ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ‍ᠤᠨ‌ᠣᠷᠳᠣᠨ‌‍ᠤ ᠠᠯᠪᠠᠨ ᠬᠡᠷ ᠤᠨ 2019 ᠣᠨ ᠳᠤ 2018 ᠣᠨ ᠤ ᠵᠡᠮᠳᠡᠭᠴᠦᠳ ᠢ ᠬᠢᠨᠠᠨ ᠬᠠᠷᠭᠤᠭᠤᠯᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠲᠤᠬᠠᠶ
ᠨᠡᠶᠢᠲᠡᠯᠡᠭᠰᠡᠨ ᠴᠠᠭ᠄
2020-01-22
        ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ         ᠠᠯᠪᠠᠨ ᠬᠡᠷ ᠤᠨ 2019 ᠣᠨ ᠳᠤ 2018 ᠣᠨ ᠤ ᠵᠡᠮᠳᠡᠭᠴᠦᠳ ᠢ ᠬᠢᠨᠠᠨ         ᠬᠠᠷᠭᠤᠭᠤᠯᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠲᠤᠬᠠᠶ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠠ᠂ ᠡᠯ᠎ᠡ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠡᠯ᠎ᠡ ᠬᠠᠮᠢᠶᠠᠷᠤᠯᠲᠠ ᠶᠢᠨ ᠰᠠᠯᠠᠭ᠎ᠠ ᠮᠦᠴᠢᠷ‌‍ᠲ᠋ᠤ᠄    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢᠨ ᠮᠡᠳᠡᠭᠳᠡᠯ︾ ︵ᠳᠣᠲᠣᠭᠠᠳᠤ ᠡᠳ᠋ ᠭᠠᠶᠢᠯᠢ ᠪᠤᠰᠤ ᠲᠣᠭᠲᠠᠭᠠᠯ ︹ 2018 ︺ 9 ᠳ᠋ᠦᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽2019 ᠣᠨ ᠤ ᠬᠠᠷᠢᠶ᠎ᠠ ᠬᠤᠭᠤᠴᠠᠭᠠᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠲᠠᠲᠠᠪᠤᠷᠢᠯᠠᠬᠤ ᠠᠵᠢᠯ‌ᠢ ᠰᠠᠶᠢᠳᠣᠷ ᠬᠢᠬᠦ ᠲᠤᠬᠠᠶ ᠮᠡᠳᠡᠭᠳᠡᠯ︾ ︵ᠥᠪᠥᠷ ᠵᠡᠮᠳᠡᠭᠴᠦᠳ ᠤᠨ ᠬᠤᠯᠪᠣᠭᠠᠲᠤ ᠬᠤᠷᠠᠯ ᠲᠠᠷᠬᠠᠭᠠᠭᠰᠠᠨ ︹ 2019 ︺ 41 ᠳ᠋ᠦᠭᠡᠷ ᠲᠣᠭᠠᠲᠤ︶᠂ ᠤᠯᠠᠭᠠᠨᠴᠠᠪ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽︿2019 ᠣᠨ ᠤ ᠬᠠᠷᠢᠶ᠎ᠠ ᠬᠤᠭᠤᠴᠠᠭᠠᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠠᠭᠠᠨᠴᠠᠪ ᠵᠡᠮᠳᠡᠭᠴᠦᠳ ᠥᠰᠥᠭ ︹ 2019 ︺ 39 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠵᠢᠷᠣᠮᠵᠢᠭᠤᠯᠵᠦ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠵᠤ᠂ ᠡᠯ᠎ᠡ ᠬᠥᠮᠦᠨ ᠬᠡᠷᠡᠭᠯᠡᠬᠦ ᠨᠢᠭᠡᠴᠡ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠬᠦᠷᠴᠦ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠵᠤ᠂ ᠬᠥᠮᠦᠨ ᠬᠡᠷᠡᠭᠯᠡᠬᠦ ᠨᠢᠭᠡᠴᠡ ᠬᠢᠨᠠᠨ ᠬᠠᠷᠭᠤᠭᠤᠯᠤᠭᠰᠠᠨ ᠤ ᠳᠠᠷᠠᠭ᠎ᠠ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ ᠭᠤᠶᠣᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠦᠷᠴᠦ ᠰᠦᠢᠳᠭᠡᠯ ᠲᠤᠰᠢᠶᠠᠬᠤ ᠬᠡᠷᠡᠭᠲᠡᠶ᠃ ᠡᠳᠦᠭᠡ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄     ᠪᠠᠲᠤᠯᠠᠭ᠎ᠠ ᠶᠢᠨ ᠮᠥᠩᠭᠦ ᠶᠢᠨ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠭᠠᠷᠬᠤ ᠠᠴᠠ ᠵᠡᠶᠢᠯᠡᠰᠬᠢᠨ᠎ᠡ᠃      ᠬᠤᠶᠠᠷ᠂ ᠬᠡᠷᠡᠭᠰᠡᠬᠦ ᠮᠠᠲ᠋ᠧᠷᠢᠶᠠᠯ ᠢ ᠬᠢᠨᠠᠨ ᠬᠠᠷᠭᠤᠭᠤᠯᠬᠤ    ᠡᠵᠡᠩᠨᠡᠯᠲᠡ ᠶᠢᠨ ᠦᠨᠡᠮᠯᠡᠯ᠂ ᠨᠡᠶᠢᠭᠡᠮ ᠤᠨ ᠨᠢᠭᠡᠳᠦᠯᠲᠡᠶ ᠣᠷᠣᠯᠠᠬᠤ ᠲᠡᠮᠳᠡᠭ ᠤᠨ ᠦᠨᠡᠮᠯᠡᠯ᠂ ᠨᠡᠶᠢᠭᠡᠮ ᠤᠨ ᠲᠡᠩᠴᠡᠭᠦᠷᠢ ᠶᠢᠨ ᠴᠠᠯᠢᠩ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠯᠠᠵᠤ ᠪᠠᠶᠢᠭ᠎ᠠ ᠬᠥᠮᠦᠨ ᠤ ᠲᠤᠭ᠎ᠠ᠂ ᠬᠥᠮᠦᠨ ᠬᠡᠷᠡᠭᠯᠡᠬᠦ ᠨᠢᠭᠡᠴᠡ ᠶᠢᠨ ᠵᠡᠮᠳᠡᠭᠴᠦᠳ ᠤᠨ ᠲᠤᠭ᠎ᠠ᠃      ᠭᠤᠷᠪᠠ᠂ ᠪᠤᠳᠤᠬᠤ ᠲᠣᠮᠢᠶ᠎ᠠ    ᠬᠥᠮᠦᠨ ᠬᠡᠷᠡᠭᠯᠡᠬᠦ ᠨᠢᠭᠡᠴᠡ ᠪᠠᠲᠤᠯᠠᠭ᠎ᠠ ᠶᠢᠨ ᠮᠥᠩᠭᠦ = ︵ᠳᠡᠭᠡᠷ᠎ᠡ ᠵᠢᠯ ᠬᠥᠮᠦᠨ ᠬᠡᠷᠡᠭᠯᠡᠬᠦ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ × 1.5% ᠶᠢᠨ ᠳᠡᠭᠡᠷ᠎ᠡ ᠵᠢᠯ ᠤᠨ ᠬᠥᠮᠦᠨ ᠬᠡᠷᠡᠭᠯᠡᠬᠦ ᠨᠢᠭᠡᠴᠡ ᠶᠢᠨ ᠪᠣᠳᠠᠲᠠᠶ ᠲᠣᠬᠢᠷᠠᠭᠤᠯᠤᠭᠰᠠᠨ ᠵᠡᠮᠳᠡᠭᠴᠦᠳ ᠲᠤ ᠠᠵᠢᠯ ᠣᠯᠭᠤᠬᠤ ᠬᠥᠮᠦᠨ ᠤ ᠲᠤᠭ᠎ᠠ︶ × ᠳᠡᠭᠡᠷ᠎ᠡ ᠵᠢᠯ ᠤᠨ ᠬᠥᠮᠦᠨ ᠬᠡᠷᠡᠭᠯᠡᠬᠦ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ᠃    ᠬᠥᠮᠦᠨ ᠬᠡᠷᠡᠭᠯᠡᠬᠦ ᠨᠢᠭᠡᠴᠢ ᠲᠣᠭᠲᠠᠭᠰᠠᠨ ᠴᠠᠭ ᠤᠨ ᠳᠣᠲᠣᠷ᠎ᠠ ᠮᠡᠳᠡᠭᠦᠯᠦᠭᠰᠡᠨ ᠥᠬᠡᠶ ᠪᠣᠯ᠂ ᠪᠠᠲᠤᠯᠠᠭ᠎ᠠ ᠶᠢᠨ ᠮᠥᠩᠭᠦ ᠶᠢ ᠪᠤᠳᠤᠬᠤ ᠲᠣᠮᠢᠶ᠎ᠠ ᠨᠢ᠄ ᠪᠠᠲᠤᠯᠠᠭ᠎ᠠ ᠶᠢᠨ ᠮᠥᠩᠭᠦ ᠶᠢᠨ ᠵᠢᠯ ᠤᠨ ᠲᠤᠰᠢᠶᠠᠭᠰᠠᠨ ᠲᠤᠭ᠎ᠠ = ᠲᠦᠷᠦᠭᠦᠤ ᠵᠢᠯ‌‍ᠤᠨ ᠬᠥᠮᠦᠨ ᠬᠡᠷᠡᠭᠯᠡᠬᠦ ᠨᠢᠭᠡᠴᠢ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ × 1.5% × ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠪᠣᠯᠤᠨ᠎ᠠ᠃     ᠳᠠᠭᠠᠯᠳᠤᠭᠤᠯᠤᠯ᠄ 1. 2019 ᠣᠨ ᠳᠤ 2018 ᠣᠨ ᠤ ᠬᠠᠷᠢᠶ᠎ᠠ ᠬᠤᠭᠤᠴᠠᠭᠠᠨ ᠤ ᠵᠡᠮᠳᠡᠭᠴᠦᠳ ᠲᠤ ᠠᠵᠢᠯ ᠣᠯᠭᠤᠬᠤ ᠮᠥᠩᠭᠦ ᠶᠢ ᠬᠢᠨᠠᠨ ᠬᠠᠷᠭᠤᠭᠤᠯᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ᠥᠪᠥᠷ ᠵᠡᠮᠳᠡᠭᠴᠦᠳ ᠬᠤᠯᠪᠣᠭᠠᠯᠠᠨ ᠲᠠᠷᠬᠠᠭᠠᠭᠰᠠᠨ ︹ 2019 ︺ 41 ᠳ᠋ᠦᠭᠡᠷ ᠲᠣᠭᠠᠲᠤ︶     2. ︽2019 ᠣᠨ ᠳᠤ 2018 ᠣᠨ ᠤ ᠬᠠᠷᠢᠶ᠎ᠠ ᠬᠤᠭᠤᠴᠠᠭᠠᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ  ᠶᠢ ᠬᠢᠨᠠᠨ ᠬᠠᠷᠭᠤᠭᠤᠯᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ ︵ᠣᠯᠠᠭᠠᠨᠴᠠᠪ ᠵᠡᠮᠳᠡᠭᠴᠦᠳ ᠤᠨ ᠬᠤᠯᠪᠣᠭ᠎ᠠ ᠥᠰᠥᠭ ︹ 2019 ︺ 39 ᠳ᠋ᠦᠭᠡᠷ ᠲᠣᠭᠠᠲᠤ︶                                                2019 ᠣᠨ ᠤ 6 ᠰᠠᠷ᠎ᠠ ᠶᠢᠨ 13 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号