ᠪᠠᠶᠠᠨᠴᠠᠭᠠᠨ ᠪᠠᠯᠭᠠᠰᠤ ︽ᠬᠠᠷ᠎ᠠ ᠪᠦᠯᠦᠭᠲᠡᠨ ᠬᠠᠷᠬᠢᠰ ᠬᠦᠴᠦᠨ ᠢ ᠴᠡᠪᠡᠷᠯᠡᠨ ᠠᠷᠢᠯᠭᠠᠬᠤ ᠠᠵᠢᠯᠯᠠᠭᠠᠨ  ᠳᠤ ᠢᠳᠡᠪᠬᠢᠲᠠᠢ ᠤᠷᠤᠯᠴᠠᠨ᠂ ᠡᠪ ᠨᠠᠶᠢᠷᠠᠮᠳᠠᠭᠤ ᠰᠠᠶᠢᠨ ᠰᠠᠶᠢᠬᠠᠨ ᠬᠡᠷ ᠤᠷᠤᠨ ᠢᠶᠠᠨ ᠬᠠᠮᠲᠤᠪᠠᠷ ᠪᠠᠶᠢᠭᠤᠯᠤᠶ᠎ᠠ︾ ᠬᠡᠬᠦ ᠭᠤᠤᠯ ᠰᠡᠳᠤᠪᠲᠤ ᠬᠦᠳᠡᠯᠬᠡᠬᠡᠨ ᠢ ᠦᠷᠨᠢᠬᠦᠯᠪᠡ
ᠨᠡᠶᠢᠲᠡᠯᠡᠭᠰᠡᠨ ᠴᠠᠭ᠄
2019-07-04
            ᠪᠠᠶᠠᠨᠴᠠᠭᠠᠨ ᠪᠠᠯᠭᠠᠰᠤ ︽ᠬᠠᠷ᠎ᠠ ᠪᠦᠯᠦᠭᠲᠡᠨ ᠬᠠᠷᠬᠢᠰ ᠬᠦᠴᠦᠨ ᠢ ᠴᠡᠪᠡᠷᠯᠡᠨ             ᠠᠷᠢᠯᠭᠠᠬᠤ ᠠᠵᠢᠯᠯᠠᠭᠠᠨ ᠳᠤ ᠢᠳᠡᠪᠬᠢᠲᠠᠢ ᠤᠷᠤᠯᠴᠠᠨ᠂ ᠡᠪ ᠨᠠᠶᠢᠷᠠᠮᠳᠠᠭᠤ ᠰᠠᠶᠢᠨ             ᠰᠠᠶᠢᠬᠠᠨ ᠬᠡᠷ ᠤᠷᠤᠨ ᠢᠶᠠᠨ ᠬᠠᠮᠲᠤᠪᠠᠷ ᠪᠠᠶᠢᠭᠤᠯᠤᠶ᠎ᠠ︾ ᠬᠡᠬᠦ ᠭᠤᠤᠯ ᠰᠡᠳᠤᠪᠲᠤ             ᠬᠦᠳᠡᠯᠬᠡᠬᠡᠨ ᠢ ᠦᠷᠨᠢᠬᠦᠯᠪᠡ     ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠬᠦᠨ ᠵᠤᠵᠠᠭᠠᠨ ᠨᠡᠶᠢᠬᠡᠮ ᠤᠨ ᠤᠷᠴᠢᠨ ᠢ ᠪᠠᠶᠢᠭᠤᠯᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠬᠢᠬᠡᠳ ᠡᠩᠭᠡ ᠲᠠᠶᠢᠪᠤᠩ ᠪᠠᠷ ᠪᠦᠲᠦᠬᠡᠨ ᠪᠠᠶᠢᠭᠤᠯᠬᠤ ᠳᠤ ᠬᠦᠴᠤ ᠪᠠᠨ ᠡᠷᠬᠦᠬᠦ ᠶᠢ ᠤᠯᠠᠮ ᠬᠦᠨᠵᠡᠬᠡᠢ ᠦᠷᠨᠢᠬᠦᠯᠬᠦ ᠶᠢᠨ ᠲᠦᠯᠦᠬᠡ᠂ 6 ᠰᠠᠷ᠎ᠠ ᠶᠢᠨ 21 ᠤ ᠡᠳᠤᠷ᠂ ᠪᠠᠶᠠᠨᠴᠠᠭᠠᠨ ᠪᠠᠯᠭᠠᠰᠤᠨ ᠤ ᠭᠤᠤᠯᠯᠠᠨ ᠡᠷᠬᠢᠯᠡᠭᠰᠡᠨ ︽ ᠬᠠᠷ᠎ᠠ ᠪᠦᠯᠦᠭᠲᠡᠨ ᠬᠠᠷᠬᠢᠰ ᠬᠦᠴᠦᠨ ᠢ ᠴᠡᠪᠡᠷᠯᠡᠨ ᠠᠷᠢᠯᠭᠠᠬᠤ ᠠᠵᠢᠯᠯᠠᠭᠠᠨ ᠳᠤ ᠢᠳᠡᠪᠬᠢᠲᠠᠢ ᠤᠷᠤᠯᠴᠠᠨ᠂ ᠡᠪ ᠨᠠᠶᠢᠷᠠᠮᠳᠠᠭᠤ ᠰᠠᠶᠢᠨ ᠰᠠᠶᠢᠬᠠᠨ ᠬᠡᠷ ᠤᠷᠤᠨ ᠢᠶᠠᠨ ᠬᠠᠮᠲᠤᠪᠠᠷ ᠪᠠᠶᠢᠭᠤᠯᠤᠶ᠎ᠠ︾ ᠬᠡᠬᠦ ᠭᠤᠤᠯ ᠰᠡᠳᠤᠪᠲᠤ ᠬᠦᠳᠡᠯᠬᠡᠬᠡᠨ ᠮᠠᠨ ᠤ ᠬᠤᠰᠢᠭᠤᠨ ᠤ ᠴᠠᠬᠠᠷ ᠲᠠᠯᠠᠪᠠᠢ ᠳᠡᠭᠡᠷ᠎ᠡ ᠦᠪᠡᠳᠡᠭᠰᠢ ᠶᠡᠭᠡ ᠪᠠᠷ ᠶᠠᠪᠤᠭᠳᠠᠪᠠ᠃ ᠪᠠᠶᠠᠨᠴᠠᠭᠠᠨ ᠪᠠᠯᠭᠠᠰᠤᠨ ᠤ ᠭᠤᠤᠯ ᠡᠬᠦᠷᠬᠡ ᠬᠠᠷᠢᠭᠤᠴᠠᠯᠭᠠᠲᠠᠨ ᠵᠢᠴᠢ ᠪᠠᠶᠠᠨᠴᠠᠭᠠᠨ ᠪᠠᠯᠭᠠᠰᠤᠨ ᠤ ᠲᠤᠮᠢᠯᠠᠭᠰᠠᠨ ᠰᠠᠯᠪᠤᠷᠢ ᠶᠢᠨ ᠪᠦᠯᠦᠭ ᠴᠠᠭᠳᠠᠭ᠎ᠠ ᠬᠦᠳᠡᠯᠬᠡᠬᠡᠨ ᠳᠤ ᠤᠷᠤᠯᠴᠠᠵᠤ ᠨᠠᠭᠠᠰᠢ ᠴᠠᠭᠠᠰᠢ ᠵᠦᠷᠢᠯᠳᠤᠨ ᠦᠩᠭᠡᠷᠡᠵᠤ ᠪᠠᠶᠢᠭ᠎ᠠ ᠤᠯᠠᠨ ᠨᠡᠶᠢᠳᠡ ᠳᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠵᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠠᠭᠤᠳᠠᠰᠤ ᠳᠠᠷᠬᠠᠭᠠᠵᠤ ᠦᠭᠬᠦᠪᠡ᠃     ᠬᠦᠳᠡᠯᠬᠡᠬᠡᠨ ᠳᠤ᠂ ᠪᠠᠶᠠᠨᠴᠠᠭᠠᠨ ᠪᠠᠯᠭᠠᠰᠤᠨ ᠤ ᠡᠯ᠎ᠡ ᠨᠡᠶᠢᠬᠡᠮ ᠲᠤᠭᠤᠷᠢᠭ ᠠᠴᠠ ᠦᠪᠡᠷ ᠢᠶᠠᠨ ᠵᠤᠬᠢᠶᠠᠵᠤ ᠦᠪᠡᠷ ᠢᠶᠠᠨ ᠲᠤᠭᠯᠠᠭᠰᠠᠨ ᠴᠠᠷᠬᠢᠯ ᠬᠤᠯᠪᠤᠭ᠎ᠠ ︽ᠠᠷᠠᠳ ᠤᠨ ᠲᠦᠯᠦᠬᠡ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾᠂ ᠪᠦᠵᠢᠭ ︽ᠳᠤᠮᠳᠠᠲᠤ ᠤᠯᠤᠰ ᠰᠠᠶᠢᠬᠠᠨ ᠲᠠᠯ᠎ᠠ ᠨᠤᠲᠤᠭ ᠰᠠᠶᠢᠬᠠᠨ︾᠂ ᠲᠤᠭᠯᠠᠯᠲᠠ ︽ᠤᠯᠠᠭᠠᠨ ᠲᠤᠭ ᠬᠠᠳᠬᠤᠬᠤ︾ ᠵᠡᠷᠬᠡ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠭᠤᠤᠯ ᠰᠡᠳᠤᠪ ᠲᠠᠢ ᠵᠤᠬᠢᠴᠠᠭᠰᠠᠨ ᠲᠤᠭᠯᠠᠯᠲᠠ ᠭᠠᠷᠭᠠᠵᠤ᠂ ᠳᠤᠬᠠᠢ ᠶᠢᠨ ᠲᠠᠯᠠᠪᠤᠷ ᠲᠤ ᠪᠠᠶᠢᠭ᠎ᠠ ᠤᠯᠠᠨ ᠨᠡᠶᠢᠲᠡ ᠳᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠤᠳᠬ᠎ᠠ ᠠᠭᠤᠯᠭ᠎ᠠ ᠬᠢᠬᠡᠳ ᠭᠤᠤᠯ ᠠᠭᠤᠯᠭ᠎ᠠ ᠶᠢ ᠲᠠᠨᠢᠭᠤᠯᠤᠨ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠬᠦᠳᠡᠯᠬᠡᠬᠡᠨ ᠤ ᠴᠢᠬᠤᠯᠠ ᠴᠢᠨᠠᠷ ᠬᠢᠬᠡᠳ ᠱᠠᠭᠠᠷᠳᠠᠯᠭᠠᠲᠤ ᠴᠢᠨᠠᠷ ᠢ ᠤᠯᠠᠨ ᠨᠡᠶᠢᠳᠡ ᠳᠤ ᠮᠡᠳᠡᠬᠦᠯᠪᠡ᠃ ᠬᠦᠳᠡᠯᠬᠡᠬᠡᠨ ᠳᠤ ᠪᠠᠰᠠ ᠤᠯᠭᠤᠮᠵᠢ ᠲᠠᠢ ᠠᠰᠠᠭᠤᠯᠲᠠ ᠬᠠᠷᠢᠭᠤᠯᠬᠤ ᠬᠦᠳᠤᠯᠤᠯᠴᠡᠯ ᠤᠨ ᠭᠤᠭᠴᠤᠭ᠎ᠠ ᠭᠠᠷᠭᠠᠵᠤ᠂ ᠤᠯᠠᠨ ᠨᠡᠶᠢᠳᠡ ᠪᠠᠷ ᠢᠶᠠᠨ ᠢᠳᠡᠪᠬᠢᠲᠠᠢ ᠪᠠᠷ ᠠᠰᠠᠭᠤᠯᠲᠠ ᠬᠠᠷᠢᠭᠤᠯᠵᠤ᠂ ᠪᠠᠶᠠᠷ ᠬᠦᠷ ᠲᠠᠢ ᠤᠷᠴᠢᠨ ᠳᠤᠮᠳᠠ ᠤᠯᠠᠨ ᠨᠡᠶᠢᠲᠡ ᠶᠢᠨ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠮᠡᠳᠡᠷᠡᠮᠵᠢ ᠶᠢᠨ ᠬᠡᠮᠵᠢᠶ᠎ᠡ ᠬᠢᠬᠡᠳ ᠤᠷᠤᠯᠴᠠᠬᠤ ᠬᠡᠮᠵᠢᠶ᠎ᠡ ᠶᠢ ᠳᠡᠭᠡᠭᠰᠢᠯᠡᠬᠦᠯᠵᠤ᠂ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠳᠤ ᠬᠦᠮᠦᠨ ᠪᠦᠬᠦᠨ ᠤᠷᠤᠯᠴᠠᠬᠤ︾ ᠬᠦᠨ ᠵᠤᠵᠠᠭᠠᠨ ᠤᠷᠴᠢᠨ ᠢ ᠪᠤᠢ ᠪᠤᠯᠭᠠᠪᠠ᠃      ᠲᠤᠰ ᠤᠳᠠᠭᠠᠨ ᠤ ᠬᠦᠳᠡᠯᠬᠡᠬᠡᠨ ᠨᠢ ᠤᠠᠯᠠᠨ ᠨᠡᠶᠢᠳᠡ ᠶᠢᠨ ᠬᠠᠯᠠᠭᠤᠨ ᠬᠦᠷᠢᠶᠡᠯᠡᠯ ᠢ ᠤᠯᠪᠠ᠃ ᠤᠯᠠᠨ  ᠢᠶᠠᠷ ᠢᠶᠠᠨ ︽ᠡᠶᠢᠮᠤᠷᠬᠦᠤ ᠶᠠᠩᠵᠤ ᠶᠢᠨ ᠤᠬᠠᠭᠤᠯᠭ᠎ᠠ ᠶᠢᠨ ᠬᠡᠯᠪᠡᠷᠢ ᠨᠢ ᠲᠤᠶᠢᠯ ᠤᠨ ᠰᠠᠶᠢᠬᠠᠨ᠂ ᠪᠢᠳᠡᠨ ᠰᠡᠷᠢᠬᠦᠴᠡᠨ ᠠᠮᠠᠷᠠᠨ ᠰᠠᠭᠤᠬᠤ ᠶᠢᠨ ᠬᠠᠮᠲᠤ ᠪᠠᠰᠠ ᠪᠠᠭᠷᠤᠮ᠎ᠠ ᠰᠠᠶᠢᠬᠠᠨ ᠲᠤᠭᠯᠠᠯᠲᠠ ᠦᠵᠡᠵᠤ᠂ ᠡᠬᠦᠨ ᠤ ᠬᠠᠮᠲᠤ ᠪᠠᠰᠠ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠳᠤᠬᠠᠢ ᠨᠡᠩ ᠢᠯᠡᠬᠦᠤ ᠤᠶᠢᠯᠠᠭᠠᠯᠲᠠ ᠲᠠᠢ ᠪᠤᠯᠪᠠ︾ ᠬᠡᠵᠠᠢ᠃                                                    ᠵᠤᠬᠢᠶᠠᠭᠴᠢ᠄ ᠨᠠᠨᠳᠢᠨ                                                    ᠤᠷᠴᠢᠭᠤᠯᠤᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠰᠣᠨᠢᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号