ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠪᠢᠴᠢᠭ ᠮᠠᠲ᠋ᠧᠷᠢᠶᠠᠯ ᠢ | ᠬᠦᠴᠦᠨ ᠦᠭᠡᠢ ᠪᠣᠯᠭᠠᠬᠤ ᠪᠠ ᠨᠡᠶᠢᠳᠡᠯᠡᠬᠦ ᠲᠤᠬᠠᠶ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ᠂ ︽ᠤᠯᠠᠭᠠᠨᠴᠠᠪ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠶᠢᠨ | ᠲᠣᠭᠲᠠᠭᠠᠯ ᠠᠴᠠ ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ | ᠬᠡᠷᠡᠭᠵᠢᠭᠦᠯᠬᠦ ᠲᠥᠰᠦᠯ︾ ᠪᠠ ︽ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠶᠢᠨ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠤᠨ ᠲᠥᠰᠦᠯ︾ ᠵᠡᠷᠭᠡ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨᠤ ᠠᠷᠠᠳ ᠤᠨ ᠵᠠᠰᠠᠭ ᠤᠨ ᠣᠷᠳᠣᠨ ᠠᠴᠠ ︽ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠬᠢᠯᠢ ᠳᠣᠲᠣᠷ᠎ᠠ ᠨᠡᠭᠦᠷᠡᠰᠦᠨ ᠠᠭᠤᠷᠬᠠᠶ ᠬᠠᠶᠢᠨ ᠰᠢᠨᠵᠢᠭᠰᠡᠨ ᠮᠡᠳᠡᠭᠦᠯᠦᠯᠲᠡ︾ | ᠶᠢᠨ ᠴᠣᠬᠤᠯᠠᠪᠤᠷᠢᠯᠠᠭᠰᠠᠨ ᠵᠠᠬᠢᠳᠠᠯ ︵ᠬᠤᠶᠢᠲᠤ ᠵᠠᠰᠠᠭ ᠲᠠᠷᠬᠠᠭᠠᠭᠰᠠᠨ ︹ 2005︺41 ᠳ᠋ᠤᠭᠡᠷ ᠲᠣᠭᠠᠲᠤ︶ | ᠤᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠪᠠ ᠨᠡᠶᠢᠲᠡᠯᠡᠵᠡᠶ᠃ ᠡᠳᠦᠭᠡ | ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠰ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠪᠠᠨ | ᠵᠣᠭᠰᠣᠭᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠰᠢᠭᠤ ᠰᠢᠭᠤᠳ ᠬᠠᠷᠢᠶ᠎ᠠ ᠨᠢᠭᠡᠴᠡ ᠨᠢ ᠦᠷᠭᠦᠯᠵᠢᠯᠡᠨ | ᠬᠠᠮᠢᠶ᠎ᠠ ᠪᠦᠬᠦᠢ ᠠᠵᠢᠯ ᠤᠨ ᠦᠨᠳᠦᠰᠦᠯᠡᠯ ᠪᠣᠯᠭᠠᠵᠤ ᠪᠣᠯᠬᠤ ᠦᠭᠡᠢ᠃ | ᠬᠤᠶᠠᠷ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠰᠢᠭᠤᠨ ᠤ ᠰᠢᠭᠤᠳ ᠬᠠᠷᠢᠶ᠎ᠠ ᠨᠢᠭᠡᠴᠡ ᠨᠦᠭᠦᠳ ᠲᠣᠰ | ᠮᠡᠳᠡᠭᠳᠡᠯ ᠲᠠᠢ ᠬᠠᠷᠢᠴᠠᠭᠤᠯᠤᠨ᠂ ᠲᠣᠰ ᠭᠠᠵᠠᠷ ᠣᠷᠣᠨ᠂ ᠲᠣᠰ ᠨᠢᠭᠡᠴᠡ ᠶᠢᠨ ᠨᠡᠶᠢᠲᠡᠯᠡᠭᠰᠡᠨ ᠬᠠᠮᠢᠶ᠎ᠠ ᠪᠦᠬᠦᠢ ᠢᠵᠢ | ᠪᠦᠷᠢᠯᠳᠦᠬᠦᠯᠬᠦ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠢᠯᠭᠠᠷᠠᠭᠤᠯᠬᠤ ᠬᠡᠷᠡᠭᠲᠡᠶ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | |