ᠳ᠋ᠠ ᠰᠢᠶᠣᠤ ᠵᠢᠩ ᠲᠣᠰᠬᠤᠨ ᠤ ᠵᠥᠪᠯᠡᠯ᠄ ︽ᠤᠰᠤ︾ ᠶᠢᠨ ᠠᠵᠢᠯ ᠢ ᠭᠦᠢᠴᠡᠳ ᠬᠢᠵᠦ ᠠᠷᠠᠳ ᠤᠨ ᠠᠮᠢᠳᠤᠷᠠᠯ ᠢ ᠰᠢᠢᠳᠪᠣᠷᠢᠯᠡᠨ᠎ᠡ
ᠨᠡᠶᠢᠲᠡᠯᠡᠭᠰᠡᠨ ᠴᠠᠭ᠄
2020-01-08
             ᠳ᠋ᠠ ᠰᠢᠶᠣᠤ ᠵᠢᠩ ᠲᠣᠰᠬᠤᠨ ᠤ ᠵᠥᠪᠯᠡᠯ᠄ ︽ᠤᠰᠤ︾ ᠶᠢᠨ ᠠᠵᠢᠯ ᠢ              ᠭᠦᠢᠴᠡᠳ ᠬᠢᠵᠦ ᠠᠷᠠᠳ ᠤᠨ ᠠᠮᠢᠳᠤᠷᠠᠯ ᠢ ᠰᠢᠢᠳᠪᠣᠷᠢᠯᠡᠨ᠎ᠡ        ᠤᠰᠤ ᠪᠣᠯ ᠠᠮᠢ ᠨᠠᠰᠤ᠂ ᠤᠰᠤ ᠢᠳᠡᠬᠦ ᠠᠰᠠᠭᠤᠳᠠᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ︕ ᠣᠳᠣ ᠬᠤᠩᠬᠢᠯᠳᠦ ᠪᠠᠯᠭᠠᠰᠤᠨ ᠤ ᠳ᠋ᠠ ᠰᠢᠶᠣᠤ ᠵᠢᠩ ᠲᠣᠰᠬᠤᠨ ᠤ ᠠᠷᠠᠳ ᠤᠨ ᠵᠥᠪᠯᠡᠯ ᠤᠨ ᠭᠤᠤ ᠶᠠᠨ ᠳ᠋ᠦᠩ ᠲᠣᠰᠬᠤᠨ ᠤ ᠠᠷᠠᠳ ᠲᠦᠢᠯ ᠢᠶᠠᠷ ᠪᠠᠶᠠᠷᠯᠠᠵᠤ ᠪᠠᠶᠢᠨ᠎ᠠ᠂ ᠠᠶᠢᠯ ᠡᠷᠦᠬᠡ ᠪᠣᠯᠭᠠᠨ ᠬᠤᠷᠴᠢᠭᠢᠨᠠᠨ ᠤᠷᠤᠰᠬᠤ ᠤᠰᠤ ᠢᠳᠡᠵᠦ᠂ ᠪᠦᠬᠦ ᠲᠣᠰᠬᠤᠨ ᠤ ᠮᠠᠯᠴᠢᠨ ᠲᠠᠷᠢᠶᠠᠴᠢᠨ ᠤ ᠣᠯᠠᠨ ᠵᠢᠯ ᠤᠨ ᠤᠰᠤ ᠢᠳᠡᠬᠦ ᠠᠰᠠᠭᠤᠳᠠᠯ ᠡᠴᠦᠰ ᠲᠡᠭᠡᠨ ᠲᠡᠭᠦᠰ ᠠᠮᠵᠢᠯᠲᠠ ᠲᠠᠢ ᠰᠢᠢᠳᠪᠣᠷᠢᠯᠡᠭᠳᠡᠪᠡ᠃      ᠰᠤᠷᠪᠤᠯᠵᠢᠯᠠᠭᠴᠢ ᠳ᠋ᠠ ᠰᠢᠶᠣᠤ ᠵᠢᠩ ᠲᠣᠰᠬᠤᠨ ᠤ ᠨᠢᠭᠡᠳᠦᠭᠡᠷ ᠱᠦᠵᠢ ᠯᠦᠸᠧ ᠱᠧᠩ ᠺᠧ   ᠢ ᠲᠠᠭᠠᠵᠦ ᠭᠤᠤ ᠶᠠᠨ ᠳ᠋ᠦᠩ ᠲᠣᠰᠬᠤᠨ ᠤ ᠠᠷᠠᠳ ᠯᠢᠦ ᠵᠢᠶᠦ᠋ᠨ ᠯᠠᠨ ᠤ ᠭᠡᠷ ᠲᠤ ᠭᠦᠷᠪᠡ᠂ ᠯᠢᠦ ᠵᠢᠶᠦ᠋ᠨ ᠯᠠᠨ ᠶᠠᠭ ᠥᠪᠡᠷ ᠤᠨ ᠭᠡᠷ ᠤᠨ ᠤᠰᠤ ᠪᠠᠷ ᠢᠶᠠᠨ ᠨᠢᠭᠡ ᠲᠣᠭᠤᠭ᠎ᠠ ᠤᠯᠠᠭᠠᠨ ᠲᠦᠮᠣᠰᠦ ᠴᠢᠨᠠᠵᠦ᠂ ᠦᠳᠡ ᠶᠢᠨ ᠬᠤᠭᠤᠯᠠ ᠪᠠᠨ ᠪᠡᠯᠡᠳᠬᠡᠵᠦ ᠪᠠᠶᠢᠬᠤ ᠶᠢ ᠣᠯᠵᠤ ᠬᠠᠷᠠᠪᠠ᠃ ︽ᠣᠳᠣᠬᠠᠨ ᠳᠤ ᠭᠡᠷ ᠲᠡᠭᠡᠨ ᠤᠰᠤᠨ ᠭᠤᠭᠤᠵᠢᠭᠤᠷ ᠢ ᠮᠤᠰᠬᠢᠪᠡᠯ᠂ ᠨᠣᠭᠤᠭ᠎ᠠ ᠤᠬᠢᠶᠠᠨ ᠬᠤᠭᠤᠯᠠ ᠬᠢᠵᠦ ᠪᠣᠯᠤᠨ᠎ᠠ᠂ ᠡᠨᠡ ᠨᠢ ᠮᠠᠰᠢ ᠳᠥᠭᠦᠮ᠂ ᠳᠠᠬᠢᠵᠤ ᠲᠡᠷᠡ ᠬᠤᠳᠳᠤᠭ ᠮᠠᠯᠲᠠᠵᠤ ᠤᠰᠤ ᠳᠠᠮᠨᠠᠵᠤ ᠠᠮᠢᠳᠤᠷᠠᠬᠤ ᠴᠠᠭ ᠦᠶ᠎ᠡ ᠪᠢᠰᠢ ᠪᠣᠯᠣᠯ᠎ᠠ᠃ ᠮᠠᠨ ᠤ ᠢᠳᠡᠬᠦ ᠤᠰᠤᠨ ᠤ ᠠᠰᠠᠭᠤᠳᠠᠯ ᠢ ᠰᠢᠢᠳᠪᠣᠷᠢᠯᠡᠵᠦ ᠥᠭᠭᠦᠭᠰᠡᠨ ᠳᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠦᠨᠡᠬᠡᠷ ᠲᠠᠯᠠᠷᠬᠠᠵᠤ ᠪᠠᠶᠢᠨ᠎ᠠ᠃︾ ᠭᠡᠵᠡᠶ᠃      ᠳ᠋ᠠ ᠰᠢᠶᠣᠤ ᠵᠢᠩ ᠲᠣᠰᠬᠤᠨ ᠤ ᠨᠠᠮ ᠤᠨ ᠡᠭᠦᠷ ᠤᠨ ᠱᠦᠵᠢ ᠰᠢᠶᠣᠤ ᠵᠢᠩ ᠵᠢᠶᠦ᠋ᠨ ᠰᠤᠷᠪᠤᠯᠵᠢᠯᠠᠭᠴᠢ ᠳᠤ᠄ ︽ᠠᠷᠠᠳ ᠢᠷᠭᠡᠳ ᠲᠤ ᠴᠡᠪᠡᠷ ᠤᠰᠤ ᠤᠤᠭᠤᠯᠭᠠᠬᠤ ᠪᠣᠯ ᠪᠢᠳᠡᠨ ᠤ ᠮᠠᠯᠴᠢᠨ ᠲᠠᠷᠢᠶᠠᠴᠢᠨ ᠤ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠠᠰᠠᠭᠤᠳᠠᠯ ᠢ ᠰᠢᠢᠳᠪᠣᠷᠢᠯᠡᠵᠦ ᠪᠠᠶᠢᠭ᠎ᠠ ᠶᠠᠪᠤᠳᠠᠯ ᠮᠥᠨ᠂ ᠲᠦᠬᠡᠭᠡᠯ ᠣᠰᠦ ᠢ ᠪᠦᠷᠢᠯᠳᠦᠭᠦᠯᠦᠭᠰᠡᠨ ᠪᠠᠶᠢᠭᠠᠯᠢ ᠶᠢᠨ ᠲᠣᠰᠬᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠢᠨ᠎ᠡ ᠪᠠᠷ ᠮᠠᠰᠢᠨ ᠴᠠᠬᠢᠯᠭᠠᠨ ᠬᠤᠳᠳᠤᠭ ᠮᠠᠯᠲᠠᠵᠤ ᠪᠠᠶᠢᠭ᠎ᠠ ᠶᠠᠪᠤᠳᠠᠯ ᠪᠣᠯᠤᠨ᠎ᠠ᠃ ᠬᠤᠳᠳᠤᠭ ᠤᠨ ᠤᠰᠤᠨ ᠤ ᠴᠢᠨᠠᠷ ᠨᠢ ᠬᠢᠷᠢ ᠲᠡᠩᠴᠡᠬᠦ ᠦᠭᠡᠢ ᠶᠢ ᠨᠢ ᠤᠰᠤ ᠴᠡᠪᠡᠷᠰᠢᠭᠦᠯᠦᠭᠴᠢ ᠤᠭᠰᠠᠷᠠᠵᠤ᠂ ᠡᠨᠡ ᠵᠢᠯ ᠤᠰᠤᠨ ᠤ ᠴᠢᠨᠠᠷ ᠨᠢ ᠬᠢᠷᠢ ᠲᠡᠩᠴᠡᠬᠦ ᠦᠭᠡᠢ 6 ᠲᠣᠰᠬᠤᠨ ᠳᠤ 163 ᠤᠰᠤ ᠴᠡᠪᠡᠷᠰᠢᠭᠦᠯᠦᠭᠴᠢ ᠤᠭᠰᠠᠷᠠᠵᠤ᠂ 163 ᠡᠷᠦᠬᠡ ᠶᠢᠨ 317 ᠬᠥᠮᠦᠨ ᠠᠮᠤᠷ ᠲᠦᠪᠰᠢᠨ ᠤᠰᠤ ᠤᠤᠭᠤᠬᠤ ᠶᠢ ᠪᠡᠳᠣᠯᠠᠪᠡ᠃ ᠪᠣᠳᠠᠲᠤ ᠠᠵᠢᠯᠯᠠᠭ᠎ᠠ ᠪᠠᠷ ᠢᠶᠠᠨ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃      ᠣᠶᠢᠯᠠᠭᠠᠭᠰᠠᠨ ᠢᠶᠠᠷ᠂ ᠦᠢᠷ᠎ᠡ ᠶᠢᠨ ᠵᠢᠯ ᠳᠤ ᠳ᠋ᠠ ᠰᠢᠶᠣᠤ ᠵᠢᠩ ᠲᠣᠰᠬᠤᠨ ᠤ ᠠᠷᠠᠳ ᠤᠨ ᠵᠥᠪᠯᠡᠯ ᠤᠨ ᠭᠤᠤ ᠶᠠᠨ ᠳ᠋ᠦᠩ ᠲᠣᠰᠬᠤᠨ ᠤ ᠭᠠᠵᠠᠷ ᠳᠣᠤᠷᠠᠬᠢ ᠤᠰᠤᠨ ᠲᠦᠪᠰᠢᠨ ᠪᠠᠭᠤᠷᠠᠵᠤ᠂ ᠲᠣᠰᠬᠤᠨ ᠤ ᠠᠷᠠᠳ ᠤᠨ ᠤᠰᠤ ᠤᠮᠳᠠ ᠶᠢᠨ ᠠᠰᠠᠭᠤᠳᠠᠯ ᠣᠯᠠᠨ ᠤ ᠠᠩᠬᠠᠷᠤᠯ ᠢ ᠲᠠᠲᠠᠭᠰᠠᠭᠠᠷ ᠢᠷᠡᠵᠡᠢ᠃ ᠤᠰᠤ ᠶᠢ ᠥᠭᠡᠷᠡᠴᠢᠯᠡᠬᠦ ᠠᠴᠠ ᠡᠮᠦᠨ᠎ᠡ᠂ ᠲᠣᠰᠬᠤᠨ ᠤ ᠠᠷᠠᠳ ᠤᠨ ᠡᠳᠦᠷ ᠲᠤᠲᠤᠮ ᠤᠨ ᠤᠰᠤ ᠨᠢ ᠴᠥᠮ ᠥᠪᠡᠷ ᠤᠨ ᠭᠡᠷ ᠤᠨ ᠬᠦᠷᠢᠶᠡᠨ ᠤ ᠬᠤᠳᠳᠤᠭ ᠠᠴᠠ ᠭᠠᠵᠠᠷ ᠳᠣᠤᠷᠠᠬᠢ ᠤᠰᠤ ᠶᠢ ᠮᠠᠯᠲᠠᠨ ᠭᠠᠷᠭᠠᠵᠤ᠂ ᠪᠤᠯᠠᠩᠭᠢᠷ ᠬᠤᠳᠳᠤᠭ ᠤᠨ ᠤᠰᠤ ᠶᠢ ᠨᠢᠭᠡ ᠡᠳᠦᠷ ᠲᠣᠩᠭᠠᠪᠡᠯ ᠰᠠᠶ᠋ᠢ ᠤᠤᠭᠤᠵᠤ ᠪᠣᠯᠳᠠᠭ᠃ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠤᠨ ᠲᠣᠰᠬᠤᠨ ᠳᠤ ᠰᠠᠭᠤᠵᠤ ᠠᠵᠢᠯᠯᠠᠬᠤ ᠠᠩᠭᠢ᠂ ᠭᠠᠴᠠᠭᠠᠨ ᠤ ︽ᠬᠤᠶᠠᠷ ᠵᠥᠪᠯᠡᠯ︾ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ ᠬᠤᠩᠬᠢᠯᠳᠤ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠯᠲᠡ ᠬᠢᠪᠡ᠃ 2019 ᠣᠨ ᠳᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ 13.8 ᠲᠦᠮᠡᠨ ᠲᠥᠭᠦᠷᠢᠭ ᠤᠨ ᠪᠡᠯᠡ ᠣᠷᠣᠭᠤᠯᠵᠤ ᠭᠤᠤ ᠶᠠᠨ ᠳ᠋ᠦᠩ ᠲᠣᠰᠬᠤᠨ ᠳᠤ ᠬᠥᠳᠡᠭᠡ ᠲᠣᠰᠬᠤᠨ ᠤ ᠤᠤᠭᠤᠬᠤ ᠤᠰᠤᠨ ᠤ ᠮᠠᠰᠢᠨ ᠴᠠᠬᠢᠯᠭᠠᠨ ᠬᠤᠳᠳᠤᠭ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠵᠦ᠂ ᠭᠤᠤ ᠶᠠᠨ ᠳ᠋ᠦᠩ ᠲᠣᠰᠬᠤᠨ ᠤ 38 ᠡᠷᠦᠬᠡ ᠶᠢᠨ 75 ᠬᠥᠮᠦᠨ ᠳᠤ ᠴᠡᠪᠡᠷ ᠠᠮᠤᠷ ᠲᠦᠪᠰᠢᠨ ᠤᠰᠤ ᠬᠡᠷᠡᠭᠯᠡᠭᠦᠯᠪᠡ᠂ ᠡᠭᠦᠨ ᠳᠤ 17 ᠶᠠᠳᠠᠭᠤ ᠬᠦᠴᠢᠷᠳᠡᠯᠲᠡᠶ ᠡᠷᠦᠬᠡ 32 ᠬᠥᠮᠦᠨ ᠳᠤ ᠠᠰᠢᠭ ᠬᠦᠷᠲᠡᠭᠡᠪᠡ᠃ ᠲᠣᠰᠬᠤᠨ ᠤ ᠠᠷᠠᠳ ᠳᠠᠬᠢᠵᠤ ᠤᠰᠤ ᠤᠤᠭᠤᠬᠤ ᠶᠢᠨ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ ᠪᠣᠯᠵᠠᠶ᠃                                                                                                       ᠵᠣᠬᠢᠶᠠᠭᠴᠢ᠄ ᠨᠠᠨᠳᠢᠨ                                                     ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号