ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ | ᠬᠤᠭᠤᠴᠠᠭᠠᠨ ᠤ ᠲᠦᠷᠦᠯ ᠵᠤᠶᠢᠯ ᠢ ᠲᠦᠯᠬᠢᠨ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ | ᠪᠠᠶᠠᠨᠴᠠᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠨᠢᠭᠡᠴᠡ ᠳᠤ᠄ | ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ | ᠲᠦᠷᠦᠯ ᠵᠦᠢᠯ ᠤᠨ ᠬᠠᠮᠢᠶ᠎ᠠ ᠪᠦᠬᠦᠢ ᠭᠠᠷ ᠭᠦᠢᠴᠡᠳᠬᠡᠯ ᠭᠦᠢᠴᠡᠳᠬᠡᠬᠦ᠂ ᠭᠠᠵᠠᠷ ᠲᠠᠲᠠᠪᠤᠷᠢᠯᠠᠬᠤ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠤᠷᠤᠭᠰᠢᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠲᠣᠰ ᠲᠥᠷᠥᠯ ᠵᠣᠶᠢᠯ ᠢ | ᠬᠤᠭᠤᠴᠠᠭ᠎ᠠ ᠶᠣᠰᠣᠭᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠤᠳᠤᠯᠭᠠᠨ᠂ ᠮᠧᠩ | ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠦᠷᠦᠯ | ᠵᠤᠶᠢᠯ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ | ᠪᠥᠬᠦᠶ ᠵᠣᠶᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠭᠤᠤ ᠶᠦᠩ ᠪᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠤᠷᠳᠣᠨ ᠤ ᠬᠤᠰᠢᠭᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠦᠩ ᠵᠢᠶ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ | ᠬᠤᠤ ᠶᠠᠨ ᠹᠧᠩ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠵᠠᠩ ᠳ᠋ᠦᠩ ᠬᠤᠸᠠ ᠮᠤᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ | ᠳᠠᠭᠠᠮᠠᠯ | ᠭᠡᠰᠢᠭᠦᠨ᠄ ᠦ᠋ ᠳᠤ ᠬᠤᠸᠠ ᠬᠤᠰᠢᠭᠤᠨ ᠤ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠳᠠᠷᠤᠭ᠎ᠠ | ᠵᠠᠩ ᠳ᠋ᠧᠩ ᠹᠧᠩ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠴᠢ ᠯᠢ ᠬᠤᠸᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠭᠤᠤ ᠱᠣ᠋ ᠫᠢᠩ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ | ᠵᠤᠤ ᠢᠦᠶ ᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠸᠠᠩ ᠬᠤᠩ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠸᠠᠩ ᠵᠢᠶᠠᠩ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠯᠢᠶᠠᠩ ᠸᠠᠨ ᠮᠢᠩ ᠬᠤᠰᠢᠭᠤᠨ ᠤ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠰᠦᠩ ᠳ᠋ᠧ ᠬᠤᠩ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ | ᠴᠧᠨ ᠸᠤᠨ ᡁᠢ ᠪᠠᠷᠢᠯᠭ᠎ᠠ ᠶᠢᠨ ᠮᠠᠲ᠋ᠧᠷᠢᠶᠠᠯ ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠬᠤᠷᠴᠠ ᠪᠠᠶᠠᠨᠴᠠᠭᠠᠨ ᠪᠠᠯᠭᠠᠰᠤᠨ ᠤ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠪᠣᠯᠤᠨ ᠠᠵᠤ ᠠᠬᠤᠶᠢᠯᠠᠯ ᠳᠤ ᠰᠠᠭᠤᠭ᠎ᠠ ᠬᠠᠪᠰᠤᠷᠤᠨ | ᠲᠡᠳᠬᠦᠬᠦ ᠠᠯᠪᠠᠨ ᠭᠡᠷ ᠭᠠᠷᠭᠠᠵᠤ᠂ ᠡᠭᠦᠨ ᠤ ᠳᠣᠲᠣᠷ᠎ᠠ᠄ ᠠᠯᠪᠠᠨ ᠭᠡᠷ ᠢ ᠬᠤᠰᠢᠭᠤᠨ ᠤ ᠠᠵᠤ ᠤᠶᠢᠯᠡᠳᠪᠤᠷᠢ | ᠮᠡᠳᠡᠭᠡ ᠵᠠᠩᠭᠢ ᠶᠢᠨ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠡᠤ ᠳ᠋ᠧ ᠬᠤᠸᠠ ᠨᠥᠬᠦᠷ | ᠬᠠᠪᠰᠤᠷᠭᠠᠨ ᠡᠭᠦᠷᠭᠡᠯᠡᠨ᠎ᠡ᠃ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠵᠣᠶᠢᠯᠡᠰ ᠢ ᠵᠣᠬᠢᠴᠠᠭᠤᠯᠤᠨ | ᠨᠠᠶᠢᠳᠠᠪᠤᠷᠢᠵᠢᠭᠤᠯᠬᠤ ᠶᠢ ᠪᠣᠳᠠᠲᠠᠶ ᠬᠠᠷᠢᠭᠤᠴᠠᠨ᠎ᠠ︔ ᠠᠵᠤ ᠠᠬᠤᠶᠢᠯᠠᠯ ᠳᠤ ᠰᠠᠭᠤᠭ᠎ᠠ ᠬᠠᠪᠰᠤᠷᠤᠨ ᠲᠡᠳᠬᠦᠬᠦ | ᠠᠯᠪᠠᠨ ᠭᠡᠷ ᠤᠨ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠣᠰ ᠺᠣᠮᠫᠠᠨᠢ ᠠᠴᠠ | ᠠᠵᠢᠯᠯᠠᠬᠤ ᠭᠠᠵᠠᠷ ᠬᠠᠩᠭᠠᠵᠤ᠂ ᠪᠣᠳᠠᠲᠠᠶ ᠬᠥᠮᠦᠰ ᠤᠨ ᠪᠦᠷᠢᠯᠳᠦᠯ ᠨᠢ ᠶᠡᠷᠦᠩᠬᠡᠶ ᠬᠤᠯᠪᠤᠭᠠᠴᠢᠨ ᠨᠢ ᠬᠤᠰᠢᠭᠤᠨ ᠤ | ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠡᠤ ᠳ᠋ᠧ ᠬᠤᠸᠠ ᠲᠣᠪᠴᠢᠶᠠᠨ ᠳᠠᠷᠤᠭ᠎ᠠ | ᠪᠣᠯᠤᠨ᠎ᠠ᠃ ᠡᠯ᠎ᠡ ᠬᠤᠯᠪᠣᠭᠠᠴᠢᠨ ᠢ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠲᠤᠰ ᠲᠤᠰ | ᠨᠢᠭᠡ ᠲᠤᠰᠬᠠᠶ ᠠᠵᠢᠯᠲᠠᠨ ᠲᠣᠮᠢᠯᠠᠨ ᠰᠠᠭᠤᠯᠭᠠᠵᠤ ᠬᠠᠷᠢᠭᠤᠴᠠᠭᠤᠯᠬᠤ ᠬᠡᠷᠡᠭᠲᠡᠶ᠃ | ᠬᠤᠶᠠᠷ᠂ ᠠᠵᠢᠯ ᠤᠨ ᠱᠠᠭᠠᠷᠳᠠᠯᠭ᠎ᠠ | 1. ᠤᠳᠤᠷᠢᠳᠬᠤ ᠳᠤᠭᠤᠶᠢᠯᠠᠩ ᠨᠢ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ | ᠬᠠᠪᠰᠤᠷᠤᠨ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠭᠠᠷᠳᠠᠮ ᠢ ᠬᠦᠢᠴᠡᠳᠬᠡᠭᠰᠡᠨ ᠢ | ᠮᠡᠳᠡᠬᠦᠯᠦᠨ ᠵᠥᠪᠰᠢᠶᠡᠷᠡᠭᠦᠯᠦᠨ᠎ᠡ︔ ᠲᠥᠷᠥᠯ ᠵᠣᠶᠢᠯ ᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠬᠤ ᠵᠣᠶᠢᠯᠡᠰ ᠢ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | 2. ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠲᠤᠰᠬᠠᠶ ᠬᠥᠮᠦᠨ ᠵᠢᠭᠠᠨ ᠲᠣᠭᠲᠠᠭᠠᠵᠤ | ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠤ ᠮᠠᠲ᠋ᠧᠷᠢᠶᠠᠯ ᠴᠤᠭᠯᠠᠭᠤᠯᠬᠤ ᠪᠠ ᠲᠥᠷᠥᠯ ᠵᠣᠶᠢᠯ | ᠬᠠᠮᠵᠢᠯᠴᠠᠨ ᠬᠠᠮᠵᠢᠯᠴᠠᠬᠤ ᠶᠢ ᠬᠠᠷᠢᠭᠤᠴᠠᠭᠤᠯᠬᠤ ᠬᠡᠷᠡᠭᠲᠡᠶ᠃ ᠲᠣᠰ ᠲᠥᠷᠥᠯ ᠵᠣᠶᠢᠯ ᠤᠨ ᠡᠮᠦᠨᠡᠬᠢ | ᠬᠤᠭᠤᠴᠠᠭᠠᠨ ᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | 3. ᠠᠵᠤ ᠠᠬᠤᠶᠢᠯᠠᠯ ᠳᠤ ᠰᠠᠭᠤᠭ᠎ᠠ ᠬᠠᠪᠰᠤᠷᠤᠨ ᠲᠡᠳᠬᠦᠬᠦ ᠠᠯᠪᠠᠨ ᠭᠡᠷ ᠤᠨ ᠡᠯ᠎ᠡ ᠪᠦᠷᠢᠯᠳᠦᠬᠦᠨ ᠨᠢᠭᠡᠴᠡ | ᠡᠬᠦᠷᠬᠡᠯᠡᠬᠦ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠤᠯᠠᠮ ᠴᠢᠩᠭᠠᠷᠠᠭᠤᠯᠵᠤ᠂ ᠣᠶᠢᠯᠡᠴᠢᠯᠡᠬᠡᠨ ᠤ ᠠᠵᠤ | ᠠᠬᠤᠶᠢᠯᠠᠯ ᠤᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠬᠤ ᠶᠢᠨ ᠬᠠᠮᠲᠤ ᠲᠣᠰ ᠲᠣᠰ ᠤᠨ ᠬᠦᠷᠢᠶᠡᠨ ᠳᠠᠬᠢ | ᠭᠠᠷᠳᠠᠮ ᠢ ᠬᠦᠢᠴᠡᠳᠬᠡᠬᠦ ᠵᠢᠴᠢ ᠪᠤᠰᠤᠳ ᠠᠵᠤ ᠠᠬᠤᠶᠢᠯᠠᠯ ᠤᠨ ᠬᠠᠮᠢᠶ᠎ᠠ ᠪᠥᠬᠦᠶ ᠵᠣᠶᠢᠯᠡᠰ ᠢ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠡᠯ᠎ᠡ ᠨᠢᠭᠡᠴᠡ ᠶᠢᠨ ᠲᠣᠮᠢᠯᠠᠨ ᠰᠠᠭᠤᠯᠭᠠᠭᠰᠠᠨ ᠬᠤᠯᠪᠣᠭᠠᠴᠢᠨ ᠲᠤᠰᠬᠠᠶ | ᠲᠤᠰᠢᠶᠠᠯ ᠲᠠᠢ ᠪᠠᠷ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ ᠵᠠᠷᠴᠢᠮ ᠳᠡᠭᠡᠷ᠎ᠡ ᠪᠠᠨ ᠲᠣᠰ ᠰᠠᠯᠠᠭ᠎ᠠ | ᠮᠥᠴᠢᠷ ᠤᠨ ᠢᠶᠠᠨ ᠲᠤᠬᠠᠶᠢᠯᠠᠭᠰᠠᠨ ᠠᠵᠢᠯ ᠢ ᠳᠠᠬᠢᠵᠤ ᠡᠭᠦᠷᠭᠡᠯᠡᠬᠦ ᠥᠬᠡᠶ︔ ᠠᠵᠤ ᠠᠬᠤᠶᠢᠯᠠᠯ ᠳᠤ ᠰᠠᠭᠤᠭ᠎ᠠ | ᠪᠣᠳᠠᠲᠠᠶ ᠴᠠᠭ ᠨᠢ ᠲᠥᠷᠥᠯ ᠵᠣᠶᠢᠯ ᠤᠨ ᠬᠡᠷᠡᠭᠴᠡᠭᠡ ᠶᠢ ᠳᠠᠭᠠᠬᠤ ᠬᠡᠷᠡᠭᠲᠡᠶ᠃ | 4. ᠠᠵᠤ ᠠᠬᠤᠶᠢᠯᠠᠯ ᠳᠤ ᠰᠠᠭᠤᠭ᠎ᠠ ᠬᠠᠪᠰᠤᠷᠤᠨ ᠲᠡᠳᠬᠦᠬᠦ ᠠᠯᠪᠠᠨ ᠭᠡᠷ ᠤᠨ ᠡᠯ᠎ᠡ ᠪᠦᠷᠢᠯᠳᠦᠬᠦᠨ | ᠨᠢᠭᠡᠴᠡ ᠨᠦᠭᠦᠳ 4 ᠰᠠᠷ᠎ᠠ ᠶᠢᠨ 16 ᠤ ᠡᠳᠦᠷ ᠠᠴᠠ ᠡᠮᠦᠨ᠎ᠡ ᠲᠣᠭᠲᠠᠭᠠᠭᠰᠠᠨ ᠤ ᠳᠠᠷᠠᠭᠠᠬᠢ ᠬᠤᠯᠪᠣᠭᠠᠴᠢᠨ ︵ | ᠣᠪᠣᠭ ᠨᠡᠷ᠎ᠡ᠂ ᠲᠤᠰᠢᠶᠠᠯ᠂ ᠬᠠᠷᠢᠯᠴᠠᠬᠤ ᠤᠲᠠᠰᠤ ᠪᠠᠭᠲᠠᠨ᠎ᠠ︶ ᠢ ᠬᠤᠰᠢᠭᠤᠨ ᠤ ᠠᠵᠤ ᠤᠶᠢᠯᠡᠳᠪᠤᠷᠢ ᠶᠢᠨ ᠮᠡᠳᠡᠭᠡ | ᠵᠠᠩᠭᠢ ᠶᠢᠨ ᠲᠣᠪᠴᠢᠶ᠎ᠠ ︵ᠭᠦᠸᠧ ᠵᠢᠶ ᠳ᠋ᠦᠩ 18747475181︶ ᠳᠤ ᠮᠡᠳᠡᠭᠦᠯᠬᠦ ᠬᠡᠷᠡᠭᠲᠡᠶ᠃ | ᠬᠤᠶᠢᠰᠢᠳᠠ᠂ ᠬᠤᠰᠢᠭᠤ ᠱᠠᠲᠤᠨ ᠤ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠬᠥᠮᠦᠰ ᠬᠡᠷᠪᠡ ᠬᠤᠪᠢᠷᠠᠯᠲᠠ | ᠭᠠᠷᠴᠤ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠬᠤᠰᠢᠭᠤᠨ ᠤ ᠠᠷᠠᠳ ᠤᠨ | ᠵᠠᠰᠠᠭ ᠤᠨ ᠤᠷᠳᠤᠨ ᠤ ᠠᠯᠪᠠᠨ ᠬᠡᠷ ᠠᠴᠠ ᠠᠰ ᠲᠤᠨᠢ ᠪᠢᠴᠢᠭ ᠮᠠᠲ᠋ᠧᠷᠢᠶᠠᠯ ᠪᠠᠭᠤᠯᠭᠠᠬᠤ ᠥᠬᠡᠶ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠣᠷᠴᠢᠭᠤᠯᠣᠭᠴᠢ᠄ ᠡᠷᠳᠡᠨᠢᠴᠢᠮᠡᠭ | |