ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠲᠠᠲᠤ ᠢᠳᠡᠭᠡᠨ ︵ᠨᠢᠬᠡ︶ | | ︽ᠠᠯᠲᠠᠨ ᠬᠤᠨᠳᠠᠭ᠎ᠠ᠂ ᠮᠦᠩᠭᠦᠨ ᠬᠤᠨᠳᠠᠭᠠᠨ ᠳᠤ ᠪᠠᠨ ᠠᠷᠢᠬᠢ ᠳᠦᠬᠦᠷᠭᠡᠵᠤ᠂ ᠬᠤᠶᠠᠷ ᠭᠠᠷ ᠢᠶᠠᠨ ᠡᠷᠬᠦᠵᠤ | ᠬᠠᠭᠤᠷᠠᠭᠰᠠᠨ ᠪᠤᠳᠠᠭ᠎ᠠ᠂ ᠰᠦ ᠲᠠᠢ ᠴᠠᠢ᠂ ᠴᠢᠨᠠᠭᠰᠠᠨ ᠮᠢᠬ᠎ᠠ᠂ ᠲᠠ ᠴᠠᠳᠲᠠᠯ᠎ᠠ ᠢᠳᠡᠭᠡᠷᠡᠢ︾᠃ ᠡᠨᠡ ᠬᠦ ᠢᠷᠤᠭᠡᠯ | ᠳᠠᠭᠤᠤ ᠨᠢ ᠮᠤᠩᠭᠤᠯ ᠦᠨᠳᠦᠰᠦᠲᠡᠨ ᠤ ᠰᠤᠶᠤᠯ ᠳᠤ ᠤᠨᠤᠪᠴᠢᠲᠠᠢ ᠬᠤᠷᠢᠶᠠᠩᠭᠤᠶᠢᠯᠠᠯ ᠬᠢᠭᠰᠡᠨ ᠶᠤᠮ᠃ ᠬᠡᠪᠡᠴᠤ | ᠨᠠᠶᠢᠷᠠᠭᠤᠯᠤᠯ ᠨᠢ ᠶᠡᠷᠤ ᠨᠢ ᠬᠤᠶᠢᠲᠤ ᠬᠤᠰᠢᠭᠤᠨ ᠤ ᠠᠮᠲᠠᠲᠤ ᠢᠳᠡᠭᠡᠨ ᠢ ᠨᠢᠬᠡᠳ ᠨᠢᠬᠡ ᠪᠠᠷ ᠲᠠᠨᠢᠯᠴᠠᠭᠤᠯᠵᠤ᠂ | ᠲᠠᠨᠤᠰ ᠬᠤᠶᠢᠲᠤ ᠬᠤᠰᠢᠭᠤᠨ ᠳᠤ ᠢᠷᠡᠵᠤ ᠠᠯᠢᠪᠠ ᠠᠮᠲᠠᠲᠤ ᠢᠳᠡᠭᠡᠨ ᠢ ᠠᠮᠲᠠᠯᠠᠵᠤ ᠳᠡᠶᠢᠯᠬᠦ ᠦᠬᠡᠢ ᠠᠴᠠ ᠯᠡ | ᠠᠶᠤᠨ᠎ᠠ᠃ | ᠠᠮᠲᠠᠲᠤ ᠢᠳᠡᠭᠡᠨ ᠤ ᠨᠢᠬᠡ ᠨᠢ ᠪᠤᠯ ᠴᠠᠭᠠᠨ ᠢᠳᠡᠭᠡᠨ᠄ ᠲᠠᠯ᠎ᠠ ᠨᠤᠲᠤᠭ ᠤᠨ ᠢᠳᠡᠭᠡᠨ ᠤ ᠲᠡᠷᠢᠬᠦᠨ ᠨᠢ | ᠴᠠᠭᠠᠨ ᠢᠳᠡᠭᠡ ᠪᠤᠯᠤᠨ᠎ᠠ᠃ ᠲᠡᠷᠡ ᠴᠦ ᠪᠠᠶᠢᠲᠤᠭᠠᠢ ᠴᠠᠬᠠᠷ ᠤᠨ ᠠᠷᠠᠳ ᠲᠦᠮᠡᠨ ᠲᠡᠤᠬᠡᠨ ᠳᠡᠭᠡᠷ᠎ᠡ ᠬᠠᠭᠠᠨ ᠤ | ᠤᠷᠳᠤᠨ ᠳᠤ ᠲᠤᠰᠠᠬᠠᠶᠢᠯᠠᠨ ︽ᠴᠠᠭᠠᠨ ᠢᠳᠡᠭᠡ︾ ᠶᠢ ᠬᠠᠩᠭᠠᠵᠤ ᠪᠠᠶᠢᠭᠰᠠᠨ ᠠᠶᠢᠮᠠᠭ ᠪᠠᠶᠢᠭᠰᠠᠨ᠃ ᠬᠢᠭᠰᠡᠨ ᠴᠠᠭᠠᠨ | ᠢᠳᠡᠭᠡᠨ ᠤ ᠲᠦᠷᠦᠯ ᠵᠤᠶᠢᠯ ᠨᠢ ᠡᠯᠪᠡᠭ ᠪᠠᠶᠠᠯᠢᠭ᠂ ᠨᠡᠷ᠎ᠡ ᠲᠦᠷᠤ ᠲᠠᠢ᠂ ᠡᠯᠳᠡᠪ ᠵᠤᠶᠢᠯ ᠤᠨ ᠬᠢᠬᠦ ᠠᠷᠭ᠎ᠠ ᠪᠠᠷᠢᠯ | ᠪᠠᠶᠢᠳᠠᠭ᠃ ᠴᠠᠭᠠᠨ ᠢᠳᠡᠭᠡ ᠮᠤᠩᠭᠤᠯ ᠬᠡᠯᠡᠨ ᠳᠤ ︽ᠴᠠᠭᠠᠨ ᠢᠳᠡᠭᠡ ︵ChagaanYidee︶︾ ᠬᠡᠳᠡᠭ᠃ | ᠴᠠᠭᠠᠨ ᠢᠳᠡᠭᠡ ᠶᠢ ᠶᠡᠭᠡ ᠲᠦᠯᠦᠪ ᠰᠢᠩᠭᠡᠨ ᠲᠦᠯᠦᠪᠲᠤ ᠴᠠᠭᠠᠨ ᠢᠳᠡᠭᠡ᠂ ᠬᠠᠲᠠᠭᠤ ᠲᠦᠯᠤᠪᠲᠤ ᠴᠠᠭᠠᠨ ᠢᠳᠡᠭᠡ | ᠬᠡᠵᠤ ᠬᠤᠶᠠᠷ ᠲᠦᠷᠦᠯ ᠳᠤ ᠠᠩᠭᠢᠯᠠᠳᠠᠭ᠃ ᠰᠢᠩᠭᠡᠨ ᠲᠦᠯᠦᠪᠲᠤ ᠴᠠᠭᠠᠨ ᠢᠳᠡᠭᠡᠨ ᠳᠤ ᠰᠢᠨ᠎ᠡ ᠰᠦ᠂ ᠴᠠᠭᠠᠨ | ᠲᠤᠰᠤ᠂ ᠢᠰᠬᠦᠯᠡᠩ ᠲᠤᠰᠤᠨ ᠰᠢᠩᠭᠡᠨ᠂ ᠰᠢᠷ᠎ᠡ ᠲᠤᠰᠤ᠂ ᠢᠰᠬᠦᠯᠡᠩ ᠲᠤᠰᠤᠨ ᠰᠢᠭᠠᠷᠤ᠂ ᠰᠢᠷᠠᠰᠤ᠂ ᠪᠤᠯᠤᠭᠰᠠᠨ | ᠠᠶᠢᠷᠠᠭ᠂ ᠡᠭᠡᠳᠡᠭᠰᠡᠨ ᠰᠦ ᠵᠡᠷᠭᠡ ᠪᠠᠶᠢᠳᠠᠭ᠃ ᠬᠠᠲᠠᠭᠤ ᠲᠦᠯᠦᠪᠲᠤ ᠴᠠᠭᠠᠨ ᠢᠳᠡᠭᠡ ᠳᠤ ᠦᠷᠦᠮ᠎ᠡ᠂ ᠬᠤᠷᠤᠳ᠂ | ᠠᠭᠠᠷᠤᠤᠯ ᠵᠡᠷᠭᠡ ᠪᠠᠶᠢᠳᠠᠭ᠃ ᠴᠠᠭᠠᠨ ᠢᠳᠡᠭᠡᠨ ᠤ ᠲᠤᠲᠤᠷ᠎ᠠ ᠶᠡᠭᠡ ᠬᠡᠮᠵᠢᠶᠡᠨ ᠤ ᠠᠮᠢᠨᠤ᠋ ᠬᠦᠴᠢᠯ᠂ ᠤᠭᠤᠷᠠᠭ᠂ ᠲᠤᠰᠤ᠂ | ᠪᠢᠴᠢᠯ ᠡᠯᠧᠮᠧᠨ᠋ᠲ ᠠᠭᠤᠯᠤᠭᠳᠠᠵᠤ᠂ ᠬᠦᠮᠦᠨ ᠤ ᠪᠡᠶ᠎ᠡ ᠶᠢᠨ ᠠᠵᠢᠯᠯᠠᠭ᠎ᠠ ᠳᠤ ᠳᠤᠲᠠᠭᠳᠠᠵᠤ ᠪᠤᠯᠤᠰᠢ ᠦᠬᠡᠢ ᠰᠢᠮ᠎ᠡ | ᠲᠡᠵᠢᠬᠡᠯ ᠤᠨ ᠪᠦᠷᠢᠯᠳᠦᠬᠦᠨ ᠲᠠᠢ ᠪᠠᠶᠢᠵᠤ᠂ ᠡᠭᠡᠯᠢᠯᠡᠭᠡ ᠶᠢᠨ ᠴᠢᠳᠠᠯ ᠢ ᠨᠡᠮᠡᠭᠳᠡᠬᠦᠯᠦᠨ᠂ ᠡᠷᠡᠬᠡᠯᠵᠡᠯ ᠤᠨ ᠤᠶᠢᠯᠡᠳᠤᠯ | ᠲᠠᠢ ᠪᠠᠶᠢᠳᠠᠭ᠃ ᠴᠠᠭᠠᠨ ᠢᠳᠡᠭᠡ ᠶᠢ ᠴᠤ ᠬᠤᠪᠤᠷ ᠨᠠᠨᠳᠢᠨ ᠡᠳ᠋ ᠢᠶᠠᠷ ᠦᠵᠡᠵᠤ᠂ ᠰᠢᠨ᠎ᠡ ᠶᠢᠨ ᠵᠤᠯᠭᠠᠯᠲᠠ ᠬᠢᠬᠦ᠂ | ᠨᠠᠰᠤᠨ ᠪᠠᠶᠠᠷ ᠬᠢᠬᠦ᠂ ᠬᠡᠶᠢᠴᠢᠨ ᠵᠤᠴᠢᠨ ᠳᠠᠶᠢᠯᠠᠬᠤ᠂ ᠪᠠᠶᠠᠷ ᠨᠠᠶᠢᠷ ᠤᠨ ᠳᠠᠶᠢᠯᠠᠯᠭ᠎ᠠ ᠬᠢᠬᠦ ᠵᠡᠷᠭᠡ ᠳᠤ ᠶᠠᠭᠤᠨ ᠤ | ᠡᠮᠤᠨ᠎ᠡ ᠴᠠᠭᠠᠨ ᠢᠳᠡᠭᠡ ᠠᠮᠰᠠᠬᠤ᠂ ᠰᠠᠭᠠᠯᠢ ᠶᠢᠨ ᠠᠷᠢᠬᠢ ᠡᠷᠬᠦᠬᠦ ᠪᠠᠷ ᠬᠠᠮᠤᠭ ᠤᠨ ᠰᠠᠶᠢᠨ ᠰᠠᠶᠢᠬᠠᠨ ᠢᠷᠤᠬᠡᠯ | ᠢᠶᠠᠨ ᠪᠤᠯᠭᠠᠳᠠᠭ᠃ |