨᠡᠶᠢᠲᠡ ᠬᠤᠷᠢᠨ ᠬᠡᠳᠤᠨ ᠲᠡᠮᠡᠭᠡᠨ ᠨᠤᠤᠰᠤᠨ ᠬᠦᠨᠵᠢᠯᠡ ᠬᠠᠨᠳᠢᠪᠯᠠᠪᠠ᠂ ᠰᠤᠷᠭᠠᠭᠤᠯᠢ ᠠᠴᠠ ᠰᠤᠷᠤᠭᠴᠢ ᠶᠢᠨ ᠲᠦᠯᠦᠬᠡᠯᠡᠭᠴᠢ ᠲᠤᠮᠢᠯᠠᠵᠤ᠂ ᠬᠠᠨᠳᠢᠪᠯᠠᠭᠰᠠᠨ ᠪᠤᠳᠠᠰ  ᠢ ᠲᠤᠰᠴᠤ ᠠᠪᠤᠪᠠ᠃      ᠬᠠᠨᠳᠢᠪᠯᠠᠬᠤ ᠶᠤᠰᠤᠯᠠᠯ ᠳᠡᠭᠡᠷ᠎ᠡ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠬᠠᠷᠢᠭᠤᠴᠠᠯᠭᠠᠲᠠᠨ ᠠᠴᠠ ᠢᠯᠡᠷᠭᠡᠶᠢᠯᠡᠭᠰᠡᠨ ᠨᠢ᠄ ︽ᠶᠠᠳᠠᠭᠤ ᠶᠢ ᠳᠡᠳᠬᠦᠵᠤ ᠬᠦᠴᠢᠷᠳᠡᠯᠲᠠᠢ ᠶᠢ ᠲᠡᠮᠡᠴᠡᠬᠦ ᠪᠤᠯ ᠳᠤᠮᠳᠠᠲᠤ ᠵᠢᠨ‌ᠦᠨᠳᠦᠰᠦᠲᠡᠨ ᠤ ᠤᠯᠠᠮᠵᠢᠯᠠᠵᠤ ᠢᠷᠡᠭᠰᠡᠨ ᠰᠠᠶᠢᠨ ᠰᠠᠶᠢᠬᠠᠨ ᠶᠤᠰᠤ ᠰᠤᠷᠲᠠᠬᠤᠨ ᠮᠦᠨᠴᠤ ᠠᠷᠠᠳ  ᠤᠨ ᠶᠠᠪᠤᠳᠠᠯ ᠤᠨ ᠡᠬᠦᠷᠬᠡ᠂ ᠪᠢᠳᠡᠨ ᠤ ᠠᠪᠴᠢᠷᠠᠵᠤ ᠦᠭᠭᠦᠭᠰᠡᠨ ᠨᠢᠬᠡ ᠪᠠᠭ᠎ᠠ ᠬᠠᠶᠢᠷ᠎ᠠ ᠬᠠᠯᠠᠮᠵᠢᠯᠠᠯ ᠨᠢ ᠰᠤᠷᠤᠭᠴᠢ ᠨᠠᠷ ᠤᠨ ᠵᠤᠷᠢᠭ ᠰᠠᠨᠠᠭ᠎ᠠ ᠶᠢ ᠬᠦᠪᠴᠢᠯᠡᠵᠤ᠂ ᠬᠠᠲᠠᠭᠤ ᠪᠡᠷᠭᠡ ᠤᠷᠴᠢᠨ ᠲᠤᠭᠤᠷᠢᠨ ᠳᠤ ᠰᠤᠷᠤᠯᠴᠠᠬᠤ ᠵᠠᠪᠰᠢᠶᠡᠨ  ᠢᠶᠠᠨ ᠨᠡᠩ ᠰᠠᠶᠢᠨ ᠨᠠᠨᠳᠢᠩᠨᠠᠨ ᠬᠠᠶᠢᠷᠠᠯᠠᠵᠤ᠂ ᠴᠢᠷᠮᠠᠶᠢᠬᠤ ᠵᠤᠷᠢᠭ ᠢᠶᠠᠨ ᠪᠠᠷᠢᠮᠲᠠᠯᠠᠵᠤ᠂ ᠰᠢᠯᠢᠳᠡᠭ ᠰᠠᠶᠢᠨ ᠦᠷ᠎ᠡ ᠪᠦᠲᠦᠮᠵᠢ ᠪᠠᠷ ᠨᠡᠶᠢᠬᠡᠮ ᠳᠤ ᠬᠠᠷᠢᠭᠤ ᠦᠭᠬᠦ ᠶᠢ ᠬᠦᠰᠡᠶ᠎ᠡ︾ ᠬᠡᠪᠡ᠃      ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠳᠤ ᠬᠡᠮᠡᠷᠯᠢᠭ ᠲᠤᠭ ᠬᠦᠷᠭᠡᠪᠡ᠃ ᠲᠡᠳᠡᠭᠡᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠬᠦ ᠶᠢᠨ ᠬᠠᠮᠲᠤ ᠰᠤᠷᠤᠭᠴᠢᠳ ᠢ ᠨᠡᠶᠢᠬᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠬᠦᠰᠡᠷᠳᠡᠬᠦᠯᠬᠦ ᠦᠬᠡᠢ᠂ ᠴᠠᠭ ᠬᠤᠭᠤᠴᠠᠭ᠎ᠠ ᠶᠢ ᠨᠠᠨᠳᠢᠩᠨᠠᠨ ᠪᠠᠭ᠎ᠠ ᠠᠴᠠ ᠪᠠᠨ ᠠᠯᠤᠰ ᠬᠤᠯᠠ ᠶᠢᠨ ᠬᠦᠰᠡᠯ ᠢ ᠪᠤᠢ ᠪᠤᠯᠭᠠᠵᠤ᠂ ᠰᠢᠨᠵᠢᠯᠡᠬᠦ ᠤᠬᠠᠭᠠᠨ ᠰᠤᠶᠤᠯ ᠡᠷᠳᠡᠮ ᠢ ᠰᠠᠶᠢᠨ ᠰᠤᠷᠤᠯᠴᠠᠨ᠂ ᠡᠷᠳᠡᠮ ᠮᠤᠷᠠᠯ ᠬᠤᠤᠰᠯᠠᠭᠰᠠᠨ ᠰᠠᠶᠢᠨ ᠰᠤᠷᠤᠭᠴᠢ ᠪᠤᠯᠬᠤ ᠪᠠᠷ ᠴᠢᠷᠮᠠᠶᠢᠵᠤ ᠰᠢᠯᠢᠳᠡᠭ ᠦᠷ᠎ᠡ ᠪᠦᠲᠦᠮᠵᠢ ᠬᠢᠬᠡᠳ ᠰᠢᠯᠢᠳᠡᠭ ᠰᠠᠶᠢᠨ ᠮᠤᠷᠠᠯ ᠢᠶᠠᠷ ᠨᠡᠶᠢᠬᠡᠮ ᠤᠨ ᠡᠲᠡᠭᠡᠳ ᠤᠨ ᠬᠠᠶᠢᠷ᠎ᠠ ᠬᠠᠯᠠᠮᠵᠢ ᠶᠢ ᠬᠠᠷᠢᠭᠤᠯᠵᠤ᠂ ᠨᠢᠬᠡᠨ ᠡᠬᠡ ᠤᠯᠤᠰ ᠲᠤ ᠪᠠᠨ ᠬᠠᠶᠢᠷᠠᠲᠠᠢ᠂ ᠨᠡᠶᠢᠬᠡᠮ ᠳᠤ ᠬᠡᠷᠡᠭᠴᠡᠭᠡ ᠲᠠᠢ ᠬᠦᠮᠦᠨ ᠪᠤᠯᠬᠤ ᠶᠢ ᠬᠦᠰᠡᠵᠤ ᠪᠠᠶᠢᠨ᠎ᠠ ᠬᠡᠵᠤ ᠢᠯᠡᠷᠭᠡᠶᠢᠯᠡᠪᠡ᠃                                                ᠵᠣᠬᠢᠶᠠᠭᠴᠢ  ᠄ ᠨᠠᠨᠳᠢᠨ                                                ᠤᠷᠴᠢᠭᠤᠯᠤᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠰᠣᠨᠢᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号