ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠬᠠᠳᠤᠯᠠᠩ ᠪᠡᠯᠴᠢᠭᠡᠷ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠵᠦ ᠰᠤᠯᠠᠯᠠᠨ ᠪᠤᠴᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/1
        ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠬᠠᠳᠤᠯᠠᠩ ᠪᠡᠯᠴᠢᠭᠡᠷ ᠵᠡᠷᠭᠡ ᠣᠯᠠᠨ         ᠨᠡᠶᠢᠲᠡ ᠶᠢᠨ ᠡᠬᠢ ᠪᠠᠶᠠᠯᠢᠭ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠵᠦ ᠰᠤᠯᠠᠯᠠᠨ         ᠪᠤᠴᠠᠭᠠᠬᠤ ᠲᠤᠬᠠᠶ ᠮᠡᠳᠡᠭᠳᠡᠯ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄    ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠪᠠ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠪᠦᠲᠦᠭᠡᠨ ᠪᠠᠶᠢᠭᠤᠯᠤᠯᠲᠠ ᠪᠣᠯᠤᠨ ᠣᠷᠣᠰᠢᠨ ᠰᠠᠭᠤᠬᠤ ᠣᠷᠴᠢᠨ ᠳᠤᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠭᠠᠵᠠᠷ ᠰᠢᠷᠣᠶ ᠶᠢᠨ ᠬᠠᠮᠢᠶᠠᠷᠤᠯᠳᠠ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠪ ᠴᠢᠩᠭ᠎ᠠ ᠴᠢᠨᠠᠷ ᠢ ᠦᠨᠡᠨᠬᠦ ᠬᠠᠮᠠᠭᠠᠯᠠᠨ᠎ᠠ᠃ ᠪᠦᠬᠦ ᠬᠤᠰᠢᠭᠤᠨ ᠤ ᠬᠡᠪᠴᠢᠶᠡᠨ ᠳᠤ ᠬᠠᠤᠯᠢ ᠪᠤᠰᠤ ᠪᠠᠷ ᠮᠠᠯᠵᠢᠬᠤ ᠲᠠᠷᠢᠶᠠᠯᠠᠬᠤ ᠣᠷᠣᠨ ᠢ ᠡᠵᠡᠯᠡᠨ ᠬᠡᠷᠡᠭᠯᠡᠵᠦ ᠭᠠᠵᠠᠷ ᠰᠢᠷᠣᠢ᠂ ᠬᠠᠳᠤᠯᠠᠩ ᠪᠡᠯᠴᠢᠭᠡᠷ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠲᠤᠰᠬᠠᠢ ᠴᠡᠪᠡᠷᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠣᠶᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠢᠯᠭᠠᠷᠠᠭᠤᠯᠬᠤ ᠬᠡᠪᠴᠢᠶ᠎ᠡ    1. ᠵᠢᠵᠢᠭ ᠬᠡᠯᠪᠡᠷᠢ ᠶᠢᠨ ᠲᠠᠷᠢᠵᠤ ᠲᠡᠵᠢᠭᠡᠬᠦ ᠤᠶᠢᠯᠡᠰ ᠢ ᠬᠥᠭᠵᠢᠭᠦᠯᠬᠦ ᠨᠡᠷ᠎ᠡ ᠪᠠᠷ ᠣᠨᠳᠣᠤ ᠭᠠᠵᠠᠷ ᠨᠡᠬᠦᠯᠭᠡᠭᠰᠡᠨ᠂ ᠵᠢᠵᠢᠭ ᠲᠣᠰᠬᠤᠨ ᠢ ᠡᠮᠬᠢᠯᠡᠨ ᠨᠡᠶᠢᠯᠡᠭᠦᠯᠵᠦ ᠰᠤᠯᠠᠯᠠᠨ ᠪᠤᠴᠠᠭᠠᠵᠤ ᠡᠮᠬᠢᠯᠡᠨ ᠭᠠᠷᠭᠠᠭᠰᠠᠨ ᠭᠠᠵᠠᠷ ᠰᠢᠷᠤᠢ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ︔    2. ᠨᠢᠭᠡᠨᠲᠡ ᠣᠨᠳᠣᠤ ᠭᠠᠵᠠᠷ ᠲᠤ ᠨᠡᠭᠦᠯᠭᠡᠵᠦ᠂ ᠵᠢᠵᠢᠭ ᠲᠣᠰᠬᠤᠨ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠪᠠᠶᠢᠭᠤᠯᠤᠭᠰᠠᠨ ᠪᠣᠯᠪᠠᠴᠤ ᠮᠥᠨ ᠬᠠᠭᠤᠴᠢᠨ ᠣᠷᠣᠨ ᠰᠠᠭᠤᠴᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠬᠠᠰᠢᠶᠠᠨ ᠳᠤ ᠲᠠᠷᠢᠶᠠᠯᠠᠩ ᠮᠠᠯ ᠠᠵᠤ ᠠᠬᠤᠶ ᠶᠢᠨ ᠤᠶᠢᠯᠡᠳᠪᠤᠷᠢᠯᠡᠯ ᠢ ᠬᠥᠭᠵᠢᠭᠦᠯᠵᠦ ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ︔    3. ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠦᠭᠡᠢ᠃ ᠭᠠᠴᠠᠭ᠎ᠠ ᠲᠣᠰᠬᠤᠨ ᠤ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠠᠴᠠ ᠳᠠᠪᠠᠭᠤᠯᠵᠤ᠂ ᠨᠡᠭᠦᠯᠭᠡᠨ ᠰᠢᠯᠵᠢᠬᠦᠯᠵᠤ ᠪᠤᠴᠠᠭᠠᠨ ᠭᠠᠷᠭᠠᠭᠰᠠᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠠᠰᠢᠭᠯᠠ᠂ ᠲᠠᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠡᠵᠡᠩᠨᠡᠯᠲᠡ‌‍ᠶᠢᠨ ᠭᠤᠤᠯ ᠴᠣᠭᠴᠠ ᠶᠢ ᠳᠤᠷ᠎ᠠ ᠪᠠᠷ ᠢᠶᠠᠨ ᠬᠥᠭᠵᠢᠭᠦᠯᠬᠦ ᠬᠡᠷᠡᠭᠲᠡᠶ᠃    ᠬᠤᠶᠠᠷ᠂ ᠢᠯᠭᠠᠷᠠᠭᠤᠯᠬᠤ ᠵᠠᠷᠴᠢᠮ    1. ᠨᠢᠭᠡ ᠡᠷᠦᠬᠡ ᠳᠤ ᠨᠢᠭᠡ ᠣᠷᠣᠨ ᠰᠠᠭᠤᠴᠠ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠎ᠠ᠃ ᠨᠢᠭᠡᠨᠲᠡ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ᠂ ᠵᠢᠵᠢᠭ ᠲᠣᠰᠬᠤᠨ ᠢ ᠡᠮᠬᠢᠯᠡᠨ ᠨᠡᠶᠢᠯᠡᠬᠦᠯᠬᠦ ᠶᠢ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ︽ᠰᠢᠨ᠎ᠡ ᠶᠢ ᠪᠠᠶᠢᠭᠤᠯᠵᠤ ᠬᠠᠭᠤᠴᠢᠨ ᠢ ᠨᠤᠷᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠵᠠᠷᠴᠢᠮ ᠳᠡᠭᠡᠷ᠎ᠡ ᠪᠠᠨ ᠤᠤᠯ ᠤᠨ ᠣᠷᠣᠨ ᠰᠠᠭᠤᠴᠠ ᠶᠢᠨ ᠭᠠᠵᠠᠷ ᠢ ᠬᠤᠷᠢᠶᠠᠨ ᠠᠪᠴᠤ ᠭᠠᠴᠠᠭ᠎ᠠ ᠲᠣᠰᠬᠤᠨ ᠤ ᠬᠠᠮᠲᠤ ᠶᠢᠨ ᠥᠮᠴᠢᠯᠡᠯ ᠪᠣᠯᠭᠠᠵᠤ᠂ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠵᠤ ᠲᠠᠷᠢᠵᠤ ᠲᠡᠵᠢᠭᠡᠬᠦ ᠤᠶᠢᠯᠡᠰ ᠢ ᠬᠥᠭᠵᠢᠭᠦᠯᠬᠦ ᠶᠢ ᠴᠢᠩᠭ᠎ᠠ ᠴᠠ ᠭᠠᠵᠠᠯᠠᠨ᠎ᠠ᠃    2. ᠲᠥᠪᠯᠡᠷᠡᠭᠦᠯᠦᠨ ᠲᠥᠪᠬᠢᠨᠡᠭᠦᠯᠬᠦ ᠵᠠᠷᠴᠢᠮ ᠢ ᠪᠠᠷᠢᠮᠲᠠᠯᠠᠨ᠎ᠠ᠃ ᠨᠢᠭᠡᠨᠲᠡ ᠪᠦᠬᠦ ᠬᠤᠰᠢᠭᠤᠨ ᠤ ᠪᠦᠬᠦ᠋ᠢᠯᠡ ᠲᠣᠰᠬᠤᠨ ᠢᠶᠠᠷ ᠨᠡᠭᠦᠭᠰᠡᠨ ᠠᠶᠢᠯ ᠲᠣᠰᠬᠤᠨ ᠳᠤ ᠵᠢᠭᠰᠠᠭᠠᠭᠳᠠᠭᠰᠠᠨ ᠭᠠᠳᠠᠭᠰᠢ ᠨᠡᠭᠦᠭᠰᠡᠨ ᠲᠠᠷᠢᠶᠠᠯᠠᠬᠤ ᠮᠠᠯᠵᠢᠬᠤ ᠡᠷᠦᠬᠡ ᠪᠦᠬᠦ ᠬᠤᠰᠢᠭᠤᠨ ᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ ᠬᠤᠯᠪᠣᠭᠳᠠᠯ ᠪᠦᠬᠦᠢ ᠲᠥᠯᠥᠪᠵᠢᠭᠦᠯᠪᠡ ᠶᠣᠰᠣᠭᠠᠷ᠂ ᠳᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠭᠡᠷ ᠪᠠᠷᠢᠬᠤ ᠬᠤᠯᠪᠣᠭᠳᠠᠯ ᠪᠦᠬᠦᠢ ᠲᠣᠭᠲᠠᠭᠠᠯ ᠢ ᠬᠠᠤᠯᠢ ᠶᠣᠰᠣᠭᠠᠷ ᠬᠡᠷᠡᠭᠵᠢᠭᠦᠯᠵᠦ ᠣᠷᠣᠨ ᠰᠠᠭᠤᠴᠠ ᠪᠦᠲᠦᠭᠡᠨ ᠪᠠᠶᠢᠭᠤᠯᠬᠤ ᠬᠡᠷᠡᠭᠲᠡᠶ᠃    3. ᠠᠮᠢ ᠠᠬᠤᠶ ᠶᠢ ᠬᠠᠮᠠᠭᠠᠯᠠᠬᠤ ᠵᠠᠷᠴᠢᠮ ᠢ ᠪᠠᠷᠢᠮᠲᠠᠯᠠᠨ᠎ᠠ᠃ ᠪᠤᠰᠤᠳ ᠬᠥᠮᠦᠨ ᠤ ᠭᠠᠳᠠᠭᠰᠢ ᠶᠠᠪᠤᠵᠤ ᠪᠠᠶᠢᠭ᠎ᠠ ᠬᠥᠮᠦᠨ ᠠᠮᠠ ᠶᠢᠨ ᠣᠷᠣᠨ ᠰᠠᠭᠤᠴᠠ ᠶᠢᠨ ᠭᠠᠵᠠᠷ ᠢ ᠡᠵᠡᠯᠡᠨ  ᠬᠡᠷᠡᠭᠯᠡᠬᠦ᠂ ᠨᠡᠭᠦᠯᠭᠡᠨ ᠰᠢᠯᠵᠢᠭᠦᠯᠵᠦ ᠪᠤᠴᠠᠭᠠᠨ ᠭᠠᠷᠭᠠᠭᠰᠠᠨ ᠭᠠᠵᠠᠷ ᠰᠢᠷᠣᠶ᠂ ᠬᠠᠳᠤᠯᠠᠩ ᠪᠡᠯᠴᠢᠭᠡᠷ ᠤᠨ ᠡᠬᠢ ᠪᠠᠶᠠᠯᠢᠭ ᠢ ᠲᠣᠰᠬᠤᠨ ᠳᠤ ᠪᠤᠴᠠᠭᠠᠨ ᠲᠠᠷᠢᠵᠤ ᠲᠡᠵᠢᠭᠡᠬᠦ ᠪᠠ ᠤᠷᠭᠤᠮᠠᠯ  ᠤᠶᠢᠯᠡᠰ ᠢ ᠬᠥᠭᠵᠢᠭᠦᠯᠬᠦ ᠶᠢ ᠴᠠᠭᠠᠵᠠᠯᠠᠨ᠎ᠠ᠃ ᠲᠠᠷᠢᠵᠤ ᠲᠡᠵᠢᠭᠡᠬᠦ ᠦᠢᠯᠡᠰ ᠢ ᠬᠥᠭᠵᠢᠭᠦᠯᠬᠦ ᠮᠠᠯᠵᠢᠬᠤ ᠲᠠᠷᠢᠶᠠᠯᠠᠬᠤ ᠡᠷᠦᠬᠡ ᠡᠯ᠎ᠡ ᠭᠠᠵᠠᠷ ᠤᠨ ᠨᠤᠲᠤᠭ ᠪᠡᠯᠴᠢᠭᠡᠷ ᠢ ᠦᠨᠳᠦᠰᠦᠯᠡᠨ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠲᠡᠰᠢ ᠬᠥᠭᠵᠢᠬᠦ ᠶᠢ ᠠᠬᠢᠭᠤᠯᠤᠨ᠎ᠠ᠃    4. ᠬᠠᠤᠯᠢ ᠴᠠᠭᠠᠵᠠ ᠶᠢ ᠵᠢᠷᠤᠮᠯᠠᠬᠤ ᠵᠠᠷᠴᠢᠮ ᠢ ᠪᠠᠷᠢᠮᠲᠠᠯᠠᠨ᠎ᠠ᠃ ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠬᠦᠭᠵᠢᠬᠦᠯᠬᠦ ᠳᠤ ᠭᠠᠵᠠᠷ ᠰᠢᠷᠣᠶ ᠶᠢ ᠡᠵᠡᠯᠡᠨ ᠬᠡᠷᠡᠭᠯᠡᠵᠦ ᠪᠤᠴᠠᠭᠠᠨ ᠪᠤᠴᠠᠭᠠᠵᠤ ᠲᠡᠭᠰᠢᠯᠡᠬᠦ ᠴᠢᠬᠤᠯᠠᠲᠠᠶ ᠪᠠᠶᠢᠪᠠᠯ᠂ ᠬᠤᠯᠪᠣᠭᠳᠠᠯ ᠪᠦᠬᠦᠢ ᠳᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠣᠢ ᠰᠢᠭᠤᠶ ᠬᠠᠳᠤᠯᠠᠩ ᠪᠡᠯᠴᠢᠭᠡᠷ ᠢ ᠳᠠᠲᠠᠪᠤᠷᠢᠯᠠᠨ ᠬᠡᠷᠡᠭᠯᠡᠬᠦ ᠭᠠᠷᠳᠠᠮ‌ᠢ ᠬᠦᠢᠴᠡᠳᠬᠡᠵᠤ᠂ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ ᠨᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠳᠤ ᠬᠠᠷᠢᠶᠠᠯᠠᠭᠳᠠᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠲᠠᠷᠢᠶᠠᠴᠢᠨ ᠮᠠᠯᠴᠢᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠤᠯᠪᠣᠭᠳᠠᠯ ᠪᠦᠬᠦᠢ ᠲᠣᠭᠲᠠᠭᠠᠯ ᠢ ᠲᠣᠳᠣᠷᠬᠠᠶᠢᠯᠠᠵᠤ᠂ ᠰᠤᠮᠤ ᠰᠢᠶᠠᠩ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠵᠢᠷᠤᠮᠯᠠᠨ ᠬᠡᠷᠡᠭᠵᠢᠭᠦᠯᠬᠦ ᠬᠡᠷᠡᠭᠲᠡᠶ᠃   ᠭᠤᠷᠪᠠ᠂ ᠠᠵᠢᠯ ᠤᠨ ᠱᠠᠭᠠᠷᠳᠠᠯᠭ᠎ᠠ    1. ᠪᠥᠬᠦ ᠬᠤᠰᠢᠭᠤᠨ ᠤ ᠬᠡᠪᠴᠢᠶᠡᠨ ᠳᠤ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠠᠵᠢᠯ ᠲᠥᠷᠥᠯ ᠢ ᠡᠷᠬᠢᠯᠡᠵᠤ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠡᠷᠬᠡᠪᠰᠢ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠠᠵᠢᠯᠯᠠᠭ᠎ᠠ ᠪᠠᠨ ᠳᠠᠷᠦ᠋ᠢᠬᠠᠨ ᠵᠣᠭᠰᠣᠭᠠᠬᠤ ᠬᠡᠷᠡᠭᠲᠡᠶ᠃ ᠲᠡᠷᠡᠴᠢᠯᠡᠨ ᠬᠤᠭᠤᠴᠠᠭ᠎ᠠ ᠲᠣᠭᠲᠠᠭᠠᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠰᠦᠪᠡᠨ ᠨᠤᠷᠠᠭᠠᠨ᠎ᠠ᠃ ᠲᠣᠭᠲᠠᠭᠰᠠᠨ ᠬᠤᠭᠤᠴᠠᠭᠠᠨ ᠳᠤ ᠥᠪᠡᠰᠦᠪᠡᠨ ᠨᠤᠷᠠᠭᠠᠭᠰᠠᠨ ᠦᠭᠡᠢ ᠪᠣᠯ᠂ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠬᠤᠷᠢᠶᠠᠨ ᠠᠪᠬᠤ ᠪᠤᠶᠤ ᠠᠯᠪᠠᠲᠠᠨ ᠨᠤᠷᠠᠭᠠᠯᠭᠠᠬᠤ ᠶᠢᠨ ᠬᠠᠮᠲᠤ ᠰᠠᠯᠭᠠᠵᠤ ᠠᠷᠢᠯᠭᠠᠬᠤ ᠵᠠᠷᠤᠳᠠᠯ  ᠢ ᠨᠡᠬᠡᠮᠵᠢᠯᠡᠨ ᠲᠥᠯᠥᠭᠦᠯᠵᠦ᠂ ᠴᠢᠩᠭ᠎ᠠ ᠰᠢᠢᠳᠪᠤᠷᠢᠯᠡᠬᠦ ᠬᠡᠷᠡᠭᠲᠡᠶ᠃    2. ᠭᠠᠵᠠᠷ ᠰᠢᠷᠣᠶ᠂ ᠣᠢ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ ᠪᠦᠲᠦᠬᠡᠨ ᠪᠠᠶᠢᠭᠤᠯᠤᠯᠲᠠ ᠵᠡᠷᠭᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠬᠦ ᠬᠡᠷᠡᠭᠲᠡᠶ᠃ ᠪᠦᠬᠦ ᠲᠠᠯ᠎ᠠ ᠪᠠᠷ ᠣᠶᠢᠯᠭᠠᠨ ᠢᠯᠭᠠᠷᠠᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠬᠤᠷᠢᠭᠯᠠᠬᠤ ᠬᠡᠷᠡᠭᠲᠡᠶ᠃ ᠴᠠᠭ ᠲᠤᠬᠠᠶ ᠳᠤᠨᠢ ᠣᠯᠵᠤ ᠮᠡᠳᠡᠭᠰᠡᠨ ᠦᠭᠡᠢ ᠪᠤᠶᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠤᠷᠢᠭᠯᠠᠨ ᠵᠤᠭᠰᠤᠭᠠᠭᠰᠠᠨ ᠦᠭᠡᠢ ᠵᠡᠷᠭᠡ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠬᠡᠭᠰᠡᠨ ᠦᠭᠡᠢ ᠪᠠᠶᠢᠪᠠᠯ᠂ ᠪᠠᠶᠢᠴᠠᠭᠠᠨ ᠳᠣᠲᠣᠯᠠᠪᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠡ᠃    3. ᠶᠠᠮᠠᠷᠪᠠ ᠨᠢᠭᠡᠴᠡ᠂ ᠵᠣᠬᠢᠶᠠᠨ ᠪᠠᠶᠢᠭᠤᠯᠤᠯᠲᠠ ᠵᠢᠴᠢ ᠬᠤᠪᠢ ᠬᠥᠮᠦᠨ ᠤ ᠤᠯᠤᠰ ᠤᠨ ᠥᠮᠴᠢᠯᠡᠯᠲᠦ᠂ ᠬᠠᠮᠲᠤ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠰᠢᠯᠵᠢᠭᠦᠯᠦᠨ ᠥᠭᠬᠦ ᠪᠤᠶᠤ ᠬᠤᠳᠠᠯᠳᠤᠨ ᠠᠪᠴᠤ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ᠃ ᠠᠯᠪᠠᠨ ᠲᠤᠰᠢᠶᠠᠯᠲᠠᠨ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ᠂ ᠨᠤᠲᠤᠭ ᠪᠡᠯᠴᠢᠭᠡᠷ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠰᠤᠯᠠᠯᠠᠨ ᠪᠤᠴᠠᠭᠠᠬᠤ ᠠᠵᠢᠯᠯᠠᠭ᠎ᠠ ᠳᠤ ᠣᠷᠣᠯᠴᠠᠭᠰᠠᠨ᠂ ᠳᠡᠮᠵᠢᠭᠰᠡᠨ᠂ ᠳᠤᠷ᠎ᠠ ᠪᠠᠷ ᠨᠢ ᠲᠠᠯᠪᠢᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠰᠠᠬᠢᠯᠭ᠎ᠠ ᠪᠠᠲᠤ ᠲᠣᠭᠲᠠᠭᠠᠯ ᠶᠣᠰᠣᠭᠠᠷ ᠰᠢᠢᠳᠪᠤᠷᠢᠯᠡᠬᠦ ᠬᠡᠷᠡᠭᠲᠡᠶ᠃    4. ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠳᠡᠪᠴᠢᠭᠰᠡᠨ ᠪᠤᠶᠤ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠯ ᠦᠭᠬᠦᠨ᠎ᠡ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠬᠦᠴᠦᠷᠬᠡᠭᠯᠡᠯ᠂ ᠰᠦᠷᠳᠡᠭᠦᠯᠦᠯ ᠵᠡᠷᠭᠡ ᠠᠷᠭ᠎ᠠ ᠪᠠᠷ ᠬᠠᠤᠯᠢ ᠬᠡᠷᠡᠭᠵᠢᠭᠦᠯᠬᠦ ᠶᠢ ᠡᠰᠡᠷᠭᠦᠴᠡᠬᠦ ᠳᠤ ᠬᠠᠤᠯᠢ ᠶᠤᠰᠤᠭᠠᠷ ᠬᠦᠨᠳᠦ ᠪᠥᠭᠡᠳ ᠲᠦᠷᠭᠡᠨ ᠴᠢᠩᠭ᠎ᠠ ᠴᠣᠬᠢᠯᠲᠠ ᠥᠭᠬᠦ ᠬᠡᠷᠡᠭᠲᠡᠶ᠃              ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ                                               ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号