ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2020-01-02
           ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠢᠨᠲ᠋ᠧᠷ ᠰᠦᠯᠵᠢᠶ᠎ᠡ + ᠵᠠᠰᠠᠭ ᠤᠨ            ᠶᠠᠪᠤᠳᠠᠯ ᠤᠨ ᠤᠶᠢᠯᠡᠴᠢᠯᠡᠭᠡ︾ ᠶᠢ ᠪᠥᠬᠦ ᠲᠠᠯ᠎ᠠ ᠪᠠᠷ ᠬᠡᠷᠡᠭᠵᠢᠭᠦᠯᠪᠡ    ᠪᠥᠬᠦ ᠬᠤᠰᠢᠭᠤᠨ ᠤ 27 ᠡᠭᠦᠷᠭᠡ ᠴᠢᠳᠠᠪᠬᠢᠲᠤ ᠰᠠᠯᠠᠭ᠎ᠠ ᠮᠥᠴᠢᠷ ᠨᠢᠭᠡᠨᠲᠡ ᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢᠨ ᠲᠠᠪᠴᠠᠩ ᠢ ᠨᠢᠭᠡᠳᠦᠯᠲᠡᠶ ᠪᠣᠯᠭᠠᠭᠰᠠᠨ ᠪᠥᠭᠡᠳ ᠬᠤᠰᠢᠭᠤ ᠲᠡᠰ ᠤᠨ ᠬᠠᠮᠢᠶᠠᠷᠤᠭᠴᠢ ᠶᠢᠨ ᠳᠠᠩᠰᠠᠨ ᠨᠣᠮᠧᠷ ᠪᠠ ᠡᠯ᠎ᠡ ᠰᠠᠯᠠᠭ᠎ᠠ ᠮᠥᠴᠢᠷ ᠤᠨ ᠳᠠᠩᠰᠠᠨ ᠨᠣᠮᠧᠷ᠂ ᠡᠭᠦᠨ ᠤ ᠳᠤ ᠬᠠᠮᠲᠤ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ‍ᠤᠨ‌ᠤᠶᠢᠯᠡᠴᠢᠯᠡᠭᠡ︾ ᠶᠢᠨ ᠲᠠᠪᠴᠠᠩ ᠯᠤᠭ᠎ᠠ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ ᠪᠥᠬᠦ ᠲᠠᠯ᠎ᠠ ᠪᠠᠷ ᠤᠯᠤᠰ ᠠᠴᠠ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠠᠪᠴᠠᠩ ᠳᠤ ᠰᠠᠭᠤᠷᠢ ᠲᠠᠯᠪᠢᠵᠤ ᠥᠭᠴᠡᠶ᠃ ︽ᠢᠨᠲ᠋ᠧᠷ ᠰᠦᠯᠵᠢᠶ᠎ᠡ + ᠵᠠᠰᠠᠭ‌‍ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠤᠨ ᠠᠵᠢᠯᠯᠠᠭᠠᠨ ᠨᠢ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠰᠠᠭᠤᠷᠢᠨ ᠳᠡᠭᠡᠷ᠎ᠡ ᠶᠠᠪᠤᠭᠳᠠᠵᠤ᠂ ᠮᠠᠨ ᠤ ᠬᠤᠰᠢᠭᠤᠨ ᠤ ᠡᠯ᠎ᠡ ᠰᠠᠯᠠᠭ᠎ᠠ ᠮᠥᠴᠢᠷ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠴᠥᠮ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠳᠤ ᠨᠡᠪᠲᠡᠷᠡᠵᠡᠢ᠃                                                              ᠵᠣᠬᠢᠶᠠᠭᠴᠢ᠄ ᠦ᠋ ᠳ᠋ᠦᠩ                                                              ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号