ᠮᠠᠯᠴᠢᠨ ᠠᠶᠢᠯ ᠤᠨ ᠵᠣᠭᠠᠴᠡᠯ | | ᠣᠳᠣ ᠨᠢᠭᠡᠨᠳᠡ7 ᠭᠠᠵᠡᠷ᠂80 ᠭᠠᠷᠣᠢ ᠡᠷᠦᠬᠡ ᠦᠨᠳᠦᠷ ᠪᠠᠷᠢᠮᠵᠢᠶᠠᠳᠦ ᠮᠠᠯᠴᠢᠨ ᠠᠶᠢᠯ ᠤᠨ ᠵᠣᠭᠠᠴᠡᠯ ᠤᠨ | ᠴᠡᠭ ᠪᠠᠶᠢᠭᠤᠯᠵᠤ᠂2011 ᠣᠨ ᠳᠤ ᠪᠠᠭᠠᠷᠢᠨ ᠡᠩᠭᠡᠷ ᠲᠠᠯ᠎ᠠ ᠨᠣᠳᠤᠭ ᠤᠨ ᠮᠠᠯᠴᠢᠨ ᠠᠶᠢᠯ ᠤᠨ ᠵᠣᠭᠠᠴᠡᠯ ᠤᠨ | ᠴᠡᠭ ᠥᠪᠡᠷᠳᠡᠭᠡᠨ ᠵᠠᠰᠡᠬᠤ ᠣᠷᠣᠨ ᠠᠴᠠ3A ᠳᠡᠰ ᠤᠨ ᠮᠠᠯᠴᠢᠨ ᠠᠶᠢᠯ ᠤᠨ ᠵᠣᠭᠠᠴᠡᠯ ᠤᠨ ᠴᠡᠭ ᠪᠣᠯᠭᠠᠵᠤ᠂ | ᠪᠠᠶᠠᠨᠨᠠᠭᠤᠷ ᠤᠨ ᠰᠢᠨ᠎ᠡ ᠮᠠᠯᠴᠢᠨ ᠠᠶᠢᠯ ᠤᠨ ᠵᠣᠭᠠᠴᠡᠯ ᠤᠨ ᠴᠡᠭ ᠨᠢ ᠶᠠᠭ3A ᠳᠡᠰ ᠤᠨ ᠮᠠᠯᠴᠢᠨ ᠠᠶᠢᠯ ᠤᠨ | ᠵᠣᠭᠠᠴᠡᠯ ᠤᠨ ᠴᠡᠭ ᠶᠢ ᠭᠤᠶᠣᠴᠢᠯᠠᠵᠤ ᠪᠠᠶᠢᠨ᠎ᠠ᠃2009 ᠣᠨ ᠳᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ | ᠠᠴᠠ400 ᠭᠠᠷᠣᠢ ᠲᠦᠮᠡᠨ ᠲᠦᠭᠦᠷᠢᠭ ᠤᠨ ᠪᠡᠯᠡ ᠣᠷᠣᠭᠤᠯᠵᠤ᠂ ᠣᠯᠠᠭᠠᠨᠬᠠᠳᠡ ᠰᠣᠮᠣ ᠶᠢᠨ ᠮᠢᠶᠣᠣ ᠭᠧᠦ | ᠬᠤᠳᠡ ᠳᠤ ᠴᠦᠬᠡᠨ ᠲᠣᠭᠠᠳᠣ ᠦᠨᠳᠦᠰᠦᠲᠡᠨ ᠤ ᠣᠨᠴᠠᠯᠢᠭᠳᠦ ᠠᠶᠢᠯ ᠳᠣᠰᠬᠤᠨ ᠢ ᠪᠠᠶᠢᠭᠤᠯᠵᠤ᠂ ᠵᠣᠬᠢᠬᠤ | ᠬᠡᠪᠴᠢᠶ᠎ᠠ ᠲᠠᠢ ᠪᠣᠯᠭᠠᠵᠤ᠂ ᠨᠢᠭᠡ ᠯᠡ ᠣᠳᠠᠭ᠎ᠠ ᠳᠤ300 ᠭᠠᠷᠣᠢ ᠬᠦᠮᠦᠨ ᠢ ᠬᠦᠯᠢᠶᠡᠨ ᠠᠪᠴᠣ ᠬᠤᠭᠤᠯᠠᠯᠠᠵᠤ | ᠪᠣᠯᠣᠨ᠎ᠠ᠃ ᠮᠠᠯᠴᠢᠳ ᠤᠨ ᠵᠢᠭᠤᠯᠴᠢᠯᠡᠯ ᠤᠨ ᠴᠡᠭ ᠤᠨ ᠬᠦᠭᠵᠢᠯᠲᠡ ᠨᠢ ᠮᠠᠯᠴᠢᠳ ᠤᠨ ᠣᠷᠣᠰᠢᠨ ᠠᠮᠢᠳᠣᠷᠡᠬᠤ | ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠯᠵᠢᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠳᠤ ᠨᠡᠶᠢᠳᠡᠯᠢᠭ ᠵᠢᠱᠢᠶ᠎ᠠ ᠦᠵᠡᠭᠦᠯᠭᠦ ᠵᠠᠮ ᠳᠠᠭᠠᠭᠤᠯᠬᠤ ᠦᠢᠯᠡᠳᠦᠯ ᠦᠵᠡᠭᠦᠯᠵᠤ᠂ ᠮᠠᠯᠴᠢᠳ ᠢ ᠪᠠᠰᠡ ᠠᠵᠤ ᠠᠬᠤᠢ | ᠶᠢᠨ ᠰᠢᠨ᠎ᠡ ᠨᠡᠮᠡᠭᠳᠡᠯ ᠤᠨ ᠴᠡᠭ ᠲᠠᠢ ᠪᠣᠯᠭᠠᠵᠤ᠂ ᠲᠠᠷᠢᠶᠠᠯᠡᠩ ᠮᠠᠯ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ | ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠦᠨᠳᠦᠰᠦᠲᠡᠨ ᠤ ᠰᠣᠶᠣᠯ ᠤᠨ ᠠᠭᠤᠯᠣᠭᠳᠠᠬᠤᠨ ᠢ | ᠠᠭᠤᠳᠠᠯᠠᠬᠤ ᠳᠤ ᠴᠢᠬᠤᠯᠠ ᠠᠴᠢ ᠬᠤᠯᠪᠣᠭᠳᠡᠯ ᠲᠠᠢ ᠶᠣᠮ᠃ |