ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠤᠬᠠᠭᠤᠯᠭ᠎ᠠ ᠶᠢᠨ ᠬᠦᠳᠡᠯᠬᠡᠬᠡᠨ ᠢ ᠢᠳᠡᠪᠬᠢᠲᠠᠢ ᠦᠷᠨᠢᠬᠦᠯᠪᠡ
ᠨᠡᠶᠢᠲᠡᠯᠡᠭᠰᠡᠨ ᠴᠠᠭ᠄
2019-06-26
            ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ             ᠠᠷᠢᠯᠭᠠᠬᠤ︾ ᠤᠬᠠᠭᠤᠯᠭ᠎ᠠ ᠶᠢᠨ ᠬᠦᠳᠡᠯᠬᠡᠬᠡᠨ ᠢ ᠢᠳᠡᠪᠬᠢᠲᠠᠢ ᠦᠷᠨᠢᠬᠦᠯᠪᠡ     ᠲᠦᠪ ᠤᠷᠤᠨ᠂ ᠦᠪᠡᠷᠲᠡᠭᠡᠨ ᠵᠠᠰᠠᠬᠤ ᠤᠷᠤᠨ᠂ ᠬᠤᠲᠠ᠂ ᠬᠤᠰᠢᠭᠤᠨ ᠤ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠲᠤᠰᠬᠠᠢ ᠲᠡᠮᠡᠴᠡᠯ ᠢ ᠦᠨᠡᠨ ᠬᠦ ᠬᠦᠨᠵᠡᠬᠡᠶᠢᠷᠡᠬᠦᠯᠬᠦ ᠶᠢᠨ ᠲᠦᠯᠦᠬᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ ᠱᠠᠲᠤᠨ ᠤ ᠰᠠᠯᠠᠭ᠎ᠠ ᠮᠦᠴᠢᠷ ᠢᠳᠡᠪᠬᠢᠲᠠᠢ  ᠪᠠᠷ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠦᠳᠡᠯᠬᠡᠬᠡᠨ ᠢ ᠦᠷᠨᠢᠬᠦᠯᠵᠠᠢ᠂ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠲᠤᠰᠬᠠᠢ ᠲᠡᠮᠡᠴᠡᠯ  ᠤᠨ ᠠᠵᠢᠯ ᠢ ᠦᠷᠨᠢᠬᠦᠯᠬᠦ ᠳᠤ ᠢᠳᠡ ᠬᠦᠴᠦᠲᠠᠢ ᠪᠠᠲᠤᠯᠭ᠎ᠠ ᠬᠠᠩᠭᠠᠪᠠ᠃     ᠨᠢᠬᠡᠳᠤᠬᠡᠷ ᠲᠤ᠂ ᠡᠯ᠎ᠡ ᠰᠤᠮᠤ ᠰᠢᠶᠠᠩ ᠪᠠᠯᠭᠠᠰᠤ ᠵᠠᠷ ᠮᠡᠳᠡᠭᠡ ᠨᠠᠭᠠᠬᠤ᠂ ᠡᠯᠬᠦᠬᠡ ᠪᠢᠴᠢᠬᠡᠰᠤ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠷᠤᠬᠡ ᠳᠤ ᠤᠷᠤᠵᠤ ᠪᠠᠶᠢᠴᠠᠭᠠᠯᠲᠠ ᠬᠢᠬᠦ᠂ ᠲᠤᠰᠬᠤᠨ ᠤ ᠳᠡᠰ ᠤᠨ ᠸᠢᠴᠠᠲ ᠤᠨ ᠤᠬᠠᠭᠤᠯᠭ᠎ᠠ ᠶᠢᠨ ᠬᠤᠯᠪᠤᠭ᠎ᠠ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠵᠤ ᠬᠦᠳᠡᠭᠡ ᠲᠤᠰᠬᠤᠨ ᠮᠠᠯᠵᠢᠬᠤ ᠤᠷᠤᠨ᠂ ᠪᠤᠶᠢᠲᠠ ᠬᠤᠯᠠ ᠠᠭᠤᠯᠠᠷᠬᠠᠭ ᠤᠷᠤᠨ᠂ ᠵᠢᠵᠢᠭ ᠪᠠᠭ᠎ᠠ ᠠᠵᠤ ᠠᠬᠤᠶᠢᠯᠠᠯ ᠳᠠᠬᠢ ᠤᠬᠠᠭᠤᠯᠭ᠎ᠠ ᠶᠢᠨ ᠬᠦᠴᠦᠯᠡᠴᠡ ᠪᠠᠨ ᠶᠡᠬᠡᠰᠬᠡᠨ᠎ᠡ᠂ ᠡᠯ᠎ᠡ ᠰᠤᠮᠤ ᠰᠢᠶᠠᠩ ᠪᠠᠯᠭᠠᠰᠤᠨ ᠤ ᠵᠦᠪᠯᠡᠯ᠂ ᠵᠢᠷᠭᠠᠯᠠᠩᠲᠤ ᠶᠢᠨ ᠬᠦᠷᠢᠶᠡᠯᠡᠩ ᠳᠤ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠱᠤᠭ ᠶᠦᠮᠦᠷᠲᠤ ᠵᠢᠷᠤᠭ ᠢ ᠨᠠᠭᠠᠵᠤ ᠂ ᠡᠯᠬᠦᠬᠡ ᠪᠢᠴᠢᠭᠡᠰᠤ ᠶᠢᠨ ᠤᠬᠠᠭᠤᠯᠭ᠎ᠠ ᠶᠢ 347 ᠵᠤᠷᠪᠤᠰ ᠡᠯᠬᠦᠵᠤ᠂ ᠤᠬᠠᠭᠤᠯᠭ᠎ᠠ ᠶᠢᠨ ᠮᠠᠲ᠋ᠧᠷᠢᠶᠠᠯ ᠢ 22280 ᠭᠠᠷᠤᠢ ᠬᠤᠪᠢ ᠲᠠᠷᠬᠠᠭᠠᠵᠤ᠂ ᠮᠡᠳᠡᠯᠬᠡ ᠶᠢᠨ ᠬᠠᠭᠤᠳᠠᠰᠤ 1130 ᠭᠠᠷᠤᠢ ᠬᠤᠪᠢ ᠲᠠᠷᠬᠠᠭᠠᠵᠤ᠂ ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ ᠮᠡᠳᠡᠭᠡᠯᠡᠯ ᠤᠨ ᠬᠠᠶᠢᠷᠴᠠᠭ 122 ᠢ ᠳᠤᠬᠢᠷᠠᠭᠤᠯᠵᠤ᠂ ᠪᠦᠬᠦ ᠬᠤᠰᠢᠭᠤᠨ ᠤ ᠪᠦᠬᠦᠳᠡ ᠭᠠᠴᠤᠭ᠎ᠠ ᠲᠤᠰᠬᠤᠨ ᠢ ᠪᠦᠷᠬᠦᠪᠡ᠃     ᠬᠤᠶᠠᠳᠤᠭᠠᠷ ᠲᠤ᠂ ᠬᠤᠰᠢᠭᠤᠨ ᠤ ᠡᠯ᠎ᠡ ᠰᠢᠭᠤᠳ ᠬᠤᠯᠪᠤᠭᠳᠠᠯ ᠪᠦᠬᠦᠢ ᠬᠠᠷᠢᠶ᠎ᠠ ᠪᠠᠶᠢᠭᠤᠯᠭ᠎ᠠ ᠤᠬᠠᠭᠤᠯᠭ᠎ᠠ  ᠶᠢᠨ ᠲᠡᠷᠬᠡ ᠲᠤᠮᠢᠯᠠᠬᠤ᠂ ᠤᠬᠠᠭᠤᠯᠭ᠎ᠠ ᠶᠢᠨ ᠡᠯᠬᠦᠬᠡ  ᠪᠢᠴᠢᠬᠡᠰᠤ ᠡᠯᠬᠦᠬᠦ᠂ ᠠᠰᠠᠭᠤᠨ ᠯᠠᠪᠯᠠᠬᠤ ᠭᠠᠵᠠᠷ ᠪᠠᠶᠢᠭᠤᠯᠬᠤ᠂ ᠷᠠᠳᠢᠤ᠋ ᠨᠡᠪᠲᠡᠷᠡᠬᠦᠯᠬᠡ ᠲᠠᠯᠪᠢᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ᠂ ᠠᠷᠠᠳ ᠲᠦᠮᠡᠨ  ᠢ ᠰᠤᠷᠪᠤᠯᠵᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠬᠤ ᠵᠡᠷᠬᠡ ᠠᠷᠭ᠎ᠠ ᠮᠠᠶ᠋ᠢᠭ ᠢ ᠠᠪᠴᠤ ᠰᠦᠪᠡᠭᠴᠢ ᠶᠢ ᠪᠠᠶᠢᠴᠠᠭᠠᠨ ᠢᠯᠡᠴᠢᠯᠡᠬᠦ ᠬᠢᠬᠡᠳ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢᠶᠠᠨ ᠦᠷᠨᠢᠬᠦᠯᠪᠡ᠃ ᠤᠳᠤᠬᠠᠨ ᠪᠤᠯᠲᠠᠯ᠎ᠠ ᠨᠡᠶᠢᠲᠠ ᠬᠠᠷ᠎ᠠ ᠪᠦᠯᠦᠭᠲᠡᠨ ᠬᠠᠷᠬᠢᠰ ᠬᠦᠴᠤᠲᠡᠨ ᠢ ᠠᠷᠢᠯᠭᠠᠬᠤ ᠤᠬᠠᠭᠤᠯᠭ᠎ᠠ ᠶᠢᠨ ᠤᠷᠢᠶ᠎ᠠ 325 ᠭᠠᠷᠤᠢ ᠵᠤᠷᠪᠤᠰ ᠡᠯᠬᠦᠵᠤ᠂ ᠮᠡᠳᠡᠭᠳᠡᠯ ᠵᠠᠷ 4200 ᠭᠠᠷᠤᠢ ᠬᠠᠭᠤᠳᠠᠰᠤ ᠨᠠᠭᠠᠵᠤ᠂ ᠤᠬᠠᠭᠤᠯᠭ᠎ᠠ ᠶᠢᠨ ᠬᠠᠭᠤᠳᠠᠰᠤ 66730 ᠭᠠᠷᠤᠢ ᠬᠤᠪᠢ ᠲᠠᠷᠬᠠᠭᠠᠵᠤ᠂ ᠠᠵᠤ ᠠᠬᠤᠶᠢᠯᠠᠯ᠂ ᠳᠡᠯᠬᠡᠬᠦᠷ᠂ ᠡᠯ᠎ᠡ ᠪᠠᠶᠢᠭᠤᠯᠭ᠎ᠠ ᠨᠢᠬᠡᠴᠢ LED ᠳᠡᠯᠭᠡᠴᠡ ᠢ ᠠᠰᠢᠭᠯᠠᠨ ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ ᠳᠤᠬᠠᠢ ᠠᠭᠤᠯᠭ᠎ᠠ ᠶᠢ ᠤᠳᠠᠭᠠᠨ ᠴᠠᠭ ᠢᠶᠠᠷ ᠳᠡᠯᠬᠡᠴᠡ ᠳᠡᠭᠡᠷ᠎ᠡ ᠦᠩᠬᠦᠷᠢᠬᠦᠯᠵᠤ᠂ 200 ᠭᠠᠷᠤᠢ ᠳᠦᠷᠢᠶᠡᠰᠤᠨ ᠳᠡᠷᠭᠡ᠂ ᠨᠡᠶᠢᠲᠡ ᠶᠢᠨ ᠮᠠᠰᠢᠨ ᠳᠡᠷᠬᠡ ᠳᠡᠭᠡᠷᠡᠬᠢ ᠦᠩᠭᠦᠷᠢᠬᠦᠯᠬᠦ ᠳᠡᠯᠬᠡᠴᠡ ᠳᠡᠭᠡᠷ᠎ᠡ ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ ᠳᠤᠬᠠᠢ ᠠᠭᠤᠯᠭ᠎ᠠ ᠶᠢ ᠦᠩᠭᠦᠷᠢᠬᠦᠯᠵᠤ᠂ ᠤᠯᠠᠭᠠᠨᠮᠦᠴᠢᠷ ᠬᠦᠳᠡᠭᠡ ᠲᠤᠰᠬᠤᠨ ᠳᠤ ᠪᠠᠭᠤᠵᠤ 20 ᠭᠠᠷᠤᠢ ᠤᠳᠠᠭ᠎ᠠ ᠤᠬᠠᠭᠤᠯᠭ᠎ᠠ ᠶᠢᠨ ᠲᠤᠭᠯᠠᠯᠲᠠ ᠭᠠᠷᠭᠠᠪᠠ᠃      ᠭᠤᠷᠪᠠᠳᠤᠭᠠᠷ ᠲᠤ ᠵᠠᠰᠠᠭ ᠤᠨ ᠣᠷᠳᠤᠨ ᠤ ᠰᠦᠯᠵᠢᠶ᠎ᠡ᠂ ᠰᠤᠨᠢᠨ ᠤ ᠬᠤᠷᠢᠶ᠎ᠠ᠂ ᠲᠧᠯᠸᠢᠰ ᠬᠤᠷᠢᠶ᠎ᠠ᠂ᠠᠮᠢᠵᠢᠷᠠᠯ ᠤᠨ ᠬᠦᠴᠦᠨ ᠪᠠᠷ ᠪᠢᠯᠬᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠭᠠᠯᠲᠤ ᠠᠭᠤᠯᠠ ᠶᠢᠨ ᠲᠠᠯ᠎ᠠ ᠨᠤᠲᠤᠭ ᠵᠡᠷᠬᠡ ᠬᠤᠰᠢᠭᠤᠨ ᠳᠡᠰ ᠤᠨ ᠵᠠᠭᠤᠴᠢᠯᠠᠭᠤᠷ ᠢ ᠠᠰᠢᠭᠯᠠᠵᠤ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠳᠤᠬᠠᠢ ᠪᠤᠯᠤᠩ ᠭᠠᠷᠭᠠᠨ᠎ᠠ᠂ ᠬᠤᠷᠠᠯ ᠤᠨ ᠮᠡᠳᠡᠭᠡᠯᠡᠯ ᠬᠢᠬᠦ᠂ ᠳᠡᠭᠡᠲᠤ ᠱᠠᠲᠤᠨ ᠤ ᠵᠠᠭᠤᠴᠢᠯᠠᠭᠤᠷ ᠤᠨ ᠨᠡᠶᠢᠲᠡᠯᠡᠭᠰᠡᠨ ᠬᠤᠯᠪᠤᠭᠳᠠᠯ ᠪᠦᠬᠦᠢ ᠰᠤᠨᠢᠨ ᠮᠡᠳᠡᠭᠡ ᠰᠤᠷᠠᠭ ᠵᠠᠩᠭᠢ᠂ ᠵᠠᠷ ᠮᠡᠳᠡᠭᠡ᠂ ᠪᠢᠴᠢᠯ ᠳᠦᠷᠰᠤ ᠰᠢᠩᠭᠡᠭᠡᠯᠲᠠ ᠵᠡᠷᠭᠡ ᠶᠢ ᠳᠠᠮᠵᠢᠭᠤᠯᠤᠨ ᠨᠡᠪᠲᠡᠷᠡᠬᠦᠯᠬᠦ ᠠᠷᠭ᠎ᠠ ᠮᠠᠶ᠋ᠢᠭ ᠢ ᠠᠪᠴᠤ᠂ ︽ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ︾ ᠵᠠᠭᠤᠴᠢᠯᠠᠭᠤᠷ ᠤᠨ ᠤᠬᠠᠭᠤᠯᠭ᠎ᠠ ᠶᠢᠨ ᠠᠵᠢᠯ ᠢᠶᠠᠨ ᠦᠨᠡᠨ ᠬᠦ ᠰᠠᠶᠢᠳᠤᠷ ᠬᠢᠵᠤ᠂ ᠠᠷᠠᠳ ᠤᠯᠠᠨ ᠤ ᠮᠡᠳᠡᠷᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠦᠨ ᠬᠠᠷ᠎ᠠ ᠪᠦᠯᠦᠭᠲᠡᠨ ᠬᠠᠷᠬᠢᠰ ᠬᠦᠴᠦᠲᠡᠨ ᠢ ᠠᠷᠢᠯᠭᠠᠬᠤ ᠵᠠᠭᠤᠴᠢᠯᠠᠭᠤᠷ ᠤᠨ ᠤᠬᠠᠭᠤᠯᠭ᠎ᠠ ᠶᠢᠨ ᠪᠦᠬᠦᠳᠡ ᠢ ᠪᠦᠷᠬᠦᠬᠦ ᠶᠢ ᠪᠡᠶᠡᠯᠡᠬᠦᠯᠦᠨ᠎ᠡ᠃ ᠤᠳᠤᠬᠠᠨ ᠪᠤᠯᠲᠠᠯ᠎ᠠ᠂ ᠡᠯ᠎ᠡ ᠵᠠᠭᠤᠴᠢᠯᠠᠭᠤᠷ ᠤᠨ ᠳᠡᠪᠴᠡᠩ᠂ ᠰᠤᠨᠢᠨ ᠮᠡᠳᠡᠭᠡ᠂ ᠵᠢᠷᠤᠭ᠂ ᠤᠷᠢᠶ᠎ᠠ᠂ ᠬᠡᠷᠡᠭ ᠤᠨ ᠵᠢᠱᠢᠶ᠎ᠡ ᠵᠡᠷᠭᠡ ᠠᠷᠭ᠎ᠠ ᠮᠠᠶ᠋ᠢᠭ ᠢᠶᠠᠷ ᠨᠡᠶᠢᠲᠡ 160 ᠢᠯᠡᠬᠦᠤ ᠵᠤᠷᠪᠤᠰ ᠬᠠᠮᠢᠶ᠎ᠠ ᠪᠦᠬᠦᠢ ᠠᠭᠤᠯᠭ᠎ᠠ ᠶᠢ ᠳᠠᠮᠵᠢᠭᠤᠯᠤᠨ ᠨᠡᠪᠲᠡᠷᠡᠬᠦᠯᠪᠡ᠃                                                              ᠵᠤᠬᠢᠶᠠᠭᠴᠢ᠄ ᠶᠠᠨ ᠸᠧᠢ                                                              ᠤᠷᠴᠢᠭᠤᠯᠤᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号