ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ | ᠶᠠᠪᠤᠵᠤ ᠰᠠᠭᠤᠬᠤ ᠨᠥᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ | | ᠤᠶᠢᠷ᠎ᠠ ᠶᠢᠨ ᠵᠢᠯ ᠤᠨ ᠲᠤᠷᠰᠢ᠂ ᠮᠠᠨ ᠤ ᠬᠤᠰᠢᠭᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠨᠡᠪᠲᠡᠷᠡᠬᠦ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠨ ᠠᠬᠢᠭᠤᠯᠵᠤ᠂ ᠵᠠᠰᠠᠮᠠᠯ ᠵᠠᠮ ᠤᠨ | ᠲᠣᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠥᠷᠭᠡᠳᠬᠡᠨ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤᠯᠠᠭ᠎ᠠ ᠬᠠᠩᠭᠠᠪᠠ᠃ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ︽ᠬᠤᠶᠠᠷ ᠢ ᠨᠡᠪᠲᠡᠷᠡᠭᠦᠯᠬᠦ︾ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠯᠠ | ᠣᠷᠣᠭᠤᠯᠤᠯᠲᠠ ᠶᠢ ᠰᠠᠶᠢᠵᠢᠷᠠᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠳᠣᠬᠠᠨ ᠳᠤ ᠪᠥᠬᠦ | ᠬᠤᠰᠢᠭᠤᠨ ᠤ 87 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠴᠥᠮ ᠵᠠᠮ ᠢ ᠬᠠᠲᠠᠭᠤᠷᠠᠭᠤᠯᠬᠤ ᠡᠭᠦᠷᠭᠡ ᠶᠢ | ᠪᠡᠶᠡᠯᠡᠭᠦᠯᠵᠦ᠂ 100 % ᠶᠢᠨ ᠰᠠᠭᠠᠳ ᠥᠬᠡᠶ ᠨᠡᠪᠲᠡᠷᠡᠬᠦ ᠨᠣᠷᠮ᠎ᠠ ᠶᠢᠨ ᠪᠡᠶᠡᠯᠡᠭᠦᠯᠪᠡ᠃ ᠡᠭᠦᠨ ᠤ ᠳᠤ ᠬᠠᠮᠲᠤ᠂ ᠡᠨᠡ | ᠵᠢᠯ 10 ᠰᠠᠭᠤᠷᠢ ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠮᠠᠨ ᠤ ᠬᠤᠰᠢᠭᠤᠨ ᠤ ᠵᠠᠰᠠᠮᠠᠯ ᠵᠠᠮ ᠢ ᠰᠠᠶᠢᠵᠢᠷᠠᠭᠤᠯᠵᠤ᠂ | ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠵᠣᠶᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ | ᠨᠢᠬᠡᠳᠬᠡᠬᠦ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠠᠵᠤ ᠦᠢᠯᠡᠰ ᠤᠨ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ | ᠵᠣᠬᠢᠶᠠᠭᠴᠢ᠄ ᠵᠠᠩ ᠨᠠᠨ | ᠣᠷᠴᠢᠭᠤᠯᠣᠭᠴᠢ᠄ | ᠡᠷᠳᠡᠨᠢᠴᠢᠮᠡᠭ |