ᠭᠤᠤᠯ ᠰᠡᠳᠦᠪ᠄ ᠪᠠᠲᠤ ᠴᠡᠭᠡᠵᠢᠯᠡᠵᠦ ᠲᠣᠭᠲᠠᠯ ᠬᠦᠴᠦᠨ ᠢᠶᠠᠨ ᠪᠠᠲᠤᠯᠠᠵᠤ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠶᠢᠨ | ᠰᠢᠨ᠎ᠡ ᠵᠠᠮ ᠢᠶᠠᠷ ᠰᠠᠶᠢᠲᠤᠷ ᠵᠠᠮᠨᠠᠶ᠎ᠠ | | ᠡᠷᠬᠢᠮ ᠵᠤᠴᠢᠨ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤ ᠳᠠᠷᠤᠭ᠎ᠠ ᠭᠤᠤ ᠶᠦᠩ ᠪᠢᠨ | ᠭᠤᠤᠯ ᠠᠭᠤᠯᠭ᠎ᠠ᠄ 2019 ᠤᠨ 3 ᠰᠠᠷ᠎ᠠ ᠶᠢᠨ 5 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠳᠠᠭᠠᠨ᠂ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠣᠨᠴᠠᠭᠠᠢᠯᠠᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠥᠭᠪᠡ᠃ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠰᠤᠷᠪᠤᠯᠵᠢᠯᠠᠭᠴᠢ ᠲᠦᠷᠦᠭᠦᠬᠡᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠭᠤᠤ ᠶᠦᠩ ᠪᠢᠨ ᠢ ᠰᠤᠷᠪᠤᠯᠵᠢᠯᠠᠪᠠ᠃ | | | | ᠲᠡᠮᠳᠡᠭᠯᠡᠭᠴᠢ᠄ 2019 ᠤᠨ 3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠷᠪᠠᠨ | ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠳᠠᠭᠠᠨ᠂ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠢᠯᠠᠩᠭᠤᠶ᠎ᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠥᠭᠪᠡ᠃ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠳᠠᠷᠤᠭ᠎ᠠ ᠭᠤᠤ ᠶᠦᠩ ᠪᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃ ᠭᠤᠤ | ᠬᠤᠰᠢᠭᠤᠨ ᠳᠠᠷᠤᠭ᠎ᠠ᠂ ᠲᠠ ᠰᠠᠶᠢᠨ ᠤᠤ︕ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶ᠎ᠠ ᠶᠢ ᠬᠡᠷᠬᠢᠨ ᠦᠵᠡᠬᠦ ᠲᠤᠬᠠᠶ ᠲᠠ ᠶᠠᠷᠢᠭᠠᠳ ᠥᠭᠭᠦᠨ᠎ᠡ ᠤᠤ︖ | ᠭᠤᠤ ᠶᠦᠩ ᠪᠢᠨ᠄ ᠶᠡᠷᠦᠩᠬᠡᠶ ᠱᠦᠵᠢ ᠶᠢᠨ ᠶᠠᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠦᠵᠡᠯ | ᠰᠠᠨᠠᠭ᠎ᠠ ᠭᠦᠨ ᠭᠦᠨᠵᠡᠭᠡᠶ᠂ ᠳᠣᠲᠣᠭᠠᠳᠤ ᠠᠭᠤᠯᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠪᠠᠶᠢᠷᠢ ᠲᠣᠭᠲᠠᠭᠠᠯᠲᠠ᠂ | ᠬᠤᠷᠢᠭ᠎ᠠ ᠱᠤᠭᠤᠮ ᠢ ᠰᠠᠬᠢᠵᠤ᠂ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ | ᠪᠠ ᠰᠢᠨᠵᠢᠯᠡᠬᠦ ᠤᠬᠠᠭᠠᠨ ᠤ ᠵᠡᠪᠰᠡᠭ ᠬᠠᠩᠭᠠᠭᠰᠠᠨ ᠪᠠᠶᠢᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠪᠣᠳᠠᠲᠠᠶ | ᠠᠵᠢᠯᠯᠠᠭ᠎ᠠ ᠶᠢ ᠪᠡᠶᠠᠯᠡᠭᠦᠯᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠩ ᠶᠡᠭᠡ ᠡᠷᠡᠰ ᠵᠣᠷᠢᠭ᠂ ᠨᠠᠩ ᠴᠢᠩᠭ᠎ᠠ ᠡᠷᠴᠢᠮ᠂ ᠨᠠᠩ ᠪᠣᠳᠠᠲᠠᠶ ᠠᠷᠭ᠎ᠠ | ᠬᠡᠮᠵᠢᠶ᠎ᠡ ᠪᠠᠷ ︽ᠭᠤᠷᠪᠠᠨ ᠡᠷᠡᠰ︾ ᠢ ᠪᠠᠷᠢᠮᠲᠠᠯᠠᠵᠤ᠂ ᠠᠵᠤ ᠠᠬᠤᠢ ᠶᠢᠨ ᠪᠣᠬᠢᠷᠲᠤᠯ ᠥᠬᠡᠶ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠬᠡ ᠤᠯᠤᠰ ᠠᠴᠠ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃ | ᠲᠡᠮᠳᠡᠭᠯᠡᠭᠴᠢ᠄ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠶᠢ | ᠬᠡᠷᠬᠢᠨ ᠨᠠᠶᠢᠳᠠᠪᠤᠷᠢᠵᠢᠭᠤᠯᠬᠤ ᠲᠤᠬᠠᠶ ᠶᠠᠷᠢᠭᠠᠳ ᠥᠭᠭᠦᠨ᠎ᠡ ᠤᠤ︖ | ᠭᠤᠤ ᠶᠦᠩ ᠪᠢᠨ᠄ ᠥᠪᠥᠷ ᠮᠣᠩᠭᠤᠯ ᠢ ᠮᠠᠨ ᠤ ᠤᠯᠤᠰ ᠠᠴᠠ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ ᠥᠪᠥᠷ ᠮᠣᠩᠭᠤᠯ ᠤᠨ ᠡᠷᠬᠡᠪᠰᠢ | ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤ ᠨᠢ ᠪᠡᠭᠡᠵᠢᠩ ᠠᠴᠠ ᠨᠡᠯᠢᠶᠡᠳ ᠤᠶᠢᠷ᠎ᠠ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ᠂ | ᠮᠤᠨᠢ ᠠᠭᠤᠯᠠ ᠶᠢᠨ ᠠᠷᠤ ᠬᠤᠷᠮᠣᠶ ᠶᠢᠨ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢᠲᠤ ᠣᠷᠣᠨ ᠤ ᠴᠢᠬᠤᠯᠠ | ᠨᠢᠭᠡ ᠭᠤᠭᠴᠤᠭ᠎ᠠ ᠪᠣᠯᠤᠭᠰᠠᠨ ᠤ ᠬᠤᠪᠢ ᠳᠤ᠂ ᠪᠡᠭᠡᠵᠢᠩ ᠠᠴᠠ ᠤᠶᠢᠷ᠎ᠠ ᠪᠠᠶᠢᠭ᠎ᠠ᠂ ᠡᠮᠦᠨᠡᠰᠢ ᠬᠤᠯᠪᠣᠭᠠᠯᠠᠵᠤ | ᠤᠮᠠᠷᠠᠰᠢ ᠨᠡᠭᠡᠭᠡᠭᠰᠡᠨ ᠵᠠᠮ ᠬᠠᠷᠢᠯᠴᠠᠭᠠᠨ ᠤ ᠳᠠᠪᠠᠭᠤᠯᠢᠭ ᠲᠠᠯ᠎ᠠ ᠲᠠᠢ ᠪᠥᠭᠡᠳ ᠨᠠᠩ ᠴᠤ ᠨᠡᠶᠢᠰᠯᠡᠯ ᠤᠨ ᠰᠠᠯᠬᠢᠨ ᠢ | ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠰᠤᠷᠪᠤᠯᠵᠢ ᠶᠢ ᠬᠠᠳᠠᠭᠠᠯᠠᠬᠤ ᠣᠨᠴᠠᠭᠠᠢ ᠡᠭᠦᠷᠭᠡ ᠶᠢ | ᠡᠭᠦᠷᠭᠡᠯᠡᠵᠦ ᠪᠠᠶᠢᠭ᠎ᠠ ᠶᠤᠮ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠶᠢᠯᠠᠭᠤᠯᠵᠤ ᠪᠣᠯᠤᠰᠢ ᠦᠭᠡᠢ ᠴᠢᠬᠤᠯᠠ ᠶᠡᠭᠡ ᠬᠠᠷᠢᠭᠤᠴᠠᠯᠭ᠎ᠠ ᠮᠥᠨ᠃ | ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠬᠤ ᠶᠢ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠵᠡᠯ | ᠰᠠᠨᠠᠭᠠᠨ ᠤ ᠰᠠᠭᠤᠷᠢ ᠪᠣᠯᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠶᠢ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠪᠣᠯᠭᠠᠵᠤ᠂ | ᠳᠦᠷᠢᠮᠤᠨ ᠪᠠᠶᠢᠭᠤᠯᠤᠯᠲᠠ ᠶᠢ ᠴᠢᠩᠭᠠᠳᠬᠠᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ | ᠶᠡᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠨᠳᠦᠰᠦᠨ ᠪᠠᠲᠤᠯᠠᠭ᠎ᠠ ᠪᠣᠯᠭᠠᠵᠤ᠂ ᠪᠣᠬᠢᠷᠲᠤᠯ ᠦᠭᠡᠢ | ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠨᠳᠦᠰᠦᠨ ᠱᠠᠭᠠᠷᠳᠠᠯᠭ᠎ᠠ ᠪᠣᠯᠭᠠᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠠᠶᠢᠩᠭᠤ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ | ᠪᠠᠶᠢᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠨᠠᠮ ᠤᠨ ᠲᠥᠪ | ᠬᠤᠷᠢᠶᠠᠨ ᠤ ᠡᠯ᠎ᠡ ᠵᠦᠶ᠋ᠯ ᠤᠨ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ | ᠲᠡᠮᠳᠡᠭᠯᠡᠭᠴᠢ᠄ ᠲᠠ ᠬᠡᠷᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠲᠤᠬᠠᠶ ᠶᠠᠷᠢᠭᠠᠳ ᠥᠭᠭᠦᠨ᠎ᠡ ᠤᠤ︖ | ᠭᠤᠤ ᠶᠦᠩ ᠪᠢᠨ᠄ ᠶᠡᠷᠦᠩᠬᠡᠶ ᠱᠦᠵᠢ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠬᠤ ᠬᠡᠷᠡᠭᠲᠡᠶ᠂ ᠠᠵᠤ | ᠠᠬᠤᠢ ᠶᠢᠨ ᠬᠥᠭᠵᠢᠯᠲᠡ ᠳᠤ ᠵᠢᠭᠠᠬᠠᠨ ᠬᠦᠴᠢᠷᠳᠡᠯ ᠲᠤᠯᠭᠠᠷᠠᠭᠰᠠᠨ ᠠᠴᠠ ᠪᠣᠯᠵᠤ᠂ ᠲᠥᠷᠥᠯ ᠵᠤᠶᠢᠯ ᠪᠠᠶᠢᠭᠤᠯᠬᠤ᠂ | ᠣᠷᠴᠢᠨ ᠲᠣᠭᠤᠷᠢᠨ ᠢ ᠦᠷᠡᠭᠳᠡᠭᠦᠯᠬᠦ ᠪᠠᠷ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠬᠦ ᠪᠣᠳᠣᠯ ᠣᠷᠣᠵᠤ ᠪᠣᠯᠬᠤ | ᠥᠬᠡᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ | ᠬᠢᠯᠢ ᠳᠣᠲᠣᠷ᠎ᠠ ᠮᠠᠰᠢ ᠣᠯᠠᠨ ᠠᠵᠤ ᠤᠶᠢᠯᠡᠳᠪᠤᠷᠢ ᠶᠢᠨ ᠠᠵᠤ ᠠᠬᠤᠶᠢᠯᠠᠯ ᠲᠠᠢ ᠪᠠᠶᠢᠳᠠᠭ᠃ ᠣᠯᠠᠨ ᠵᠢᠯ ᠤᠨ | ᠬᠥᠭᠵᠢᠯᠲᠡ ᠶᠢᠨ ᠤᠶᠢᠯᠡᠳᠤᠯᠬᠡ᠂ ᠢᠯᠠᠩᠭᠤᠶ᠎ᠠ ᠶᠡᠷᠦᠩᠬᠡᠶ ᠱᠦᠵᠢ ᠶᠢᠨ ᠴᠢᠩ ᠰᠡᠳᠬᠢᠯ ᠤᠨ ᠰᠤᠷᠭᠠᠯ ᠨᠢ ᠣᠷᠴᠢᠨ | ᠲᠣᠭᠤᠷᠢᠨ ᠪᠣᠯ ᠬᠠᠮᠤᠭ ᠤᠨ ᠬᠤᠪᠣᠷ ᠴᠤᠬᠠᠭ ᠡᠬᠢ ᠪᠠᠶᠠᠯᠢᠭ ᠮᠥᠨ᠂ ᠠᠮᠢ ᠠᠬᠤᠶ ᠪᠣᠯ ᠬᠠᠮᠤᠭ ᠤᠨ ᠡᠷᠬᠢᠮ | ᠨᠠᠨᠳᠢᠨ ᠡᠳ᠋ ᠪᠠᠶᠠᠯᠢᠭ ᠮᠥᠨ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠠᠶᠢᠬᠤ ᠦᠭᠡᠢ ᠪᠣᠯ | ᠳᠠᠷᠤᠶ ᠣᠷᠣᠰᠢᠨ ᠲᠣᠭᠲᠠᠨᠢᠬᠤ ᠪᠠ ᠬᠥᠭᠵᠢᠬᠦ ᠰᠠᠭᠤᠷᠢ ᠦᠭᠡᠢ ᠪᠣᠯᠤᠨ᠎ᠠ ᠭᠡᠳᠡᠭ ᠢ ᠪᠢᠳᠡᠨ ᠳᠤ ᠭᠦᠨᠵᠡᠭᠡᠶ | ᠲᠠᠨᠢᠭᠤᠯᠤᠭᠰᠠᠨ ᠪᠠᠶᠢᠨ᠎ᠠ᠃ ᠪᠢᠳᠡ ︽ᠬᠥᠬᠡᠮᠳᠦᠭ ᠨᠣᠭᠤᠭᠠᠨ ᠪᠣᠯ ᠠᠯᠲᠠᠨ ᠠᠭᠤᠯᠠ ᠮᠥᠨ︾ ᠭᠡᠬᠦ | ᠬᠥᠭᠵᠢᠯᠲᠡ ᠶᠢᠨ ᠤᠶᠢᠯᠠᠭᠠᠭᠳᠠᠬᠤᠨ ᠢ ᠴᠢᠨᠠᠭᠰᠢᠳᠠ ᠪᠠᠲᠤ ᠪᠣᠶ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ | ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠋᠃ ᠨᠢᠭᠡ ᠳᠤ | ᠪᠣᠬᠢᠷᠲᠤᠯ ᠦᠭᠡᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠤᠤᠯ ᠴᠣᠭᠴᠠ ᠶᠢᠨ ᠴᠢᠳᠠᠮᠵᠢᠲᠤ | ᠣᠷᠣᠨ ᠤ ᠲᠥᠯᠥᠪᠵᠢᠭᠦᠯᠭᠡ ᠳᠤ ᠨᠡᠶᠢᠴᠡᠬᠦ ᠦᠭᠡᠢ ᠲᠥᠷᠥᠯ ᠵᠤᠶᠢᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠲᠥᠷᠥᠯ ᠵᠤᠶᠢᠯ ᠢ ᠶᠠᠭᠠᠬᠢᠭᠰᠠᠨ ᠴᠤ | ᠬᠢᠵᠦ ᠪᠣᠯᠬᠤ ᠦᠭᠡᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠲᠥᠷᠥᠯ ᠵᠤᠶᠢᠯ ᠢ | ᠶᠠᠭᠠᠬᠢᠭᠰᠠᠨ ᠴᠤ ᠬᠢᠵᠦ ᠪᠣᠯᠬᠤ ᠦᠭᠡᠢ᠂ ᠣᠷᠴᠢᠨ ᠲᠣᠭᠤᠷᠢᠨ ᠤ ᠪᠣᠬᠢᠷᠲᠤᠯ ᠪᠣᠯᠤᠨ ᠠᠮᠢ ᠠᠬᠤᠢ ᠶᠢᠨ ᠡᠪᠳᠡᠭᠳᠡᠯ ᠢ | ᠡᠬᠢ ᠡᠭᠦᠰᠦᠯ ᠠᠴᠠ ᠨᠢ ᠰᠡᠷᠭᠡᠶᠢᠯᠡᠵᠦ᠂ ︽ᠦᠨᠡᠰᠦ ᠲᠠᠢ G D P︾ ᠶᠢ ᠶᠠᠭᠠᠬᠢᠭᠰᠠᠨ ᠴᠤ ᠬᠢᠵᠦ ᠪᠣᠯᠬᠤ ᠦᠭᠡᠢ᠃ | ᠬᠤᠶᠠᠷ ᠲᠤ ᠠᠵᠤ ᠦᠢᠯᠡᠰ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠲᠠᠷᠢᠶᠠᠯᠠᠩ ᠮᠠᠯ | ᠠᠵᠤ ᠠᠬᠤᠢ ᠶᠢᠨ ᠬᠡᠪᠴᠢᠶᠡᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ︽ᠬᠤᠶᠠᠷ ᠣᠬᠢ ᠰᠢᠯᠢᠳᠡᠭ ᠲᠠᠷᠢᠮᠠᠯ ᠤᠨ | ᠪᠦᠰᠡ᠂ ᠳᠥᠷᠪᠡᠨ ᠲᠣᠮᠣ ᠲᠡᠵᠢᠭᠡᠪᠦᠷᠢ ᠶᠢᠨ ᠲᠠᠯᠠᠪᠠᠢ︾ ᠶᠢᠨ ᠲᠣᠭᠤᠷᠢᠨ ᠳᠤ᠂ ᠤᠰᠤ ᠠᠷᠪᠢᠯᠠᠬᠤ ᠲᠠᠷᠢᠶᠠᠯᠠᠩ ᠢ | ᠶᠡᠬᠡᠪᠡᠷ ᠳᠡᠯᠭᠡᠷᠡᠭᠦᠯᠵᠦ᠂ ᠬᠠᠭᠤᠷᠠᠶ ᠲᠠᠷᠢᠮᠠᠯ ᠤᠨ ᠲᠠᠷᠢᠶᠠᠯᠠᠩ ᠤᠨ ᠬᠥᠭᠵᠢᠯᠲᠡ ᠶᠢᠨ ᠳᠠᠯᠳᠠ ᠬᠦᠴᠦᠨ ᠢ ᠭᠦᠨ | ᠠᠭᠤᠳᠠᠯᠵᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠪᠠᠭᠠᠰᠬᠠᠨ᠂ ᠭᠠᠭ᠋ᠠᠶ ᠲᠡᠵᠢᠭᠡᠬᠦ ᠪᠥᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ︽ᠳᠤᠮᠳᠠᠳᠤ ᠤᠯᠤᠰ ᠠᠴᠠ ᠲᠥᠮᠥᠰᠥ ᠶᠢᠨ ᠲᠥᠪ︾ ᠤᠨ | ᠭᠤᠤᠯ ᠣᠷᠣᠨ ᠢ ᠬᠦᠴᠦᠷᠬᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠥᠭᠵᠢᠯᠲᠡ ᠶᠢ ᠪᠠᠷᠢᠮᠲᠠᠯᠠᠵᠤ᠂ ᠪᠠᠷᠢᠯᠭ᠎ᠠ ᠶᠢᠨ | ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠦᠷᠢ᠂ ᠠᠷᠠᠰᠤ ᠨᠣᠣᠰᠣ ᠨᠣᠣᠯᠤᠷ ᠬᠤᠶᠠᠷ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠯ᠎ᠡ ᠲᠥᠷᠥᠯ ᠤᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠰᠢ ᠲᠥᠪᠯᠡᠷᠡᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ | ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ᠂ ᠬᠠᠲᠠᠭᠤ ᠪᠡᠶᠡᠲᠦ | ᠬᠠᠶᠠᠭᠳᠠᠮᠠᠯ ᠰᠢᠭᠠᠷᠤ ᠶᠢᠨ ᠲᠠᠯᠠᠪᠠᠢ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠲᠦᠷᠭᠡᠬᠡᠨ ᠲᠡᠭᠦᠯᠳᠡᠷᠵᠢᠭᠦᠯᠵᠦ᠂ | ᠴᠠᠬᠢᠯᠠᠭᠤᠷ ᠴᠢᠯᠠᠭᠤ ᠬᠢᠮᠢ ᠶᠢᠨ ᠠᠵᠤ ᠤᠶᠢᠯᠡᠳᠪᠤᠷᠢ ᠶᠢᠨ ᠣᠷᠦ᠋ᠢᠯᠠᠭᠰᠠᠨ ᠣᠷᠣᠨ᠂ ᠰᠢᠨ᠎ᠡ ᠮᠠᠲ᠋ᠧᠷᠢᠶᠠᠯ | ᠴᠤᠭᠯᠠᠷᠠᠭᠰᠠᠨ ᠣᠷᠣᠨ ᠢ ᠪᠠᠶᠢᠭᠤᠯᠤᠨ᠎ᠠ᠃ ᠵᠢᠭᠤᠯᠴᠢᠯᠠᠯ ᠤᠨ ᠦᠢᠯᠡᠰ ᠠᠭᠤᠰᠤᠯᠳᠤᠨ ᠬᠥᠭᠵᠢᠬᠦ ᠶᠢ ᠪᠠᠷᠢᠮᠲᠠᠯᠠᠵᠤ᠂ | ︽ᠰᠢᠳᠢᠲᠦ ᠴᠠᠬᠠᠷ· ᠭᠠᠯᠲᠤ ᠠᠭᠤᠯᠠ ᠶᠢᠨ ᠲᠠᠯ᠎ᠠ ᠨᠤᠲᠤᠭ ᠤᠨ ᠬᠠᠶᠢᠷ᠎ᠠ ᠰᠡᠳᠬᠢᠯᠭᠡ︾ ᠶᠢᠨ ᠵᠢᠭᠤᠯᠴᠢᠯᠠᠯ ᠤᠨ | ᠨᠡᠷᠡᠲᠦ ᠲᠡᠮᠳᠡᠭ ᠤᠨ ᠲᠣᠭᠤᠷᠢᠨ ᠳᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠣᠨᠴᠠᠯᠢᠭᠲᠤ ᠵᠢᠭᠤᠯᠴᠢᠯᠠᠯ᠂ | ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ | ᠵᠣᠬᠢᠶᠠᠵᠤ᠂ ᠵᠢᠭᠤᠯᠴᠢᠯᠠᠯ ᠬᠢᠭᠡᠳ ᠪᠤᠰᠤᠳ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠪᠡᠭᠡᠵᠢᠩ | ᠳᠡᠭᠦᠷᠭᠡ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ ᠭᠤᠷᠪᠠ ᠳᠤ᠂ ᠪᠣᠬᠢᠷᠲᠤᠯ ᠦᠭᠡᠢ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠤᠯᠠᠮᠵᠢᠯᠠᠯᠲᠤ ᠠᠵᠤ ᠤᠶᠢᠯᠡᠰ ᠨᠢ ᠳᠡᠭᠡᠰᠦ ᠲᠡᠰ ᠤᠨ | ᠪᠣᠬᠢᠷᠲᠤᠯ ᠥᠬᠡᠶ ᠡᠷᠬᠢᠯᠳᠡᠳᠦ ᠡᠷᠭᠢᠯᠳᠡᠲᠦ ᠬᠥᠭᠵᠢᠯᠲᠡ ᠶᠢᠨ ᠴᠢᠭᠯᠡᠯ ᠶᠣᠰᠣᠭᠠᠷ᠂ ᠴᠠᠬᠢᠯᠠᠭᠤᠷ ᠴᠢᠯᠠᠭᠤ ᠶᠢᠨ | ᠬᠢᠮᠢ ᠶᠢᠨ ᠠᠵᠤ ᠤᠶᠢᠯᠡᠳᠪᠤᠷᠢ ᠶᠢᠨ ᠠᠵᠤ ᠦᠢᠯᠡᠰ ᠤᠨ ᠬᠤᠶᠠᠳᠠᠬᠢ ᠤᠳᠠᠭᠠᠨ ᠤ ᠠᠳᠠᠯᠤᠶᠢᠯᠡᠰ ᠴᠣᠭᠴᠠᠯᠠᠬᠤ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠠᠶᠠᠭᠳᠠᠮᠠᠯ | ᠬᠡᠢ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠴᠠᠬᠢᠯᠭᠠᠨ | ᠬᠡᠷᠡᠭᠯᠡᠬᠦ᠂ ᠤᠰᠤ ᠬᠡᠷᠡᠭᠯᠡᠬᠦ᠂ ᠮᠠᠲ᠋ᠧᠷᠢᠶᠠᠯ ᠬᠡᠷᠡᠭᠯᠡᠵᠦ ᠬᠤᠷᠣᠭᠳᠠᠯ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ | ᠲᠠᠯ᠎ᠠ ᠪᠠᠷ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠪᠣᠬᠢᠷᠲᠤᠯ | ᠥᠬᠡᠶ ᠬᠥᠭᠵᠢᠭᠦᠯᠬᠦ᠂ ᠣᠳᠣ ᠦᠶ᠎ᠡ ᠶᠢᠨ ᠬᠠᠮᠢᠶᠠᠷᠤᠯᠲᠠ ᠠᠴᠠ ᠦᠷ᠎ᠡ ᠠᠰᠢᠭ ᠣᠯᠬᠤ ᠬᠡᠷᠡᠭᠲᠡᠶ᠃ ᠰᠢᠨ᠎ᠡ ᠪᠠᠷ | ᠮᠠᠨᠳᠤᠭᠰᠠᠨ ᠠᠵᠤ ᠤᠶᠢᠯᠡᠰ ᠨᠢ ᠪᠠᠯ ᠴᠢᠯᠠᠭᠤ ᠪᠠᠷ ᠭᠤᠤᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠬᠥᠭᠵᠢᠯᠲᠡ ᠶᠢᠨ | ᠠᠵᠠ ᠲᠣᠬᠢᠶᠠᠯ ᠢ ᠵᠠᠪᠳᠤᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ | ᠠᠵᠤ ᠦᠢᠯᠡᠰ ᠤᠨ ᠪᠦᠯᠦᠭᠵᠢᠯ ᠤᠨ ᠠᠰᠢᠭᠲᠠᠢ ᠨᠥᠬᠦᠴᠡᠯ ᠢ ᠠᠬᠢᠭᠤᠯᠬᠤ ᠲᠠᠢ ᠤᠶᠠᠯᠳᠤᠭᠤᠯᠤᠨ᠂ ᠰᠢᠨ᠎ᠡ ᠪᠠᠷ | ᠣᠷᠣᠭᠤᠯᠤᠭᠰᠠᠨ ᠪᠠᠯ ᠴᠢᠯᠠᠭᠤ ᠪᠠᠷ ᠭᠤᠤᠯ ᠪᠣᠯᠭᠠᠭᠰᠠᠨ ᠲᠥᠷᠥᠯ ᠵᠤᠶᠢᠯ ᠢ ᠠᠰᠢᠭᠯᠠᠯᠲᠠ ᠳᠤ ᠣᠷᠣᠭᠤᠯᠬᠤ ᠶᠢ | ᠲᠦᠷᠭᠡᠳᠬᠡᠨ ᠠᠬᠢᠭᠤᠯᠵᠤ᠂ ᠲᠥᠪᠯᠡᠷᠡᠯ ᠤᠨ ᠦᠷ᠎ᠡ ᠠᠰᠢᠭ ᠢ ᠲᠦᠷᠭᠡᠨ ᠪᠦᠷᠢᠯᠳᠦᠭᠦᠯᠵᠦ᠂ ᠠᠵᠤ ᠦᠢᠯᠡᠰ ᠤᠨ | ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠡᠭᠦᠨ ᠤ ᠳᠤ ᠬᠠᠮᠲᠤ᠂ ᠭᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠵᠡᠷᠭᠡ | ᠴᠡᠪᠡᠷ ᠡᠨᠧᠷᠭᠢ ᠶᠢᠨ ᠠᠵᠤ ᠤᠶᠢᠯᠡᠰ ᠢ ᠲᠦᠷᠭᠡᠨ ᠬᠥᠭᠵᠢᠭᠦᠯᠵᠦ᠂ ᠳᠡᠭᠡᠰᠦ ᠲᠡᠰ ᠤᠨ ᠦᠢᠯᠡᠳᠬᠦ ᠤᠶᠢᠯᠡᠰ ᠢ | ᠢᠳᠡᠪᠬᠢᠲᠡᠢ ᠬᠥᠭᠵᠢᠭᠦᠯᠵᠦ᠂ ᠨᠠᠩ ᠣᠯᠠᠨ ᠳᠡᠭᠡᠰᠦ ᠰᠢᠨ᠎ᠡ ᠮᠡᠷᠭᠡᠵᠢᠯ ᠤᠨ ᠠᠵᠤ ᠠᠬᠤᠢᠯᠠᠯ ᠢ ᠴᠢᠷᠮᠠᠶᠢᠨ | ᠪᠤᠶᠢᠵᠢᠭᠤᠯᠵ᠊᠂ ᠣᠯᠠᠨ ᠡᠰᠢᠴᠢᠯᠡᠨ ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠪᠣᠬᠢᠷᠲᠤᠯ ᠥᠬᠡᠶ ᠠᠵᠤ | ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ᠲᠡᠮᠳᠡᠭᠯᠡᠭᠴᠢ᠄ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠡᠷᠬᠢᠨ ᠴᠢᠩᠭᠠᠳᠬᠠᠵᠤ᠂ ᠡᠬᠡ | ᠤᠯᠤᠰ ᠠᠴᠠ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢᠶᠠᠨ ᠰᠠᠶᠢᠲᠤᠷ ᠰᠠᠬᠢᠨ | ᠬᠠᠮᠠᠭᠠᠯᠠᠬᠤ ᠲᠤᠬᠠᠶ ᠶᠠᠷᠢᠭᠠᠳ ᠥᠭᠭᠦᠨ᠎ᠡ ᠤᠤ︖ | ᠭᠤᠤ ᠶᠦᠩ ᠪᠢᠨ᠄ ᠶᠡᠷᠦᠩᠬᠡᠶ ᠱᠦᠵᠢ ᠵᠢᠭᠠᠵᠤ ᠭᠠᠷᠭᠠᠭᠰᠠᠨ ᠨᠢ᠂ ᠠᠷᠠᠳ ᠣᠯᠠᠨ ᠤ ᠲᠤᠰᠬᠠᠯ ᠴᠢᠩᠭ᠎ᠠ | ᠪᠠᠶᠢᠭᠠᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠣᠷᠴᠢᠨ ᠲᠣᠭᠤᠷᠢᠨ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠤᠯᠭᠠᠮ᠎ᠠ ᠱᠠᠭᠠᠷᠳᠠᠯᠭ᠎ᠠ ᠪᠣᠯᠬᠤ ᠪᠥᠭᠡᠳ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠯᠭᠠᠮ᠎ᠠ ᠡᠭᠦᠷᠭᠡ ᠪᠣᠯᠤᠨ᠎ᠠ᠃ ᠪᠢᠳᠡ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠵᠤ᠂ ᠣᠷᠴᠢᠨ ᠲᠣᠭᠤᠷᠢᠨ ᠤ | ᠳᠣᠪᠦᠶᠢᠮᠠ ᠠᠰᠠᠭᠤᠳᠠᠯ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠨᠢᠭᠡᠳᠦᠯᠲᠡᠶ ᠳᠤ | ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠰᠢᠰᠲ᠋ᠧᠮ ᠢ ᠬᠦᠴᠦᠯᠡᠨ ᠪᠠᠢᠭᠤᠯᠤᠨ᠎ᠠ᠃ | ᠨᠢᠭᠡ ᠳᠤ ᠬᠥᠬᠡ ᠣᠭᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠪᠠᠷᠢᠮᠵᠢᠶ᠎ᠠ ᠳᠤ | ᠬᠦᠷᠦᠭᠦᠯᠦᠨ ᠭᠠᠳᠠᠭᠰᠢᠯᠠᠭᠤᠯᠬᠤ ᠪᠠ ᠶᠡᠷᠦᠩᠬᠡᠶ ᠬᠡᠮᠵᠢᠶ᠎ᠡ ᠶᠢ ᠵᠥᠪᠰᠢᠶᠡᠷᠡᠬᠦ ᠳᠠᠪᠬᠤᠷ ᠬᠠᠮᠢᠶᠠᠷᠤᠯᠲᠠ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠢ ᠭᠠᠳᠠᠭᠰᠢᠯᠠᠭᠤᠯᠬᠤ ᠪᠣᠳᠠᠰ ᠢ ᠴᠢᠩᠭ᠎ᠠ | ᠬᠢᠵᠠᠭᠠᠷᠯᠠᠵᠤ᠂ ᠠᠵᠤ ᠤᠶᠢᠯᠡᠳᠪᠤᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠦᠭᠦᠯᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠵᠢᠵᠢᠭ ᠭᠦᠸᠧᠯᠦ ᠶᠢ ᠭᠤᠷᠪᠠᠨ ᠵᠢᠯ ᠪᠠᠬᠢᠯᠡᠯᠲᠡ ᠳᠠᠭᠠᠷᠢᠬᠤ | ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠵᠢᠵᠢᠭ ᠭᠦᠸᠧᠯᠦ ᠶᠢ 10 | ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ ᠵᠢᠵᠢᠭ ᠭᠦᠸᠧᠯᠦ ᠶᠢ ᠡᠷᠡᠰ ᠰᠢᠭᠰᠢᠭᠳᠡᠭᠦᠯᠦᠨ᠎ᠡ᠃ ᠢᠯᠴᠢ | ᠴᠠᠬᠢᠯᠭᠠᠨ ᠢ ᠬᠠᠮᠲᠤᠷᠠᠭᠤᠯᠤᠨ ᠦᠢᠯᠡᠳᠪᠦᠷᠢᠯᠡᠬᠦ ᠲᠥᠷᠥᠯ ᠵᠤᠶᠢᠯ ᠢ ᠢᠳᠡᠪᠬᠢᠲᠡᠢ ᠲᠡᠮᠡᠴᠡᠨ ᠣᠯᠵᠤ᠂ ᠠᠷᠠᠳ ᠤᠨ | ᠬᠡᠷᠡᠭᠯᠡᠭᠡᠨ ᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠳᠤᠯᠠᠭᠠᠯᠠᠬᠤ ᠵᠤᠤᠬ᠎ᠠ ᠪᠠ ᠠᠷᠠᠳ ᠤᠨ | ᠬᠡᠷᠡᠭᠯᠡᠭᠡᠨ ᠤ ᠴᠡᠪᠡᠷ ᠨᠡᠭᠦᠷᠡᠰᠦ ᠶᠢ ᠠᠯᠬᠤᠮ ᠠᠯᠬᠤᠮ ᠢᠶᠠᠷ ᠳᠡᠯᠭᠡᠷᠡᠭᠦᠯᠵᠦ᠂ ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ᠂ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ ᠪᠠ ᠨᠡᠷᠡᠨ ᠤ ᠡᠨᠧᠷᠭᠢ ᠵᠡᠷᠭᠡ ᠴᠡᠪᠡᠷ ᠡᠨᠧᠷᠭᠢ ᠪᠠᠷ ᠢᠯᠴᠢ | ᠬᠠᠩᠭᠠᠬᠤ ᠵᠢᠱᠢᠶ᠎ᠡ ᠦᠵᠡᠭᠦᠯᠬᠦ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠵᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠬᠥᠬᠡ ᠣᠭᠲᠠᠷᠭᠤᠢ ᠶᠢ ᠦᠷᠭᠦᠯᠵᠢᠯᠡᠨ ᠴᠡᠯᠮᠡᠭᠰᠢᠭᠦᠯᠦᠨᠡ᠃ ᠨᠣᠭᠤᠭᠠᠨ ᠤᠰᠤ ᠶᠢ | ᠬᠠᠮᠠᠭᠠᠯᠠᠬᠤ ᠳᠠᠶᠢᠨ ᠢ ᠡᠷᠡᠰ ᠰᠠᠶᠢᠲᠤᠷ ᠬᠢᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠬᠦ ᠤᠰᠤᠯᠠᠯᠲᠠ ᠶᠢᠨ ᠮᠠᠰᠢᠨ ᠴᠠᠬᠢᠯᠭᠠᠨ | ᠬᠤᠳᠳᠤᠭ ᠢ ᠴᠢᠩᠭ᠎ᠠ ᠬᠢᠵᠠᠭᠠᠷᠯᠠᠵᠤ᠂ ︽ᠰᠦᠷᠴᠢᠬᠦ ᠶᠢ ᠳᠤᠰᠤᠯᠠᠬᠤ ᠪᠣᠯᠭᠠᠨ ᠥᠭᠡᠷᠡᠴᠢᠯᠡᠬᠦ︾ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠬᠦ ᠬᠡᠷᠡᠭᠲᠡᠶ᠃ | ᠭᠤᠣᠯ ︵ᠨᠠᠭᠤᠷ︶ ᠤᠨ ᠲᠣᠭᠤᠷᠢᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ᠂ ︽ᠳᠥᠷᠪᠡᠨ ᠰᠠᠮᠠᠭᠤᠨ︾ ᠤ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠳᠤᠮᠳᠠ ᠤᠰᠤ ᠶᠢ | ᠡᠭᠡᠭᠦᠯᠦᠨ ᠬᠡᠷᠡᠭᠯᠡᠬᠦ ᠢᠨᠵᠧᠨᠧᠷᠢᠩ ᠢ ᠨᠠᠩ ᠣᠯᠠᠨ ᠠᠵᠤ ᠠᠬᠤᠶᠢᠯᠠᠯ ᠲᠡᠰᠢ ᠤᠷᠲᠤᠳᠬᠠᠬᠤ ᠶᠢ ᠲᠦᠷᠭᠡᠳᠬᠡᠨ | ᠠᠬᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠲᠡᠮᠦᠷᠲᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠣᠭᠤᠭᠠᠷᠠᠭᠤᠯᠤᠯᠲᠠ ᠶᠢ ᠤᠷᠲᠤᠳᠬᠠᠨ᠎ᠠ᠃ ᠠᠷᠢᠭᠤᠨ ᠣᠷᠣᠨ ᠢ ᠬᠠᠮᠠᠭᠠᠯᠠᠬᠤ ᠳᠠᠶᠢᠨ ᠢ ᠡᠷᠡᠰ ᠰᠠᠶᠢᠲᠤᠷ ᠬᠢᠨ᠎ᠡ᠃ | ᠡᠰᠢ ᠰᠦᠢᠷᠡᠯ ᠢ ᠲᠠᠷᠢᠶᠠᠨ ᠳᠤ ᠣᠷᠣᠭᠤᠯᠬᠤ ᠪᠠ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ | ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ | ᠠᠵᠢᠯᠯᠠᠭ᠎ᠠ ᠶᠢ ᠢᠳᠡᠪᠬᠢᠲᠡᠶ ᠪᠠᠷ ᠶᠠᠪᠤᠭᠤᠯᠬᠤ ᠬᠡᠷᠡᠭᠲᠡᠶ᠃ ᠲᠠᠯ᠎ᠠ ᠨᠤᠲᠤᠭ᠂ ᠠᠭᠤᠷᠬᠠᠢ ᠵᠡᠷᠭᠡ ᠠᠮᠢ ᠠᠬᠤᠢ ᠶᠢ ᠵᠠᠰᠠᠨ | ᠰᠡᠷᠭᠦᠭᠡᠬᠦ ᠭᠤᠣᠯᠳᠠᠯᠭ᠎ᠠ ᠲᠠᠢ ᠡᠭᠦᠷᠭᠡ ᠳᠤ ᠴᠢᠭᠯᠡᠭᠦᠯᠦᠨ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠵᠤ᠂ | ᠰᠢᠰᠲ᠋ᠧᠮ ᠲᠠᠢ ᠪᠠᠷ ᠵᠠᠰᠠᠬᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠵᠠᠷᠴᠢᠮ ᠢ ᠪᠠᠷᠢᠮᠲᠠᠯᠠᠵᠤ᠂ ᠲᠠᠷᠢᠶᠠᠯᠠᠬᠤ ᠶᠢ | ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠮᠠᠯ ᠠᠵᠤ ᠠᠬᠤᠢ ᠶᠢ ᠴᠠᠭᠠᠵᠠᠯᠠᠬᠤ | ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ᠂ ᠬᠦᠴᠦᠨ ᠢᠶᠠᠨ ᠲᠥᠪᠯᠡᠷᠡᠭᠦᠯᠦᠨ ᠲᠡᠤᠬᠡ ᠶᠢᠨ | ᠪᠠ ᠲᠥᠷᠦ ᠶᠢᠨ ᠪᠣᠳᠣᠯᠭ᠎ᠠ ᠶᠢᠨ ᠴᠢᠨᠠᠷᠲᠠᠢ ᠡᠭᠦᠳᠡ ᠪᠠᠨ ᠬᠠᠭᠠᠭᠰᠠᠨ ᠠᠭᠤᠷᠬᠠᠢ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠰᠡᠷᠭᠦᠭᠡᠨ ᠵᠠᠰᠠᠵᠤ᠂ ᠠᠮᠢ ᠠᠬᠤᠢ ᠶᠢ ᠵᠠᠰᠠᠨ ᠰᠡᠷᠭᠦᠭᠡᠬᠦ ᠶᠢ ᠠᠬᠢᠭᠤᠯᠵᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠬᠥᠬᠡᠮᠳᠦᠭ ᠠᠭᠤᠯᠠ ᠶᠢ ᠡᠭᠦᠷᠢᠳᠡ ᠰᠠᠭᠤᠯᠭᠠᠨ᠎ᠠ᠃ | ᠶᠡᠷᠦᠩᠬᠡᠶᠢᠯᠡᠪᠡᠯ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠲᠣᠣᠱᠯᠠᠭᠤᠯᠣᠨ ᠨᠠᠢᠳᠠᠪᠤᠷᠢᠵᠢᠭᠤᠯᠬᠤ᠂ ᠠᠮᠢ ᠠᠬᠤᠶ ᠶᠢ ᠤᠷᠢᠳ ᠢᠶᠠᠷ ᠬᠥᠭᠵᠢᠭᠦᠯᠬᠦ ᠱᠠᠭᠠᠷᠳᠠᠯᠭ᠎ᠠ | ᠶᠣᠰᠣᠭᠠᠷ᠂ ᠠᠵᠤ ᠠᠬᠤᠢ ᠶᠢᠨ ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭᠤᠷᠣᠨᠳᠣᠬᠢ | ᠬᠠᠷᠢᠴᠠᠭ᠎ᠠ ᠶᠢ ᠵᠥᠪ ᠰᠢᠢᠳᠪᠤᠷᠢᠯᠡᠵᠤ᠂ ᠥᠭᠡᠷᠡᠴᠢᠯᠡᠯᠲᠡ ᠬᠥᠭᠵᠢᠯᠲᠡ ᠶᠢᠨ ᠲᠣᠭᠲᠠᠭᠤᠨ ᠤ ᠡᠯ᠎ᠡ ᠵᠣᠶᠢᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠬᠡ ᠤᠯᠤᠰ ᠠᠴᠠ ᠤᠮᠠᠷᠠᠲᠤ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠵᠤ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ | ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠨ᠎ᠡ᠃ | | ᠣᠷᠴᠢᠭᠤᠯᠣᠭᠴᠢ᠄ ᠡᠷᠳᠡᠨᠢᠴᠢᠮᠡᠭ |